ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠡᠷᠡᠭᠯᠡᠭᠡ
ᠦᠷᠡᠵᠢᠯ᠎ᠤᠨ ᠳᠠᠭᠠᠳᠭᠠᠯ᠎ᠤᠨ ᠰᠠᠭᠤᠷᠢ ᠮᠥᠩᠭᠦ᠎ᠶ᠋ᠢ ᠮᠡᠬᠡᠯᠡᠨ ᠠᠪᠤᠭ᠍ᠰᠠᠨ ᠨᠡᠢᠲᠡᠯᠢᠭ ᠬᠡᠷᠡᠭ᠎ᠤᠨ ᠵᠢᠱ᠌ᠢᠶ᠎ᠡ ( ᠬᠤᠶᠠᠳᠤᠭ᠋ᠠᠷ ᠬᠣᠭᠣᠴᠠᠭ᠎ᠠ )
ᠨᠡᠶ᠋ᠢᠲᠡᠯᠡᠭᠰᠡᠨ ᠴᠠᠭ᠄ 2025-12-09

  ᠦᠷᠡᠵᠢᠯ᠎ᠤᠨ ᠳᠠᠭᠠᠳᠭᠠᠯ᠎ᠨᠢ ᠨᠡᠢᠭᠡᠮ᠎ᠤᠨ ᠳᠠᠭᠠᠳᠭᠠᠯ᠎ᠤᠨ ᠲᠣᠭᠲᠠᠯᠴᠠᠭ᠎ᠠ᠎ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂  ᠳᠠᠭᠠᠳᠭᠠᠯ᠎ᠳᠤ ᠣᠷᠣᠯᠴᠠᠭ᠍ᠰᠠᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠂ ᠠᠵᠢᠯ ᠣᠯᠭᠤᠯᠲᠠ᠎ᠶ᠋ᠢᠨ ᠲᠥᠪ ᠭᠤᠣᠯᠴᠢ᠎ᠶ᠋ᠢ ᠠᠬᠢᠭᠤᠯᠬᠤ᠂ ᠬᠥᠮᠦᠨ ᠬᠡᠷᠡᠭ᠌ᠯᠡᠬᠦ᠌ ᠨᠢᠭᠡᠴᠢ᠎ᠶ᠋ᠢᠨ ᠳᠠᠷᠤᠭᠠᠰᠤ᠎ᠶ᠋ᠢ ᠲᠡᠩᠴᠡᠭᠦᠷᠢᠲᠡᠶ ᠪᠠᠢᠯᠭᠠᠬᠤ᠎ᠳᠤ ᠴᠢᠬᠤᠯᠠ ᠦᠢᠯᠡᠳᠦᠯ᠎ᠲᠠᠢ ᠶᠤᠮ᠃ ᠭᠡᠪᠡᠴᠦ᠍ ᠳᠠᠭᠠᠳᠭᠠᠯ᠎ᠳᠤ ᠣᠷᠣᠯᠴᠠᠭ᠍ᠰᠠᠨ ᠣᠨᠴᠠ ᠵᠠᠷᠢᠮ ᠨᠢᠭᠡᠴᠢ ᠪᠠ ᠳᠠᠭᠠᠳᠭᠠᠯ᠎ᠳᠤ ᠣᠷᠣᠯᠴᠠᠭ᠍ᠴᠢ ᠬᠤᠳᠠᠯ᠎ᠢᠶᠠᠷ ᠵᠣᠬᠢᠶᠠᠬᠤ᠂ ᠳᠠᠭᠠᠳᠭᠠᠯ᠎ᠳᠤ ᠣᠷᠣᠯᠴᠠᠭ᠍ᠴᠢ᠎ᠶ᠋ᠢᠨ ᠮᠡᠳᠡᠭᠡ ᠵᠠᠩᠭᠢ᠎ᠶ᠋ᠢ ᠨᠠᠢᠷᠠᠭᠤᠯᠤᠨ ᠵᠣᠬᠢᠶᠠᠬᠤ᠂ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠬᠠᠭᠤᠷᠮᠠᠭ᠎ᠢᠶᠠᠷ ᠵᠣᠬᠢᠶᠠᠬᠤ ᠵᠡᠷᠭᠡ᠎ᠪᠠᠷ ᠳᠠᠮᠵᠢᠭᠤᠯᠤᠨ ᠦᠷᠡᠵᠢᠯ᠎ᠤᠨ ᠳᠠᠭᠠᠳᠭᠠᠯ᠎ᠳᠤ ᠣᠷᠣᠯᠴᠠᠪᠠ; ᠦᠷᠡᠵᠢᠯ᠎ᠤᠨ ᠳᠠᠭᠠᠳᠭᠠᠯ᠎ᠤᠨ ᠰᠦᠢᠳᠭᠡᠯ ᠲᠤᠱᠢᠶᠠᠬᠤ ᠰᠠᠭᠤᠷᠢ ᠲᠤᠭ᠎ᠠ᠎ᠶ᠋ᠢ ᠬᠠᠤᠯᠢ ᠶᠣᠰᠣᠭᠠᠷ ᠦᠨᠡᠨ ᠪᠣᠳᠠᠲᠠᠶ᠎ᠪᠠᠷ ᠮᠡᠳᠡᠭᠦᠯᠦᠭ᠌ᠰᠡᠨ ᠥᠬᠡᠶ; ᠬᠠᠭᠣᠷᠮᠠᠭ᠎ᠢᠶᠠᠷ ᠵᠣᠬᠢᠶᠠᠬᠣ᠂ ᠡᠪᠡᠳᠴᠢᠨ᠎ᠤ ᠲᠡᠤᠬᠡ᠂ ᠫᠢᠶᠣᠣ ᠪᠠᠷᠢᠮᠲᠠ᠎ᠶ᠋ᠢ ᠬᠤᠪᠢᠷᠠᠭᠤᠯᠤᠨ ᠵᠣᠬᠢᠶᠠᠬᠤ ᠵᠡᠷᠭᠡ ᠭᠤᠶᠤᠴᠢᠯᠠᠨ ᠵᠣᠬᠢᠶᠠᠭ᠍ᠰᠠᠨ ᠮᠠᠲ᠋ᠧᠷᠢᠶᠠᠯ᠎ᠢᠶᠠᠷ ᠦᠷᠡᠵᠢᠯ᠎ᠤᠨ ᠳᠠᠭᠠᠳᠭᠠᠯ᠎ᠤᠨ ᠰᠠᠭᠤᠷᠢ ᠮᠥᠩᠭᠦ᠎ᠶ᠋ᠢ ᠮᠡᠬᠡᠯᠡᠨ ᠠᠪᠴᠤ᠌᠂ ᠦᠷᠡᠵᠢᠯ᠎ᠤᠨ ᠪᠠᠲᠤᠯᠠᠭ᠎ᠠ᠎ᠶ᠋ᠢᠨ ᠬᠠᠮᠢᠶᠠᠷᠤᠯᠲᠠ᠎ᠶ᠋ᠢᠨ ᠡᠮᠬᠢ ᠵᠢᠷᠤᠮ᠎ᠢ ᠬᠦᠨᠳᠦ ᠨᠣᠴᠢᠲᠠᠶ ᠰᠠᠮᠠᠭᠤᠷᠠᠭᠤᠯᠵᠤ᠂ ᠤᠯᠠᠨ ᠨᠡᠢᠲᠡ᠎ᠶ᠋ᠢᠨ ᠠᠱᠢᠭ ᠲᠤᠰᠠ ᠪᠠ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠬᠤᠬᠢᠷᠠᠭᠤᠯᠵᠤ᠂ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠱᠢᠢᠳᠪᠦᠷᠢᠯᠡᠬᠦ᠌ ᠬᠡᠷᠡᠭ᠌ᠲᠡᠶ᠃ ᠰᠡᠷᠡᠮᠵᠢᠯᠡᠭᠦᠯᠬᠦ᠌ ᠬᠥᠮᠦᠵᠢᠯ᠎ᠤᠨ ᠦᠢᠯᠡᠳᠦᠯ᠎ᠢ ᠪᠠᠳᠠᠷᠠᠭᠤᠯᠬᠤ᠎ᠶ᠋ᠢᠨ ᠲᠥᠯᠥᠭᠡ᠂ ᠤᠯᠤᠰ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠲᠣᠪᠴᠢᠶ᠎ᠠ᠎ᠠᠴᠠ ᠲᠤᠰ ᠬᠤᠭᠤᠴᠠᠭᠠᠨ᠎ᠳᠤ ᠦᠷᠡᠵᠢᠯ᠎ᠤᠨ ᠳᠠᠭᠠᠳᠭᠠᠯ᠎ᠤᠨ ᠰᠠᠭᠤᠷᠢ ᠮᠥᠩᠭᠦ᠎ᠶ᠋ᠢ ᠮᠡᠬᠡᠯᠡᠨ ᠠᠪᠤᠭ᠍ᠰᠠᠨ 5 ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠰᠣᠩᠭᠤᠨ ᠭᠠᠷᠭᠠᠵᠤ᠂ ᠥᠷᠭᠡᠨ ᠣᠯᠠᠨ ᠳᠠᠭᠠᠳᠭᠠᠯ᠎ᠳᠤ ᠣᠷᠣᠯᠴᠠᠭ᠍ᠰᠠᠨ ᠨᠢᠭᠡᠴᠢ ᠪᠣᠯᠤᠨ ᠳᠠᠭᠠᠳᠭᠠᠯ᠎ᠳᠤ ᠣᠷᠣᠯᠴᠠᠭ᠍ᠴᠢ᠎ᠶ᠋ᠢ ᠬᠠᠤᠯᠢ ᠶᠣᠰᠣᠨ᠎ᠤ ᠠᠷᠭ᠎ᠠ ᠵᠠᠮ᠎ᠢᠶᠠᠷ ᠰᠠᠨᠠᠭᠤᠯᠵᠤ᠂ ᠦᠷᠡᠵᠢᠯ᠎ᠤᠨ ᠳᠠᠭᠠᠳᠭᠠᠯ᠎ᠳᠤ ᠬᠠᠤᠯᠢ ᠶᠣᠰᠣᠨ᠎ᠤ ᠠᠷᠭ᠎ᠠ ᠵᠠᠮ᠎ᠢᠶᠠᠷ ᠣᠷᠣᠯᠴᠠᠭᠤᠯᠵᠤ᠂ ᠦᠷᠡᠵᠢᠯ᠎ᠤᠨ ᠨᠡᠮᠡᠭᠦᠷᠢ ᠪᠠ ᠦᠷᠡᠵᠢᠯ᠎ᠤᠨ ᠡᠮᠴᠢᠯᠡᠭᠡᠨ᠎ᠤ ᠵᠠᠷᠤᠳᠠᠯ᠎ᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠬᠠᠩᠭᠠᠵᠤ᠂ ᠦᠷᠡᠵᠢᠯ᠎ᠤᠨ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠬᠠᠮᠲᠤ᠎ᠪᠠᠷ ᠬᠠᠮᠠᠭ᠋ᠠᠯᠠᠨ᠎ᠠ᠃

  ᠬᠡᠷᠡᠭ᠎ᠤᠨ ᠵᠢᠱ᠌ᠢᠶ᠎ᠡ ᠨᠢᠭᠡ  ᠶᠦᠨᠨᠠᠨ ᠮᠤᠵᠢ᠎ᠶ᠋ᠢᠨ ᠺᠦᠨᠮᠢᠩ ᠬᠤᠲᠠ᠎ᠶ᠋ᠢᠨ ᠶᠦᠨᠨᠠᠨ᠎ᠤ ᠲᠦᠩ ᠱᠧᠩ ᠴᠠᠢ᠎ᠶ᠋ᠢᠨ ᠠᠷᠠᠯᠵᠢᠶᠠᠨ᠎ᠤ ᠬᠢᠵᠠᠭᠠᠷᠲᠤ ᠺᠣᠮᠫᠠᠨᠢ ᠦᠷᠡᠵᠢᠯ᠎ᠤᠨ ᠨᠡᠮᠡᠭᠦᠷᠢ᠎ ᠮᠡᠬᠡᠯᠡᠨ ᠠᠪᠤᠭ᠍ᠰᠠᠨ ᠬᠡᠷᠡᠭ

  ᠶᠦᠨᠨᠠᠨ ᠮᠤᠵᠢ᠎ᠶ᠋ᠢᠨ ᠺᠦᠨᠮᠢᠩ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠲᠣᠰ ᠭᠠᠵᠠᠷ᠎ᠤᠨ ᠥᠩᠭᠡᠷᠡᠭᠰᠡᠨ᠎ᠦ ᠳᠠᠭᠠᠳᠭᠠᠯ᠎ᠳᠤ ᠣᠷᠣᠯᠴᠠᠭ᠍ᠰᠠᠨ ᠮᠡᠳᠡᠭᠡ ᠵᠠᠩᠭᠢ᠎ᠶ᠋ᠢᠨ ᠵᠠᠳᠠᠯᠤᠯᠲᠠ᠎ᠪᠠᠷ ᠳᠠᠮᠵᠢᠭᠤᠯᠤᠨ᠂ ᠶᠦᠨᠨᠠᠨ᠎ᠤ ᠲᠦᠩ ᠱᠧᠩ ᠴᠠᠢ᠎ᠶ᠋ᠢᠨ ᠠᠷᠠᠯᠵᠢᠶᠠᠨ᠎ᠤ ᠬᠢᠵᠠᠭᠠᠷᠲᠤ ᠺᠣᠮᠫᠠᠨᠢ 30 ᠠᠵᠢᠯᠲᠠᠨ ᠠᠵᠢᠯᠴᠢᠨ᠎ᠤ ᠳᠠᠭᠠᠳᠭᠠᠯ᠎ᠳᠤ ᠣᠷᠣᠯᠴᠠᠭ᠍ᠰᠠᠨ ᠳᠡᠩᠰᠡᠯᠡᠯᠲᠡ᠎ᠶ᠋ᠢ ᠭᠦᠢᠴᠡᠳᠭᠡᠵᠦ᠍᠂ ᠰᠠᠷ᠎ᠠ᠎ᠶ᠋ᠢᠨ ᠳᠤᠮᠳᠠᠴᠢ ᠰᠦᠢᠳᠭᠡᠯ ᠲᠤᠱᠢᠶᠠᠬᠤ ᠰᠠᠭᠤᠷᠢ ᠲᠤᠭ᠎ᠠ᠎ᠨᠢ ᠴᠥᠮ 1.7 ᠲᠦᠮᠡᠨ ᠲᠥᠭᠦᠷᠢᠭ᠎ᠠᠴᠠ ᠳᠡᠭᠡᠭ᠌ᠰᠢ ᠪᠠᠢᠬᠤ᠎ᠶ᠋ᠢ ᠪᠠᠲᠤᠯᠠᠵᠤ᠂ ᠤᠷᠢᠳ ᠬᠤᠵᠢᠳ 24 ᠬᠥᠮᠦᠨ ᠦᠷᠡᠵᠢᠯ᠎ᠤᠨ ᠨᠡᠮᠡᠭᠦᠷᠢ ᠠᠪᠬᠤ᠎ᠪᠠᠷ ᠭᠤᠶᠤᠴᠢᠯᠠᠵᠤ᠂ ᠨᠡᠢᠲᠡ 227.1 ᠲᠦᠮᠡᠨ ᠲᠥᠭᠦᠷᠢᠭ ᠪᠠᠢᠵᠤ᠂ 24 ᠬᠥᠮᠦᠨ ᠴᠥᠮ ᠬᠥᠩᠭᠡᠵᠢᠯ᠎ᠤᠨ ᠡᠮᠦᠨ᠎ᠡ 2 ᠎ᠡᠴᠡ 3 ᠰᠠᠷ᠎ᠠ ᠪᠣᠯᠬᠣ᠎ᠳᠤ ᠲᠣᠰ ᠺᠣᠮᠫᠠᠨᠢ᠎ᠳᠤ ᠱᠢᠯᠵᠢᠭᠦᠯᠦᠨ ᠳᠠᠭᠠᠳᠭᠠᠯ᠎ᠳᠤ ᠣᠷᠣᠯᠴᠠᠭᠤᠯᠵᠤ᠂ ᠦᠷᠡᠵᠢᠯ᠎ᠤᠨ ᠨᠡᠮᠡᠭᠦᠷᠢ ᠠᠪᠬᠤ᠎ᠪᠠᠷ ᠭᠤᠶᠤᠴᠢᠯᠠᠭ᠍ᠰᠠᠨ᠎ᠤ ᠳᠠᠷᠠᠭ᠎ᠠ ᠲᠣᠰ ᠺᠣᠮᠫᠠᠨᠢ ᠳᠠᠭᠠᠳᠭᠠᠯ᠎ᠢ ᠵᠣᠭ᠍ᠰᠣᠭᠠᠵᠤ᠂ ᠳᠠᠷᠠᠭ᠎ᠠ᠎ᠨᠢ ᠪᠠᠰᠠ ᠪᠤᠰᠤᠳ ᠨᠢᠭᠡᠴᠢ᠎ᠳᠤ ᠱᠢᠯᠵᠢᠭᠦᠯᠦᠨ ᠳᠠᠭᠠᠳᠭᠠᠯ᠎ᠳᠤ ᠣᠷᠣᠯᠴᠠᠭᠤᠯᠬᠤ ᠪᠤᠶᠤ ᠳᠠᠭᠠᠳᠭᠠᠯ᠎ᠳᠤ ᠣᠷᠣᠯᠴᠠᠭ᠍ᠰᠠᠨ ᠥᠬᠡᠶ᠎ᠶᠢ ᠣᠯᠵᠤ ᠮᠡᠳᠡᠪᠡ᠃ ᠪᠠᠢᠴᠠᠭᠠᠭ᠍ᠰᠠᠨ᠎ᠢᠶᠠᠷ᠂ ᠲᠣᠰ ᠺᠣᠮᠫᠠᠨᠢ ᠵᠢᠴᠢ ᠬᠠᠮᠢᠶ᠎ᠠ ᠪᠥᠬᠦᠶ ᠬᠥᠮᠦᠰ ᠬᠤᠳᠠᠯ ᠬᠠᠭᠤᠷᠮᠠᠭ᠎ᠢᠶᠠᠷ ᠠᠵᠢᠯ᠎ᠳᠤ ᠣᠷᠣᠬᠤ᠂ ᠬᠤᠳᠠᠯ ᠬᠠᠭᠤᠷᠮᠠᠭ᠎ᠢᠶᠠᠷ ᠭᠣᠶᠣᠴᠢᠯᠠᠨ ᠮᠡᠳᠡᠭᠦᠯᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠦᠷᠡᠵᠢᠯ᠎ᠤᠨ ᠨᠡᠮᠡᠭᠦᠷᠢ᠎ᠶ᠋ᠢ ᠮᠡᠬᠡᠯᠡᠨ ᠠᠪᠤᠭ᠍ᠰᠠᠨ ᠰᠡᠵᠢᠭ᠌ᠲᠡᠶ᠂ ᠬᠡᠷᠡᠭ᠎ᠲᠤ ᠬᠤᠯᠪᠣᠭ᠍ᠳᠠᠭ᠍ᠰᠠᠨ ᠲᠤᠭ᠎ᠠ ᠬᠡᠮᠵᠢᠶ᠎ᠡ᠎ᠨᠢ ᠯᠤᠲᠤ ᠶᠡᠭᠡ᠂ ᠦᠢᠯᠡ ᠪᠠᠢᠳᠠᠯ᠎ᠨᠢ ᠲᠦᠢᠯ᠎ᠤᠨ ᠬᠦᠨᠳᠦ ᠨᠣᠴᠢᠲᠠᠶ ᠪᠠᠢ᠌ᠪᠠ᠃

  ᠣᠳᠣᠬᠠᠨ᠎ᠳᠤ᠂ ᠲᠣᠰ ᠰᠦᠪᠡᠭ᠌ᠴᠢ᠎ᠶ᠋ᠢ ᠡᠮᠴᠢᠯᠡᠭᠡᠨ᠎ᠦ ᠪᠠᠳᠣᠯᠠᠭ᠎ᠠ᠎ᠶᠢᠨ ᠰᠠᠯᠠᠭ᠎ᠠ ᠮᠥᠴᠢᠷ᠎ᠠᠴᠠ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠬᠠᠤᠯᠢ ᠶᠣᠰᠣᠭᠠᠷ ᠱᠢᠢᠳᠪᠦᠷᠢᠯᠡᠵᠦ᠍᠂ ᠬᠡᠷᠡᠭ᠎ᠢ ᠤᠯᠠᠮ ᠨᠢᠭᠡ ᠠᠯᠬᠤᠮ ᠳᠡᠩᠨᠡᠨ ᠱᠢᠶ᠋ᠳᠪᠦᠷᠢᠯᠡᠵᠦ᠍ ᠪᠠᠢᠨ᠎ᠠ᠃

  ᠬᠡᠷᠡᠭ᠎ᠦ᠋ᠨ ᠵᠢᠱ᠌ᠢᠶ᠎ᠡ ᠬᠣᠶᠠᠷ  ᠾᠧᠪᠧᠢ ᠮᠣᠵᠢ᠎ᠶᠢᠨ ᠵᠠᠩ ᠵᠢᠶᠠ ᠺᠧᠦ ᠬᠣᠲᠠ᠎ᠶᠢᠨ ᠬᠣᠶᠠᠷ ᠺᠣᠮᠫᠠᠨᠢ ᠬᠥᠳᠡᠯᠮᠦᠷᠢ᠎ᠶᠢᠨ ᠬᠠᠷᠢᠴᠠᠭ᠎ᠠ᠎ᠶᠢ ᠬᠠᠭᠤᠷᠮᠠᠭ᠎ᠢᠶᠠᠷ ᠵᠣᠬᠢᠶᠠᠵᠤ ᠦᠷᠡᠵᠢᠯ᠎ᠦ᠋ᠨ ᠨᠡᠮᠡᠭᠦᠷᠢ ᠮᠡᠬᠡᠯᠡᠨ ᠠᠪᠤᠭ᠍ᠰᠠᠨ ᠬᠡᠷᠡᠭ

  ᠾᠧᠪᠧᠢ ᠮᠣᠵᠢ᠎ᠶᠢᠨ ᠵᠠᠩ ᠵᠢᠶᠠ ᠺᠧᠦ ᠬᠣᠲᠠ᠎ᠶᠢᠨ ᠡᠮᠴᠢᠯᠡᠭᠡᠨ᠎ᠦ ᠪᠠᠳᠣᠯᠠᠭ᠎ᠠ᠎ᠶᠢᠨ ᠲᠣᠪᠴᠢᠶ᠎ᠠ ᠲᠤᠰ ᠭᠠᠵᠠᠷ᠎ᠤ᠋ᠨ ᠳ᠋ᠠᠢ᠌ᠲ᠋ᠠ᠎ᠶᠢᠨ ᠬᠢᠨᠠᠨ ᠪᠠᠢᠴᠠᠭᠠᠯᠲᠠ᠎ᠪᠠᠷ ᠳᠠᠮᠵᠢᠨ ᠸᠧᠢ ᠰᠢᠶᠠᠨ᠎ᠤ ᠰᠧᠨ ᠎ᠲᠠᠢ ᠠᠳᠠᠯ ᠠᠬᠤᠢ᠎ᠶᠢᠨ ᠬᠠᠮᠢᠶᠠᠷᠤᠯᠲᠠ᠎ᠶᠢᠨ ᠬᠢᠵᠠᠭᠠᠷᠲᠤ ᠺᠣᠮᠫᠠᠨᠢ᠂ ᠸᠧᠢ ᠰᠢᠶᠠᠨ᠎ᠤ ᠶᠤᠸᠠᠨ ᠱᠧᠩ ᠰᠦᠯᠵᠢᠶᠡᠨ᠎ᠦ᠌ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦ᠋ᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠳᠠᠭᠠᠳᠭᠠᠯ᠎ᠳ᠋ᠤ ᠣᠷᠣᠭ᠍ᠰᠠᠨ ᠠᠵᠢᠯᠲᠠᠨ ᠠᠵᠢᠯᠴᠢᠨ᠂ ᠣᠯᠠᠨ ᠬᠥᠮᠦᠨ ᠠᠵᠢᠯᠲᠠᠨ ᠠᠵᠢᠯᠴᠢᠨ᠎ᠤ᠋ ᠦᠷᠡᠵᠢᠯ᠎ᠦ᠋ᠨ ᠨᠡᠮᠡᠭᠦᠷᠢ ᠠᠪᠤᠭ᠍ᠰᠠᠨ᠎ᠤ᠋ ᠳᠠᠷᠠᠭ᠎ᠠ ᠳᠠᠷᠤᠢᠬᠠᠨ ᠠᠵᠢᠯᠲᠠᠨ ᠠᠵᠢᠯᠴᠢᠨ᠎ᠤ᠋ ᠡᠮᠴᠢᠯᠡᠭᠡᠨ᠎ᠦ ᠳᠠᠭᠠᠳᠭᠠᠯ ᠲᠣᠰᠢᠶᠠᠬᠣ᠎ᠪᠠᠨ ᠵᠣᠭᠰᠣᠭᠰᠠᠨ ᠬᠡᠪ᠎ᠦ᠋ᠨ ᠪᠤᠰᠤ ᠪᠠᠢᠳᠠᠯ᠎ᠢ᠋ ᠢᠯᠡᠷᠡᠭᠦᠯᠵᠡᠢ᠃ ᠪᠠᠢᠴᠠᠭᠠᠭ᠍ᠰᠠᠨ᠎ᠢᠶᠠᠷ᠂ ᠬᠤᠶᠠᠷ ᠺᠣᠮᠫᠠᠨᠢ᠎ᠶ᠋ᠢᠨ ᠬᠠᠤᠯᠢ᠎ᠶ᠋ᠢᠨ ᠡᠷᠬᠡᠲᠡᠨ᠎ᠤ ᠲᠥᠯᠥᠭᠡᠯᠡᠭ᠌ᠴᠢ ᠴᠥᠮ ᠦᠷᠡᠵᠢᠯ᠎ᠦᠨ ᠨᠡᠮᠡᠭᠦᠷᠢ ᠠᠪᠤᠭ᠍ᠰᠠᠨ ᠳᠠᠭᠠᠳᠭᠠᠯ᠎ᠳᠤ ᠣᠷᠣᠯᠴᠠᠭ᠍ᠰᠠᠳ ᠪᠠᠢ᠌ᠵᠤ ᠬᠡᠳᠦ᠋ᠢᠪᠡᠷ ᠠᠵᠤ ᠠᠬᠤᠢᠯᠠᠯ᠎ᠢᠶᠠᠷ ᠳᠠᠭᠠᠳᠭᠠᠯ᠎ᠳᠤ ᠣᠷᠣᠯᠴᠠᠭ᠍ᠰᠠᠨ ᠪᠣᠯᠪᠠᠴᠤ᠌ ᠪᠣᠳᠠᠲᠠᠶ ᠣᠯᠠᠩᠬᠢ᠎ᠨᠢ ᠺᠣᠮᠫᠠᠨᠢ᠎ᠳᠤ ᠠᠵᠢᠯᠯᠠᠵᠤ ᠳᠡᠢᠯᠦᠭ᠌ᠰᠡᠨ ᠦᠭᠡᠢ ᠪᠥᠭᠡᠳ ᠴᠠᠯᠢᠩ ᠥᠭ᠌ᠴᠦ ᠪᠣᠯᠬᠤ ᠦᠭᠡᠢ᠂ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠬᠤᠳᠠᠯ᠎ᠢᠶᠠᠷ ᠵᠣᠬᠢᠶᠠᠵᠤ ᠦᠷᠡᠵᠢᠯ᠎ᠦᠨ ᠨᠡᠮᠡᠭᠦᠷᠢ ᠮᠡᠬᠡᠯᠡᠨ ᠠᠪᠤᠭ᠍ᠰᠠᠨ ᠰᠡᠵᠢᠭ᠎ᠲᠠᠢ ᠭᠡᠳᠡᠭ᠎ᠢ ᠮᠡᠳᠡᠷᠡᠪᠡ᠃ ᠡᠭᠦᠨ᠎ᠳᠤ᠂ ᠸᠧᠶ ᠱᠢᠶᠠᠨ᠎ᠤ ᠰᠧᠨ᠎ᠲᠠᠢ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠳ᠋ᠢᠩ ᠣᠪᠣᠭ᠍ᠲᠤ ᠵᠡᠷᠭᠡ 8 ᠬᠥᠮᠦᠨ 2023᠂ 2024 ᠣᠨ᠎ᠤ  ᠬᠤᠶᠠᠷ ᠵᠢᠯ᠎ᠦᠨ ᠬᠤᠭᠤᠷᠣᠨᠳᠣ 25.4 ᠲᠦᠮᠡᠨ ᠲᠥᠭᠦᠷᠢᠭ᠎ᠤᠨ ᠦᠷᠡᠵᠢᠯ᠎ᠤᠨ ᠨᠡᠮᠡᠭᠦᠷᠢ ᠠᠪᠤᠪᠠ; ᠸᠧᠶ ᠰᠢᠶᠠᠨ᠎ᠤ ᠶᠤᠸᠠᠨ ᠱᠧᠩ ᠰᠦᠯᠵᠢᠶᠡᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠬᠤᠸᠠᠩ ᠣᠪᠣᠭ᠍ᠲᠤ ᠵᠡᠷᠭᠡ 8 ᠬᠥᠮᠦᠨ 2024᠂ 2025 ᠣᠨ᠎ᠦ ᠬᠤᠶᠠᠷ ᠵᠢᠯ᠎ᠤᠨ ᠬᠣᠭᠣᠷᠣᠨᠲᠣ 25.3 ᠲᠦᠮᠡᠨ ᠲᠥᠭᠦᠷᠢᠭ᠎ᠤᠨ ᠦᠷᠡᠵᠢᠯ᠎ᠤᠨ ᠨᠡᠮᠡᠭᠦᠷᠢ ᠠᠪᠴᠤ᠌᠂ ᠬᠤᠶᠠᠷ ᠺᠣᠮᠫᠠᠨᠢ ᠨᠡᠢᠲᠡ 50.7 ᠲᠦᠮᠡᠨ ᠲᠥᠭᠦᠷᠢᠭ᠎ᠤᠨ ᠦᠷᠡᠵᠢᠯ᠎ᠤᠨ  ᠨᠡᠮᠡᠭᠦᠷᠢ ᠠᠪᠣᠪᠠ᠃

  ᠣᠳᠣᠬᠠᠨ᠎ᠳ᠋ᠤ᠂ ᠵᠠᠩ ᠵᠢᠶᠠ ᠺᠧᠦ ᠬᠣᠲᠠ᠎ᠶᠢᠨ ᠸᠧᠢ ᠰᠢᠶᠠᠨ᠎ᠤ᠋ ᠡᠮᠴᠢᠯᠡᠭᠡᠨ᠎ᠦ ᠪᠠᠲᠣᠯᠠᠭ᠎ᠠ᠎ᠶᠢᠨ᠎ᠲᠣᠪᠴᠢᠶ᠎ᠠ ᠬᠡᠷᠡᠭ᠎ᠲᠦ᠍ ᠬᠣᠯᠪᠣᠭ᠍ᠳᠠᠭ᠍ᠰᠠᠨ ᠦᠷᠡᠵᠢᠯ᠎ᠦ᠋ᠨ ᠪᠦᠬᠦ᠌ ᠨᠡᠮᠡᠭᠦᠷᠢ᠎ᠶᠢ ᠪᠦᠯᠦᠭ ᠬᠤᠪᠢᠶᠠᠨ ᠨᠡᠬᠡᠵᠦ᠍ ᠠᠪᠴᠢᠷᠠᠭ᠍ᠰᠠᠨ ᠪᠥᠭᠡᠳ ᠬᠡᠷᠡᠭ᠎ᠢ᠋ ᠳᠣᠲᠣᠭᠠᠳᠤ᠎ᠶᠢ ᠬᠠᠮᠠᠭᠠᠯᠠᠬᠤ ᠰᠠᠯᠠᠭ᠎ᠠ ᠮᠥᠴᠢᠷ᠎ᠲᠦ᠍ ᠰᠢᠯᠵᠢᠭᠦᠯᠦᠨ ᠲᠣᠰᠢᠶᠠᠵᠤ ᠬᠡᠷᠡᠭ ᠪᠣᠯᠭᠠᠨ ᠳᠠᠩᠰᠠᠯᠠᠵᠤ ᠲᠠᠩᠨᠠᠨ ᠪᠠᠢᠴᠠᠭᠠᠪᠠ᠃

  ᠬᠡᠷᠡᠭ᠎ᠦ᠋ᠨ ᠵᠢᠱ᠌ᠢᠶ᠎ᠡ ᠭᠤᠷᠪᠠ  ᠹᠦᠵᠢᠶᠠᠨ ᠮᠣᠵᠢ᠎ᠶᠢᠨ ᠴᠢᠤᠸᠠᠨ ᠵᠧᠦ ᠬᠣᠲᠠ᠎ᠶᠢᠨ ᠴᠤᠤ ᠢ ᠡᠳ᠋᠎ᠦ᠋ᠨ ᠵᠠᠰᠠᠭ ᠭᠠᠢᠯᠢ᠎ᠶᠢᠨ ᠶᠠᠪᠤᠳᠠᠯ᠎ᠤ᠋ᠨ ᠠᠰᠠᠭᠤᠨ ᠯᠠᠪᠯᠠᠯᠲᠠ᠎ᠶᠢᠨ ᠬᠢᠵᠠᠭᠠᠷᠲᠤ ᠺᠣᠮᠫᠠᠨᠢ ᠦᠷᠡᠵᠢᠯ᠎ᠦᠨ ᠨᠡᠮᠡᠭᠦᠷᠢ ᠮᠡᠬᠡᠯᠡᠨ ᠠᠪᠤᠭ᠍ᠰᠠᠨ ᠬᠡᠷᠡᠭ

  ᠹᠦᠵᠢᠶᠠᠨ ᠮᠣᠵᠢ᠎ᠶᠢᠨ ᠴᠢᠤᠸᠠᠨ ᠵᠧᠦ ᠬᠣᠲᠠ᠎ᠶᠢᠨ ᠡᠮᠴᠢᠯᠡᠭᠡᠨ᠎ᠦ ᠪᠠᠲᠣᠯᠠᠭ᠎ᠠ᠎ᠶᠢᠨ ᠲᠣᠪᠴᠢᠶᠠᠨ᠎ᠤ᠋ ᠨᠠᠨ ᠠᠨ ᠬᠤᠪᠢᠶᠠᠷᠢ ᠲᠣᠪᠴᠢᠶ᠎ᠠ ᠲᠤᠰ ᠭᠠᠵᠠᠷ᠎ᠤ᠋ᠨ ᠡᠮᠴᠢᠯᠡᠭᠡᠨ᠎ᠦ ᠪᠠᠳᠣᠯᠠᠭ᠎ᠠ᠎ᠶᠢᠨ ᠲᠣᠮᠣ ᠳ᠋ᠠᠢ᠌ᠲ᠋ᠠ᠎ᠶᠢ ᠬᠢᠨᠠᠨ ᠰᠢᠯᠭ᠋ᠠᠬᠤ ᠠᠵᠢᠯ ᠥᠷᠨᠢᠭᠦᠯᠵᠦ᠍᠂ ᠴᠢᠤᠸᠠᠨ ᠵᠧᠦ ᠬᠣᠲᠠ᠎ᠶᠢᠨ ᠴᠤᠤ ᠢ ᠡᠳ᠋᠎ᠦ᠋ᠨ ᠵᠠᠰᠠᠭ ᠭᠠᠢᠯᠢ᠎ᠶᠢᠨ ᠶᠠᠪᠣᠳᠠᠯ᠎ᠤᠨ ᠠᠰᠠᠭᠤᠨ ᠯᠠᠪᠯᠠᠯᠲᠠ᠎ᠶᠢᠨ ᠬᠢᠵᠠᠭᠠᠷᠲᠤ ᠺᠣᠮᠫᠠᠨᠢ᠎ᠳ᠋ᠤ ᠳᠠᠭᠠᠳᠭᠠᠯ᠎ᠳ᠋ᠤ ᠣᠷᠣᠯᠴᠠᠭ᠍ᠰᠠᠨ ᠬᠥᠮᠦᠨ᠎ᠦ᠌ ᠲᠣᠭ᠎ᠠ᠎ᠶᠢᠨ ᠬᠡᠪ᠎ᠦ᠋ᠨ ᠪᠤᠰᠤ ᠨᠡᠮᠡᠭ᠌ᠳᠡᠯ᠎ᠦ᠋ᠨ ᠪᠠᠢᠳᠠᠯ ᠣᠷᠣᠰᠢᠵᠤ ᠪᠠᠢᠬᠤ᠎ᠶᠢ ᠣᠯᠵᠤ ᠮᠡᠳᠡᠪᠡ᠃ ᠬᠢᠨᠠᠨ ᠪᠠᠢᠴᠠᠭᠠᠭ᠍ᠰᠠᠨ᠎ᠢᠶᠠᠷ᠂ ᠲᠣᠰ ᠺᠣᠮᠫᠠᠨᠢ᠎ᠶ᠋ᠢᠨ 4 ᠳᠠᠭᠠᠳᠭᠠᠯ᠎ᠳᠤ ᠣᠷᠣᠯᠴᠠᠭ᠍ᠰᠠᠳ ᠲᠦᠱᠢᠬᠦ᠌ ᠬᠡᠯᠪᠡᠷᠢ᠎ᠪᠠᠷ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠵᠣᠬᠢᠶᠠᠵᠤ ᠪᠠᠢᠭᠠᠳ 7.1 ᠲᠦᠮᠡᠨ ᠲᠥᠭᠦᠷᠢᠭ᠎ᠤᠨ ᠦᠷᠡᠵᠢᠯ᠎ᠦᠨ ᠨᠡᠮᠡᠭᠦᠷᠢ ᠮᠡᠬᠡᠯᠡᠨ ᠠᠪᠴᠠᠢ᠃ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠨᠢᠭᠡᠨᠲᠡ ᠲᠤᠰ ᠶᠠᠯᠠᠲᠤ ᠠᠵᠢᠯᠯᠠᠭ᠎ᠠ᠎ᠶ᠋ᠢᠨ ᠰᠦᠪᠡᠭ᠌ᠴᠢ᠎ᠶ᠋ᠢ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠪᠠᠢᠴᠠᠭᠠᠨ ᠱᠢᠢᠳᠪᠦᠷᠢᠯᠡᠭᠦᠯᠪᠡ᠃

  ᠣᠳᠣᠬᠠᠨ᠎ᠳᠤ᠂ ᠨᠠᠨ ᠠᠨ ᠬᠤᠲᠠ᠎ᠶ᠋ᠢᠨ ᠠᠷᠠᠳ᠎ᠤᠨ ᠱᠢᠭᠦᠬᠦ᠌ ᠬᠤᠷᠢᠶ᠎ᠠ ᠲᠣᠰ ᠺᠣᠮᠫᠠᠨᠢ᠎ᠶ᠋ᠢᠨ ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ ᠸᠠᠩ ᠣᠪᠣᠭ᠍ᠲᠤ ᠪᠣᠯᠤᠨ ᠡᠳ᠋᠎ᠤᠨ ᠶᠠᠪᠤᠳᠠᠯ᠎ᠤᠨ ᠠᠵᠢᠯᠲᠠᠨ ᠱ᠌ᠢ ᠣᠪᠣᠭ᠍ᠲᠤ᠎ᠶ᠋ᠢ 10 ᠰᠠᠷ᠎ᠠ ᠬᠤᠭᠤᠴᠠᠭ᠎ᠠ᠎ᠲᠠᠢ ᠬᠤᠷᠢᠬᠤ᠎ᠪᠠᠷ ᠰᠢᠢ᠍ᠳᠭᠡᠵᠦ᠂ 1 ᠵᠢᠯ ᠡᠷᠡᠭᠦᠦ ᠰᠢᠢ᠍ᠳᠬᠡᠯ ᠬᠣᠢ᠌ᠰᠢᠯᠠᠭᠤᠯᠵᠤ᠂ ᠠᠷᠠᠳ᠎ᠤᠨ ᠵᠣᠭᠤᠰ 3 ᠲᠦᠮᠡᠨ ᠲᠥᠭᠦᠷᠢᠭ ᠵᠣᠭᠤᠰ᠎ᠢᠶᠠᠷ ᠲᠣᠷᠭ᠋ᠠᠨ᠎ᠠ; ᠳᠠᠬᠢᠭᠰᠠᠨ ᠬᠡᠷᠡᠭᠲᠡᠨ ᠶᠠᠩ ᠣᠪᠣᠭ᠍ᠲᠤ᠎ᠶ᠋ᠢ ᠮᠡᠬᠡᠯᠡᠭ᠌ᠰᠡᠨ ᠶᠠᠯ᠎ᠠ᠎ᠪᠠᠷ 4 ᠰᠠᠷ᠎ᠠ ᠬᠣᠷᠢᠬᠤ᠎ᠪᠠᠷ ᠰᠢᠢ᠍ᠳᠭᠡᠵᠦ᠂ 8 ᠰᠠᠷ᠎ᠠ ᠡᠷᠡᠭᠦᠦ ᠰᠢᠢ᠍ᠳᠬᠡᠯ ᠬᠤᠢᠱᠢᠯᠠᠭᠤᠯᠵᠤ᠂ ᠠᠷᠠᠳ᠎ᠤᠨ ᠵᠣᠭᠤᠰ 6.2 ᠲᠦᠮᠡᠨ ᠲᠥᠭᠦᠷᠢᠭ ᠵᠣᠭᠤᠰ᠎ᠢᠶᠠᠷ ᠲᠣᠷᠭ᠋ᠠᠨ᠎ᠠ; ᠬᠤᠩ ᠣᠪᠣᠭ᠍ᠲᠤ ᠵᠡᠷᠭᠡ 3 ᠬᠦᠮᠦᠨ ᠰᠠᠨᠠᠭᠠᠴᠢᠯᠠᠭ᠎ᠠ᠎ᠠᠴᠠ᠎ᠪᠠᠨ ᠬᠡᠷᠡᠭ᠎ᠢᠶᠠᠨ ᠬᠦᠯᠢᠶᠡᠭ᠌ᠰᠡᠨ ᠳᠠᠭᠠᠳᠭᠠᠯ᠎ᠳᠤ ᠣᠷᠣᠯᠴᠠᠭ᠍ᠰᠠᠳ᠎ᠢ ᠮᠡᠬᠡᠯᠡᠭ᠌ᠰᠡᠨ ᠶᠠᠯ᠎ᠠ᠎ᠪᠠᠷ ᠵᠣᠭᠤᠰ ᠲᠣᠷᠭᠠᠪᠠ᠃

  ᠬᠡᠷᠡᠭ᠎ᠦ᠋ᠨ ᠵᠢᠱ᠌ᠢᠶ᠎ᠡ ᠳᠥᠷᠪᠡ   ᠵᠢᠶᠠᠩᠰᠢ ᠮᠣᠵᠢ᠎ᠶᠢᠨ ᠳᠡ ᠢᠦᠢ ᠬᠣᠩ ᠢ ᠯᠧᠦ ᠵᠠᠰᠠᠯ ᠴᠢᠮᠡᠭ᠌ᠯᠡᠯ᠎ᠦ᠋ᠨ ᠵᠢᠷᠣᠭ ᠲᠥᠯᠥᠪᠯᠡᠭᠡ᠎ᠶᠢᠨ ᠬᠢᠵᠠᠭᠠᠷᠲᠤ ᠺᠣᠮᠫᠠᠨᠢ ᠰᠦᠢᠳᠭᠡᠯ ᠲᠣᠰᠢᠶᠠᠬᠣ ᠰᠠᠭᠤᠷᠢ ᠲᠣᠭ᠎ᠠ᠎ᠶᠢ ᠬᠤᠳᠠᠯ᠎ᠢᠶᠠᠷ ᠮᠡᠳᠡᠭᠦᠯᠵᠦ᠍ ᠪᠠᠷᠢᠮᠵᠢᠶ᠎ᠠ᠎ᠶᠢ ᠳᠡᠭᠡᠭ᠌ᠱᠢᠯᠡᠭᠦᠯᠦᠨ ᠦᠷᠡᠵᠢᠯ᠎ᠦ᠋ᠨ ᠨᠡᠮᠡᠭᠦᠷᠢ ᠮᠡᠬᠡᠯᠡᠨ ᠠᠪᠤᠭ᠍ᠰᠠᠨ ᠬᠡᠷᠡᠭ

  ᠵᠢᠶᠠᠩᠰᠢ ᠮᠣᠵᠢ᠎ᠶᠢᠨ ᠭᠠᠨᠵᠧᠦ ᠬᠣᠲᠠ᠎ᠶᠢᠨ ᠡᠮᠴᠢᠯᠡᠭᠡᠨ᠎ᠦ ᠪᠠᠲᠣᠯᠠᠭ᠎ᠠ᠎ᠶᠢᠨ ᠲᠣᠪᠴᠢᠶᠠᠨ᠎ᠤ᠋ ᠳᠡ ᠢᠦᠢ ᠬᠤᠪᠢᠶᠠᠷᠢ ᠲᠣᠪᠴᠢᠶ᠎ᠠ ᠨᠢ ᠬᠠᠷᠢᠶᠠᠲᠤ ᠲᠣᠭᠣᠷᠢᠭ᠎ᠤ᠋ᠨ ᠳᠠᠭᠠᠳᠭᠠᠯ᠎ᠳ᠋ᠤ ᠣᠷᠣᠯᠴᠠᠭᠰᠠᠳ᠎ᠤᠨ ᠦᠷᠡᠵᠢᠯ᠎ᠦᠨ ᠨᠡᠮᠡᠭᠦᠷᠢ᠎ᠶᠢᠨ ᠪᠠᠢᠳᠠᠯ᠎ᠢ᠋ ᠵᠢᠭ᠍ᠰᠠᠭᠠᠨ ᠪᠠᠢᠴᠠᠭᠠᠬᠤ ᠦᠶᠡᠰ᠂ ᠳᠠ ᠢᠦᠢ ᠬᠣᠩ ᠢ ᠯᠧᠦ ᠵᠠᠰᠠᠯ ᠴᠢᠮᠡᠭ᠌ᠯᠡᠯ᠎ᠦ᠋ᠨ ᠵᠢᠷᠤᠭ ᠲᠥᠯᠥᠪᠯᠡᠭᠡ᠎ᠶᠢᠨ ᠬᠢᠵᠠᠭᠠᠷᠲᠤ ᠺᠣᠮᠫᠠᠨᠢ ᠨᠢ ᠵᠥᠪᠬᠡᠨ 2 ᠠᠵᠢᠯᠲᠠᠨ ᠠᠵᠢᠯᠴᠢᠨ᠎ᠤ᠋ ᠡᠮᠴᠢᠯᠡᠭᠡᠨ᠎ᠦ ᠳᠠᠭᠠᠳᠭᠠᠯ ( ᠦᠷᠡᠵᠢᠯ᠎ᠦᠨ ᠳᠠᠭᠠᠳᠭᠠᠯ ᠪᠠᠭ᠍ᠲᠠᠨ᠎ᠠ ) ᠲᠣᠰᠢᠶᠠᠬᠤ ᠰᠠᠭᠤᠷᠢ ᠲᠣᠭ᠎ᠠ ᠨᠢ ᠴᠥᠮ 14580 ᠲᠥᠭᠥᠷᠢᠭ ᠪᠠᠢᠵᠤ᠂ ᠪᠣᠳᠠᠲᠠᠢ ᠴᠠᠯᠢᠩ᠎ᠤ᠋ᠨ ᠬᠢᠷᠢ ᠲᠥᠪᠰᠢᠨ᠎ᠡᠴᠡ ᠢᠯᠡᠳᠲᠡ ᠥᠨᠳᠥᠷ ᠪᠠᠢ᠌ᠬᠤ᠎ᠶᠢ ᠣᠯᠵᠤ ᠮᠡᠳᠡᠪᠡ᠃ ᠡᠭᠦᠨ᠎ᠳᠤ 1 ᠠᠵᠢᠯᠲᠠᠨ ᠢᠦᠶ ᠣᠪᠣᠭ᠍ᠲᠤ ᠪᠣᠯ ᠺᠣᠮᠫᠠᠨᠢ᠎ᠶ᠋ᠢᠨ ᠬᠠᠤᠯᠢ᠎ᠶ᠋ᠢᠨ ᠡᠷᠬᠡᠲᠡᠨ᠎ᠤ ᠡᠬᠡᠨᠡᠷ ᠮᠥᠨ᠂ ᠬᠥᠩᠭᠡᠵᠢᠭ᠌ᠰᠡᠨ᠎ᠤ ᠳᠠᠷᠠᠭ᠎ᠠ ᠨᠢᠭᠡ ᠰᠠᠷ᠎ᠠ ᠳᠠᠷᠤᠶ ᠳᠠᠭᠠᠳᠭᠠᠯ᠎ᠳᠤ ᠣᠷᠣᠯᠴᠠᠬᠤ᠎ᠶ᠋ᠢ ᠵᠣᠭ᠍ᠰᠣᠭᠠᠵᠤ᠂ ᠦᠷᠡᠵᠢᠯ᠎ᠤᠨ ᠨᠡᠮᠡᠭᠦᠷᠢ ᠮᠡᠬᠡᠯᠡᠨ ᠠᠪᠤᠭ᠍ᠰᠠᠨ ᠰᠡᠵᠢᠭ᠎ᠲᠠᠢ ᠪᠠᠢᠳᠠᠯ ᠣᠷᠣᠱᠢᠵᠤ ᠪᠠᠢ᠌ᠪᠠ᠃ ᠪᠠᠢᠴᠠᠭᠠᠭ᠍ᠰᠠᠨ᠎ᠢᠶᠠᠷ᠂ ᠢᠦᠶ ᠣᠪᠣᠭ᠍ᠲᠤ ᠳᠠᠭᠠᠳᠭᠠᠯ᠎ᠳᠤ ᠣᠷᠣᠯᠴᠠᠭ᠍ᠰᠠᠨ ᠬᠤᠭᠤᠴᠠᠭᠠᠨ᠎ᠳᠤ ᠬᠤᠪᠢ ᠬᠥᠮᠦᠨ᠎ᠤ ᠠᠱᠢᠭ ᠣᠷᠣᠯᠭ᠎ᠠ᠎ᠶ᠋ᠢᠨ ᠭᠠᠢᠯᠢ᠎ᠪᠠᠨ ᠮᠡᠳᠡᠭᠦᠯᠬᠦ᠌ ᠎ᠳᠤ᠎ᠪᠠᠨ ᠴᠠᠯᠢᠩ᠎ᠤᠨ ᠰᠠᠭᠤᠷᠢ ᠲᠤᠭ᠎ᠠ᠎ᠨᠢ ᠵᠥᠪᠬᠡᠨ 3000 ᠲᠥᠭᠦᠷᠢᠭ ᠪᠠᠢᠵᠤ᠂ ᠡᠮᠴᠢᠯᠡᠭᠡᠨ᠎ᠦ ᠳᠠᠭᠠᠳᠭᠠᠯ᠎ᠤᠨ ᠰᠦᠢᠳᠭᠡᠯ ᠲᠤᠱᠢᠶᠠᠬᠤ ᠰᠠᠭᠤᠷᠢ ᠲᠤᠭ᠎ᠠ᠎ᠲᠠᠢ ᠬᠦᠨᠳᠦ ᠨᠣᠴᠢᠲᠠᠶ ᠨᠡᠢᠴᠡᠬᠦ᠌ ᠥᠬᠡᠶ᠂ ᠲᠣᠰ ᠺᠣᠮᠫᠠᠨᠢ ᠬᠤᠳᠠᠯ ᠬᠠᠭᠤᠷᠮᠠᠭ ᠴᠠᠯᠢᠩ ᠣᠯᠭᠤᠬᠤ᠂ ᠰᠦᠢᠳᠭᠡᠯ ᠲᠤᠱᠢᠶᠠᠬᠤ ᠰᠠᠭᠤᠷᠢ ᠲᠤᠭ᠎ᠠ᠎ᠶ᠋ᠢ ᠬᠤᠳᠠᠯ᠎ᠢᠶᠠᠷ ᠮᠡᠳᠡᠭᠦᠯᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠦᠷᠡᠵᠢᠯ᠎ᠤᠨ ᠨᠡᠮᠡᠭᠦᠷᠢ᠎ᠶ᠋ᠢ ᠮᠡᠬᠡᠯᠡᠨ ᠠᠪᠴᠤ᠌᠂ ᠡᠭᠦᠨ᠎ᠳᠤ ᠬᠤᠯᠪᠣᠭ᠍ᠳᠠᠭ᠍ᠰᠠᠨ ᠵᠣᠭᠤᠰ᠎ᠤᠨ ᠲᠤᠭ᠎ᠠ᠎ᠨᠢ 8.4 ᠲᠦᠮᠡᠨ ᠲᠥᠭᠦᠷᠢᠭ ᠪᠣᠯᠣᠨ᠎ᠠ᠃

  ᠣᠳᠣᠬᠠᠨ᠎ᠳᠤ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠲᠣᠰ ᠬᠡᠷᠡᠭ᠎ᠢ ᠬᠡᠷᠡᠭ ᠪᠣᠯᠭᠠᠨ ᠳᠠᠩᠰᠠᠯᠠᠵᠤ ᠲᠠᠩᠨᠠᠨ ᠪᠠᠢᠴᠠᠭᠠᠭ᠍ᠰᠠᠨ ᠪᠥᠭᠡᠳ ᠬᠡᠷᠡᠭ᠎ᠲᠤ ᠬᠤᠯᠪᠣᠭ᠍ᠳᠠᠭ᠍ᠰᠠᠨ ᠢᠦᠢ ᠣᠪᠣᠭ᠍ᠲᠤ᠎ᠳᠤ ᠡᠷᠡᠭᠦᠦ᠍᠎ᠶ᠋ᠢᠨ ᠬᠡᠷᠡᠭ᠎ᠤᠨ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ ᠠᠪᠴᠤ᠌᠂ ᠶᠠᠯ᠎ᠠ ᠬᠢᠭ᠌ᠰᠡᠨ ᠰᠡᠵᠢᠭ᠌ᠯᠡᠯᠲᠡᠢ ᠢᠦᠢ ᠣᠪᠣᠭ᠍ᠲᠤ ᠨᠢᠭᠡᠨᠲᠡ ᠦᠷᠡᠵᠢᠯ᠎ᠦᠨ ᠨᠡᠮᠡᠭᠦᠷᠢ᠎ᠪᠠᠨ ᠰᠠᠨᠠᠭᠠᠴᠢᠯᠠᠭ᠎ᠠ᠎ᠠᠴᠠ᠎ᠪᠠᠨ ᠪᠤᠴᠠᠭᠠᠪᠠ᠃

  ᠬᠡᠷᠡᠭ᠎ᠦᠨ ᠵᠢᠱ᠌ᠢᠶ᠎ᠡ ᠲᠠᠪᠣ  ᠰᠧᠴᠤᠸᠠᠨ ᠮᠤᠵᠢ᠎ᠶ᠋ᠢᠨ ᠳ᠋ᠧᠶᠠᠩ ᠬᠤᠲᠠ᠎ᠶ᠋ᠢᠨ ᠮᠠ ᠣᠪᠣᠭ᠍ᠲᠤ᠂ ᠶᠤᠸᠠᠨ ᠣᠪᠣᠭ᠍ᠲᠤ᠂ ᠯᠢᠦ ᠣᠪᠣᠭ᠍ᠲᠤ ᠦᠷᠡᠵᠢᠯ᠎ᠦᠨ ᠨᠡᠮᠡᠭᠦᠷᠢ ᠮᠡᠬᠡᠯᠡᠨ ᠠᠪᠤᠭ᠍ᠰᠠᠨ ᠬᠡᠷᠡᠭ

  ᠰᠧᠴᠤᠸᠠᠨ ᠮᠤᠵᠢ᠎ᠶ᠋ᠢᠨ ᠳ᠋ᠧᠶᠠᠩ ᠬᠤᠲᠠ᠎ᠶ᠋ᠢᠨ ᠵᠢᠩ ᠶᠠᠩ ᠲᠣᠭᠤᠷᠢᠭ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠲᠣᠪᠴᠢᠶ᠎ᠠ ᠡᠳᠦᠷ ᠲᠤᠲᠤᠮ᠎ᠤᠨ ᠬᠢᠨᠠᠨ ᠬᠠᠷᠭᠤᠭᠤᠯᠤᠯᠲᠠ᠎ᠳᠦ᠎ᠪᠡᠨ᠂ ᠰᠧᠴᠤᠸᠠᠨ ᠮᠤᠵᠢ᠎ᠶ᠋ᠢᠨ ᠬᠤᠩ ᠢᠦᠶ ᠴᠦᠨ ᠹᠠᠨ ᠲᠠᠷᠢᠶᠠᠯᠠᠩ᠎ᠤᠨ ᠬᠢᠵᠠᠭᠠᠷᠲᠤ ᠺᠣᠮᠫᠠᠨᠢ᠎ᠶ᠋ᠢᠨ ᠠᠵᠢᠯᠲᠠᠨ ᠮᠠ ᠣᠪᠣᠭ᠍ᠲᠤ᠂ ᠶᠤᠸᠠᠨ ᠣᠪᠣᠭ᠍ᠲᠤ᠎ᠶ᠋ᠢᠨ ᠦᠷᠡᠵᠢᠯ᠎ᠤᠨ ᠡᠮᠴᠢᠯᠡᠭᠡᠨ᠎ᠦ ᠵᠠᠷᠣᠳᠠᠯ ᠵᠢᠴᠢ ᠨᠡᠮᠡᠭᠦᠷᠢ᠎ᠪᠠᠷ ᠮᠡᠳᠡᠭᠦᠯᠦᠭ᠌ᠰᠡᠨ ᠨᠢ ᠰᠡᠵᠢᠭ᠌ᠯᠡᠯᠲᠡᠶ᠂ ᠠᠵᠢᠯᠲᠠᠨ ᠮᠠ ᠣᠪᠣᠭ᠍ᠲᠤ᠂ ᠶᠤᠸᠠᠨ ᠣᠪᠣᠭ᠍ᠲᠤ ᠴᠥᠮ ᠵᠢᠷᠮᠦᠰᠦᠯᠡᠭ᠌ᠰᠡᠨ᠎ᠤ ᠳᠠᠷᠠᠭ᠎ᠠ ᠲᠣᠰ ᠺᠣᠮᠫᠠᠨᠢ᠎ᠶᠢᠨ ᠠᠵᠢᠯ᠎ᠳᠤ ᠤᠷᠤᠭ᠍ᠰᠠᠨ ᠪᠥᠭᠡᠳ ᠠᠩᠬ᠎ᠠ ᠤᠳᠠᠭ᠎ᠠ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠭ᠍ᠰᠠᠨ ᠪᠥᠭᠡᠳ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ ᠰᠠᠭᠤᠷᠢ ᠲᠤᠭ᠎ᠠ ᠬᠡᠲᠦ ᠥᠨᠳᠥᠷ ᠪᠠᠢᠵᠤ᠂ ᠺᠣᠮᠫᠠᠨᠢ᠎ᠶ᠋ᠢᠨ ᠬᠠᠤᠯᠢ᠎ᠶ᠋ᠢᠨ ᠡᠷᠬᠡᠲᠡᠨ ᠯᠢᠦ ᠣᠪᠣᠭ᠍ᠲᠤ᠎ᠶ᠋ᠢᠨ 5 ᠳᠠᠬᠢᠨ ᠪᠠᠢ᠌ᠪᠠ; ᠲᠣᠰ ᠺᠣᠮᠫᠠᠨᠢ᠎ᠶ᠋ᠢᠨ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ ᠰᠠᠭᠤᠷᠢ ᠲᠤᠭ᠎ᠠ ᠵᠢᠴᠢ ᠠᠵᠢᠯᠴᠢᠨ ᠬᠡᠷᠡᠭ᠌ᠯᠡᠬᠦ᠌ ᠦᠨᠡᠨ ᠪᠣᠳᠠᠲᠤ ᠴᠢᠨᠠᠷ᠎ᠲᠤ ᠬᠦᠨᠳᠦ ᠶᠡᠭᠡ ᠰᠡᠵᠢᠭ᠌ᠯᠡᠯᠲᠡᠶ ᠪᠠᠢ᠌ᠬᠤ᠎ᠶᠢ ᠣᠯᠵᠤ ᠮᠡᠳᠡᠪᠡ᠃ ᠬᠢᠨᠠᠨ ᠪᠠᠢᠴᠠᠭᠠᠭ᠍ᠰᠠᠨ᠎ᠢᠶᠠᠷ᠂ ᠮᠠ ᠣᠪᠣᠭ᠍ᠲᠤ᠂ ᠶᠤᠸᠠᠨ ᠣᠪᠣᠭ᠍ᠲᠤ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠤᠭᠤᠴᠠᠭᠠᠨ᠎ᠳᠠᠬᠢ ᠠᠵᠢᠯᠯᠠᠭᠠᠨ᠎ᠤ ᠵᠠᠮ ᠮᠥᠷ᠂ ᠡᠪᠡᠳᠴᠢᠨ ᠦᠵᠡᠭᠦᠯᠬᠦ᠌ ᠪᠠ ᠦᠷᠡᠵᠢᠯ ᠨᠢ ᠴᠥᠮ ᠣᠨᠳᠣᠤ ᠭᠠᠵᠠᠷ᠎ᠲᠤ ᠪᠠᠢ᠌ᠪᠠ᠃ ᠰᠧᠴᠤᠸᠠᠨ ᠮᠤᠵᠢ᠎ᠶ᠋ᠢᠨ ᠬᠤᠩ ᠢᠦᠶ ᠴᠦᠨ ᠹᠠᠨ ᠲᠠᠷᠢᠶᠠᠯᠠᠩ᠎ᠤᠨ ᠬᠢᠵᠠᠭᠠᠷᠲᠤ ᠺᠣᠮᠫᠠᠨᠢ᠎ᠶ᠋ᠢᠨ ᠠᠵᠢᠯᠲᠠᠨ ᠮᠠ ᠣᠪᠣᠭ᠍ᠲᠤ᠂ ᠶᠤᠸᠠᠨ ᠣᠪᠣᠭ᠍ᠲᠤ  ᠨᠢᠭᠡᠴᠢ ᠎ᠪᠡᠨ ᠲᠦᠰᠢᠭᠯᠡᠨ ᠳᠠᠭᠠᠳᠭᠠᠯ᠎ᠳᠤ ᠣᠷᠣᠯᠴᠠᠭ᠍ᠰᠠᠨ᠂ ᠬᠥᠳᠡᠯᠮᠦᠷᠢ᠎ᠶ᠋ᠢᠨ ᠬᠠᠷᠢᠴᠠᠭ᠎ᠠ ᠪᠠ ᠡᠮᠴᠢᠯᠡᠭᠡᠨ᠎ᠦ ᠳᠠᠭᠠᠳᠭᠠᠯ᠎ᠤᠨ ᠰᠦᠢᠳᠭᠡᠯ ᠲᠤᠱᠢᠶᠠᠬᠤ ᠰᠠᠭᠤᠷᠢ ᠲᠤᠭ᠎ᠠ᠎ᠶ᠋ᠢ ᠬᠠᠭᠤᠷᠮᠠᠭ᠎ᠢᠶᠠᠷ ᠵᠣᠬᠢᠶᠠᠭ᠍ᠰᠠᠨ ᠦᠷᠡᠵᠢᠯ᠎ᠤᠨ ᠳᠠᠭᠠᠳᠭᠠᠯ᠎ᠤᠨ ᠬᠠᠷᠠᠭᠠᠯᠵᠠᠯ᠎ᠤᠨ ᠬᠦᠨᠳᠦ ᠶᠡᠭᠡ ᠰᠡᠵᠢᠭ᠎ᠲᠠᠢ᠃

  ᠣᠳᠣᠬᠠᠨ᠎ᠳ᠋ᠤ᠂ ᠵᠢᠩ ᠶᠠᠩ ᠲᠣᠭᠣᠷᠢᠭ᠎ᠤ᠋ᠨ ᠡᠮᠴᠢᠯᠡᠭᠡᠨ᠎ᠦ ᠪᠠᠲᠣᠯᠠᠭ᠎ᠠ᠎ᠶᠢᠨ ᠲᠣᠪᠴᠢᠶ᠎ᠠ ᠨᠢ ᠲᠤᠰ ᠺᠣᠮᠫᠠᠨᠢ᠎ᠶᠢᠨ ᠦᠷᠡᠵᠢᠯ᠎ᠦ᠋ᠨ ᠡᠮᠴᠢᠯᠡᠭᠡᠨ᠎ᠦ ᠵᠠᠷᠤᠳᠠᠯ ᠵᠢᠴᠢ ᠨᠡᠮᠡᠭᠦᠷᠢ 22.9 ᠲᠦᠮᠡᠨ ᠲᠥᠭᠥᠷᠢᠭ  ᠭᠣᠶᠣᠴᠢᠯᠠᠭᠰᠠᠨ᠎ᠢ ᠥᠭᠬᠦ ᠦᠭᠡᠢ᠂ ᠺᠣᠮᠫᠠᠨᠢ᠎ᠶᠢᠨ ᠬᠠᠤᠯᠢ᠎ᠶᠢᠨ ᠡᠷᠬᠡᠲᠡᠨ᠎ᠦ᠌ ᠲᠥᠯᠥᠭᠡᠯᠡᠭ᠌ᠴᠢ ᠯᠢᠦ ᠣᠪᠣᠭ᠍ᠲᠤ᠎ᠶᠢ ᠳᠠᠭᠠᠳᠭᠠᠯ᠎ᠳ᠋ᠤ ᠣᠷᠣᠯᠴᠠᠭ᠍ᠰᠠᠨ ᠭᠠᠵᠠᠷ᠎ᠤ᠋ᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠳ᠋ᠤ  ᠰᠢᠯᠵᠢᠭᠥᠯᠥᠨ ᠲᠣᠰᠢᠶᠠᠵᠦ ᠤᠯᠠᠮ ᠨᠢᠭᠡ ᠠᠯᠬᠤᠮ ᠰᠢᠢ᠍ᠳᠪᠤᠷᠢᠯᠡᠭᠥᠯᠥᠨ᠎ᠡ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            