ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠌ ᠪᠣᠯ ᠣᠯᠠᠨ ᠲᠦᠮᠡᠨ᠎ᠤ ᠡᠷᠡᠭᠦᠯ ᠮᠡᠨᠳᠦ᠍᠎ᠶ᠋ᠢ ᠬᠠᠮᠠᠭᠠᠯᠠᠬᠤ 《 ᠠᠮᠢ ᠠᠪᠤᠷᠠᠬᠤ ᠵᠣᠭᠤᠰ 》 ᠮᠥᠨ᠂ ᠲᠡᠭᠦᠨ᠎ᠤ ᠠᠮᠤᠷ ᠲᠦᠪᠱᠢᠨ᠎ᠢᠶᠠᠷ ᠠᠵᠢᠯᠯᠠᠬᠤ᠎ᠨᠢ ᠥᠷᠭᠡᠨ ᠣᠯᠠᠨ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠤ ᠠᠮᠢ ᠪᠡᠶ᠎ᠡ᠎ᠶ᠋ᠢᠨ ᠠᠱᠢᠭ ᠲᠤᠰᠠᠲᠠᠢ ᠱᠢᠭᠤᠳ ᠬᠤᠯᠪᠣᠭ᠍ᠳᠠᠵᠤ ᠪᠠᠢᠳᠠᠭ᠃ ᠣᠳᠣᠬᠠᠨ᠎ᠳᠤ᠂ ᠬᠡᠰᠡᠭ ᠳᠠᠭᠠᠳᠭᠠᠯ᠎ᠳᠤ ᠣᠷᠣᠯᠴᠠᠭ᠍ᠰᠠᠳ ᠡᠭᠦᠳᠡᠨ ᠡᠮᠨᠡᠯᠭᠡ᠎ᠶ᠋ᠢᠨ ᠣᠨᠴᠠᠭᠠᠶ ᠡᠪᠡᠳᠴᠢᠨ ᠡᠮᠭᠡᠭ᠎ᠤᠨ ᠬᠠᠷᠠᠭ᠋ᠠᠯᠵᠠᠯ᠂ ᠬᠤᠳᠠᠯ ᠬᠠᠭᠤᠷᠮᠠᠭ᠎ᠢᠶᠠᠷ ᠡᠮ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠂ ᠪᠠᠢᠭᠤᠯᠤᠮᠵᠢ ᠠᠯᠤᠰᠯᠠᠨ ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠤᠨ ᠠᠪᠬᠤ ᠵᠡᠷᠭᠡ ᠠᠷᠭ᠎ᠠ ᠪᠠᠷᠢᠯ᠎ᠢ ᠠᠱᠢᠭ᠍ᠯᠠᠨ᠂ ᠴᠢᠨᠠᠭ᠍ᠰᠢᠯᠠᠪᠠᠯ 《 ᠡᠮ᠎ᠤᠨ ᠫᠠᠨᠽᠠᠴᠢᠨ 》᠂ ᠡᠮᠴᠢ ᠰᠤᠪᠢᠯᠠᠭ᠍ᠴᠢᠳ ᠰᠦᠯᠪᠡᠭᠡᠯᠡᠵᠦ᠍ ᠪᠠᠢᠭᠠᠳ ᠪᠦᠯᠬᠦᠮ ᠪᠠᠢᠭᠤᠯᠵᠤ᠂ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠶ᠋ᠯ᠎ᠢ ᠠᠱᠢᠭ ᠤᠯᠬᠤ ᠪᠠᠭᠠᠵᠢ ᠪᠣᠯᠭᠠᠨ ᠬᠤᠪᠢᠷᠠᠭᠤᠯᠵᠤ᠂ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠬᠦᠨᠳᠦ ᠨᠣᠴᠢᠲᠠᠶ ᠢᠳᠡᠭ᠌ᠳᠡᠭᠦᠯᠵᠦ᠍᠂ ᠡᠮᠴᠢᠯᠡᠭᠡᠨ᠎ᠤ ᠳᠠᠭᠠᠳᠭᠠᠯ᠎ᠤᠨ ᠡᠮᠬᠢ ᠵᠢᠷᠤᠮ᠎ᠢ ᠡᠪᠳᠡᠪᠡ᠃ ᠬᠡᠷᠡᠭ᠎ᠢᠶᠠᠷ ᠬᠠᠤᠯᠢ᠎ᠶ᠋ᠢ ᠲᠠᠢᠯᠪᠤᠷᠢᠯᠠᠵᠤ᠂ ᠬᠡᠷᠡᠭ᠎ᠢᠶᠠᠷ ᠰᠡᠷᠡᠮᠵᠢᠯᠡᠭᠦᠯᠬᠦ᠌᠎ᠶ᠋ᠢᠨ ᠲᠥᠯᠥᠭᠡ᠂ ᠳᠠᠭᠠᠳᠭᠠᠯ᠎ᠳᠤ ᠣᠷᠣᠯᠴᠠᠭ᠍ᠰᠠᠳ᠎ᠢ ᠬᠥᠲᠥᠯᠥᠨ ᠵᠢᠯᠣᠭᠤᠳᠴᠤ᠌ ᠪᠠᠢᠭᠠᠳ ᠤᠬᠠᠮᠰᠠᠷ᠎ᠠᠴᠠ᠎ᠪᠠᠨ ᠬᠠᠤᠯᠢ᠎ᠶ᠋ᠢ ᠰᠠᠬᠢᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠣᠨᠣᠱᠢᠯᠠᠨ ᠡᠮᠨᠡᠬᠦ᠌ ᠦᠢᠯᠡᠴᠢᠯᠡᠭᠡ᠎ᠶ᠋ᠢ ᠵᠢᠷᠤᠮᠵᠢᠭᠤᠯᠬᠤ᠎ᠶ᠋ᠢ ᠱᠢᠮᠳᠠᠭᠤᠯᠵᠤ᠂ ᠪᠥᠬᠦ᠌ ᠨᠡᠢᠭᠡᠮ᠎ᠢᠶᠠᠷ᠎ᠢᠶᠠᠨ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠬᠠᠮᠲᠤ᠎ᠪᠠᠷ ᠰᠠᠬᠢᠨ ᠬᠠᠮᠠᠭᠠᠯᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ᠎ᠶ᠋ᠢ ᠠᠬᠢᠭᠤᠯᠵᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠠᠴᠠ ᠭᠤᠷᠪᠠᠳᠤᠭᠠᠷ ᠬᠤᠭᠤᠴᠠᠭᠠᠨ᠎ᠤ 5 ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠮᠡᠬᠡᠯᠡᠨ ᠠᠪᠤᠭ᠍ᠰᠠᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠪᠡ᠃
ᠬᠡᠷᠡᠭ᠎ᠦ᠋ᠨ ᠵᠢᠱ᠌ᠢᠶ᠎ᠡ ᠨᠢᠭᠡ ᠶᠦᠨᠨᠠᠨ ᠮᠣᠵᠢ᠎ᠶᠢᠨ ᠯᠢᠵᠢᠶᠠᠩ ᠬᠣᠲᠠ᠎ᠶᠢᠨ ᠳᠠᠭᠠᠳᠭᠠᠯ᠎ᠳ᠋ᠤ ᠣᠷᠣᠯᠴᠠᠭᠴᠢ ᠯᠦᠸᠧ ᠣᠪᠣᠭ᠍ᠲᠤ ᠲᠣᠭ᠍ᠲᠠᠭᠠᠯ᠎ᠠ᠋ᠴᠠ ᠵᠥᠷᠢᠴᠡᠨ ᠡᠮ ᠬᠤᠳᠠᠯᠳᠤᠨ ᠠᠪᠤᠭ᠍ᠰᠠᠨ ᠪᠥᠭᠡᠳ ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠥᠩᠭᠥ᠎ᠶᠢ ᠮᠡᠬᠡᠯᠡᠨ ᠠᠪᠤᠭ᠍ᠰᠠᠨ ᠬᠡᠷᠡᠭ
ᠶᠦᠨᠨᠠᠨ ᠮᠣᠵᠢ᠎ᠶᠢᠨ ᠯᠢᠵᠢᠶᠠᠩ ᠬᠣᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠬᠠᠮᠢᠶ᠎ᠠ ᠪᠦᠬᠦᠢ ᠰᠦᠪᠡᠭ᠌ᠴᠢ᠎ᠶᠢ ᠦᠨᠳᠦᠰᠦᠯᠡᠨ ᠲᠤᠰᠭᠠᠢ ᠬᠢᠨᠠᠨ ᠪᠠᠢᠴᠠᠭᠠᠯᠲᠠ ᠬᠢᠬᠦ᠌ ᠦᠶ᠎ᠡ᠎ᠳ᠋ᠤ᠂ ᠯᠢᠵᠢᠶᠠᠩ ᠬᠣᠲᠠ᠎ᠶᠢᠨ ᠨᠢᠩᠯᠠᠩ ᠰᠢᠶᠠᠨ᠎ᠤ᠋ ᠳᠠᠭᠠᠳᠭᠠᠯ᠎ᠳ᠋ᠤ ᠣᠷᠣᠯᠴᠠᠭ᠍ᠴᠢ ᠯᠦᠸᠧ ᠣᠪᠣᠭ᠍ᠲᠤ ᠡᠮ ᠬᠡᠳᠦ ᠬᠤᠳᠠᠯᠳᠤᠨ ᠠᠪᠤᠭ᠍ᠰᠠᠨ ᠬᠡᠪ᠎ᠦ᠋ᠨ ᠪᠤᠰᠤ ᠠᠵᠢᠯᠯᠠᠭ᠎ᠠ ᠣᠷᠣᠰᠢᠵᠤ ᠪᠠᠢᠬᠤ᠎ᠶᠢ ᠣᠯᠵᠤ ᠮᠡᠳᠡᠵᠦ᠂ ᠠᠭᠠᠵᠢᠮ᠎ᠢᠶᠠᠷ ᠭᠦᠨᠵᠡᠭᠡᠢ ᠪᠠᠢᠴᠠᠭᠠᠯᠲᠠ ᠬᠢᠪᠡ᠃ ᠪᠠᠢᠴᠠᠭᠠᠭ᠍ᠰᠠᠨ᠎ᠢᠶᠠᠷ᠂ 2021 ᠣᠨ᠎ᠤ 3 ᠳ᠋ᠤᠭ᠋ᠠᠷ ᠰᠠᠷ᠎ᠠ᠎ᠠᠴᠠ 2023 ᠣᠨ᠎ᠤ 8 ᠳ᠋ᠤᠭ᠋ᠠᠷ ᠰᠠᠷ᠎ᠠ᠎ᠶᠢᠨ ᠬᠤᠭᠤᠴᠠᠭᠠᠨ᠎ᠳᠤ᠂ ᠯᠦᠸᠧ ᠣᠪᠣᠭ᠍ᠲᠤ ᠥᠪᠡᠷ᠎ᠤᠨ ᠡᠷᠬᠡᠲᠡᠨ᠎ᠢᠶᠠᠨ ᠰᠢᠯᠵᠢᠭᠦᠯᠦᠨ ᠣᠷᠭᠤᠭᠤᠯᠬᠤ᠎ᠶᠢ ᠠᠱᠢᠭ᠍ᠯᠠᠨ ᠣᠨᠴᠠᠭᠠᠶ ᠡᠪᠡᠳᠴᠢᠨ᠎ᠤ ᠲᠥᠷᠥᠯ᠎ᠤᠨ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ ᠭᠥᠷᠳᠡᠵᠦ᠍᠂ ᠵᠦᠶ ᠵᠣᠬᠢᠰᠲᠠᠶ ᠡᠮᠨᠡᠨ ᠵᠠᠰᠠᠬᠤ ᠬᠡᠷᠡᠭ᠌ᠴᠡᠭᠡ᠎ᠠᠴᠠ ᠳᠠᠪᠠᠭ᠍ᠰᠠᠨ ᠡᠮ᠎ᠤᠨ ᠵᠦᠢ᠍ᠯ᠎ᠢ ᠬᠤᠳᠠᠯᠳᠤᠬᠤ᠎ᠶ᠋ᠢᠨ ᠬᠠᠮᠲᠤ ᠫᠠᠨᠽᠠᠯᠠᠨ ᠠᠱᠢᠭ ᠣᠯᠵᠤ᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ ᠨᠡᠢᠲᠡ 219.9 ᠲᠦᠮᠡᠨ ᠲᠥᠭᠦᠷᠢᠭ ᠬᠣᠬᠢᠷᠠᠭᠤᠯᠵᠠᠢ᠃
ᠬᠠᠮᠢᠶ᠎ᠠ ᠪᠦᠬᠦᠢ ᠭᠡᠷᠡᠴᠢ ᠪᠠᠷᠢᠮᠲᠠ᠎ᠶ᠋ᠢ ᠬᠢᠨᠠᠨ ᠪᠠᠢᠴᠠᠭᠠᠭ᠍ᠰᠠᠨ᠎ᠤ ᠳᠠᠷᠠᠭ᠎ᠠ᠂ ᠨᠢᠩᠯᠠᠩ ᠱᠢᠶᠠᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠬᠡᠷᠡᠭ᠎ᠤᠨ ᠰᠦᠪᠡᠭ᠌ᠴᠢ᠎ᠶ᠋ᠢ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠬᠡᠷᠡᠭ ᠪᠣᠯᠭᠠᠨ ᠳᠠᠩᠰᠠᠯᠠᠵᠤ ᠲᠠᠩᠨᠠᠨ ᠪᠠᠢᠴᠠᠭᠠᠪᠠ᠃ 2025 ᠣᠨ᠎ᠤ 3 ᠳ᠋ᠤᠭ᠋ᠠᠷ ᠰᠠᠷ᠎ᠠ᠎ᠳᠤ᠂ ᠠᠷᠠᠳ᠎ᠤᠨ ᠱᠢᠭᠦᠬᠦ᠌ ᠬᠤᠷᠢᠶ᠎ᠠ ᠬᠠᠤᠯᠢ ᠶᠣᠰᠣᠭᠠᠷ ᠱᠢᠭᠦᠨ ᠲᠠᠰᠤᠯᠤᠯᠲᠠ ᠭᠠᠷᠭ᠋ᠠᠵᠤ᠄ ᠯᠦᠸᠧ ᠣᠪᠣᠭ᠍ᠲᠤ ᠮᠡᠬᠡᠯᠡᠯ᠎ᠤᠨ ᠶᠠᠯ᠎ᠠ ᠬᠢᠵᠦ᠍᠂ 3 ᠵᠢᠯ ᠬᠤᠭᠤᠴᠠᠭ᠎ᠠ᠎ᠲᠠᠢ ᠬᠤᠷᠢᠬᠤ᠎ᠶᠢᠨ ᠬᠠᠮᠲᠤ ᠠᠷᠠᠳ᠎ᠤᠨ ᠵᠣᠭᠤᠰ᠎ᠢᠶᠠᠷ 10000 ᠲᠥᠭᠦᠷᠢᠭ ᠵᠣᠭᠤᠰ ᠲᠣᠷᠭ᠋ᠠᠨ᠎ᠠ;ᠡᠭᠦᠨ᠎ᠤ ᠬᠠᠮᠲᠤ ᠲᠡᠭᠦᠨ᠎ᠢ ᠵᠠᠷᠯᠢᠭ᠍ᠳᠠᠵᠤ ᠪᠠᠢᠭᠠᠳ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ ᠪᠦᠬᠦ᠌ ᠲᠤᠭ᠎ᠠ᠎ᠪᠠᠷ ᠪᠤᠴᠠᠭᠠᠯᠭᠠᠪᠠ᠃
ᠬᠡᠷᠡᠭ ᠤᠨ ᠵᠢᠱ᠌ᠢᠶ᠎ᠡ ᠬᠤᠶᠠᠷ ᠴᠦᠩᠴᠢᠩ ᠬᠤᠲᠠ᠎ᠶ᠋ᠢᠨ ᠢᠦᠢ᠌ᠵᠦ᠋ᠩ ᠲᠣᠭᠤᠷᠢᠭ᠎ᠤᠨ ᠰᠦᠩ ᠣᠪᠣᠭᠲᠤ ᠬᠥᠬᠡ ᠪᠣᠯᠤᠨ ᠰᠦᠩ ᠣᠪᠣᠭᠲᠤ ᠬᠥᠬᠡᠭᠴᠢᠨ ᠲᠣᠭ᠍ᠲᠠᠭᠠᠯ ᠠᠴᠠ ᠵᠥᠷᠢᠴᠡᠨ ᠬᠡᠮᠵᠢᠶ᠎ᠡ᠎ᠡᠴᠡ ᠬᠡᠲᠦᠷᠡᠭᠦᠯᠦᠨ ᠡᠮ ᠬᠤᠳᠠᠯᠳᠤᠨ ᠠᠪᠤᠭ᠍ᠰᠠᠨ ᠪᠥᠭᠡᠳ ᠡᠮ ᠫᠠᠨᠽᠠᠯᠠᠵᠤ ᠡᠮᠴᠢᠯᠡᠭᠡᠨ᠎ᠦ ᠳᠠᠭ᠋ᠠᠳᠬᠠᠯ᠎ᠤᠨ ᠰᠠᠭᠤᠷᠢ ᠮᠥᠩᠭᠥ ᠮᠡᠬᠡᠯᠡᠭᠰᠡᠨ ᠬᠡᠷᠡᠭ
ᠴᠦᠩᠴᠢᠩ ᠬᠣᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠣᠯᠠᠨ ᠲᠦᠮᠡᠨ᠎ᠦ᠌ ᠢᠯᠡᠴᠢᠯᠡᠨ ᠮᠡᠳᠡᠭᠦᠯᠦᠭ᠌ᠰᠡᠨ᠂ ᠢᠦᠢ ᠵᠦᠩ ᠲᠣᠭᠣᠷᠢᠭ᠎ᠤ᠋ᠨ ᠳᠠᠭᠠᠳᠭᠠᠯ᠎ᠳ᠋ᠤ ᠣᠷᠣᠯᠴᠠᠭᠴᠢ ᠰᠥᠩ ᠣᠪᠣᠭ᠍ᠲᠤ ᠤᠷᠲᠤ ᠬᠤᠭᠤᠴᠠᠭ᠎ᠠ᠎ᠪᠠᠷ ᠣᠯᠠᠨ ᠪᠠᠢᠭᠤᠯᠤᠮᠵᠢᠠ᠋ᠴᠠ ᠬᠡᠮᠵᠢᠶ᠎ᠡ᠎ᠡᠴᠡ ᠬᠡᠲᠦᠷᠡᠭᠦᠯᠦᠨ ᠡᠮ ᠬᠤᠳᠠᠯᠳᠤᠨ ᠠᠪᠴᠤ᠌᠂ ᠡᠮᠴᠢᠯᠡᠭᠡᠨ᠎ᠦ ᠳᠠᠭᠠᠳᠭᠠᠯ᠎ᠤ᠋ᠨ ᠡᠮ᠎ᠦ᠋ᠨ ᠵᠦᠢᠯ᠎ᠢ᠋ ᠫᠠᠨᠽᠠᠯᠠᠭᠰᠠᠨ ᠨᠢ ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠥᠩᠭᠥ᠎ᠶᠢ ᠮᠡᠬᠡᠯᠡᠨ ᠠᠪᠤᠭ᠍ᠰᠠᠨ ᠬᠡᠷᠡᠭ᠎ᠲᠦ᠍ ᠬᠣᠯᠪᠣᠭᠳᠠᠬᠤ ᠲᠤᠰᠬᠠᠯ᠎ᠢ ᠬᠦᠯᠢᠶᠡᠨ ᠠᠪᠴᠠᠢ᠃ ᠢᠦᠢ᠌ᠵᠦ᠋ᠩ ᠲᠣᠭᠣᠷᠢᠭ᠎ᠤ᠋ᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠳᠠᠷᠤᠢ ᠲᠦᠷᠭᠡᠨ ᠲᠣᠭᠣᠷᠢᠭ᠎ᠤ᠋ᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠲᠠᠢ ᠬᠠᠮᠲᠤᠷᠠᠨ ᠭᠦᠨᠵᠡᠭᠡᠢ ᠪᠠᠢᠴᠠᠭᠠᠯᠲᠠ ᠥᠷᠨᠢᠭᠦᠯᠪᠡ᠃ ᠪᠠᠢᠴᠠᠭᠠᠭ᠍ᠰᠠᠨ᠎ᠢᠶᠠᠷ᠂ 2023 ᠣᠨ᠎ᠤ 1 ᠳ᠋ᠤᠭᠡᠷ ᠰᠠᠷ᠎ᠠ᠎ᠠᠴᠠ ᠨᠠᠭ᠋ᠠᠰᠢ᠂ ᠰᠥᠩ ᠣᠪᠣᠭᠲᠤ ᠬᠥᠬᠡ ᠲᠤᠰ ᠬᠦᠮᠦᠨ ᠵᠢᠴᠢ ᠠᠬ᠎ᠠ ᠰᠥᠩ ᠣᠪᠣᠭᠲᠤ ᠬᠥᠬᠡᠭᠴᠢᠨᠦ ᠡᠭᠦᠳᠡᠨ ᠡᠮᠨᠡᠯᠭᠡ᠎ᠶ᠋ᠢᠨ ᠣᠨᠴᠠᠭᠠᠶ ᠡᠪᠡᠳᠴᠢᠨ ᠡᠮᠭᠡᠭ᠎ᠤᠨ ᠡᠮᠴᠢᠯᠡᠭᠡᠨ᠎ᠤ ᠳᠠᠭᠠᠳᠭᠠᠯ᠎ᠤᠨ ᠬᠠᠷᠠᠭᠠᠯᠵᠠᠯ᠎ᠢ ᠠᠱᠢᠭ᠍ᠯᠠᠨ᠂ ᠪᠥᠬᠦ᠌ ᠬᠤᠲᠠ᠎ᠶ᠋ᠢᠨ 30 ᠭᠠᠷᠤᠶ ᠡᠮᠴᠢᠯᠡᠭᠡᠨ᠎ᠤ ᠪᠠᠢᠭᠤᠯᠤᠮᠵᠢ᠎ᠠᠴᠠ ᠡᠭᠦᠳᠡᠨ ᠡᠮᠨᠡᠯᠭᠡ᠎ᠶ᠋ᠢᠨ ᠣᠨᠴᠠᠭᠠᠶ ᠡᠪᠡᠳᠴᠢᠨ ᠡᠮᠭᠡᠭ᠎ᠤᠨ ᠡᠮ᠎ᠤᠨ ᠵᠦᠢᠯ᠎ᠢ ᠬᠡᠮᠵᠢᠶ᠎ᠡ᠎ᠠᠴᠠ ᠬᠡᠲᠦᠷᠡᠭᠦᠯᠦᠨ ᠬᠤᠳᠠᠯᠳᠤᠨ ᠠᠪᠤᠭ᠍ᠰᠠᠨ ᠪᠥᠭᠡᠳ 《 ᠡᠮ᠎ᠤᠨ ᠫᠠᠨᠽᠠᠴᠢᠨ 》᠎ᠳᠤ ᠰᠢᠯᠵᠢᠭᠦᠯᠦᠨ ᠬᠤᠳᠠᠯᠳᠤᠨ ᠠᠱᠢᠭ ᠣᠯᠵᠤ᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ ᠨᠡᠢᠲᠡ 62.73 ᠲᠦᠮᠡᠨ ᠲᠥᠭᠦᠷᠢᠭ ᠬᠣᠬᠢᠷᠠᠭᠤᠯᠵᠠᠢ᠃ ᠡᠨᠡ ᠬᠦ᠌ ᠰᠦᠪᠡᠭ᠌ᠴᠢ᠎ᠶ᠋ᠢ ᠪᠠᠷᠢᠮᠲᠠᠯᠠᠨ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ 2025 ᠣᠨ᠎ᠤ 3 ᠳ᠋ᠤᠭ᠋ᠠᠷ ᠰᠠᠷ᠎ᠠ᠎ᠳᠤ 《 ᠡᠮ᠎ᠤᠨ ᠫᠠᠨᠽᠠᠴᠢᠨ 》 ᠫᠠᠨ ᠣᠪᠣᠭ᠍ᠲᠤ᠎ᠶ᠋ᠢ ᠠᠮᠵᠢᠯᠲᠠ᠎ᠲᠠᠢ᠎ᠪᠠᠷ ᠪᠠᠷᠢᠪᠴᠢᠯᠠᠵᠤ᠂ ᠬᠡᠷᠡᠭ᠎ᠲᠤ ᠬᠤᠯᠪᠣᠭ᠍ᠳᠠᠭ᠍ᠰᠠᠨ 500 ᠭᠠᠷᠤᠶ ᠲᠥᠷᠥᠯ᠎ᠦᠨ ᠡᠮ᠎ᠦᠨ ᠵᠦᠢ᠍ᠯ᠎ᠢ ᠪᠠᠢᠴᠠᠭᠠᠨ ᠣᠯᠵᠤ᠂ ᠪᠠᠷᠠᠭᠠᠨ᠎ᠤ ᠥᠷᠲᠡᠭ᠎ᠨᠢ ᠪᠠᠷᠤᠭ 80 ᠲᠦᠮᠡᠨ ᠲᠥᠭᠦᠷᠢᠭ᠎ᠲᠤ ᠬᠦᠷᠴᠡᠶ᠃
ᠣᠳᠣᠬᠠᠨ᠎ᠳᠤ᠂ ᠶᠠᠯ᠎ᠠ ᠬᠢᠭ᠌ᠰᠡᠨ ᠰᠡᠵᠢᠭ᠌ᠳᠡᠨ ᠰᠥᠩ ᠣᠪᠣᠭ᠍ᠳᠤ ᠬᠥᠬᠡ᠂ ᠫᠠᠨ ᠣᠪᠣᠭ᠍ᠲᠤ ᠮᠡᠬᠡᠯᠡᠭ᠌ᠰᠡᠨ ᠶᠠᠯ᠎ᠠ ᠬᠢᠭ᠌ᠰᠡᠨ ᠰᠡᠵᠢᠭ᠌ᠯᠡᠯᠲᠡᠶ ᠪᠣᠯᠬᠤᠷ ᠪᠠᠢᠴᠠᠭᠠᠬᠤ ᠪᠠᠢᠭᠤᠯᠭ᠎ᠠ᠎ᠳᠤ ᠱᠢᠯᠵᠢᠭᠦᠯᠦᠨ ᠬᠢᠨᠠᠨ ᠪᠠᠢᠴᠠᠭᠠᠯᠭᠠᠵᠤ ᠵᠠᠭᠠᠯᠳᠤᠬᠤ᠎ᠪᠠᠷ ᠱᠢᠯᠵᠢᠭᠦᠯᠦᠨ ᠬᠦᠷᠭᠡᠪᠡ᠃ 《 ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠥᠩᠭᠥ᠎ᠶᠢᠨ ᠬᠡᠷᠡᠭ᠌ᠯᠡᠯᠲᠡ᠎ᠶᠢᠨ ᠬᠢᠨᠠᠯᠲᠠ ᠬᠠᠮᠢᠶᠠᠷᠤᠯᠲᠠ᠎ᠶᠢᠨ ᠳᠦᠷᠢᠮ 》᠎ᠢ᠋ ᠦᠨᠳᠦᠰᠦᠯᠡᠨ᠂ ᠢᠦᠢ᠌ᠵᠦ᠋ᠩ ᠲᠣᠭᠣᠷᠢᠭ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠨᠢᠭᠡᠨᠲᠡ ᠶᠠᠯ᠎ᠠ ᠬᠢᠭ᠌ᠰᠡᠨ ᠰᠡᠵᠢᠭ᠌ᠲᠡᠨᠦ᠌ ᠡᠮᠴᠢᠯᠡᠭᠡᠨ᠎ᠦ᠌ ᠵᠠᠷᠤᠳᠠᠯ᠎ᠤ᠋ᠨ ᠳ᠋ᠦᠩᠨᠡᠨ ᠪᠣᠳᠣᠬᠤ ᠠᠵᠢᠯ᠎ᠢ᠋ ᠲᠦᠷ ᠵᠣᠭ᠍ᠰᠣᠭᠠᠪᠠ᠃
ᠬᠡᠷᠡᠭ᠎ᠦ᠋ᠨ ᠵᠢᠱ᠌ᠢᠶ᠎ᠡ ᠭᠤᠷᠪᠠ ᠰᠧᠴᠤᠸᠠᠨ ᠮᠣᠵᠢ᠎ᠶᠢᠨ ᠮᠸᠢᠢ᠍ᠱ᠌ᠠᠨ ᠬᠣᠲᠠ᠎ᠶᠢᠨ ᠳᠠᠭᠠᠳᠭᠠᠯ᠎ᠳ᠋ᠤ ᠣᠷᠣᠯᠴᠠᠭᠴᠢ ᠵᠠᠩ ᠣᠪᠣᠭ᠍ᠲᠤ ᠲᠣᠭ᠍ᠲᠠᠭᠠᠯ᠎ᠠ᠋ᠴᠠ ᠵᠥᠷᠢᠴᠡᠨ ᠬᠡᠮᠵᠢᠶ᠎ᠡ᠎ᠡᠴᠡ ᠬᠡᠲᠦᠷᠡᠭᠦᠯᠦᠨ ᠡᠮ ᠬᠤᠳᠠᠯᠳᠤᠨ ᠠᠪᠤᠭ᠍ᠰᠠᠨ ᠪᠥᠭᠡᠳ ᠫᠠᠨᠽᠠᠯᠠᠵᠤ ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠥᠩᠭᠥ᠎ᠶᠢ ᠮᠡᠬᠡᠯᠡᠨ ᠠᠪᠤᠭ᠍ᠰᠠᠨ ᠬᠡᠷᠡᠭ
ᠰᠧᠴᠤᠸᠠᠨ ᠮᠤᠵᠢ᠎ᠶ᠋ᠢᠨ ᠮᠸᠢᠢ᠍ᠱ᠌ᠠᠨ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠲᠣᠮᠣ ᠳ᠋ᠠᠢᠲ᠋ᠠ᠎ᠶ᠋ᠢᠨ ᠱᠢᠭ᠌ᠰᠢᠨ ᠪᠠᠢᠴᠠᠭᠠᠯᠲᠠ᠎ᠪᠠᠷ ᠳᠠᠮᠵᠢᠨ᠂ ᠳᠠᠭᠠᠳᠭᠠᠯ᠎ᠳᠤ ᠣᠷᠣᠯᠴᠠᠭᠴᠢ ᠵᠠᠩ ᠣᠪᠣᠭ᠍ᠲᠤ ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠤᠨ ᠠᠪᠬᠤ ᠬᠡᠪ᠎ᠤᠨ ᠪᠤᠰᠤ ᠦᠢᠯᠡ ᠠᠵᠢᠯᠯᠠᠭ᠎ᠠ ᠢᠯᠡᠷᠬᠡᠶ ᠣᠷᠣᠱᠢᠵᠤ ᠪᠠᠢ᠌ᠬᠤ᠎ᠶᠢ ᠣᠯᠵᠤ ᠮᠡᠳᠡᠵᠡᠢ᠃ ᠲᠤᠬᠠᠶ᠎ᠶ᠋ᠢᠨ ᠭᠠᠵᠠᠷ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠲᠡᠷᠡ ᠳᠠᠷᠤᠶ᠎ᠳᠤ ᠨᠢ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠲᠠᠢ ᠬᠠᠮᠲᠤᠷᠠᠨ ᠪᠠᠢᠴᠠᠭᠠᠯᠲᠠ ᠥᠷᠨᠢᠭᠦᠯᠪᠡ᠃ ᠪᠠᠢᠴᠠᠭᠠᠭ᠍ᠰᠠᠨ᠎ᠢᠶᠠᠷ᠂ ᠵᠠᠩ ᠣᠪᠣᠭ᠍ᠲᠤ ᠲᠣᠰ ᠲᠣᠰ ᠴᠸᠩᠳᠦ ᠬᠤᠲᠠ᠂ ᠮᠸᠢᠢ᠍ᠱ᠌ᠠᠨ ᠬᠤᠲᠠ ᠵᠡᠷᠭᠡ ᠭᠠᠵᠠᠷ᠎ᠤᠨ ᠣᠯᠠᠨ ᠡᠮᠴᠢᠯᠡᠭᠡᠨ᠎ᠤ ᠪᠠᠢᠭᠤᠯᠤᠮᠵᠢ᠎ᠳᠤ ᠬᠡᠳᠦᠨ ᠵᠠᠭᠤᠨ ᠤᠳᠠᠭ᠎ᠠ ᠡᠮ ᠬᠤᠳᠠᠯᠳᠤᠨ ᠠᠪᠴᠤ᠌᠂ ᠡᠮ ᠬᠤᠳᠠᠯᠳᠤᠨ ᠠᠪᠤᠭ᠍ᠰᠠᠨ ᠲᠤᠭ᠎ᠠ᠎ᠨᠢ ᠠᠳᠠᠯᠢ ᠬᠤᠭᠤᠴᠠᠭᠠᠨ᠎ᠤ ᠪᠣᠳᠠᠲᠠᠶ ᠡᠮ ᠬᠡᠷᠡᠭ᠌ᠯᠡᠬᠦ᠌ ᠳᠡᠭᠡᠳᠦ ᠬᠢᠵᠠᠭᠠᠷ᠎ᠢ ᠬᠤᠯᠠ ᠳᠠᠪᠠᠵᠠᠶ᠃ ᠲᠤᠰ ᠰᠦᠪᠡᠭ᠌ᠴᠢ᠎ᠶ᠋ᠢ ᠪᠠᠷᠢᠮᠲᠠᠯᠠᠨ᠂ ᠮᠸᠢᠢ᠍ᠱ᠌ᠠᠨ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠲᠠᠢ ᠬᠠᠮᠲᠤᠷᠠᠨ ᠡᠮ᠎ᠤᠨ ᠵᠦᠢᠯᠡᠰ᠎ᠤᠨ ᠮᠥᠷᠳᠡᠨ ᠬᠠᠢ᠌ᠬᠤ ᠺᠣᠳ᠋᠎ᠢᠶᠠᠷ ᠭᠦᠢᠯᠭᠡᠭᠡᠨ᠎ᠤ ᠵᠠᠮ ᠮᠥᠷ᠎ᠢ ᠮᠥᠷᠳᠡᠵᠦ᠍᠂ ᠴᠸᠩᠳᠦ᠋ ᠬᠤᠲᠠ᠂ ᠮᠸᠢᠢ᠍ᠱ᠌ᠠᠨ ᠬᠤᠲᠠ ᠵᠡᠷᠭᠡ ᠭᠠᠵᠠᠷ᠎ᠲᠤ ᠲᠤᠰᠭᠠᠢᠯᠠᠨ ᠡᠭᠦᠳᠡᠨ ᠡᠮᠨᠡᠯᠭᠡ᠎ᠶ᠋ᠢᠨ ᠣᠨᠴᠠᠭᠠᠢ ᠡᠪᠡᠳᠴᠢᠨ᠎ᠤ ᠡᠮ ᠬᠤᠳᠠᠯᠳᠤᠨ ᠠᠪᠴᠤ᠌ ᠪᠣᠷᠣᠯᠠᠭᠤᠯᠤᠭ᠍ᠰᠠᠨ ᠣᠨᠴᠠ ᠶᠡᠭᠡ ᠶᠠᠯᠠᠲᠤ ᠪᠦᠯᠬᠦᠮ᠎ᠢ ᠠᠮᠵᠢᠯᠲᠠ᠎ᠲᠠᠢ᠎ᠪᠠᠷ ᠰᠦᠢᠷᠡᠭᠦᠯᠵᠦ᠍᠂ 18 ᠶᠠᠯ᠎ᠠ ᠬᠢᠭ᠌ᠰᠡᠨ ᠰᠡᠵᠢᠭ᠌ᠳᠡᠨ᠎ᠢ ᠪᠠᠷᠢᠪᠴᠢᠯᠠᠵᠤ᠂ ᠠᠬᠤᠢ ᠲᠠᠯᠠᠪᠠᠢ᠎ᠳᠤ 60 ᠭᠠᠷᠤᠶ ᠲᠦᠮᠡᠨ ᠲᠥᠭᠦᠷᠢᠭ᠎ᠤᠨ ᠬᠠᠤᠯᠢ᠎ᠠᠴᠠ ᠵᠥᠷᠢᠴᠡᠭ᠌ᠰᠡᠨ ᠪᠡᠯᠡ ᠮᠥᠩᠭᠦ᠌᠂ ᠡᠮᠴᠢᠯᠡᠭᠡᠨ᠎ᠦ ᠳᠠᠭᠠᠳᠭᠠᠯ᠎ᠤᠨ 5 ᠲᠦᠮᠡ ᠭᠠᠷᠤᠶ ᠬᠠᠢᠷᠴᠠᠭ ᠡᠮ᠎ᠤᠨ ᠵᠦᠢᠯ᠎ᠢ ᠦᠯᠡᠳᠡᠭᠡᠨ ᠠᠪᠤᠪᠠ᠃
ᠣᠳᠣᠬᠠᠨ᠎ᠳᠤ᠂ ᠬᠡᠷᠡᠭ᠎ᠢ ᠨᠢᠭᠡᠨᠲᠡ ᠮᠸᠢᠢ᠍ᠱ᠌ᠠᠨ ᠬᠤᠲᠠ᠎ᠶ᠋ᠢᠨ ᠪᠠᠢᠴᠠᠭᠠᠬᠤ ᠪᠠᠢᠭᠤᠯᠭ᠎ᠠ᠎ᠠᠴᠠ ᠱᠢᠭᠦᠨ ᠲᠠᠰᠤᠯᠬᠤ ᠪᠠᠢᠭᠤᠯᠭ᠎ᠠ᠎ᠳᠤ ᠠᠯᠪᠠᠨ ᠵᠠᠭᠠᠯᠳᠤᠯᠭ᠎ᠠ ᠭᠠᠷᠭ᠋ᠠᠪᠠ᠃ ᠮᠸᠢᠢ᠍ᠱ᠌ᠠᠨ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠨᠢᠭᠡᠨᠲᠡ ᠲᠣᠭ᠍ᠲᠠᠭᠠᠯ᠎ᠠᠴᠠ ᠵᠥᠷᠢᠴᠡᠨ ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠤᠭᠰᠠᠨ ᠬᠥᠮᠦᠰ ᠪᠠ ᠪᠠᠢᠭᠤᠯᠤᠮᠵᠢ᠎ᠳᠤ ᠵᠠᠰᠠᠭ ᠵᠠᠬᠢᠷᠭᠠᠨ᠎ᠤ ᠱᠢᠢᠳᠭᠡᠯ ᠥᠭ᠌ᠴᠦ᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ 26.97 ᠲᠦᠮᠡᠨ ᠲᠥᠭᠦᠷᠢᠭ᠎ᠢ ᠡᠭᠡᠭᠦᠯᠦᠨ ᠠᠪᠴᠢᠷᠠᠬᠤ᠎ᠶ᠋ᠢᠨ ᠬᠠᠮᠲᠤ ᠲᠣᠭ᠍ᠲᠠᠭᠠᠯ᠎ᠠᠴᠠ ᠵᠥᠷᠢᠴᠡᠨ ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠤᠭᠰᠠᠨ 8 ᠡᠮᠴᠢ᠎ᠶ᠋ᠢ ᠬᠤᠪᠢ ᠲᠡᠮᠳᠡᠭ᠌ᠯᠡᠨ ᠱᠢᠶ᠋ᠳᠪᠦᠷᠢᠯᠡᠵᠦ᠍᠂ ᠭᠤᠤᠯ ᠬᠠᠷᠢᠭᠤᠴᠠᠯᠭ᠎ᠠ ᠡᠭᠦᠷᠭᠡᠯᠡᠵᠦ᠍ ᠪᠠᠢᠭ᠎ᠠ ᠡᠮᠴᠢ ᠶ᠋ᠢᠨ ᠡᠮᠴᠢᠯᠡᠭᠡᠨ᠎ᠦ ᠳᠠᠭᠠᠳᠭᠠᠯ᠎ᠤᠨ ᠲᠣᠭᠠᠴᠠᠭ᠎ᠠ ᠬᠢᠬᠦ᠌ ᠬᠢᠷᠢ ᠬᠡᠮ᠎ᠢ 2 ᠰᠠᠷ᠎ᠠ ᠲᠦᠷ ᠵᠣᠭ᠍ᠰᠣᠭᠠᠬᠤ᠎ᠶ᠋ᠢᠨ ᠬᠠᠮᠲᠤ ᠬᠠᠮᠢᠶ᠎ᠠ ᠪᠦᠬᠦᠢ ᠰᠦᠪᠡᠭ᠌ᠴᠢ᠎ᠶ᠋ᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠳᠤ ᠱᠢᠯᠵᠢᠭᠦᠯᠦᠨ ᠲᠤᠱᠢᠶᠠᠪᠠ᠃
ᠬᠡᠷᠡᠭ᠎ᠦᠨ ᠵᠢᠱ᠌ᠢᠶ᠎ᠡ ᠳᠦᠷᠪᠡ ᠵᠧᠵᠢᠶᠠᠩ ᠮᠤᠵᠢ᠎ᠶ᠋ᠢᠨ ᠯᠧᠴᠢᠩ ᠬᠤᠲᠠ᠎ᠶ᠋ᠢᠨ ᠳᠠᠭᠠᠳᠭᠠᠯ᠎ᠳᠤ ᠣᠷᠣᠯᠴᠠᠭ᠍ᠴᠢ ᠱᠢᠤᠢ ᠣᠪᠣᠭ᠍ᠲᠤ ᠲᠣᠭ᠍ᠲᠠᠭᠠᠯ᠎ᠠᠴᠠ ᠵᠥᠷᠢᠴᠡᠨ ᠬᠡᠮᠵᠢᠶ᠎ᠡ᠎ᠡᠴᠡ ᠬᠡᠲᠦᠷᠡᠭᠦᠯᠦᠨ ᠡᠮ ᠬᠤᠳᠠᠯᠳᠤᠨ ᠠᠪᠤᠭ᠍ᠰᠠᠨ ᠪᠥᠭᠡᠳ ᠫᠠᠨᠽᠠᠯᠠᠵᠤ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠮᠡᠬᠡᠯᠡᠨ ᠠᠪᠤᠭ᠍ᠰᠠᠨ ᠬᠡᠷᠡᠭ
ᠵᠧᠵᠢᠶᠠᠩ ᠮᠤᠵᠢ᠎ᠶ᠋ᠢᠨ ᠯᠧᠴᠢᠩ ᠬᠣᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠦᠴᠢᠷᠦᠨᠬᠢᠨ᠂ ᠲᠣᠮᠣ ᠳ᠋ᠠᠢ᠌ᠲ᠋ᠠ᠎ᠶ᠋ᠢᠨ ᠱᠢᠭ᠌ᠰᠢᠨ ᠪᠠᠢᠴᠠᠭᠠᠯᠲᠠ᠎ᠶ᠋ᠢ ᠦᠨᠳᠦᠰᠦᠯᠡᠨ᠂ ᠳᠠᠭᠠᠳᠭᠠᠯ᠎ᠳᠤ ᠣᠷᠣᠯᠴᠠᠭᠴᠢ ᠱᠢᠸ᠋ᠶ ᠣᠪᠣᠭ᠍ᠲᠤ᠎ᠶ᠋ᠢᠨ ᠣᠯᠠᠨ ᠤᠳᠠᠭ᠎ᠠ ᠡᠮᠨᠡᠯᠭᠡ᠎ᠶ᠋ᠢᠨ ᠬᠣᠷᠢᠶ᠎ᠠ ᠠᠯᠤᠰᠯᠠᠨ ᠳ᠋ᠤᠭᠠᠷᠯᠠᠭ᠍ᠰᠠᠨ ᠪᠥᠭᠡᠳ ᠲᠡᠭᠦᠨ᠎ᠦ ᠲᠠ ᠺᠧ ᠮᠦᠸᠸ ᠰᠧ ᠬᠤᠮᠵᠢᠶ᠎ᠠ ᠡᠮ ᠵᠡᠷᠭᠡ ᠥᠨᠳᠥᠷ ᠦᠨᠡᠲᠡᠶ ᠡᠮ᠎ᠦᠨ ᠵᠦᠢ᠍ᠯ᠎ᠢ ᠬᠡᠳᠦ ᠬᠤᠳᠠᠯᠳᠤᠭᠰᠠᠨ᠎ᠢ ᠣᠯᠵᠤ ᠮᠡᠳᠡᠵᠡᠢ᠃ ᠪᠠᠢ᠌ᠴᠠᠭ᠋ᠠᠭᠰᠠᠨ᠎ᠢᠶᠠᠷ᠂ ᠰᠢᠥᠢ ᠣᠪᠣᠭ᠍ᠲᠤ ᠣᠨᠴᠠᠭᠠᠢ ᠡᠪᠡᠳᠴᠢᠨ᠎ᠦ᠌ ᠡᠮᠴᠢᠯᠡᠭᠡᠨ᠎ᠦ ᠳᠠᠭᠠᠳᠭᠠᠯ᠎ᠤ᠋ᠨ ᠬᠠᠷᠠᠭᠠᠯᠵᠠᠯ ᠬᠦᠷᠲᠡᠵᠦ᠍᠂ 2016 ᠣᠨ᠎ᠠ᠋ᠴᠠ ᠨᠠᠭ᠋ᠠᠰᠢ ᠬᠠᠭᠤᠷᠮᠠᠭ ᠡᠮ ᠬᠡᠷᠡᠭ᠌ᠯᠡᠬᠦ᠌ ᠬᠡᠷᠡᠭ᠌ᠴᠡᠭᠡ᠎ᠪᠡᠷ ᠳᠠᠮᠵᠢᠭᠤᠯᠤᠨ ᠣᠯᠠᠨ ᠡᠮᠨᠡᠯᠭᠡ᠎ᠶᠢᠨ ᠬᠣᠷᠢᠶᠠᠨᠳ᠋ᠤ ᠳᠠᠬᠢᠨ ᠳᠠᠪᠲᠠᠨ ᠡᠮ ᠬᠤᠳᠠᠯᠳᠤᠵᠤ᠂ ᠳᠠᠷᠠᠭ᠎ᠠ ᠨᠢ ᠢᠯᠡᠭᠦᠦ ᠬᠤᠳᠠᠯᠳᠤᠭᠰᠠᠨ ᠡᠮ᠎ᠦ᠋ᠨ ᠵᠦᠢᠯ᠎ᠢ᠋ ᠨᠡᠯᠢᠶᠡᠳ ᠳᠣᠣᠷ᠎ᠠ ᠦᠨ᠎ᠡ᠎ᠪᠡᠷ ᠪᠤᠰᠤᠳ᠎ᠲᠤ ᠫᠠᠨᠽᠠᠯᠠᠵᠤ᠂ ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠥᠩᠭᠥ᠎ᠶᠢ ᠨᠡᠢᠲᠡ 17 ᠲᠦᠮᠡ ᠭᠠᠷᠤᠢ ᠲᠥᠭᠥᠷᠢᠭ ᠬᠣᠬᠢᠷᠠᠭᠤᠯᠵᠠᠢ᠃
2025 ᠣᠨ᠎ᠤ 7 ᠳ᠋ᠤᠭ᠋ᠠᠷ ᠰᠠᠷ᠎ᠠ᠎ᠳᠤ᠂ ᠯᠸᠴᠢᠩ ᠬᠣᠲᠠ᠎ᠶᠢᠨ ᠠᠷᠠᠳ᠎ᠤᠨ ᠰᠢᠭᠦᠬᠦ ᠬᠣᠷᠢᠶ᠎ᠠ᠎ᠠᠴᠠ ᠰᠢᠦᠢ ᠣᠪᠣᠭᠲᠤ᠎ᠶᠢ 3 ᠵᠢᠯ ᠬᠤᠭᠤᠴᠠᠭ᠎ᠠ᠎ᠲᠠᠢ ᠬᠣᠷᠢᠵᠤ᠂ 3 ᠵᠢᠯ 6 ᠰᠠᠷ᠎ᠠ ᠡᠷᠡᠭᠦᠦ ᠰᠢᠢ᠍ᠳᠬᠡᠯ ᠬᠣᠢ᠌ᠰᠢᠯᠠᠭᠤᠯᠵᠤ᠂ ᠠᠷᠠᠳ᠎ᠤᠨ ᠵᠣᠭᠤᠰ᠎ᠢᠶᠠᠷ 1.5 ᠲᠦᠮᠡᠨ ᠲᠥᠭᠦᠷᠢᠭ ᠵᠣᠭᠤᠰ ᠲᠣᠷᠭᠠᠬᠤ᠎ᠶ᠋ᠢᠨ ᠬᠠᠮᠲᠤ ᠱᠢᠤᠢ ᠣᠪᠣᠭ᠍ᠲᠤ᠎ᠶ᠋ᠢ 17 ᠲᠦᠮᠡ ᠭᠠᠷᠤᠶ ᠲᠥᠭᠦᠷᠢᠭ᠎ᠤᠨ ᠪᠤᠵᠠᠷ ᠵᠣᠭᠤᠰ᠎ᠢ ᠪᠤᠴᠠᠭᠠᠯᠭᠠᠬᠤ᠎ᠪᠠᠷ ᠵᠠᠷᠯᠢᠭ᠍ᠳᠠᠵᠤ᠂ ᠪᠣᠢ ᠪᠦᠬᠦᠢ ᠬᠠᠤᠯᠢ ᠪᠤᠰᠤ ᠠᠰᠢᠭ᠎ᠢ ᠴᠥᠮ ᠬᠤᠷᠢᠶᠠᠨ ᠠᠪᠤᠪᠠ᠃
ᠬᠡᠷᠡᠭ ᠤᠴᠢᠷ ᠲᠠᠪᠤ ᠵᠢᠶᠠᠩᠰᠢ ᠮᠣᠵᠢ᠎ᠶ᠋ᠢᠨ ᠭᠠᠨᠵᠸᠦ ᠬᠣᠲᠠ᠎ᠶ᠋ᠢᠨ ᠯᠢᠤ ᠣᠪᠤᠭ᠍ᠲᠤ ᠵᠠᠷᠭᠡ 4 ᠨᠡᠷᠡᠰ ᠲᠠᠭᠠᠣᠠᠬᠠᠯ᠎ᠳᠤ ᠣᠷᠣᠯᠴᠠᠭᠴᠢ ᠳᠣᠬ᠍ᠲᠠᠭᠠᠯ ᠡᠴᠠ ᠵᠥᠷᠢᠴᠡᠨ ᠬᠡᠮᠵᠢᠶ᠎ᠡ᠎ᠡᠴᠡ ᠬᠡᠲᠦᠷᠡᠭᠦᠯᠦᠨ ᠡᠮ ᠬᠣᠲᠠᠯᠲᠣᠠ ᠠᠪᠤᠬ᠍ᠰᠠᠨ ᠪᠥᠭᠡᠳ ᠫᠠᠨᠽᠠᠯᠠᠵᠤ ᠡᠮᠴᠢᠯᠡᠭᠡᠨ᠎ᠦ ᠳᠠᠭ᠋ᠠᠳᠬᠠᠯ᠎ᠤᠨ ᠰᠠᠭᠤᠷᠢ ᠮᠥᠩᠭᠥ ᠮᠡᠬᠡᠯᠡᠨ ᠠᠪᠤᠬ᠍ᠰᠠᠨ ᠬᠡᠷᠡᠭ
ᠣᠢᠷ᠎ᠠ᠎ᠶᠢᠨ ᠬᠤᠭᠤᠴᠠᠭᠠᠨ᠎ᠳ᠋ᠤ᠂ ᠵᠢᠶᠠᠩᠰᠢ ᠮᠣᠵᠢ᠎ᠶᠢᠨ ᠭᠠᠨᠵᠧᠦ ᠬᠣᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠲᠣᠮᠣ ᠳ᠋ᠠᠢ᠌ᠲ᠋ᠠ᠎ᠶᠢᠨ ᠰᠢᠭᠰᠢᠯᠲᠡ᠎ᠪᠡᠷ ᠳᠠᠮᠵᠢᠨ᠂ ᠳᠠᠭᠠᠳᠭᠠᠯ᠎ᠳ᠋ᠤ ᠣᠷᠣᠯᠴᠠᠭ᠍ᠴᠢ ᠯᠢᠦ ᠣᠪᠣᠭ᠍ᠲᠤ ᠪᠠᠢᠨ ᠳᠠᠬᠢᠨ ᠬᠣᠣᠰ ᠨᠡᠪᠲᠡᠷᠡᠬᠦ᠌ ᠵᠠᠮ᠎ᠤ᠋ᠨ ᠡᠮ᠎ᠦ᠋ᠨ ᠵᠦᠢᠯ《 ᠪᠦᠸᠧ ᠱᠠ ᠺᠠᠩ ᠽᠦᠸ ᠭᠡᠳᠡᠰᠦᠨᠦ᠌ ᠠᠭᠤᠰᠤᠮᠠᠯ ᠬᠠᠪᠲᠠᠭ᠋ᠠᠢ ᠡᠮ 》 ᠬᠤᠳᠠᠯᠳᠤᠨ ᠠᠪᠤᠭᠰᠠᠨ ᠬᠡᠪ᠎ᠦ᠋ᠨ ᠪᠤᠰᠤ ᠠᠵᠢᠯᠯᠠᠭ᠎ᠠ ᠣᠷᠣᠰᠢᠵᠤ ᠪᠠᠢ᠌ᠬᠤ᠎ᠶᠢ ᠣᠯᠵᠤ ᠮᠡᠳᠡᠵᠡᠢ᠃ ᠲᠤᠬᠠᠶ᠎ᠶ᠋ᠢᠨ ᠭᠠᠵᠠᠷ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠳᠠᠷᠤᠶ ᠲᠦᠷᠭᠡᠨ ᠬᠦᠴᠦᠨ᠎ᠢᠶᠠᠨ ᠵᠣᠬᠢᠶᠠᠨ ᠪᠠᠢᠭᠤᠯᠵᠤ ᠲᠤᠬᠠᠶ᠎ᠶ᠋ᠢᠨ ᠭᠠᠵᠠᠷ᠎ᠲᠤ ᠨᠢ ᠪᠠᠢᠴᠠᠭᠠᠯᠲᠠ ᠥᠷᠨᠢᠭᠦᠯᠪᠡ᠃ ᠪᠠᠢ᠌ᠴᠠᠭ᠋ᠠᠭᠰᠠᠨ᠎ᠢᠶᠠᠨ᠂ ᠯᠢᠦ ᠣᠪᠣᠭ᠍ᠲᠤ《ᠤᠷᠲᠤ ᠬᠤᠭᠤᠴᠠᠭ᠎ᠠ᠎ᠪᠠᠷ ᠭᠠᠳᠠᠭ᠍ᠱᠢ ᠭᠠᠷᠬᠤ᠎ᠳᠤ᠎ᠪᠠᠨ ᠡᠮ ᠠᠪᠴᠤ᠌ ᠶᠠᠪᠤᠬᠤ ᠴᠢᠬᠤᠯᠠᠲᠠᠢ 》 ᠭᠡᠵᠦ᠍ ᠰᠢᠯᠲᠠᠭ ᠪᠣᠯᠭᠠᠵᠤ᠂ ᠣᠯᠠᠨ ᠤᠳᠠᠭ᠎ᠠ ᠸᠢᠴᠠᠲ᠎ᠢᠶᠠᠷ ᠬᠠᠷᠢᠯᠴᠠᠬᠤ᠎ᠪᠠᠷ ᠳᠠᠮᠵᠢᠨ ᠭᠠᠨᠵᠧᠦ ᠬᠣᠲᠠ᠎ᠶᠢᠨ ᠨᠢᠭᠡᠨ ᠡᠮᠨᠡᠯᠭᠡ᠎ᠶᠢᠨ ᠬᠣᠷᠢᠶᠠᠨ᠎ᠤ᠋ ᠡᠮᠴᠢ ᠳᠦ ᠣᠪᠣᠭ᠍ᠲᠤ ᠬᠡᠳᠦ ᠤᠳᠠᠭ᠎ᠠ ᠡᠮ᠎ᠦ᠋ᠨ ᠵᠣᠷ ᠪᠢᠴᠢᠵᠦ᠍ ᠦᠭ᠌ᠭᠦᠭ᠌ᠰᠡᠨ ᠪᠥᠭᠡᠳ ᠡᠮ ᠡᠮᠨᠡᠯᠭᠡ᠎ᠶᠢᠨ ᠺᠣᠮᠫᠠᠨᠢ᠎ᠶᠢᠨ ᠲᠤᠰᠭᠠᠢ ᠠᠵᠢᠯᠲᠠᠨ ᠨᠢ ᠵᠣᠷ᠎ᠢ ᠦᠨᠳᠦᠰᠦᠯᠡᠨ ᠡᠮ᠎ᠦ᠋ᠨ ᠳᠡᠯᠭᠡᠭᠦᠷ᠎ᠲᠦ᠍ ᠬᠦᠷᠴᠦ᠍ ᠡᠮ ᠬᠤᠳᠠᠯᠳᠤᠨ ᠠᠪᠤᠭ᠍ᠰᠠᠨᠤ᠋ ᠳᠠᠷᠠᠭ᠎ᠠ᠂ ᠲᠦᠷᠭᠡᠨ ᠬᠦᠷᠭᠡᠯᠲᠡ᠎ᠶᠢᠨ ᠵᠦᠢᠯ᠎ᠢᠶᠠᠷ ᠯᠢᠦ ᠣᠪᠣᠭ᠍ᠲᠤᠳ᠋ᠤ ᠢᠯᠡᠭᠡᠪᠡ᠃ ᠯᠢᠦ ᠣᠪᠣᠭ᠍ᠲᠤ ᠬᠤᠳᠠᠯᠳᠤᠨ ᠠᠪᠤᠭ᠍ᠰᠠᠨ ᠬᠡᠮᠵᠢᠶ᠎ᠡ᠎ᠠᠴᠠ ᠬᠡᠲᠦᠷᠡᠭ᠌ᠰᠡᠨ ᠡᠮ᠎ᠤᠨ ᠵᠦᠢᠯ᠎ᠢ 4 ᠤᠳᠠᠭ᠎ᠠ ᠬᠤᠪᠢᠶᠠᠨ ᠫᠠᠨᠽᠠᠯᠠᠵᠤ᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠬᠤᠬᠢᠷᠠᠯ᠎ᠨᠢ 2 ᠲᠦᠮᠡᠨ ᠲᠥᠭᠦᠷᠢᠭ᠎ᠢ ᠳᠠᠪᠠᠵᠤ᠂ ᠬᠠᠤᠯᠢ ᠪᠤᠰᠤ᠎ᠪᠠᠷ 7000 ᠭᠠᠷᠤᠶ ᠲᠥᠭᠦᠷᠢᠭ ᠠᠱᠢᠭ ᠣᠯᠵᠠᠢ᠃ ᠲᠤᠰ ᠡᠮᠨᠡᠯᠭᠡ᠎ᠶ᠋ᠢᠨ ᠬᠣᠷᠢᠶᠠᠨ᠎ᠤ ᠡᠮᠴᠢ ᠳᠦ ᠣᠪᠣᠭ᠍ᠲᠤ᠂ ᠵᠦᠩ ᠣᠪᠣᠭ᠍ᠲᠤ ᠯᠢᠦ ᠣᠪᠣᠭ᠍ᠲᠤ᠎ᠶ᠋ᠢ ᠪᠠᠭ᠍ᠲᠠᠭᠠᠭ᠍ᠰᠠᠨ 4 ᠨᠡᠷᠡᠰ ᠳᠠᠭᠠᠳᠭᠠᠯ᠎ᠳᠤ ᠣᠷᠣᠯᠴᠠᠭ᠍ᠴᠢ ᠬᠡᠷᠡᠭᠯᠡᠬᠦ ᠬᠡᠮᠵᠢᠶ᠎ᠡ᠎ᠡᠴᠡ ᠬᠡᠲᠦᠷᠡᠭᠦᠯᠦᠨ《 ᠪᠦᠸᠧ ᠱᠠ ᠺᠠᠩ ᠽᠦᠸ ᠭᠡᠳᠡᠰᠦᠨᠦ᠌ ᠠᠭᠤᠰᠤᠮᠠᠯ ᠬᠠᠪᠲᠠᠭ᠋ᠠᠢ ᠡᠮ 》᠎ᠢ 60 ᠭᠠᠷᠤᠶ ᠬᠠᠢᠷᠴᠠᠭ ᠬᠤᠳᠠᠯᠳᠤᠵᠠᠢ᠃ ᠡᠭᠦᠨ᠎ᠳᠤ ᠬᠤᠯᠪᠣᠭ᠍ᠳᠠᠭ᠍ᠰᠠᠨ ᠡᠮ᠎ᠤᠨ ᠵᠦᠢᠯ᠎ᠤᠨ ᠵᠣᠭᠤᠰ᠎ᠤᠨ ᠲᠤᠭ᠎ᠠ 13.6 ᠲᠦᠮᠡ ᠭᠠᠷᠤᠢ ᠲᠥᠭᠦᠷᠢᠭ᠎ᠲᠤ ᠪᠣᠯᠣᠨ᠎ᠠ᠃
ᠣᠳᠣᠬᠠᠨ᠎ᠳᠤ᠂ ᠭᠠᠨᠵᠸᠦ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠯᠢᠦ ᠣᠪᠣᠭ᠍ᠲᠤ᠎ᠶ᠋ᠢ ᠵᠠᠷᠯᠢᠭ᠎ᠢᠶᠠᠷ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ 12.9 ᠲᠦᠮᠡᠨ ᠲᠥᠭᠦᠷᠢᠭ ᠪᠤᠴᠠᠭ᠋ᠠᠯᠭ᠋ᠠᠵᠤ᠂ ᠲᠤᠬᠠᠶ᠎ᠶ᠋ᠢᠨ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠠᠴᠠ ᠳᠡᠭᠡᠷ᠎ᠡ ᠳᠤᠷᠠᠳᠤᠭ᠍ᠰᠠᠨ 4 ᠨᠡᠷᠡᠰ ᠳᠠᠭᠠᠳᠭᠠᠯ᠎ᠳᠤ ᠣᠷᠣᠯᠴᠠᠭᠴᠢ᠎ᠳᠤ ᠡᠷᠡᠭᠦᠦ᠍᠎ᠶ᠋ᠢᠨ ᠬᠡᠷᠡᠭ᠎ᠤᠨ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ ᠠᠪᠴᠠᠶ᠃ ᠳᠦ ᠣᠪᠣᠭ᠍ᠲᠤ᠂ ᠵᠦᠩ ᠣᠪᠣᠭ᠍ᠲᠤ 2 ᠡᠮᠴᠢ ᠬᠡᠮᠵᠢᠶ᠎ᠡ᠎ᠡᠴᠡ ᠬᠡᠲᠦᠷᠡᠭᠦᠯᠦᠨ ᠡᠮ᠎ᠦ᠋ᠨ ᠵᠦᠢ᠍ᠯ᠎ᠢ ᠬᠤᠳᠠᠯᠳᠤᠭᠰᠠᠨ ᠰᠦᠪᠡᠭ᠌ᠴᠢ᠎ᠶᠢ ᠨᠢᠭᠡᠨᠲᠡ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭᠠᠳ᠋ᠤ ᠰᠢᠯᠵᠢᠭᠦᠯᠦᠨ ᠬᠦᠷᠭᠡᠪᠡ᠃ ᠬᠡᠷᠡᠭ᠎ᠢ ᠪᠠᠰᠠ ᠤᠯᠠᠮ ᠨᠢᠭᠡ ᠠᠯᠬᠤᠮ ᠱᠢᠢᠳᠪᠦᠷᠢᠯᠡᠬᠦ᠌ ᠶᠠᠪᠤᠴᠠ ᠳᠤᠮᠳᠠ ᠪᠠᠢ᠌ᠵᠤ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠠᠴᠠ ᠪᠠᠰᠠ 2 ᠡᠮᠴᠢ᠎ᠳᠤ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠬᠢᠷᠢ ᠬᠡᠮ᠎ᠤᠨ ᠬᠤᠪᠢ ᠲᠡᠮᠳᠡᠭ᠌ᠯᠡᠬᠦ᠌ ᠬᠠᠮᠢᠶᠠᠷᠤᠯᠲᠠ ᠬᠢᠬᠦ᠌ ᠪᠣᠯᠤᠨ᠎ᠠ᠃
ᠲᠣᠰ ᠬᠤᠭᠤᠴᠠᠭᠠᠨ᠎ᠳᠤ ᠬᠤᠪᠢ ᠬᠥᠮᠦᠨ᠎ᠤ ᠳᠠᠭᠠᠳᠭᠠᠯ᠎ᠢ ᠮᠡᠬᠡᠯᠡᠭ᠌ᠰᠡᠨ 5 ᠬᠡᠷᠡᠭ᠎ᠤᠨ ᠵᠢᠱ᠌ᠢᠶ᠎ᠡ ᠲᠣᠭ᠍ᠲᠠᠭᠠᠯ᠎ᠠᠴᠠ ᠵᠥᠷᠢᠴᠡᠨ ᠡᠮ᠎ᠢ ᠬᠤᠳᠠᠯᠳᠤᠨ ᠠᠪᠴᠤ᠌ ᠫᠠᠨᠽᠠᠯᠠᠭᠰᠠᠨ᠂ ᠣᠨᠴᠠᠭᠠᠶ ᠡᠪᠡᠳᠴᠢᠨ᠎ᠤ ᠲᠥᠷᠥᠯ᠎ᠢ ᠠᠱᠢᠭ᠍ᠯᠠᠨ ᠳᠠᠭᠠᠳᠭᠠᠯ᠎ᠢ ᠮᠡᠬᠡᠯᠡᠭ᠌ᠰᠡᠨ ᠵᠡᠷᠭᠡ ᠠᠰᠠᠭᠤᠳᠠᠯ᠎ᠢ ᠲᠥᠪᠯᠡᠷᠡᠭᠦᠯᠦᠨ ᠢᠯᠡᠷᠡᠭᠦᠯᠵᠦ᠍᠂ ᠬᠡᠰᠡᠭ ᠬᠡᠷᠡᠭ᠎ᠨᠢ ᠡᠮᠴᠢ ᠰᠤᠪᠢᠯᠠᠭ᠍ᠴᠢ᠎ᠶ᠋ᠢᠨ ᠲᠣᠭ᠍ᠲᠠᠭᠠᠯ᠎ᠠᠴᠠ ᠵᠥᠷᠢᠴᠡᠭ᠌ᠰᠡᠨ᠂ 《 ᠡᠮ᠎ᠤᠨ ᠫᠠᠨᠽᠠᠴᠢᠨ 》ᠣᠷᠣᠯᠴᠠᠭ᠍ᠰᠠᠨ᠎ᠠᠴᠠ ᠪᠣᠯᠵᠤ ᠰᠠᠭᠤᠷᠢ ᠮᠥᠩᠭᠦ᠎ᠶᠢ ᠬᠦᠨᠳᠦ ᠶᠡᠭᠡ ᠬᠤᠬᠢᠷᠠᠯ᠎ᠳᠤ ᠤᠴᠠᠷᠠᠭᠤᠯᠤᠭ᠍ᠰᠠᠨ ᠪᠠᠢᠨ᠎ᠠ᠃ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠬᠠᠤᠯᠢ ᠴᠠᠭᠠᠵᠠ᠎ᠶ᠋ᠢᠨ ᠪᠠᠢᠭᠤᠯᠭ᠎ᠠ᠎ᠲᠠᠢ ᠬᠠᠮᠲᠤᠷᠠᠨ ᠬᠤᠯᠪᠣᠭ᠍ᠳᠠᠯ ᠪᠦᠬᠦᠢ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠬᠥᠮᠦᠰ᠎ᠢ ᠴᠢᠩᠭ᠎ᠠ ᠱᠢᠢᠳᠪᠦᠷᠢᠯᠡᠵᠦ᠍᠂ ᠳᠠᠭᠠᠳᠭᠠᠯ᠎ᠢ ᠮᠡᠬᠡᠯᠡᠭ᠌ᠰᠡᠳᠢ ᠬᠠᠤᠯᠢ ᠶᠣᠰᠣᠭᠠᠷ ᠡᠷᠡᠭᠦᠦ᠍᠎ᠶ᠋ᠢᠨ ᠬᠡᠷᠡᠭ᠎ᠢᠶᠠᠷ ᠱᠢᠢᠳᠭᠡᠵᠦ᠍᠂ ᠪᠤᠵᠠᠷ ᠡᠳ᠋᠎ᠢ ᠨᠡᠬᠡᠮᠵᠢᠯᠡᠨ ᠠᠪᠴᠤ᠂ ᠲᠣᠭ᠍ᠲᠠᠭᠠᠯ᠎ᠠᠴᠠ ᠵᠥᠷᠢᠴᠡᠭ᠌ᠰᠡᠨ ᠡᠮᠴᠢ ᠰᠤᠪᠢᠯᠠᠭ᠍ᠴᠢ᠎ᠳᠤ ᠬᠤᠪᠢ ᠲᠡᠮᠳᠡᠭ᠌ᠯᠡᠬᠦ᠂ ᠲᠣᠭᠠᠴᠠᠭ᠎ᠠ ᠬᠢᠬᠦ᠌ ᠬᠢᠷᠢ ᠬᠡᠮ᠎ᠢ᠎ᠨᠢ ᠲᠦᠷ ᠵᠣᠭ᠍ᠰᠣᠭᠠᠵᠤ᠂ ᠳᠠᠭᠠᠳᠭᠠᠯ᠎ᠢ ᠮᠡᠬᠡᠯᠡᠨ ᠠᠪᠬᠤ᠎ᠶᠢ 《 ᠣᠭᠲᠣ ᠠᠭᠤᠴᠢᠯᠠᠬᠤ ᠦᠭᠡᠢ 》 ᠣᠪᠣᠷ᠎ᠢ ᠢᠯᠡᠷᠡᠭᠦᠯᠪᠡ᠃
ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠥᠩᠭᠥᠨ᠎ᠦ᠌ ᠠᠮᠤᠷ ᠲᠦᠪᠰᠢᠨ᠎ᠢ᠋ ᠬᠠᠮᠠᠭᠠᠯᠠᠬᠤᠳ᠋ᠤ ᠡᠯ᠎ᠡ ᠲᠠᠯ᠎ᠠ᠎ᠶᠢᠨ ᠬᠢᠨ ᠬᠠᠮᠵᠢᠯᠴᠠᠨ ᠬᠦᠴᠦᠯᠡᠬᠦ᠌ ᠬᠡᠷᠡᠭ᠌ᠲᠡᠢ᠃ ᠳᠠᠭᠠᠳᠭᠠᠯ᠎ᠳᠤ ᠣᠷᠣᠯᠴᠠᠭ᠍ᠰᠠᠳ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠢ ᠨᠠᠨᠳᠢᠩᠨᠠᠵᠤ᠂ ᠳᠠᠭᠠᠳᠭᠠᠯ ᠮᠡᠬᠡᠯᠡᠬᠦ᠌ ᠪᠤᠳᠤᠯ᠎ᠢ ᠡᠷᠡᠰ ᠬᠤᠷᠢᠭ᠍ᠯᠠᠬᠤ ᠬᠡᠷᠡᠭ᠌ᠲᠡᠶ; ᠡᠮᠴᠢᠯᠡᠭᠡᠨ᠎ᠦ ᠪᠠᠢᠭᠤᠯᠤᠮᠵᠢ ᠣᠨᠣᠱᠢᠯᠠᠨ ᠡᠮᠨᠡᠬᠦ᠌ ᠪᠠ ᠵᠣᠷ᠎ᠤᠨ ᠠᠵᠢᠯᠯᠠᠭ᠎ᠠ᠎ᠶ᠋ᠢ ᠴᠢᠩᠭ᠎ᠠ ᠵᠢᠷᠤᠮᠵᠢᠭᠤᠯᠵᠤ᠂ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ; ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠪᠠᠷᠢᠯ᠎ᠢᠶᠠᠨ ᠦᠷᠭᠦᠯᠵᠢᠯᠡᠨ ᠴᠢᠩᠭᠠᠳᠭᠠᠵᠤ᠂ ᠢᠯᠡᠴᠢᠯᠡᠨ ᠮᠡᠳᠡᠭᠦᠯᠬᠦ᠌ ᠠᠷᠭ᠎ᠠ ᠵᠠᠮ᠎ᠢᠶᠠᠨ ᠰᠠᠭᠠᠳ ᠥᠬᠡᠶ ᠨᠡᠪᠲᠡᠷᠡᠭᠦᠯᠵᠦ᠍᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ 《 ᠬᠠᠮᠠᠭᠠᠯᠠᠯᠲᠠ᠎ᠶ᠋ᠢᠨ ᠲᠣᠤᠷ 》᠎ᠢ ᠨᠢᠭ᠍ᠲᠠ ᠰᠦᠯᠵᠢᠨ᠎ᠡ᠃ ᠭᠠᠭ᠍ᠴᠠ ᠬᠦ᠌ ᠪᠦᠬᠦ᠌ ᠨᠡᠢᠭᠡᠮ᠎ᠢᠶᠠᠷ᠎ᠢᠶᠠᠨ ᠬᠠᠮᠲᠤ᠎ᠪᠠᠷ ᠣᠷᠣᠯᠴᠠᠵᠤ᠂ ᠬᠠᠮᠲᠤ᠎ᠪᠠᠷ ᠬᠢᠨᠠᠯᠲᠠ ᠲᠠᠯᠪᠢᠮᠠᠨᠵᠢᠨ ᠰᠠᠶᠢ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ ᠵᠠᠩᠭᠢᠯᠠᠭ᠎ᠠ᠎ᠶ᠋ᠢᠨ ᠭᠠᠵᠠᠷ᠎ᠲᠤ ᠨᠢ ᠬᠡᠷᠡᠭ᠌ᠯᠡᠬᠦ᠌᠎ᠶ᠋ᠢ ᠪᠠᠲᠤᠯᠠᠵᠤ᠂ ᠪᠦᠬᠦ᠌ ᠳᠠᠭᠠᠳᠭᠠᠯ᠎ᠳᠤ ᠣᠷᠣᠯᠴᠠᠭ᠍ᠰᠠᠳ᠎ᠤᠨ ᠡᠮᠴᠢᠯᠡᠭᠡᠨ᠎ᠦ ᠳᠠᠭᠠᠳᠭᠠᠯ᠎ᠤᠨ ᠡᠷᠬᠡ ᠠᠱᠢᠭ᠎ᠢ ᠦᠨᠡᠨ ᠬᠦ᠌ ᠪᠠᠲᠤᠯᠠᠵᠤ ᠴᠢᠳᠠᠨ᠎ᠠ᠃