ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶ᠎ᠠ 12 ᠰᠠᠷ᠎ᠠ᠎ᠶ᠋ᠢᠨ 25 ᠤ᠋ ᠡᠳᠦᠷ ᠬᠤᠷᠠᠯ ᠬᠤᠷᠠᠯᠳᠤᠭᠤᠯᠵᠤ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ 2026 ᠣᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠠᠵᠢᠯ᠎ᠢ ᠰᠤᠳᠤᠯᠤᠨ ᠪᠠᠢᠷᠢᠯᠠᠭᠤᠯᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠬᠤᠷᠠᠯ᠎ᠢ ᠡᠷᠬᠢᠯᠡᠵᠡᠢ᠃
ᠬᠤᠷᠠᠯ ᠡᠴᠡ᠂ 2025 ᠣᠨ᠎ᠳᠦ᠂ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ ᠪᠣᠯᠤᠨ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ᠎ᠵᠢᠨ᠎ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠶ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌ ᠳᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠬᠢᠭᠡᠳ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠦᠷᠭᠦᠯᠵᠢᠯᠡᠨ ᠠᠬᠢᠭᠤᠯᠵᠤ᠂ 《ᠬᠣᠶᠠᠷ᠎ᠢ ᠬᠠᠮᠠᠭᠠᠯᠠᠬᠤ》᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠢᠯᠵᠢᠷᠠᠯ᠎ᠢ ᠡᠰᠡᠷᠭᠦᠴᠡᠬᠦ ᠰᠦᠷ ᠬᠦᠴᠦᠳᠤ ᠪᠠᠢᠳᠠᠯ᠎ᠢ ᠪᠠᠲᠤᠯᠠᠨ᠂ ᠲᠦᠪ ᠪᠤᠰᠤ ᠰᠤᠷᠲᠠᠯ ᠬᠢᠬᠡᠳ ᠢᠯᠵᠢᠷᠡᠯ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ ᠠᠵᠢᠯ᠎ᠢ ᠭᠦᠨᠵᠡᠭᠡᠢ ᠠᠬᠢᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠡᠷᠡᠰ ᠴᠡᠭ᠌ᠴᠡᠯᠡᠨ ᠵᠠᠰᠠᠵᠤ᠂ ᠮᠤᠵᠢ ᠣᠷᠣᠨ ᠬᠣᠲᠠ᠎ᠳᠤ ᠲᠣᠭᠣᠷᠢᠨ ᠪᠠᠢᠴᠠᠭᠠᠬᠤ᠎ᠶᠢ ᠪᠦᠬᠦᠨ᠎ᠢ ᠪᠦᠷᠬᠦᠬᠦᠯᠬᠦ᠎ᠶ᠋ᠢ ᠪᠡᠶᠡᠯᠡᠭᠦᠯᠵᠦ᠂ ᠨᠠᠮ ᠪᠠ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ᠎ᠢ ᠲᠡᠭᠦᠯᠳᠡᠷᠵᠢᠭᠦᠯᠬᠦ᠌᠎ᠶ᠋ᠢ ᠠᠬᠢᠭᠤᠯᠤᠨ᠂ 《ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ ᠬᠠᠤᠯᠢᠵᠢᠭᠤᠯᠬᠤ ᠵᠢᠩᠬᠢᠨᠢᠴᠢᠯᠡᠬᠦ᠌ ᠪᠠᠢᠭᠤᠯᠤᠯᠲᠠ᠎ᠶ᠋ᠢᠨ ᠣᠨ》᠎ᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠤᠯᠵᠠᠢ ᠭᠡᠵᠦ ᠵᠢᠭᠠᠵᠤ ᠭᠠᠷᠭᠠᠪᠠ᠃
ᠬᠤᠷᠠᠯ ᠡᠴᠡ᠂ 2026 ᠣᠨ᠎ᠳᠤ᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠬᠣᠶᠠᠷ᠎ᠢ ᠲᠤᠭᠳᠠᠭᠠᠭᠰᠠᠨ》᠎ᠤ ᠱᠢᠢᠳᠪᠦᠷᠢᠯᠡᠬᠦ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠵᠦ᠍᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠠᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠢᠨ ᠲᠤᠭᠤᠷᠢᠨᠳᠦᠤᠯᠤᠰ ᠲᠦᠷᠦ᠍᠎ᠶ᠋ᠢᠨ ᠬᠢᠨᠠᠯᠲᠠ ᠲᠠᠯᠪᠢᠬᠤ᠎ᠶ᠋ᠢ ᠭᠦᠨᠵᠡᠭᠡᠢ ᠪᠥᠭᠡᠳ ᠪᠣᠳᠠᠲᠠᠢ ᠬᠢᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠠᠮᠵᠢᠯᠳᠠ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠠᠬᠢᠭᠤᠯᠵᠤ᠂ ᠨᠠᠮ᠎ᠤᠨ ᠲᠥᠪ ᠬᠤᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠦᠨᠡᠨᠬᠦ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠡᠩ ᠤᠯᠠᠨ ᠮᠡᠳᠡᠷᠠᠵᠤ ᠲᠡᠢᠯᠬᠦ ᠨᠢᠳᠤᠨ᠎ᠳᠤ ᠦᠵᠡᠭᠳᠡᠬᠦ ᠦᠷ᠎ᠡ ᠪᠦᠲᠦᠭᠡᠯ᠎ᠢᠶᠡᠷ ᠤᠯᠠᠨ ᠲᠦᠮᠡᠨ᠎ᠦ ᠢᠲᠡᠭᠡᠯ᠎ᠢ ᠣᠯᠬᠤ ᠬᠡᠷᠡᠭᠳᠡᠢ᠃ ᠡᠷᠬᠡ᠎ᠶ᠋ᠢ ᠲᠦᠷᠢᠮ᠎ᠦᠨ ᠱᠢᠩᠭᠡᠯᠢᠭ᠎ᠲᠦ ᠬᠣᠷᠢᠵᠤ᠂ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌ ᠳᠤ ᠭᠢᠨᠠᠯᠳᠠ ᠲᠠᠯᠪᠢᠵᠤ ᠬᠠᠷᠢᠭᠤᠴᠠᠯᠭ᠎ᠠ ᠲᠤᠯᠭᠠᠬᠤ᠎ᠶ᠋ᠢ ᠴᠢᠩᠭᠠᠳᠭᠠᠵᠤ᠂ ᠲᠦᠷᠢᠮ᠎ᠢ ᠬᠡᠷᠡᠭ᠌ᠵᠢᠭᠦᠯᠬᠦ᠌ ᠬᠦᠴᠦᠨ᠎ᠢ ᠦᠨᠡᠨ ᠬᠦ᠌ ᠴᠢᠩᠭᠠᠳᠬᠠᠬᠤ ᠬᠡᠷᠡᠭᠳᠡᠢ᠃ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠵᠤ᠂ ᠡᠬᠦᠷᠢᠳᠡ ᠵᠣᠭ᠍ᠰᠣᠰᠢ ᠦᠭᠡᠢ᠂ ᠦᠴᠦᠬᠡᠨ ᠲᠡᠳᠦᠢ ᠨᠡᠢᠷ ᠲᠠᠯᠪᠢᠬᠤ ᠦᠭᠡᠢ ᠪᠠᠢᠵᠤ᠂ ᠦᠨᠭ᠌ᠭᠡᠨ ᠲᠠᠯ᠎ᠠ ᠪᠠ ᠦᠨᠳᠦᠰᠦᠡ ᠡᠴᠡ ᠨᠢ ᠵᠡᠷᠭᠡ᠎ᠪᠡᠷ ᠵᠠᠰᠠᠬᠤ᠎ᠶ᠋ᠢ ᠭᠦᠨᠵᠡᠭᠡᠢᠷᠡᠭᠦᠯᠵᠤ᠂ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠢᠯᠵᠢᠷᠠᠯ᠎ᠢ ᠵᠠᠰᠠᠬᠤ ᠶᠡᠷᠦᠩᠬᠡᠢᠯᠡᠭ᠌ᠰᠡᠨ ᠦᠢᠯᠡᠳᠦᠯ ᠴᠢᠳᠠᠪᠤᠷᠢ᠎ᠶ᠋ᠢ ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠳᠡᠢ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ ᠬᠠᠤᠯᠢᠵᠢᠭᠤᠯᠬᠤ ᠵᠢᠩᠬᠢᠨᠢᠴᠢᠯᠡᠬᠦ᠌ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠡᠮᠦᠷ ᠴᠡᠷᠢᠭ᠎ᠢ ᠬᠦᠴᠦᠯᠡᠨ ᠲᠠᠪᠳᠠᠨ ᠪᠣᠯᠪᠠᠰᠤᠷᠠᠭᠤᠯᠬᠤ ᠬᠡᠷᠡᠭᠳᠡᠢ ᠭᠡᠵᠤ ᠴᠢᠬᠤᠯᠠᠴᠢᠯᠠᠪᠠ᠃
ᠡᠭᠦᠨ᠎ᠡᠴᠡ ᠡᠮᠦᠨ᠎ᠡ᠂ ᠶᠡᠷᠦᠩᠬᠡᠢ ᠱᠦᠵᠢ ᠰᠢ᠎ᠵᠢᠨ᠎ᠫᠢᠩ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠡ᠎ᠶᠢᠨ ᠪᠠᠢᠩᠭᠤ᠎ᠶ᠋ᠢᠨ ᠬᠤᠷᠢᠶ᠎ᠠ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠡ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ 2025 ᠣᠨ᠎ᠤ ᠠᠵᠢᠯ᠎ᠤᠨ ᠪᠠᠢᠳᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠲᠠᠪᠤᠳᠤᠭᠠᠷ ᠤᠳᠠᠭ᠎ᠠ ᠵᠢᠨ ᠪᠦᠬᠦᠳᠡ ᠬᠤᠷᠠᠯ᠎ᠤᠨ ᠪᠡᠯᠡᠳᠭᠡᠯ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃
ᠬᠤᠷᠠᠯ᠎ᠡᠴᠡ ᠢᠷᠡᠬᠦ ᠵᠢᠯ᠎ᠦᠨ 1 ᠰᠠᠷ᠎ᠠ᠎ᠶ᠋ᠢᠨ 12 ᠡᠴᠡ 14 ᠤ᠋ ᠡᠳᠦᠷ ᠪᠣᠯᠲᠠᠯ᠎ᠠ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠲᠠᠪᠤᠳᠤᠭᠠᠷ ᠤᠳᠠᠭ᠎ᠠ ᠵᠢᠨ ᠪᠦᠭᠦᠳᠡ ᠬᠤᠷᠠᠯ᠎ᠢ ᠬᠤᠷᠠᠯᠳᠤᠭᠤᠯᠬᠤ᠎ᠶ᠋ᠢ ᠵᠥᠪᠱᠢᠶᠡᠷᠡᠪᠡ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃