ᠰᠢ ᠶᠢᠨ ᠫᠢᠩ ᠵᠠᠬᠢᠳᠠᠯ ᠢᠯᠡᠭᠡᠵᠦ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠶᠢᠰᠦᠳᠦᠭᠡᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠵᠦ ᠴᠢᠬᠤᠯᠠᠴᠢᠯᠠᠭᠰᠠᠨ ᠨᠢ ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠢ ᠥᠨᠳᠥᠷ ᠮᠠᠨᠳᠤᠭᠤᠯᠵᠤ ᠨᠠᠮ ᠢᠶᠠᠨ ᠲᠠᠭᠠᠨ ᠤᠷᠤᠭᠰᠢᠯᠠᠵᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠶᠢ ᠬᠥᠮᠥᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/5/28
    ᠪᠥᠬᠦ ᠤᠯᠤᠰ ᠤᠨ ᠪᠢᠴᠢᠬᠠᠨ ᠨᠠᠶᠢᠵᠠ ᠨᠠᠷ ᠲᠤ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠮᠡᠨᠳᠦ ᠬᠦᠷᠭᠡᠪᠡ    ᠼᠠᠢ ᠴᠢ ᠡᠬᠢᠯᠡᠯᠲᠡ ᠶᠢᠨ ᠬᠤᠷᠠᠯ ᠳᠤ ᠣᠷᠣᠯᠴᠠᠪᠠ    ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 27 ᠤ ᠴᠠᠬᠢᠯᠭᠠᠨ ᠮᠡᠳᠡᠭᠡ  ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠶᠢᠰᠦᠳᠦᠭᠡᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 27 ᠤ ᠦᠳᠡ ᠶᠢᠨ ᠡᠮᠦᠨ᠎ᠡ ᠪᠡᠭᠡᠵᠢᠩ ᠳᠤ ᠡᠬᠢᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠥᠷᠭᠡᠨ ᠣᠯᠠᠨ ᠪᠠᠭᠠᠴᠤᠳ ᠤᠨ ᠬᠤᠰᠢᠭᠴᠢ ᠠᠩᠭᠢ ᠶᠢᠨ ᠭᠡᠰᠢᠭᠦᠨ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠪᠥᠬᠦ ᠤᠯᠤᠰ ᠤᠨ ᠪᠢᠴᠢᠬᠠᠨ ᠨᠠᠶᠢᠵᠠ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃    ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠪᠠᠭᠠᠴᠤᠳ ᠬᠡᠦᠬᠡᠳ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠢᠷᠡᠭᠡᠳᠦᠢ ᠶᠢᠨ ᠪᠡᠯᠡᠳᠬᠡᠯ ᠬᠦᠴᠦᠨ ᠮᠥᠨ᠂ ᠪᠠᠭᠠᠴᠤᠳ ᠤᠨ ᠬᠤᠰᠢᠭᠤᠴᠢ ᠠᠩᠭᠢ ᠪᠣᠯ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠲᠣᠮᠣ ᠰᠤᠷᠭᠠᠭᠤᠯᠢ ᠮᠥᠨ᠃ ᠰᠢᠨ᠎ᠡ ᠠᠶᠠᠨ ᠳᠤ᠂ ᠪᠠᠭᠠᠴᠤᠳ ᠤᠨ ᠬᠤᠰᠢᠭᠤᠴᠢ ᠠᠩᠭᠢ ᠶᠢᠨ ᠬᠢᠨ ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠢ ᠥᠨᠳᠥᠷ ᠮᠠᠨᠳᠤᠭᠤᠯᠵᠤ ᠨᠠᠮ ᠢᠶᠠᠨ ᠲᠠᠭᠠᠨ ᠤᠷᠤᠭᠰᠢᠯᠠᠵᠤ᠂ ᠡᠪ ᠬᠠᠮᠲᠤ ᠶᠣᠰᠣᠨ ᠤ ᠵᠠᠯᠭᠠᠮᠵᠢᠯᠠᠭᠴᠢ ᠶᠢ ᠬᠥᠮᠥᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠶᠢ ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠢ ᠬᠥᠮᠥᠵᠢᠭᠦᠯᠦᠨ ᠬᠥᠲᠥᠯᠥᠨ ᠳᠠᠭᠠᠭᠤᠯᠵᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠰᠢᠷᠭᠠᠭᠤ ᠬᠠᠲᠠᠭᠤᠵᠢᠯᠲᠠᠢ ᠰᠤᠷᠤᠯᠴᠠᠬᠤ᠂ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠤᠯᠬᠤ ᠬᠡᠷᠡᠭᠲᠡᠢ᠃ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠦᠭᠦ ᠡᠪᠯᠡᠯ ᠢᠶᠠᠷ ᠢᠶᠠᠨ ᠪᠠᠭᠠᠴᠤᠳ ᠤᠨ ᠬᠤᠰᠢᠭᠤᠴᠢ ᠠᠩᠭᠢ ᠶᠢ ᠳᠠᠶᠢᠴᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠪᠠ ᠨᠥᠬᠦᠴᠡᠯ ᠢ ᠪᠦᠷᠢᠯᠳᠦᠭᠦᠯᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠦᠢᠯᠡᠰ ᠤᠨ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠡᠭᠢᠯᠡᠯᠲᠡ ᠶᠢᠨ ᠬᠤᠷᠠᠯ ᠳᠤ ᠣᠷᠣᠯᠴᠠᠪᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠲᠠᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ ᠨᠠᠮ ᠤᠨ ᠲᠥᠪ ᠬᠤᠷᠢᠶ᠎ᠠ ᠶᠢ ᠲᠥᠯᠥᠭᠡᠯᠡᠨ ᠦᠭᠡ ᠬᠡᠯᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠪᠠᠭᠠᠴᠤᠳ ᠬᠡᠦᠬᠡᠳ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ᠂ ᠪᠠᠭᠠᠴᠤᠳ ᠤᠨ ᠬᠤᠰᠢᠭᠤᠴᠢ ᠠᠩᠭᠢ ᠶᠢᠨ ᠪᠠᠶᠢᠭᠤᠯᠤᠯᠲᠠ ᠶᠢ ᠳᠠᠭᠠᠭᠤᠯᠬᠤ ᠶᠢ ᠪᠠᠷᠢᠮᠲᠠᠯᠠᠵᠤ᠂ ᠬᠡᠦᠬᠡᠳ ᠤᠨ ᠥᠰᠦᠯᠲᠡ ᠪᠤᠶᠢᠵᠢᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠯ ᠢ ᠪᠠᠲᠤ ᠴᠡᠭᠡᠵᠢᠯᠡᠵᠦ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠨ᠂ ᠳᠤᠮᠳᠠᠳᠤ ᠶᠢᠨ ᠰᠣᠶᠣᠯ ᠤᠨ ᠰᠤᠳᠠᠰᠤ ᠶᠢ ᠵᠠᠯᠭᠠᠮᠵᠢᠯᠠᠨ ᠂ ᠲᠡᠮᠡᠴᠡᠯ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠲᠡᠰᠪᠦᠷᠢ ᠬᠠᠲᠠᠭᠤᠵᠢᠯᠲᠠᠢ ᠰᠤᠷᠤᠯᠴᠠᠬᠤ᠂ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠤᠯᠬᠤ ᠪᠠᠷ ᠴᠢᠷᠮᠠᠶᠢᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠴᠠᠭ ᠢᠮᠠᠭᠲᠠ ᠪᠡᠯᠡᠬᠡᠨ ᠪᠠᠶᠢᠬᠤ ᠶᠢ ᠥᠷᠭᠡᠨ ᠤᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠬᠦᠰᠡᠵᠦ ᠪᠠᠶᠢᠨ᠎ᠠ ᠭᠡᠵᠦ ᠢᠯᠡᠳᠬᠡᠪᠡ᠃    ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠰᠢᠦᠸᠠᠶᠢᠺᠧᠯᠠᠶᠢᠲ · ᠵᠠᠺᠧᠯ᠂ ᠲᠥᠷᠥ ᠶᠢᠨ ᠶᠠᠪᠤᠳᠠᠯ ᠤᠨ ᠭᠡᠰᠢᠭᠦᠨ ᠱᠧᠨ ᠢ ᠴᠢᠨ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠧᠨ ᠶᠤᠸᠠᠢ ᠶᠤᠸᠠᠢ ᠬᠤᠷᠠᠯ ᠳᠤ ᠣᠷᠣᠯᠴᠠᠪᠠ᠃    ᠶᠡᠭᠡ ᠬᠤᠷᠠᠯ ᠤᠨ ᠡᠭᠢᠯᠡᠯᠲᠡ ᠶᠢᠨ ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠠ ᠳ᠋ᠦᠩ᠂ ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ ᠸᠠᠩ ᠵᠢᠶᠠ ᠢ ᠲᠣᠰ ᠲᠣᠰ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ ᠢ ᠲᠥᠯᠥᠭᠡᠯᠡᠨ ᠦᠭᠡ ᠬᠡᠯᠡᠪᠡ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠵᠤ ᠤᠷᠤᠭᠰᠢᠯᠠᠬᠤ᠂ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠳᠤᠮᠳᠠ ᠰᠤᠷᠤᠯᠴᠠᠨ ᠦᠢᠯᠡᠳᠦᠯᠭᠡᠵᠢᠭᠦᠯᠵᠦ ᠦᠰᠦᠨ ᠪᠤᠶᠢᠵᠢᠭᠰᠠᠨ ᠦᠯᠢᠭᠡᠷ ᠢᠶᠠᠨ ᠬᠠᠷᠢᠭᠤ ᠮᠡᠳᠡᠭᠦᠯᠪᠡ᠃ ᠶᠡᠭᠡ ᠬᠤᠷᠠᠯ ᠠᠴᠠ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠮᠲᠤ ᠶᠢᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠪᠠᠭᠠᠴᠤᠳ ᠤᠨ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠭᠢᠯᠡᠭᠴᠢ ᠸᠠᠩ ᠢ ᠨᠠᠢᠮᠠᠳᠤᠭᠠᠷ ᠬᠤᠭᠤᠴᠠᠭᠠᠨ ᠤ ᠪᠦᠭᠦ ᠤᠯᠤᠰ ᠤᠨ ᠪᠠᠭᠠᠴᠤᠳ ᠤᠨ ᠠᠵᠢᠯ ᠤᠨ ᠵᠥᠪᠯᠡᠯ ᠢ ᠲᠥᠯᠥᠭᠡᠯᠡᠨ ᠠᠵᠢᠯ ᠤᠨ ᠢᠯᠡᠳᠬᠡᠯ ᠬᠢᠪᠡ᠃    ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠤᠨ ᠬᠠᠷᠢᠭᠤᠴᠠᠯᠭᠠᠲᠠᠨ᠂ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠮᠲᠤ ᠶᠢᠨ ᠲᠥᠯᠥᠭᠡᠯᠡᠭᠴᠢ᠂ ᠪᠡᠭᠡᠵᠢᠩ ᠬᠤᠳᠠ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠲᠥᠯᠥᠭᠡᠯᠡᠭᠴᠢ ᠵᠡᠷᠭᠡ 3000 ᠰᠢᠬᠠᠮ ᠬᠥᠮᠥᠨ ᠡᠭᠢᠯᠡᠯᠲᠡ ᠶᠢᠨ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号