ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠨᠢ ᠠᠷᠠᠳ ᠣᠯᠠᠨ᠎ᠤ 《 ᠡᠪᠡᠳᠴᠢᠨ ᠦᠵᠡᠭᠦᠯᠬᠦ᠌ ᠵᠣᠭᠤᠰ》᠂ 《ᠠᠮᠢ ᠠᠪᠤᠷᠠᠬᠤ ᠵᠣᠭᠤᠰ》 ᠪᠣᠯᠤᠭ᠍ᠰᠠᠨ᠎ᠤ ᠬᠤᠪᠢ᠎ᠳᠤ᠂ ᠶᠠᠮᠠᠷᠪᠠ ᠬᠡᠯᠪᠡᠷᠢ᠎ᠪᠠᠷ ᠡᠵᠡᠯᠡᠵᠦ᠍᠂ ᠨᠡᠭᠦᠯᠭᠡᠨ ᠬᠡᠷᠡᠭ᠌ᠯᠡᠬᠦ᠌ ᠪᠠ ᠮᠡᠬᠡᠯᠡᠨ ᠠᠪᠬᠤ᠎ᠶ᠋ᠢ ᠶᠠᠭᠠᠬᠢᠭ᠍ᠰᠠᠨ ᠴᠤ᠌ ᠵᠥᠪᠱᠢᠶᠡᠷᠡᠬᠦ᠌ ᠦᠭᠡᠢ᠃ ᠪᠦᠬᠦ᠌ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠬᠠᠤᠯᠢ᠎ᠪᠠᠷ ᠵᠠᠰᠠᠬᠤ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠭᠠᠵᠤ᠂ ᠰᠡᠷᠡᠮᠵᠢᠯᠡᠭᠦᠯᠬᠦ᠌ ᠬᠥᠮᠦᠵᠢᠯ᠎ᠤᠨ ᠦᠷ᠎ᠡ ᠪᠦᠲᠦᠮᠵᠢ᠎ᠶ᠋ᠢ ᠭᠦᠨᠵᠡᠭᠡᠢᠷᠡᠭᠦᠯᠦᠨ᠂ ᠳᠠᠭᠠᠳᠭᠠᠯ᠎ᠢ ᠮᠡᠬᠡᠯᠡᠨ ᠠᠪᠬᠤ ᠦᠢᠯᠡ ᠠᠵᠢᠯᠯᠠᠭ᠎ᠠ᠎ᠳᠤ ᠥᠨᠳᠥᠷ ᠳᠠᠷᠤᠯᠲᠠ ᠦᠵᠡᠭᠦᠯᠬᠦ᠌ ᠪᠠᠢᠳᠠᠯ᠎ᠢ ᠪᠠᠬᠢᠵᠢᠭᠦᠯᠵᠦ᠍᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠡᠷᠡᠰ ᠪᠠᠲᠤ ᠣᠪᠣᠷ᠎ᠢ ᠢᠯᠡᠷᠡᠭᠦᠯᠬᠦ᠌᠎ᠶ᠋ᠢᠨ ᠲᠥᠯᠥᠭᠡ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠳᠥᠷᠪᠡᠳᠦᠭᠡᠷ ᠬᠤᠭᠤᠴᠠᠭᠠᠨ᠎ᠤ 5 ᠬᠤᠪᠢ ᠬᠥᠮᠦᠨ᠎ᠤ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ ᠮᠡᠬᠡᠯᠡᠨ ᠠᠪᠤᠭ᠍ᠰᠠᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠪᠡ᠃
ᠬᠡᠷᠡᠭ᠎ᠦᠨ ᠵᠢᠱ᠌ᠢᠶ᠎ᠡ ᠨᠢᠭᠡ ᠾᠸᠪᠸᠢ ᠮᠤᠵᠢ᠎ᠶ᠋ᠢᠨ ᠴᠢᠨ ᠬᠤᠸᠠᠩ ᠳ᠋ᠣᠣ ᠬᠣᠲᠠ᠎ᠶ᠋ᠢᠨ ᠭᠤᠸᠠᠨ ᠤᠪᠤᠬ᠍ᠳᠤ ᠵᠡᠷᠭᠡ 5 ᠬᠦᠮᠦᠨ ᠪᠤᠰᠤᠳ᠎ᠤᠨ ᠨᠡᠷ᠎ᠡ᠎ᠪᠠᠷ ᠡᠪᠡᠳᠴᠢᠨ ᠦᠵᠡᠭᠦᠯᠦᠭᠰᠡᠨ ᠪᠠ ᠡᠮᠴᠢᠯᠡᠭᠡᠨ᠎ᠦ ᠳᠠᠭᠠᠳᠭᠠᠯ ᠡᠮ᠎ᠦᠨ ᠵᠦᠢ᠍ᠯ᠎ᠢ ᠫᠠᠨᠽᠠᠯᠠᠵᠤ ᠳᠠᠭᠠᠳᠭᠠᠯ ᠮᠡᠬᠡᠯᠡᠭᠰᠡᠨ ᠬᠡᠷᠡᠭ
2025 ᠣᠨ᠎ᠤ᠋ 1 ᠳ᠋ᠤᠭᠡᠷ ᠰᠠᠷ᠎ᠠ᠎ᠳ᠋ᠤ᠂ ᠾᠧᠪᠧᠢ ᠮᠣᠵᠢ᠎ᠶᠢᠨ ᠴᠢᠨ ᠬᠤᠸᠠᠩ ᠳ᠋ᠣᠣ ᠬᠣᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠬᠠᠮᠢᠶ᠎ᠠ ᠪᠦᠬᠦᠢ ᠰᠠᠯᠠᠭ᠎ᠠ ᠮᠥᠴᠢᠷᠦ᠋ᠨ ᠰᠢᠯᠵᠢᠭᠦᠯᠦᠨ ᠲᠤᠰᠢᠶᠠᠭᠰᠠᠨ ᠰᠦᠪᠡᠭ᠌ᠴᠢ᠎ᠶᠢ ᠣᠯᠤᠭ᠍ᠰᠠᠨ᠎ᠤ᠋ ᠳᠠᠷᠠᠭ᠎ᠠ᠂ ᠲᠡᠷᠡ ᠳᠠᠷᠤᠢᠳ᠋ᠤ ᠨᠢ ᠴᠢᠨ ᠬᠤᠸᠠᠩ ᠳ᠋ᠣᠣ ᠬᠣᠲᠠ᠎ᠶᠢᠨ ᠭᠠᠷᠠᠮ᠎ᠤ᠋ᠨ ᠠᠭᠠᠷ᠎ᠤ᠋ᠨ ᠠᠶᠠᠯᠠᠯ᠎ᠤ᠋ᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠲᠠᠢ ᠬᠠᠮᠲᠤᠷᠠᠨ ᠪᠠᠢᠴᠠᠭᠠᠯᠲᠠ ᠥᠷᠨᠢᠭᠦᠯᠪᠡ᠃ ᠪᠠᠢᠴᠠᠭᠠᠭ᠍ᠰᠠᠨ᠎ᠢᠶᠠᠷ᠂ 2023 ᠣᠨ᠎ᠤ 2 ᠳ᠋ᠤᠭ᠋ᠠᠷ ᠰᠠᠷ᠎ᠠ᠎ᠠᠴᠠ 2024 ᠣᠨ᠎ᠤ 12 ᠳ᠋ᠤᠭ᠋ᠠᠷ ᠰᠠᠷ᠎ᠠ ᠪᠣᠯᠲᠠᠯ᠎ᠠ᠂ ᠳᠠᠭᠠᠳᠭᠠᠯ᠎ᠳᠤ ᠣᠷᠣᠯᠴᠠᠭᠴᠢ ᠭᠤᠸᠠᠨ ᠣᠪᠣᠭ᠍ᠲᠤ ᠬᠠᠤᠯᠢ ᠪᠤᠰᠤ ᠠᠱᠢᠭ ᠲᠤᠰᠠ ᠣᠯᠬᠤ᠎ᠶ᠋ᠢᠨ ᠲᠥᠯᠥᠭᠡ᠂ ᠯᠢᠦ ᠣᠪᠣᠭ᠍ᠲᠤ᠂ ᠮᠧᠩ ᠣᠪᠣᠭ᠍ᠲᠤ᠂ ᠵᠢᠶᠠ ᠣᠪᠣᠭ᠍ᠲᠤ᠂ ᠱᠢᠤᠸᠠᠨ ᠣᠪᠣᠭ᠍ᠲᠤ᠎ᠠᠴᠠ 70 ᠭᠠᠷᠤᠶ ᠨᠡᠢᠭᠡᠮ᠎ᠤᠨ ᠪᠠᠲᠤᠯᠠᠭ᠎ᠠ᠎ᠶ᠋ᠢᠨ ᠺᠠᠷᠲ ᠴᠤᠭ᠍ᠯᠠᠭᠤᠯᠵᠤ᠂ ᠭᠤᠸᠠᠨ ᠣᠪᠣᠭ᠍ᠲᠤ ᠡᠲᠡᠭᠡᠷ ᠴᠤᠭ᠍ᠯᠠᠭᠤᠯᠤᠭ᠍ᠰᠠᠨ ᠨᠡᠢᠭᠡᠮ᠎ᠤᠨ ᠪᠠᠲᠤᠯᠠᠭ᠎ᠠ᠎ᠶ᠋ᠢᠨ ᠺᠠᠷᠲ᠎ᠢᠶᠠᠷ ᠳᠠᠮᠵᠢᠭᠤᠯᠤᠨ᠂ ᠣᠷᠣᠯᠠᠨ ᠡᠮ ᠬᠤᠳᠠᠯᠳᠤᠨ ᠠᠪᠬᠤ ᠨᠡᠷ᠎ᠡ᠎ᠪᠠᠷ ᠤᠷᠢᠳ ᠬᠤᠵᠢᠳ ᠴᠢᠨ ᠬᠤᠸᠠᠩ ᠳ᠋ᠣᠣ ᠬᠤᠲᠠ᠎ᠶ᠋ᠢᠨ 21 ᠡᠮᠴᠢᠯᠡᠭᠡᠨ᠎ᠤ ᠪᠠᠢᠭᠤᠯᠤᠮᠵᠢ᠎ᠳᠤ ᠰᠧ ᠮᠸᠢ ᠭᠧ ᠯᠦ᠍ ᠲᠠᠢ ᠡᠮ᠎ᠢ ᠬᠤᠳᠠᠯᠳᠤᠭᠰᠠᠨ ᠪᠥᠭᠡᠳ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ 12 ᠲᠦᠮᠡ ᠭᠠᠷᠤᠶ ᠲᠥᠭᠦᠷᠢᠭ ᠮᠡᠬᠡᠯᠡᠨ ᠠᠪᠴᠠᠢ᠃ ᠳᠠᠷᠠᠭ᠎ᠠ᠎ᠨᠢ᠂ ᠭᠤᠸᠠᠨ ᠣᠪᠣᠭ᠍ᠲᠤ ᠬᠤᠳᠠᠯᠳᠤᠨ ᠠᠪᠤᠭᠰᠠᠨ ᠡᠳᠡᠭᠡᠷ ᠰᠧ ᠮᠸᠢ ᠭᠧ ᠯᠦ᠍ ᠲᠠᠢ ᠡᠮ᠎ᠢ ᠰᠢᠤᠳᠠᠨ᠎ᠤ ᠬᠡᠯᠪᠡᠷᠢ᠎ᠪᠠᠷ ᠬᠤᠪᠧᠶ ᠮᠤᠵᠢ᠎ᠶ᠋ᠢᠨ ᠦᠬᠠᠨ ᠬᠤᠲᠠ᠂ ᠾᠧᠨᠠᠨ ᠮᠤᠵᠢ᠎ᠶ᠋ᠢᠨ ᠺᠠᠢᠹᠧᠩ ᠬᠤᠲᠠ᠂ ᠲᠢᠶᠠᠨᠵᠢᠨ ᠬᠤᠲᠠ ᠵᠡᠷᠭᠡ ᠭᠠᠵᠠᠷ᠎ᠲᠤ ᠪᠣᠷᠣᠯᠠᠭᠤᠯᠤᠭᠠᠳ ᠠᠱᠢᠭ ᠣᠯᠵᠠᠢ᠃
2025 ᠣᠨ᠎ᠤ 5 ᠳ᠋ᠤᠭ᠋ᠠᠷ ᠰᠠᠷ᠎ᠠ᠎ᠶ᠋ᠢᠨ 13 ᠤ ᠡᠳᠦᠷ᠂ ᠭᠠᠷᠠᠮ᠎ᠤᠨ ᠠᠭᠠᠷ᠎ᠤ᠋ᠨ ᠠᠶᠠᠯᠠᠯ᠎ᠤᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠭᠤᠸᠠᠨ ᠣᠪᠣᠭ᠍ᠲᠤ᠂ ᠯᠢᠦ ᠣᠪᠣᠭ᠍ᠲᠤ᠂ ᠮᠧᠩ ᠣᠪᠣᠭ᠍ᠲᠤ᠂ ᠵᠢᠶᠠ ᠣᠪᠣᠭ᠍ᠲᠤ᠂ ᠱᠢᠤᠸᠠᠨ ᠣᠪᠣᠭ᠍ᠲᠤ 5 ᠨᠡᠷᠡᠰ ᠶᠠᠯ᠎ᠠ ᠬᠢᠭ᠌ᠰᠡᠨ ᠰᠡᠵᠢᠭ᠌ᠳᠡᠨ᠎ᠢ ᠳᠠᠯᠠᠢ᠎ᠶᠢᠨ ᠭᠠᠷᠠᠮ ᠲᠣᠭᠤᠷᠢᠭ᠎ᠤᠨ ᠠᠷᠠᠳ᠎ᠤᠨ ᠪᠠᠢᠴᠠᠭᠠᠬᠤ ᠬᠤᠷᠢᠶ᠎ᠠ᠎ᠳᠤ ᠱᠢᠯᠵᠢᠭᠦᠯᠦᠨ ᠬᠢᠨᠠᠨ ᠪᠠᠢᠴᠠᠭᠠᠯᠭᠠᠵᠤ ᠵᠠᠭᠠᠯᠳᠤᠪᠠ᠃ ᠣᠳᠣᠬᠠᠨ᠎ᠳᠤ᠂ ᠬᠡᠷᠡᠭ ᠶᠠᠭ ᠳᠠᠯᠠᠢ᠎ᠶ᠋ᠢᠨ ᠭᠠᠷᠠᠮ ᠲᠣᠭᠤᠷᠢᠭ᠎ᠤᠨ ᠠᠷᠠᠳ᠎ᠤᠨ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠵᠤ ᠵᠠᠭᠠᠯᠳᠤᠯᠭ᠎ᠠ ᠬᠢᠵᠦ᠍ ᠪᠠᠢᠨ᠎ᠠ᠃ ᠪᠠᠢᠴᠠᠭᠠᠭ᠍ᠰᠠᠨ᠎ᠢᠶᠠᠷ᠂ ᠭᠤᠸᠠᠨ ᠣᠪᠣᠭ᠍ᠲᠤ ᠠᠯᠪᠠᠨ ᠲᠤᠱᠢᠶᠠᠯᠲᠠᠨ ᠪᠠᠢᠵᠤ᠂ 2025 ᠣᠨ᠎ᠤ 5 ᠳ᠋ᠤᠭ᠋ᠠᠷ ᠰᠠᠷ᠎ᠠ᠎ᠶ᠋ᠢᠨ 26 ᠤ ᠡᠳᠦᠷ ᠨᠢᠭᠡᠨᠲᠡ ᠭᠤᠸᠠᠨ ᠣᠪᠣᠭ᠍ᠲᠤ᠎ᠶ᠋ᠢᠨ ᠬᠡᠷᠡᠭ᠎ᠢ ᠴᠢᠨ ᠬᠤᠸᠠᠩ ᠳ᠋ᠣᠣ ᠬᠤᠲᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠳᠤ ᠵᠡᠷᠭᠡ᠎ᠪᠠᠷ ᠱᠢᠯᠵᠢᠭᠦᠯᠦᠨ ᠬᠦᠷᠭᠡᠪᠡ᠃
ᠬᠡᠷᠡᠭ᠎ᠦ᠋ᠨ ᠵᠢᠱ᠌ᠢᠶ᠎ᠡ ᠬᠣᠶᠠᠷ ᠠᠨᠾᠦᠢ ᠮᠣᠵᠢ᠎ᠶᠢᠨ ᠡᠦ ᠬᠤ᠌ ᠬᠣᠲᠠ᠎ᠶᠢᠨ ᠳᠠᠭᠠᠳᠭᠠᠯ᠎ᠳ᠋ᠤ ᠣᠷᠣᠯᠴᠠᠭ᠍ᠴᠢ ᠰᠢᠶᠤᠤ ᠣᠪᠣᠭ᠍ᠲᠤ ᠡᠮᠴᠢᠯᠡᠭᠡᠨ᠎ᠤ ᠳᠠᠭᠠᠳᠭᠠᠯ ᠡᠮ᠎ᠦᠨ ᠵᠦᠢ᠍ᠯ᠎ᠢ ᠫᠠᠨᠽᠠᠯᠠᠵᠤ ᠳᠠᠭ᠋ᠠᠳᠬᠠᠯ ᠮᠡᠬᠡᠯᠡᠭᠰᠡᠨ ᠬᠡᠷᠡᠭ
2024 ᠣᠨ᠎ᠤ 8 ᠳ᠋ᠤᠭ᠋ᠠᠷ ᠰᠠᠷ᠎ᠠ᠎ᠳᠤ᠂ ᠠᠨᠾᠦ᠋ᠢ ᠮᠤᠵᠢ᠎ᠶ᠋ᠢᠨ ᠡᠤ ᠬᠤ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠢᠯᠡᠴᠢᠯᠡᠨ ᠮᠡᠳᠡᠭᠦᠯᠦᠭ᠌ᠰᠡᠨ ᠰᠦᠪᠡᠭ᠌ᠴᠢ᠂ ᠳᠠᠭᠠᠳᠭᠠᠯ᠎ᠳᠤ ᠣᠷᠣᠯᠴᠠᠭᠴᠢ ᠱᠢᠶᠤᠤ ᠣᠪᠣᠭ᠍ᠲᠤ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠵᠦ᠍ ᠪᠠᠢᠭ᠎ᠠ ᠬᠥᠮᠦᠰ᠎ᠤᠨ ᠡᠮᠴᠢᠯᠡᠭᠡᠨ᠎ᠤ ᠳᠠᠭᠠᠳᠭᠠᠯ᠎ᠤᠨ ᠬᠠᠷᠠᠭᠠᠯᠵᠠᠯ᠎ᠢ ᠠᠱᠢᠭ᠍ᠯᠠᠨ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢ᠍ᠯ ᠫᠠᠨᠽᠠᠯᠠᠭᠰᠠᠨ ᠰᠡᠵᠢᠭᠯᠡᠯ᠎ᠲᠦ ᠬᠡᠷᠡᠭ᠎ᠢ ᠲᠤᠰᠬᠠᠭᠰᠠᠨᠢ ᠬᠦᠯᠢᠶᠡᠨ ᠠᠪᠴᠠᠢ᠃ ᠲᠤᠬᠠᠶ᠎ᠶ᠋ᠢᠨ ᠭᠠᠵᠠᠷ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠳᠠᠷᠤᠶ ᠲᠦᠷᠭᠡᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠲᠠᠢ ᠬᠠᠮᠲᠤᠷᠠᠨ ᠭᠦᠨᠵᠡᠭᠡᠶ ᠰᠤᠳᠤᠯᠤᠨ ᠮᠠᠭᠠᠳᠯᠠᠯᠲᠠ ᠪᠠ ᠪᠠᠢᠴᠠᠭᠠᠯᠲᠠ ᠥᠷᠨᠢᠭᠦᠯᠪᠡ᠃ ᠪᠠᠢ᠌ᠴᠠᠭ᠋ᠠᠭᠰᠠᠨ᠎ᠢᠶᠠᠷ᠂ ᠰᠢᠶᠤᠤ ᠣᠪᠣᠭ᠍ᠲᠤ《ᠡᠯᠢᠭᠡᠨ᠎ᠤ ᠪᠤᠷᠴᠠᠭ᠎ᠤ᠋ᠨ ᠬᠡᠯᠪᠡᠷᠢ᠎ᠶᠢᠨ ᠴᠥᠮ᠎ᠡ᠎ᠶᠢᠨ ᠬᠤᠪᠢᠷᠠᠯ 》 ᠡᠪᠡᠳᠴᠢᠨ᠎ᠲᠡᠢ ᠪᠣᠯᠬᠣᠷ ᠵᠢᠯ᠎ᠳ᠋ᠦ᠍ ᠡᠮ᠎ᠢᠶᠠᠷ ᠡᠮᠴᠢᠯᠡᠬᠦ᠌ ᠴᠢᠬᠤᠯᠠᠲᠠᠢ᠃ 2022 ᠣᠨ᠎ᠤ 2 ᠳ᠋ᠤᠭ᠋ᠠᠷ ᠰᠠᠷ᠎ᠠ᠎ᠠᠴᠠ 2024 ᠣᠨ᠎ᠤ 3 ᠳ᠋ᠤᠭ᠋ᠠᠷ ᠰᠠᠷ᠎ᠠ ᠪᠣᠯᠲᠠᠯ᠎ᠠ᠂ ᠱᠢᠶᠤᠤ ᠣᠪᠣᠭ᠍ᠲᠤ ᠾᠧᠹᠸᠢ ᠬᠤᠲᠠ᠎ᠳᠤ ᠣᠨᠳᠣᠤ ᠭᠠᠵᠠᠷ᠎ᠲᠤ ᠡᠪᠡᠳᠴᠢᠨ ᠦᠵᠡᠭᠦᠯᠬᠦ᠌ ᠬᠤᠭᠤᠴᠠᠭᠠᠨ᠎ᠳᠤ᠂ ᠬᠠᠤᠯᠢ ᠪᠤᠰᠤ ᠠᠱᠢᠭ ᠣᠯᠬᠤ᠎ᠶᠢᠨ ᠲᠥᠯᠥᠭᠡ᠂ ᠥᠪᠡᠷ᠎ᠤᠨ ᠪᠣᠳᠠᠲᠠᠶ ᠡᠮ᠎ᠤᠨ ᠵᠦᠢ᠍ᠯ᠎ᠦᠨ ᠬᠡᠷᠡᠭᠰᠡᠬᠦ ᠬᠡᠮᠵᠢᠶ᠎ᠡ᠎ᠪᠡᠨ ᠨᠢᠭᠤᠨ ᠳᠠᠯᠳᠠᠯᠠᠵᠤ᠂ ᠣᠯᠠᠨ ᠡᠮᠴᠢ᠎ᠶ᠋ᠢ ᠮᠡᠬᠡᠯᠡᠨ 《 ᠡᠯᠢᠭᠡᠨᠦ ᠪᠤᠷᠴᠠᠭ᠎ᠤᠨ ᠬᠡᠯᠪᠡᠷᠢ᠎ᠶ᠋ᠢᠨ ᠴᠥᠮ᠎ᠡ ᠬᠤᠪᠢᠷᠠᠯ 》᠎ᠢ ᠡᠮᠨᠡᠬᠦ ᠬᠥᠬᠡ ᠬᠥᠭᠡᠴᠦ ᠠᠮᠢᠨ᠂ ᠣᠣ ᠯᠠ ᠰᠢ ᠲᠠᠨ ᠬᠠᠪᠲᠠᠭ᠋ᠠᠢ ᠡᠮ᠂ ᠡᠯᠢᠭᠡᠨ᠎ᠤ ᠪᠤᠷᠴᠠᠭ᠎ᠤᠨ ᠬᠠᠪᠲᠠᠭᠠᠶ ᠡᠮ ᠵᠡᠷᠭᠡ ᠡᠮ᠎ᠤᠨ ᠵᠦᠢᠯ᠎ᠢ ᠬᠤᠳᠠᠯᠳᠤᠵᠠᠢ᠂ ᠰᠢᠶᠤᠤ ᠣᠪᠣᠭ᠍ᠲᠤ ᠥᠪᠡᠷ᠎ᠤᠨ ᠢᠳᠡᠬᠦ ᠴᠢᠬᠤᠯᠠᠲᠠᠶ ᠡᠮ᠎ᠤᠨ ᠵᠦᠢᠯ᠎ᠢᠶᠠᠨ ᠭᠦᠢᠴᠡᠳ ᠦᠯᠡᠳᠡᠭᠡᠬᠦ᠌᠎ᠠᠴᠠ ᠭᠠᠳᠠᠨ᠎ᠠ᠂ ᠸᠢᠴᠠᠲ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠤᠳᠠᠯᠳᠤᠨ ᠠᠪᠤᠭ᠍ᠴᠢ᠎ᠲᠠᠢ ᠬᠠᠷᠢᠯᠴᠠᠵᠤ᠂ ᠣᠯᠠᠨ ᠬᠤᠳᠠᠯᠳᠤᠭᠰᠠᠨ ᠡᠮ᠎ᠤᠨ ᠵᠦᠢᠯ᠎ᠢᠶᠠᠨ ᠲᠦᠷᠭᠡᠨ ᠬᠦᠷᠭᠡᠯᠲᠡ᠎ᠪᠠᠷ ᠢᠯᠡᠭᠡᠬᠦ᠌ ᠠᠷᠭ᠎ᠠ ᠮᠠᠶᠢᠭ᠎ᠢᠶᠠᠷ ᠳᠠᠮᠵᠢᠭᠤᠯᠤᠨ ᠪᠣᠷᠣᠯᠠᠭᠤᠯᠵᠤ᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠨᠡᠢᠲᠡ 51950.91 ᠲᠥᠭᠦᠷᠢᠭ ᠮᠡᠬᠡᠯᠡᠨ ᠠᠪᠤᠪᠠ᠃
2025 ᠣᠨ᠎ᠤ 7 ᠳ᠋ᠤᠭ᠋ᠠᠷ ᠰᠠᠷ᠎ᠠ᠎ᠳᠤ᠂ ᠡᠤ ᠬᠤ᠌ ᠬᠤᠲᠠ᠎ᠶ᠋ᠢᠨ ᠨᠠᠨᠯᠢᠩ ᠱᠢᠶᠠᠨ᠎ᠤ ᠠᠷᠠᠳ᠎ᠤᠨ ᠱᠢᠭᠦᠬᠦ᠌ ᠬᠤᠷᠢᠶ᠎ᠠ ᠱᠢᠶᠤᠤ ᠣᠪᠣᠭ᠍ᠲᠤ᠎ᠶ᠋ᠢ ᠮᠡᠬᠡᠯᠡᠭ᠌ᠰᠡᠨ ᠶᠠᠯ᠎ᠠ ᠬᠢᠭᠰᠡᠨ᠎ᠢ ᠬᠠᠤᠯᠢ ᠶᠣᠰᠣᠭᠠᠷ ᠱᠢᠭᠦᠨ ᠲᠠᠰᠤᠯᠵᠤ᠂ 3 ᠵᠢᠯ ᠬᠤᠭᠤᠴᠠᠭ᠎ᠠ᠎ᠲᠠᠢ ᠬᠤᠷᠢᠵᠤ᠂ 3 ᠵᠢᠯ ᠡᠷᠡᠭᠦᠦ ᠰᠢᠢ᠍ᠳᠬᠡᠯ ᠬᠤᠢᠱᠢᠯᠠᠭᠤᠯᠵᠤ᠂ ᠠᠷᠠᠳ᠎ᠤᠨ ᠵᠣᠭᠤᠰ᠎ᠢᠶᠠᠷ 20000 ᠲᠥᠭᠦᠷᠢᠭ ᠲᠣᠷᠭᠠᠬᠤ᠎ᠶ᠋ᠢᠨ ᠬᠠᠮᠲᠤ ᠮᠡᠬᠡᠯᠡᠨ ᠠᠪᠤᠭ᠍ᠰᠠᠨ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ ᠪᠦᠬᠦᠨ᠎ᠢ ᠪᠤᠴᠠᠭᠠᠯᠭᠠᠬᠤ᠎ᠪᠠᠷ ᠵᠠᠷᠯᠢᠭ᠍ᠳᠠᠪᠠ᠃
ᠬᠡᠷᠡᠭ᠎ᠦ᠋ᠨ ᠵᠢᠱ᠌ᠢᠶ᠎ᠡ ᠭᠤᠷᠪᠠ ᠾᠧᠨᠠᠨ ᠮᠣᠵᠢ᠎ᠶᠢᠨ ᠵᠧᠩᠵᠧᠦ ᠬᠣᠲᠠ᠎ᠶᠢᠨ ᠳᠠᠭᠠᠳᠭᠠᠯ᠎ᠳ᠋ᠤ ᠣᠷᠣᠯᠴᠠᠭ᠍ᠴᠢ ᠵᠠᠩ ᠣᠪᠣᠭ᠍ᠲᠤ ᠬᠠᠭᠤᠷᠮᠠᠭ ᠭᠡᠷᠡᠴᠢ ᠮᠠᠲ᠋ᠧᠷᠢᠶᠠᠯ ᠵᠣᠬᠢᠶᠠᠵᠤ ᠳᠠᠭᠠᠳᠭᠠᠯ ᠮᠡᠬᠡᠯᠡᠭ᠌ᠰᠡᠨ ᠬᠡᠷᠡᠭ
2024 ᠣᠨ᠎ᠤ 1 ᠳ᠋ᠤᠭᠡᠷ ᠰᠠᠷ᠎ᠠ᠎ᠳᠤ᠂ ᠾᠧᠨᠠᠨ ᠮᠤᠵᠢ᠎ᠶ᠋ᠢᠨ ᠵᠧᠩᠵᠧᠤ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠶ᠋ᠢᠨ ᠭᠦᠩ ᠢ ᠬᠤᠪᠢᠶᠠᠷᠢ ᠲᠣᠪᠴᠢᠶ᠎ᠠ ᠰᠠᠨᠠᠭᠠᠨ᠎ᠳᠤ ᠥᠬᠡᠶ ᠭᠡᠮᠲᠦᠯ᠎ᠤᠨ ᠡᠮᠴᠢᠯᠡᠭᠡᠨ᠎ᠤ ᠵᠠᠷᠤᠳᠠᠯ᠎ᠢ ᠬᠠᠷᠭᠤᠭᠤᠯᠤᠨ ᠪᠠᠢᠴᠠᠭᠠᠬᠤ᠎ᠳᠦ᠂ ᠳᠠᠭᠠᠳᠭᠠᠯ᠎ᠳᠤ ᠣᠷᠣᠯᠴᠠᠭᠴᠢ ᠵᠠᠩ ᠣᠪᠣᠭ᠍ᠲᠤ᠎ᠶ᠋ᠢᠨ 《 ᠡᠮᠨᠡᠯᠭᠡ᠎ᠳᠤ ᠰᠠᠭᠤᠭ᠍ᠰᠠᠨ ᠡᠪᠡᠳᠴᠢᠨ᠎ᠤ ᠲᠡᠤᠬᠡ 》 ᠳᠤ ᠲᠡᠮᠳᠡᠭ᠌ᠯᠡᠭ᠌ᠰᠡᠨ ᠰᠢᠷᠬᠠᠳᠤᠭᠰᠠᠨ ᠥᠩᠭᠡᠷᠡᠯᠲᠡ ᠨᠢ 《 ᠭᠠᠳᠠᠷ ᠱᠢᠷᠬ᠎ᠠ ᠨᠢ ᠭᠤᠷᠪᠠᠳᠠᠬᠢ ᠡᠲᠡᠭᠡᠳ᠎ᠤᠨ ᠬᠠᠷᠢᠭᠤᠴᠠᠯᠭ᠎ᠠ ᠦᠭᠡᠢ ᠠᠮᠠᠯᠠᠯᠲᠠ᠎ᠶ᠋ᠢᠨ ᠪᠢᠴᠢᠭ 》᠎ᠲᠠᠬᠢ ᠲᠡᠮᠳᠡᠭ᠌ᠯᠡᠭ᠌ᠰᠡᠨ ᠰᠢᠷᠬᠠᠳᠤᠭᠰᠠᠨ ᠥᠩᠭᠡᠷᠡᠯᠲᠡ ᠠᠳᠠᠯᠢ ᠦᠭᠡᠢ ᠪᠠᠢ᠌ᠵᠤ᠂ ᠳᠠᠷᠤᠶ ᠲᠦᠷᠭᠡᠨ ᠬᠦᠴᠦᠨ᠎ᠢᠶᠠᠨ ᠵᠣᠬᠢᠶᠠᠨ ᠪᠠᠢᠭᠤᠯᠵᠤ ᠪᠠᠢᠴᠠᠭᠠᠨ ᠬᠠᠷᠭᠤᠭᠤᠯᠪᠠ᠃ ᠪᠠᠢ᠌ᠴᠠᠭ᠋ᠠᠭᠰᠠᠨ᠎ᠢᠶᠠᠷ᠂ ᠵᠠᠩ ᠣᠪᠣᠭ᠍ᠲᠤ 2023 ᠣᠨ᠎ᠤ 6 ᠳ᠋ᠤᠭ᠋ᠠᠷ ᠰᠠᠷ᠎ᠠ᠎ᠳᠤ ᠲᠡᠭᠦᠨ᠎ᠤ ᠬᠥᠯᠦᠰᠦᠯᠡᠭᠳᠡᠭᠰᠡᠨ ᠺᠣᠮᠫᠠᠨᠢ᠎ᠳᠤ ᠠᠵᠢᠯᠯᠠᠬᠤ ᠦᠶ᠎ᠡ᠎ᠳᠤ ᠰᠠᠨᠠᠭᠠᠨ᠎ᠳᠤ ᠥᠬᠡᠶ ᠤᠨᠠᠵᠤ ᠱᠢᠷᠬᠠᠲᠤᠭ᠍ᠰᠠᠨ ᠪᠥᠭᠡᠳ ᠨᠢᠭᠡᠨᠲᠡ ᠲᠣᠰ ᠺᠣᠮᠫᠠᠨᠢ᠎ᠶ᠋ᠢᠨ ᠬᠠᠮᠢᠶ᠎ᠠ ᠪᠥᠬᠦᠶ ᠲᠥᠯᠥᠪᠦᠷᠢ᠎ᠶ᠋ᠢ ᠭᠥᠯᠢᠶᠡᠨ ᠠᠪᠴᠤ᠌᠂ ᠡᠮᠴᠢᠯᠡᠭᠡᠨ᠎ᠤ ᠳᠠᠭᠠᠳᠭᠠᠯ᠎ᠤᠨ ᠲᠠᠩᠰᠠ ᠲᠠᠢᠯᠬᠤ ᠨᠥᠬᠦᠴᠡᠯ᠎ᠳᠤ ᠨᠡᠢᠴᠡᠬᠦ᠌ ᠥᠬᠡᠶ ᠪᠣᠯᠵᠠᠶ᠃ 2023 ᠣᠨ᠎ᠤ 8 ᠳ᠋ᠤᠭ᠋ᠠᠷ ᠰᠠᠷ᠎ᠠ᠎ᠳᠤ᠂ ᠵᠠᠩ ᠣᠪᠣᠭ᠍ᠲᠤ ᠡᠮᠨᠡᠯᠭᠡ᠎ᠠᠴᠠ ᠭᠠᠷᠬᠤ ᠦᠶ᠎ᠡ᠎ᠳᠤ ᠬᠠᠤᠯᠢ ᠪᠤᠰᠤ᠎ᠪᠠᠷ ᠠᠱᠢᠭ ᠤᠯᠬᠤ᠎ᠶ᠋ᠢᠨ ᠲᠥᠯᠥᠭᠡ᠂ ᠡᠬᠡᠨᠡᠷ ᠫᠠᠨ ᠣᠪᠣᠭ᠍ᠲᠤ᠎ᠲᠠᠢ ᠬᠠᠮᠲᠤ ᠠᠰᠠᠷ᠎ᠤᠨ ᠱᠠᠲᠤᠨ᠎ᠠᠴᠠ ᠪᠠᠭᠤᠬᠤ ᠦᠶ᠎ᠡ᠎ᠳᠤ ᠰᠠᠨᠠᠮᠰᠠᠷ ᠥᠬᠡᠶ ᠱᠢᠷᠬᠠᠲᠤᠭ᠍ᠰᠠᠨ ᠪᠥᠭᠡᠳ 《 ᠭᠠᠳᠠᠷ ᠱᠢᠷᠬ᠎ᠠ᠎ᠨᠢ ᠭᠤᠷᠪᠠᠳᠠᠬᠢ ᠡᠲᠡᠭᠡᠳ᠎ᠤᠨ ᠬᠠᠷᠢᠭᠤᠴᠠᠯᠭ᠎ᠠ ᠦᠭᠡᠢ ᠠᠮᠠᠯᠠᠯᠲᠠ᠎ᠶ᠋ᠢᠨ ᠪᠢᠴᠢᠭ 》 ᠲᠤ ᠭᠠᠷᠤᠨ ᠥᠰᠥᠭ ᠵᠢᠷᠤᠵᠤ᠂ ᠭᠤᠷᠪᠠᠳᠠᠬᠢ ᠲᠠᠯ᠎ᠠ᠎ᠶ᠋ᠢᠨ ᠬᠠᠷᠢᠭᠤᠴᠠᠯᠭ᠎ᠠ᠎ᠶ᠋ᠢᠨ ᠬᠤᠯᠪᠣᠭ᠍ᠳᠠᠯ ᠪᠥᠬᠦᠶ ᠭᠡᠷᠡᠴᠢᠯᠡᠬᠦ᠌ ᠮᠠᠲ᠋ᠧᠷᠢᠶᠠᠯ᠎ᠢ ᠬᠠᠭᠤᠷᠮᠠᠭ᠎ᠢᠶᠠᠷ ᠵᠣᠬᠢᠶᠠᠵᠤ᠂ ᠡᠮᠴᠢᠯᠡᠭᠡᠨ᠎ᠤ ᠳᠠᠭᠠᠳᠭᠠᠯ᠎ᠤᠨ ᠲᠠᠩᠰᠠ ᠲᠠᠢᠯᠬᠤ ᠵᠠᠷᠤᠳᠠᠯ᠎ᠢ ᠨᠡᠢᠲᠡ 39477.26 ᠲᠥᠭᠦᠷᠢᠭ ᠮᠡᠬᠡᠯᠡᠵᠡᠢ᠃ ᠵᠧᠩᠵᠧᠦ ᠬᠣᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶᠠᠨ᠎ᠤ᠋ ᠬᠦᠩ ᠢ ᠬᠤᠪᠢᠶᠠᠷᠢ ᠲᠣᠪᠴᠢᠶ᠎ᠠ ᠬᠣᠬᠢᠷᠠᠭ᠍ᠰᠠᠨ ᠡᠮᠴᠢᠯᠡᠭᠡᠨ᠎ᠤ ᠳᠠᠭᠠᠳᠭᠠᠯ᠎ᠤ᠋ᠨ ᠰᠠᠭᠤᠷᠢ ᠮᠥᠩᠭᠥ 39477.26 ᠲᠥᠭᠥᠷᠢᠭ᠎ᠢ ᠬᠠᠤᠯᠢ ᠶᠣᠰᠣᠭᠠᠷ ᠨᠡᠬᠡᠮᠵᠢᠯᠡᠨ ᠠᠪᠴᠢᠷᠠᠭ᠍ᠰᠠᠨ ᠪᠥᠭᠡᠳ ᠬᠡᠷᠡᠭ᠎ᠦ᠋ᠨ ᠰᠦᠪᠡᠭ᠌ᠴᠢ᠎ᠶᠢ ᠲᠤᠬᠠᠢ᠎ᠶᠢᠨ ᠭᠠᠵᠠᠷ᠎ᠤ᠋ᠨ ᠳᠣᠲᠣᠭᠠᠳᠤ᠎ᠶᠢ ᠬᠠᠮᠠᠭᠠᠯᠠᠬᠤ ᠪᠠᠢᠭᠤᠯᠭᠠᠳ᠋ᠤ ᠰᠢᠯᠵᠢᠭᠦᠯᠦᠨ ᠬᠦᠷᠭᠡᠪᠡ᠃
2024 ᠣᠨ᠎ᠤ 4 ᠳ᠋ᠤᠭᠡᠷ ᠰᠠᠷ᠎ᠠ᠎ᠳᠤ᠂ ᠭᠦᠩ ᠢ ᠬᠤᠲᠠ᠎ᠶ᠋ᠢᠨ ᠠᠷᠠᠳ᠎ᠤᠨ ᠱᠢᠭᠦᠬᠦ᠌ ᠬᠤᠷᠢᠶ᠎ᠠ ᠵᠠᠩ ᠣᠪᠣᠭ᠍ᠲᠤ᠎ᠶ᠋ᠢ ᠮᠡᠬᠡᠯᠡᠭ᠌ᠰᠡᠨ ᠶᠠᠯ᠎ᠠ ᠬᠢᠭᠰᠡᠨ᠎ᠢᠶᠡᠷ ᠱᠢᠭᠦᠨ ᠲᠡᠰᠦᠯᠵᠦ᠍᠂ 2 ᠵᠢᠯ ᠬᠤᠭᠤᠴᠠᠭ᠎ᠠ᠎ᠲᠠᠢ ᠬᠤᠷᠢᠬᠤ᠎ᠶ᠋ᠢᠨ ᠬᠠᠮᠲᠤ 3 ᠵᠢᠯ ᠡᠷᠡᠭᠦᠦ ᠰᠢᠢ᠍ᠳᠬᠡᠯ ᠬᠣᠢ᠌ᠰᠢᠯᠠᠭᠤᠯᠬᠤ᠎ᠶᠢᠨ ᠬᠠᠮᠲᠤ ᠠᠷᠠᠳ᠎ᠤᠨ ᠵᠣᠭᠤᠰ᠎ᠢᠶᠠᠷ 10000 ᠲᠥᠭᠦᠷᠢᠭ ᠲᠤᠷᠭᠠᠨ᠎ᠠ; ᠫᠠᠨ ᠣᠪᠣᠭ᠍ᠲᠤ ᠮᠡᠬᠡᠯᠡᠭ᠌ᠰᠡᠨ ᠶᠠᠯ᠎ᠠ ᠬᠢᠵᠦ᠍᠂ 2 ᠵᠢᠯ ᠬᠤᠭᠤᠴᠠᠭ᠎ᠠ᠎ᠲᠠᠢ ᠬᠣᠷᠢᠵᠤ᠂ 3 ᠵᠢᠯ ᠡᠷᠡᠭᠦᠦ ᠰᠢᠢ᠍ᠳᠬᠡᠯ ᠬᠣᠢ᠌ᠰᠢᠯᠠᠭᠤᠯᠬᠤ᠎ᠶᠢᠨ ᠬᠠᠮᠲᠤ ᠠᠷᠠᠳ᠎ᠤᠨ ᠵᠣᠭᠤᠰ᠎ᠢᠶᠠᠷ 10000 ᠲᠥᠭᠦᠷᠢᠭ ᠵᠣᠭᠤᠰ ᠲᠣᠷᠭᠠᠪᠡ᠃
ᠬᠡᠷᠡᠭ᠎ᠦᠨ ᠵᠢᠱ᠌ᠢᠶ᠎ᠡ ᠳᠥᠷᠪᠡ ᠱᠠᠨᠳᠦ᠋ᠩ ᠮᠤᠵᠢ᠎ᠶᠢᠨ ᠶᠠᠨᠲ᠋ᠠᠢ ᠬᠣᠲᠠ᠎ᠶᠢᠨ ᠸᠠᠩ ᠣᠪᠣᠭ᠍ᠲᠤ ᠵᠡᠷᠭᠡ 3 ᠬᠥᠮᠦᠨ ᠭᠡᠷᠡᠴᠢ ᠮᠠᠲᠸᠷᠢᠶᠠᠯ᠎ᠢ᠋ ᠬᠠᠭᠤᠷᠮᠠᠭ᠍ᠯᠠᠨ ᠵᠣᠬᠢᠶᠠᠵᠤ ᠳᠠᠭᠠᠳᠭᠠᠯ ᠮᠡᠬᠡᠯᠡᠭ᠌ᠰᠡᠨ ᠬᠡᠷᠡᠭ
2023 ᠣᠨ᠎ᠤ 6 ᠳ᠋ᠤᠭ᠋ᠠᠷ ᠰᠠᠷ᠎ᠠ᠎ᠳᠤ᠂ ᠱᠠᠨᠳᠦ᠋ᠩ ᠮᠤᠵᠢ᠎ᠶ᠋ᠢᠨ ᠶᠠᠨᠲ᠋ᠠᠢ ᠬᠤᠳᠠ᠎ᠶ᠋ᠢᠨ ᠯᠦᠩᠺᠸᠤ ᠬᠤᠳᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠭᠡᠷᠡᠴᠢᠯᠡᠬᠦ᠌ ᠮᠠᠲ᠋ᠧᠷᠢᠶᠠᠯ᠎ᠢ ᠬᠠᠭᠤᠷᠮᠠᠭ᠍ᠯᠠᠨ ᠵᠣᠬᠢᠶᠠᠵᠤ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ ᠮᠡᠬᠡᠯᠡᠨ ᠠᠪᠤᠭ᠍ᠰᠠᠨ ᠲᠤᠬᠠᠢ ᠢᠯᠡᠴᠢᠯᠡᠨ ᠮᠡᠳᠡᠭᠦᠯᠦᠭ᠌ᠰᠡᠨ ᠰᠦᠪᠡᠭ᠌ᠴᠢ᠎ᠶ᠋ᠢ ᠣᠯᠵᠤ᠂ ᠲᠤᠬᠠᠢ᠎ᠶ᠋ᠢᠨ ᠭᠠᠵᠠᠷ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠬᠦᠴᠦᠨ᠎ᠢᠶᠠᠨ ᠵᠣᠬᠢᠶᠠᠨ ᠪᠠᠢᠭᠤᠯᠵᠤ ᠬᠢᠨᠠᠨ ᠪᠠᠢᠴᠠᠭᠠᠬᠤ ᠠᠵᠢᠯ᠎ᠢ ᠦᠳᠲᠡᠷ ᠲᠦᠷᠭᠡᠨ ᠥᠷᠨᠢᠭᠦᠯᠪᠡ᠃ ᠪᠠᠢᠴᠠᠭᠠᠭ᠍ᠰᠠᠨ᠎ᠢᠶᠠᠷ᠂ ᠳᠠᠭᠠᠳᠭᠠᠯ᠎ᠳᠤ ᠣᠷᠣᠯᠴᠠᠭᠴᠢ ᠸᠠᠩ ᠣᠪᠣᠭ᠍ᠲᠤ 2022 ᠣᠨ᠎ᠤ 8 ᠳ᠋ᠤᠭ᠋ᠠᠷ ᠰᠠᠷ᠎ᠠ᠎ᠳᠤ ᠠᠵᠢᠯ᠎ᠤᠨ ᠬᠤᠭᠤᠴᠠᠭᠠᠨ᠎ᠳᠤ᠎ᠪᠠᠨ ᠪᠣᠯᠭᠤᠮᠵᠢ ᠦᠭᠡᠢ᠎ᠪᠠᠷ ᠬᠤᠷᠤᠭᠤ᠎ᠪᠠᠨ ᠲᠠᠰᠤᠯᠵᠤ᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠬᠡᠪᠴᠢᠶᠡᠨ᠎ᠳᠤ ᠬᠠᠷᠢᠶᠠᠯᠠᠭ᠍ᠳᠠᠨ᠎ᠠ᠂ ᠭᠡᠪᠡᠴᠦ᠍ ᠲᠡᠳᠡᠨ᠎ᠤ ᠬᠥᠯᠥᠰᠥᠯᠡᠭ᠌ᠳᠡᠭ᠌ᠰᠡᠨ ᠺᠣᠮᠫᠠᠨᠢ᠎ᠶ᠋ᠢᠨ ᠬᠠᠷᠢᠭᠤᠴᠠᠯᠭᠠᠲᠠᠨ ᠶᠠᠩ ᠣᠪᠣᠭ᠍ᠲᠤ ᠸᠠᠩ ᠣᠪᠣᠭ᠍ᠲᠤ᠎ᠤᠨ ᠡᠬᠡᠨᠡᠷ ᠰᠦᠨ ᠣᠪᠣᠭᠲᠤ᠎ᠶᠢ ᠵᠢᠭᠠᠨ ᠳᠣᠬᠢᠵᠤ ᠡᠮᠴᠢᠯᠡᠭᠡᠨ᠎ᠦ ᠳᠠᠭᠠᠳᠭᠠᠯ᠎ᠤᠨ ᠲᠠᠩᠰᠠ ᠲᠠᠢᠯᠬᠤ᠎ᠳᠦ ᠬᠡᠷᠡᠭᠰᠡᠬᠦ 《 ᠰᠠᠨᠠᠭᠠᠨ᠎ᠳᠤ ᠦᠭᠡᠢ ᠱᠢᠷᠬᠠᠲᠤᠯᠤᠨ ᠲᠣᠳᠣᠷᠬᠠᠢᠯᠠᠯᠲᠠ᠎ᠶ᠋ᠢᠨ ᠬᠦᠰᠦᠨᠦᠭ᠌ᠲᠦ 》 ᠶ᠋ᠢ ᠲᠠᠭ᠍ᠯᠠᠬᠤ᠎ᠳᠤ᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠪᠣᠳᠠᠲᠤ ᠬᠡᠷᠡᠭ᠎ᠢ ᠵᠣᠷᠢᠭᠤᠳᠠ ᠨᠢᠭᠤᠨ ᠳᠠᠯᠳᠠᠯᠠᠵᠤ᠂ ᠸᠠᠩ ᠣᠪᠣᠭ᠍ᠲᠤ《 ᠭᠡᠷ᠎ᠲᠤ᠎ᠪᠠᠨ ᠱᠢᠷᠬᠠᠲᠤᠭ᠍ᠰᠠᠨ 》 ᠭᠡᠵᠦ᠍ ᠬᠤᠳᠠᠯ ᠬᠡᠯᠡᠵᠦ᠍᠂ ᠡᠭᠦᠨ᠎ᠤ ᠤᠯᠠᠮ᠎ᠠᠴᠠ ᠡᠮᠴᠢᠯᠡᠭᠡᠨ᠎ᠦ ᠳᠠᠭᠠᠳᠭᠠᠯ᠎ᠤᠨ ᠲᠠᠩᠰᠠ ᠲᠠᠢᠯᠬᠤ ᠵᠠᠷᠤᠳᠠᠯ᠎ᠢ 18070.63 ᠲᠥᠭᠦᠷᠢᠭ ᠮᠡᠬᠡᠯᠡᠵᠡᠢ᠃ ᠡᠮᠨᠡᠯᠭᠡ᠎ᠳᠤ ᠰᠠᠭᠤᠬᠤ ᠬᠤᠭᠤᠴᠠᠭᠠᠨ᠎ᠳᠤ᠂ ᠬᠠᠮᠢᠶ᠎ᠠ ᠪᠥᠬᠦᠶ ᠳᠡᠨᠵᠢ᠎ᠶ᠋ᠢᠨ ᠮᠥᠩᠭᠦ᠎ᠶ᠋ᠢ ᠶᠠᠩ ᠣᠪᠣᠭ᠍ᠲᠤ ᠲᠤᠱᠢᠶᠠᠵᠤ᠂ ᠡᠮᠴᠢᠯᠡᠭᠡᠨ᠎ᠤ ᠳᠠᠭᠠᠳᠭᠠᠯ᠎ᠤᠨ ᠲᠠᠩᠰᠠ ᠲᠠᠢᠯᠬᠤ ᠵᠠᠷᠤᠳᠠᠯ᠎ᠢ ᠴᠦ᠍ ᠶᠠᠩ ᠣᠪᠣᠭ᠍ᠲᠤ ᠠᠪᠴᠠᠢ᠃ ᠯᠦᠩᠺᠸᠦ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠸᠠᠩ ᠣᠪᠣᠭ᠍ᠲᠤ ᠪᠣᠯᠤᠨ ᠶᠠᠩ ᠣᠪᠣᠭ᠍ᠲᠤ᠎ᠳᠤ ᠬᠠᠤᠯᠢ ᠶᠣᠰᠣᠭᠠᠷ 《 ᠵᠠᠰᠠᠭ ᠵᠠᠬᠢᠷᠭᠠᠨ᠎ᠤ ᠱᠢᠢᠳᠪᠦᠷᠢᠯᠡᠬᠦ᠌ ᠲᠣᠭ᠍ᠲᠠᠭᠠᠯ᠎ᠤᠨ ᠪᠢᠴᠢᠭ 》᠎ᠢ ᠪᠠᠭᠤᠯᠭᠠᠵᠤ᠂ ᠲᠡᠭᠦᠨ᠎ᠤ ᠮᠡᠬᠡᠯᠡᠨ ᠠᠪᠤᠭ᠍ᠰᠠᠨ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ ᠪᠦᠬᠦᠨ᠎ᠢ ᠪᠤᠴᠠᠭᠠᠯᠭᠠᠬᠤ᠎ᠪᠠᠷ ᠵᠠᠷᠯᠢᠭ᠍ᠳᠠᠬᠤᠶ᠋ᠢᠨ ᠬᠠᠮᠲᠤ ᠬᠡᠷᠡᠭ᠎ᠤᠨ ᠰᠦᠪᠡᠭ᠌ᠴᠢ᠎ᠶ᠋ᠢ ᠲᠤᠬᠠᠶ᠎ᠶ᠋ᠢᠨ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠪᠡ᠃
ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠠᠴᠠ ᠪᠠᠢᠴᠠᠭᠠᠨ ᠳᠣᠲᠣᠯᠠᠭ᠍ᠰᠠᠨ᠎ᠢᠶᠠᠷ ᠸᠠᠩ ᠣᠪᠣᠭ᠍ᠲᠤ᠂ ᠰᠦᠨ ᠣᠪᠣᠭ᠍ᠲᠤ᠂ ᠶᠠᠩ ᠣᠪᠣᠭ᠍ᠲᠤ ᠴᠥᠮ ᠭᠡᠷᠡᠴᠢ ᠮᠠᠲ᠋ᠧᠷᠢᠶᠠᠯ᠎ᠢ ᠬᠠᠭᠤᠷᠮᠠᠭ᠍ᠯᠠᠨ ᠵᠣᠬᠢᠶᠠᠭ᠍ᠰᠠᠨ᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠮᠡᠬᠡᠯᠡᠨ ᠠᠪᠤᠭ᠍ᠰᠠᠨ ᠬᠠᠤᠯᠢ᠎ᠠᠴᠠ ᠵᠥᠷᠢᠴᠡᠭ᠌ᠰᠡᠨ ᠠᠵᠢᠯᠯᠠᠭ᠎ᠠ᠎ᠳᠤ ᠠᠳᠠᠯᠢ ᠪᠤᠰᠤ ᠬᠡᠮᠵᠢᠶ᠎ᠡ᠎ᠪᠠᠷ ᠣᠷᠣᠯᠴᠠᠵᠠᠢ᠃ 2024 ᠣᠨ᠎ᠤ 4 ᠳ᠋ᠤᠭᠡᠷ ᠰᠠᠷ᠎ᠠ᠎ᠳᠤ᠂ ᠯᠦᠩᠺᠸᠦ ᠬᠤᠲᠠ᠎ᠶ᠋ᠢᠨ ᠠᠷᠠᠳ᠎ᠤᠨ ᠱᠢᠭᠦᠬᠦ᠌ ᠬᠤᠷᠢᠶ᠎ᠠ᠎ᠠᠴᠠ ᠶᠠᠩ ᠣᠪᠣᠭ᠍ᠲᠤ᠎ᠶ᠋ᠢ ᠮᠡᠬᠡᠯᠡᠭ᠌ᠰᠡᠨ ᠶᠠᠯ᠎ᠠ ᠬᠢᠭᠰᠡᠨ᠎ᠢᠶᠠᠷ ᠱᠢᠭᠦᠨ ᠲᠠᠰᠤᠯᠵᠤ᠂ 9 ᠰᠠᠷ᠎ᠠ ᠬᠤᠭᠤᠴᠠᠭ᠎ᠠ᠎ᠲᠠᠢ ᠬᠣᠷᠢᠵᠤ᠂ 1 ᠵᠢᠯ ᠡᠷᠡᠭᠦᠦ ᠰᠢᠢ᠍ᠳᠬᠡᠯ ᠬᠤᠢᠱᠢᠯᠠᠭᠤᠯᠵᠤ᠂ ᠠᠷᠠᠳ᠎ᠤᠨ ᠵᠣᠭᠤᠰ᠎ᠢᠶᠠᠷ 8000 ᠲᠥᠭᠦᠷᠢᠭ ᠵᠣᠭᠤᠰ ᠲᠣᠷᠭ᠋ᠠᠨ᠎ᠠ; ᠸᠠᠩ ᠣᠪᠣᠭ᠍ᠲᠤ ᠮᠡᠬᠡᠯᠡᠭ᠌ᠰᠡᠨ ᠶᠠᠯ᠎ᠠ ᠬᠢᠵᠦ᠍᠂ 8 ᠰᠠᠷ᠎ᠠ ᠬᠤᠭᠤᠴᠠᠭ᠎ᠠ᠎ᠲᠠᠢ ᠬᠣᠷᠢᠵᠤ᠂ 1 ᠵᠢᠯ ᠡᠷᠡᠭᠦᠦ ᠰᠢᠢ᠍ᠳᠬᠡᠯ ᠬᠣᠢ᠌ᠰᠢᠯᠠᠭᠤᠯᠬᠤ᠎ᠶᠢᠨ ᠬᠠᠮᠲᠤ ᠠᠷᠠᠳ᠎ᠤᠨ ᠵᠣᠭᠤᠰ᠎ᠢᠶᠠᠷ 5000 ᠲᠥᠭᠦᠷᠢᠭ ᠵᠣᠭᠤᠰ ᠲᠣᠷᠭ᠋ᠠᠨ᠎ᠠ; ᠰᠦᠨ ᠣᠪᠣᠭ᠍ᠲᠤ ᠮᠡᠬᠡᠯᠡᠭ᠌ᠰᠡᠨ ᠶᠠᠯ᠎ᠠ ᠬᠢᠵᠦ᠍᠂ 7 ᠰᠠᠷ᠎ᠠ ᠬᠤᠭᠤᠴᠠᠭ᠎ᠠ᠎ᠲᠠᠢ ᠬᠣᠷᠢᠵᠤ᠂ 1 ᠵᠢᠯ ᠡᠷᠡᠭᠦᠦ ᠰᠢᠢ᠍ᠳᠬᠡᠯ ᠬᠤᠢᠱᠢᠯᠠᠭᠤᠯᠵᠤ᠂ ᠠᠷᠠᠳ᠎ᠤᠨ ᠵᠣᠭᠤᠰ᠎ᠢᠶᠠᠷ 5000 ᠲᠥᠭᠦᠷᠢᠭ ᠵᠣᠭᠤᠰ ᠲᠣᠷᠭ᠋ᠠᠪᠠ᠃
ᠬᠡᠷᠡᠭ᠎ᠤᠨ ᠵᠢᠱ᠌ᠢᠶ᠎ᠡ ᠲᠠᠪᠤ ᠯᠢᠶᠣᠣᠨᠢᠩ ᠮᠤᠵᠢ᠎ᠶ᠋ᠢᠨ ᠪᠧᠨᠰᠢ ᠬᠣᠲᠠ᠎ᠶ᠋ᠢᠨ ᠳᠠᠭᠠᠳᠭᠠᠯ᠎ᠳᠤ ᠣᠷᠣᠯᠴᠠᠭᠴᠢ ᠯᠢᠦ ᠣᠪᠣᠭ᠍ᠲᠤ᠎ᠶ᠋ᠢᠨ ᠭᠡᠷᠡᠴᠢ ᠮᠠᠲ᠋ᠧᠷᠢᠶᠠᠯ᠎ᠢ ᠬᠠᠭᠤᠷᠮᠠᠭ᠍ᠯᠠᠨ ᠵᠣᠬᠢᠶᠠᠵᠤ ᠳᠠᠭᠠᠳᠭᠠᠯ ᠮᠡᠬᠡᠯᠡᠭ᠌ᠰᠡᠨ ᠬᠡᠷᠡᠭ
2025 ᠣᠨ᠎ᠤ 7 ᠳ᠋ᠤᠭ᠋ᠠᠷ ᠰᠠᠷ᠎ᠠ᠎ᠳᠤ᠂ ᠯᠢᠶᠣᠤᠨᠢᠩ ᠮᠤᠵᠢ᠎ᠶ᠋ᠢᠨ ᠪᠧᠨᠰᠢ ᠬᠤᠲᠠ᠎ᠶ᠋ᠢᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ ᠬᠤᠸᠠᠨ ᠷᠧᠨ ᠮᠠᠨᠵᠤ ᠦᠨᠳᠦᠰᠦᠲᠡᠨ᠎ᠤ ᠥᠪᠡᠷᠲᠡᠭᠡᠨ ᠵᠠᠰᠠᠬᠤ ᠱᠢᠶᠠᠨ᠎ᠤ ᠬᠤᠪᠢᠶᠠᠷᠢ ᠲᠣᠪᠴᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠱᠢᠯᠵᠢᠭᠦᠯᠦᠭ᠌ᠰᠡᠨ᠂ ᠳᠠᠭᠠᠳᠭᠠᠯ᠎ᠳᠤ ᠣᠷᠣᠯᠴᠠᠭᠴᠢ ᠯᠢᠦ ᠣᠪᠣᠭ᠍ᠲᠤ᠎ᠶ᠋ᠢᠨ ᠭᠡᠷᠡᠴᠢᠯᠡᠬᠦ᠌ ᠮᠠᠲ᠋ᠧᠷᠢᠶᠠᠯ᠎ᠢ ᠬᠠᠭᠤᠷᠮᠠᠭ᠍ᠯᠠᠨ ᠵᠣᠬᠢᠶᠠᠵᠤ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠮᠡᠬᠡᠯᠡᠨ ᠠᠪᠤᠭ᠍ᠰᠠᠨ᠎ᠢ ᠲᠤᠰᠬᠠᠭᠰᠠᠨ ᠰᠦᠪᠡᠭ᠌ᠴᠢ᠎ᠶ᠋ᠢ ᠭᠥᠯᠢᠶᠡᠨ ᠠᠪᠴᠤ᠌᠂ ᠲᠤᠬᠠᠶ᠎ᠶ᠋ᠢᠨ ᠭᠠᠵᠠᠷ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠰᠠᠯᠠᠭ᠎ᠠ ᠮᠥᠴᠢᠷ ᠲᠡᠷᠡ ᠳᠠᠷᠤᠶ᠎ᠳᠤ ᠨᠢ ᠪᠠᠢᠴᠠᠭᠠᠵᠤ ᠬᠢᠨᠠᠨ ᠬᠠᠷᠭᠤᠭᠤᠯᠪᠠ᠃ ᠪᠠᠢᠴᠠᠭᠠᠭ᠍ᠰᠠᠨ᠎ᠢᠶᠠᠷ᠂ 2024 ᠣᠨ᠎ᠤ 10 ᠳ᠋ᠤᠭ᠋ᠠᠷ ᠰᠠᠷ᠎ᠠ᠎ᠶ᠋ᠢᠨ 11 ᠤ ᠡᠳᠦᠷ᠂ ᠯᠢᠦ ᠣᠪᠣᠭ᠍ᠲᠤ ᠮᠣᠲ᠋ᠣᠷ ᠲᠡᠷᠭᠡ᠎ᠶ᠋ᠢ ᠵᠢᠯᠣᠭᠤᠳᠤᠨ ᠸᠠᠩ ᠣᠪᠣᠭ᠍ᠲᠤ᠎ᠶ᠋ᠢᠨ ᠵᠢᠯᠣᠭᠤᠳᠤᠭ᠍ᠰᠠᠨ ᠢᠵᠢᠯᠢ ᠴᠢᠭ᠌ᠯᠡᠯ᠎ᠢᠶᠠᠷ ᠪᠠᠷᠠᠭᠠᠨ᠎ᠤ ᠲᠡᠷᠭᠡ᠎ᠶᠢᠨ ᠠᠷᠤ᠎ᠠᠴᠠ ᠮᠥᠷᠭᠦᠵᠦ᠂ ᠠᠳᠡᠯ ᠭᠠᠷᠴᠣ ᠯᠢᠦ ᠣᠪᠣᠭ᠍ᠲᠤ ᠡᠮᠨᠡᠯᠭᠡ᠎ᠳᠤ ᠰᠠᠭᠤᠪᠠ᠃ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ᠎ᠢᠶᠠᠷ᠂ ᠯᠢᠦ ᠣᠪᠣᠭ᠍ᠲᠤ ᠲᠣᠰ ᠤᠳᠠᠭᠠᠨ᠎ᠤ ᠠᠳᠡᠯ᠎ᠤᠨ ᠭᠤᠤᠯ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠸᠠᠩ ᠣᠪᠣᠭ᠍ᠲᠤ ᠳᠡᠳ᠋ ᠬᠠᠷᠢᠭᠤᠴᠠᠯᠭ᠎ᠠ᠎ᠶ᠋ᠢ ᠡᠭᠦᠷᠭᠡᠯᠡᠨ᠎ᠡ᠃ ᠡᠮᠴᠢᠯᠡᠭᠡᠨ᠎ᠦ ᠳᠠᠭᠠᠳᠭᠠᠯ᠎ᠤᠨ ᠲᠠᠩᠰᠠ ᠲᠠᠢᠯᠬᠤ ᠭᠤᠭ᠍ᠴᠤᠭ᠎ᠠ᠎ᠳᠤ᠂ ᠯᠢᠦ ᠣᠪᠣᠭ᠍ᠲᠤ᠎ᠶ᠋ᠢᠨ ᠬᠡᠷ ᠪᠦᠯᠢ᠎ᠶ᠋ᠢᠨ᠎ᠬᠢᠨ 《 ᠳᠠᠭᠠᠳᠭᠠᠯ᠎ᠤᠨ ᠲᠥᠷᠥᠯ ᠢᠯᠭᠠᠯ᠎ᠢ ᠨᠤᠲᠠᠯᠠᠬᠤ ᠪᠢᠴᠢᠭ 》᠎ᠢ ᠲᠠᠭ᠍ᠯᠠᠬᠤ ᠦᠶ᠎ᠡ᠎ᠳᠤ᠂ ᠵᠠᠮ ᠬᠠᠷᠢᠯᠴᠠᠭᠠᠨ᠎ᠤ ᠠᠳᠡᠯ᠎ᠤᠨ ᠭᠤᠷᠪᠠᠳᠠᠬᠢ ᠡᠲᠡᠭᠡᠳ᠎ᠤᠨ ᠬᠠᠷᠢᠭᠤᠴᠠᠯᠭ᠎ᠠ᠎ᠲᠠᠢ ᠪᠣᠳᠠᠲᠤ ᠶᠠᠪᠤᠳᠠᠯ᠎ᠢ ᠦᠨᠡᠨ ᠪᠣᠳᠠᠲᠠᠶ᠎ᠪᠠᠷ ᠶᠠᠷᠢᠭ᠍ᠰᠠᠨ ᠥᠬᠡᠶ᠂ ᠭᠤᠷᠪᠠᠳᠠᠬᠢ ᠡᠲᠡᠭᠡᠳ᠎ᠤᠨ ᠡᠭᠦᠷᠭᠡᠯᠡᠬᠦ᠌ ᠶᠣᠰᠣᠲᠠᠶ ᠬᠡᠰᠡᠭ ᠡᠮᠴᠢᠯᠡᠭᠡᠨ᠎ᠤ ᠵᠠᠷᠤᠳᠠᠯ᠎ᠢ ᠡᠮᠴᠢᠯᠡᠭᠡᠨ᠎ᠤ ᠳᠠᠭᠠᠳᠭᠠᠯ᠎ᠤᠨ ᠨᠢᠭᠡᠳᠦᠯᠲᠡᠶ ᠲᠥᠯᠥᠪᠯᠡᠬᠦ᠌ ᠰᠠᠭᠤᠷᠢ ᠮᠥᠩᠭᠦ᠎ᠪᠠᠷ ᠲᠠᠩᠰᠠ ᠲᠠᠢᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠎ᠶ᠋ᠢ 6549.11 ᠲᠥᠭᠦᠷᠢᠭ ᠵᠠᠷᠤᠴᠠᠭᠤᠯᠪᠠ᠃
ᠬᠡᠷᠡᠭ᠎ᠤᠨ ᠪᠠᠢᠴᠠᠭᠠᠯᠲᠠ᠎ᠶ᠋ᠢ ᠳᠠᠭᠤᠰᠭᠠᠭ᠍ᠰᠠᠨ᠎ᠤ ᠳᠠᠷᠠᠭ᠎ᠠ᠂ ᠬᠤᠸᠠᠨ ᠷᠧᠨ ᠮᠠᠨᠵᠤ ᠦᠨᠳᠦᠰᠦᠲᠡᠨ᠎ᠤ ᠥᠪᠡᠷᠲᠡᠭᠡᠨ ᠵᠠᠰᠠᠬᠤ ᠱᠢᠶᠠᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠬᠤᠪᠢᠶᠠᠷᠢ ᠲᠣᠪᠴᠢᠶ᠎ᠠ 2025 ᠣᠨ᠎ᠤ 8 ᠳ᠋ᠤᠭ᠋ᠠᠷ ᠰᠠᠷ᠎ᠠ᠎ᠶ᠋ᠢᠨ 4 ᠤ ᠡᠳᠦᠷ ᠬᠡᠷᠡᠭ᠎ᠤᠨ ᠰᠦᠪᠡᠭ᠌ᠴᠢ᠎ᠶ᠋ᠢ ᠬᠤᠸᠠᠨ ᠷᠧᠨ ᠮᠠᠨᠵᠤ ᠦᠨᠳᠦᠰᠦᠲᠡᠨ᠎ᠤ ᠥᠪᠡᠷᠲᠡᠭᠡᠨ ᠵᠠᠰᠠᠬᠤ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠳᠤ ᠱᠢᠯᠵᠢᠭᠦᠯᠦᠨ ᠬᠦᠷᠭᠡᠵᠦ᠍᠂ ᠬᠤᠸᠠᠨ ᠷᠧᠨ ᠮᠠᠨᠵᠤ ᠦᠨᠳᠦᠰᠦᠲᠡᠨ᠎ᠤ ᠥᠪᠡᠷᠲᠡᠭᠡᠨ ᠵᠠᠰᠠᠬᠤ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ 2025 ᠣᠨ᠎ᠤ 8 ᠳ᠋ᠤᠭ᠋ᠠᠷ ᠰᠠᠷ᠎ᠠ᠎ᠶ᠋ᠢᠨ 6 ᠤ ᠡᠳᠦᠷ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 8 ᠳ᠋ᠤᠭ᠋ᠠᠷ ᠰᠠᠷ᠎ᠠ᠎ᠶ᠋ᠢᠨ 8 ᠤ ᠡᠳᠦᠷ ᠯᠢᠦ ᠣᠪᠣᠭ᠍ᠲᠤ᠎ᠳᠤ ᠡᠷᠡᠭᠦᠦ᠍᠎ᠶ᠋ᠢᠨ ᠬᠡᠷᠡᠭ᠎ᠢᠶᠠᠷ ᠲᠦᠷ ᠬᠤᠷᠢᠬᠤ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ ᠠᠪᠤᠪᠠ᠃ ᠣᠳᠣᠬᠠᠨ᠎ᠳᠤ᠂ ᠬᠤᠬᠢᠷᠠᠯ᠎ᠤᠨ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠨᠢᠭᠡᠨᠲᠡ ᠪᠦᠬᠦᠨ᠎ᠢ ᠨᠡᠬᠡᠮᠵᠢᠯᠡᠨ ᠠᠪᠴᠢᠷᠠᠵᠤ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠠᠴᠠ ᠬᠡᠷᠡᠭ᠎ᠢ ᠪᠠᠢᠴᠠᠭᠠᠬᠤ ᠪᠠᠢᠭᠤᠯᠭ᠎ᠠ᠎ᠳᠤ ᠱᠢᠯᠵᠢᠭᠦᠯᠦᠨ ᠬᠢᠨᠠᠨ ᠪᠠᠢᠴᠠᠭᠠᠯᠭᠠᠵᠤ ᠵᠠᠭᠠᠯᠳᠤᠬᠤ᠎ᠪᠠᠷ ᠪᠠᠢᠨ᠎ᠠ᠃
ᠲᠣᠰ ᠬᠤᠭᠤᠴᠠᠭᠠᠨ᠎ᠤ 5 ᠬᠤᠪᠢ ᠬᠥᠮᠦᠨ᠎ᠤ ᠳᠠᠭᠠᠳᠭᠠᠯ᠎ᠢ ᠮᠡᠬᠡᠯᠡᠭ᠌ᠰᠡᠨ ᠨᠡᠢᠲᠡᠯᠢᠭ ᠬᠡᠷᠡᠭ᠎ᠤᠨ ᠵᠢᠱ᠌ᠢᠶ᠎ᠡ᠎ᠨᠢ ᠡᠮ᠎ᠤᠨ ᠵᠦᠢ᠍ᠯ᠎ᠢ ᠫᠠᠨᠽᠠᠯᠠᠭᠰᠠᠨ ᠪᠠ ᠭᠡᠷᠡᠴᠢᠯᠡᠬᠦ᠌ ᠮᠠᠲ᠋ᠧᠷᠢᠶᠠᠯ᠎ᠢ ᠬᠠᠭᠤᠷᠮᠠᠭ᠎ᠢᠶᠠᠷ ᠵᠣᠬᠢᠶᠠᠭ᠍ᠰᠠᠨ ᠬᠤᠶᠠᠷ ᠶᠡᠭᠡ ᠲᠥᠷᠥᠯ᠎ᠤᠨ ᠬᠠᠤᠯᠢ᠎ᠶ᠋ᠢ ᠵᠥᠷᠢᠴᠡᠭ᠌ᠰᠡᠨ ᠠᠵᠢᠯᠯᠠᠭ᠎ᠠ᠎ᠶ᠋ᠢ ᠬᠠᠮᠤᠷᠴᠠᠶ᠃ ᠬᠠᠤᠯᠢ᠎ᠠᠴᠠ ᠵᠥᠷᠢᠴᠡᠭ᠌ᠰᠡᠨ ᠬᠡᠯᠪᠡᠷᠢ᠎ᠠᠴᠠ ᠠᠪᠴᠤ᠌ ᠦᠵᠡᠪᠡᠯ᠂ ᠨᠢᠭᠡᠨᠲᠡ ᠳᠠᠭᠠᠳᠭᠠᠯ᠎ᠳᠤ ᠣᠷᠣᠯᠴᠠᠭ᠍ᠰᠠᠳ᠎ᠤᠨ ᠣᠨᠴᠠᠭᠠᠶ ᠡᠪᠡᠳᠴᠢᠨ᠎ᠤ ᠲᠥᠷᠥᠯ᠎ᠤᠨ ᠬᠠᠷᠠᠭ᠋ᠠᠯᠵᠠᠯ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠠᠵᠢᠯᠲᠠᠨ᠎ᠤ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠢ ᠠᠱᠢᠭ᠍ᠯᠠᠨ ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠤᠵᠤ ᠠᠱᠢᠭ ᠣᠯᠵᠤ᠂ ᠪᠠᠰᠠ ᠭᠤᠷᠪᠠᠳᠠᠬᠢ ᠡᠲᠡᠭᠡᠳ᠎ᠤᠨ ᠬᠠᠷᠢᠭᠤᠴᠠᠯᠭ᠎ᠠ᠎ᠶ᠋ᠢ ᠨᠢᠭᠤᠭ᠍ᠰᠠᠨ᠂ ᠱᠢᠷᠬᠠᠲᠤᠭ᠍ᠰᠠᠨ ᠱᠢᠯᠲᠠᠭᠠᠨ᠎ᠢ ᠬᠠᠭᠤᠷᠮᠠᠭ᠎ᠢᠶᠠᠷ ᠵᠣᠬᠢᠶᠠᠭ᠍ᠰᠠᠨ ᠵᠡᠷᠭᠡ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ᠎ᠢᠶᠠᠷ ᠳᠠᠮᠵᠢᠭᠤᠯᠤᠨ ᠡᠮᠴᠢᠯᠡᠭᠡᠨ᠎ᠤ ᠳᠠᠭᠠᠳᠭᠠᠯ᠎ᠤᠨ ᠲᠠᠩᠰᠠ ᠲᠠᠢᠯᠬᠤ᠎ᠶ᠋ᠢ ᠮᠡᠬᠡᠯᠡᠨ ᠠᠪᠤᠭ᠍ᠰᠠᠨ ᠪᠠᠢᠨ᠎ᠠ᠃ ᠬᠠᠤᠯᠢ᠎ᠠᠴᠠ ᠵᠥᠷᠢᠴᠡᠭ᠌ᠰᠡᠨ ᠦᠷ᠎ᠡ ᠳ᠋ᠦᠩ᠎ᠠᠴᠠ ᠦᠵᠡᠪᠡᠯ᠂ ᠬᠡᠷᠡᠭ᠎ᠲᠤ ᠬᠤᠯᠪᠣᠭ᠍ᠳᠠᠭ᠍ᠰᠠᠨ ᠪᠣᠶ ᠪᠥᠬᠦᠶ ᠬᠥᠮᠦᠰ ᠴᠥᠮ ᠡᠷᠡᠭᠦᠦ᠍᠎ᠶ᠋ᠢᠨ ᠬᠡᠷᠡᠭ᠎ᠤᠨ ᠱᠢᠢᠳᠭᠡᠯ ᠣᠯᠵᠤ᠂ ᠮᠡᠬᠡᠯᠡᠨ ᠠᠪᠤᠭ᠍ᠰᠠᠨ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠪᠥᠬᠦ᠌ ᠲᠤᠭ᠎ᠠ᠎ᠪᠠᠷ ᠪᠤᠴᠠᠭᠠᠨ ᠥᠭ᠌ᠴᠦ᠂ ᠰᠤᠷᠭᠠᠮᠵᠢ᠎ᠨᠢ ᠭᠦᠨᠵᠡᠭᠡᠶ ᠬᠠᠷᠠᠰᠠᠯᠲᠠᠢ ᠪᠠᠢᠨ᠎ᠠ᠃
ᠲᠣᠮᠣ ᠳ᠋ᠠᠢᠲ᠋ᠠ᠎ᠶ᠋ᠢᠨ ᠴᠠᠭ ᠦᠶ᠎ᠡ᠎ᠳᠤ᠂ ᠪᠣᠶ ᠪᠥᠬᠦᠶ ᠬᠠᠤᠯᠢ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠨᠢ ᠴᠥᠮ ᠣᠷᠣ ᠮᠥᠷ ᠦᠯᠡᠳᠡᠭᠡᠵᠦ᠍᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠤᠯᠠᠭᠠᠨ ᠱᠤᠭᠤᠮ᠎ᠳᠤ ᠶᠠᠮᠠᠷᠪᠠ ᠳᠠᠭᠠᠷᠢᠭ᠍ᠳᠠᠬᠤ ᠦᠶ᠋ᠯᠡ ᠠᠵᠢᠯᠯᠠᠭ᠎ᠠ᠎ᠳᠤ ᠴᠥᠮ ᠬᠦᠨᠳᠦ ᠨᠣᠴᠢᠲᠠᠶ ᠬᠠᠤᠯᠢ ᠴᠠᠭᠠᠵᠠ᠎ᠶ᠋ᠢᠨ ᠦᠨ᠎ᠡ ᠲᠥᠯᠥᠪᠦᠷᠢ ᠭᠠᠷᠭᠠᠬᠤ ᠪᠣᠯᠤᠨ᠎ᠠ᠃ ᠡᠨᠳᠡ ᠥᠷᠭᠡᠨ ᠣᠯᠠᠨ ᠳᠠᠭᠠᠳᠭᠠᠯ᠎ᠳ᠋ᠤ ᠣᠷᠣᠯᠴᠠᠭ᠍ᠰᠠᠨ ᠣᠯᠠᠨ ᠲᠦᠮᠡᠨ᠎ᠳ᠋ᠦ᠍ ᠲᠥᠪ ᠴᠢᠩᠭ᠎ᠠ᠎ᠪᠠᠷ ᠰᠠᠨᠠᠭᠤᠯᠬᠤ ᠨᠢ᠄ ᠨᠢᠭᠡ ᠦᠶ᠎ᠡ ᠬᠣᠪᠳᠣᠭ ᠰᠢᠨᠤᠬᠠᠢ ᠪᠣᠳᠣᠯ ᠣᠷᠣᠵᠤ ᠪᠤᠷᠤᠭᠤ ᠵᠠᠮ ᠡᠷᠢᠵᠦ᠍ ᠪᠣᠯᠬᠤ ᠦᠭᠡᠢ᠃ ᠤᠯᠠᠨ᠎ᠢᠶᠠᠷ᠎ᠢᠶᠠᠨ ᠡᠮᠴᠢᠯᠡᠭᠡᠨ᠎ᠦ ᠳᠠᠭᠠᠳᠭᠠᠯ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠲᠤᠰ ᠪᠡᠶ᠎ᠡ᠎ᠶ᠋ᠢᠨ ᠡᠮᠴᠢᠯᠡᠭᠡᠨ᠎ᠦ ᠳᠠᠭᠠᠳᠭᠠᠯ᠎ᠤᠨ ᠡᠷᠬᠡ ᠠᠱᠢᠭ᠎ᠢᠶᠠᠨ ᠨᠠᠨᠳᠢᠩᠨᠠᠵᠤ᠂ ᠰᠠᠨᠠᠭᠠᠴᠢᠯᠠᠭ᠎ᠠ᠎ᠠᠴᠠ᠎ᠪᠠᠨ ᠳᠠᠭᠠᠳᠭᠠᠯ᠎ᠢ ᠮᠡᠬᠡᠯᠡᠭ᠌ᠰᠡᠨ ᠠᠵᠢᠯᠯᠠᠭ᠎ᠠ᠎ᠶ᠋ᠢ ᠡᠰᠡᠷᠭᠦᠴᠡᠨ ᠢᠯᠡᠴᠢᠯᠡᠨ ᠮᠡᠳᠡᠭᠦᠯᠵᠦ᠍᠂ ᠮᠠᠨ᠎ᠤ ᠬᠥᠮᠦᠨ ᠨᠢᠭᠡᠪᠦᠷᠢ᠎ᠶ᠋ᠢᠨ 《 ᠡᠷᠡᠭᠦᠯ ᠮᠡᠨᠳᠦ᠍᠎ᠶ᠋ᠢᠨ ᠪᠠᠲᠤᠯᠠᠭ᠎ᠠ᠎ᠶ᠋ᠢᠨ ᠴᠥᠭᠦᠷᠥᠮ 》 ᠢ ᠬᠠᠮᠲᠤ᠎ᠪᠠᠷ ᠰᠠᠢᠲᠤᠷ ᠰᠠᠬᠢᠨ ᠬᠠᠮᠠᠭᠠᠯᠠᠵᠤ᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ ᠦᠨᠡᠨ ᠬᠦ᠌ ᠵᠠᠩᠭᠢᠯᠠᠭ᠎ᠠ᠎ᠶ᠋ᠢᠨ ᠭᠠᠵᠠᠷ᠎ᠲᠤ ᠨᠢ ᠬᠡᠷᠡᠭ᠌ᠯᠡᠵᠦ᠍᠂ ᠨᠡᠩ ᠤᠯᠠᠨ ᠬᠡᠷᠡᠭ᠌ᠴᠡᠭᠡ᠎ᠲᠠᠢ ᠡᠪᠡᠳᠴᠢᠲᠡᠨ᠎ᠳᠤ ᠠᠱᠢᠭ ᠬᠦᠷᠲᠡᠭᠡᠬᠦ᠌᠎ᠶ᠋ᠢ ᠬᠦᠰᠡᠵᠦ᠍ ᠪᠠᠢᠨ᠎ᠠ᠃