ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠡᠮᠴᠢᠯᠡᠭᠡᠨ᠎ᠤ ᠪᠠᠲᠤᠯᠠᠭ᠎ᠠ᠎ᠶ᠋ᠢᠨ ᠲᠦᠷᠢᠮ᠎ᠢ ᠭᠦᠨᠵᠡᠭᠡᠢᠷᠡᠭᠦᠯᠬᠦ᠌ ᠲᠤᠬᠠᠶ ᠬᠠᠮᠤᠭ᠎ᠤᠨ ᠱᠢᠨ᠎ᠡ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠥᠬᠦ᠌ ᠣᠷᠣᠨ᠎ᠤ ᠡᠮᠴᠢᠯᠡᠭᠡᠨ᠎ᠤ ᠳᠠᠭᠠᠳᠭᠠᠯ᠎ᠤᠨ ᠬᠠᠷᠠᠭᠠᠯᠵᠠᠯ᠎ᠤᠨ ᠪᠠᠲᠤᠯᠠᠭ᠎ᠠ᠎ᠶ᠋ᠢᠨ ᠠᠵᠢᠯ᠎ᠤᠨ ᠬᠢᠷᠢ ᠲᠦᠪᠱᠢᠨ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠦᠨ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯᠲᠤ ᠲᠥᠷᠥᠭ᠌ᠳᠡᠯ ᠪᠠ ᠠᠮᠤᠷ ᠲᠦᠪᠱᠢᠨ᠎ᠤ ᠲᠥᠷᠥᠭ᠌ᠳᠡᠯ᠎ᠢ ᠦᠨᠡᠨ ᠬᠦ᠌ ᠨᠡᠮᠡᠭ᠌ᠳᠡᠭᠦᠯᠬᠦ᠌᠎ᠶ᠋ᠢᠨ ᠲᠥᠯᠥᠭᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ 2025 ᠣᠨ᠎ᠤ 11 ᠳ᠋ᠦ᠍ᠭᠡᠷ ᠰᠠᠷ᠎ᠠ᠎ᠶ᠋ᠢᠨ 6 ᠤ ᠡᠳᠦᠷ᠎ᠠᠴᠠ 7 ᠤ ᠡᠳᠦᠷ ᠪᠣᠯᠲᠠᠯ᠎ᠠ ᠬᠥᠬᠡᠬᠤᠲᠠ᠎ᠳᠤ ᠪᠥᠬᠦ᠌ ᠣᠷᠣᠨ᠎ᠤ 2025 ᠣᠨ᠎ᠤ ᠬᠠᠷᠠᠭᠠᠯᠵᠠᠯ᠎ᠤᠨ ᠪᠠᠲᠤᠯᠠᠭ᠎ᠠ ᠵᠢᠴᠢ ᠶᠠᠳᠠᠭᠤ᠎ᠠᠴᠠ ᠠᠩᠭᠢᠵᠢᠷᠠᠭᠤᠯᠬᠤ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ ᠪᠣᠯᠪᠠᠰᠤᠷᠠᠯ᠎ᠤᠨ ᠠᠩᠭᠢ᠎ᠶ᠋ᠢ ᠵᠣᠬᠢᠶᠠᠨ ᠪᠠᠢᠭᠤᠯᠤᠨ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠼᠠᠢ ᠬᠤᠩ ᠢᠦᠶ ᠪᠣᠯᠪᠠᠰᠤᠷᠠᠯ᠎ᠤᠨ ᠠᠩᠭᠢ᠎ᠳᠤ ᠣᠷᠣᠯᠴᠠᠵᠤ ᠶᠠᠷᠢᠶ᠎ᠠ ᠲᠠᠯᠪᠢᠪᠠ᠃

ᠲᠣᠰ ᠤᠳᠠᠭᠠᠨ᠎ᠤ ᠪᠣᠯᠪᠠᠰᠤᠷᠠᠯ᠎ᠨᠢ ᠤᠯᠤᠰ᠎ᠤᠨ ᠡᠮᠴᠢᠯᠡᠭᠡᠨ᠎ᠤ ᠳᠠᠭᠠᠳᠭᠠᠯ᠎ᠤᠨ ᠲᠣᠪᠴᠢᠶ᠎ᠠ᠎ᠶ᠋ᠢᠨ ᠡᠨᠡ ᠵᠢᠯ᠎ᠤᠨ ᠨᠡᠢᠲᠡᠯᠡᠭ᠌ᠰᠡᠨ ᠠᠯᠢ ᠣᠯᠠᠨ ᠴᠢᠬᠤᠯᠠ ᠶᠡᠭᠡ ᠲᠥᠷᠥ᠎ᠶ᠋ᠢᠨ ᠪᠣᠳᠣᠯᠭ᠎ᠠ᠎ᠶ᠋ᠢᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢᠨ ᠲᠣᠭᠤᠷᠢᠨ᠎ᠳᠤ᠂ ᠤᠯᠤᠰ᠎ᠤᠨ ᠡᠮᠴᠢᠯᠡᠭᠡᠨ᠎ᠤ ᠳᠠᠭᠠᠳᠭᠠᠯ᠎ᠤᠨ ᠲᠣᠪᠴᠢᠶ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠬᠠᠷᠢᠭᠤᠴᠠᠯᠭᠠᠲᠠᠨ ᠨᠥᠬᠦᠳ ᠵᠢᠴᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠯᠠᠭ᠎ᠠ ᠮᠥᠴᠢᠷ᠎ᠤᠨ ᠬᠠᠮᠢᠶ᠎ᠠ ᠪᠥᠬᠦᠶ ᠲᠤᠰᠭᠠᠶ ᠮᠡᠷᠭᠡᠵᠢᠯᠲᠡᠨ᠎ᠢ ᠤᠷᠢᠵᠤ᠂ ᠪᠥᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ᠂ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠢᠭᠡᠳᠦᠯᠲᠡᠶ ᠲᠥᠯᠥᠪᠯᠡᠬᠦ᠂ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠡᠪᠡᠳᠴᠢᠨ᠎ᠤ ᠲᠥᠷᠥᠯ᠎ᠢ ᠨᠢᠭᠡᠳᠭᠡᠬᠦ᠂ ᠶᠠᠳᠠᠭᠤ᠎ᠠᠴᠠ ᠠᠩᠭᠢᠵᠢᠷᠠᠭᠤᠯᠬᠤ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠂ ᠦᠷᠡᠵᠢᠯ᠎ᠤᠨ ᠳᠠᠭᠠᠳᠭᠠᠯ᠂ ᠬᠦᠨᠳᠦ ᠡᠪᠡᠳᠴᠢᠨ᠎ᠤ ᠳᠠᠭᠠᠳᠭᠠᠯ᠂ ᠡᠮ ᠡᠮᠨᠡᠯᠭᠡ᠎ᠶ᠋ᠢᠨ ᠠᠪᠤᠷᠠᠨ ᠲᠤᠰᠠᠯᠠᠯᠲᠠ ᠵᠢᠴᠢ ᠰᠠᠭᠤᠷᠢ ᠮᠥᠩᠭᠦ᠎ᠶ᠋ᠢᠨ ᠠᠵᠢᠯᠯᠠᠭᠠᠨ᠎ᠤ ᠵᠠᠳᠠᠯᠤᠯᠲᠠ ᠵᠡᠷᠭᠡ ᠠᠭᠤᠯᠭ᠎ᠠ᠎ᠶ᠋ᠢ ᠱᠢᠰᠲ᠋ᠧᠮ᠎ᠲᠠᠢ ᠲᠠᠢᠯᠪᠤᠷᠢᠯᠠᠵᠤ᠂ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠭᠡᠨ᠂ ᠡᠭᠦᠷᠭᠡ᠎ᠪᠠᠨ ᠲᠣᠳᠣᠷᠬᠠᠢᠯᠠᠵᠤ᠂ ᠬᠠᠷᠢᠭᠤᠴᠠᠯᠭ᠎ᠠ᠎ᠪᠠᠨ ᠪᠣᠳᠠᠲᠠᠢᠵᠢᠭᠤᠯᠵᠤ᠂ ᠪᠥᠬᠦ᠌ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭ᠌ᠬᠦ ᠬᠡᠷᠡᠭ᠌ᠲᠡᠢ᠃
ᠪᠣᠯᠪᠠᠰᠤᠷᠠᠯ᠎ᠳᠤ᠂ ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠤᠳ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠬᠠᠷᠢᠭᠤᠴᠠᠯᠭ᠎ᠠ ᠡᠭᠦᠷᠭᠡᠯᠡᠯ᠎ᠢᠶᠠᠨ ᠴᠢᠩᠭᠠᠷᠠᠭᠤᠯᠤᠨ᠂ ᠤᠯᠤᠰ᠎ᠤᠨ ᠥᠭᠡᠷᠡᠴᠢᠯᠡᠯᠲᠡ᠎ᠶ᠋ᠢᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠴᠢᠬᠤᠯᠠ ᠡᠭᠦᠷᠭᠡ᠎ᠪᠠᠨ ᠪᠣᠯᠭᠠᠵᠤ᠂ ᠱᠢᠯᠵᠢᠯᠲᠡ᠎ᠶ᠋ᠢᠨ ᠬᠤᠭᠤᠴᠠᠭᠠᠨ᠎ᠤ ᠡᠮᠴᠢᠯᠡᠭᠡᠨ᠎ᠤ ᠳᠠᠭᠠᠳᠭᠠᠯ᠎ᠤᠨ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠣᠯᠭᠣᠮᠵᠢ ᠬᠠᠷᠠᠭᠠᠯᠵᠠᠯ ᠢ᠋ ᠲᠠᠰᠤᠷᠠᠯᠲᠠ ᠦᠭᠡᠢ ᠪᠠᠲᠤᠯᠠᠵᠤ᠂ ᠡᠷᠴᠢᠮ ᠰᠤᠯᠠᠷᠠᠬᠤ ᠥᠬᠡᠶ ᠪᠠᠢᠬᠤ᠎ᠶ᠋ᠢ ᠪᠠᠲᠤᠯᠠᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠶ᠋ᠢ ᠴᠢᠩᠭᠠᠳᠭᠠᠨ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠪᠠ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠢ ᠴᠢᠩᠭᠠᠳᠭᠠᠵᠤ᠂ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠤᠨ᠎ᠢᠶᠠᠷ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠵᠤ᠂ ᠡᠯ᠎ᠡ ᠭᠠᠵᠠᠷ᠎ᠤᠨ᠎ᠬᠢᠨ ᠲᠤᠷᠱᠢᠯᠭ᠎ᠠ᠎ᠪᠠᠨ ᠴᠠᠭ ᠲᠤᠬᠠᠶ᠎ᠳᠤᠨᠢ ᠳ᠋ᠦᠩᠨᠡᠨ᠂ ᠠᠰᠠᠭᠤᠳᠠᠯ᠎ᠢ ᠱᠢᠢᠳᠪᠦᠷᠢᠯᠡᠵᠦ᠍᠂ ᠪᠥᠬᠦ᠌ ᠣᠷᠣᠨ᠎ᠤ ᠡᠮᠴᠢᠯᠡᠭᠡᠨ᠎ᠤ ᠳᠠᠭᠠᠳᠭᠠᠯ᠎ᠤᠨ ᠬᠠᠷᠠᠭᠠᠯᠵᠠᠯ᠎ᠤᠨ ᠪᠠᠲᠤᠯᠠᠭ᠎ᠠ᠎ᠶ᠋ᠢᠨ ᠠᠵᠢᠯ᠎ᠤᠨ ᠦᠷᠭᠦᠯᠵᠢᠯᠡᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭᠠᠳᠭᠠᠯ᠎ᠤᠨ ᠲᠥᠪ᠂ ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠠᠷᠢᠭᠤᠴᠠᠯᠭᠠᠲᠠᠨ ᠨᠥᠬᠦᠳ ᠵᠢᠴᠢ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ ᠨᠡᠢᠲᠡ 80 ᠬᠥᠮᠦᠨ ᠪᠣᠯᠪᠠᠰᠤᠷᠠᠯ᠎ᠳᠤ ᠣᠷᠣᠯᠴᠠᠵᠠᠶ᠃