ᠤᠯᠠᠭᠠᠨᠬᠠᠳᠠ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠥᠬᠦ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠢ ᠲᠦᠷᠭᠡᠳᠬᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2025/5/6
    ᠤᠯᠠᠭᠠᠨᠬᠠᠳᠠ ᠬᠤᠲᠠ ᠶᠢᠨ ᠠᠶᠤᠯᠭᠦᠶ  ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠥᠬᠦ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠢ ᠲᠦᠷᠭᠡᠳᠬᠡᠨ ᠠᠬᠢᠭᠤᠯᠵᠤ ᠪᠣᠶ᠃    ᠰᠢᠨ᠎ᠡ ᠪᠠᠶᠢᠳᠠᠯ ᠳᠤᠤᠷᠠᠬᠢ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠡᠪᠴᠡᠯᠳᠦᠯ ᠢ ᠤᠯᠠᠮ ᠨᠢᠭᠡ ᠠᠯᠬᠤᠮ ᠪᠦᠲᠦᠮᠵᠢᠲᠡᠶ ᠠᠷᠭᠠᠴᠠᠭᠠᠨ ᠠᠷᠢᠯᠭᠠᠬᠤ ᠶᠢᠨ ᠲᠤᠰᠠᠳᠠ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠰᠢᠰᠲ᠋ᠧᠮᠵᠢ᠂ ᠮᠡᠳᠡᠭᠡ ᠵᠠᠩᠭᠢ ᠶᠢᠨ ᠮᠡᠳᠡᠭᠦᠯᠦᠯᠲᠡ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠬᠡᠯᠬᠢᠶᠡᠵᠢᠭᠦᠯᠦᠨ ᠨᠡᠶᠢᠲᠡᠯᠡᠵᠦ᠂ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠠᠴᠠ ︽ᠤᠯᠤᠰ ᠠᠴᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ︾ ᠲᠠᠢ ᠤᠶᠠᠯᠳᠤᠭᠤᠯᠤᠨ᠂ ᠪᠥᠬᠦ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠴᠢᠩᠭᠠᠳᠬᠠᠪᠠ᠃    ᠨᠢᠭᠡ ᠲᠠᠯ᠎ᠠ ᠪᠠᠷ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ᠎ᠠ᠃ ︽ᠪᠥᠬᠦ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠠᠰᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠪᠠᠭᠤᠯᠭᠠᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ᠂ ᠪᠠᠶᠢᠭᠠᠯᠢ ᠶᠢᠨ ᠭᠠᠮᠰᠢᠭ ᠤᠨ ᠲᠥᠷᠥᠯ᠂ ᠦᠢᠯᠡᠳᠪᠦᠷᠢᠯᠡᠯ ᠤᠨ ᠠᠶᠤᠯ ᠥᠬᠡᠶ ᠶᠢᠨ ᠠᠳᠡᠯ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠵᠦᠢᠯ ᠤᠨ ᠪᠡᠯᠡᠳᠬᠡᠯ ᠲᠥᠰᠦᠯ ᠪᠣᠯᠤᠨ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠠᠰᠠᠭᠰᠠᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠪᠡᠯᠡᠳᠬᠡᠯ ᠲᠥᠰᠦᠯ ᠢ ᠵᠠᠰᠠᠨ ᠨᠠᠶᠢᠷᠠᠭᠤᠯᠬᠤ ᠡᠬᠡ ᠲᠠᠩᠰᠠ ᠶᠢ ᠲᠣᠭᠲᠠᠭᠠᠵᠤ᠂ ᠰᠠᠷ᠎ᠠ ᠪᠦᠷᠢ ᠰᠠᠨᠠᠭᠤᠯᠤᠨ᠂ ᠰᠠᠷ᠎ᠠ ᠪᠦᠷᠢ ᠲᠣᠬᠢᠷᠠᠭᠤᠯᠤᠯᠲᠠ ᠬᠢᠵᠦ᠂ ᠵᠠᠰᠠᠨ ᠨᠠᠶᠢᠷᠠᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠨ᠎ᠠ᠃    ᠨᠥᠭᠦᠭᠡ ᠲᠠᠯ᠎ᠠ ᠪᠠᠷ᠂ ᠪᠤᠶᠢᠵᠢᠭᠤᠯᠬᠤ ᠪᠠᠷ ᠦᠷ᠎ᠡ ᠪᠦᠲᠦᠮᠵᠢ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠫᠷᠤᠹᠧᠰᠰᠤᠷ ᠢ ᠤᠷᠢᠵᠤ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠬᠤᠲᠠ ᠶᠢᠨ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠂ ᠬᠤᠲᠠ ᠰᠢᠶᠠᠨ ᠬᠤᠶᠠᠷ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠵᠤ ᠬᠠᠮᠢᠶᠠᠷᠬᠤ︾ ᠲᠤᠰᠬᠠᠶ ᠵᠦᠢᠯ ᠤᠨ ᠪᠣᠯᠪᠠᠰᠤᠷᠠᠭᠤᠯᠤᠯ ᠢ ᠥᠷᠨᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠵᠢᠷᠤᠮᠵᠢᠯᠳᠤ ᠴᠢᠨᠠᠷ᠂ ᠬᠡᠷᠡᠭᠯᠡᠭᠡᠨ ᠤ ᠴᠢᠨᠠᠷ᠂ ᠬᠠᠨᠳᠤᠯᠭᠠᠲᠤ ᠴᠢᠨᠠᠷ ᠪᠣᠯᠤᠨ ᠬᠡᠷᠡᠭᠵᠢᠭᠦᠯᠭᠡᠲᠦ ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃    ᠣᠳᠣᠬᠠᠨ ᠪᠣᠯᠲᠠᠯ᠎ᠠ᠂ ᠪᠥᠬᠦ ᠬᠤᠲᠠ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠡᠶᠢᠲᠡ 549 ᠨᠠᠶᠢᠷᠠᠭᠤᠯᠤᠨ ᠵᠣᠬᠢᠶᠠᠪᠠ᠂ ᠡᠭᠦᠨ ᠳᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ 13 ᠵᠦᠢᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠵᠦᠢᠯ ᠤᠨ ᠪᠡᠯᠡᠳᠬᠡᠯ ᠲᠥᠰᠦᠯ 91 ᠵᠦᠢᠯ᠂ ᠠᠳᠡᠯ ᠤᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠵᠦᠢᠯ ᠤᠨ ᠪᠡᠯᠡᠳᠬᠡᠯ ᠲᠥᠰᠦᠯ 199 ᠵᠦᠢᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠵᠦᠢᠯ ᠤᠨ ᠪᠡᠯᠡᠳᠬᠡᠯ ᠲᠥᠰᠦᠯ 103 ᠵᠦᠢᠯ᠂ ᠨᠡᠶᠢᠭᠡᠮ ᠤᠨ ᠠᠮᠤᠷ ᠲᠦᠪᠰᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠵᠦᠢᠯ ᠤᠨ ᠪᠡᠯᠡᠳᠬᠡᠯ ᠲᠥᠰᠦᠯ 143 ᠵᠦᠢᠯ ᠪᠠᠶᠢᠵᠤ᠂ 132 ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠰᠢᠨ᠎ᠡ ᠪᠠᠷ ᠨᠠᠶᠢᠷᠠᠭᠤᠯᠤᠨ ᠵᠣᠬᠢᠶᠠᠬᠤ ᠪᠠᠷ ᠲᠥᠯᠥᠪᠯᠡᠵᠦ᠂ 158 ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号