ᠰᠤᠷᠪᠤᠯᠵᠢᠯᠠᠭᠰᠠᠨ ᠴᠠᠭ᠄ 2020 ᠣᠨ᠎ᠤ 8 ᠳ᠋ᠤᠭ᠋ᠠᠷ ᠰᠠᠷ᠎ᠠ
ᠵᠣᠴᠢᠨ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠯᠢ ᠷᠦᠩ
ᠲᠣᠪᠴᠢ ᠲᠠᠨᠢᠯᠴᠠᠭᠤᠯᠭ᠎ᠠ᠄ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠥᠳᠡᠯᠦᠩᠭᠦᠶ ᠲᠤᠬᠢᠷᠠᠭᠤᠯᠤᠯᠳᠠ᠎ᠶᠢ ᠴᠢᠩᠭ᠋ᠠᠳᠬᠠᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠰᠢᠯᠢᠳᠡᠭᠵᠢᠭᠦᠯᠬᠦ ᠵᠢ ᠬᠠᠶ᠋ᠢᠨ ᠰᠦᠪᠡᠭᠴᠢᠯᠡᠵᠦ᠂ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ ᠡᠮᠴᠢᠯᠡᠭᠡᠨ᠎ᠤ ᠦᠢ᠍ᠡᠯᠴᠢᠯᠡᠭᠡᠨᠤ ᠦᠨ᠎ᠡ ᠬᠠᠩᠰᠢ ᠵᠢ ᠬᠥᠳᠡᠯᠦᠩᠭᠦᠶ᠎ᠪᠠᠷ ᠲᠤᠬᠢᠷᠠᠭᠤᠯᠬᠤ ᠲᠣᠭᠲᠠᠴᠠ ᠵᠢ ᠪᠠᠶ᠋ᠢᠭᠤᠯᠬᠤ ᠵᠢ ᠠᠬᠢᠭᠤᠯᠤᠨ᠎ᠠ᠃
ᠬᠥᠲᠥᠯᠥᠭᠴᠢ᠄
ᠰᠦᠯᠵᠢᠶᠡᠨ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠤᠤ? ᠲᠣᠰ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠶ᠋ᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠤᠪᠴᠢᠶ᠎ᠠ ᠵᠢᠨ ᠳᠡᠳ᠋ ᠳᠠᠷᠤᠭ᠎ᠠ ᠯᠢ ᠷᠦᠩ᠎ᠢ ᠤᠷᠢᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠬᠥᠳᠡᠯᠦᠩᠭᠦᠶ ᠲᠣᠬᠢᠷᠠᠭᠤᠯᠤᠯᠲᠠ ᠬᠢᠬᠦ ᠲᠤᠬᠠᠶ ᠬᠠᠮᠢᠶ᠎ᠠ ᠪᠥᠬᠥᠶ ᠠᠰᠠᠭᠤᠳᠠᠯ᠎ᠢ ᠣᠯᠠᠨ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠤᠯᠢᠯᠴᠠᠬᠤ ᠪᠤᠯᠤᠯ᠎ᠠ᠃ ᠯᠢ ᠲᠣᠪᠴᠢᠶᠠᠨ ᠲᠠᠷᠤᠭ᠎ᠠ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
ᠵᠣᠴᠢᠨ (ᠯᠢ ᠲᠣᠪᠴᠢᠶᠠᠨ ᠳᠠᠷᠤᠭ᠎ᠠ)᠄
ᠬᠥᠲᠥᠯᠥᠭᠴᠢ ᠰᠠᠶ᠋ᠢᠨ ᠤᠤ?᠂ ᠰᠦᠯᠵᠢᠶᠡᠨ᠎ᠤ ᠠᠨᠳᠠ ᠨᠠᠷ ᠰᠠᠶ᠋ᠢᠨ ᠤᠤ! ᠡᠨᠳᠡ ᠤᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷᠲᠠᠢ ᠪᠠᠶ᠋ᠢᠨ᠎ᠠ᠃
ᠬᠥᠲᠥᠯᠥᠭᠴᠢ᠄
ᠯᠢ ᠲᠣᠪᠴᠢᠶᠠᠨ ᠳᠠᠷᠤᠭ᠎ᠠ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠦᠳᠡᠯᠦᠩᠭᠦᠢ᠎ᠪᠠᠷ ᠳᠣᠭᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ᠎ᠢ ᠨᠡᠶ᠋ᠢᠲᠡᠯᠡᠭᠰᠡᠨ ᠠᠬᠤᠶ ᠪᠠᠶ᠋ᠢᠳᠠᠯ ᠪᠠ ᠠᠴᠢ ᠬᠣᠯᠪᠣᠭᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ?
ᠯᠢ ᠲᠣᠪᠴᠢᠶᠠᠨ ᠳᠠᠷᠤᠭ᠎ᠠ᠄
《ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠶ ᠰᠠᠨᠠᠯ》 ᠪᠠ
《ᠣᠳᠣᠬᠠᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠳᠣᠭᠢᠷᠠᠭᠤᠯᠬᠤ ᠠᠵᠢᠯ᠎ᠢ ᠰᠠᠶ᠋ᠢᠲᠤᠷ ᠬᠢᠬᠦ ᠲᠤᠬᠠᠶ ᠰᠠᠨᠠᠯ》᠎ᠤᠨ ᠪᠠᠶ᠋ᠢᠷᠢᠯᠠᠭᠤᠯᠤᠯᠲᠠ ᠪᠠ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠮᠠᠨ᠎ᠤ ᠲᠣᠪᠴᠢᠶ᠎ᠠ ᠡᠮᠴᠢᠯᠡᠭᠡᠨ᠎ᠤ ᠦᠢ᠍ᠡᠯᠴᠢᠯᠡᠭᠡᠨᠤ ᠦᠨ᠎ᠡ ᠬᠠᠩᠰᠢ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠬᠡᠷᠡᠭᠵᠢᠭᠦᠯᠬᠦ ᠰᠠᠨᠠᠯ᠎ᠢ ᠲᠣᠭᠲᠠᠭ᠋ᠠᠪᠠ᠃ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ 《ᠦᠨᠳᠦᠰᠦᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠨ ᠠᠷᠭ᠎ᠠ ᠮᠠᠶᠢᠭ᠎ᠢ ᠥᠭᠡᠷᠡᠴᠢᠯᠡᠬᠦ ᠲᠤᠬᠠᠶ ᠮᠡᠳᠡᠭᠳᠡᠯ》᠎ᠤᠨ ᠲᠣᠭᠲᠠᠭ᠋ᠠᠯ ᠶᠣᠰᠣᠭ᠋ᠠᠷ᠂ ᠡᠮᠴᠢᠯᠡᠭᠡᠨ᠎ᠤ ᠥᠷᠲᠡᠭ ᠵᠶ᠋ᠠᠷ ᠤᠳᠤᠷᠢᠳᠤᠮᠵᠢ ᠪᠣᠯᠭ᠋ᠠᠵᠤ᠂ ᠥᠪᠡᠷ᠎ᠤᠨ ᠥᠷᠲᠡᠭ ᠵᠶ᠋ᠠᠷ ᠰᠠᠭᠤᠷᠢ ᠪᠣᠯᠭ᠋ᠠᠵᠤ᠂ ᠰᠢᠨᠵᠢᠯᠡᠬᠦ ᠤᠬᠠᠭ᠋ᠠᠨᠴᠢ ᠠᠷᠭ᠎ᠠ᠎ᠳᠤ ᠲᠦᠰᠢᠭᠯᠡᠨ᠂ 《ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ᠂ ᠪᠦᠲᠦᠴᠡ ᠵᠢ ᠲᠣᠬᠢᠷᠠᠭᠤᠯᠬᠤ᠂ ᠳᠡᠭᠡᠭᠰᠢᠯᠡᠯᠲᠡ᠎ᠲᠠᠢ ᠪᠠᠭᠤᠷᠠᠯᠳᠠ᠎ᠲᠠᠢ᠂ ᠠᠯᠬᠤᠮ ᠠᠯᠬᠤᠮ ᠵᠶ᠋ᠠᠷ ᠪᠣᠳᠠᠲᠠᠶ᠋ᠢᠵᠢᠭᠤᠯᠬᠤ》 ᠵᠠᠷᠴᠢᠮ ᠶᠣᠰᠣᠭ᠋ᠠᠷ᠂ ᠲᠡᠭᠡᠳᠦ ᠳᠣᠣᠷᠠᠳᠤ ᠱᠠᠲᠤᠨ᠎ᠤ ᠬᠠᠮᠲᠤᠷᠠᠨ ᠬᠥᠳᠡᠯᠦᠯᠴᠡᠬᠦ ᠪᠠ ᠰᠠᠯᠠᠭ᠎ᠠ ᠮᠥᠴᠢᠷ᠎ᠤᠨ ᠬᠠᠮᠲᠤ᠎ᠪᠠᠷ ᠵᠠᠰᠠᠬᠤ ᠵᠢ ᠴᠢᠩᠭ᠋ᠠᠳᠬᠠᠵᠦ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠲᠤᠰᠬᠠᠶ ᠮᠡᠷᠭᠡᠵᠢᠯ᠎ᠤᠨ ᠲᠠᠪᠠᠭᠤᠯᠢᠭ᠎ᠢ ᠭᠦᠢ᠍ᠴᠡᠳ ᠪᠠᠳᠠᠷᠠᠭᠤᠯᠵᠦ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠰᠢᠯᠢᠳᠡᠭᠵᠢᠭᠦᠯᠦᠨ᠂ ᠠᠷᠠᠳ ᠣᠯᠠᠨ᠎ᠳᠤ ᠨᠠᠩ ᠦᠨ᠎ᠡ ᠥᠷᠲᠡᠭ᠎ᠲᠠᠢ᠂ ᠨᠠᠩ ᠥᠨᠳᠥᠷ ᠦᠷ᠎ᠡ ᠪᠦᠲᠦᠮᠵᠢ᠎ᠲᠠᠢ ᠡᠮᠴᠢᠯᠡᠭᠡᠨ᠎ᠤ ᠦᠢ᠍ᠯᠡᠴᠢᠯᠡᠭᠡᠨ ᠬᠠᠩᠭ᠋ᠠᠬᠤ ᠵᠢᠨ ᠲᠦᠯᠦᠭᠡ ᠶᠤᠮ᠃
ᠬᠥᠲᠥᠯᠥᠭᠴᠢ᠄
ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠳᠣᠭᠢᠷᠠᠭᠤᠯᠬᠤ ᠲᠤᠭᠳᠠᠴᠠ᠎ᠳᠤ ᠭᠣᠤᠯᠳᠠᠭᠤ ᠠᠯᠢ ᠬᠡᠳᠦᠨ ᠲᠠᠯ᠎ᠠ ᠵᠢᠨ ᠠᠭᠤᠯᠭ᠎ᠠ ᠵᠢ ᠪᠠᠭᠲᠠᠭ᠋ᠠᠬᠤ ᠪᠣᠶ?
ᠵᠣᠴᠢᠨ (ᠯᠢ ᠲᠣᠪᠴᠢᠶᠠᠨ ᠳᠠᠷᠤᠭ᠎ᠠ)᠄
ᠭᠣᠤᠯᠳᠠᠭᠤ ᠦᠨ᠎ᠡ ᠲᠣᠬᠢᠷᠠᠭᠤᠯᠬᠤ ᠠᠷᠭ᠎ᠠ ᠵᠠᠮ᠎ᠢ ᠨᠢᠭᠡᠳᠦᠯᠲᠡᠶ ᠵᠢᠷᠤᠮᠵᠢᠭᠤᠯᠬᠤ᠂ ᠡᠬᠢᠯᠡᠭᠦᠯᠬᠦ ᠨᠥᠬᠥᠴᠡᠯ᠎ᠢ ᠶᠡᠷᠦᠩᠬᠡᠶ᠋ᠢᠯᠡᠨ ᠲᠣᠬᠢᠷᠠᠭᠤᠯᠬᠤ᠂ ᠦᠨ᠎ᠡ ᠲᠣᠬᠢᠷᠠᠭᠤᠯᠬᠤ ᠦᠨᠡᠯᠡᠨ ᠵᠢᠱ᠌ᠢᠬᠦ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠬᠦ᠂ ᠦᠨ᠎ᠡ ᠲᠣᠬᠢᠷᠠᠭᠤᠯᠬᠤ ᠣᠷᠣᠨ ᠵᠠᠶ ᠵᠢ ᠵᠦᠶ ᠵᠤᠬᠢᠰᠳᠠᠢ ᠲᠥᠰᠦᠭᠡᠯᠡᠨ ᠪᠣᠳᠣᠬᠤ᠂ ᠦᠨ᠎ᠡ ᠲᠣᠬᠢᠷᠠᠭᠤᠯᠬᠤ ᠲᠥᠷᠥᠯ ᠵᠦᠢ᠍ᠯ᠎ᠢ ᠰᠢᠯᠢᠳᠡᠭᠵᠢᠭᠦᠯᠦᠨ ᠰᠣᠩᠭᠣᠬᠤ᠂ ᠦᠨ᠎ᠡ ᠲᠣᠬᠢᠷᠠᠭᠤᠯᠬᠤ ᠲᠥᠰᠦᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠵᠡᠷᠭᠡ ᠬᠡᠳᠦᠨ ᠲᠠᠯ᠎ᠠ ᠵᠢᠨ ᠠᠭᠤᠯᠭ᠎ᠠ ᠪᠠᠭᠲᠠᠭ᠋ᠠᠨ᠎ᠠ᠃
ᠬᠥᠲᠥᠯᠥᠭᠴᠢ᠄
ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠵᠢ ᠡᠬᠢᠯᠡᠭᠦᠯᠬᠦ ᠵᠢᠨ ᠨᠥᠬᠥᠴᠡᠯ᠎ᠨᠢ ᠶᠠᠭᠤ ᠪᠣᠶ?
ᠵᠣᠴᠢᠨ (ᠯᠢ ᠲᠣᠪᠴᠢᠶᠠᠨ ᠳᠠᠷᠤᠭ᠎ᠠ)᠄
ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠳᠣᠭᠢᠷᠠᠭᠤᠯᠬᠤ᠎ᠳᠤ ᠦᠨ᠎ᠡ ᠬᠠᠩᠰᠢ ᠵᠢ ᠳᠡᠭᠡᠭᠰᠢᠯᠡᠭᠦᠯᠬᠦ ᠪᠠ ᠪᠠᠭᠤᠷᠠᠭᠤᠯᠬᠤ ᠬᠣᠶᠠᠷ ᠵᠦᠢ᠍ᠯ᠎ᠤᠨ ᠠᠷᠭ᠎ᠠ ᠮᠠᠶᠢᠭ᠎ᠢ ᠪᠠᠭᠲᠠᠭ᠋ᠠᠨ᠎ᠠ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠪᠠᠭᠤᠷᠠᠭᠤᠯᠬᠤ᠎ᠳᠤ ᠣᠳᠣ ᠵᠢᠨ ᠬᠡᠷᠡᠭᠵᠢᠭᠦᠯᠵᠦ ᠪᠠᠢ᠌ᠭ᠎ᠠ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ᠎ᠳᠤ ᠢᠯᠡᠷᠬᠡᠶ ᠵᠦᠶ ᠵᠣᠬᠢᠰ ᠦᠭᠡᠶ ᠬᠦᠴᠦᠨ ᠵᠦᠢ᠍ᠯ ᠣᠷᠣᠰᠢᠵᠤ ᠪᠠᠶ᠋ᠢᠬᠤ᠎ᠪᠠᠷ ᠤᠷᠢᠲᠠᠯ ᠪᠣᠯᠭ᠋ᠠᠵᠤ᠂ ᠡᠮᠴᠢᠯᠡᠭᠡᠨ᠎ᠤ ᠪᠠᠶ᠋ᠢᠭᠤᠯᠤᠮᠵᠢ᠎ᠠᠴᠠ ᠰᠠᠨᠠᠭ᠋ᠠᠴᠢᠯᠠᠭ᠎ᠠ᠎ᠠᠴᠠ᠎ᠪᠠᠨ ᠵᠦᠶ ᠵᠣᠬᠢᠰ ᠥᠬᠡᠶ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠪᠠᠭᠤᠷᠠᠭᠤᠯᠬᠤ᠎ᠪᠠᠷ ᠭᠤᠶᠤᠴᠢᠯᠠᠬᠤ ᠵᠢ ᠵᠣᠷᠢᠭᠵᠢᠭᠤᠯᠤᠨ᠎ᠠ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠳᠡᠭᠡᠭᠰᠢᠯᠡᠭᠦᠯᠬᠦ᠎ᠳᠤ ᠲᠤᠰ ᠭᠠᠵᠠᠷ ᠣᠷᠣᠨ᠎ᠤ ᠳᠡᠭᠡᠷ᠎ᠡ ᠨᠢᠭᠡ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠯᠠᠭ᠋ᠠᠨ᠎ᠤ ᠪᠠᠶ᠋ᠢᠳᠠᠯ᠂ ᠡᠮᠴᠢᠯᠡᠭᠡᠨ᠎ᠤ ᠪᠠᠳᠤᠯᠠᠭ᠎ᠠ ᠵᠢᠨ ᠰᠠᠭᠤᠷᠢ ᠮᠥᠩᠭᠥ ᠵᠢᠨ ᠳᠠᠭ᠋ᠠᠭ᠋ᠠᠬᠤ ᠴᠢᠳᠠᠪᠦᠷᠢ᠂ ᠡᠪᠡᠳᠴᠢᠲᠡᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠥᠪᠡᠷ᠎ᠤᠨ ᠥᠷᠲᠡᠭ᠎ᠤᠨ ᠬᠤᠪᠢᠷᠠᠯᠲᠠ ᠵᠡᠷᠭᠡ ᠣᠯᠠᠨ ᠵᠦᠢ᠍ᠯ᠎ᠤᠨ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠬᠤ ᠬᠡᠷᠡᠭᠲᠡᠶ᠃ ᠵᠠᠷᠴᠢᠮ ᠳᠡᠭᠡᠷ᠎ᠡ᠎ᠪᠠᠨ᠂ ᠨᠠᠭ᠋ᠠᠳᠤ ᠵᠠᠬ᠎ᠠ᠎ᠳᠠᠭᠠᠨ ᠳᠣᠤᠷᠠᠬᠢ ᠮᠡᠲᠦ ᠨᠥᠬᠥᠴᠡᠯ᠎ᠢ ᠬᠠᠮᠲᠤᠳᠤᠨᠢ ᠬᠠᠩᠭ᠋ᠠᠪᠠᠯ ᠰᠠᠶᠢ ᠭᠠᠵᠠᠷ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠳᠡᠭᠡᠭᠰᠢᠯᠡᠭᠦᠯᠬᠦ ᠠᠵᠢᠯ᠎ᠢ ᠡᠬᠢᠯᠡᠭᠦᠯᠵᠦ ᠪᠣᠯᠤᠨ᠎ᠠ᠃ ᠢᠵᠢ ᠪᠦᠷᠢᠳᠦᠭᠦᠯᠬᠦ ᠡᠮᠴᠢᠯᠡᠭᠡᠨ᠎ᠤ ᠥᠭᠡᠷᠡᠴᠢᠯᠡᠯᠲᠡ ᠵᠢᠨ ᠭᠤᠤᠯᠳᠠᠯᠭ᠎ᠠ᠎ᠲᠠᠢ ᠡᠭᠦᠷᠭᠡ ᠵᠢ ᠬᠡᠷᠡᠭᠵᠢᠭᠦᠯᠬᠦ ᠲᠤᠰᠬᠠᠶ ᠵᠦᠢ᠍ᠯ᠎ᠤᠨ ᠲᠣᠬᠢᠷᠠᠭᠤᠯᠤᠯᠲᠠ᠂ ᠲᠣᠭᠲᠠᠭ᠋ᠠᠭᠰᠠᠨ ᠰᠠᠭᠤᠷᠢ ᠲᠣᠭ᠋ᠠᠨ ᠳᠣᠲᠣᠷ᠎ᠠ ᠳᠡᠭᠡᠭᠰᠢᠯᠡᠭᠦᠯᠵᠦ ᠪᠠᠭᠤᠷᠠᠭᠤᠯᠬᠤ ᠵᠢ ᠤᠶᠠᠯᠳᠤᠭᠤᠯᠤᠨ ᠲᠣᠬᠢᠷᠠᠭᠤᠯᠤᠯᠲᠠ ᠬᠢᠬᠦ ᠵᠢᠴᠢ ᠰᠢᠨ᠎ᠡ᠎ᠪᠠᠷ ᠨᠡᠮᠡᠭᠳᠡᠭᠰᠡᠨ ᠲᠥᠷᠥᠯ ᠵᠦᠢ᠍ᠯ᠂ ᠦᠨ᠎ᠡ ᠬᠠᠩᠰᠢ ᠵᠢᠨ ᠵᠥᠷᠢᠴᠡᠯ ᠲᠤᠪᠤᠢ᠌ᠮ᠎ᠠ ᠲᠥᠷᠥᠯ ᠵᠦᠢ᠍ᠯ᠎ᠳᠤ ᠣᠨᠴᠠ ᠵᠠᠷᠢᠮ ᠲᠤᠬᠢᠷᠠᠭᠤᠯᠤᠯᠳᠠ ᠬᠢᠬᠦ ᠵᠢ ᠪᠠᠭᠲᠠᠭ᠋ᠠᠬᠤ ᠦᠭᠡᠢ᠃
1᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠵᠠᠷᠤᠳᠠᠯ᠎ᠤᠨ ᠨᠡᠮᠡᠭᠳᠡᠯ᠎ᠤᠨ ᠬᠡᠮᠵᠢᠶ᠎ᠡ᠎ᠨᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠦᠷᠳᠡᠭ᠎ᠤᠨ ᠨᠡᠮᠡᠭᠳᠡᠯ᠎ᠤᠨ ᠬᠡᠮᠵᠢᠶ᠎ᠡ᠎ᠠᠴᠠ ᠳᠣᠤᠷ᠎ᠠ ᠪᠠᠶ᠋ᠢᠬᠤ;
2᠂ ᠡᠮᠴᠢᠯᠡᠭᠡ ᠵᠢᠨ ᠪᠠᠳᠤᠯᠠᠭ᠎ᠠ ᠵᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠨᠡᠶ᠋ᠢᠲᠡ ᠦᠯᠡᠳᠡᠪᠦᠷᠢ ᠮᠦᠩᠭᠦ ᠵᠢ ᠳᠥᠯᠥᠵᠦ ᠪᠣᠯᠬᠤ ᠰᠠᠷ᠎ᠠ ᠵᠢᠨ ᠲᠣᠭ᠎ᠠ᠎ᠨᠢ 9 ᠰᠠᠷ᠎ᠠ᠎ᠠᠴᠠ ᠳᠤᠲᠠᠭᠤ ᠪᠠᠶ᠋ᠢᠵᠤ ᠪᠣᠯᠬᠤ ᠥᠬᠡᠶ;
3᠂ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠡᠮᠨᠡᠯᠭᠡ᠎ᠳᠤ ᠰᠠᠭᠤᠬᠤ ᠡᠮᠴᠢᠯᠡᠭᠡᠨ᠎ᠤ ᠪᠠᠳᠤᠯᠠᠭ᠎ᠠ ᠵᠢᠨ ᠤᠳᠠᠭ᠎ᠠ ᠪᠦᠷᠢ ᠵᠢᠨ ᠲᠤᠮᠳᠠᠴᠢ ᠵᠠᠷᠤᠳᠠᠯ᠎ᠨᠢ ᠪᠥᠬᠥ ᠣᠷᠣᠨ᠎ᠤ ᠡᠮᠨᠡᠯᠭᠡ᠎ᠳᠤ ᠰᠠᠭᠤᠬᠤ ᠡᠮᠴᠢᠯᠡᠭᠡᠨ᠎ᠤ ᠪᠠᠳᠤᠯᠠᠭ᠎ᠠ ᠵᠢᠨ ᠤᠳᠠᠭ᠎ᠠ ᠪᠦᠷᠢ ᠵᠢᠨ ᠳᠤᠮᠳᠠᠴᠢ ᠵᠠᠷᠤᠳᠠᠯ᠎ᠤᠨ ᠲᠣᠭ᠎ᠠ᠎ᠠᠴᠠ ᠳᠣᠤᠷ᠎ᠠ ᠪᠠᠢ᠌ᠬᠤ;
4. ᠦᠨ᠎ᠡ ᠬᠠᠩᠰᠢ ᠵᠢ ᠲᠣᠬᠢᠷᠠᠭᠤᠯᠬᠤ᠎ᠳᠠᠭᠠᠨ ᠡᠪᠡᠳᠴᠢᠲᠡᠨ᠎ᠤ ᠬᠤᠪᠢ ᠬᠥᠮᠦᠨ᠎ᠤ ᠡᠮ ᠡᠮᠨᠡᠯᠭᠡ ᠵᠢᠨ ᠵᠠᠷᠤᠳᠠᠯ᠎ᠤᠨ ᠲ᠋ᠠᠷᠤᠭ᠋ᠠᠰᠦ ᠵᠢ ᠨᠡᠮᠡᠭᠳᠡᠭᠦᠯᠬᠦ ᠦᠭᠡᠢ ᠪᠠᠢ᠌ᠬᠤ᠃
ᠬᠥᠲᠥᠯᠥᠭᠴᠢ᠄
ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠳᠣᠭᠢᠷᠠᠭᠤᠯᠬᠤ ᠠᠵᠢᠯ᠎ᠤᠨ ᠬᠠᠷᠠᠯᠲᠠ ᠵᠢ ᠲᠠᠨᠢᠯᠴᠠᠭᠤᠯᠤᠭ᠋ᠠᠳ ᠥᠭᠭᠦᠨ᠎ᠡ ᠤᠤ?
ᠵᠣᠴᠢᠨ (ᠯᠢ ᠲᠣᠪᠴᠢᠶᠠᠨ ᠳᠠᠷᠤᠭ᠎ᠠ)᠄
2022 ᠣᠨ᠎ᠤ ᠡᠴᠦᠰ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ ᠨᠢᠭᠡᠳᠦᠯᠳᠡᠢ ᠵᠢᠯᠣᠭᠣᠳᠤᠭᠰᠠᠨ᠂ ᠡᠯ᠎ᠡ ᠠᠶ᠋ᠢᠮᠠᠭ ᠬᠣᠲᠠ ᠵᠣᠬᠢᠶᠠᠨ ᠪᠠᠶ᠋ᠢᠭᠤᠯᠤᠨ ᠠᠬᠢᠭᠤᠯᠤᠭᠰᠠᠨ᠂ ᠲᠤᠷᠰᠢᠯᠲᠠ ᠵᠢᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠰᠢᠨ᠎ᠡ ᠵᠢ ᠡᠭᠦᠳᠬᠦ ᠵᠢ ᠬᠠᠶ᠋ᠢᠨ ᠰᠦᠪᠡᠭᠴᠢᠯᠡᠭᠰᠡᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠠᠩᠬ᠎ᠠ ᠠᠯᠬᠤᠮ ᠪᠠᠶ᠋ᠢᠭᠤᠯᠤᠨ᠎ᠠ᠃ 2025 ᠣᠨ ᠪᠣᠯᠬᠤ᠎ᠳᠤ᠂ ᠲᠣᠭᠲᠠᠴᠠ᠎ᠨᠢ ᠰᠢᠨᠵᠢᠯᠡᠬᠦ ᠤᠬᠠᠭ᠋ᠠᠨᠴᠢ᠂ ᠭᠠᠵᠠᠷ ᠣᠷᠣᠨ ᠲᠡᠩᠴᠡᠭᠦᠷᠢᠲᠡᠢ᠂ ᠪᠦᠲᠦᠴᠡ᠎ᠨᠢ ᠰᠢᠯᠢᠳᠡᠭᠵᠢᠭᠰᠡᠨ᠂ ᠦᠨ᠎ᠡ ᠬᠠᠩᠰᠢ ᠵᠦᠢ ᠵᠣᠬᠢᠰᠲᠠᠢ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠥᠳᠡᠯᠦᠩᠭᠦᠢ ᠬᠠᠮᠢᠶᠠᠷᠤᠯᠳᠠ ᠵᠢᠨ ᠰᠢᠨ᠎ᠡ ᠪᠠᠶ᠋ᠢᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃
ᠬᠥᠲᠥᠯᠥᠭᠴᠢ᠄
ᠵᠠ᠂ ᠯᠢ ᠲᠣᠪᠴᠢᠶᠠᠨ ᠳᠠᠷᠤᠭ᠎ᠠ ᠵᠢᠨ ᠬᠦᠯᠢᠴᠡᠩᠭᠦᠶ᠎ᠪᠠᠷ ᠲᠠᠶ᠋ᠢᠯᠤᠮᠵᠢ ᠬᠢᠭᠰᠡᠨ᠎ᠳᠤ ᠲᠠᠯᠠᠷᠬᠠᠵᠤ ᠪᠠᠶ᠋ᠢᠨ᠎ᠠ᠂ ᠥᠷᠭᠡᠨ ᠤᠯᠠᠨ ᠰᠦᠯᠵᠢᠶᠡᠨ ᠠᠨᠳᠠ ᠨᠠᠷ᠎ᠤᠨ ᠲᠣᠰ ᠤᠳᠠᠭ᠋ᠠᠨ᠎ᠤ ᠫᠷᠤᠭ᠌ᠷᠠᠮ᠎ᠢ ᠭᠥᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠢ᠌ᠨ᠎ᠠ! ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ ᠫᠷᠤᠭ᠌ᠷᠠᠮ᠎ᠳᠤ ᠪᠠᠶᠠᠷᠳᠠᠢ ᠵᠣᠯᠭ᠋ᠠᠶ᠎ᠠ!