ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠲᠤᠬᠠᠶ ᠶᠢᠨ ᠲᠠᠯᠠᠪᠠᠶ ᠶᠢᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠠᠯᠤᠰ ᠠᠴᠠ ᠪᠠᠶᠢᠯᠳᠤᠬᠤ ᠪᠠ ᠴᠢᠮᠡᠭᠡ ᠬᠤᠯᠪᠣᠭᠠᠨ ᠤ ᠠᠷᠤ ᠲᠠᠯ᠎ᠠ ᠶᠢᠨ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠦᠬᠠᠶ ᠬᠢᠭᠡᠳ ᠡᠷᠭᠢᠨ ᠲᠣᠭᠤᠷᠢᠨ ᠤ ᠠᠶᠢᠮᠠᠭ | ᠬᠤᠲᠠ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠬᠢᠷᠢ ᠬᠡᠮᠵᠢᠶ᠎ᠡ ᠶᠢ ᠴᠢᠩᠭᠠᠷᠠᠭᠤᠯᠤᠨ᠎ᠠ᠃ 5 ᠳ᠋ᠤᠭᠠᠷ | ᠰᠠᠷ᠎ᠠ ᠶᠢᠨ 23 ᠤ ᠡᠳᠦᠷ᠂ ᠦᠬᠠᠶ ᠬᠤᠲᠠ᠂ ᠠᠯᠠᠱᠠ ᠠᠶᠢᠮᠠᠭ ᠬᠤᠶᠠᠷ ᠭᠠᠵᠠᠷ ᠬᠠᠮᠲᠤᠷᠠᠨ ᠣᠷᠣᠨ ᠪᠦᠰᠡ | ᠠᠯᠤᠰᠯᠠᠭᠰᠠᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠥᠷᠨᠢᠭᠦᠯᠪᠡ᠃ | ᠲᠣᠰ ᠤᠳᠠᠭᠠᠨ ᠤ ᠰᠣᠷᠢᠯᠲᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠢᠩᠬᠢᠮ ᠠᠴᠠ ᠭᠤᠤᠯᠯᠠᠨ ᠡᠷᠭᠢᠯᠡᠵᠦ᠂ ᠦᠬᠠᠶ ᠬᠤᠲᠠ ᠶᠢᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠯᠠᠱᠠ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠦᠬᠠᠶ ᠶᠢᠨ ᠡᠨᠧᠷᠭᠢ ᠶᠢᠨ ᠺᠣᠮᠫᠠᠨᠢ ᠳᠠᠭᠠᠭᠠᠴᠢᠯᠠᠨ ᠡᠷᠭᠢᠯᠡᠪᠡ᠃ | | | | ᠰᠣᠷᠢᠯᠲᠠ ᠳᠤ ᠠᠯᠠᠱᠠ ᠣᠷᠣᠨ ᠳᠤ 4 . 8 ᠲᠡᠰ ᠤᠨ ᠭᠠᠵᠠᠷ ᠬᠥᠳᠡᠯᠦᠯᠲᠡ ᠡᠭᠦᠰᠴᠦ᠂ ᠲᠢᠶᠠᠨ ᠷᠦᠩ | ᠺᠣᠮᠫᠠᠨᠢ ᠶᠢᠨ 1 ᠳ᠋ᠦ᠋ᠭᠡᠷ ᠨᠣᠮᠧᠷᠲᠤ ᠬᠤᠳᠳᠤᠭ ᠬᠦᠨᠳᠦ ᠨᠣᠴᠢᠲᠠᠢ ᠭᠠᠮᠰᠢᠭᠳᠠᠵᠤ᠂ ᠬᠤᠳᠳᠤᠭ ᠳᠣᠣᠷ᠎ᠠ ᠠᠳᠡᠯ | ᠭᠠᠷᠴᠤ᠂ 2 ᠬᠥᠮᠦᠨ ᠬᠠᠰᠢᠭᠳᠠᠵᠠᠢ᠃ ᠦᠬᠠᠶ ᠬᠤᠲᠠ᠂ ᠠᠯᠠᠱᠠ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠦᠳᠲᠡᠷ ᠲᠦᠷᠭᠡᠨ ᠬᠥᠳᠡᠯᠦᠯᠴᠡᠵᠦ᠂ ᠪᠠᠴᠢᠮ ᠪᠠᠶᠢᠳᠠᠯ ᠢ ᠠᠷᠭᠠᠴᠠᠬᠤ | ᠲᠥᠰᠦᠯ ᠢ ᠡᠬᠢᠯᠡᠭᠦᠯᠬᠦ ᠶᠢᠨ ᠬᠠᠮᠲᠤ ᠭᠠᠮᠰᠢᠭ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ | ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠦᠬᠠᠶ ᠬᠤᠲᠠ ᠶᠢᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ᠤᠯᠤᠰ ᠤᠨ ᠠᠭᠤᠷᠬᠠᠶ ᠶᠢᠨ ᠪᠠᠴᠢᠮ ᠪᠠᠶᠢᠳᠠᠯ ᠢ | ᠠᠷᠭᠠᠴᠠᠬᠤ ᠠᠪᠤᠷᠠᠨ ᠲᠤᠰᠠᠯᠠᠬᠤ ᠤᠯᠤᠰ ᠤᠨ ᠡᠨᠧᠷᠭᠢ ᠶᠢᠨ ᠦᠬᠠᠶ ᠶᠢᠨ ᠠᠩᠭᠢ ᠶᠢ ᠲᠣᠮᠢᠯᠠᠨ ᠠᠯᠠᠱᠠ | ᠠᠶᠢᠮᠠᠭ ᠲᠤ ᠣᠴᠢᠭᠤᠯᠵᠤ ᠠᠶᠤᠯ ᠠᠴᠠ ᠠᠪᠤᠷᠬᠠᠤ ᠳᠤ ᠣᠷᠣᠯᠴᠠᠭᠤᠯᠪᠠ᠃ ᠰᠣᠷᠢᠯᠲᠠ ᠶᠢᠨ ᠲᠤᠬᠠᠶ ᠶᠢᠨ | ᠲᠠᠯᠠᠪᠠᠶ ᠳᠤ᠂ ᠤᠯᠤᠰ ᠤᠨ ᠠᠭᠤᠷᠬᠠᠶ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠤᠯᠤᠰ ᠤᠨ | ᠡᠨᠧᠷᠭᠢ ᠶᠢᠨ ᠦᠬᠠᠶ ᠶᠢᠨ ᠠᠩᠭᠢ ᠠᠮᠢ ᠨᠠᠰᠤᠨ ᠤ ᠬᠠᠶᠢᠭᠤᠷ᠂ ᠲᠤᠷᠰᠢᠨ ᠪᠠᠶᠢᠴᠠᠭᠠᠬᠤ ᠵᠢᠯᠣᠭᠤᠴᠢ ᠥᠬᠡᠶ ᠨᠢᠰᠬᠡᠯ | ᠵᠡᠷᠭᠡ ᠲᠣᠨᠣᠭᠯᠠᠯ ᠢᠶᠠᠷ ᠬᠠᠰᠢᠭᠳᠠᠭᠰᠠᠨ ᠬᠥᠮᠦᠰ ᠢ ᠡᠷᠢᠵᠦ᠂ ᠲᠤᠬᠠᠶ ᠶᠢᠨ ᠲᠠᠯᠠᠪᠠᠶ ᠳᠤ ᠡᠪᠳᠡᠯᠡᠨ ᠵᠠᠳᠠᠯᠬᠤ᠂ | ᠲᠤᠰᠠᠯᠠᠨ ᠬᠠᠮᠠᠭᠠᠯᠠᠬᠤ᠂ ᠡᠮᠴᠢᠯᠡᠭᠡᠨ ᠤ ᠲᠦᠷᠭᠡᠨ ᠠᠪᠤᠷᠠᠯᠳᠠ ᠬᠢᠬᠦ ᠵᠡᠷᠭᠡ ᠠᠵᠢᠯ ᠢ ᠥᠷᠨᠢᠭᠦᠯᠪᠡ᠃ ᠡᠴᠦᠰ ᠲᠡᠭᠡᠨ | ᠬᠠᠰᠢᠭᠳᠠᠭᠰᠠᠨ ᠬᠥᠮᠦᠰ ᠢ ᠠᠪᠤᠷᠠᠨ ᠭᠠᠷᠭᠠᠵᠤ᠂ ᠰᠣᠷᠢᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠪᠡ᠃ | | | ᠲᠣᠰ ᠤᠳᠠᠭᠠᠨ ᠤ ᠰᠣᠷᠢᠯᠲᠠ ᠨᠢ ᠳᠠᠭᠠᠭᠤᠯᠢ ᠣᠳᠣᠨ ᠤ ᠠᠪᠴᠤ ᠶᠠᠪᠤᠬᠤ ᠳᠤ ᠲᠥᠬᠦᠮ ᠦᠵᠡᠭᠦᠯᠬᠦ ᠥᠷᠲᠡᠭᠡ | ᠂ 5 G ᠡᠭᠦᠷᠬᠦ ᠬᠡᠯᠪᠡᠷᠢ ᠶᠢᠨ ᠭᠠᠭᠴᠠ ᠴᠡᠷᠢᠭ ᠵᠡᠷᠭᠡ ᠰᠢᠨ᠎ᠡ ᠬᠡᠯᠪᠡᠷᠢ ᠶᠢᠨ ᠴᠢᠮᠡᠭᠡ ᠬᠤᠯᠪᠣᠭᠠᠨ ᠤ | ᠪᠠᠲᠤᠯᠠᠭ᠎ᠠ ᠶᠢᠨ ᠲᠥᠬᠦᠭᠡᠷᠦᠮᠵᠢ ᠶᠢ ᠠᠰᠢᠭᠯᠠᠨ ᠠᠯᠤᠰ ᠡᠵᠡᠮᠰᠢᠯᠲᠦ ᠲᠠᠭᠤ ᠳᠦᠷᠰᠦ ᠰᠢᠩᠭᠡᠭᠡᠯᠲᠡ ᠶᠢᠨ ᠳᠣᠬᠢᠶ᠎ᠠ ᠶᠢ | ᠳᠠᠮᠵᠢᠭᠤᠯᠵᠤ᠂ ᠰᠣᠷᠢᠯᠲᠠ ᠶᠢᠨ ᠠᠬᠤᠶ ᠲᠠᠯᠠᠪᠠᠶ ᠶᠢᠨ ᠸᠢᠳᠢᠣ᠋ ᠶᠢ ᠥᠪᠡᠷᠲᠡᠭᠡᠨ ᠵᠠᠰᠠᠬᠤ ᠣᠷᠣᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠦᠬᠠᠶ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠠᠪᠤᠷᠠᠨ ᠲᠤᠰᠠᠯᠠᠬᠤ ᠵᠢᠯᠣᠭᠤᠳᠬᠤ ᠲᠥᠪ ᠲᠤ ᠴᠠᠭ ᠲᠤᠬᠠᠶ ᠳᠤᠨᠢ ᠪᠤᠴᠠᠭᠠᠨ ᠳᠠᠮᠵᠢᠭᠤᠯᠵᠤ᠂ ︽ᠰᠣᠷᠢᠯᠲᠠ ᠶᠢᠨ | ᠠᠬᠤᠶ ᠲᠠᠯᠠᠪᠠᠶ︾᠂ ︽ᠬᠤᠲᠠ ᠶᠢᠨ ᠵᠢᠯᠣᠭᠤᠳᠬᠤ ᠲᠥᠪ︾᠂ ︽ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ | ᠲᠥᠪ︾ ᠭᠤᠷᠪᠠᠨ ᠭᠠᠵᠠᠷ ᠤᠨ ᠬᠠᠮᠵᠢᠯᠴᠠᠭᠰᠠᠨ ᠠᠯᠤᠰ ᠡᠵᠡᠮᠰᠢᠯᠲᠦ ᠵᠢᠯᠣᠭᠤᠳᠣᠯᠭ᠎ᠠ ᠲᠣᠬᠢᠷᠠᠭᠤᠯᠤᠯᠲᠠ ᠶᠢ | ᠤᠷᠤᠭᠰᠢᠲᠠᠶ ᠪᠡᠶᠡᠯᠡᠭᠦᠯᠵᠦ᠂ ︽ᠭᠤᠷᠪᠠᠨ ᠲᠠᠰᠤᠯᠳᠠᠯ︾ ᠤᠨ ᠪᠠᠶᠢᠳᠠᠯ ᠳᠤᠤᠷᠠᠬᠢ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | | | ᠲᠠᠷᠠᠭᠠᠴᠢ ᠶᠢᠨ ᠠᠯᠬᠤᠮ ᠳᠤ᠂ ᠦᠬᠠᠶ ᠬᠤᠲᠠ ᠡᠷᠬᠢᠨ ᠲᠣᠭᠤᠷᠢᠨ ᠤ ᠠᠶᠢᠮᠠᠭ ᠬᠤᠲᠠ ᠯᠤᠭ᠎ᠠ ᠶᠢᠨ ᠪᠠᠴᠢᠮ | ᠪᠠᠶᠢᠳᠠᠯ ᠢ ᠠᠷᠭᠠᠴᠠᠬᠤ ᠬᠠᠮᠵᠢᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠲᠣᠭᠲᠠᠴᠠ ᠶᠢᠨ ᠪᠠᠶᠢᠭᠤᠯᠤᠯᠲᠠ᠂ | ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ᠂ ᠰᠣᠷᠢᠯᠲᠠ ᠶᠢ ᠦᠷᠭᠦᠯᠵᠢᠯᠡᠨ ᠰᠠᠶᠢᠲᠤᠷ ᠬᠢᠵᠦ᠂ ᠮᠠᠨ ᠤ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ | ᠭᠠᠷᠬᠤ ᠶᠢ ᠠᠬᠢᠭᠤᠯᠤᠨ᠎ᠠ᠃ |