ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2025/5/28
    5 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ ᠰᠤᠳᠤᠯᠤᠨ ᠶᠠᠷᠢᠯᠴᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠲᠠᠭᠠᠨ ᠰᠤᠷᠤᠯᠴᠠᠵᠤ᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ︾᠂ ︽ ᠨᠠᠢᠮᠠᠨ ᠲᠣᠭᠲᠠᠭᠠᠯ ᠳᠤᠮᠳᠠᠳᠤ ᠤᠯᠤᠰ ᠢ ᠬᠤᠪᠢᠷᠠᠭᠤᠯᠤᠭᠰᠠᠨ︾ ᠶᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠵᠢᠴᠢ ᠰᠡᠷᠡᠮᠵᠢᠯᠡᠭᠦᠯᠬᠦ ᠬᠥᠮᠦᠵᠢᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠤᠨ᠂ ᠨᠠᠮ ᠤᠨ ᠰᠢᠯᠢᠳᠡᠭ ᠰᠤᠷᠲᠠᠯ ᠢ ᠲᠦᠷᠦᠭᠦᠯᠡᠨ ᠤᠯᠠᠮᠵᠢᠯᠠᠨ ᠪᠠᠳᠠᠷᠠᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠰᠢᠶᠠᠯ ᠬᠠᠷᠢᠭᠤᠴᠠᠯᠭ᠎ᠠ ᠡᠭᠦᠷᠭᠡ ᠪᠠᠨ ᠦᠨᠡᠨ ᠬᠦ ᠭᠦᠢᠴᠡᠳᠬᠡᠬᠦ ᠲᠠᠢ ᠤᠶᠠᠯᠳᠤᠭᠤᠯᠤᠨ ᠰᠤᠳᠤᠯᠤᠨ ᠶᠠᠷᠢᠯᠴᠠᠬᠤ ᠠᠵᠢᠯ ᠢ ᠥᠷᠨᠢᠭᠦᠯᠪᠡ᠃ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠭᠤᠤ ᠷᠦᠨ ᠰᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃    ᠬᠤᠷᠠᠯ ᠠᠴᠠ᠂ ᠪᠦᠬᠦ ᠲᠢᠩᠬᠢᠮ ᠳᠠᠶᠠᠭᠠᠷ ᠢᠶᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠰᠤᠷᠤᠯᠴᠠᠯᠭ᠎ᠠ ᠬᠥᠮᠦᠵᠢᠯ ᠢ ᠴᠢᠩᠭ᠎ᠠ ᠪᠣᠳᠠᠲᠠᠢ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ᠃ ᠨᠢᠭᠡ ᠳᠤ᠂ ᠦᠷᠭᠦᠯᠵᠢᠯᠡᠨ ᠭᠦᠨᠵᠡᠭᠡᠶ ᠰᠤᠷᠤᠯᠴᠠᠵᠤ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠲᠥᠪ ᠤᠨ ᠨᠠᠢᠮᠠᠨ ᠲᠣᠭᠲᠠᠭᠠᠯ ᠪᠣᠯ ᠠᠯᠤᠰ ᠬᠡᠲᠦ ᠶᠢ ᠬᠠᠮᠢᠶᠠᠷᠬᠤ ᠲᠡᠮᠦᠷ ᠶᠣᠰᠣ ᠲᠦᠷᠢᠮ᠂ ᠬᠠᠲᠠᠭᠤ ᠲᠣᠭᠲᠠᠭᠠᠯ ᠮᠥᠨ ᠭᠡᠳᠡᠭ ᠢ ᠭᠦᠨᠵᠡᠭᠡᠶ ᠲᠠᠨᠢᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠰᠠᠨᠠᠭᠠᠴᠢᠯᠠᠭᠠᠲᠤ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠶ᠃ ᠬᠤᠶᠠᠷ ᠲᠤ᠂ ᠦᠷᠭᠦᠯᠵᠢᠯᠡᠨ ᠪᠠᠶᠢᠴᠠᠭᠠᠨ ᠳᠡᠯᠭᠡᠵᠦ ᠴᠡᠭᠴᠡᠯᠡᠨ ᠵᠠᠰᠠᠵᠤ᠂ ︽ᠲᠦᠷᠪᠡᠨ ᠰᠤᠷᠲᠠᠯ︾ ᠤᠨ ᠨᠢᠭᠤᠭᠳᠠᠮᠠᠯ ᠣᠨᠳᠣᠣᠰᠢᠭᠰᠠᠨ ᠠᠰᠠᠭᠤᠳᠠᠯ ᠢ ᠣᠨᠣᠪᠴᠢᠲᠠᠢ ᠪᠥᠭᠡᠳ ᠪᠣᠳᠠᠲᠠᠢ ᠡᠷᠢᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠠᠳᠬᠤᠵᠤ᠂ ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠡᠴᠦᠰ ᠲᠤᠨᠢ ᠲᠤᠯᠲᠠᠯ᠎ᠠ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠰᠠᠬᠢᠵᠤ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ ᠶᠢ ᠠᠬᠢᠭᠤᠯᠬᠤ ᠬᠡᠷᠡᠭᠲᠡᠢ᠃ ᠳᠥᠷᠪᠡ ᠳᠤ ᠡᠳᠦᠷ ᠲᠤᠲᠤᠮ ᠤᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠳᠦᠷᠢ ᠲᠥᠷᠬᠦ ᠪᠠᠨ ᠱᠤᠭᠤᠬᠤ ᠳᠡᠭᠡᠷ᠎ᠡ ᠴᠥᠬᠦᠷᠡᠰᠢ ᠥᠬᠡᠶ ᠬᠦᠴᠦᠯᠡᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠶ᠃ ᠲᠠᠪᠤ ᠳᠤ᠂ ᠦᠷᠭᠦᠯᠵᠢᠯᠡᠨ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠲᠦᠷᠦᠭᠦᠯᠡᠨ ᠠᠷᠪᠢᠴᠢ ᠭᠠᠮᠲᠠᠢ ᠠᠮᠢᠳᠤᠷᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠤᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ︔ ᠤᠬᠠᠭᠤᠯᠭ᠎ᠠ ᠬᠥᠮᠦᠵᠢᠯ ᠢ ᠲᠠᠰᠤᠷᠠᠯᠳᠠ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠠᠶᠢᠨ ᠤᠬᠠᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ︔ ᠤᠶᠠᠯᠳᠤᠭᠤᠯᠬᠤ ᠠᠭᠤᠰᠤᠯᠴᠠᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠬᠤ ᠳᠤ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠠᠵᠤ ᠦᠢᠯᠡᠳᠪᠦᠷᠢ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠥᠪᠳᠡᠯᠴᠡᠨ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠥᠨᠳᠥᠷ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃    ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠤᠨ ᠬᠠᠷᠢᠭᠤᠴᠠᠯᠭᠠᠲᠠᠨ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号