ᠳᠤᠮᠳᠠᠳᠤ ᠤᠯᠤᠰ ᠤᠨ ᠬᠠᠮᠤᠭ ᠤᠨ ᠶᠡᠭᠡ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠪᠣᠯᠤᠭᠰᠠᠨ ᠤ | ᠬᠤᠪᠢ ᠳᠤ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠭᠤᠣᠯᠳᠠᠯᠭ᠎ᠠ ᠲᠠᠢ ᠤᠯᠤᠰ ᠤᠨ ᠥᠮᠴᠢᠯᠡᠯ ᠤᠨ | ᠰᠢᠭᠤᠶᠢᠲᠤ ᠣᠷᠣᠨ ᠤ 10.67 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠠᠮᠢ ᠠᠬᠤᠢ ᠶᠢᠨ ᠴᠢᠳᠠᠮᠵᠢᠲᠤ | ᠣᠷᠣᠨ ᠨᠢ ᠠᠮᠠᠽᠤᠨᠠᠰ ᠤᠨ ᠬᠠᠯᠠᠭᠤᠨ ᠪᠦᠰᠡᠨ ᠤ ᠪᠣᠷᠣᠭᠠᠨᠲᠤ ᠤᠢ ᠲᠠᠢ ᠬᠠᠮᠲᠤ ︽ᠳᠡᠯᠡᠬᠡᠢ ᠶᠢᠨ ᠪᠥᠮᠪᠥᠷᠴᠡᠭ ᠤᠨ | ᠠᠭᠤᠰᠬᠢ︾ ᠬᠡᠮᠡᠭᠳᠡᠪᠡ᠃ ᠲᠡᠷᠡ ᠨᠢ ᠬᠠᠷᠠᠮᠥ᠋ᠷᠡᠨ᠂ ᠨᠤᠨ ᠮᠥᠷᠡᠨ ᠤ ᠤᠰᠤᠨ ᠰᠢᠰᠲ᠋ᠧᠮ ᠪᠣᠯᠣᠨ ᠰᠤᠩᠭᠠᠷᠢ | ᠮᠥᠷᠡᠨ ᠨᠤᠨ ᠮᠥᠷᠡᠨ ᠤ ᠲᠠᠯ᠎ᠠ ᠭᠠᠵᠠᠷ᠂ ᠬᠥᠯᠥᠨ ᠪᠤᠶᠢᠷ ᠤᠨ ᠲᠠᠯ᠎ᠠ ᠨᠤᠲᠤᠭ ᠤᠨ ᠠᠮᠢ ᠠᠬᠤᠢ ᠶᠢᠨ | ᠲᠡᠩᠴᠡᠭᠦᠷᠢ ᠶᠢ ᠪᠠᠲᠤᠯᠠᠵᠤ ᠪᠠᠶᠢᠬᠤ ᠪᠥᠭᠡᠳ ᠪᠦᠭᠦ᠋ᠢᠯᠡ ᠵᠡᠭᠦᠨ ᠬᠤᠶᠢᠲᠤ ᠣᠷᠣᠨ ᠤ ᠠᠵᠤ ᠦᠢᠯᠡᠳᠪᠦᠷᠢ᠂ | ᠲᠠᠷᠢᠶᠠᠯᠠᠩ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠵᠡᠷᠭᠡ ᠠᠵᠤ ᠦᠢᠯᠡᠰ ᠤᠨ ᠠᠮᠢᠨ ᠰᠤᠳᠠᠰᠤ ᠶᠢ | ᠲᠤᠯᠭᠠᠭᠤᠷᠢᠯᠠᠵᠤ᠂ ᠠᠮᠤ ᠶᠢᠨ ᠰᠠᠩ ᠪᠣᠯᠣᠨ ᠤᠰᠤᠨ ᠤ ᠡᠬᠢ ᠰᠤᠷᠪᠤᠯᠵᠢ ᠪᠣᠯᠵᠤ ᠪᠠᠶᠢᠳᠠᠭ᠃ | ᠥᠩᠭᠡᠷᠡᠭᠰᠡᠨ ᠳᠤ ᠲᠦᠮᠡ ᠮᠢᠩᠭ᠎ᠠ ᠪᠠᠷ ᠲᠣᠭᠠᠯᠠᠭᠳᠠᠬᠤ ᠨᠢᠷᠤᠭᠤ ᠮᠣᠳᠣ ᠠᠳᠡ ᠠᠴᠠ ᠡᠯ᠎ᠡ ᠭᠠᠵᠠᠷ ᠲᠤ | ᠵᠥᠭᠡᠭᠡᠪᠦᠷᠢᠯᠡᠭᠳᠡᠵᠦ ᠪᠠᠶᠢᠪᠠ᠃ 2015 ᠣᠨ ᠤ 3 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠶᠡᠭᠡ | ᠬᠢᠩᠭᠠᠨ ᠳᠠᠪᠠᠭ᠎ᠠ ᠮᠣᠳᠣ ᠣᠭᠲᠣᠯᠬᠤ ᠪᠠᠨ ᠵᠤᠬᠰᠤᠬᠤ ᠲᠤᠩᠬᠠᠭ ᠨᠡᠶᠢᠲᠡᠯᠡᠵᠦ᠂ 63 ᠵᠢᠯ ᠤᠨ ᠤᠢ ᠮᠣᠳᠣ | ᠣᠭᠲᠣᠯᠣᠭᠰᠠᠨ ᠲᠡᠦᠬᠡ ᠪᠠᠨ ᠡᠴᠦᠰᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠴᠠᠭ | ᠦᠶ᠎ᠡ ᠶᠢ ᠨᠡᠭᠡᠭᠡᠵᠡᠢ᠃ ᠮᠣᠳᠣ ᠣᠭᠲᠣᠯᠬᠤ ᠪᠠᠨ ᠵᠣᠭᠰᠣᠭᠰᠠᠨ 10 ᠵᠢᠯ ᠳᠤ᠂ ᠨᠣᠮᠢᠨ ᠤᠰᠤ ᠬᠥᠬᠡᠮᠳᠦᠭ ᠠᠭᠤᠯᠠ | ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ | ᠪᠠᠷᠢᠮᠲᠠᠯᠠᠵᠤ᠂ ᠶᠡᠭᠡ ᠬᠢᠩᠭᠠᠨ ᠳᠠᠪᠠᠭ᠎ᠠ ᠰᠦᠷᠯᠢᠭ ᠰᠠᠶᠢᠬᠠᠨ ᠨᠣᠮᠢᠨ ᠨᠣᠭᠤᠭᠠᠨ ᠰᠢᠯᠦᠭ ᠳᠠᠭᠤᠯᠠᠯ ᠢ ᠪᠢᠴᠢᠭᠯᠡᠵᠦ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ | ᠬᠠᠷᠢᠭᠤᠴᠠᠯᠭ᠎ᠠ ᠡᠭᠦᠷᠭᠡᠯᠡᠯ ᠢ ᠲᠠᠶᠢᠯᠪᠤᠷᠢᠯᠠᠪᠠ᠃ | ᠮᠣᠳᠣ ᠣᠭᠲᠣᠯᠬᠤ ᠠᠵᠢᠯᠴᠢᠨ ᠠᠴᠠ ᠣᠢ ᠰᠢᠭᠤᠢ ᠰᠠᠬᠢᠭᠴᠢ ᠪᠣᠯᠵᠤ ᠨᠣᠮᠢᠨ ᠤᠰᠤ ᠬᠥᠬᠡᠮᠳᠦᠭ ᠠᠭᠤᠯᠠ ᠶᠢ | ᠬᠠᠮᠠᠭᠠᠯᠠᠬᠤ ᠳᠣᠮᠤᠭ ᠢ ᠦᠷᠭᠦᠯᠵᠢᠯᠡᠨ ᠬᠦᠦᠷᠨᠢᠨ᠎ᠡ | ᠴᠠᠭᠢᠯᠭᠠᠨ ᠬᠢᠷᠦᠭᠡᠨ ᠤ ᠬᠦᠩᠭᠢᠨᠡᠬᠦ ᠳᠠᠭᠤᠨ ᠤᠢ ᠶᠢᠨ ᠨᠠᠮ ᠵᠢᠮ ᠢ ᠡᠪᠳᠡᠵᠦ᠂ ᠠᠷᠪᠠᠨ ᠬᠡᠳᠦᠬᠡᠨ | ᠰᠧᠺᠦ᠋ᠨ᠋ᠳ᠋ ᠤᠨ ᠳᠣᠲᠣᠷ᠎ᠠ ᠨᠢᠭᠡ ᠮᠣᠳᠣ ᠭᠠᠵᠠᠷ ᠣᠶᠢᠴᠢᠪᠠ᠃ | ︽ᠡᠨᠡ ᠮᠣᠳᠣ ᠵᠢᠰᠢᠭᠦᠦ ᠤᠷᠭᠤᠪᠠ᠂ ᠪᠤᠰᠤᠳ ᠮᠣᠳᠣᠨ ᠤ ᠤᠷᠭᠤᠯᠲᠠ ᠶᠢ ᠨᠥᠯᠥᠭᠡᠯᠡᠨ᠎ᠡ᠂ ᠡᠷᠬᠡᠪᠰᠢ | ᠤᠨᠠᠭᠠᠬᠤ ᠬᠡᠷᠡᠭᠲᠡᠢ︾᠃ 3 ᠰᠠᠷ᠎ᠠ ᠶᠢᠨ 28 ᠤ ᠡᠳᠦᠷ᠂ ᠭᠡᠭᠡᠨ ᠭᠤᠣᠯ ᠤᠨ ᠤᠢ ᠰᠢᠭᠤᠢ ᠶᠢᠨ ᠠᠵᠤ | ᠦᠢᠯᠡᠳᠪᠦᠷᠢ ᠶᠢᠨ ᠺᠤᠮᠫᠠᠨᠢ ᠶᠢᠨ ᠦᠯᠢᠺᠦ᠋ᠮᠠ ᠬᠠᠮᠢᠶᠠᠷᠤᠨ ᠬᠠᠮᠠᠭᠠᠯᠠᠬᠤ ᠲᠥᠪ ᠤᠨ ᠱᠠᠩ ᠶᠠᠩ ᠭᠧ ᠴᠢ | ᠪᠠᠷᠢᠯᠭ᠎ᠠ ᠶᠢᠨ ᠠᠵᠢᠯ ᠤᠨ ᠲᠣᠭᠤᠷᠢᠭ ᠲᠤ ᠵᠢᠶᠠᠩ ᠵᠢᠶᠠᠨ ᠭᠦᠸᠧ ᠤᠢ ᠰᠢᠭᠤᠢ ᠶᠢᠨ ᠦᠷᠭᠦᠯᠵᠢᠯᠡᠬᠦ | ᠡᠵᠡᠩᠨᠡᠯᠲᠡ ᠶᠢᠨ ᠠᠵᠢᠯ ᠬᠢᠵᠦ᠂ ᠤᠢ ᠳᠣᠲᠣᠷᠠᠬᠢ ᠬᠤᠪᠠᠭ᠋ᠠᠢ ᠮᠣᠳᠣ᠂ ᠡᠪᠡᠳᠴᠢᠨ ᠲᠠᠢ ᠢᠯᠵᠢᠷᠡᠮᠡᠯ ᠮᠣᠳᠣ ᠶᠢ | ᠴᠡᠪᠡᠷᠯᠡᠵᠦ᠂ ᠡᠷᠡᠭᠦᠯ ᠮᠣᠳᠣᠨ ᠳᠤ ᠥᠰᠦᠯᠲᠡ ᠶᠢᠨ ᠣᠷᠣᠨ ᠵᠠᠢ ᠭᠠᠷᠭᠠᠵᠤ ᠪᠠᠶᠢᠪᠠ᠃ ᠤᠢ ᠳᠣᠲᠣᠷ᠎ᠠ᠂ ᠡᠮᠦᠨ᠎ᠡ | ᠡᠳᠦᠷ ᠨᠢ ᠣᠭᠲᠣᠯᠵᠤ ᠤᠨᠠᠭᠠᠭᠰᠠᠨ ᠮᠣᠳᠣᠳ ᠨᠢ ᠬᠥᠨᠳᠡᠯᠡᠨ ᠭᠤᠯᠳᠤ ᠭᠠᠵᠠᠷ ᠰᠠᠢ ᠦᠭᠡᠢ ᠬᠠᠷᠠᠭᠳᠠᠵᠤ᠂ ᠲᠡᠷᠡ | ᠠᠵᠢᠯᠴᠢᠨ ᠨᠥᠬᠦᠳ ᠲᠠᠢ ᠪᠠᠨ ᠬᠠᠮᠲᠤ ᠠᠵᠢᠯᠯᠠᠬᠤ ᠶᠢᠨ ᠳᠠᠭᠠᠤ ᠬᠦᠴᠦ ᠮᠡᠳᠡᠨ ᠣᠪᠣᠭᠠᠯᠠᠵᠤ᠂ ᠳᠠᠷᠠᠭ᠎ᠠ ᠨᠢ | ᠨᠡᠶᠢᠯᠡᠭᠦᠯᠵᠦ ᠤᠶᠠᠭᠠᠳ ᠲᠷᠠᠺᠲ᠋ᠣᠷ ᠢᠶᠠᠷ ᠴᠢᠷᠴᠦ ᠵᠠᠮ ᠳᠡᠭᠡᠷ᠎ᠡ ᠭᠠᠷᠭᠠᠪᠠ᠃ | 2024 ᠣᠨ ᠤ 12 ᠰᠠᠷ᠎ᠠ ᠶᠢᠨ 14 ᠤ ᠡᠳᠦᠷ ᠠᠭᠤᠯᠠᠨ ᠳᠤ ᠭᠠᠷᠤᠭᠰᠠᠨ ᠠᠴᠠ ᠤᠳᠤ ᠪᠤᠯᠲᠠᠯ᠎ᠠ ᠨᠢᠭᠡᠨᠲᠡ | 100 ᠭᠠᠷᠤᠢ ᠡᠳᠦᠷ ᠥᠩᠭᠡᠷᠡᠪᠡ᠃ ᠴᠠᠭᠠᠨ ᠰᠠᠷ᠎ᠠ ᠭᠡᠷ ᠲᠡᠭᠡᠨ ᠬᠠᠷᠢᠵᠤ ᠬᠡᠳᠦᠨ ᠡᠳᠦᠷ ᠠᠮᠠᠷᠠᠭᠰᠠᠨ ᠠᠴᠠ | ᠭᠠᠳᠠᠨ᠎ᠠ᠂ ᠵᠢᠶᠠᠩ ᠵᠢᠶᠠᠨ ᠭᠦᠸᠧ ᠠᠵᠢᠯᠴᠢᠨ ᠨᠥᠬᠦᠳ ᠲᠠᠢ ᠪᠠᠨ ᠨᠡᠶᠢᠳᠡᠮ ᠠᠭᠤᠯᠠᠨ ᠳᠤ ᠠᠵᠢᠯᠯᠠᠵᠤ᠂ ᠨᠢᠭᠡ | ᠭᠠᠵᠠᠷ ᠤᠨ ᠠᠵᠢᠯ ᠢᠶᠠᠨ ᠳᠠᠭᠤᠰᠬᠠᠪᠠᠯ ᠳᠠᠷᠠᠭ᠎ᠠ ᠨᠢᠭᠡ ᠴᠡᠭ ᠲᠤ ᠰᠢᠯᠵᠢᠨ᠎ᠡ᠃ | ︽ᠪᠠᠰᠠ ᠨᠢᠭᠡ ᠬᠤᠶᠠᠷ ᠡᠳᠦᠷ ᠠᠵᠢᠯᠯᠠᠪᠠᠯ ᠣᠶ ᠰᠢᠭᠤᠢ ᠶᠢᠨ ᠦᠷᠭᠦᠯᠵᠢᠯᠡᠬᠦ ᠡᠵᠡᠩᠨᠡᠯᠲᠡ ᠶᠢᠨ ᠠᠵᠢᠯ ᠳᠠᠷᠤᠢ | ᠳᠠᠭᠤᠰᠴᠤ᠂ ᠰᠢᠭᠤᠶᠢᠲᠤ ᠣᠷᠣᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠣᠷᠣᠨ᠎ᠠ᠂ | ᠪᠢᠳᠡ ᠠᠭᠤᠯᠠᠨ ᠳᠤ ᠣᠷᠣᠵᠤ ᠲᠣᠭᠤᠷᠢᠨ ᠬᠠᠮᠠᠭᠠᠯᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠩᠭᠢ | ᠪᠠᠶᠢᠭᠤᠯᠬᠤ ᠪᠣᠯᠣᠨ᠎ᠠ︾᠃ ᠬᠠᠪᠤᠷ ᠤᠨ ᠤᠯᠠᠷᠢᠯ ᠳᠤ ᠭᠠᠯ ᠰᠡᠷᠭᠡᠶᠢᠯᠡᠵᠦ᠂ 5 ᠰᠠᠷ᠎ᠠ ᠳᠤ ᠭᠠᠵᠠᠷ ᠭᠡᠰᠬᠦ ᠴᠠᠭ ᠢ | ᠠᠮᠵᠢᠨ ᠣᠶᠢᠵᠢᠭᠤᠯᠵᠤ᠂ ᠵᠣᠨ ᠨᠠᠮᠤᠷ ᠤᠨ ᠤᠯᠠᠷᠢᠯ ᠳᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠵᠦ᠂ | ᠡᠪᠦᠯ ᠤᠨ ᠤᠯᠠᠷᠢᠯ ᠳᠤ ᠣᠶ ᠰᠢᠭᠤᠢ ᠶᠢᠨ ᠦᠷᠭᠦᠯᠵᠢᠯᠡᠬᠦ ᠡᠵᠡᠩᠨᠡᠯᠲᠡ ᠶᠢᠨ ᠣᠭᠲᠣᠯᠬᠤ ᠠᠵᠢᠯ ᠬᠢᠵᠦ᠂ ᠵᠢᠯ ᠤᠨ | ᠳᠥᠷᠪᠡᠨ ᠤᠯᠠᠷᠢᠯ ᠳᠤ ᠡᠳᠡᠭᠡᠷ ᠠᠵᠢᠯ ᠢᠶᠠᠨ ᠳᠠᠭᠢᠨ ᠳᠠᠪᠲᠠᠨ ᠬᠢᠳᠡᠭ ᠠᠵᠢ᠃ | ᠡᠨᠡ ᠵᠢᠯ 58 ᠨᠠᠰᠤᠲᠠᠢ ᠵᠢᠶᠠᠩ ᠵᠢᠶᠠᠨ ᠭᠦᠸᠧ 1987 ᠣᠨ ᠳᠤ ᠠᠵᠢᠯ ᠳᠤ ᠭᠠᠷᠤᠭᠰᠠᠨ ᠠᠴᠠ ᠤᠳᠤ | ᠪᠤᠯᠲᠠᠯ᠎ᠠ 38 ᠵᠢᠯ ᠤᠨ 28 ᠵᠢᠯ ᠨᠢ ᠮᠣᠳᠣ ᠣᠭᠲᠣᠯᠵᠠᠢ᠃ | ᠣᠭᠲᠣᠯᠬᠤ ᠶᠢ ᠵᠣᠭᠰᠣᠭᠠᠭᠰᠠᠨ ᠴᠢᠮᠡᠭᠡ ᠶᠢ ᠰᠣᠨᠣᠰᠤᠭᠠᠳ᠂ ᠲᠡᠷᠡ ᠪᠠᠶᠠᠷᠯᠠᠵᠤ ᠪᠠᠶᠢᠭᠰᠠᠨ ᠴᠤ ᠰᠠᠨᠠᠭᠠᠰᠢᠷᠠᠯ | ᠪᠣᠯᠪᠠ᠃ ᠪᠠᠶᠠᠷᠯᠠᠭᠤᠰᠢᠲᠠᠢ ᠨᠢ᠂ ᠡᠨᠡ ᠬᠡᠰᠡᠭ ᠳᠠᠭᠠᠭᠠᠵᠤ ᠳᠡᠶᠢᠯᠦᠰᠢ ᠦᠭᠡᠢ ᠬᠦᠨᠳᠦ ᠡᠭᠦᠷᠭᠡ ᠶᠢ ᠡᠭᠦᠷᠭᠡᠯᠡᠵᠦ | ᠪᠠᠶᠢᠭᠰᠠᠨ ᠣᠶ ᠰᠢᠭᠤᠢ ᠣᠲᠣ ᠠᠮᠤᠷᠵᠢᠨ ᠲᠡᠩᠬᠡᠷᠡᠬᠦ ᠴᠠᠭ ᠪᠣᠯᠵᠠᠢ᠃ ᠲᠡᠭᠡᠪᠡᠯ ᠮᠣᠳᠣ ᠣᠭᠲᠣᠯᠬᠤ ᠦᠭᠡᠢ ᠪᠠᠷ | ᠶᠠᠭᠠᠬᠢᠵᠤ ᠠᠮᠢᠳᠤᠷᠠᠬᠤ ᠪᠤᠢ︖ | ᠲᠡᠷᠡ ᠪᠠᠷ ᠰᠦᠬᠡ ᠬᠢᠷᠦᠭᠡ ᠪᠠᠨ ᠲᠠᠯᠪᠢᠵᠤ ︽ᠣᠢ ᠰᠢᠭᠤᠢ ᠶᠢᠨ ᠬᠠᠮᠠᠭᠠᠯᠠᠭᠴᠢ︾ ᠪᠣᠯᠣᠨ ᠬᠤᠪᠢᠷᠠᠪᠠ᠃ ︽ | ᠡᠳᠦᠷ ᠪᠦᠷᠢ ᠠᠭᠤᠯᠠᠨ ᠳᠤ ᠭᠠᠷᠴᠤ ᠲᠣᠭᠤᠷᠢᠨ ᠬᠠᠮᠠᠭᠠᠯᠠᠵᠤ᠂ ᠣᠢ ᠮᠣᠳᠣ ᠡᠪᠳᠡᠭᠳᠡᠭᠰᠡᠨ ᠡᠰᠡᠬᠦ᠂ ᠬᠡᠭᠡᠷ᠎ᠡ ᠶᠢᠨ | ᠠᠮᠢᠲᠠᠨ ᠰᠢᠷᠬᠠᠲᠤᠭᠰᠠᠨ ᠡᠰᠡᠬᠦ᠂ ᠣᠢ ᠰᠢᠭᠤᠢ ᠶᠢᠨ ᠡᠪᠡᠳᠴᠢᠨ ᠬᠤᠷᠣᠬᠠᠢ ᠶᠢᠨ ᠭᠠᠮᠰᠢᠭ ᠭᠠᠷᠤᠭᠰᠠᠨ ᠡᠰᠡᠬᠦ | ᠵᠡᠷᠭᠡ ᠪᠠᠶᠢᠳᠠᠯ ᠢ ᠦᠵᠡᠨ᠎ᠡ᠃ ᠡᠨᠡ ᠣᠢ ᠶᠢ ᠪᠢᠳᠡᠨ ᠠᠴᠠ ᠢᠯᠡᠭᠦᠦ ᠣᠶᠢᠯᠠᠭᠠᠬᠤ ᠬᠥᠮᠥᠨ ᠦᠭᠡᠢ︾ ᠭᠡᠵᠦ ᠵᠢᠶᠠᠩ | ᠵᠢᠶᠠᠨ ᠭᠦᠸᠧ ᠬᠡᠯᠡᠪᠡ᠃ | ᠣᠢ ᠰᠢᠭᠤᠢ ᠵᠢᠯ ᠤᠨ ᠳᠥᠷᠪᠡᠨ ᠤᠯᠠᠷᠢᠯ ᠬᠥᠮᠥᠨ ᠠᠴᠠ ᠰᠠᠯᠵᠤ ᠴᠢᠳᠠᠬᠤ ᠦᠭᠡᠢ᠂ ᠵᠢᠶᠠᠩ ᠵᠢᠶᠠᠨ ᠭᠦᠸᠧ | ᠴᠤ ᠵᠢᠯ ᠤᠨ ᠳᠥᠷᠪᠡᠨ ᠤᠯᠠᠷᠢᠯ ᠣᠢ ᠰᠢᠭᠤᠢ ᠳᠤ ᠠᠵᠢᠯᠯᠠᠨ᠎ᠠ᠃ ᠡᠬᠡᠨᠡᠷ ᠨᠢ ᠮᠡᠰᠡ ᠵᠠᠰᠠᠯ ᠬᠢᠵᠦ᠂ ᠥᠬᠢᠨ ᠨᠢ | ᠬᠤᠷᠢᠮᠯᠠᠵᠤ᠂ ᠬᠦᠦ ᠲᠦᠷᠦᠭᠦ ᠳᠤ᠂ ᠲᠡᠷᠡ ᠪᠦᠷ ᠣᠢ ᠶᠢᠨ ᠭᠦᠨ ᠳᠤ ᠪᠠᠶᠢᠯ᠎ᠠ᠃ ᠨᠢᠳᠦ ᠢᠷᠮᠡᠬᠦ ᠶᠢᠨ ᠵᠠᠭᠤᠷ᠎ᠠ 40 | ᠰᠢᠬᠠᠮ ᠵᠢᠯ ᠪᠣᠯᠣᠯ᠎ᠠ᠃ | ︽ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠪᠢ ᠬᠥᠭᠰᠢᠨ ᠢᠶᠠᠨ ᠳᠠᠭᠠᠭᠤᠯᠤᠨ ᠲᠢᠶᠠᠨ ᠠᠨ ᠮᠧᠨ ᠠᠰᠠᠷ᠂ | ᠳᠠᠯᠠᠢ ᠲᠠᠩᠭᠢᠰ᠂ ᠡᠬᠡ ᠤᠯᠤᠰ ᠤᠨ ᠢᠶᠠᠨ ᠦᠵᠡᠰᠬᠦᠯᠡᠩᠲᠦ ᠰᠠᠶᠢᠬᠠᠨ ᠠᠭᠤᠯᠠ ᠤᠰᠤ ᠶᠢ ᠦᠵᠡᠬᠦ ᠪᠠᠷ ᠣᠴᠢᠨ᠎ᠠ᠃ | ᠥᠬᠢᠨ ᠤ ᠪᠠᠨ ᠠᠵᠢᠯᠯᠠᠵᠤ ᠪᠠᠶᠢᠭ᠎ᠠ ᠬᠤᠲᠠ ᠳᠤ ᠣᠴᠢᠵᠤ ᠵᠢᠭᠡ ᠣᠮᠪᠣᠯᠣ ᠪᠠᠨ ᠬᠠᠷᠠᠨ᠎ᠠ︾ ᠭᠡᠵᠦ ᠵᠢᠶᠠᠩ ᠵᠢᠶᠠᠨ | ᠭᠦᠸᠧ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ | ᠠᠮᠢᠳᠤᠷᠠᠯ ᠢᠶᠠᠨ ᠬᠦᠰᠡᠨ ᠮᠥᠷᠥᠭᠡᠳᠴᠦ ᠪᠠᠶᠢᠭ᠎ᠠ ᠴᠤ ᠤᠢ ᠰᠢᠭᠤᠢ ᠲᠠᠢ ᠬᠠᠮᠲᠤ ᠪᠠᠶᠢᠬᠤ ᠳᠡᠮᠡᠢ ᠬᠡᠳᠦᠨ ᠡᠳᠦᠷ | ᠬᠤᠨᠤᠭ ᠢᠶᠠᠨ ᠨᠡᠩ ᠨᠠᠨᠳᠢᠩᠨᠠᠨ᠎ᠠ᠃ | ᠵᠢᠶᠠᠩ ᠵᠢᠶᠠᠨ ᠭᠦᠸᠧ ᠶᠢᠨ ᠪᠡᠶ᠎ᠡ ᠳᠡᠭᠡᠷ᠎ᠡ ᠠᠴᠠ ᠶᠡᠭᠡ ᠬᠢᠩᠭᠠᠨ ᠳᠠᠪᠠᠭ᠎ᠠ ᠶᠢᠨ ᠪᠠᠷ᠎ᠠ ᠰᠡᠭᠦᠳᠡᠷ ᠢ ᠣᠯᠵᠤ | ᠬᠠᠷᠠᠭᠰᠠᠨ ᠰᠢᠭ᠋ ᠪᠣᠯᠣᠯ᠎ᠠ᠂ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠪᠠ ᠠᠮᠢ ᠠᠬᠤᠢ ᠶᠢᠨ | ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠴᠥᠮ ᠴᠢᠳᠠᠯ ᠤᠨ ᠬᠢᠷᠢ ᠪᠠᠷ ᠢᠶᠠᠨ ᠬᠤᠪᠢ ᠨᠡᠮᠡᠷᠢ | ᠦᠵᠡᠭᠦᠯᠵᠦ ᠪᠠᠶᠢᠨ᠎ᠠ᠃ | ᠮᠣᠳᠣᠨ ᠮᠠᠲ᠋ᠧᠷᠢᠶᠠᠯ ᠤᠨ ᠦᠢᠯᠡᠳᠪᠦᠷᠢᠯᠡᠯ ᠠᠴᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠭᠦᠷᠲᠡᠯ᠎ᠡ ᠡᠶ᠎ᠡ | ᠵᠣᠬᠢᠴᠠᠩᠭᠤᠢ ᠬᠠᠮᠲᠤ ᠣᠷᠣᠰᠢᠬᠤ ᠳᠠᠪᠠᠯᠲᠠ ᠶᠢ ᠪᠡᠶᠡᠯᠡᠭᠦᠯᠪᠡ | ᠠᠵᠢᠯᠯᠠᠬᠤ ᠭᠠᠵᠠᠷ ᠠᠴᠠ ᠨᠢ 50 ᠭᠠᠷᠤᠢ ᠺᠢᠯᠣᠮᠧᠳ᠋ᠷ ᠵᠠᠶᠢᠲᠠᠢ ᠭᠠᠵᠠᠷ ᠲᠤ ︽ᠮᠣᠳᠣ ᠣᠭᠲᠣᠯᠬᠤ ᠪᠠᠨ | ᠵᠤᠬᠰᠤᠬᠤ ᠲᠤᠩᠬᠠᠭ︾ ᠤᠨ ᠳᠤᠷᠠᠰᠬᠠᠯ ᠤᠨ ᠮᠣᠳᠣᠨ ᠲᠠᠪᠴᠠᠩ ᠤᠢ ᠶᠢᠨ ᠳᠤᠮᠳᠠ ᠨᠠᠮ ᠵᠢᠮ ᠰᠦᠨᠳᠡᠷᠯᠡᠨ᠎ᠡ᠃ | ᠣᠯᠠᠨ ᠵᠢᠯ ᠤᠨ ᠲᠤᠷᠰᠢ᠂ ᠵᠢᠶᠠᠩ ᠵᠢᠶᠠᠨ ᠭᠦᠸᠧ ᠦᠷᠭᠦᠯᠵᠢ ᠠᠳᠡ ᠢᠷᠡᠵᠦ ᠲᠣᠭᠤᠷᠢᠳᠠᠭ᠃ | ᠪᠦᠷᠢᠳᠬᠡᠯ ᠢ ᠦᠨᠳᠦᠰᠦᠯᠡᠪᠡᠯ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ | ᠥᠮᠴᠢᠯᠡᠯ ᠤᠨ ᠰᠢᠭᠤᠶᠢᠲᠤ ᠣᠷᠣᠨ ᠤ ᠣᠭᠲᠣᠯᠬᠤ ᠶᠢ ᠵᠣᠭᠰᠣᠭᠠᠭᠰᠠᠨ 10 ᠵᠢᠯ ᠤᠨ ᠬᠤᠭᠤᠴᠠᠭᠠᠨ ᠳᠤ ᠣᠶ | ᠰᠢᠭᠤᠢ ᠶᠢᠨ ᠬᠠᠳᠠᠭᠠᠯᠠᠭᠳᠠᠴᠠ 8.03 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠪᠠᠶᠢᠭᠰᠠᠨ ᠠᠴᠠ ᠪᠠᠨ | ᠨᠡᠮᠡᠭᠳᠡᠭᠡᠳ 10.29 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠵᠤ᠂ ᠠᠷᠪᠠᠨ ᠤ ᠭᠤᠷᠪᠠᠨ ᠬᠤᠪᠢ ᠰᠢᠬᠠᠮ | ᠨᠡᠮᠡᠭᠳᠡᠵᠡᠢ᠃ ᠬᠡᠭᠡᠷ᠎ᠡ ᠶᠢᠨ ᠤᠷᠭᠤᠮᠠᠯ 1848 ᠵᠦᠢᠯ ᠪᠠᠶᠢᠭᠰᠠᠨ ᠠᠴᠠ ᠪᠠᠨ ᠨᠡᠮᠡᠭᠳᠡᠭᠡᠳ 1937 ᠵᠦᠢᠯ ᠪᠣᠯᠵᠤ᠂ | ᠬᠡᠭᠡᠷ᠎ᠡ ᠶᠢᠨ ᠠᠮᠢᠲᠠᠨ 390 ᠵᠦᠢᠯ ᠪᠠᠶᠢᠭᠰᠠᠨ ᠠᠴᠠ ᠪᠠᠨ ᠨᠡᠮᠡᠭᠳᠡᠭᠡᠳ 439 ᠵᠦᠢᠯ ᠪᠣᠯᠵᠠᠢ᠃ | ︽ᠥᠩᠭᠡᠷᠡᠭᠰᠡᠨ ᠳᠤ ᠮᠣᠳᠣᠨ ᠮᠠᠲ᠋ᠧᠷᠢᠶᠠᠯ ᠴᠢᠷᠴᠦ ᠪᠠᠶᠢᠭᠰᠠᠨ ᠵᠥᠷᠢᠭ ᠵᠠᠮ ᠳᠤ ᠤᠳᠤ ᠵᠢᠵᠢᠭ ᠮᠣᠳᠣ | ᠤᠷᠭᠤᠵᠤ᠂ ᠨᠢᠭᠡᠨᠲᠡ ᠬᠥᠮᠥᠨ ᠤ ᠬᠢᠷᠢ ᠥᠨᠳᠥᠷ ᠪᠣᠯᠵᠤ᠂ ᠵᠠᠮ ᠢ ᠪᠦᠷ ᠪᠥᠭᠯᠡᠪᠡ᠃ ᠬᠠᠳᠠᠵᠤ ᠰᠢᠷᠭᠢᠭᠰᠡᠨ ᠭᠤᠣᠯ | ᠮᠥᠷᠡᠨ ᠳᠤ ᠤᠰᠤ ᠲᠠᠢ ᠪᠣᠯᠵᠤ᠂ ᠥᠩᠭᠡᠷᠡᠭᠰᠡᠨ ᠳᠤ ᠦᠵᠡᠭᠳᠡᠬᠦ ᠪᠠᠨ ᠪᠣᠯᠢᠭᠰᠠᠨ ᠪᠣᠷᠣ ᠭᠥᠷᠥᠭᠡᠰᠦ᠂ ᠬᠡᠭᠡᠷ᠎ᠡ ᠶᠢᠨ | ᠲᠠᠤᠯᠠᠢ᠂ ᠪᠠᠭᠠᠪᠠᠭᠠᠢ ᠵᠡᠷᠭᠡ ᠬᠡᠭᠡᠷ᠎ᠡ ᠶᠢᠨ ᠠᠮᠢᠲᠠᠨ ᠴᠤ ᠪᠤᠴᠠᠵᠤ ᠢᠷᠡᠵᠡᠶ᠃ ᠠᠭᠤᠯᠠ ᠲᠦᠰᠢᠨ ᠠᠮᠢᠳᠤᠷᠠᠵᠤ | ᠪᠠᠶᠢᠭᠰᠠᠨ ᠠᠴᠠ ᠠᠭᠤᠯᠠ ᠠᠷᠠᠴᠢᠯᠠᠵᠤ ᠠᠭᠤᠯᠠ ᠬᠠᠮᠠᠭᠠᠯᠠᠬᠤ ᠭᠦᠷᠲᠡᠯ᠎ᠡ᠂ ᠮᠣᠳᠣ ᠣᠭᠲᠣᠯᠬᠤ ᠠᠴᠠ ᠤᠢ ᠰᠢᠭᠤᠢ | ᠰᠠᠬᠢᠭᠴᠢ ᠭᠦᠷᠲᠡᠯ᠎ᠡ᠂ ᠵᠢᠶᠠᠩ ᠵᠢᠶᠠᠨ ᠭᠦᠸᠧ ᠡᠨᠡ ᠬᠦ ᠠᠭᠤᠯᠠᠨ ᠤᠢ ᠶᠢᠨ ᠬᠤᠪᠢᠷᠠᠯᠲᠠ ᠶᠢ ᠪᠡᠶ᠎ᠡ ᠪᠠᠷ ᠢᠶᠠᠨ | ᠥᠩᠭᠡᠷᠡᠭᠦᠯᠦᠭᠰᠡᠨ ᠪᠥᠭᠡᠳ ᠮᠣᠳᠣᠨ ᠮᠠᠲ᠋ᠧᠷᠢᠶᠠᠯ ᠤᠨ ᠦᠢᠯᠡᠳᠪᠦᠷᠢᠯᠡᠯ ᠢᠶᠠᠷ ᠭᠤᠣᠯ ᠪᠤᠯᠭᠠᠵᠤ | ᠪᠠᠶᠢᠭᠰᠠᠨ ᠠᠴᠠ ᠪᠠᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠯᠤᠭᠰᠠᠨ ᠴᠠᠭ ᠦᠶ᠎ᠡ ᠶᠢᠨ ᠳᠠᠪᠠᠯᠲᠠ ᠶᠢ | ᠭᠡᠷᠡᠴᠢᠯᠡᠪᠡ᠃ | 1952 ᠣᠨ ᠳᠤ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯ ᠤᠨ | ᠰᠢᠭᠤᠶᠢᠲᠤ ᠣᠷᠣᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠥᠰᠢᠭᠡ ᠪᠠᠨ ᠰᠡᠬᠦᠪᠡ᠃ 2015 ᠣᠨ ᠳᠤ | ᠮᠣᠳᠣ ᠣᠭᠲᠣᠯᠬᠤ ᠶᠢ ᠪᠦᠭᠦ ᠲᠠᠯ᠎ᠠ ᠪᠠᠷ ᠵᠣᠭᠰᠤᠭᠠᠬᠤ ᠪᠤᠯᠳᠠᠯ᠎ᠠ᠂ ᠤᠯᠤᠰ ᠲᠤ 2 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠴᠢᠨᠠᠷ ᠰᠠᠶᠢᠲᠠᠢ ᠮᠣᠳᠣᠨ ᠮᠠᠲ᠋ᠧᠷᠢᠶᠠᠯ ᠪᠣᠯᠣᠨ ᠶᠡᠭᠡ ᠬᠡᠮᠵᠢᠶᠡᠨ ᠤ ᠣᠶ ᠶᠢᠨ ᠠᠵᠤ | ᠠᠬᠤᠢ ᠶᠢᠨ ᠳᠠᠭᠠᠯᠲᠠ ᠪᠦᠲᠦᠭᠡᠭᠳᠡᠬᠦᠨ ᠢ ᠬᠠᠩᠭᠠᠵᠤ᠂ ᠰᠢᠭᠤᠳ ᠳᠡᠭᠡᠭᠰᠢ ᠪᠠᠨ ᠲᠤᠰᠢᠶᠠᠭᠰᠠᠨ ᠠᠰᠢᠭ ᠭᠠᠶᠢᠯᠢ ᠨᠢ | 200 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ | ᠳᠡᠮᠵᠢᠪᠡ᠃ | ᠲᠡᠷᠡ ᠦᠶ᠎ᠡ ᠳᠤ ᠬᠡᠳᠦ᠋ᠢᠪᠡᠷ ᠭᠤᠣᠯ ᠠᠵᠢᠯ ᠨᠢ ᠨᠡᠭᠡᠭᠡᠨ ᠬᠥᠭᠵᠢᠭᠦᠯᠦᠯᠲᠡ ᠪᠠᠶᠢᠭᠰᠠᠨ ᠴᠤ᠂ ᠤᠢ | ᠰᠢᠭᠤᠢ ᠶᠢᠨ ᠠᠵᠢᠯᠲᠠᠳ ᠡᠬᠡ ᠤᠯᠤᠰ ᠤᠨ ᠤᠮᠠᠷᠠᠲᠤ ᠬᠡᠰᠡᠭ ᠲᠤ ᠪᠠᠶᠢᠷᠢᠯᠠᠵᠤ ᠪᠠᠶᠢᠭ᠎ᠠ ᠡᠨᠡ ᠬᠦ ᠤᠢ ᠰᠢᠭᠤᠢ ᠶᠢᠨ | ᠴᠢᠬᠤᠯᠠ ᠠᠮᠢ ᠠᠬᠤᠢ ᠶᠢᠨ ᠦᠨ᠎ᠡ ᠦᠷᠳᠡᠭ ᠢ ᠭᠦᠨ ᠣᠶᠢᠯᠠᠭᠠᠵᠤ ᠪᠠᠶᠢᠪᠠ᠃ 20 ᠳ᠋ᠤᠭᠠᠷ ᠵᠠᠭᠤᠨ ᠤ ᠵᠢᠷᠠᠭᠠᠳ | ᠣᠨ ᠠᠴᠠ ᠡᠬᠢᠯᠡᠨ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯ ᠤᠨ ᠰᠢᠭᠤᠶᠢᠲᠤ | ᠣᠷᠣᠨ ᠳᠠᠷᠤᠢ ᠣᠭᠲᠣᠯᠬᠤ ᠶᠢᠨ ᠳᠠᠭᠠᠤ ᠲᠠᠷᠢᠬᠤ᠂ ᠣᠭᠲᠣᠯᠬᠤ ᠲᠠᠷᠢᠬᠤ ᠶᠢ ᠤᠶᠠᠯᠳᠤᠭᠤᠯᠵᠤ ᠡᠬᠢᠯᠡᠭᠦᠯᠦᠭᠰᠡᠨ | ᠪᠠᠶᠢᠨ᠎ᠠ᠃ 1998 ᠣᠨ ᠳᠤ ᠪᠠᠶᠢᠭᠠᠯᠢ ᠶᠢᠨ ᠤᠢ ᠶᠢ ᠬᠠᠮᠠᠭᠠᠯᠠᠬᠤ ᠢᠨᠵᠧᠨᠧᠷᠢᠩ ᠢ ᠵᠢᠩᠬᠢᠨᠢ ᠪᠠᠷ ᠬᠡᠷᠡᠭᠵᠢᠭᠦᠯᠵᠦ᠂ | ᠰᠢᠭᠤᠶᠢᠲᠤ ᠣᠷᠣᠨ ᠮᠣᠳᠣᠨ ᠮᠠᠲ᠋ᠧᠷᠢᠶᠠᠯ ᠤᠨ ᠭᠠᠷᠤᠯᠲᠠ ᠶᠢ ᠲᠣᠬᠢᠷᠠᠭᠤᠯᠤᠨ ᠪᠠᠭᠠᠰᠬᠠᠬᠤ ᠶᠢ ᠡᠷᠡᠰ | ᠨᠠᠶᠢᠳᠠᠪᠤᠷᠢᠵᠢᠭᠤᠯᠵᠤ᠂ 2015 ᠣᠨ ᠪᠤᠯᠬᠤ ᠳᠤ ᠣᠭᠲᠣᠯᠬᠤ ᠶᠢ ᠪᠦᠭᠦ ᠲᠠᠯ᠎ᠠ ᠪᠠᠷ ᠵᠣᠭᠰᠣᠭᠠᠵᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠡᠷᠡᠭᠡᠯᠵᠡᠯ ᠦᠭᠡᠢ ᠡᠭᠦᠷᠭᠡᠯᠡᠪᠡ᠃ | ᠮᠣᠳᠣᠨ ᠮᠠᠲ᠋ᠧᠷᠢᠶᠠᠯ ᠤᠨ ᠦᠢᠯᠡᠳᠪᠦᠷᠢᠯᠡᠯ ᠠᠴᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠭᠦᠷᠲᠡᠯ᠎ᠡ᠂ | ᠠᠳᠠᠯᠢ ᠪᠤᠰᠤ ᠰᠣᠩᠭᠤᠯᠲᠠ ᠨᠢ ᠠᠳᠠᠯᠢᠬᠠᠨ ᠦᠨᠡᠨᠴᠢ ᠰᠢᠳᠤᠷᠭᠤ ᠡᠭᠦᠷᠭᠡᠯᠡᠯ ᠲᠠᠢ ᠪᠠᠶᠢᠨ᠎ᠠ᠃ | ᠣᠭᠲᠣᠯᠬᠤ ᠶᠢ ᠵᠣᠭᠰᠣᠭᠠᠭᠰᠠᠨ ᠤ ᠳᠠᠷᠠᠭᠠᠬᠢ ᠨᠢᠭᠡᠳᠦᠭᠡᠷ ᠶᠠᠪᠤᠳᠠᠯ ᠪᠣᠯ ᠰᠢᠭᠤᠶᠢᠲᠤ ᠣᠷᠣᠨ ᠤ ᠣᠶ ᠰᠢᠭᠤᠢ᠂ | ᠨᠤᠭᠤ ᠭᠠᠵᠠᠷ᠂ ᠬᠡᠭᠡᠷ᠎ᠡ ᠶᠢᠨ ᠠᠮᠢᠲᠠᠨ ᠤᠷᠭᠤᠮᠠᠯ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠢ ᠰᠠᠶᠢᠲᠤᠷ | ᠬᠠᠮᠠᠭᠠᠯᠠᠬᠤ ᠶᠠᠪᠤᠳᠠᠯ ᠪᠣᠯᠣᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ | ᠪᠠᠶᠢᠭᠤᠯᠤᠯᠲᠠ ᠪᠠᠷ ᠳᠠᠮᠵᠢᠭᠤᠯᠤᠨ᠂ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠲᠤ ᠣᠷᠣᠨ ᠬᠤᠪᠢᠶᠠᠨ | ᠬᠠᠮᠢᠶᠠᠷᠬᠤ ᠶᠢ ᠬᠡᠷᠡᠭᠵᠢᠭᠦᠯᠵᠦ᠂ ᠭᠤᠣᠯ ᠣᠷᠣᠨ ᠳᠤ ᠵᠣᠷᠢᠭᠤᠳᠠ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ | ᠬᠥᠮᠥᠨ ᠲᠥᠷᠥᠯᠬᠢᠲᠡᠨ ᠤ ᠠᠵᠢᠯᠯᠠᠭ᠎ᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠷᠰᠢᠯᠠᠬᠤ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠣᠳᠣᠬᠠᠨ ᠪᠤᠯᠲᠠᠯ᠎ᠠ᠂ ᠰᠢᠭᠤᠶᠢᠲᠤ ᠣᠷᠣᠨ ᠤ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠣᠶ ᠰᠢᠭᠤᠢ ᠶᠢᠨ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ ᠵᠡᠷᠭᠡ ᠡᠯ᠎ᠡ | ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠶᠡᠷᠦᠩᠬᠡᠢ ᠲᠠᠯᠠᠪᠠᠶ ᠨᠢ 195.46 ᠲᠦᠮᠡᠨ ᠾᠧᠺᠲ᠋ᠠᠷ | ᠪᠠᠶᠢᠵᠤ᠂ ᠠᠮᠢ ᠠᠬᠤᠢ ᠶᠢᠨ ᠴᠢᠳᠠᠮᠵᠢᠲᠤ ᠣᠷᠣᠨ ᠤ ᠶᠡᠷᠦᠩᠬᠡᠢ ᠲᠠᠯᠠᠪᠠᠶ ᠶᠢᠨ 18.3% ᠶᠢ ᠡᠵᠡᠯᠡᠵᠦ᠂ ᠪᠦᠭᠦ | ᠤᠯᠤᠰ ᠤᠨ ᠳᠤᠮᠳᠠᠴᠢ ᠲᠦᠪᠰᠢᠨ ᠠᠴᠠ ᠳᠠᠪᠠᠪᠠ᠃ | ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠶᠠᠪᠤᠴᠠ ᠳᠤ | ᠰᠢᠭᠤᠶᠢᠲᠤ ᠣᠷᠣᠨ ᠨᠢ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠣᠶ ᠰᠢᠭᠤᠢ ᠶᠢᠨ ᠭᠦᠪᠡᠭᠡ | ᠵᠠᠬ᠎ᠠ ᠶᠢ ᠬᠤᠶᠢᠰᠢ ᠤᠬᠤᠷᠢᠭᠤᠯᠬᠤ ᠦᠭᠡᠢ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠣᠶ ᠰᠢᠭᠤᠢ ᠶᠢᠨ | ᠦᠷᠭᠦᠯᠵᠢᠯᠡᠬᠦ ᠡᠵᠡᠩᠨᠡᠯᠲᠡ ᠶᠢᠨ ᠲᠤᠷᠰᠢᠯᠲᠠ ᠶᠢᠨ ᠴᠡᠭ ᠢ ᠤᠷᠢᠳ ᠢᠶᠠᠷ ᠲᠤᠷᠰᠢᠨ ᠬᠡᠷᠡᠭᠵᠢᠭᠦᠯᠵᠦ᠂ ᠣᠶ | ᠰᠢᠭᠤᠢ ᠶᠢ ᠠᠷᠠᠴᠢᠯᠠᠨ ᠪᠤᠶᠢᠵᠢᠭᠤᠯᠬᠤ᠂ ᠰᠡᠷᠭᠦᠭᠡᠬᠦ ᠪᠠᠷ ᠳᠠᠮᠵᠢᠭᠤᠯᠤᠨ᠂ ᠣᠶ ᠰᠢᠭᠤᠢ ᠶᠢᠨ ᠦᠷᠭᠦᠯᠵᠢᠯᠡᠨ | ᠤᠷᠭᠤᠬᠤ ᠶᠢ ᠪᠡᠶᠡᠯᠡᠭᠦᠯᠵᠦ᠂ ᠣᠶ ᠰᠢᠭᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠤᠯᠤᠰ ᠠᠴᠠ ᠪᠦᠭᠦ ᠲᠠᠯ᠎ᠠ ᠪᠠᠷ | ᠳᠡᠯᠭᠡᠷᠡᠭᠦᠯᠬᠦ ᠲᠤᠷᠰᠢᠯᠲᠠ ᠶᠢᠨ ᠴᠡᠭ ᠤᠨ ᠵᠠᠭᠪᠤᠷ ᠲᠤ ᠲᠤᠷᠰᠢᠯᠭ᠎ᠠ ᠬᠠᠩᠭᠠᠪᠠ᠃ | ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠨᠢ ᠭᠤᠣᠯ ᠬᠠᠷᠢᠭᠤᠴᠠᠯᠭ᠎ᠠ ᠭᠤᠣᠯ ᠠᠵᠢᠯ ᠪᠣᠯᠵᠤ᠂ ᠤᠢ | ᠰᠢᠭᠤᠢ ᠶᠢᠨ ᠲᠦᠭ ᠲᠦᠮᠡᠨ ᠠᠵᠢᠯᠴᠢᠨ ᠰᠢᠭᠤᠶᠢᠲᠤ ᠣᠷᠣᠨ ᠤ ᠡᠯ᠎ᠡ ᠥᠨᠴᠥᠭ ᠪᠤᠯᠤᠩ ᠳᠤ ᠢᠷᠡᠵᠤ᠂ ᠤᠢ | ᠰᠢᠭᠤᠢ ᠶᠢᠨ ᠲᠤᠰᠬᠠᠢ ᠰᠠᠬᠢᠨ ᠬᠠᠮᠠᠭᠠᠯᠠᠭᠴᠢ ᠪᠣᠯᠤᠭᠰᠠᠨ ᠪᠠᠶᠢᠨ᠎ᠠ᠃ | ︽ᠪᠢᠳᠡ ᠲᠤᠰᠬᠠᠢ ᠬᠠᠮᠢᠶᠠᠷᠴᠤ ᠬᠠᠮᠠᠭᠠᠯᠠᠬᠤ ᠡᠩᠨᠡᠭᠡ ᠶᠢ ᠪᠠᠶᠢᠭᠤᠯᠵᠤ᠂ ᠣᠶ ᠰᠢᠭᠤᠢ ᠶᠢᠨ ᠠᠵᠤ | ᠦᠢᠯᠡᠳᠪᠦᠷᠢ ᠶᠢᠨ ᠺᠤᠮᠫᠠᠨᠢ᠂ ᠣᠶ ᠰᠢᠭᠤᠢ ᠶᠢᠨ ᠲᠠᠯᠠᠪᠠᠶ᠂ ᠬᠠᠮᠢᠶᠠᠷᠴᠤ ᠬᠠᠮᠠᠭᠠᠯᠠᠬᠤ ᠥᠷᠲᠡᠭᠡ ᠵᠡᠷᠭᠡ ᠭᠤᠷᠪᠠᠨ | ᠱᠠᠲᠤᠨ ᠤ ᠬᠠᠮᠢᠶᠠᠷᠴᠤ ᠬᠠᠮᠠᠭᠠᠯᠠᠬᠤ ᠰᠢᠰᠲ᠋ᠧᠮ ᠢ ᠪᠦᠷᠢᠯᠳᠦᠭᠦᠯᠵᠦ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ | ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ ᠣᠶ ᠰᠢᠭᠤᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠢ | ᠱᠠᠲᠤ ᠱᠠᠲᠤ ᠪᠠᠷ ᠲᠣᠭᠲᠠᠪᠠ︾᠃ ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ | ᠪᠦᠯᠦᠭᠯᠡᠯ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠡᠯᠲᠡᠰ ᠤᠨ ᠳᠡᠳ᠋ ᠳᠠᠷᠤᠭ᠎ᠠ ᠸᠠᠩ ᠸᠧᠢ ᠳ᠋ᠡ᠂ 2024 | ᠣᠨ ᠤ ᠡᠴᠦᠰ ᠪᠤᠯᠲᠠᠯ᠎ᠠ᠂ ᠰᠢᠭᠤᠶᠢᠲᠤ ᠣᠷᠣᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠭᠰᠠᠨ ᠣᠶᠢᠲᠤ ᠭᠠᠵᠠᠷ ᠤᠨ | ᠲᠠᠯᠠᠪᠠᠶ 14298.01 ᠲᠦᠮᠡᠨ ᠮᠦ ᠳᠤ ᠬᠦᠷᠴᠦ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠨᠣᠷᠮ᠎ᠠ 100% ᠳᠤ ᠬᠦᠷᠴᠡᠢ ᠭᠡᠪᠡ᠃ | ᠠᠮᠢ ᠠᠬᠤᠢ ᠶᠢᠨ ᠡᠬᠢ ᠪᠠᠶᠠᠯᠢᠭ ᠠᠴᠠ ᠠᠵᠤ ᠠᠬᠤᠢ ᠶᠢᠨ ᠥᠷᠲᠡᠭ ᠭᠦᠷᠲᠡᠯ᠎ᠡ ᠭᠡᠯᠪᠡᠷᠢ ᠪᠠᠨ ᠬᠤᠪᠢᠷᠠᠭᠤᠯᠤᠨ | ᠬᠥᠭᠵᠢᠬᠦ ᠳᠤ ︽ᠨᠣᠭᠤᠭᠠᠷᠠᠭᠤᠯᠤᠯᠲᠠ ᠳᠤ ᠲᠦᠰᠢᠭᠯᠡᠨ ᠦᠨ᠎ᠡ ᠦᠷᠲᠡᠭ ᠡᠭᠦᠳᠪᠡ︾ | ︽ᠮᠣᠳᠣ ᠣᠭᠲᠣᠯᠬᠤ ᠦᠭᠡᠢ ᠪᠣᠯ ᠶᠠᠭᠠᠬᠢᠵᠤ ᠠᠮᠢᠳᠤᠷᠠᠬᠤ ᠪᠤᠢ︖︾ 2015 ᠣᠨ ᠳᠤ ᠮᠣᠳᠣ | ᠣᠭᠲᠣᠯᠬᠤ ᠶᠢ ᠪᠦᠭᠦ ᠲᠠᠯ᠎ᠠ ᠪᠠᠷ ᠵᠣᠭᠰᠣᠭᠠᠭᠰᠠᠨ ᠤ ᠲᠠᠷᠠᠭ᠎ᠠ᠂ ᠵᠣᠪᠠᠨᠢᠵᠤ ᠪᠠᠶᠢᠭᠰᠠᠨ ᠢᠶᠠᠨ ᠤᠬᠳᠤ ᠮᠠᠷᠲᠠᠭ᠎ᠠ | ᠦᠭᠡᠢ᠃ | ᠤᠤᠯ ᠤᠨ 517 ᠠᠵᠢᠯᠴᠢᠨ ᠤ ᠠᠩᠭᠢ ᠶᠢᠨ ᠳᠠᠷᠤᠭ᠎ᠠ ᠪᠣᠯᠤᠭᠰᠠᠨ ᠤ ᠬᠤᠪᠢ ᠳᠤ ᠳ᠋ᠦᠩ ᠶᠦᠩ ᠱᠧᠩ | ᠲᠦᠷᠦᠭᠦᠯᠡᠨ ᠭᠠᠷᠬᠤ ᠵᠠᠮ ᠡᠷᠢᠪᠡ᠃ ᠠᠮᠢᠳᠤᠷᠠᠯ ᠤᠨ ᠲᠣᠭᠤᠷᠢᠭ ᠤᠨ ᠤᠤᠯ ᠤᠨ ᠮᠠᠶᠢᠬᠠᠨ ᠢ ᠲᠠᠰ ᠳᠡᠪᠰᠢᠭᠦᠯᠦᠨ | ᠥᠭᠡᠷᠡᠴᠢᠯᠡᠵᠦ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠰᠡᠯᠡᠭᠦᠴᠡᠨ ᠠᠮᠠᠷᠠᠬᠤ᠂ ᠵᠢᠭᠤᠯᠴᠢᠯᠠᠨ | ᠲᠣᠭᠤᠷᠢᠬᠤ ᠶᠢ ᠨᠢᠭᠡ ᠴᠣᠭᠴᠠᠵᠢᠭᠤᠯᠤᠭᠰᠠᠨ ᠣᠶ ᠰᠢᠭᠤᠢ ᠶᠢᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ | ᠦᠵᠡᠭᠦᠯᠭᠦ ᠴᠡᠭ ᠢ ᠪᠠᠶᠢᠭᠤᠯᠪᠠ᠃ ᠣᠯᠠᠨ ᠵᠢᠯ ᠤᠨ ᠲᠤᠷᠰᠢ ᠵᠢᠭᠤᠯᠴᠢᠯᠠᠬᠰᠠᠳ ᠢ ᠨᠡᠶᠢᠲᠡ 10 ᠲᠦᠮᠡ ᠭᠠᠷᠤᠢ | ᠬᠥᠮᠥᠨ ᠤᠳᠠᠭ᠎ᠠ ᠭᠥᠯᠢᠶᠡᠨ ᠠᠪᠴᠤ᠂ 100 ᠭᠠᠷᠤᠢ ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ | ᠪᠡᠶᠡᠯᠡᠭᠦᠯᠵᠦ᠂ ᠵᠢᠭᠤᠯᠴᠢᠯᠠᠯ ᠤᠨ ᠤᠯᠠᠷᠢᠯ ᠤᠨ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠣᠷᠣᠯᠭ᠎ᠠ 3000 | ᠲᠥᠭᠦᠷᠢᠭ ᠨᠡᠮᠡᠭᠳᠡᠪᠡ᠃ ᠥᠩᠭᠡᠷᠡᠭᠰᠡᠨ ᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ | ᠦᠵᠡᠭᠦᠯᠦᠭᠰᠡᠨ 517 ᠠᠵᠢᠯᠴᠢᠨ ᠤ ᠠᠩᠭᠢ ᠨᠢ ᠭᠡᠭᠡᠨ ᠭᠤᠣᠯ ᠤᠢ ᠰᠢᠭᠤᠢ ᠶᠢᠨ ᠠᠵᠤ ᠦᠢᠯᠡᠳᠪᠦᠷᠢ ᠶᠢᠨ | ᠺᠤᠮᠫᠠᠨᠢ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠬᠠᠩᠭᠢᠨᠠᠮ᠎ᠠ ᠨᠡᠷ᠎ᠡ ᠶᠢᠨ ᠬᠠᠭᠤᠳᠠᠰᠤ ᠪᠣᠯᠪᠠ᠃ | ᠮᠣᠳᠣ ᠣᠭᠲᠣᠯᠵᠤ ᠮᠣᠳᠣᠨ ᠮᠠᠲ᠋ᠧᠷᠢᠶᠠᠯ ᠬᠤᠳᠠᠯᠳᠤᠵᠤ ᠪᠠᠶᠢᠭᠰᠠᠨ ᠠᠴᠠ ᠮᠣᠳᠣ ᠲᠠᠷᠢᠵᠤ ᠤᠢ ᠰᠢᠭᠤᠢ ᠶᠢ | ᠬᠠᠮᠠᠭᠠᠯᠠᠬᠤ ᠭᠦᠷᠲᠡᠯ᠎ᠡ᠂ ︽ᠰᠦᠬᠡ ᠪᠠᠨ ᠡᠯᠭᠦᠨ ᠬᠢᠷᠦᠭᠡ ᠪᠠᠨ ᠠᠮᠠᠷᠠᠭᠤᠯᠤᠭᠰᠠᠨ︾ ᠥᠪᠥᠷ ᠮᠣᠩᠭᠤᠯ ᠤᠨ ᠶᠡᠭᠡ | ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠳᠤ ᠲᠤᠯᠭᠠᠷᠠᠵᠤ ᠪᠠᠶᠢᠭ᠎ᠠ ᠬᠠᠮᠤᠭ ᠤᠨ | ᠶᠡᠭᠡ ᠬᠦᠴᠢᠷᠳᠡᠯ ᠪᠣᠯ ᠵᠣᠭᠤᠰ ᠬᠠᠮᠢᠭ᠎ᠠ ᠠᠴᠠ ᠣᠯᠬᠤ᠂ ᠬᠥᠮᠥᠨ ᠬᠠᠮᠢᠭᠠᠰᠢ ᠪᠠᠨ ᠶᠠᠪᠤᠬᠤ ᠶᠠᠪᠤᠳᠠᠯ ᠪᠣᠯᠣᠨ᠎ᠠ᠃ | ᠠᠮᠢ ᠠᠬᠤᠢ ᠶᠢᠨ ᠬᠠᠮᠠᠭᠠᠯᠠᠯᠲᠠ ᠪᠣᠯᠣᠨ ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠪᠠᠴᠢᠮ ᠲᠤᠯᠭᠠᠮ ᠪᠠᠶᠢᠵᠤ | ᠂ ᠭᠡᠯᠪᠡᠷᠢ ᠪᠠᠨ ᠬᠤᠪᠢᠷᠠᠭᠤᠯᠬᠤ ᠶᠢ ᠵᠠᠶᠢᠯᠠᠰᠢ ᠦᠭᠡᠢ ᠱᠠᠭᠠᠷᠳᠠᠨ᠎ᠠ᠃ | ᠣᠮᠢᠨ ᠤᠰᠤ ᠬᠥᠬᠡᠮᠳᠦᠭ ᠠᠭᠤᠯᠠ ᠪᠣᠯ ᠲᠡᠷᠡ ᠴᠢᠭ ᠢᠶᠠᠷ ᠢᠶᠠᠨ ᠯᠤᠲᠤ ᠶᠡᠭᠡ ᠡᠷᠳᠡᠨᠢᠰ ᠤᠨ ᠰᠠᠩ ᠪᠠᠶᠢᠵᠤ᠂ | ᠬᠢᠵᠠᠭᠠᠯᠠᠰᠢ ᠦᠭᠡᠢ ᠦᠨ᠎ᠡ ᠦᠷᠳᠡᠭ ᠲᠠᠢ ᠪᠠᠶᠢᠳᠠᠭ᠃ | ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠣᠶ ᠲᠠᠷᠢᠶ᠎ᠠ᠂ ᠬᠡᠷᠡᠭᠰᠡᠯ ᠤᠨ ᠮᠣᠳᠣ᠂ ᠵᠢᠮᠢᠰᠦᠨ | ᠮᠣᠳᠣ᠂ ᠣᠶ ᠶᠢᠨ ᠢᠳᠡᠰᠢᠨ ᠨᠣᠭᠤᠭ᠎ᠠ᠂ ᠣᠶ ᠶᠢᠨ ᠡᠮ᠂ ᠣᠶ ᠶᠢᠨ ᠤᠰᠤ᠂ ᠣᠶ ᠶᠢᠨ ᠮᠥᠭᠦ ᠪᠠᠷ ᠲᠦᠰᠢᠭ | ᠪᠤᠯᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠣᠶ ᠰᠢᠭᠤᠢ ᠶᠢᠨ ᠢᠳᠡᠭᠡᠨ ᠤ ᠪᠥᠭᠡᠮᠨᠡᠷᠡᠯ ᠤᠨ ᠣᠷᠣᠨ ᠢ | ᠪᠠᠶᠢᠭᠤᠯᠵᠤ᠂ ︽ᠮᠣᠩᠭᠤᠯ ᠬᠢᠲᠠᠳ ᠸᠠᠩ︾᠂ ︽ᠨᠣᠮᠢᠨ ᠠᠭᠤᠯᠠ︾᠂ ︽ᠬᠦᠢᠲᠡᠨ ᠤ ᠡᠬᠢ︾᠂ ︽ᠬᠦᠢᠲᠡᠨ ᠤ | ᠲᠦᠢᠯ︾ ᠵᠡᠷᠭᠡ ᠲᠥᠷᠥᠯ ᠲᠡᠮᠳᠡᠭᠲᠦ ᠶᠢ ᠭᠠᠷᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠪᠣᠷᠤᠯᠠᠭᠤᠯᠭ᠎ᠠ ᠶᠢᠨ ᠠᠷᠭ᠎ᠠ ᠵᠠᠮ ᠢ ᠨᠡᠭᠡᠭᠡᠵᠦ᠂ ︽ᠨᠣᠮᠢᠨ ᠤᠰᠤ ᠬᠥᠬᠡᠮᠳᠦᠭ ᠠᠭᠤᠯᠠ︾ ᠶᠢ ︽ᠠᠯᠲᠠᠨ ᠠᠭᠤᠯᠠ | ᠮᠥᠩᠭᠦᠨ ᠬᠠᠶᠢᠷᠬᠠᠨ︾ ᠲᠡᠶᠢᠰᠢ ᠬᠤᠪᠢᠷᠠᠭᠤᠯᠬᠤ ᠵᠠᠮ ᠢ ᠨᠡᠪᠲᠡᠷᠡᠭᠦᠯᠪᠡ᠃ | 2024 ᠣᠨ ᠳᠤ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠣᠶ | ᠳᠣᠲᠣᠷᠠᠬᠢ ᠪᠦᠲᠦᠭᠡᠭᠳᠡᠬᠦᠨ ᠤ ᠣᠷᠣᠯᠭ᠎ᠠ 6922 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 19.7% ᠪᠠᠷ ᠨᠡᠮᠡᠭᠳᠡᠪᠡ᠃ ᠠᠮᠢ ᠠᠬᠤᠢ ᠶᠢᠨ ᠡᠬᠢ ᠪᠠᠶᠠᠯᠢᠭ ᠦᠨᠡᠨ ᠬᠦ ᠪᠣᠬᠢᠷᠳᠤᠯ | ᠦᠭᠡᠢ ᠡᠳ᠋ ᠪᠠᠶᠠᠯᠢᠭ ᠪᠣᠯᠪᠠ᠃ | ᠣᠢ ᠰᠢᠭᠤᠢ ᠪᠣᠯ ᠤᠰᠤᠨ ᠴᠥᠭᠦᠷᠥᠮ᠂ ᠵᠣᠭᠤᠰ ᠤᠨ ᠬᠥᠮᠥᠷᠭᠡ᠂ ᠠᠮᠤ ᠪᠤᠳᠠᠭᠠᠨ ᠤ ᠬᠥᠮᠥᠷᠭᠡ᠂ | ᠨᠡᠭᠦᠷᠡᠰᠦᠲᠥ᠋ᠷᠥᠭᠴᠢ ᠶᠢᠨ ᠬᠥᠮᠥᠷᠭᠡ ᠮᠥᠨ᠃ ᠪᠦᠭᠦ ᠤᠯᠤᠰ ᠤᠨ ᠬᠠᠮᠤᠭ ᠤᠨ ᠶᠡᠭᠡ ᠭᠤᠣᠯᠳᠠᠯᠭ᠎ᠠ ᠲᠠᠢ | ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠶᠡᠭᠡ ᠬᠢᠩᠭᠠᠨ | ᠳᠠᠪᠠᠭ᠎ᠠ ᠶᠢᠨ ᠣᠶ ᠰᠢᠭᠤᠢ ᠶᠢᠨ ᠬᠠᠳᠠᠭᠠᠯᠠᠵᠤ ᠪᠠᠶᠢᠭ᠎ᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠶᠡᠷᠦᠩᠬᠡᠢ | ᠬᠡᠮᠵᠢᠶ᠎ᠡ ᠶᠢ 17.2 ᠳ᠋ᠦᠩᠰᠢᠭᠤᠷ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠨᠡᠭᠦᠷᠡᠰᠦᠲᠥ᠋ᠷᠥᠭᠴᠢ | ᠬᠤᠷᠠᠮᠳᠤᠭᠤᠯᠬᠤ ᠶᠢ ᠬᠥᠭᠵᠢᠭᠦᠯᠬᠦ ᠳᠠᠪᠠᠭᠤᠯᠢᠭ ᠲᠣᠪᠤᠶᠢᠮ᠎ᠠ ᠪᠠᠶᠢᠨ᠎ᠠ᠃ | ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠶᠡᠭᠡ ᠬᠢᠩᠭᠠᠨ | ᠳᠠᠪᠠᠭ᠎ᠠ ᠶᠢᠨ ᠪᠣᠬᠢᠷᠳᠤᠯ ᠦᠭᠡᠢ ᠠᠰᠢᠭ ᠢ ᠦᠷᠭᠦᠯᠵᠢᠯᠡᠨ ᠪᠠᠳᠠᠷᠠᠭᠤᠯᠪᠠ — ᠰᠢᠭᠤᠶᠢᠲᠤ ᠣᠷᠣᠨ ᠤ ᠦᠨᠦᠷ | ᠠᠮᠲᠠ᠂ ᠰᠢᠭᠤᠶᠢᠲᠤ ᠣᠷᠣᠨ ᠤ ᠦᠵᠡᠮᠵᠢ᠂ ᠰᠢᠭᠤᠶᠢᠲᠤ ᠣᠷᠣᠨ ᠤ ᠰᠣᠶᠣᠯ ᠨᠢ ᠭᠠᠵᠠᠷ ᠭᠠᠵᠠᠷ ᠤᠨ | ᠵᠢᠭᠤᠯᠴᠢᠯᠠᠬᠰᠠᠳ ᠢ ᠲᠠᠲᠠᠨ᠎ᠠ᠃ ᠡᠯᠪᠡᠭ ᠪᠠᠶᠠᠯᠢᠭ ᠵᠢᠭᠤᠯᠴᠢᠯᠠᠯ ᠤᠨ ᠦᠢᠯᠡᠰ ᠤᠨ ᠭᠡᠯᠪᠡᠷᠢ᠂ ᠰᠣᠳᠣᠨ | ᠵᠢᠭᠤᠯᠴᠢᠯᠠᠯ ᠤᠨ ᠵᠠᠮ ᠱᠤᠭᠤᠮ᠂ ᠲᠤᠰᠬᠠᠶᠢᠵᠢᠭᠰᠠᠨ ᠬᠠᠮᠲᠤᠷᠠᠯᠴᠠᠨ ᠡᠵᠡᠩᠨᠡᠬᠦ ᠵᠠᠭᠪᠤᠷ ᠨᠢ ᠥᠪᠥᠷ ᠮᠣᠩᠭᠤᠯ ᠤᠨ | ᠶᠡᠭᠡ ᠬᠢᠩᠭᠠᠨ ᠳᠠᠪᠠᠭ᠎ᠠ ᠶᠢᠨ ᠵᠢᠭᠤᠯᠴᠢᠯᠠᠯ ᠤᠨ ᠲᠥᠷᠥᠯ ᠲᠡᠮᠳᠡᠭᠲᠦ ᠶᠢ ᠦᠷᠭᠦᠯᠵᠢᠯᠡᠨ ᠭᠡᠷᠡᠯᠲᠦᠭᠦᠯᠪᠡ᠃ 2024 | ᠣᠨ ᠳᠤ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠨᠡᠶᠢᠲᠡ 74.46 ᠲᠦᠮᠡᠨ ᠵᠢᠭᠤᠯᠴᠢᠯᠠᠬᠰᠠᠳ ᠢ | ᠭᠥᠯᠢᠶᠡᠨ ᠠᠪᠴᠤ᠂ ᠪᠦᠭᠦ ᠵᠢᠯ ᠳᠤ 7050 ᠲᠦᠮᠡᠨ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 62% ᠢᠶᠠᠷ ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ ᠪᠠ | ᠵᠢᠭᠤᠯᠴᠢᠯᠠᠯ ᠤᠨ ᠭᠥᠯᠢᠶᠡᠨ ᠠᠪᠤᠭᠰᠠᠨ ᠬᠥᠮᠥᠨ ᠤᠳᠠᠭ᠎ᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠭᠡᠯᠪᠡᠷᠢ ᠪᠠᠨ ᠬᠤᠪᠢᠷᠠᠭᠤᠯᠬᠤ ᠡᠪᠡᠷᠰᠢᠶᠡᠯ ᠠᠴᠠ ᠠᠮᠢ ᠠᠬᠤᠢ ᠶᠢᠨ ᠬᠠᠮᠠᠭᠠᠯᠠᠯᠲᠠ ᠪᠣᠯᠣᠨ ᠠᠵᠤ ᠠᠬᠤᠢ ᠶᠢᠨ | ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠬᠦ ᠭᠦᠷᠲᠡᠯ᠎ᠡ᠂ ᠥᠪᠥᠷ ᠮᠣᠩᠭᠤᠯ ᠤᠨ ᠶᠡᠭᠡ ᠬᠢᠩᠭᠠᠨ | ᠳᠠᠪᠠᠭ᠎ᠠ ᠶᠢᠨ ᠤᠯᠤᠰ ᠤᠨ ᠥᠮᠴᠢᠯᠡᠯ ᠤᠨ ᠰᠢᠭᠤᠶᠢᠲᠤ ᠣᠷᠣᠨ 10 ᠵᠢᠯ ᠤᠨ ᠴᠠᠭ ᠢ ᠬᠡᠷᠡᠭᠰᠡᠵᠦ ᠪᠠᠶᠢᠭᠠᠳ | ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠪᠠ᠃ | |