ᠰᠢᠨᠬᠤᠸᠠ ᠬᠤᠷᠢᠶ᠎ᠠ ᠶᠢᠨ ᠭᠦᠭᠡᠬᠤᠲᠠ ᠶᠢᠨ 5 ᠰᠠᠷ᠎ᠠ ᠶᠢᠨ 28 ᠤ ᠴᠠᠭᠢᠯᠭᠠᠨ ᠮᠡᠳᠡᠭᠡ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠶᠡᠭᠡ ᠲᠣᠬᠤᠢ ᠣᠷᠣᠨ︾ ᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠠᠬᠤᠢ ᠲᠠᠯᠠᠪᠠᠶ ᠶᠢᠨ ᠠᠬᠢᠭᠤᠯᠬᠤ ᠬᠤᠷᠠᠯ 27 ᠤ ᠡᠳᠦᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠂ | ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠠᠬᠢᠴᠠ ᠶᠢ ᠴᠠᠭ ᠲᠤᠬᠠᠢ ᠳᠤᠨᠢ ᠰᠢᠯᠤᠭᠤᠬᠠᠨ ᠳ᠋ᠦᠩᠨᠡᠵᠦ᠂ | ᠣᠳᠣᠬᠠᠨ ᠤ ᠪᠠᠶᠢᠳᠠᠯ ᠪᠣᠯᠣᠨ ᠥᠷᠢᠰᠦᠯᠳᠦᠭᠡᠨ ᠢ ᠰᠡᠷᠭᠡᠭ ᠢᠶᠠᠷ ᠲᠠᠨᠢᠵᠤ᠂ ᠨᠠᠩ ᠶᠡᠭᠡ ᠡᠷᠴᠢᠮ᠂ ᠨᠠᠩ ᠪᠣᠳᠠᠲᠠᠢ | ᠠᠷᠭ᠎ᠠ ᠬᠡᠮᠵᠢᠶ᠎ᠡ ᠪᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠰᠢᠨ᠎ᠡ ᠦᠷ᠎ᠡ ᠪᠦᠲᠦᠭᠡᠯ | ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 2023 ᠣᠨ ᠤ 6 ᠰᠠᠷ᠎ᠠ ᠶᠢᠨ 6 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ | ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ | ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠵᠣᠷᠢᠭᠲᠠᠢ ᠡᠭᠦᠷᠭᠡ | ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠤᠳᠠᠭᠠᠨ ᠳᠠᠭᠠᠭᠠᠮᠠᠭᠠᠢ ᠵᠢᠳᠬᠦᠵᠦ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ | ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ ᠭᠡᠵᠦ ᠱᠠᠭᠠᠷᠳᠠᠪᠠ᠃ ᠬᠤᠶᠠᠷ ᠵᠢᠯ ᠤᠨ ᠲᠤᠷᠰᠢ᠂ ᠡᠯ᠎ᠡ ᠬᠤᠯᠪᠣᠭᠳᠠᠯ | ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠴᠢᠬᠤᠯᠠ ᠶᠡᠭᠡ ᠱᠠᠲᠤᠴᠢ | ᠴᠢᠨᠠᠷᠲᠠᠢ ᠦᠷ᠎ᠡ ᠪᠦᠲᠦᠮᠵᠢ ᠣᠯᠬᠤ ᠶᠢ ᠠᠬᠢᠭᠤᠯᠪᠠ᠃ | ᠾᠧ ᠯᠢ ᠹᠧᠩ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠶᠠᠭ ᠪᠦᠭᠦ ᠲᠠᠯ᠎ᠠ ᠪᠠᠷ ᠠᠬᠢᠭᠤᠯᠬᠤ | ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠡᠷᠬᠡᠪᠰᠢ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2027 ᠣᠨ ᠤ ᠡᠴᠦᠰ ᠠᠴᠠ ᠡᠮᠦᠨ᠎ᠡ᠂ | ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠢᠨ 70% ᠠᠴᠠ ᠳᠡᠭᠡᠭᠰᠢᠬᠢ ᠡᠭᠦᠷᠭᠡ ᠶᠢ ᠪᠡᠶᠡᠯᠡᠭᠦᠯᠬᠦ ᠪᠠᠷ | ᠴᠢᠷᠮᠠᠶᠢᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠭᠤᠣᠯ ᠴᠣᠭᠴᠠ ᠶᠢᠨ ᠡᠭᠦᠷᠭᠡ ᠶᠢ | ᠦᠨᠳᠦᠰᠦᠨ ᠳᠡᠭᠡᠨ ᠪᠡᠶᠡᠯᠡᠭᠦᠯᠬᠦ ᠭᠡᠷᠡᠭᠲᠡᠢ︔ 2030 ᠣᠨ ᠪᠤᠯᠬᠤ ᠳᠤ ᠵᠢᠷᠭᠤᠳᠤᠭᠠᠷ ᠬᠤᠭᠤᠴᠠᠭᠠᠨ ᠤ | ᠲᠥᠯᠦᠪᠵᠢᠭᠦᠯᠭᠡ ᠶᠢᠨ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠬᠦ ᠪᠠᠷ ᠴᠢᠷᠮᠠᠶᠢᠵᠤ᠂ ᠭᠤᠷᠪᠠᠨ ᠶᠡᠭᠡ ᠪᠡᠯᠭᠡ | ᠲᠡᠮᠳᠡᠭ ᠤᠨ ᠴᠢᠨᠠᠷᠲᠠᠢ ᠳᠠᠶᠢᠯᠠᠯᠳᠤᠭᠠᠨ ᠳᠤ ᠨᠠᠩ ᠢᠯᠡᠷᠬᠡᠢ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | 27 ᠤ ᠦᠳᠡ ᠶᠢᠨ ᠡᠮᠦᠨ᠎ᠡ᠂ ᠾᠧ ᠯᠢ ᠹᠧᠩ ᠥᠪᠥᠷ ᠮᠣᠩᠭᠤᠯ ᠤᠨ ᠬᠡᠰᠡᠭ ᠲᠠᠬᠢ ᠬᠠᠲᠤᠨ ᠭᠤᠣᠯ ᠤᠨ ︽ | ᠶᠡᠭᠡ ᠲᠣᠬᠤᠢ ᠣᠷᠣᠨ︾ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠤᠢ ᠲᠠᠯᠠᠪᠠᠶ ᠳᠤ ᠬᠦᠷᠴᠦ᠂ ᠰᠠᠨ ᠱᠧᠩ | ᠭᠦᠩ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ᠂ ᠬᠠᠲᠤᠨ ᠭᠤᠣᠯ ᠤᠨ ᠡᠷᠭᠢ ᠳᠠᠭᠠᠤ ᠶᠢᠨ ᠨᠡᠭᠦᠳᠡᠯ | ᠡᠯᠡᠰᠦ ᠶᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠣᠷᠣᠨ᠂ ᠳ᠋ᠧᠩᠺᠸᠤ ᠶᠢᠨ ᠴᠠᠭᠢᠯᠭᠠᠨ ᠨᠥᠭᠡᠴᠡᠯᠡᠬᠦ | ᠰᠢᠨ᠎ᠡ ᠡᠨᠧᠷᠭᠢ ᠶᠢᠨ ᠲᠥᠷᠥᠯ ᠵᠦᠢᠯ ᠤᠨ ᠣᠷᠣᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠬᠤᠯᠪᠣᠭᠳᠠᠯ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠪᠠ᠃ | |