ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
《〈ᠦᠷᠡᠵᠢᠯ᠎ᠤᠨ ᠳᠠᠭ᠋ᠠᠳᠬᠠᠯ ᠪᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠢ ᠨᠡᠢ᠌ᠯᠡᠭᠦᠯᠦᠨ ᠬᠡᠷᠡᠭᠵᠢᠭᠦᠯᠬᠦ ᠵᠢ ᠪᠥᠬᠥ ᠲᠠᠯ᠎ᠠ᠎ᠪᠠᠷ ᠠᠬᠢᠭᠤᠯᠬᠤ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ〉᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠲᠢᠩᠬᠢᠮ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2020-12-16

     2019 ᠣᠨ᠎ᠤ 7 ᠰᠠᠷ᠎ᠠ ᠵᠢᠨ 19᠎ᠤ ᠡᠳᠦᠷ᠂ 《 〈ᠦᠷᠡᠵᠢᠯ᠎ᠤᠨ ᠳᠠᠭ᠋ᠠᠳᠬᠠᠯ ᠪᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠢ ᠨᠡᠢ᠌ᠯᠡᠭᠦᠯᠦᠨ ᠬᠡᠷᠡᠭᠵᠢᠭᠦᠯᠬᠦ ᠵᠢ ᠪᠥᠬᠥ ᠲᠠᠯ᠎ᠠ᠎ᠪᠠᠷ ᠠᠬᠢᠭᠤᠯᠬᠤ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ〉᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ   ᠡᠳ᠋᠎ᠤᠨ ᠵᠠᠰᠠᠭ᠎ᠤᠨ ᠲᠢᠩᠬᠢᠮ   ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ   ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠰᠠᠨ [2019] 44   ᠳ᠋ᠤᠭᠡᠷ ᠲᠣᠭ᠋ᠠᠲᠤ)᠃
     1᠂ ᠶᠠᠭᠤᠨ᠎ᠳᠤ ᠦᠷᠡᠵᠢᠯ᠎ᠤᠨ ᠳᠠᠭ᠋ᠠᠳᠬᠠᠯ᠎ᠢ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠲᠠᠢ ᠨᠡᠢ᠌ᠯᠡᠭᠦᠯᠦᠨ ᠬᠡᠷᠡᠭᠵᠢᠭᠦᠯᠬᠦ ᠬᠡᠷᠡᠭᠲᠡᠶ ᠪᠣᠶ?
      ᠬᠠᠷᠢᠭᠤᠯᠲᠠ᠄ ᠦᠷᠡᠵᠢᠯ᠎ᠤᠨ ᠳᠠᠭ᠋ᠠᠳᠬᠠᠯ ᠪᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ (ᠳᠣᠷᠣᠭᠰᠢ 《ᠬᠣᠶᠠᠷ ᠵᠦᠢ᠍ᠯ᠎ᠤᠨ ᠳᠠᠭ᠋ᠠᠳᠬᠠᠯ》 ᠭᠡᠵᠦ ᠲᠣᠪᠴᠢᠯᠠᠨ᠎ᠠ)᠎ᠢ ᠨᠡᠶ᠋ᠢᠯᠡᠭᠦᠯᠦᠨ ᠬᠡᠷᠡᠭᠵᠢᠭᠦᠯᠬᠦ ᠪᠣᠯ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ ᠪᠤᠯᠤᠨ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠲᠣᠪᠴᠢ》᠎ᠳᠤ ᠲᠣᠳᠣᠷᠬᠠᠶ ᠲᠤᠷᠠᠳᠤᠭᠰᠠᠨ ᠡᠭᠦᠷᠭᠡ ᠱᠠᠭ᠋ᠠᠷᠳᠠᠯᠭ᠎ᠠ ᠮᠦᠨ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠭ᠋ᠠᠳᠬᠠᠯ᠎ᠳᠤ ᠤᠷᠤᠯᠴᠠᠭᠰᠠᠳ᠎ᠤᠨ ᠬᠠᠷᠠᠭ᠋ᠠᠯᠵᠠᠯ᠎ᠢ ᠦᠨᠡᠨᠬᠦ ᠪᠠᠲᠤᠯᠠᠵᠤ᠂ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠦᠷ᠎ᠡ ᠪᠦᠳᠦᠮᠵᠢ ᠵᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ᠎ᠤ ᠤᠯᠤᠰ᠎ᠤᠨ ᠪᠢᠴᠢᠭ ᠮᠠᠲᠸᠷᠢᠶᠠᠯ᠎ᠤᠨ ᠵᠣᠷᠢᠭ ᠰᠠᠨᠠᠭ᠎ᠠ ᠶᠣᠰᠣᠭ᠋ᠠᠷ ᠰᠠᠶ᠋ᠢᠲᠤᠷ ᠨᠠᠶ᠋ᠢᠳᠠᠪᠤᠷᠢᠵᠢᠭᠤᠯᠬᠤ ᠵᠢ ᠱᠠᠭ᠋ᠠᠷᠳᠠᠪᠠ᠃ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠶᠣᠰᠣᠭ᠋ᠠᠷ᠂ 2019 ᠣᠨ 7 ᠳ᠋ᠤᠭ᠋ᠠᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠎ᠨᠢ ᠡᠳ᠋᠎ᠤᠨ ᠵᠠᠰᠠᠭ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《〈ᠦᠷᠡᠵᠢᠯ᠎ᠤᠨ ᠳᠠᠭ᠋ᠠᠳᠬᠠᠯ ᠪᠠ ᠠᠵᠢᠯᠲᠠᠨ ᠠᠵᠢᠯᠴᠢᠨ᠎ᠤ ᠦᠨᠳᠦᠰᠦᠨ   ᠡᠮᠴᠢᠯᠡᠭᠡᠨ᠎ᠤ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ〉᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [2019] 44   ᠳ᠋ᠤᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ᠎ᠬᠢᠨ᠎ᠤ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠬᠦ ᠵᠢ ᠱᠠᠭ᠋ᠠᠷᠳᠠᠵᠤ᠂ ᠬᠣᠯᠪᠣᠭᠳᠠᠯ ᠪᠦᠬᠦᠢ ᠠᠵᠢᠯ᠎ᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠵᠢᠯ᠎ᠤᠨ ᠡᠴᠦᠰ᠎ᠠᠴᠠ ᠡᠮᠦᠨ᠎ᠡ ᠬᠤᠶᠠᠷ ᠵᠦᠢ᠍ᠯ᠎ᠤᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃
     2᠂ ᠬᠣᠶᠠᠷ ᠵᠦᠢ᠍ᠯ᠎ᠤᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠦᠭᠰᠡᠨ᠎ᠤ ᠳᠠᠷᠠᠭ᠎ᠠ᠂ ᠦᠷᠡᠵᠢᠯ᠎ᠤᠨ ᠳᠠᠭ᠋ᠠᠳᠬᠠᠯ᠎ᠤᠨ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ᠎ᠳᠤ ᠶᠠᠮᠠᠷ ᠶᠠᠮᠠᠷ ᠬᠤᠪᠢᠷᠠᠯᠲᠠ ᠭᠠᠷᠬᠤ ᠪᠣᠶ?
 ᠬᠠᠷᠢᠭᠤᠯᠲᠠ᠄ ᠬᠣᠶᠠᠷ ᠵᠦᠢ᠍ᠯ᠎ᠤᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ᠎ᠨᠢ 《ᠳᠠᠭ᠋ᠠᠳᠬᠠᠯ᠎ᠤᠨ ᠲᠥᠷᠥᠯ᠎ᠢ ᠦᠯᠡᠳᠡᠭᠡᠬᠦ᠂   ᠬᠠᠷᠠᠭ᠋ᠠᠯᠵᠠᠯ᠎ᠢ ᠪᠠᠲᠤᠯᠠᠬᠤ᠂ ᠬᠠᠮᠢᠶᠠᠷᠤᠯᠳᠠ ᠵᠢ ᠨᠢᠭᠡᠳᠬᠡᠬᠦ᠂ ᠥᠪᠡᠷ᠎ᠤᠨ ᠥᠷᠲᠡᠭ᠎ᠢ ᠪᠠᠭᠤᠷᠠᠭᠤᠯᠬᠤ》 ᠶᠡᠷᠦᠩᠬᠡᠶ ᠰᠡᠳᠬᠢᠮᠵᠢ ᠵᠢ ᠵᠢᠷᠤᠮᠯᠠᠨ᠎ᠠ᠃ ᠳᠠᠭ᠋ᠠᠳᠬᠠᠯ᠎ᠤᠨ ᠲᠥᠷᠥᠯ ᠵᠦᠢ᠍ᠯ᠎ᠢ ᠦᠯᠡᠳᠡᠭᠡᠬᠦ᠂ ᠬᠠᠷᠠᠭ᠋ᠠᠯᠵᠠᠯ᠎ᠢ ᠪᠠᠳᠤᠯᠠᠬᠤ ᠪᠤᠯ ᠦᠷᠡᠵᠢᠯ᠎ᠤᠨ ᠳᠠᠭ᠋ᠠᠳᠬᠠᠯ᠎ᠤᠨ ᠨᠢᠭᠡ ᠵᠦᠢ᠍ᠯ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠲᠥᠷᠥᠯ ᠪᠣᠯᠤᠭᠰᠠᠨ᠎ᠤ ᠬᠤᠪᠢ᠎ᠳᠤ ᠬᠡᠪ ᠵᠶ᠋ᠡᠷ᠎ᠨᠢ ᠦᠯᠡᠳᠡᠭᠡᠵᠤ᠂ ᠬᠣᠶᠠᠷ   ᠵᠦᠢ᠍ᠯ᠎ᠤᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ᠎ᠳᠤ ᠨᠢᠭᠡᠴᠡ ᠪᠠ ᠬᠤᠪᠢ ᠬᠥᠮᠦᠨ᠎ᠤ ᠰᠦᠢ᠍ᠳᠭᠡᠯ ᠲᠤᠰᠢᠶᠠᠬᠤ ᠳᠠᠷᠤᠭ᠋ᠠᠰᠤ ᠵᠢ ᠨᠡᠮᠡᠭᠳᠡᠭᠦᠯᠬᠦ ᠥᠬᠡᠶ ᠪᠠᠶ᠋ᠢᠬᠤ ᠵᠢ ᠵᠢᠭ᠋ᠠᠨ᠎ᠠ᠂ ᠠᠵᠢᠯᠲᠠᠨ ᠠᠵᠢᠯᠴᠢᠨ᠎ᠤ ᠦᠷᠡᠵᠢᠯ᠎ᠤᠨ ᠬᠤᠭᠤᠴᠠᠭ᠋ᠠᠨ᠎ᠳᠠᠬᠢ ᠦᠷᠡᠵᠢᠯ᠎ᠤᠨ ᠳᠠᠭ᠋ᠠᠳᠬᠠᠯ᠎ᠤᠨ ᠬᠠᠷᠠᠭ᠋ᠠᠯᠵᠠᠯ᠎ᠢ ᠬᠤᠪᠢᠷᠠᠭᠤᠯᠬᠤ ᠦᠭᠡᠶ᠃ ᠬᠣᠶᠠᠷ ᠵᠦᠢ᠍ᠯ᠎ᠤᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ᠎ᠨᠢ 《ᠨᠡᠶ᠋ᠢᠯᠡᠭᠦᠯᠬᠦ》 ᠪᠢᠰᠢ᠂ ᠦᠷᠡᠵᠢᠯ᠎ᠤᠨ ᠳᠠᠭ᠋ᠠᠳᠬᠠᠯ᠎ᠢ ᠬᠦᠴᠦᠨ ᠥᠬᠡᠶ ᠪᠣᠯᠭ᠋ᠠᠬᠤ ᠪᠢᠰᠢ᠃ ᠦᠷᠡᠵᠢᠯ᠎ᠤᠨ ᠳᠠᠭ᠋ᠠᠳᠬᠠᠯ᠎ᠢ ᠡᠮᠴᠢᠯᠡᠭᠡ ᠵᠢᠨ ᠳᠠᠭ᠋ᠠᠳᠬᠠᠯ᠎ᠲᠠᠢ ᠬᠠᠷᠢᠴᠠᠭᠤᠯᠪᠠᠯ ᠠᠳᠠᠯᠢ ᠪᠤᠰᠤ ᠴᠢᠳᠠᠮᠵᠢ ᠪᠠ ᠪᠠᠳᠤᠯᠠᠭ᠎ᠠ ᠵᠢᠨ ᠲᠥᠷᠥ ᠵᠢᠨ ᠪᠣᠳᠣᠯᠭ᠎ᠠ᠎ᠲᠠᠢ ᠪᠠᠶ᠋ᠢᠳᠠᠭ᠃ ᠨᠢᠭᠡ᠎ᠳᠤ᠂ ᠦᠷᠡᠵᠢᠯ᠎ᠤᠨ ᠳᠠᠭ᠋ᠠᠳᠬᠠᠯ᠎ᠨᠢ ᠡᠮᠡᠭᠲᠡᠶ᠋ᠢᠴᠦᠳ᠎ᠤᠨ ᠡᠷᠬᠡ ᠲᠡᠭᠰᠢ᠎ᠪᠠᠷ ᠠᠵᠢᠯ ᠤᠯᠬᠤ ᠵᠢ ᠠᠬᠢᠭᠤᠯᠬᠤ᠂ ᠠᠵᠢᠯ ᠤᠯᠬᠤ ᠶᠠᠪᠤᠴᠠ᠎ᠳᠠᠬᠢ ᠴᠢᠨᠠᠷ᠎ᠤᠨ ᠢᠯᠭ᠋ᠠᠯ ᠪᠠ ᠪᠡᠶ᠎ᠡ ᠵᠢᠨ ᠬᠡᠮ᠎ᠤᠨ ᠭᠠᠳᠠᠭᠤᠷᠴᠢᠯᠠᠯ᠎ᠢ ᠰᠡᠷᠭᠡᠶ᠋ᠢᠯᠡᠨ ᠵᠠᠯᠠᠷᠠᠭᠤᠯᠬᠤ᠂ ᠠᠵᠢᠯᠳᠠᠨ ᠠᠵᠢᠯᠴᠢᠨ᠎ᠤ ᠦᠷᠡᠵᠢᠯ᠎ᠤᠨ ᠪᠠᠲᠤᠯᠠᠭ᠎ᠠ ᠵᠢᠨ ᠡᠷᠬᠡ ᠠᠰᠢᠭ᠎ᠢ ᠬᠠᠮᠠᠭ᠋ᠠᠯᠠᠬᠤ᠂ ᠠᠵᠢᠯᠳᠠᠨ ᠠᠵᠢᠯᠴᠢᠨ ᠡᠮᠡᠭᠲᠡᠶ᠋ᠢᠴᠦᠳ᠎ᠤᠨ ᠦᠷᠡᠵᠢᠯ᠎ᠤᠨ ᠬᠤᠭᠤᠴᠠᠭ᠋ᠠᠨ᠎ᠳᠠᠬᠢ ᠦᠨᠳᠦᠰᠦᠨ ᠠᠮᠢᠳᠤᠷᠠᠯ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠤ ᠵᠢ ᠪᠠᠲᠤᠯᠠᠬᠤ ᠥᠪᠡᠷᠮᠢᠴᠡ ᠴᠢᠳᠠᠮᠵᠢ᠎ᠲᠠᠢ᠃   ᠬᠣᠶᠠᠷ᠎ᠲᠤ᠂ ᠬᠥᠯᠥᠰᠥᠯᠡᠭᠴᠢ ᠵᠢᠨ ᠬᠠᠷᠢᠭᠤᠴᠠᠯᠭ᠎ᠠ ᠵᠢ ᠢᠯᠡᠷᠡᠭᠦᠯᠵᠦ᠂   ᠬᠣᠪᠢᠷ ᠬᠥᠮᠦᠨ ᠦᠷᠡᠵᠢᠯ᠎ᠤᠨ ᠳᠠᠭ᠋ᠠᠳᠬᠠᠯ ᠵᠶ᠋ᠠᠨ ᠲᠤᠰᠢᠶᠠᠬᠤ ᠦᠭᠡᠢ ᠪᠣᠯ ᠪᠦᠬᠦᠨ᠎ᠢ ᠬᠥᠮᠦᠨ ᠬᠡᠷᠡᠭᠯᠡᠬᠦ ᠨᠢᠭᠡᠴᠡ᠎ᠠᠴᠠ ᠲᠤᠰᠢᠶᠠᠨ᠎ᠠ᠃ ᠭᠤᠷᠪᠠ᠎ᠳᠤ᠂ ᠳᠠᠭ᠋ᠠᠳᠬᠠᠯ᠎ᠳᠤ ᠣᠷᠣᠯᠴᠠᠭᠴᠢ ᠵᠢᠨ ᠲᠣᠭᠲᠠᠭ᠋ᠠᠯ᠎ᠳᠤ ᠨᠡᠶ᠋ᠢᠴᠡᠭᠰᠡᠨ ᠦᠷᠡᠵᠢᠯ᠎ᠤᠨ ᠡᠮᠴᠢᠯᠡᠭᠡᠨ᠎ᠤ ᠵᠠᠷᠤᠳᠠᠯ ᠪᠠ   ᠦᠷᠡᠵᠢᠯ᠎ᠤᠨ ᠨᠦᠬᠦᠪᠦᠷᠢ ᠮᠥᠩᠭᠥ ᠵᠢ ᠪᠠᠲᠤᠯᠠᠵᠤ᠂ ᠬᠥᠮᠦᠨ ᠬᠡᠷᠡᠭᠯᠡᠬᠦ ᠨᠢᠭᠡᠴᠡ ᠵᠢᠨ ᠳᠠᠷᠤᠭ᠋ᠠᠰᠤ ᠵᠢ ᠲᠡᠩᠴᠡᠷᠢᠰᠢᠭᠦᠯᠦᠨ᠎ᠡ᠃   ᠬᠠᠮᠢᠶᠠᠷᠤᠯᠲᠠ ᠵᠢ ᠨᠢᠭᠡᠳᠬᠡᠵᠤ᠂ ᠥᠪᠡᠷ᠎ᠤᠨ ᠥᠷᠲᠡᠭ᠎ᠢ ᠪᠠᠭᠤᠷᠠᠭᠤᠯᠬᠤ᠎ᠨᠢ ᠬᠣᠶᠠᠷ ᠵᠦᠢ᠍ᠯ᠎ᠤᠨ ᠳᠠᠭ᠋ᠠᠳᠬᠠᠯ᠎ᠳᠤ ᠣᠷᠣᠯᠴᠠᠬᠤ ᠵᠢ ᠵᠡᠷᠭᠡᠪᠡᠷ ᠳᠠᠩᠰᠠᠯᠠᠬᠤ᠂ ᠰᠠᠭᠤᠷᠢ ᠮᠥᠩᠭᠥ ᠵᠢ ᠨᠡᠢ᠌ᠯᠡᠭᠦᠯᠦᠨ ᠠᠵᠢᠯᠯᠠᠭᠤᠯᠬᠤ᠂ ᠲᠠᠲᠠᠪᠤᠷᠢᠯᠠᠨ ᠲᠤᠰᠢᠶᠠᠬᠤ᠂ ᠬᠠᠮᠢᠶᠠᠷᠤᠯᠲᠠ ᠵᠢ ᠨᠢᠭᠡᠳᠦᠯᠲᠡᠶ ᠪᠠᠶ᠋ᠢᠯᠭ᠋ᠠᠬᠤ᠂ ᠬᠢᠨᠠᠯᠳᠠ ᠬᠠᠮᠢᠶᠠᠷᠤᠯᠲᠠ ᠵᠢ ᠨᠢᠭᠡᠳᠦᠯᠲᠡᠶ ᠪᠠᠶ᠋ᠢᠯᠭ᠋ᠠᠬᠤ᠂ ᠭᠠᠷᠲᠠᠨ ᠭᠦᠢ᠍ᠴᠡᠳᠭᠡᠬᠦ ᠦᠢ᠍ᠯᠡᠴᠢᠯᠡᠭᠡ ᠵᠢ ᠨᠢᠭᠡ   ᠴᠤᠭᠴᠠᠵᠢᠭᠤᠯᠬᠤ ᠵᠢ ᠪᠡᠶᠡᠯᠡᠭᠦᠯᠬᠦ᠎ᠪᠠᠷ ᠳᠠᠮᠵᠢᠭᠤᠯᠤᠨ᠂ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠵᠢ ᠲᠡᠭᠡᠭᠰᠢᠯᠡᠭᠦᠯᠬᠦ᠂ ᠬᠠᠮᠢᠶᠠᠷᠤᠯᠲᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ᠎ᠢ ᠪᠠᠭᠤᠷᠠᠭᠤᠯᠬᠤ ᠵᠢ ᠵᠢᠭ᠋ᠠᠵᠤ ᠪᠠᠶ᠋ᠢᠨ᠎ᠠ᠃ ᠬᠣᠶᠠᠷ ᠵᠦᠢ᠍ᠯ᠎ᠤᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ ᠵᠢ ᠴᠢᠬᠤᠯᠠᠴᠢᠯᠠᠬᠤ᠎ᠨᠢ ᠦᠷᠡᠵᠢᠯ᠎ᠤᠨ ᠳᠠᠭ᠋ᠠᠳᠬᠠᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠎ᠳᠤ ᠬᠣᠯᠪᠣᠭᠳᠠᠬᠤ ᠥᠬᠡᠶ᠂ ᠬᠠᠷᠢᠨ ᠬᠠᠮᠢᠶᠠᠷᠤᠯᠲᠠ ᠵᠢᠨ ᠠᠵᠢᠯᠯᠠᠭ᠋ᠠᠨ᠎ᠤ ᠲᠠᠰ ᠳᠠᠪᠬᠤᠷᠭ᠎ᠠ ᠵᠢᠨ ᠨᠢᠭᠡ ᠴᠣᠭᠴᠠᠵᠢᠯᠲᠠ ᠪᠣᠯᠤᠨ᠎ᠠ᠃ ᠦᠷᠡᠵᠢᠯ᠎ᠤᠨ ᠳᠠᠭ᠋ᠠᠳᠬᠠᠯ ᠪᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠨᠢ ᠠᠵᠢᠯᠯᠠᠭ᠋ᠠᠨ᠎ᠤ ᠲᠠᠰ ᠳᠠᠪᠬᠤᠷᠭ᠎ᠠ ᠵᠢᠨ ᠲᠣᠰ ᠪᠡᠶ᠎ᠡ᠎ᠨᠢ ᠳᠠᠷᠤᠶ ᠨᠡᠶ᠋ᠢᠯᠡᠭᠦᠯᠦᠨ ᠬᠡᠷᠡᠭᠵᠢᠭᠦᠯᠬᠦ ᠨᠥᠬᠥᠴᠡᠯ᠎ᠲᠠᠢ ᠶᠤᠮ᠃ ᠨᠢᠭᠡ᠎ᠳᠤ᠂ ᠬᠠᠮᠤᠷᠬᠤ ᠬᠡᠪᠴᠢᠶ᠎ᠡ᠎ᠨᠢ ᠬᠥᠮᠦᠨ ᠬᠡᠷᠡᠭᠯᠡᠬᠦ ᠨᠢᠭᠡᠴᠡ ᠪᠠ ᠠᠵᠢᠯᠳᠠᠨ ᠠᠵᠢᠯᠴᠢᠨ᠎ᠢ ᠴᠦᠮ ᠪᠠᠭᠲᠠᠭ᠋ᠠᠨ᠎ᠠ᠃ ᠬᠣᠶᠠᠷ᠎ᠲᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠲᠠᠯ᠎ᠠ᠎ᠪᠠᠷ ᠠᠳᠠᠯᠢ ᠲᠠᠯ᠎ᠠ᠎ᠲᠠᠢ᠂ ᠢᠯᠠᠩᠭᠤᠶ᠎ᠠ ᠡᠮᠴᠢᠯᠡᠭᠡᠨ᠎ᠤ ᠬᠠᠷᠠᠭ᠋ᠠᠯᠵᠠᠯ᠎ᠤᠨ ᠲᠠᠯ᠎ᠠ᠎ᠪᠠᠷ ᠮᠠᠰᠢ ᠶᠡᠬᠡ ᠨᠡᠶ᠋ᠢᠲᠡᠯᠢᠭ ᠴᠢᠨᠠᠷ᠎ᠲᠠᠢ᠃ ᠭᠤᠷᠪᠠ᠎ᠳᠤ᠂ ᠬᠠᠮᠢᠶᠠᠷᠤᠯᠲᠠ ᠦᠢ᠍ᠯᠡᠴᠢᠯᠡᠭᠡ ᠦᠨᠳᠦᠰᠦᠨ᠎ᠳᠡᠭᠡᠨ ᠨᠢᠭᠡᠳᠦᠯᠲᠡᠶ ᠪᠠᠶ᠋ᠢᠵᠤ᠂ ᠨᠡᠶ᠋ᠢᠭᠡᠮ᠎ᠤᠨ ᠪᠠᠳᠤᠯᠭ᠎ᠠ ᠵᠢᠨ ᠰᠠᠭᠤᠷᠢ ᠮᠥᠩᠭᠥᠨ᠎ᠤ ᠡᠳ᠋᠎ᠤᠨ ᠶᠠᠪᠤᠳᠠᠯ᠎ᠤᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠨᠢᠭᠡᠳᠦᠯᠲᠡᠶ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶᠠᠷᠤᠯᠲᠠ᠂ ᠡᠮ᠎ᠤᠨ ᠵᠦᠢ᠍ᠯ᠂ ᠣᠨᠣᠰᠢᠯᠠᠨ ᠡᠮᠨᠡᠬᠦ ᠲᠥᠷᠥᠯ ᠵᠦᠢ᠍ᠯ ᠪᠣᠯᠤᠨ ᠦᠢ᠍ᠯᠡᠴᠢᠯᠡᠭᠡᠨ᠎ᠤ ᠲᠦᠭᠦᠷᠦᠮᠵᠢ ᠵᠢᠨ ᠬᠡᠪᠴᠢᠶ᠎ᠡ ᠵᠢ ᠴᠥᠮ ᠨᠢᠭᠡᠳᠦᠯᠳᠡᠢ ᠬᠡᠷᠡᠭᠵᠢᠭᠦᠯᠦᠨ᠎ᠡ᠃
     3᠂ ᠲᠥᠷᠥ ᠵᠢᠨ ᠪᠣᠳᠣᠯᠭ᠎ᠠ ᠵᠢ ᠨᠠᠩ ᠰᠠᠶ᠋ᠢᠨ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠵᠢᠨ ᠲᠥᠯᠥᠭᠡ᠂ ᠶᠠᠮᠠᠷ ᠶᠠᠮᠠᠷ ᠪᠣᠳᠠᠲᠠᠶ ᠠᠵᠢᠯ᠎ᠢ ᠥᠷᠨᠢᠭᠦᠯᠬᠦ ᠪᠣᠶ?
      ᠬᠠᠷᠢᠭᠤᠯᠲᠠ᠄   ᠨᠢᠭᠡ᠎ᠳᠤ᠂ ᠬᠥᠮᠦᠨ ᠬᠡᠷᠡᠭᠯᠡᠬᠦ ᠨᠢᠭᠡᠴᠡ ᠬᠠᠤᠯᠢ ᠶᠣᠰᠣᠭ᠋ᠠᠷ ᠦᠷᠡᠵᠢᠯ᠎ᠤᠨ ᠳᠠᠭ᠋ᠠᠳᠬᠠᠯ᠎ᠳᠤ ᠤᠷᠤᠯᠴᠠᠨ᠎ᠠ᠃   ᠦᠷᠡᠵᠢᠯ᠎ᠤᠨ ᠳᠠᠭ᠋ᠠᠳᠬᠠᠯ᠎ᠤᠨ ᠰᠦᠢ᠍ᠳᠭᠡᠯ᠎ᠢ ᠴᠠᠭ ᠲᠤᠬᠠᠶ᠎ᠳᠤᠨᠢ ᠭᠦᠢ᠍ᠴᠡᠳ ᠲᠣᠭ᠎ᠠ᠎ᠪᠠᠷ ᠲᠤᠰᠢᠶᠠᠭᠰᠠᠨ᠎ᠤ ᠳᠠᠷᠠᠭ᠎ᠠ᠂ ᠠᠵᠢᠯᠲᠠᠨ ᠠᠵᠢᠯᠴᠢᠨ᠎ᠨᠢ ᠵᠣᠬᠢᠴᠠᠩᠭᠤᠶ ᠦᠷᠡᠵᠢᠯ᠎ᠤᠨ ᠳᠠᠭ᠋ᠠᠳᠬᠠᠯ᠎ᠤᠨ ᠬᠠᠷᠠᠭ᠋ᠠᠯᠵᠠᠯ᠎ᠢ ᠬᠦᠷᠲᠡᠵᠦ ᠪᠣᠯᠤᠨ᠎ᠠ᠃ ᠬᠣᠶᠠᠷ᠎ᠲᠤ᠂ ᠠᠶ᠋ᠢᠮᠠᠭ ᠬᠣᠲᠠ ᠵᠢᠨ ᠱᠠᠲᠤᠨ᠎ᠤ ᠨᠢᠭᠡᠳᠦᠯᠲᠡᠶ ᠲᠥᠯᠥᠪᠯᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠠᠷᠢᠶ᠎ᠠ ᠭᠠᠵᠠᠷ᠎ᠤᠨ ᠵᠠᠷᠴᠢᠮ ᠶᠣᠰᠣᠭ᠋ᠠᠷ᠂ ᠬᠠᠷᠠᠭ᠋ᠠᠯᠵᠠᠯ᠎ᠤᠨ ᠬᠢᠷᠢ ᠬᠡᠮᠵᠢᠶ᠎ᠡ ᠵᠢ ᠵᠦᠶ ᠵᠣᠬᠢᠰᠲᠠᠶ ᠲᠣᠭᠲᠠᠭ᠋ᠠᠵᠤ᠂ ᠰᠠᠭᠤᠷᠢ ᠮᠥᠩᠭᠥ ᠵᠢᠨ ᠦᠷᠭᠦᠯᠵᠢᠯᠡᠬᠦ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ᠎ᠳᠤ᠂ ᠣᠳᠣ ᠵᠢᠨ ᠪᠠᠢ᠌ᠭ᠎ᠠ ᠮᠡᠳᠡᠭᠡ ᠵᠠᠩᠭᠢ ᠵᠢᠨ ᠲᠠᠪᠴᠠᠩ᠎ᠢ ᠭᠦᠢ᠍ᠴᠡᠳ ᠠᠰᠢᠭᠯᠠ᠂ ᠰᠢᠰᠲ᠋ᠧᠮ᠎ᠤᠨ ᠪᠠᠢ᠌ᠭᠤᠯᠤᠯᠳᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠦᠬᠦ ᠣᠷᠣᠨ᠎ᠤ ᠨᠢᠭᠡᠳᠦᠯᠲᠡᠶ 《ᠭᠤᠷᠪᠠᠨ ᠭᠠᠷᠴᠠᠭ》᠎ᠢ ᠬᠡᠷᠡᠭᠵᠢᠭᠦᠯᠵᠦ᠂ ᠡᠮᠴᠢᠯᠡᠭᠡ ᠵᠢᠨ ᠳᠠᠭ᠋ᠠᠳᠬᠠᠯ᠎ᠤᠨ ᠦᠷᠡᠵᠢᠯ᠎ᠤᠨ ᠵᠠᠷᠤᠳᠠᠯ ᠥᠭᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠮᠨᠡᠯᠭᠡ᠎ᠳᠤ ᠰᠠᠭᠤᠬᠤ ᠦᠷᠡᠵᠢᠯ᠎ᠤᠨ ᠡᠮᠴᠢᠯᠡᠭᠡᠨ᠎ᠤ ᠵᠠᠷᠤᠳᠠᠯ᠎ᠢ ᠰᠢᠭᠤᠳ ᠳ᠋ᠦᠩᠨᠡᠨ ᠪᠣᠳᠣᠬᠤ ᠪᠠ ᠨᠢᠭᠡᠳᠦᠯᠲᠠᠢ ᠲᠥᠯᠥᠪᠯᠡᠬᠦ ᠭᠠᠵᠠᠷ ᠣᠷᠣᠨ᠎ᠢ ᠠᠯᠤᠰᠯᠠᠨ ᠡᠮᠨᠡᠯᠭᠡ᠎ᠳᠤ ᠰᠠᠭᠤᠬᠤ ᠡᠮᠴᠢᠯᠡᠭᠡᠨ᠎ᠤ ᠵᠠᠷᠤᠳᠠᠯ᠎ᠢ ᠰᠢᠭᠤᠳ ᠳ᠋ᠦᠩᠨᠡᠨ ᠪᠣᠳᠣᠬᠤ ᠵᠢ ᠪᠦᠬᠦ ᠲᠠᠯ᠎ᠠ᠎ᠪᠠᠷ ᠪᠡᠶᠡᠯᠡᠭᠦᠯᠬᠦ ᠬᠡᠷᠡᠭᠲᠡᠶ᠃ ᠳᠥᠷᠪᠡ᠎ᠳᠤ᠂ ᠲᠣᠭᠲᠠᠭᠰᠠᠨ ᠡᠮᠴᠢᠯᠡᠭᠡᠨ᠎ᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠦᠷᠡᠵᠢᠯ᠎ᠤᠨ ᠡᠮᠴᠢᠯᠡᠭᠡ ᠵᠢᠨ ᠦᠢ᠍ᠯᠡᠴᠢᠯᠡᠭᠡᠨ᠎ᠤ ᠱᠠᠭ᠋ᠠᠷᠳᠠᠯᠭ᠎ᠠ ᠪᠣᠯᠤᠨ ᠭᠦᠢ᠍ᠴᠡᠳᠭᠡᠬᠦ ᠲᠣᠭ᠎ᠠ ᠵᠢ ᠡᠮᠴᠢᠯᠡᠭᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠯᠤᠭ᠎ᠠ ᠭᠠᠷ᠎ᠤᠨ ᠦᠰᠦᠭ ᠵᠢᠷᠤᠭᠰᠠᠨ ᠭᠠᠷᠳᠠᠨ ᠬᠢᠬᠦ ᠬᠡᠯᠡᠯᠴᠡᠭᠡᠷ᠎ᠲᠤ ᠣᠷᠣᠭᠤᠯᠬᠤ ᠵᠢᠨ ᠬᠠᠮᠲᠤ ᠨᠥᠬᠥᠴᠡᠯ᠎ᠳᠤ ᠨᠡᠶ᠋ᠢᠴᠡᠬᠦ ᠡᠬᠡ ᠨᠢᠯᠬᠠᠰ᠎ᠤᠨ ᠡᠮᠨᠡᠯᠭᠡ ᠵᠢᠨ ᠬᠣᠷᠢᠶ᠎ᠠ ᠵᠢ ᠴᠡᠭ ᠲᠣᠭᠲᠠᠭ᠋ᠠᠭᠰᠠᠨ ᠡᠮᠴᠢᠯᠡᠭᠡ ᠵᠢᠨ ᠪᠠᠶ᠋ᠢᠭᠤᠯᠤᠮᠵᠢ ᠵᠢᠨ ᠬᠡᠪᠴᠢᠶᠡᠨ᠎ᠳᠤ   ᠣᠷᠤᠭᠤᠯᠵᠤ᠂ ᠳᠠᠭ᠋ᠠᠳᠬᠠᠯ᠎ᠳᠤ ᠣᠷᠣᠯᠴᠠᠭᠰᠠᠳ᠎ᠤᠨ ᠭᠦᠩᠭᠡᠵᠢᠯ᠎ᠤᠨ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃
     4᠂ ᠥᠪᠡᠷᠲᠡᠭᠡᠨ ᠵᠠᠰᠠᠬᠤ ᠣᠷᠣᠨ᠎ᠤ ᠦᠷᠡᠵᠢᠯ᠎ᠤᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ ᠪᠠᠢ᠌ᠭ᠎ᠠ ᠣᠳᠣᠬᠢ ᠪᠠᠶ᠋ᠢᠳᠠᠯ᠎ᠨᠢ ᠶᠠᠮᠠᠷ ᠪᠣᠶ?
      ᠬᠠᠷᠢᠭᠤᠯᠲᠠ᠄ ᠣᠳᠣᠬᠠᠨ᠎ᠳᠤ᠂ ᠮᠠᠨ᠎ᠤ ᠣᠷᠣᠨ᠎ᠤ ᠦᠷᠡᠵᠢᠯ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 319.36 ᠲᠦᠮᠡ᠎ᠳᠤ ᠬᠦᠷᠴᠦ᠂ ᠡᠭᠦᠨ᠎ᠳᠤ ᠡᠮᠡᠭᠲᠡᠶ ᠠᠵᠢᠯᠲᠠᠨ ᠠᠵᠢᠯᠴᠢᠨ᠎ᠤ ᠳᠠᠭ᠋ᠠᠳᠬᠠᠯ᠎ᠳᠤ ᠣᠷᠤᠯᠴᠠᠭᠰᠠᠨ ᠬᠥᠮᠦᠨ᠎ᠤ ᠲᠣᠭ᠎ᠠ136.57 ᠲᠦᠮᠡ ᠬᠦᠷᠴᠤ᠂ 7.9 ᠲᠦᠮᠡᠨ ᠬᠥᠮᠦᠨ ᠤᠳᠠᠭ᠎ᠠ ᠬᠠᠷᠠᠭ᠋ᠠᠯᠵᠠᠯ ᠬᠦᠷᠲᠡᠵᠦ᠂ ᠰᠠᠭᠤᠷᠢ ᠮᠥᠩᠭᠥᠨ᠎ᠤ ᠠᠵᠢᠯᠯᠠᠭ᠋ᠠᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠨ᠎ᠠ᠃ ᠮᠠᠨ᠎ᠤ ᠣᠷᠣᠨ᠎ᠤ ᠦᠷᠡᠵᠢᠯ᠎ᠤᠨ ᠳᠠᠭ᠋ᠠᠳᠬᠠᠯ᠎ᠨᠢ ᠠᠵᠢᠯᠲᠠᠨ ᠠᠵᠢᠯᠴᠢᠨ᠎ᠤ ᠦᠷᠡᠵᠢᠯ᠎ᠤᠨ ᠪᠠᠲᠤᠯᠠᠭ᠎ᠠ ᠵᠢᠨ ᠡᠷᠬᠡ ᠲᠡᠭᠰᠢ ᠵᠢ ᠬᠠᠮᠠᠭ᠋ᠠᠯᠠᠬᠤ᠂ ᠡᠮᠡᠭᠲᠡᠶ᠋ᠢᠴᠦᠳ᠎ᠤᠨ ᠡᠷᠬᠡ ᠲᠡᠭᠰᠢ᠎ᠪᠠᠷ ᠠᠵᠢᠯ ᠤᠯᠬᠤ ᠵᠢ ᠠᠬᠢᠭᠤᠯᠬᠤ᠂ ᠬᠥᠮᠦᠨ ᠬᠡᠷᠡᠭᠯᠡᠬᠦ ᠨᠢᠭᠡᠴᠡ ᠵᠢᠨ ᠳᠠᠷᠤᠭ᠋ᠠᠰᠤ ᠵᠢ ᠲᠡᠩᠴᠡᠭᠦᠯᠬᠦ᠂ ᠠᠵᠢᠯ ᠮᠡᠷᠭᠡᠵᠢᠯ᠎ᠤᠨ ᠡᠮᠡᠭᠲᠡᠶ᠋ᠢᠴᠦᠳ᠎ᠤᠨ ᠦᠷᠡᠵᠢᠯ᠎ᠤᠨ ᠬᠤᠭᠤᠴᠠᠭ᠋ᠠᠨ᠎ᠤ ᠦᠨᠳᠦᠰᠦᠨ ᠠᠮᠢᠳᠤᠷᠠᠯ ᠪᠠ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠪᠠᠲᠤᠯᠠᠬᠤ᠎ᠳᠤ ᠦᠨᠡᠨᠬᠦ ᠴᠢᠬᠤᠯᠠ ᠦᠢ᠍ᠯᠡᠳᠦᠯ ᠦᠵᠡᠭᠦᠯᠪᠡ᠃ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ   ᠵᠣᠬᠢᠴᠠᠭᠤᠯᠤᠨ᠂ ᠠᠵᠢᠯᠳᠠᠨ ᠠᠵᠢᠯᠴᠢᠨ᠎ᠤ ᠦᠷᠡᠵᠢᠯ᠎ᠤᠨ ᠪᠠᠲᠤᠯᠠᠭ᠎ᠠ ᠵᠢᠨ ᠬᠠᠷᠠᠭ᠋ᠠᠯᠵᠠᠯ᠎ᠢ ᠨᠡᠩ ᠰᠠᠢ᠍ᠢ᠍ᠨ ᠪᠠᠲᠤᠯᠠᠵᠤ᠂ ᠰᠠᠭᠤᠷᠢ ᠮᠦᠩᠭᠦ ᠵᠢ ᠬᠠᠮᠲᠤ᠎ᠪᠠᠷ ᠲᠡᠳᠬᠦᠬᠦ ᠴᠢᠳᠠᠪᠤᠷᠢ ᠵᠢ ᠨᠡᠮᠡᠭᠳᠡᠭᠦᠯᠦᠨ᠂ ᠭᠠᠷᠳᠠᠨ ᠬᠢᠬᠦ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠲᠠ ᠲᠥᠪ᠎ᠠᠴᠠ ᠬᠣᠶᠠᠷ ᠵᠦᠢ᠍ᠯ᠎ᠤᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ ᠡᠭᠦᠷᠭᠡ ᠵᠢᠨ ᠪᠠᠶ᠋ᠢᠷᠢᠯᠠᠭᠤᠯᠤᠯᠲᠠ ᠵᠢ ᠳᠤᠷᠠᠳᠤᠨ ᠭᠠᠷᠭ᠋ᠠᠪᠠ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠲᠤᠰᠬᠠᠶ ᠡᠷᠬᠡ ᠤᠯᠭᠤᠵᠦ᠂ ᠾᠸᠪᠸᠢ ᠮᠤᠵᠢ ᠵᠢᠨ ᠬᠠᠨᠳᠠᠨ ᠬᠤᠳᠠ ᠵᠡᠷᠭᠡ 12 ᠲᠤᠷᠰᠢᠯᠲᠠ ᠬᠢᠬᠦ ᠬᠤᠳᠠ ᠵᠢᠨ ᠵᠠᠰᠠᠭ ᠵᠠᠬᠢᠷᠭ᠋ᠠᠨ᠎ᠤ ᠣᠷᠣᠨ᠎ᠳᠤ ᠨᠡᠢ᠌ᠭᠡᠮ᠎ᠤᠨ ᠳᠠᠭ᠋ᠠᠳᠬᠠᠯ᠎ᠤᠨ ᠬᠠᠤᠯᠢ ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠲᠦᠷ ᠲᠣᠬᠢᠷᠠᠭᠤᠯᠤᠨ ᠬᠡᠷᠡᠭᠯᠡᠵᠦ᠂ ᠬᠣᠶᠠᠷ ᠵᠦᠢ᠍ᠯ᠎ᠤᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ ᠲᠤᠷᠰᠢᠯᠲᠠ ᠵᠢ ᠲᠦᠯᠬᠢᠨ ᠠᠬᠢᠭᠤᠯᠪᠠ᠃ ᠦᠢ᠍ᠯᠡᠳᠦᠯᠭᠡ᠎ᠠᠴᠠ ᠦᠵᠡᠪᠡᠯ᠂ ᠲᠤᠷᠰᠢᠯᠲᠠ ᠬᠢᠬᠦ ᠠᠵᠢᠯ ᠢᠳᠡᠪᠬᠢᠲᠡᠢ ᠦᠷ᠎ᠡ ᠪᠦᠲᠦᠮᠵᠢ ᠣᠯᠵᠤ᠂ ᠬᠣᠶᠠᠷ   ᠵᠦᠢ᠍ᠯ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢᠴᠢ ᠬᠠᠮᠢᠶᠠᠷᠤᠯᠲᠠ ᠵᠢᠨ ᠡᠬᠢ ᠪᠠᠶᠠᠯᠢᠭ᠎ᠢ ᠨᠢᠭᠡᠳᠭᠡᠬᠦ᠂ ᠰᠠᠭᠤᠷᠢ ᠮᠥᠩᠭᠥ ᠵᠢ ᠬᠠᠮᠲᠤᠪᠠᠷ ᠲᠡᠳᠬᠦᠬᠦ ᠴᠢᠳᠠᠪᠤᠷᠢ ᠵᠢ ᠴᠢᠩᠭ᠋ᠠᠳᠬᠠᠬᠤ᠂ ᠬᠠᠮᠢᠶᠠᠷᠤᠯᠲᠠ ᠵᠢᠨ ᠶᠡᠷᠦᠩᠬᠡᠢ᠌ᠯᠡᠭᠰᠡᠨ ᠴᠢᠳᠠᠮᠵᠢ ᠵᠢ ᠳᠡᠭᠡᠭᠰᠢᠯᠡᠭᠦᠯᠬᠦ᠂ ᠬᠠᠮᠢᠶᠠᠷᠤᠯᠲᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ᠎ᠢ ᠪᠠᠭᠤᠷᠠᠭᠤᠯᠬᠤ ᠵᠢᠱ᠌ᠢᠭᠰᠡᠨ ᠬᠠᠷᠠᠯᠲᠠ᠎ᠳᠤ ᠬᠦᠷᠴᠦ᠂ ᠨᠡᠶ᠋ᠢᠯᠡᠭᠦᠯᠦᠨ ᠲᠤᠷᠰᠢᠯᠲᠠ ᠬᠢᠬᠦ᠎ᠪᠠᠷ ᠳᠠᠮᠵᠢᠨ 12 ᠲᠤᠷᠰᠢᠯᠲᠠ ᠵᠢᠨ ᠴᠡᠭ ᠪᠣᠯᠬᠤ ᠬᠣᠲᠠ ᠵᠢᠨ ᠦᠷᠡᠵᠢᠯ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠥᠷᠭᠡᠳᠴᠦ᠂ ᠰᠠᠭᠤᠷᠢ ᠮᠥᠩᠭᠥ ᠵᠢ ᠬᠠᠮᠲᠤᠪᠠᠷ ᠲᠡᠳᠬᠦᠬᠦ ᠴᠢᠳᠠᠪᠤᠷᠢ ᠨᠡᠮᠡᠭᠳᠡᠵᠦ᠂ ᠬᠢᠨᠠᠨ ᠬᠠᠮᠢᠶᠠᠷᠤᠯᠳᠠ ᠵᠢᠨ ᠬᠢᠷᠢ ᠲᠦᠪᠰᠢᠨ ᠲᠡᠭᠡᠭᠰᠢᠯᠡᠵᠦ᠂ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠬᠢᠷᠢ ᠲᠦᠪᠰᠢᠨ ᠲᠡᠭᠡᠭᠰᠢᠯᠡᠵᠦ᠂ ᠬᠠᠷᠠᠭ᠋ᠠᠯᠵᠠᠯ ᠬᠦᠷᠲᠡᠬᠦ᠎ᠳᠤ ᠨᠠᠩ ᠳᠥᠭᠥᠮ ᠦᠵᠡᠭᠦᠯᠵᠦ᠂ ᠨᠡᠶ᠋ᠢᠭᠡᠮ᠎ᠤᠨ ᠡᠯ᠎ᠡ ᠲᠠᠯ᠎ᠠ ᠵᠢᠨ᠎ᠬᠢᠨ᠎ᠤ ᠲᠤᠰᠬᠠᠯ ᠰᠠᠢ᠌ᠨ ᠪᠤᠯᠵᠠᠢ᠃ ᠬᠣᠶᠠᠷ ᠵᠦᠢ᠍ᠯ᠎ᠤᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ ᠲᠤᠷᠰᠢᠯᠲᠠ ᠪᠣᠯ ᠨᠡᠩ ᠡᠷᠬᠡ ᠲᠡᠭᠰᠢ ᠨᠡᠩ ᠦᠷᠭᠦᠯᠵᠢᠯᠡᠨ ᠨᠡᠶ᠋ᠢᠭᠡᠮ᠎ᠤᠨ ᠪᠠᠲᠤᠯᠠᠭ᠎ᠠ ᠵᠢᠨ ᠳᠦᠷᠢᠮ᠎ᠢ ᠪᠠᠶ᠋ᠢᠭᠤᠯᠬᠤ ᠵᠢ ᠠᠬᠢᠭᠤᠯᠬᠤ ᠨᠢᠭᠡᠨ ᠠᠮᠵᠢᠯᠲᠠ᠎ᠲᠠᠢ ᠥᠭᠡᠷᠡᠴᠢᠯᠡᠯᠲᠡ ᠵᠢᠨ ᠲᠤᠷᠰᠢᠯᠲᠠ ᠪᠣᠯᠤᠨ᠎ᠠ᠃ 《ᠳᠠᠭ᠋ᠠᠳᠬᠠᠯ᠎ᠤᠨ ᠲᠥᠷᠥᠯ᠎ᠢ ᠦᠯᠡᠳᠡᠭᠡᠬᠦ᠂ ᠬᠠᠷᠠᠭ᠋ᠠᠯᠵᠠᠯ᠎ᠢ ᠪᠠᠲᠤᠯᠠᠬᠤ᠂ ᠬᠠᠮᠢᠶᠠᠷᠤᠯᠲᠠ ᠵᠢ ᠨᠢᠭᠡᠳᠬᠡᠬᠦ᠂ ᠥᠪᠡᠷ᠎ᠤᠨ ᠥᠷᠲᠡᠭ᠎ᠢ ᠪᠠᠭᠤᠷᠠᠭᠤᠯᠬᠤ》 ᠰᠡᠳᠬᠢᠮᠵᠢ ᠵᠢᠨ ᠰᠢᠨᠵᠢᠯᠡᠬᠦ ᠤᠬᠠᠭ᠋ᠠᠨᠴᠢ ᠴᠢᠨᠠᠷ ᠪᠣᠯᠤᠨ ᠪᠣᠯᠤᠮᠵᠢᠲᠤ ᠴᠢᠨᠠᠷ ᠰᠢᠯᠭ᠋ᠠᠨ   ᠪᠠᠲᠤᠯᠠᠭᠳᠠᠪᠠ᠂ ᠬᠣᠶᠠᠷ ᠵᠦᠢ᠍ᠯ᠎ᠤᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ᠎ᠨᠢ ᠬᠤᠪᠢ ᠬᠥᠮᠦᠨ᠎ᠤ ᠬᠠᠷᠠᠭ᠋ᠠᠯᠵᠠᠯ᠎ᠢ ᠨᠥᠯᠥᠭᠡᠯᠡᠬᠦ ᠦᠭᠡᠢ᠂ ᠪᠠᠢ᠌ᠭᠤᠯᠭ᠎ᠠ ᠨᠢᠭᠡᠴᠡ ᠵᠢᠨ ᠳᠠᠷᠤᠭ᠋ᠠᠰᠤ ᠵᠢ ᠨᠡᠮᠡᠭᠳᠡᠭᠦᠯᠬᠦ ᠦᠭᠡᠢ᠂ ᠰᠠᠭᠤᠷᠢ ᠮᠥᠩᠭᠥ ᠵᠢᠨ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ᠂ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠨᠡᠢ᠌ᠳᠡᠮ ᠳᠡᠮᠵᠢᠯᠭᠡ ᠵᠢ ᠤᠯᠠᠮ ᠨᠢᠭᠡ ᠠᠯᠬᠤᠮ ᠴᠢᠩᠭ᠋ᠠᠳᠬᠠᠬᠤ᠎ᠳᠤ ᠠᠰᠢᠭᠲᠠᠶ ᠪᠠᠶ᠋ᠢᠵᠤ᠂ ᠮᠠᠨ᠎ᠤ ᠣᠷᠣᠨ᠎ᠳᠤ ᠪᠥᠬᠥ ᠲᠠᠯ᠎ᠠ᠎ᠪᠠᠷ ᠳᠡᠯᠭᠡᠷᠡᠭᠦᠯᠬᠦ᠎ᠳᠤ ᠳᠣᠭᠢᠷᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠥᠩᠬᠡᠶ᠋ᠢᠯᠡᠭᠰᠡᠨ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠦ ᠣᠯᠠᠨ ᠲᠦᠮᠡᠨ᠎ᠤ 《ᠡᠪᠡᠳᠴᠢᠨ ᠦᠵᠡᠭᠦᠯᠬᠦ᠎ᠳᠤ ᠬᠦᠴᠢᠷ᠎ᠲᠠᠢ᠂ ᠡᠪᠡᠳᠴᠢᠨ ᠦᠵᠡᠭᠦᠯᠬᠦ᠎ᠳᠤ ᠦᠨᠡᠲᠡᠢ》 ᠪᠠᠶ᠋ᠢᠬᠤ ᠠᠰᠠᠭᠤᠳᠠᠯ᠎ᠢ ᠤᠯᠠᠮ ᠨᠢᠭᠡ ᠠᠯᠬᠤᠮ ᠰᠢᠢ᠍ᠳᠪᠥᠷᠢᠯᠡᠶ᠎ᠡ
ᠮᠠᠨ᠎ᠤ ᠤᠷᠤᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠪᠠᠶ᠋ᠢᠳᠠᠯ᠎ᠤᠨ ᠲᠠᠶ᠋ᠢᠯᠤᠮᠵᠢ
ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠵᠤ 《ᠡᠷᠡᠭᠦᠯ ᠡᠩᠬᠡ ᠥᠪᠥᠷ ᠮᠣᠩᠭᠤᠯ》᠎ᠢ ᠪᠦᠲᠦᠭᠡᠨ ᠪᠠᠶ᠋ᠢᠭᠤᠯᠬᠤ᠎ᠳᠤ ᠠᠮᠢᠵᠢᠷᠠᠯ᠎ᠤᠨ ᠬᠦᠴᠦᠨ ᠣᠯᠭᠤᠶ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦᠨ᠎ᠤ ᠬᠡᠷᠡᠭᠯᠡᠯᠲᠡ ᠵᠢ ᠬᠢᠨᠠᠵᠤ ᠬᠠᠮᠢᠶᠠᠷᠬᠤ ᠠᠷᠭ᠎ᠠ》 ᠵᠢ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠣᠨᠢᠨ ᠮᠡᠳᠡᠭᠡ ᠨᠡᠶ᠋ᠢᠲᠡᠯᠡᠬᠦ ᠬᠤᠷᠠᠯ
 
            