ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠡᠷᠡᠰ ᠵᠣᠷᠢᠭᠲᠠᠢ ᠤᠷᠤᠭ᠍ᠰᠢᠯᠠᠨ ᠲᠠᠪᠱᠢᠵᠤ ᠪᠣᠳᠠᠲᠠᠢ ᠠᠵᠢᠯᠯᠠᠵᠤ ᠪᠠᠲᠤᠲᠠᠢ ᠠᠵᠢᠯᠯᠠᠵᠤ ᠡᠮᠴᠢᠯᠡᠭᠡᠨ ᠎ᠦ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ  ᠪᠦᠬᠦ᠌ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2026-01-26

  2026 ᠣᠨ᠎ᠤ 1 ᠳ᠋ᠤᠭᠡᠷ ᠰᠠᠷ᠎ᠠ᠎ᠶ᠋ᠢᠨ 16᠎ᠤ ᠡᠳᠦᠷ᠂ ᠪᠥᠬᠦ᠌ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ᠃ ᠬᠤᠷᠠᠯ᠎ᠠᠴᠠ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠥᠪᠵᠢᠭᠦᠯᠭᠡ᠎ᠶᠢᠨ ᠬᠤᠭᠤᠴᠠᠭ᠎ᠠ ᠬᠢᠭᠡᠳ 2025 ᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠠᠵᠢᠯ᠎ᠤᠨ ᠦᠷ᠎ᠡ ᠪᠦᠲᠦᠮᠵᠢ᠎ᠶ᠋ᠢ ᠳ᠋ᠦᠩᠨᠡᠵᠦ᠍᠂ 2026 ᠣᠨ᠎ᠤ ᠠᠵᠢᠯ᠎ᠢ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠠᠵᠢᠯ᠎ᠤᠨ ᠮᠡᠳᠡᠭᠦᠯᠦᠯᠲᠡ ᠬᠢᠪᠠ᠃

 

 

  ᠬᠤᠷᠠᠯ᠎ᠠᠴᠠ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠥᠪᠵᠢᠭᠦᠯᠭᠡ᠎ᠶᠢᠨ ᠬᠤᠭᠤᠴᠠᠭ᠎ᠠ ᠪᠣᠯ ᠪᠥᠬᠦ᠌ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠰ᠎ᠤᠨ ᠲᠡᠤᠬᠡᠲᠦ ᠴᠢᠨᠠᠷᠲᠠᠶ ᠳᠠᠪᠠᠯᠲᠠ᠎ᠶ᠋ᠢ ᠪᠡᠶᠡᠯᠡᠭᠦᠯᠦᠭ᠌ᠰᠡᠨ ᠲᠠᠪᠤᠨ ᠵᠢᠯ ᠪᠣᠯᠤᠨ᠎ᠠ᠂ ᠡᠯ᠎ᠡ ᠱᠠᠲᠤᠨ᠎ᠤ ᠡᠮᠴᠢᠯᠡᠭᠡᠨ᠎ᠤ ᠪᠠᠳᠤᠯᠠᠭ᠎ᠠ᠎ᠶ᠋ᠢᠨ ᠰᠠᠯᠠᠭ᠎ᠠ ᠮᠥᠴᠢᠷ᠎ᠤᠨ᠎ᠬᠢᠨ ᠠᠷᠠᠳ ᠲᠦᠮᠡᠨ᠎ᠢᠶᠠᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠵᠢᠯ᠎ᠤᠨ ᠱᠠᠭᠠᠷᠳᠠᠯᠭ᠎ᠠ᠎ᠶ᠋ᠢ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠰᠠᠨᠠᠭᠠᠴᠢᠯᠠᠭ᠎ᠠ᠎ᠠᠴᠠ᠎ᠪᠠᠨ ᠦᠶ᠋ᠯᠡᠴᠢᠯᠡᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠡᠷᠡᠰ ᠭᠤᠢᠪᠢᠰᠢ ᠥᠬᠡᠶ ᠠᠬᠢᠭᠤᠯᠵᠤ᠂ ᠲᠦᠷᠢᠮ᠎ᠤᠨ ᠴᠢᠳᠠᠮᠵᠢ᠎ᠶ᠋ᠢ ᠴᠥᠬᠦᠷᠡᠰᠢ ᠥᠬᠡᠶ ᠲᠡᠭᠦᠯᠳᠡᠷᠵᠢᠭᠦᠯᠵᠦ᠍᠂ ᠬᠠᠮᠢᠶᠠᠷᠤᠯᠲᠠ ᠦᠢᠯᠡᠴᠢᠯᠡᠭᠡ᠎ᠶ᠋ᠢ ᠴᠥᠬᠦᠷᠡᠰᠢ ᠥᠬᠡᠶ ᠱᠢᠯᠢᠳᠡᠭ᠌ᠵᠢᠭᠦᠯᠵᠦ᠍᠂ ᠡᠯ᠎ᠡ ᠵᠦᠶ᠋ᠯ᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠡᠭᠦᠷᠭᠡ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠰᠠᠶᠢᠬᠠᠨ ᠥᠩᠭᠡᠷᠡᠭ᠌ᠰᠡᠨ 2025 ᠣᠨ ᠪᠣᠯ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢᠨ ᠲᠡᠭᠦᠰᠬᠡᠯ᠎ᠦᠨ ᠵᠢᠯ ᠪᠣᠯᠤᠨ᠎ᠠ᠂ ᠪᠥᠬᠦ᠌ ᠣᠷᠣᠨ᠎ᠤ ᠡᠮᠴᠢᠯᠡᠭᠡᠨ ᠎ᠦ ᠪᠠᠳᠤᠯᠠᠭ᠎ᠠ᠎ᠶ᠋ᠢᠨ ᠱᠢᠰᠲ᠋ᠧᠮ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠡᠷᠡᠮᠡᠬᠡᠢᠯᠡᠨ ᠤᠷᠤᠭ᠍ᠰᠢᠯᠠᠵᠤ᠂ ᠡᠯ᠎ᠡ ᠵᠦᠢᠯ᠎ᠤᠨ ᠠᠵᠢᠯ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠡᠪᠱᠢᠪᠡ ᠭᠡᠵᠦ ᠦᠵᠡᠪᠡ᠃

  ᠬᠤᠷᠠᠯ᠎ᠠᠴᠠ᠂ 2026 ᠣᠨ᠎ᠳᠤ ᠡᠯ᠎ᠡ ᠱᠠᠲᠤᠨ᠎ᠤ ᠡᠮᠴᠢᠯᠡᠭᠡᠨ᠎ᠦ ᠪᠠᠳᠤᠯᠠᠭ᠎ᠠ᠎ᠶ᠋ᠢᠨ ᠰᠠᠯᠠᠭ᠎ᠠ ᠮᠥᠴᠢᠷ᠎ᠤᠨ᠎ᠬᠢᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠡᠮᠴᠢᠯᠡᠭᠡᠨ᠎ᠦ ᠪᠠᠲᠤᠯᠠᠭ᠎ᠠ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠲᠦᠷᠢᠮ᠎ᠤᠨ ᠵᠢᠷᠤᠮᠵᠢᠯ᠎ᠢᠶᠠᠷ ᠨᠢᠭᠡᠳᠦᠯᠲᠡᠢ ᠪᠠᠢᠬᠤ᠎ᠪᠠᠷ ᠭᠠᠷᠳᠠᠴᠠ ᠪᠣᠯᠭᠠᠵᠤ᠂ ᠪᠠᠲᠤᠯᠠᠭ᠎ᠠ᠎ᠶ᠋ᠢ ᠴᠢᠩᠭᠠᠳᠭᠠᠵᠤ᠂ ᠴᠢᠩᠭ᠎ᠠ ᠬᠢᠨᠠᠨ ᠬᠠᠮᠢᠶᠠᠷᠴᠤ᠌᠂ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠬᠦᠴᠦᠨ ᠨᠡᠮᠡᠷᠢᠯᠡᠬᠦ᠎ᠶ᠋ᠢ ᠠᠬᠢᠭᠤᠯᠵᠤ᠂ ᠡᠮᠴᠢᠯᠡᠭᠡᠨ᠎ᠦ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌ ᠬᠡᠷᠡᠭ᠌ᠲᠡᠢ᠃ ᠨᠢᠭᠡ᠎ᠳᠤ᠂ ᠳᠠᠭᠠᠳᠭᠠᠯ᠎ᠳᠤ ᠣᠷᠣᠯᠴᠠᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠪᠦᠬᠦ᠌ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠲᠣᠣᠷ᠎ᠢ ᠨᠢᠭ᠍ᠲᠠ ᠰᠦᠯᠵᠢᠬᠦ᠌ ᠬᠡᠷᠡᠭ᠌ᠲᠡᠢ᠃ ᠴᠠᠭ᠂ ᠠᠷᠭ᠎ᠠ᠂ ᠡᠲᠡᠭᠡᠳ᠂ ᠮᠡᠷᠭᠡᠵᠢᠯ᠂ ᠪᠡᠶᠡᠴᠢᠯᠡᠨ ᠣᠢᠯᠠᠭᠠᠬᠤ᠂ ᠤᠬᠠᠭᠤᠯᠬᠤ ᠵᠡᠷᠭᠡ ᠵᠢᠷᠭᠤᠭᠠᠨ ᠲᠠᠯ᠎ᠠ᠎ᠠᠴᠠ ᠴᠥᠬᠦᠷᠡᠰᠢ ᠥᠬᠡᠶ ᠠᠳᠭᠤᠵᠤ᠂ ᠨᠠᠷᠢᠯᠢᠭ ᠣᠨᠣᠪᠴᠢᠲᠠᠢ᠎ᠪᠠᠷ ᠬᠦᠴᠦᠯᠡᠵᠦ᠍᠂ ᠳᠠᠭᠠᠳᠭᠠᠯ᠎ᠳᠤ ᠣᠷᠣᠯᠴᠠᠬᠤ ᠬᠡᠪᠴᠢᠶ᠎ᠡ᠎ᠶ᠋ᠢ ᠥᠷᠭᠡᠳᠭᠡᠬᠦ᠌ ᠠᠵᠢᠯ᠎ᠢ ᠰᠠᠢᠲᠤᠷ ᠬᠢᠨ᠎ᠡ᠃ ᠬᠤᠶᠠᠷ᠎ᠲᠤ᠌᠂ ᠦᠨᠳᠦᠰᠦᠨ ᠡᠮᠴᠢᠯᠡᠭᠡᠨ᠎ᠦ ᠪᠠᠲᠤᠯᠠᠭ᠎ᠠ᠎ᠶᠢᠨ ᠳᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠭᠤᠷᠪᠠᠨ ᠪᠠᠲᠤᠯᠠᠭ᠎ᠠ᠎ᠶ᠋ᠢᠨ ᠰᠠᠭᠤᠷᠢ᠎ᠶ᠋ᠢ ᠪᠠᠬᠢᠵᠢᠭᠦᠯᠬᠦ᠌ ᠬᠡᠷᠡᠭ᠌ᠲᠡᠢ᠃ ᠦᠨᠳᠦᠰᠦᠨ ᠡᠮᠴᠢᠯᠡᠭᠡᠨ᠎ᠦ ᠪᠠᠲᠤᠯᠠᠭ᠎ᠠ᠎ᠶᠢᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠢᠭᠡᠳᠦᠯᠲᠡᠶ ᠲᠥᠯᠥᠪᠯᠡᠬᠦ᠌᠎ᠶ᠋ᠢ ᠯᠠᠪᠳᠠᠭᠤᠨ᠎ᠢᠶᠠᠷ ᠲᠦᠯᠬᠢᠨ ᠠᠬᠢᠭᠤᠯᠵᠤ᠂ ᠬᠦᠨᠳᠦ ᠡᠪᠡᠳᠴᠢᠨ᠎ᠦ ᠳᠠᠭᠠᠳᠭᠠᠯ᠎ᠢ ᠵᠢᠷᠤᠮᠵᠢᠭᠤᠯᠤᠨ᠂ ᠡᠮᠴᠢᠯᠡᠭᠡᠨ᠎ᠦ ᠠᠪᠤᠷᠠᠨ ᠲᠤᠰᠠᠯᠠᠬᠤ ᠳᠦᠷᠢᠮ᠎ᠢ ᠲᠡᠭᠦᠯᠳᠡᠷᠵᠢᠭᠦᠯᠦᠨ᠎ᠡ᠃ ᠭᠤᠷᠪᠠ᠎ᠳᠤ᠂ ᠬᠥᠮᠦᠨ ᠠᠮᠠ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠢᠳᠡᠪᠬᠢᠲᠡᠶ ᠵᠣᠬᠢᠴᠠᠵᠤ᠂ 《 ᠨᠢᠭᠡ ᠨᠠᠰᠤᠲᠠᠨ ᠨᠢᠭᠡ ᠨᠢᠯᠬᠠᠰ 》᠎ᠲᠤ ᠬᠦᠴᠦᠯᠡᠨ ᠰᠠᠢᠲᠤᠷ ᠦᠢᠯᠡᠴᠢᠯᠡᠬᠦ᠌ ᠬᠡᠷᠡᠭ᠌ᠲᠡᠶ᠃ ᠦᠷᠡᠵᠢᠯ᠎ᠤᠨ ᠳᠠᠭᠠᠳᠭᠠᠯ᠎ᠤᠨ ᠳᠦᠷᠢᠮ᠎ᠢ ᠲᠡᠭᠦᠯᠳᠡᠷᠵᠢᠭᠦᠯᠵᠦ᠍᠂ ᠦᠷᠡᠵᠢᠯ᠎ᠢ ᠳᠡᠮᠵᠢᠬᠦ᠌ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠥᠭ᠌ᠵᠢᠯᠲᠡ᠎ᠶ᠋ᠢ ᠠᠬᠢᠭᠤᠯᠵᠤ᠂ ᠬᠠᠭᠤᠴᠢᠨ᠎ᠳᠤ ᠲᠣᠬᠢᠷᠠᠬᠤ ᠨᠠᠩ ᠲᠣᠬᠢᠷᠠᠮᠵᠢᠲᠠᠶ ᠠᠷᠭ᠎ᠠ ᠬᠡᠮᠵᠢᠶ᠎ᠡ᠎ᠶ᠋ᠢ ᠰᠤᠳᠤᠯᠤᠨ ᠲᠣᠭ᠍ᠲᠠᠭᠠᠨ᠎ᠠ᠃ ᠳᠥᠷᠪᠡ᠎ᠳᠤ᠂ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠬᠥᠭ᠌ᠵᠢᠯᠲᠡ᠎ᠶ᠋ᠢ ᠳᠡᠮᠵᠢᠵᠦ᠍᠂ ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢ ᠪᠦᠷᠢᠨᠱᠢᠭᠦᠯᠬᠦ᠌ ᠬᠡᠷᠡᠭ᠌ᠲᠡᠶ᠃ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠭᠠᠷᠴᠠᠭ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ ᠬᠢᠭᠡᠳ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠶᠢ ᠵᠣᠯᠭᠠᠭᠤᠯᠵᠤ ᠬᠠᠷᠢᠯᠴᠠᠨ ᠨᠥᠬᠦᠪᠥᠷᠢᠯᠡᠬᠦ᠂ ᠵᠦᠷᠢᠶᠡᠴᠢᠯᠡᠭ᠌ᠰᠡᠨ ᠬᠥᠭ᠌ᠵᠢᠯᠲᠡ᠎ᠶ᠋ᠢ ᠳᠡᠮᠵᠢᠨ ᠬᠥᠲᠥᠯᠦᠨ ᠵᠢᠯᠣᠭᠤᠳᠤᠨ᠎ᠠ᠃ ᠲᠠᠪᠤ᠎ᠳᠤ᠂ 《 ᠭᠤᠷᠪᠠᠨ ᠡᠮᠨᠡᠯᠭᠡ 》᠎ᠶ᠋ᠢᠨ ᠬᠠᠮᠵᠢᠯᠴᠠᠭ᠎ᠠ᠎ᠶ᠋ᠢ ᠠᠬᠢᠭᠤᠯᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ᠃ ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠬᠠᠮᠢᠶᠠᠷᠤᠯᠲᠠ᠎ᠶ᠋ᠢᠨ ᠱᠢᠨ᠎ᠡ ᠲᠣᠭ᠍ᠲᠠᠴᠠ᠎ᠶ᠋ᠢ ᠪᠠᠢᠭᠤᠯᠵᠤ᠂ ᠡᠮᠴᠢᠯᠡᠭᠡᠨ᠎ᠤ ᠪᠠᠲᠤᠯᠠᠭ᠎ᠠ᠎ᠶᠢᠨ ᠥᠭᠬᠦ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠨᠢᠭ᠍ᠲᠠ ᠬᠡᠯᠪᠡᠷᠢ᠎ᠶ᠋ᠢᠨ ᠱᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ᠎ᠶ᠋ᠢᠨ ᠴᠣᠭ᠍ᠴᠠ᠎ᠶ᠋ᠢᠨ ᠳᠠᠭᠠᠭᠠᠴᠢᠯᠠᠨ ᠰᠦᠢᠳᠭᠡᠯ ᠲᠤᠱᠢᠶᠠᠬᠤ᠎ᠶ᠋ᠢ ᠠᠬᠢᠭᠤᠯᠵᠤ᠂ ᠡᠮ᠎ᠤᠨ ᠵᠦᠢᠯ᠎ᠤᠨ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠴᠢᠨᠠᠷ ᠴᠢᠨᠰᠠᠭ᠎ᠠ᠎ᠶᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠬᠦ᠌ ᠪᠠ ᠦᠨ᠎ᠡ ᠬᠠᠩᠰᠢ᠎ᠶ᠋ᠢ ᠵᠠᠰᠠᠬᠤ᠎ᠶ᠋ᠢ ᠠᠬᠢᠭᠤᠯᠤᠨ᠎ᠠ᠃ ᠵᠢᠷᠭᠤᠭ᠎ᠠ᠎ᠳᠤ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢᠨ ᠠᠵᠢᠯᠯᠠᠭᠠᠨ᠎ᠤ ᠬᠠᠮᠢᠶᠠᠷᠤᠯᠲᠠ᠎ᠶ᠋ᠢ ᠴᠢᠩᠭᠠᠳᠭᠠᠵᠤ᠂ ᠰᠠᠭᠤᠷᠢ ᠮᠥᠩᠭᠦ᠎ᠶ᠋ᠢᠨ ᠠᠮᠤᠷ ᠲᠦᠪᠱᠢᠨ ᠵᠦᠶ ᠵᠣᠬᠢᠰᠲᠠᠶ ᠬᠡᠷᠡᠭ᠌ᠯᠡᠯᠲᠡ᠎ᠶ᠋ᠢ ᠪᠠᠲᠤᠯᠠᠬᠤ ᠬᠡᠷᠡᠭ᠌ᠲᠡᠶ᠃ ᠰᠠᠯᠠᠭ᠎ᠠ ᠮᠥᠴᠢᠷ ᠠᠯᠤᠰᠯᠠᠭ᠍ᠰᠠᠨ ᠬᠠᠮᠵᠢᠯᠴᠠᠨ ᠬᠠᠮᠲᠤᠷᠠᠯᠴᠠᠬᠤ᠎ᠶ᠋ᠢ ᠴᠢᠩᠭᠠᠳᠭᠠᠵᠤ᠂ ᠰᠠᠭᠤᠷᠢ ᠮᠥᠩᠭᠦᠨ᠎ᠤ ᠬᠢᠨᠠᠯᠲᠠ ᠬᠠᠮᠢᠶᠠᠷᠤᠯᠲᠠ᠎ᠶ᠋ᠢ ᠪᠠᠢᠩᠭᠤᠵᠢᠭᠤᠯᠬᠤ᠂ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠢᠯᠭᠠᠬᠤ᠎ᠶ᠋ᠢ ᠠᠬᠢᠭᠤᠯᠬᠤ ᠬᠡᠷᠡᠭ᠌ᠲᠡᠢ᠃ ᠰᠠᠭᠤᠷᠢ ᠮᠥᠩᠭᠦ᠎ᠶ᠋ᠢᠨ ᠠᠵᠢᠯᠯᠠᠭᠠᠨ᠎ᠤ ᠵᠠᠳᠠᠯᠤᠯᠲᠠ᠎ᠶ᠋ᠢ ᠰᠠᠢᠲᠤᠷ ᠬᠢᠵᠦ᠍᠂ ᠪᠡᠯᠡ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃ ᠡᠮᠴᠢᠯᠡᠭᠡᠨ᠎ᠦ ᠪᠠᠲᠤᠯᠠᠭ᠎ᠠ᠎ᠶᠢᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠣᠯᠠᠨ ᠲᠦᠮᠡᠨ᠎ᠤ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠬᠤ᠎ᠳᠤ ᠳᠥᠭᠦᠮ ᠦᠵᠡᠭᠦᠯᠦᠨ᠎ᠡ᠃ ᠲᠤᠯᠤᠭ᠎ᠠ᠎ᠳᠤ᠂ ᠬᠠᠮᠢᠶᠠᠷᠤᠯᠲᠠ ᠦᠢᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠡᠮᠴᠢᠯᠡᠭᠡᠨ᠎ᠦ ᠪᠠᠲᠤᠯᠠᠭ᠎ᠠ᠎ᠶᠢᠨ ᠭᠠᠷᠲᠠᠨ ᠭᠦᠢᠴᠡᠳᠭᠡᠬᠦ᠌ ᠠᠵᠢᠯ᠎ᠤᠨ ᠴᠢᠨᠠᠷ ᠴᠢᠨᠰᠠᠭ᠎ᠠ᠎ᠶᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠢᠭᠡᠳᠦᠯᠲᠡᠶ ᠲᠥᠯᠥᠪᠯᠡᠬᠦ᠌᠎ᠯᠦᠭᠡ ᠬᠠᠷᠢᠯᠴᠠᠨ ᠲᠣᠬᠢᠷᠠᠯᠴᠠᠭ᠍ᠰᠠᠨ ᠭᠠᠷᠲᠠᠨ ᠭᠦᠢᠴᠡᠳᠭᠡᠬᠦ᠌ ᠦᠢᠯᠡᠴᠢᠯᠡᠭᠡᠨ᠎ᠤ ᠲᠣᠭᠲᠠᠯᠴᠠᠭ᠎ᠠ᠎ᠶ᠋ᠢ ᠪᠠᠢᠭᠤᠯᠵᠤ᠂ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ 《 ᠭᠤᠷᠪᠠᠨ ᠳ᠋ᠦᠩᠨᠡᠨ ᠪᠤᠳᠤᠬᠤ 》᠎ᠶ᠋ᠢ ᠠᠬᠢᠭᠤᠯᠤᠨ ᠬᠡᠪᠴᠢᠶ᠎ᠡ᠎ᠶ᠋ᠢ ᠥᠷᠭᠡᠳᠭᠡᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠮᠡᠳᠡᠭᠡ ᠵᠠᠩᠭᠢ᠎ᠶ᠋ᠢᠨ ᠲᠠᠪᠴᠠᠩ᠎ᠤᠨ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠦᠨ᠂ ᠦᠢᠯᠡᠴᠢᠯᠡᠭᠡᠨ᠎ᠤ ᠬᠢᠷᠢ ᠲᠦᠪᠱᠢᠨ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠦᠨ᠎ᠡ᠃ ᠨᠠᠢ᠍ᠮᠠ᠎ᠳᠤ᠂ ᠳ᠋ᠠᠢ᠌ᠲ᠋ᠠ᠎ᠶ᠋ᠢᠨ ᠬᠦᠴᠦᠨ ᠨᠡᠮᠡᠷᠢᠯᠡᠬᠦ᠎ᠶ᠋ᠢ ᠴᠢᠩᠭᠠᠳᠭᠠᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠮᠡᠳᠡᠭᠡ ᠵᠠᠩᠭᠢᠵᠢᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠡᠮᠴᠢᠯᠡᠭᠡᠨ᠎ᠤ ᠪᠠᠲᠤᠯᠠᠭ᠎ᠠ᠎ᠶᠢᠨ ᠮᠡᠳᠡᠭᠡ ᠵᠠᠩᠭᠢ᠎ᠶ᠋ᠢᠨ ᠲᠠᠪᠴᠠᠩ᠎ᠤᠨ ᠲᠤᠯᠭᠠᠭᠤᠷᠢᠯᠠᠵᠤ ᠬᠥᠲᠥᠯᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠣᠶᠤᠨᠴᠢ ᠡᠮᠴᠢᠯᠡᠭᠡᠨ᠎ᠤ ᠪᠠᠲᠤᠯᠠᠭ᠎ᠠ᠎ᠶᠢᠨ ᠱᠢᠨ᠎ᠡ᠎ᠶ᠋ᠢ ᠡᠭᠦᠳᠬᠦ᠌ ᠬᠡᠷᠡᠭ᠌ᠯᠡᠭᠡᠨ᠎ᠤ ᠲᠤᠷᠱᠢᠯᠲᠠ᠎ᠶ᠋ᠢᠨ ᠲᠠᠰᠤᠭ᠎ᠢ ᠪᠠᠢᠭᠤᠯᠤᠨ᠂ ᠡᠮᠴᠢᠯᠡᠭᠡᠨ᠎ᠤ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡ᠎ᠶ᠋ᠢ ᠪᠥᠲᠥᠭᠡᠨ ᠪᠠᠢᠭᠤᠯᠵᠤ᠂ ᠡᠮᠴᠢᠯᠡᠭᠡᠨ᠎ᠤ ᠪᠠᠲᠤᠯᠠᠭ᠎ᠠ᠎ᠶᠢᠨ ᠮᠡᠳᠡᠭᠡ ᠵᠠᠩᠭᠢ᠎ᠶ᠋ᠢᠨ ᠲᠠᠪᠴᠠᠩ᠎ᠤᠨ ᠠᠢᠮᠠᠭ ᠬᠤᠲᠠ᠎ᠶ᠋ᠢᠨ ᠲᠤᠰᠭᠠᠶ ᠲᠣᠭᠤᠷᠢᠭ᠎ᠢ ᠰᠠᠢᠲᠤᠷ ᠬᠡᠷᠡᠭ᠌ᠯᠡᠵᠦ᠍᠂ ᠡᠮᠴᠢᠯᠡᠭᠡᠨ᠎ᠤ ᠪᠠᠲᠤᠯᠠᠭ᠎ᠠ᠎ᠶᠢᠨ ᠡᠯ᠎ᠡ ᠵᠦᠢᠯ᠎ᠤᠨ ᠠᠵᠢᠯ᠎ᠤᠨ ᠴᠢᠨᠠᠷ ᠴᠢᠨᠰᠠᠭ᠎ᠠ᠎ᠶᠢ ᠳᠡᠭᠡᠭ᠌ᠰᠢᠯᠡᠭᠦᠯᠦᠨ ᠦᠷ᠎ᠡ ᠠᠱᠢᠭ᠎ᠢᠨᠡᠮᠡᠭᠳᠡᠭᠦᠯᠬᠦ ᠬᠡᠷᠡᠭᠲᠡᠢ ᠭᠡᠵᠦ᠍ ᠱᠠᠭᠠᠷᠳᠠᠪᠠ᠃

  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ ᠎ᠦ ᠪᠠᠲᠤᠯᠠᠭ᠎ᠠ᠎ᠶᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠤᠤ ᠮᠧᠩ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶᠠᠨ᠎ᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠯᠢᠦ ᠵᠢᠶᠠᠨ ᠭᠠᠩ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ ᠎ᠦ ᠪᠠᠲᠤᠯᠠᠭ᠎ᠠ᠎ᠶᠢᠨ ᠲᠣᠪᠴᠢᠶ᠎ᠠ᠎ᠶ᠋ᠢᠨ ᠤᠳᠤᠷᠢᠳᠭᠤ ᠪᠠᠭ᠎ᠤᠨ ᠭᠡᠰᠢᠭᠦᠨ᠂ ᠬᠤᠶᠠᠳᠤᠭᠠᠷ ᠳᠡᠰ᠎ᠤᠨ ᠲᠣᠭᠤᠷᠢᠨ ᠪᠠᠢᠴᠠᠭᠠᠭ᠍ᠴᠢ ᠬᠤᠷᠠᠯ᠎ᠳᠤ ᠣᠷᠣᠯᠴᠠᠪᠠ᠃ ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠬᠤᠯᠪᠣᠭ᠍ᠳᠠᠯ ᠪᠥᠬᠦᠶ ᠨᠥᠬᠦᠳ᠂ ᠡᠳ᠋᠎ᠤᠨ ᠵᠠᠰᠠᠭ᠎ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠨᠥᠬᠦᠳ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠶ᠋ᠢᠨ ᠡᠯ᠎ᠡ ᠭᠠᠵᠠᠷ ᠠᠯᠪᠠᠨ ᠬᠡᠷ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠦᠳ᠂ ᠬᠡᠰᠡᠭ ᠭᠤᠷᠪᠠᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠂ ᠬᠤᠳᠠᠯᠳᠤᠭᠠᠨ᠎ᠤ ᠳᠠᠭᠠᠳᠭᠠᠯ᠎ᠤᠨ ᠺᠣᠮᠫᠠᠨᠢ᠂ ᠡᠮ᠎ᠤᠨ ᠵᠦᠢᠯ᠎ᠢ ᠵᠢᠵᠢᠭ᠌ᠯᠡᠨ ᠬᠤᠳᠠᠯᠳᠤᠬᠤ ᠠᠵᠢᠯ ᠲᠥᠷᠥᠯ᠎ᠤᠨ ᠲᠥᠯᠥᠭᠡᠯᠡᠭ᠌ᠴᠢ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            