︽ᠵᠠᠯᠠᠭᠤᠴᠤᠳ ᠪᠣᠯ ᠤᠯᠤᠰ ᠤᠨ ᠢᠷᠡᠭᠡᠳᠦᠢ ᠪᠠ ᠦᠨᠳᠦᠰᠦᠲᠡᠨ ᠤ ᠬᠦᠰᠡᠯ ᠮᠥᠨ᠃︾ ᠶᠡᠷᠦᠩᠬᠡᠢ ᠱᠦᠵᠢ | ᠰᠢ ᠶᠢᠨ ᠫᠢᠩ ᠤᠨ ᠰᠡᠳᠬᠢᠯ ᠳᠤ ᠵᠠᠯᠠᠭᠤᠴᠤᠳ ᠬᠡᠵᠢᠶᠡᠳᠡ ᠴᠢᠬᠤᠯᠠ ᠪᠠᠶᠢᠷᠢ ᠶᠢ ᠡᠵᠡᠯᠡᠵᠦ ᠪᠠᠶᠢᠳᠠᠭ᠃ | 4 ᠳ᠋ᠦ᠋ᠭᠡᠷ ᠰᠠᠷ᠎ᠠ ᠶᠢᠨ 29 ᠤ ᠡᠳᠦᠷ᠂ ᠱᠠᠩᠬᠠᠢ ᠶᠢᠨ ︽ᠮᠥᠸᠧ ᠰᠦ᠋ ᠣᠷᠣᠨ ᠵᠠᠢ︾ ᠲᠣᠮᠣ ᠵᠠᠭᠪᠤᠷ ᠤᠨ | ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠲᠤ᠂ ᠶᠡᠷᠦᠩᠬᠡᠢ ᠱᠦᠵᠢ ᠰᠢᠨ᠎ᠡ ᠶᠢ ᠡᠭᠦᠳᠬᠦ ᠵᠠᠯᠠᠭᠤ | ᠴᠢᠳᠠᠪᠤᠷᠢᠲᠠᠨ ᠲᠠᠢ ᠳᠣᠲᠣᠨᠣᠰᠤᠭ ᠢᠶᠠᠷ ᠶᠠᠷᠢᠯᠴᠠᠵᠤ᠂ ᠲᠡᠳᠡᠨ ᠢ ︽ᠬᠤᠪᠢ ᠬᠥᠮᠥᠨ ᠤ ᠴᠢᠷᠮᠠᠶᠢᠯᠭ᠎ᠠ ᠪᠠᠨ | ᠤᠯᠤᠰ ᠤᠨ ᠢᠷᠡᠭᠡᠳᠦᠢ ᠲᠠᠢ ᠨᠢᠭᠲᠠ ᠬᠤᠯᠪᠣᠵᠤ᠂ ᠲᠡᠦᠬᠡ ᠶᠢᠨ ᠪᠤᠤᠬᠢᠶ᠎ᠠ ᠶᠢ ᠰᠠᠶᠢᠲᠤᠷ ᠵᠠᠯᠭᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠭᠤᠳᠠᠮ ᠲᠠᠪᠴᠠᠩ ᠳᠤ ᠵᠠᠯᠠᠭᠤ ᠨᠠᠰᠤᠨ ᠤ ᠬᠡᠷᠡᠯ | ᠭᠢᠯᠪᠠᠭ᠎ᠠ ᠪᠠᠨ ᠰᠠᠴᠤᠷᠠᠭᠤᠯᠤᠭᠠᠷᠠᠢ︾ ᠭᠡᠵᠦ ᠵᠣᠷᠢᠭᠵᠢᠭᠤᠯᠪᠠ᠃ | ᠤᠯᠤᠰ ᠢᠶᠠᠨ ᠬᠠᠶᠢᠷᠠᠯᠠᠬᠤ ᠰᠡᠳᠬᠢᠯ ᠡᠪᠦᠷᠯᠡᠨᠡᠮ | ︽ᠥᠷᠭᠡᠨ ᠤᠯᠠᠨ ᠵᠠᠯᠠᠭᠤᠴᠤᠳ ᠬᠦᠰᠡᠯ ᠪᠠ ᠢᠲᠡᠭᠡᠯ ᠢᠶᠠᠨ ᠪᠠᠲᠤᠳᠬᠠᠵᠤ᠂ ᠤᠯᠤᠰ ᠭᠡᠷ ᠤᠨ | ᠰᠡᠳᠬᠢᠯᠭᠡ ᠪᠠᠨ ᠨᠡᠮᠡᠭᠳᠡᠭᠦᠯᠦᠨ᠂ ᠴᠠᠭᠠᠷᠠᠭᠰᠠᠨ ᠴᠢᠳᠠᠪᠤᠷᠢ ᠲᠠᠢ ᠪᠣᠯᠬᠤ ᠪᠠᠷ ᠪᠣᠯᠪᠠᠰᠤᠷᠠᠵᠤ᠂ ᠴᠢᠷᠮᠠᠶᠢᠨ ᠲᠡᠮᠡᠴᠡᠬᠦ | ᠵᠣᠷᠢᠭ ᠰᠠᠨᠠᠭ᠎ᠠ ᠪᠠᠨ ᠪᠠᠳᠠᠷᠠᠭᠤᠯᠤᠨ᠂ ᠡᠬᠡ ᠤᠯᠤᠰ ᠪᠠ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ | ᠭᠠᠵᠠᠷ ᠲᠤ ᠬᠦᠷᠴᠦ ᠡᠷᠳᠡᠮ ᠴᠢᠳᠠᠪᠤᠷᠢ ᠪᠠᠨ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ | ᠬᠦᠰᠡᠵᠦ ᠪᠠᠶᠢᠨ᠎ᠠ᠃︾ ᠡᠨᠡ ᠵᠢᠯ ᠤᠨ ᠲᠠᠪᠤᠨ ᠰᠠᠷ᠎ᠠ ᠶᠢᠨ ᠳᠦᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ | ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠰᠢᠨᠵᠢᠶᠠᠩ ᠤᠨ ᠠᠲ᠋ᠦ᠋ᠱ ᠬᠤᠲᠠ ᠶᠢᠨ ᠺᠠᠷᠠ ᠵᠢᠶᠦ᠋ᠨ | ᠰᠢᠶᠠᠩ ᠤᠨ ᠰᠢᠶᠤᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠬᠢᠵᠠᠭᠠᠷ ᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠤᠨ | ᠦᠢᠯᠡᠰ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠤᠨ ᠦᠢᠯᠡᠴᠢᠯᠡᠭᠡᠨ ᠤ ᠠᠩᠭᠢ ᠶᠢᠨ | ᠪᠦᠬᠦ ᠭᠡᠰᠢᠭᠦᠳ ᠲᠤ ᠬᠠᠷᠢᠭᠤ ᠵᠠᠬᠢᠳᠠᠯ ᠪᠢᠴᠢᠵᠦ᠂ ᠪᠦᠬᠦ ᠤᠯᠤᠰ ᠤᠨ ᠥᠷᠭᠡᠨ ᠤᠯᠠᠨ ᠵᠠᠯᠠᠭᠤᠴᠤᠳ ᠲᠤ ᠪᠠᠶᠠᠷ | ᠬᠦᠷᠭᠡᠭᠰᠡᠨ ᠤ ᠬᠠᠮᠲᠤ ᠴᠢᠩ ᠰᠡᠳᠬᠢᠯ ᠠᠴᠠ ᠪᠠᠨ ᠬᠦᠰᠡᠯ ᠨᠠᠶᠢᠳᠠᠯᠭ᠎ᠠ ᠲᠠᠯᠪᠢᠵᠠᠢ᠃ | ᠤᠯᠤᠰ ᠲᠤ ᠪᠠᠨ ᠵᠢᠳᠬᠦᠬᠦ ᠵᠣᠷᠢᠭ ᠢᠶᠠᠨ ᠡᠷᠴᠢᠯᠡᠨᠡᠮ | ︽ᠵᠣᠬᠢᠶᠠᠮᠠᠯ ᠣᠶᠤᠨ ᠪᠣᠯ ᠰᠢᠨ᠎ᠡ ᠪᠠᠷ ᠥᠷᠨᠢᠵᠦ ᠪᠠᠶᠢᠭ᠎ᠠ ᠠᠵᠢᠯ ᠦᠢᠯᠡᠰ ᠮᠥᠷᠲᠡᠭᠡᠨ ᠵᠠᠯᠠᠭᠤᠴᠤᠳ ᠤᠨ | ᠠᠵᠢᠯ ᠦᠢᠯᠡᠰ ᠪᠣᠯᠣᠨ᠎ᠠ︾᠃ ᠶᠡᠷᠦᠩᠬᠡᠢ ᠱᠦᠵᠢ ᠰᠢ ᠶᠢᠨ ᠫᠢᠩ ᠬᠡᠯᠡᠬᠦ ᠳᠤ ᠪᠠᠨ᠂ ︽ᠪᠢᠳᠡ ᠶᠠᠭ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠂ ᠡᠨᠡ ᠨᠢ ᠶᠠᠭ ᠵᠠᠯᠠᠭᠤ ᠨᠢᠭᠡ ᠦᠶ᠎ᠡ ᠶᠢᠨ ᠬᠢᠨ ᠤ ᠠᠪᠢᠶᠠᠰ ᠢᠶᠠᠨ | ᠭᠠᠶᠢᠬᠠᠭᠤᠯᠵᠤ᠂ ᠡᠷᠳᠡᠮ ᠢᠶᠠᠨ ᠪᠠᠳᠠᠷᠠᠭᠤᠯᠬᠤ ᠰᠠᠶᠢᠨ ᠴᠠᠭ ᠮᠥᠨ︾ ᠭᠡᠵᠡᠢ᠃ | ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠪᠠᠨ ᠴᠢᠩᠭᠠᠷᠠᠭᠤᠯᠤᠨᠠᠮ | ︽ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠳᠤ ᠲᠡᠦᠬᠡᠨ | ᠳᠡᠭᠡᠷᠡᠬᠢ ᠠᠯᠢ ᠨᠢᠭᠡ ᠦᠶ᠎ᠡ ᠠᠴᠠ ᠴᠦ ᠨᠡᠩ ᠢᠯᠡᠭᠦᠦ ᠣᠶᠢᠷᠠᠳᠴᠤ ᠪᠣᠢ᠂ ᠶᠡᠷᠦ ᠠᠴᠠ ᠣᠳᠣ ᠶᠢᠨ ᠬᠢ ᠰᠢᠭ | ᠢᠩᠭᠢᠵᠦ ᠣᠶᠢᠷᠠᠲᠤᠵᠤ ᠦᠵᠡᠭᠡ ᠦᠭᠡᠢ ᠶᠤᠮ᠃ ᠵᠠᠯᠠᠭᠤᠴᠤᠳ ᠲᠠ ᠨᠠᠷ ᠠᠭᠤᠤ ᠶᠡᠭᠡ ᠴᠠᠭ ᠦᠶ᠎ᠡ ᠳᠤ | ᠣᠷᠣᠰᠢᠵᠤ᠂ ᠡᠶᠢᠮᠦ ᠠᠭᠤᠤ ᠶᠡᠭᠡ ᠬᠠᠷᠠᠯᠲᠠ ᠲᠠᠢ ᠪᠠᠶᠢᠨ᠎ᠠ᠂ ᠴᠠᠭ ᠤᠨ ᠰᠠᠶᠢᠨ ᠢ ᠠᠮᠵᠢᠨ ᠲᠡᠭᠦᠨ ᠤ ᠲᠥᠯᠥᠭᠡ | ᠲᠡᠮᠡᠴᠡᠭᠡᠷᠡᠢ︕︾ | ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠨᠢ ᠰᠢᠨ᠎ᠡ ᠴᠠᠭ ᠦᠶ᠎ᠡ ᠶᠢᠨ | ᠵᠠᠯᠠᠭᠤᠴᠤᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠣᠷᠣᠯᠴᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠳᠤᠮᠳᠠ ᠡᠷᠡᠰ ᠰᠢᠭᠤᠷᠬᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠭᠦᠯᠬᠦ ᠶᠢ ᠵᠣᠷᠢᠭᠵᠢᠭᠤᠯᠤᠭᠰᠠᠨ | ᠪᠠᠶᠢᠨ᠎ᠠ᠃ |