ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠰᠤᠷᠤᠯᠴᠠᠯᠭ᠎ᠠ᠎ᠶ᠋ᠢᠨ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2025-11-15

  11 ᠳ᠋ᠦ᠍ᠭᠡᠷ ᠰᠠᠷ᠎ᠠ᠎ᠶ᠋ᠢᠨ 13 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠰᠤᠷᠤᠯᠴᠠᠬᠤ ᠠᠩᠭᠢ ᠡᠷᠭᠢᠯᠡᠵᠦ᠍᠂ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠪᠠ ᠵᠠᠯᠠᠭᠤᠴᠤᠳ᠎ᠤᠨ ᠣᠨᠣᠯ᠎ᠤᠨ ᠳᠤᠭᠤᠢᠯᠠᠩ᠎ᠤᠨ ᠰᠤᠷᠤᠯᠴᠠᠯᠭ᠎ᠠ᠎ᠶ᠋ᠢ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠌᠂ ᠲᠣᠪᠴᠢᠶ᠎ᠠ᠎ᠶ᠋ᠢᠨ ᠱᠢᠰᠲ᠋ᠧᠮ᠎ᠤᠨ ᠺᠠᠳ᠋ᠷ᠂ ᠠᠵᠢᠯᠲᠠᠨ ᠠᠵᠢᠯᠴᠢᠨ᠎ᠢ ᠵᠣᠬᠢᠶᠠᠨ ᠪᠠᠢᠭᠤᠯᠵᠤ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠰᠠᠨᠠᠭᠤᠯᠭ᠎ᠠ》 (ᠳᠣᠷᠣᠭ᠍ᠰᠢ 《ᠰᠠᠨᠠᠭᠤᠯᠭ᠎ᠠ》 ᠭᠡᠵᠦ᠍ ᠲᠣᠪᠴᠢᠯᠠᠨ᠎ᠠ) ᠵᠢᠴᠢ ᠲᠡᠭᠦᠨ᠎ᠤ ᠲᠣᠳᠣᠷᠬᠠᠢᠯᠠᠯᠲᠠ᠎ᠶ᠋ᠢ ᠭᠦᠨᠵᠡᠭᠡᠶ ᠰᠤᠷᠤᠯᠴᠠᠭᠤᠯᠪᠠ᠃

 

 

  ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ᠎ᠨᠢ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠭᠡᠰᠢᠭᠦᠨ᠂ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠨᠡᠢᠭᠡᠮ ᠪᠠ ᠠᠮᠢ ᠠᠬᠤᠶ᠎ᠶ᠋ᠢᠨ ᠪᠣᠯᠪᠠᠰᠤᠨ᠎ᠤ ᠵᠢᠭᠠᠨ ᠰᠤᠳᠤᠯᠬᠤ ᠬᠡᠯᠲᠡᠰ᠎ᠤᠨ ᠳᠡᠳ᠋ ᠡᠷᠬᠢᠯᠡᠭ᠌ᠴᠢ ᠯᠢᠦ ᠶᠢᠩ ᠫᠷᠤᠹᠧᠰᠰᠤᠷ᠎ᠢ ᠤᠷᠢᠵᠤ 《ᠰᠠᠨᠠᠭᠤᠯᠭ᠎ᠠ》 ᠎ᠶ᠋ᠢᠨ ᠲᠣᠭᠤᠷᠢᠨ᠎ᠳᠤ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠯᠭᠡᠵᠦ᠍᠂ ᠲᠤᠪᠴᠢᠶ᠎ᠠ᠎ᠶ᠋ᠢᠨ ᠱᠢᠰᠲ᠋ᠧᠮ᠎ᠤᠨ ᠪᠥᠬᠦ᠌ ᠺᠠᠳ᠋ᠷ᠂ ᠠᠵᠢᠯᠳᠠᠨ ᠠᠵᠢᠯᠴᠢᠨ᠎ᠢ ᠬᠥᠲᠥᠯᠥᠨ ᠵᠢᠯᠣᠭᠤᠳᠴᠤ᠌ ᠪᠠᠢᠭᠠᠳ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠭᠡ ᠠᠮᠵᠢᠯᠲᠠ ᠪᠦᠲᠦᠮᠵᠢ᠎ᠶ᠋ᠢ ᠭᠦᠨᠵᠡᠭᠡᠶ ᠲᠠᠨᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠠᠬᠢ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠲᠡᠦᠬᠡᠨ ᠣᠷᠣᠨ ᠪᠠᠢᠷᠢ᠎ᠶ᠋ᠢ ᠣᠨᠣᠪᠴᠢᠲᠠᠶ ᠡᠵᠡᠮᠱᠢᠭᠦᠯᠵᠦ᠍᠂ ᠪᠥᠬᠦᠳᠡ ᠬᠤᠷᠠᠯ᠎ᠠᠴᠠ ᠳᠤᠷᠠᠳᠤᠭ᠍ᠰᠠᠨ ᠱᠢᠨ᠎ᠡ ᠪᠠᠢᠷᠢᠯᠠᠭᠤᠯᠤᠯᠲᠠ᠂ ᠱᠢᠨ᠎ᠡ ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠣᠢᠯᠠᠭᠠᠭᠤᠯᠪᠠ᠃

 

 

  ᠡᠯ᠎ᠡ ᠵᠠᠯᠠᠭᠤᠴᠤᠳ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠳᠤᠭᠤᠢᠯᠠᠩ᠎ᠨᠢ 《ᠰᠢ᠎ᠶ᠋ᠢᠨ ᠫᠢᠩ ᠲᠦᠷᠦ᠍᠎ᠶ᠋ᠢ ᠵᠠᠰᠠᠬᠤ ᠲᠣᠬᠠᠢ》 ᠲᠠᠪᠤᠳᠤᠭᠠᠷ ᠪᠤᠳᠢ᠂ 《ᠨᠠᠮ᠎ᠤᠨ ᠬᠤᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠦᠬᠦᠳᠡ ᠬᠤᠷᠠᠯ᠎ᠤᠨ 〈ᠰᠠᠨᠠᠭᠤᠯᠭ᠎ᠠ〉 ᠎ᠶ᠋ᠢᠨ ᠰᠤᠷᠤᠯᠴᠠᠯᠭ᠎ᠠ᠎ᠶ᠋ᠢ ᠬᠠᠪᠰᠤᠷᠤᠨ ᠵᠢᠯᠣᠭᠤᠳᠭᠤ ᠵᠠᠭᠤᠨ ᠠᠰᠠᠭᠤᠯᠲᠠ》 ᠵᠡᠷᠭᠡ ᠡᠷᠬᠡ ᠰᠦᠷᠲᠦ ᠵᠢᠭᠠᠬᠤ ᠮᠠᠲ᠋ᠧᠷᠢᠶᠠᠯ᠎ᠳᠠᠬᠢ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠵᠡᠷᠭᠡ ᠠᠭᠤᠯᠭ᠎ᠠ᠎ᠶ᠋ᠢᠨ ᠲᠣᠭᠤᠷᠢᠨ᠎ᠳᠤ ᠡᠮᠴᠢᠯᠡᠭᠡᠨ᠎ᠤ ᠪᠠᠲᠤᠯᠠᠭ᠎ᠠ᠎ᠶ᠋ᠢᠨ ᠡᠭᠦᠷᠭᠡ ᠴᠢᠳᠠᠪᠬᠢ ᠲᠤᠱᠢᠶᠠᠯ ᠬᠠᠷᠢᠭᠤᠴᠠᠯᠭ᠎ᠠ᠎ᠲᠠᠢ ᠤᠶᠠᠯᠳᠤᠭᠤᠯᠤᠨ ᠶᠠᠷᠢᠯᠴᠠᠨ ᠰᠣᠯᠢᠯᠴᠠᠪᠠ᠃ ᠤᠯᠠᠨ᠎ᠢᠶᠠᠷ᠎ᠢᠶᠠᠨ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ᠎ᠠᠴᠠ᠎ᠪᠠᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠣᠷᠣᠨ᠎ᠤ ᠡᠮᠴᠢᠯᠡᠭᠡᠨ᠎ᠦ ᠳᠠᠭᠠᠳᠭᠠᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢᠨ ᠪᠦᠬᠦ᠌ ᠶᠠᠪᠤᠴᠠ᠂ ᠡᠯ᠎ᠡ ᠭᠤᠭ᠍ᠴᠤᠭ᠎ᠠ᠎ᠳᠤ ᠲᠤᠭᠤᠰᠢᠯᠠᠭᠤᠯᠵᠤ᠂ ᠤᠯᠠᠨ ᠲᠡᠰ ᠳᠠᠪᠬᠤᠷᠭ᠎ᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠎ᠢ ᠦᠷᠭᠦᠯᠵᠢᠯᠡᠨ ᠪᠦᠷᠢᠨᠱᠢᠬᠦᠯᠵᠦ᠍᠂ ᠡᠮᠴᠢᠯᠡᠭᠡᠨ᠎ᠦ ᠳᠠᠭᠠᠳᠭᠠᠯ᠎ᠤᠨ ᠲᠣᠭᠠᠴᠠᠭ᠎ᠠ ᠬᠢᠬᠦ᠌ ᠥᠭᠡᠷᠡᠴᠢᠯᠡᠯᠲᠡ ᠪᠣᠯᠤᠨ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠡᠮᠴᠢᠯᠡᠭᠡᠨ᠎ᠦ ᠳᠠᠭᠠᠳᠭᠠᠯ᠎ᠤᠨ ᠭᠠᠷᠲᠠᠨ ᠭᠦᠢᠴᠡᠳᠭᠡᠬᠦ᠌ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠦᠨᠡᠨ ᠬᠦ᠌ ᠰᠠᠬᠢᠨ ᠬᠠᠮᠠᠭᠠᠯᠠᠵᠤ᠂ ᠪᠦᠬᠦ᠌ ᠣᠷᠣᠨ᠎ᠤ ᠡᠮᠴᠢᠯᠡᠭᠡᠨ᠎ᠦ ᠳᠠᠭᠠᠳᠭᠠᠯ᠎ᠤᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠡᠷᠡᠰ ᠭᠤᠢᠪᠢᠰᠢ ᠦᠭᠡᠢ ᠠᠬᠢᠭᠤᠯᠤᠨ᠎ᠠ ᠭᠡᠵᠦ᠍ ᠢᠯᠡᠳᠭᠡᠵᠡᠭᠡᠪᠡ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            