ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠮᠠᠨ᠎ᠤ ᠤᠷᠤᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠪᠠᠶ᠋ᠢᠳᠠᠯ᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2020-12-17


      ᠰᠤᠷᠪᠤᠯᠵᠢᠯᠠᠭᠰᠠᠨ ᠴᠠᠭ᠄ 2016 ᠣᠨ᠎ᠤ 1 ᠳ᠋ᠦ᠍ᠭᠡᠷ ᠰᠠᠷ᠎ᠠ ᠵᠢᠨ 6᠎ᠤ ᠡᠳᠦᠷ᠎ᠤᠨ ᠦᠳᠡ ᠵᠢᠨ ᠬᠤᠶ᠋ᠢᠨᠠᠬᠢ 3 ᠴᠠᠭ
      ᠰᠤᠷᠪᠤᠯᠵᠢᠯᠠᠭᠰᠠᠨ ᠵᠣᠴᠢᠨ᠄ ᠦᠪᠡᠷᠲᠡᠭᠡᠨ ᠵᠠᠰᠠᠬᠤ ᠤᠷᠤᠨ ᠬᠦᠭᠵᠢᠭᠦᠯᠦᠯᠲᠡ ᠪᠠ ᠦᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠤᠣ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄ ᠤᠶ᠋ᠢᠷ᠎ᠠ᠎ᠳᠤ᠂ ᠪᠢᠳᠡ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠣᠣ ᠵᠢ 《ᠳᠤᠮᠳᠠᠳᠤ ᠤᠯᠤᠰ ᠦᠪᠦᠷ ᠮᠣᠩᠭᠤᠯ》 ᠰᠦᠯᠵᠢᠶᠡᠨ᠎ᠳᠡᠭᠡᠨ ᠤᠷᠢᠵᠤ᠂ ᠮᠠᠨ᠎ᠤ ᠤᠷᠤᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠲᠤᠬᠠᠢ ᠬᠤᠯᠪᠤᠭᠳᠠᠯ ᠪᠦᠬᠦᠢ ᠪᠠᠶ᠋ᠢᠳᠠᠯ᠎ᠳᠤ ᠲᠠᠶ᠋ᠢᠯᠤᠮᠵᠢ ᠬᠢᠯᠭᠡᠬᠦ᠎ᠪᠠᠷ ᠪᠠᠶ᠋ᠢᠨ᠎ᠠ᠃ ᠲᠤᠬᠠᠢ ᠵᠢᠨ ᠦᠶ᠎ᠡ᠎ᠳᠤ᠂ ᠰᠦᠯᠵᠢᠶᠡᠨ ᠠᠨᠳᠠ ᠨᠠᠷ ᠮᠢᠨᠢ ᠢᠳᠡᠪᠬᠢᠲᠡᠶ ᠣᠷᠣᠯᠴᠠᠬᠤ ᠵᠢ ᠪᠠᠶᠠᠷᠯᠠᠨ ᠣᠭᠲᠤᠵᠤ ᠪᠠᠶ᠋ᠢᠨ᠎ᠠ!
      ᠰᠤᠷᠪᠤᠯᠵᠢᠯᠠᠭᠰᠠᠨ ᠪᠣᠳᠠᠲᠤ ᠲᠡᠮᠳᠡᠭᠯᠡᠯ
      ᠬᠦᠲᠦᠯᠦᠭᠴᠢ᠄ ᠰᠦᠯᠵᠢᠶᠡᠨ ᠠᠨᠳᠠ ᠨᠠᠷ ᠡ ᠰᠠᠶ᠋ᠢᠨ ᠪᠠᠶ᠋ᠢᠵᠠᠭ᠋ᠠᠨ᠎ᠠ ᠤᠤ! ᠲᠠ ᠪᠦᠬᠦᠨ ᠲᠤᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠤᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠦᠵᠡᠬᠦ ᠵᠢ ᠪᠠᠶᠠᠷᠯᠠᠨ ᠤᠭᠲᠤᠵᠤ ᠪᠠᠶ᠋ᠢᠨ᠎ᠠ᠃ ᠦᠨᠦᠳᠦᠷ ᠪᠢᠳᠡ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠣᠥ ᠵᠢ ᠤᠷᠢᠵᠤ᠂ ᠮᠠᠨ᠎ᠤ ᠤᠷᠤᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠭᠰᠠᠨ ᠪᠠᠶ᠋ᠢᠳᠠᠯ᠎ᠤᠨ ᠲᠤᠬᠠᠢ ᠲᠠ ᠪᠦᠬᠦᠨ᠎ᠳᠤ ᠰᠦᠯᠵᠢᠶᠡᠨ ᠳᠡᠭᠡᠷ᠎ᠡ ᠲᠠᠶ᠋ᠢᠯᠤᠮᠵᠢ ᠬᠢᠬᠦ᠎ᠪᠠᠷ ᠪᠠᠶ᠋ᠢᠨ᠎ᠠ᠂ ᠦᠷᠭᠡᠨ ᠤᠯᠠᠨ ᠰᠦᠯᠵᠢᠶᠡᠨ ᠠᠨᠳᠠ ᠨᠠᠷ᠎ᠤᠨ ᠢᠳᠡᠪᠬᠢᠲᠡᠢ ᠣᠷᠤᠯᠴᠠᠬᠤ ᠵᠢ ᠤᠭᠲᠤᠵᠤ ᠪᠠᠶ᠋ᠢᠨ᠎ᠠ᠃ ᠸᠠᠩ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠸᠠᠩ ᠵᠢᠨ ᠪᠣᠥ᠄
      ᠬᠦᠲᠦᠯᠦᠭᠴᠢ ᠰᠠᠶ᠋ᠢᠨ ᠤᠤ! ᠰᠦᠯᠵᠢᠶᠡᠨ ᠠᠨᠳᠠ ᠨᠠᠷ ᠰᠠᠶ᠋ᠢᠨ ᠤᠤ! ᠰᠤᠷᠪᠤᠯᠵᠢᠯᠠᠭ᠎ᠠ ᠵᠢᠨ ᠳᠡᠯᠭᠡᠴᠡ
᠎ᠳᠤ ᠳᠠᠬᠢᠨᠲᠠ ᠢᠷᠡᠵᠦ ᠲᠠ ᠨᠠᠷ᠎ᠲᠠᠢ ᠵᠣᠭᠤᠭᠳᠠᠬᠤ ᠪᠣᠯᠤᠭᠰᠠᠨ᠎ᠳᠠᠭᠠᠨ ᠲᠦᠢ᠍ᠯ᠎ᠤᠨ ᠶᠡᠭᠡ᠎ᠪᠠᠷ ᠪᠠᠶᠠᠷᠯᠠᠵᠤ ᠪᠠᠶ᠋ᠢᠨ᠎ᠠ᠃
      ᠬᠦᠲᠦᠯᠦᠭᠴᠢ᠄ ᠸᠠᠩ ᠡᠷᠬᠢᠯᠡᠭᠴᠢ ᠡ᠂ ᠲᠠ ᠶᠠᠭᠤᠨ᠎ᠤ ᠡᠮᠦᠨ᠎ᠡ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠠᠬᠤᠢ ᠪᠠᠶ᠋ᠢᠳᠠᠯ ᠪᠠ ᠠᠴᠢ ᠬᠤᠯᠪᠤᠭᠳᠠᠯ᠎ᠢ ᠲᠠᠨᠢᠯᠴᠠᠭᠤᠯᠤᠭ᠋ᠠᠳ ᠦᠭᠭᠦᠨᠡᠦ?
      ᠸᠠᠩ ᠵᠢᠨ ᠪᠣᠥ᠄
      ᠲᠡᠭᠡᠶ᠎ᠡ᠃ ᠲᠡᠭᠦᠨ᠎ᠤ ᠠᠬᠤᠢ ᠪᠠᠶ᠋ᠢᠳᠠᠯ ᠪᠠ ᠦᠨᠳᠦᠰᠦᠯᠡᠯ᠎ᠨᠢ ᠬᠤᠶᠠᠷ ᠲᠠᠯ᠎ᠠ᠎ᠪᠠᠷ ᠢᠯᠡᠷᠡᠨ᠎ᠡ᠂ ᠤᠯᠤᠰ᠎ᠠᠴᠠ ᠱᠠᠭ᠋ᠠᠷᠳᠠᠭᠰᠠᠨ ᠳᠡᠰ ᠳᠠᠪᠬᠤᠷᠭ᠎ᠠ᠎ᠠᠴᠠ ᠦᠵᠡᠪᠡᠯ᠄
     (ᠨᠢᠭᠡ) 2015 ᠣᠨ᠎ᠤ 5 ᠳ᠋ᠤᠭ᠋ᠠᠷ ᠰᠠᠷ᠎ᠠ᠎ᠳᠤ᠂ ᠤᠯᠤᠰ᠎ᠤᠨ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠂ ᠡᠷᠡᠭᠦᠯ ᠬᠠᠮᠠᠭ᠋ᠠᠯᠠᠯ᠎ᠤᠨ ᠶᠠᠮᠤᠨ ᠪᠠ ᠬᠢᠲᠠᠳ ᠡᠮ ᠡᠮᠨᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ ᠬᠠᠮᠲᠤᠷᠠᠨ 《ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠴᠢ ᠬᠤᠯᠪᠤᠭᠳᠠᠯ ᠪᠦᠬᠦᠢ ᠠᠰᠠᠭᠤᠳᠠᠯ᠎ᠢ ᠵᠢᠷᠤᠮᠵᠢᠭᠤᠯᠬᠤ ᠲᠤᠬᠠᠢ ᠮᠡᠳᠡᠭᠳᠡᠯ》 (ᠬᠦᠭᠵᠢᠭᠦᠯᠦᠯᠲᠡ ᠦᠭᠡᠷᠡᠴᠢᠯᠡᠯᠲᠡ ᠦᠨ᠎ᠡ [2012] 1170 ᠲᠣᠭ᠋ᠠᠲᠤ) ᠪᠠ 《ᠪᠦᠬᠦ ᠤᠯᠤᠰ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠲᠦᠷᠦᠯ ᠵᠦᠢ᠍ᠯ᠎ᠤᠨ ᠵᠢᠷᠤᠮᠵᠢᠯ (2012 ᠣᠨ᠎ᠤ ᠬᠡᠪᠯᠡᠯ)》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠮᠤᠵᠢ᠎ᠨᠤᠭᠤᠳ᠎ᠢ ᠤᠯᠤᠰ᠎ᠤᠨ ᠱᠠᠭ᠋ᠠᠷᠳᠠᠯᠭ᠎ᠠ ᠶᠣᠰᠤᠭ᠋ᠠᠷ᠂ ᠲᠤᠰ ᠮᠤᠵᠢ ᠵᠢᠨ ᠣᠳᠣᠬᠢ ᠬᠡᠷᠡᠭᠯᠡᠵᠦ ᠪᠠᠶ᠋ᠢᠭ᠎ᠠ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠢ ᠵᠢᠷᠤᠮᠵᠢᠭᠤᠯᠤᠨ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ᠎ᠳᠤ ᠵᠣᠬᠢᠴᠠᠩᠭᠤᠢ ᠲᠣᠬᠢᠷᠠᠭᠤᠯᠤᠯᠲᠠ ᠬᠢᠬᠦ ᠵᠢ ᠱᠠᠭ᠋ᠠᠷᠳᠠᠪᠠ᠃
     (ᠬᠤᠶᠠᠷ) ᠬᠤᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠵᠢᠨ ᠦᠭᠡᠷᠡᠴᠢᠯᠡᠯᠲᠡ ᠪᠠ ᠬᠤᠲᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠵᠢᠨ ᠦᠭᠡᠷᠡᠴᠢᠯᠡᠯᠲᠡ᠂ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠨᠢᠭᠡᠨᠲᠡ ᠪᠦᠬᠦᠨ᠎ᠢ ᠦᠭᠡᠶ᠋ᠢᠰᠭᠡᠭᠰᠡᠨ ᠪᠣᠶᠤ ᠦᠭᠡᠶ᠋ᠢᠰᠬᠡᠬᠦ᠎ᠪᠠᠷ ᠪᠠᠶ᠋ᠢᠵᠤ᠂ ᠦᠭᠡᠷᠡᠴᠢᠯᠡᠯᠲᠡ ᠵᠢᠨ ᠲᠥᠷᠦ ᠵᠢᠨ ᠪᠣᠳᠤᠯᠭ᠎ᠠ᠎ᠨᠢ ᠪᠢᠳᠡ ᠨᠠᠷ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠵᠢᠷᠤᠮᠵᠢᠯ ᠪᠠ ᠦᠨ᠎ᠡ ᠬᠠᠩᠰᠢ ᠵᠢᠨ ᠲᠣᠬᠢᠷᠠᠭᠤᠯᠤᠯᠲᠠ ᠵᠢ ᠡᠷᠬᠡᠪᠰᠢ ᠢᠵᠢᠯ ᠠᠯᠬᠤᠮ ᠵᠶ᠋ᠠᠷ ᠤᠷᠤᠭᠰᠢᠯᠠᠬᠤ ᠵᠢ ᠱᠠᠭ᠋ᠠᠷᠳᠠᠵᠤ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠣᠷᠤᠯᠭ᠎ᠠ ᠵᠢᠨ ᠪᠠᠶ᠋ᠢᠷᠢᠰᠢᠯ᠎ᠢ ᠴᠠᠭ ᠲᠤᠬᠠᠢ᠎ᠳᠤᠨᠢ ᠲᠣᠬᠢᠷᠠᠭᠤᠯᠬᠤ ᠬᠡᠷᠡᠭᠲᠡᠢ ᠪᠣᠯᠵᠠᠢ᠃ ᠦᠪᠡᠷᠲᠡᠭᠡᠨ ᠵᠠᠰᠠᠬᠤ ᠤᠷᠤᠨ᠎ᠤ ᠪᠣᠳᠠᠲᠤ ᠳᠡᠰ ᠳᠠᠪᠬᠤᠷᠭ᠎ᠠ᠎ᠠᠴᠠ ᠦᠵᠡᠪᠡᠯ᠂ ᠮᠠᠨ᠎ᠤ ᠤᠷᠤᠨ᠎ᠤ ᠣᠳᠣᠬᠢ ᠬᠡᠷᠡᠭᠯᠡᠵᠦ ᠪᠠᠶ᠋ᠢᠭ᠎ᠠ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ ᠪᠠ ᠦᠨ᠎ᠡ ᠬᠠᠩᠰᠢ ᠪᠣᠯ 2004 ᠣᠨ  ᠎ᠳᠤ ᠲᠣᠭᠲᠠᠭ᠋ᠠᠭ᠋ᠠᠳ᠂ ᠨᠢᠭᠡᠨᠲᠡ ᠠᠷᠪᠠᠨ ᠬᠡᠳᠦᠨ ᠵᠢᠯ ᠬᠡᠷᠡᠭᠯᠡᠪᠡ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠪᠠᠷᠢᠮᠵᠢᠶ᠎ᠠ ᠨᠡᠯᠢᠶᠡᠳ ᠳᠣᠣᠷ᠎ᠠ ᠪᠠᠶ᠋ᠢᠵᠤ᠂ ᠦᠨ᠎ᠡ ᠬᠠᠩᠰᠢ ᠵᠢᠨ ᠪᠦᠲᠦᠴᠡ ᠪᠦᠷᠢᠮᠦᠰᠦᠨ ᠵᠣᠬᠢᠰᠲᠠᠢ  ᠎ᠪᠠᠷ ᠪᠠᠷᠠᠬᠤ ᠦᠭᠡᠢ᠂ ᠡᠮ ᠡᠮᠨᠡᠯᠭᠡ ᠵᠢᠨ ᠮᠡᠷᠭᠡᠵᠢᠯ᠎ᠤᠨ ᠬᠦᠭᠵᠢᠯᠲᠡ ᠵᠢ ᠳᠠᠭ᠋ᠠᠯᠳᠤᠨ᠂ ᠰᠢᠨ᠎ᠡ᠎ᠪᠠᠷ ᠨᠡᠮᠡᠭᠳᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ ᠤᠯᠠᠨ ᠪᠠᠶ᠋ᠢᠵᠤ᠂ ᠨᠢᠭᠡᠳᠦᠯᠲᠡᠢ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠴᠠᠭ ᠲᠤᠬᠠᠢ᠎ᠳᠤᠨᠢ ᠲᠣᠭᠲᠠᠭ᠋ᠠᠬᠤ ᠴᠢᠬᠤᠯᠲᠠᠢ ᠪᠣᠯᠤᠭᠰᠠᠨ ᠪᠠᠶ᠋ᠢᠨ᠎ᠠ᠃
      ᠸᠠᠩ ᠵᠢᠨ ᠪᠣᠤ᠄
      ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠢᠷᠤᠮᠵᠢᠭᠤᠯᠬᠤ ᠪᠠ ᠲᠣᠬᠢᠷᠠᠭᠤᠯᠬᠤ ᠠᠴᠢ ᠬᠤᠯᠪᠤᠭᠳᠠᠯ ᠭᠡᠪᠡᠯ᠄ ᠨᠢᠭᠡ᠎ᠳᠤ ᠡᠮᠨᠡᠯᠭᠡ ᠵᠢᠨ ᠬᠤᠷᠢᠶᠠᠨ᠎ᠤ ᠣᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠬᠦ᠎ᠳᠤ ᠠᠰᠢᠭᠲᠠᠢ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠵᠢᠨ ᠰᠠᠶ᠋ᠢᠨ ᠡᠷᠭᠢᠯᠲᠡ ᠪᠠ ᠦᠷᠭᠦᠯᠵᠢᠯᠡᠨ ᠬᠦᠭᠵᠢᠬᠦ ᠵᠢ ᠪᠡᠶᠡᠯᠡᠭᠦᠯᠦᠨ᠎ᠡ᠃ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠣᠬᠢᠰᠲᠠᠢ ᠲᠣᠬᠢᠷᠠᠭᠤᠯᠬᠤ᠎ᠪᠠᠷ ᠳᠠᠮᠵᠢᠨ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠣᠷᠤᠯᠭ᠎ᠠ ᠵᠢᠨ ᠪᠦᠲᠦᠴᠡ ᠵᠢ ᠬᠤᠪᠢᠷᠠᠭᠤᠯᠵᠤ᠂ ᠲᠤᠬᠠᠶ᠋ᠢᠯᠠᠭᠰᠠᠨ ᠠᠵᠢᠯ᠎ᠤᠨ ᠣᠷᠤᠯᠭ᠎ᠠ ᠳᠤᠮᠳᠠᠬᠢ ᠮᠡᠷᠭᠡᠵᠢᠯ᠎ᠤᠨ ᠴᠢᠨᠠᠷᠲᠠᠢ ᠣᠷᠤᠯᠭ᠎ᠠ ᠵᠢᠨ ᠬᠤᠪᠢ ᠵᠢᠨ ᠵᠢᠩ᠎ᠢ ᠳᠡᠭᠡᠭᠰᠢᠯᠡᠭᠦᠯᠵᠦ᠂ ᠡᠮ᠎ᠤᠨ ᠵᠦᠢ᠍ᠯ ᠪᠠ ᠬᠤᠷᠤᠭᠳᠠᠯ ᠮᠠᠲ᠋ᠧᠷᠢᠶᠠᠯ᠎ᠤᠨ ᠣᠷᠤᠯᠭ᠎ᠠ ᠵᠢᠨ ᠬᠤᠪᠢ ᠵᠢᠨ ᠵᠢᠩ᠎ᠢ ᠳᠣᠷᠤᠭᠰᠢᠯᠠᠭᠤᠯᠵᠤ᠂ ᠰᠢᠨᠵᠢᠯᠡᠬᠦ ᠤᠬᠠᠭ᠋ᠠᠨᠴᠢ ᠵᠣᠬᠢᠰᠲᠠᠢ ᠨᠦᠬᠦᠪᠦᠷᠢᠯᠡᠬᠦ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠬᠤ ᠪᠠ ᠲᠡᠭᠦᠯᠳᠡᠷᠵᠢᠭᠦᠯᠦᠨ᠎ᠡ᠃
      ᠬᠤᠶᠠᠷ᠎ᠲᠤ ᠡᠮ ᠡᠮᠨᠡᠯᠭᠡ ᠵᠢᠨ ᠦᠨ᠎ᠡ ᠬᠠᠩᠰᠢ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ᠎ᠳᠤ ᠠᠰᠢᠭᠲᠠᠢ᠂ ᠡᠪᠡᠳᠴᠢᠲᠡᠨ᠎ᠤ ᠬᠠᠤᠯᠢ ᠶᠣᠰᠤᠨ᠎ᠤ ᠦᠨ᠎ᠡ ᠬᠠᠩᠰᠢ ᠵᠢᠨ ᠡᠷᠬᠡ ᠠᠰᠢᠭ᠎ᠢ ᠬᠠᠮᠠᠭ᠋ᠠᠯᠠᠨ᠎ᠠ᠃ ᠰᠢᠨ᠎ᠡ᠎ᠪᠠᠷ ᠬᠡᠪᠯᠡᠭᠰᠡᠨ ᠲᠦᠷᠦᠯ ᠵᠦᠢ᠍ᠯ᠎ᠤᠨ ᠦᠨ᠎ᠡ ᠬᠠᠩᠰᠢ ᠳᠣᠲᠤᠷᠠᠬᠢ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠨᠡᠷᠡᠶ᠋ᠢᠳᠦᠯ᠂ ᠠᠭᠤᠯᠤᠭᠳᠠᠬᠤᠨ᠂ ᠡᠭᠦᠨ᠎ᠠᠴᠠ ᠭᠠᠳᠠᠨᠠᠬᠢ ᠠᠭᠤᠯᠭ᠎ᠠ᠎ᠳᠤ ᠨᠠᠷᠢᠨ ᠲᠣᠳᠤᠷᠬᠠᠢ ᠵᠠᠭ᠋ᠠᠭᠯᠠᠨ ᠲᠣᠳᠤᠷᠬᠠᠶ᠋ᠢᠯᠠᠯᠲᠠ ᠬᠢᠵᠦ᠂ ᠲᠡᠷᠡᠴᠢᠯᠡᠨ ᠡᠮᠴᠢᠯᠡᠭᠡᠨ᠎ᠤ ᠠᠵᠢᠯᠯᠠᠭ᠎ᠠ ᠵᠢᠨ ᠡᠴᠦᠰ᠎ᠤᠨ ᠲᠥᠷᠥᠯ ᠵᠦᠢ᠍ᠯ᠎ᠳᠤ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠳᠠᠬᠢᠨ ᠳᠤᠷ᠎ᠠ᠎ᠪᠠᠷ ᠵᠶ᠋ᠠᠨ ᠵᠠᠳᠠᠯᠤᠨ ᠬᠤᠪᠢᠶᠠᠷᠢᠯᠠᠬᠤ ᠵᠢ ᠵᠦᠪᠰᠢᠶᠡᠷᠡᠬᠦ ᠦᠭᠡᠢ᠂ ᠡᠨᠡ᠎ᠨᠢ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠦᠨ᠎ᠡ ᠬᠠᠩᠰᠢ ᠵᠢ ᠵᠢᠷᠤᠮᠵᠢᠭᠤᠯᠬᠤ ᠦᠢ᠍ᠯᠡ ᠠᠵᠢᠯᠯᠠᠭ᠎ᠠ᠎ᠳᠤ ᠠᠰᠢᠭᠲᠠᠢ ᠪᠠᠶ᠋ᠢᠵᠤ᠂ ᠡᠪᠡᠳᠴᠢᠲᠡᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠬᠦᠩᠭᠡᠷᠡᠭᠦᠯᠦᠨ᠎ᠡ᠃
      ᠭᠤᠷᠪᠠ᠎ᠳᠤ ᠲᠤᠰᠠᠭ᠋ᠠᠷ ᠰᠦᠢ᠍ᠳᠬᠡᠯ ᠬᠤᠷᠢᠶᠠᠵᠤ ᠪᠣᠯᠬᠤ ᠬᠤᠷᠣᠭᠳᠠᠯ ᠮᠠᠲ᠋ᠧᠷᠢᠶᠠᠯ᠎ᠤᠨ ᠲᠦᠷᠦᠯ ᠵᠦᠢ᠍ᠯ ᠪᠠ ᠲᠤᠭ᠎ᠠ ᠵᠢ ᠴᠢᠩᠭ᠎ᠠ ᠡᠵᠡᠮᠳᠡᠵᠦ᠂ ᠡᠩ᠎ᠤᠨ ᠬᠡᠷᠡᠭᠯᠡᠳᠡᠭ ᠳᠣᠣᠷ᠎ᠠ ᠦᠷᠲᠡᠭ᠎ᠤᠨ ᠨᠢᠭᠡ ᠯᠡ ᠤᠳᠠᠭ᠋ᠠᠨ᠎ᠤ ᠴᠢᠨᠠᠷᠲᠠᠶ ᠡᠮᠴᠢᠯᠡᠭᠡᠨ᠎ᠳᠤ ᠬᠡᠷᠡᠭᠯᠡᠬᠦ ᠬᠤᠷᠤᠭᠳᠠᠯ ᠮᠠᠲ᠋ᠧᠷᠢᠶᠠᠯ᠎ᠢ ᠪᠣᠭᠤᠳᠠᠯᠯᠠᠨ ᠰᠦᠢ᠍ᠳᠬᠡᠯ ᠬᠤᠷᠢᠶᠠᠬᠤ᠎ᠨᠢ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠰᠠᠨᠠᠭ᠋ᠠᠴᠢᠯᠠᠭ᠎ᠠ᠎ᠠᠴᠠ᠎ᠪᠠᠨ ᠥᠪᠡᠷ᠎ᠤᠨ ᠦᠷᠳᠡᠭ ᠵᠶ᠋ᠠᠨ ᠡᠵᠡᠮᠳᠡᠬᠦ᠎ᠳᠤ ᠠᠰᠢᠭᠲᠠᠢ ᠪᠠᠶ᠋ᠢᠵᠤ᠂ ᠴᠢᠬᠤᠯᠠ ᠦᠭᠡᠢ ᠬᠤᠷᠤᠭᠳᠠᠯ ᠮᠠᠲ᠋ᠧᠷᠢᠶᠠᠯ᠎ᠢ ᠬᠡᠷᠡᠭᠯᠡᠬᠦ ᠪᠠ ᠰᠦᠢ᠍ᠳᠭᠡᠯ ᠬᠤᠷᠢᠶᠠᠬᠤ ᠵᠢ ᠪᠠᠭ᠋ᠠᠰᠬᠠᠨ᠎ᠠ᠃
      ᠳᠥᠷᠪᠡ᠎ᠳᠤ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠳᠣᠲᠤᠭ᠋ᠠᠳᠤ ᠵᠢᠨ ᠬᠠᠮᠢᠶᠠᠷᠤᠯᠲᠠ᠎ᠪᠠᠨ ᠴᠢᠩᠭ᠋ᠠᠳᠬᠠᠬᠤ᠎ᠳᠤ ᠠᠰᠢᠭᠲᠠᠢ ᠪᠠᠶ᠋ᠢᠵᠤ᠂ ᠬᠢᠨᠠᠨ ᠬᠠᠮᠢᠶᠠᠷᠬᠤ ᠰᠠᠯᠠᠭ᠎ᠠ ᠮᠦᠴᠢᠷ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ᠎ᠳᠤ ᠨᠡᠩ ᠠᠰᠢᠭᠲᠠᠢ ᠶᠤᠮ᠃ ᠡᠨᠡ ᠤᠳᠠᠭ᠋ᠠᠨ᠎ᠤ ᠲᠣᠬᠢᠷᠠᠭᠤᠯᠤᠯᠲᠠ᠎ᠨᠢ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠣᠷᠤᠨ ᠲᠤᠭ᠎ᠠ᠂ ᠲᠦᠷᠦᠯ ᠵᠦᠢ᠍ᠯ᠎ᠤᠨ ᠨᠡᠷᠡᠶ᠋ᠢᠳᠦᠯ᠂ ᠡᠮᠴᠢᠯᠡᠭᠡᠨ᠎ᠤ ᠠᠵᠢᠯᠯᠠᠭ᠎ᠠ ᠵᠢᠨ ᠲᠦᠷᠦᠯᠴᠢᠯᠡᠯ᠎ᠢ ᠨᠢᠭᠡᠲᠦᠭᠦᠯᠵᠦ᠂ ᠠᠵᠢᠯᠯᠠᠭ᠎ᠠ ᠵᠢᠨ ᠶᠠᠪᠤᠴᠠ᠂ ᠭᠤᠣᠯ ᠵᠠᠮ᠂ ᠠᠷᠭ᠎ᠠ ᠮᠠᠶᠢᠭ᠂ ᠠᠯᠬᠤᠮ ᠳᠠᠷᠠᠭ᠎ᠠ ᠵᠢᠨ ᠢᠯᠡᠳᠭᠡᠮᠵᠢ᠎ᠨᠢ ᠲᠣᠳᠤᠷᠬᠠᠢ᠂ ᠰᠦᠢ᠍ᠳᠭᠡᠯ ᠬᠤᠷᠢᠶᠠᠬᠤ᠎ᠨᠢ ᠢᠯᠡ ᠲᠣᠳᠣ ᠪᠠᠶ᠋ᠢᠬᠤ ᠬᠡᠮᠵᠢᠶ᠎ᠡ ᠵᠢ ᠤᠯᠠᠮ ᠳᠡᠭᠡᠭᠰᠢᠯᠡᠭᠦᠯᠬᠦ ᠵᠢᠨ ᠲᠤᠰᠠᠳᠠ᠂ ᠮᠡᠳᠡᠭᠡ ᠵᠠᠩᠬᠢᠵᠢᠯᠲᠠ ᠵᠢᠨ ᠠᠷᠭ᠎ᠠ ᠪᠠᠷᠢᠯ᠎ᠢ ᠠᠰᠢᠭᠯᠠᠨ ᠬᠢᠨᠠᠨ ᠬᠠᠮᠢᠶᠠᠷᠤᠯᠲᠠ᠎ᠪᠠᠨ ᠴᠢᠩᠭ᠋ᠠᠳᠬᠠᠬᠤ᠎ᠳᠤ ᠰᠢᠨ᠎ᠡ ᠨᠦᠭᠦᠴᠡᠯ᠎ᠢ ᠪᠣᠢ ᠪᠣᠯᠭ᠋ᠠᠪᠠ᠃
      ᠬᠦᠲᠦᠯᠦᠭᠴᠢ᠄ ᠡᠨᠡ ᠤᠳᠠᠭ᠋ᠠᠨ᠎ᠤ ᠵᠢᠷᠤᠮᠵᠢᠯ ᠪᠠ ᠲᠣᠬᠢᠷᠠᠭᠤᠯᠤᠯᠲᠠ ᠵᠢᠨ ᠵᠠᠷᠴᠢᠮ ᠪᠠ ᠪᠣᠳᠠᠲᠤ ᠠᠭᠤᠯᠭ᠎ᠠ᠎ᠨᠢ ᠶᠠᠭᠤ ᠪᠣᠢ?
      ᠸᠠᠩ ᠵᠢᠨ ᠪᠣᠤ᠄
      ᠡᠨᠡ ᠤᠳᠠᠭ᠎ᠠ ᠮᠠᠨ᠎ᠤ ᠤᠷᠤᠨ᠎ᠤ ᠡᠮ ᠡᠮᠨᠡᠯᠭᠡ ᠵᠢᠨ ᠲᠦᠷᠦᠯ ᠵᠦᠢ᠍ᠯ᠎ᠤᠨ ᠵᠢᠷᠤᠮᠵᠢᠯ ᠪᠠ ᠦᠨ᠎ᠡ ᠬᠠᠩᠰᠢ ᠵᠢᠨ ᠲᠣᠬᠢᠷᠠᠭᠤᠯᠤᠯᠲᠠ ᠵᠢᠨ ᠵᠢᠷᠤᠮᠯᠠᠬᠤ ᠦᠨᠳᠦᠰᠦᠨ ᠵᠠᠷᠴᠢᠮ ᠭᠡᠪᠡᠯ᠄
      ᠨᠢᠭᠡ᠎ᠳᠤ 《ᠶᠡᠷᠦᠩᠬᠡᠢ ᠬᠡᠮᠵᠢᠶ᠎ᠡ ᠵᠢ ᠡᠵᠡᠮᠰᠢᠬᠦ᠂ ᠪᠦᠲᠦᠴᠡ ᠵᠢ ᠲᠣᠬᠢᠷᠠᠭᠤᠯᠬᠤ᠂ ᠥᠰᠦᠯᠲᠡ᠎ᠲᠠᠢ ᠪᠠᠭᠤᠷᠠᠯᠲᠠ᠎ᠲᠠᠢ᠂ ᠠᠯᠬᠤᠮ ᠠᠯᠬᠤᠮ ᠵᠶ᠋ᠠᠷ ᠪᠣᠳᠠᠲᠠᠶ᠋ᠢᠵᠢᠭᠤᠯᠬᠤ》 ᠪᠣᠯᠤᠨ᠎ᠠ; ᠡᠪᠡᠳᠴᠢᠨ ᠪᠠᠶ᠋ᠢᠴᠠᠭ᠋ᠠᠬᠤ᠂ ᠠᠰᠠᠷᠠᠨ ᠰᠤᠪᠢᠯᠠᠬᠤ᠂ ᠮᠡᠰᠡ ᠵᠠᠰᠠᠯ᠂ ᠬᠢᠲᠠᠳ ᠡᠮᠨᠡᠯᠭᠡ ᠵᠢᠨ ᠲᠦᠷᠦᠯ ᠵᠡᠷᠭᠡ ᠲᠦᠷᠦᠯ ᠵᠦᠢ᠍ᠯ᠎ᠤᠨ ᠦᠨ᠎ᠡ ᠬᠠᠩᠰᠢ ᠵᠢ ᠦᠰᠭᠡᠬᠦ᠎ᠪᠠᠷ ᠳᠠᠮᠵᠢᠨ᠂ ᠵᠠᠷᠢᠮ   ᠲᠣᠮᠤ ᠬᠡᠯᠪᠡᠷᠢ ᠵᠢᠨ ᠲᠦᠬᠦᠬᠡᠷᠦᠮᠵᠢ᠎ᠪᠠᠷ ᠰᠢᠯᠭ᠋ᠠᠨ ᠪᠠᠶ᠋ᠢᠴᠠᠭ᠋ᠠᠬᠤ ᠵᠡᠷᠭᠡ ᠲᠦᠷᠦᠯ ᠵᠦᠢ᠍ᠯ᠎ᠤᠨ ᠦᠨ᠎ᠡ ᠬᠠᠩᠰᠢ ᠵᠢ ᠪᠠᠭᠤᠷᠠᠭᠤᠯᠵᠤ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠠᠳᠠᠯᠢᠳᠬᠠᠯ ᠦᠨ᠎ᠡ ᠵᠢᠨ ᠬᠠᠷᠢᠴᠠᠭ᠎ᠠ ᠵᠢ ᠤᠯᠠᠮ ᠡᠮᠬᠢ ᠵᠠᠮᠪᠠᠷᠠᠭ᠎ᠠ᠎ᠲᠠᠢ ᠪᠣᠯᠭ᠋ᠠᠵᠤ᠂ ᠡᠮᠨᠡᠯᠭᠡ ᠵᠢᠨ ᠠᠵᠢᠯᠳᠠᠨ᠎ᠤ ᠬᠦᠳᠡᠯᠮᠦᠷᠢ ᠦᠢ᠍ᠯᠡᠴᠢᠯᠡᠭᠡ ᠵᠢᠨ ᠦᠷᠲᠡᠭ᠎ᠢ ᠪᠦᠬᠦ ᠲᠠᠯ᠎ᠠ ᠎ᠪᠠᠷ ᠳᠡᠭᠡᠭᠰᠢᠯᠡᠭᠦᠯᠦᠨ᠎ᠡ᠃
      ᠬᠤᠶᠠᠷ᠎ᠲᠤ 《ᠦᠪᠡᠷ᠎ᠤᠨ ᠦᠷᠲᠡᠭ᠎ᠢ ᠨᠦᠬᠦᠪᠦᠷᠢᠯᠡᠬᠦ᠂ ᠬᠤᠷᠤᠭᠳᠠᠯ ᠮᠠᠲ᠋ᠧᠷᠢᠶᠠᠯ᠎ᠢ ᠡᠵᠡᠮᠰᠢᠬᠦ᠂ ᠲᠤᠷᠰᠢᠯᠲᠠ ᠵᠢᠨ ᠴᠢᠭ᠋᠎ᠲᠤ ᠤᠷᠢᠳᠠᠪᠡᠷ ᠬᠡᠷᠡᠭᠯᠡᠬᠦ᠂ ᠬᠥᠳᠡᠯᠦᠩᠭᠦᠶ᠎ᠪᠠᠷ ᠲᠣᠬᠢᠷᠠᠭᠤᠯᠬᠤ》 ᠪᠣᠯᠤᠨ᠎ᠠ᠃ ᠨᠢᠭᠡ ᠪᠦᠯᠦᠭ ᠭᠠᠵᠠᠷ ᠤᠷᠤᠨ᠎ᠳᠤ ᠲᠤᠷᠰᠢᠯᠲᠠ ᠵᠢᠨ ᠴᠢᠭ᠋ ᠦᠷᠨᠢᠭᠦᠯᠬᠦ᠎ᠪᠠᠷ ᠳᠠᠮᠵᠢᠨ᠂ ᠬᠥᠳᠡᠯᠦᠩᠭᠦᠶ᠎ᠪᠠᠷ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠵᠤ᠂ ᠦᠨ᠎ᠡ ᠬᠠᠩᠰᠢ ᠵᠢ ᠲᠣᠭᠲᠠᠭᠤᠨ ᠵᠶ᠋ᠠᠷ ᠰᠢᠯᠵᠢᠭᠦᠯᠵᠦ᠂ ᠳᠠᠷᠠᠭ᠋ᠠᠴᠢ ᠵᠢᠨ ᠠᠯᠬᠤᠮ᠎ᠤᠨ ᠪᠦᠬᠦ ᠲᠠᠯ᠎ᠠ᠎ᠪᠠᠷ ᠬᠡᠷᠡᠭᠵᠢᠭᠦᠯᠬᠦ᠎ᠳᠤ ᠰᠠᠭᠤᠷᠢ ᠲᠠᠯᠪᠢᠵᠤ ᠦᠭᠴᠡᠢ᠃
      ᠪᠣᠳᠠᠲᠠᠢ ᠠᠭᠤᠯᠭ᠎ᠠ᠄ ᠮᠠᠨ᠎ᠤ ᠤᠷᠤᠨ᠎ᠤ 《ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ (2012 ᠬᠡᠪᠯᠡᠯ)》 ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠲᠦᠷᠦᠯ ᠵᠦᠢ᠍ᠯ ᠨᠡᠶ᠋ᠢᠲᠡ ᠠᠷᠪᠠᠨ ᠨᠢᠭᠡᠨ ᠶᠡᠭᠡ ᠲᠦᠷᠦᠯ᠂ 8754 ᠵᠦᠢ᠍ᠯ ᠪᠠᠶ᠋ᠢᠨ᠎ᠠ᠃ ᠶᠡᠷᠦᠩᠬᠡᠶ᠋ᠢᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ 163 ᠵᠦᠢ᠍ᠯ᠂ ᠢᠮᠡᠭᠧ ᠰᠡᠭᠦᠳᠡᠷ᠎ᠤᠨ ᠰᠤᠳᠤᠯᠤᠯ᠎ᠤᠨ ᠣᠨᠣᠰᠢᠯᠠᠯᠲᠠ ᠵᠢᠨ ᠲᠦᠷᠦᠯ 590 ᠵᠦᠢ᠍ᠯ᠂ ᠡᠪᠡᠳᠴᠢᠨ᠎ᠤ ᠣᠨᠣᠰᠢᠯᠠᠯᠲᠠ ᠵᠢᠨ ᠲᠦᠷᠦᠯ 43 ᠵᠦᠢ᠍ᠯ᠂ ᠲᠤᠰᠠᠯᠠᠬᠤ ᠠᠵᠢᠯᠯᠠᠭ᠎ᠠ ᠵᠢᠨ ᠲᠦᠷᠦᠯ 17 ᠵᠦᠢ᠍ᠯ᠂ ᠡᠮᠴᠢᠯᠡᠭᠡ ᠵᠢᠨ ᠮᠡᠰᠡ ᠵᠠᠰᠠᠯ᠎ᠤᠨ ᠲᠦᠷᠦᠯ 4843 ᠵᠦᠢ᠍ᠯ᠂ ᠲᠤᠷᠰᠢᠯᠲᠠ ᠵᠢᠨ ᠳᠠᠰᠤᠭ᠎ᠤᠨ ᠣᠨᠣᠰᠢᠯᠠᠯᠲᠠ ᠵᠢᠨ ᠲᠦᠷᠦᠯ 1104 ᠵᠦᠢ᠍ᠯ᠂ ᠡᠮᠴᠢᠯᠡᠭᠡᠨ᠎ᠤ ᠮᠡᠰᠡ ᠵᠠᠰᠠᠯ᠎ᠤᠨ ᠪᠣᠰᠤ ᠲᠦᠷᠦᠯ 416 ᠵᠦᠢ᠍ᠯ᠂ ᠡᠮᠴᠢᠯᠡᠭᠡᠨ᠎ᠤ ᠣᠨᠣᠰᠢᠯᠠᠯᠲᠠ ᠵᠢᠨ ᠲᠦᠷᠦᠯ 868 ᠵᠦᠢ᠍ᠯ᠂ ᠡᠷᠡᠭᠦᠯᠵᠢᠭᠦᠯᠬᠦ ᠡᠮᠴᠢᠯᠡᠭᠡᠨ᠎ᠤ ᠲᠦᠷᠦᠯ 150 ᠵᠦᠢ᠍ᠯ᠂ ᠡᠮᠴᠢᠯᠡᠭᠡᠨ᠎ᠤ ᠹᠢᠽᠢᠺ᠎ᠤᠨ ᠡᠮᠴᠢᠯᠡᠭᠡ ᠵᠢᠨ ᠲᠦᠷᠦᠯ 233 ᠵᠦᠢ᠍ᠯ᠂ ᠬᠢᠲᠠᠳ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ 327 ᠵᠦᠢ᠍ᠯ᠎ᠢ ᠪᠠᠭᠲᠠᠭ᠋ᠠᠨ᠎ᠠ᠃ ᠡᠭᠦᠨ᠎ᠤ ᠳᠣᠲᠤᠷ᠎ᠠ ᠢᠮᠡᠭᠧ ᠰᠡᠭᠦᠳᠡᠷ᠎ᠤᠨ ᠰᠤᠳᠤᠯᠤᠯ᠎ᠤᠨ ᠣᠨᠣᠰᠢᠯᠠᠯᠲᠠ ᠵᠢᠨ ᠲᠦᠷᠦᠯ᠎ᠤᠨ ᠳᠤᠮᠳᠠᠴᠢ ᠳᠣᠷᠤᠭᠰᠢᠯᠠᠭᠤᠯᠤᠭᠰᠠᠨ ᠬᠡᠮᠵᠢᠶ᠎ᠡ᠎ᠨᠢ 15%᠂ ᠲᠤᠷᠰᠢᠯᠲᠠ ᠵᠢᠨ ᠳᠠᠰᠤᠭ᠎ᠤᠨ ᠣᠨᠣᠰᠢᠯᠠᠯᠲᠠ ᠵᠢᠨ ᠲᠦᠷᠦᠯ᠎ᠤᠨ ᠳᠤᠮᠳᠠᠴᠢ ᠳᠣᠷᠤᠭᠰᠢᠯᠠᠭᠤᠯᠤᠭᠰᠠᠨ ᠬᠡᠮᠵᠢᠶ᠎ᠡ᠎ᠨᠢ 10%᠂ ᠶᠡᠷᠦᠩᠬᠡᠶ᠋ᠢᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 70%᠂ ᠡᠮᠴᠢᠯᠡᠭᠡ ᠵᠢᠨ ᠮᠡᠰᠡ ᠵᠠᠰᠠᠯ᠎ᠤᠨ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 60%᠂ ᠡᠮᠴᠢᠯᠡᠭᠡᠨ᠎ᠤ ᠮᠡᠰᠡ ᠵᠠᠰᠠᠯ᠎ᠤᠨ ᠪᠣᠰᠤ ᠲᠦᠷᠦᠯ᠂ ᠡᠮᠴᠢᠯᠡᠭᠡᠨ᠎ᠤ ᠣᠨᠣᠰᠢᠯᠠᠯᠲᠠ ᠵᠢᠨ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 20%᠂ ᠡᠮᠴᠢᠯᠡᠭᠡᠨ᠎ᠤ ᠹᠢᠽᠢᠺ᠎ᠤᠨ ᠡᠮᠴᠢᠯᠡᠭᠡ ᠵᠢᠨ ᠲᠦᠷᠦᠯ᠂ ᠡᠷᠡᠭᠦᠯᠵᠢᠭᠦᠯᠬᠦ ᠡᠮᠴᠢᠯᠡᠭᠡᠨ᠎ᠤ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 30%᠂ ᠬᠢᠲᠠᠳ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 50% ᠪᠣᠯᠤᠨ᠎ᠠ᠃ ᠰᠢᠨ᠎ᠡ   ᠊ᠡᠮᠡᠭᠳᠡᠭᠰᠡᠨ ᠲᠦᠷᠦᠯ 508 ᠵᠦᠢ᠍ᠯ᠂ ᠵᠡᠷᠭᠡᠴᠡᠭᠡ ᠰᠢᠯᠵᠢᠯᠲᠡ ᠵᠢᠨ ᠲᠦᠷᠦᠯ 657 ᠵᠦᠢ᠍ᠯ ᠪᠠᠶ᠋ᠢᠨ᠎ᠠ᠃
      ᠬᠦᠲᠦᠯᠦᠭᠴᠢ᠄ ᠰᠢᠨ᠎ᠡ ᠬᠡᠪᠯᠡᠭᠰᠡᠨ ᠦᠨ᠎ᠡ ᠬᠠᠩᠰᠢ ᠵᠢᠨ ᠭᠠᠷᠴᠠᠭ ᠳᠣᠲᠤᠷ᠎ᠠ ᠶᠡᠷᠦᠩᠬᠡᠶ᠋ᠢᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 70% ᠪᠠᠶ᠋ᠢᠵᠤ᠂ ᠡᠮᠴᠢᠯᠡᠭᠡ ᠵᠢᠨ ᠮᠡᠰᠡ ᠵᠠᠰᠠᠯ᠎ᠤᠨ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 60%᠂ ᠲᠤᠮᠤ ᠬᠡᠯᠪᠡᠷᠢ ᠵᠢᠨ ᠲᠥᠬᠦᠭᠡᠷᠦᠮᠵᠢ᠎ᠪᠠᠷ ᠪᠠᠶ᠋ᠢᠴᠠᠭ᠋ᠠᠬᠤ᠂ ᠰᠢᠯᠭ᠋ᠠᠨ ᠪᠠᠶ᠋ᠢᠴᠠᠭ᠋ᠠᠬᠤ ᠵᠢᠨ ᠳᠣᠷᠤᠭᠰᠢᠯᠠᠭᠤᠯᠤᠭᠰᠠᠨ ᠬᠡᠮᠵᠢᠶ᠎ᠡ᠎ᠨᠢ ᠲᠤᠰᠪᠦᠷᠢ 15% ᠪᠠ 10% ᠪᠣᠯᠤᠨ᠎ᠠ᠂ ᠡᠳᠡᠭᠡᠷ ᠲᠣᠬᠢᠷᠠᠭᠤᠯᠤᠯᠲᠠ ᠵᠢᠨ ᠬᠡᠮᠵᠢᠶ᠎ᠡ ᠵᠢ ᠶᠠᠭᠤ᠎ᠪᠠᠷ ᠦᠨᠳᠦᠰᠦ ᠪᠠᠷᠢᠮᠳᠠ ᠪᠣᠯᠭ᠋ᠠᠨ ᠲᠣᠭᠲᠠᠭ᠋ᠠᠭᠰᠠᠨ ᠪᠣᠢ? ᠲᠤᠭ᠎ᠠ ᠪᠠᠷᠢᠮᠳᠠ᠎ᠠᠴᠠ ᠦᠵᠡᠪᠡᠯ᠂ ᠳᠡᠭᠡᠭᠰᠢᠯᠡᠯᠲᠡ᠎ᠨᠢ ᠳᠣᠷᠤᠭᠰᠢᠯᠠᠭᠤᠯᠤᠭᠰᠠᠨ ᠵᠦᠢ᠍ᠯ᠎ᠠᠴᠠ ᠠᠷᠪᠢᠨ ᠪᠠᠶ᠋ᠢᠨ᠎ᠠ᠃
      ᠸᠠᠩ ᠵᠢᠨ ᠪᠣᠤ᠄ ᠶᠡᠷᠦᠩᠬᠡᠶ᠋ᠢᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠨᠢ ᠤᠯᠠᠨ ᠰᠠᠯᠠᠭ᠎ᠠ ᠲᠠᠰᠤᠭ᠎ᠤᠨ ᠬᠠᠮᠲᠤᠪᠡᠷ ᠬᠡᠷᠡᠭᠯᠡᠬᠦ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠲᠦᠷᠦᠯ ᠵᠦᠢ᠍ᠯ᠎ᠢ ᠬᠡᠯᠡᠨ᠎ᠡ᠂ ᠭᠤᠣᠯ᠎ᠨᠢ ᠡᠭᠦᠳᠡᠨ ᠡᠮᠨᠡᠯᠭᠡ ᠵᠢᠨ ᠡᠪᠡᠳᠴᠢᠨ ᠪᠠᠶ᠋ᠢᠴᠠᠭ᠋ᠠᠬᠤ᠂ ᠣᠷᠣ᠂ ᠵᠡᠭᠦᠦ ᠲᠠᠷᠢᠯᠭ᠎ᠠ᠂ ᠤᠰᠦᠠ ᠡᠮ ᠶᠡᠭᠦᠯᠡᠬᠦ᠂ ᠡᠮ ᠰᠣᠯᠢᠬᠤ ᠵᠡᠷᠭᠡ ᠵᠢ ᠪᠠᠭᠲᠠᠭ᠋ᠠᠵᠤ᠂ ᠭᠤᠣᠯᠳᠠᠭᠤ ᠡᠮᠴᠢ ᠪᠠ ᠰᠤᠪᠢᠯᠠᠭᠴᠢ ᠵᠢᠨ ᠬᠥᠳᠡᠯᠮᠦᠷᠢ ᠦᠢ᠍ᠯᠡᠴᠢᠯᠡᠭᠡᠨ᠎ᠤ ᠮᠡᠷᠭᠡᠵᠢᠯ᠎ᠤᠨ ᠦᠨ᠎ᠡ ᠦᠷᠲᠡᠭ᠎ᠢ ᠢᠯᠡᠷᠡᠭᠦᠯᠦᠨ᠎ᠡ᠃ ᠶᠡᠷᠦᠩᠬᠡᠶ᠋ᠢᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ᠎ᠤᠨ ᠦᠨ᠎ᠡ ᠬᠠᠩᠰᠢ ᠵᠢᠨ ᠳᠡᠭᠡᠭᠰᠢᠯᠡᠭᠰᠡᠨ ᠬᠡᠮᠵᠢᠶ᠎ᠡ᠎ᠨᠢ 70% ᠪᠠᠶ᠋ᠢᠵᠤ᠂ ᠰᠢᠯᠵᠢᠯᠲᠡ ᠵᠢᠨ ᠬᠡᠮᠵᠢᠶ᠎ᠡ᠎ᠨᠢ ᠨᠡᠯᠢᠶᠡᠳ ᠶᠡᠭᠡ ᠪᠠᠶ᠋ᠢᠬᠤ ᠵᠢᠨ ᠭᠤᠣᠯ ᠰᠢᠯᠲᠠᠭ᠋ᠠᠨ᠎ᠨᠢ ᠡᠭᠦᠳᠡᠨ ᠡᠮᠨᠡᠯᠭᠡ ᠵᠢᠨ ᠡᠪᠡᠳᠴᠢᠨ ᠪᠠᠶ᠋ᠢᠴᠠᠭ᠋ᠠᠯᠭ᠋ᠠᠬᠤ ᠵᠠᠷᠤᠳᠠᠯ᠎ᠢ ᠳᠡᠭᠡᠭᠰᠢᠯᠡᠭᠦᠯᠦᠭᠰᠡᠨ᠎ᠳᠤ ᠣᠷᠤᠰᠢᠨ᠎ᠠ᠃ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠤᠷᠢᠶ᠎ᠠ ᠵᠢᠨ ᠡᠭᠦᠳᠡᠨ ᠡᠮᠨᠡᠯᠭᠡ ᠵᠢᠨ ᠡᠪᠡᠳᠴᠢᠨ ᠪᠠᠶ᠋ᠢᠴᠠᠭ᠋ᠠᠯᠭ᠋ᠠᠬᠤ ᠵᠠᠷᠤᠳᠠᠯ 2 ᠲᠦᠭᠦᠷᠢᠭ ᠪᠠᠶ᠋ᠢᠭᠰᠠᠨ᠎ᠠᠴᠠ 5 ᠲᠦᠭᠦᠷᠢᠭ ᠪᠣᠯᠭ᠋ᠠᠨ ᠲᠣᠬᠢᠷᠠᠭᠤᠯᠵᠦ᠂ ᠳᠡᠳ᠋ ᠡᠷᠬᠢᠯᠡᠬᠦ ᠡᠮᠴᠢ ᠵᠢᠨ ᠡᠭᠦᠳᠡᠨ ᠡᠮᠨᠡᠯᠭᠡ ᠵᠢᠨ ᠡᠪᠡᠳᠴᠢᠨ ᠪᠠᠶ᠋ᠢᠴᠠᠯᠭ᠋ᠠᠬᠤ ᠵᠠᠷᠤᠳᠠᠯ 3 ᠲᠦᠭᠦᠷᠢᠭ ᠪᠠᠶ᠋ᠢᠭᠰᠠᠨ᠎ᠠᠴᠠ 10 ᠲᠦᠭᠦᠷᠢᠭ ᠪᠣᠯᠭ᠋ᠠᠨ ᠲᠣᠬᠢᠷᠠᠭᠤᠯᠵᠤ᠂ ᠡᠷᠬᠢᠯᠡᠬᠦ ᠡᠮᠴᠢ ᠵᠢᠨ ᠡᠭᠦᠳᠡᠨ ᠡᠮᠨᠡᠯᠭᠡ ᠵᠢᠨ ᠡᠪᠡᠳᠴᠢᠨ ᠪᠠᠶ᠋ᠢᠯᠭ᠋ᠠᠬᠤ ᠵᠠᠷᠤᠳᠠᠯ 4 ᠲᠦᠭᠦᠷᠢᠭ ᠪᠠᠶ᠋ᠢᠭᠰᠠᠨ᠎ᠠᠴᠠ 15 ᠲᠦᠭᠦᠷᠢᠭ ᠪᠣᠯᠭ᠋ᠠᠨ ᠲᠣᠬᠢᠷᠠᠭᠤᠯᠵᠤ᠂ ᠨᠡᠷᠡᠲᠦ ᠲᠤᠰᠬᠠᠢ ᠮᠡᠷᠭᠡᠵᠢᠯᠲᠡᠨ᠎ᠤ ᠡᠭᠦᠳᠡᠨ ᠡᠮᠨᠡᠯᠭᠡ ᠵᠢᠨ ᠡᠪᠡᠳᠴᠢᠨ ᠪᠠᠶ᠋ᠢᠴᠠᠯᠭ᠋ᠠᠬᠤ ᠵᠠᠷᠤᠳᠠᠯ 15 ᠲᠦᠭᠦᠷᠢᠭ ᠪᠠᠶ᠋ᠢᠭᠰᠠᠨ᠎ᠠᠴᠠ 20 — 30 ᠲᠦᠭᠦᠷᠢᠭ ᠪᠣᠯᠭ᠋ᠠᠨ ᠲᠣᠬᠢᠷᠠᠭᠤᠯᠵᠤ᠂ ᠳ᠋ᠤᠭ᠋ᠠᠷᠯᠠᠬᠤ ᠵᠠᠷᠤᠳᠠᠯ᠎ᠢ ᠬᠦᠴᠦᠨ ᠦᠭᠡᠢ ᠪᠣᠯᠭ᠋ᠠᠪᠠ᠃ ᠡᠭᠦᠨ᠎ᠤ ᠬᠠᠮᠲᠤ ᠳᠦᠭᠦᠮ ᠡᠭᠦᠳᠡᠨ ᠡᠮᠨᠡᠯᠭᠡ ᠵᠢᠨ ᠵᠠᠷᠤᠳᠠᠯ᠎ᠢ ᠦᠯᠡᠳᠡᠭᠡᠨ᠂ ᠬᠡᠷᠪᠡ ᠵᠦᠪᠬᠡᠨ ᠡᠮ ᠠᠪᠤᠪᠠᠯ᠂ 1 ᠲᠦᠭᠦᠷᠢᠭ᠎ᠤᠨ ᠳᠦᠭᠦᠮ ᠡᠭᠦᠳᠡᠨ ᠡᠮᠨᠡᠯᠭᠡ ᠵᠢᠨ ᠵᠠᠷᠤᠳᠠᠯ ᠲᠤᠰᠢᠶᠠᠭᠰᠠᠭ᠋ᠠᠷ ᠪᠣᠯᠴᠢᠬᠠᠨ᠎ᠠ᠃ ᠡᠶ᠋ᠢᠮᠦᠷᠬᠦ ᠲᠣᠬᠢᠷᠠᠭᠤᠯᠤᠯᠲᠠ᠎ᠨᠢ ᠭᠤᠣᠯᠳᠠᠭᠤ ᠡᠮ ᠡᠮᠨᠡᠯᠭᠡ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠷᠲᠡᠭ᠎ᠢ ᠭᠦᠢ᠍ᠴᠡᠳ ᠢᠯᠡᠷᠡᠭᠦᠯᠵᠤ᠂ ᠡᠮ ᠡᠮᠨᠡᠯᠭᠡ ᠵᠢᠨ ᠮᠡᠷᠭᠡᠵᠢᠯᠲᠡᠨ᠎ᠤ ᠢᠳᠡᠪᠬᠢᠵᠢᠯ᠎ᠢ ᠳᠠᠶ᠋ᠢᠴᠢᠯᠠᠬᠤ ᠵᠢ ᠪᠣᠳᠤᠯᠬᠢᠯᠠᠪᠠ; ᠡᠭᠦᠨ᠎ᠤ ᠬᠠᠮᠲᠤ᠂ ᠣᠨᠣᠰᠢᠯᠠᠨ ᠡᠮᠨᠡᠬᠦ ᠵᠠᠷᠤᠳᠠᠯ᠎ᠤᠨ ᠪᠠᠷᠢᠮᠵᠢᠶ᠎ᠠ ᠵᠢ ᠳᠡᠭᠡᠭᠰᠢᠯᠡᠭᠦᠯᠬᠦ᠎ᠨᠢ ᠮᠦᠨ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ᠎ᠢ ᠪᠠᠶ᠋ᠢᠭᠤᠯᠬᠤ᠎ᠳᠤ ᠠᠰᠢᠭᠲᠠᠢ ᠪᠠᠶ᠋ᠢᠵᠤ᠂ ᠡᠪᠡᠳᠴᠢᠲᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠰᠠᠯᠭ᠋ᠠᠨ ᠡᠮᠴᠢᠯᠡᠭᠦᠯᠦᠨ᠎ᠡ᠃ ᠡᠮᠴᠢᠯᠡᠭᠡ ᠵᠢᠨ ᠮᠡᠰᠡ ᠵᠠᠰᠠᠯ᠎ᠤᠨ ᠵᠠᠷᠤᠳᠠᠯ ᠭᠡᠳᠡᠭ ᠪᠣᠯ ᠮᠡᠰᠡ ᠵᠠᠰᠠᠯ᠎ᠤᠨ ᠠᠵᠢᠯᠯᠠᠭ᠎ᠠ ᠵᠢᠨ ᠵᠠᠷᠤᠳᠠᠯ᠎ᠢ ᠵᠢᠭ᠋ᠠᠵᠤ ᠪᠣᠢ᠂ ᠡᠮᠴᠢ ᠵᠢᠨ ᠴᠣᠯᠤ ᠮᠡᠷᠭᠡᠵᠢᠯ᠎ᠤᠨ ᠦᠨ᠎ᠡ ᠦᠷᠲᠡᠭ᠎ᠤᠨ ᠢᠯᠡᠷᠡᠯ ᠪᠣᠯᠤᠨ᠎ᠠ᠃ 60%᠎ᠪᠠᠷ ᠳᠡᠭᠡᠭᠰᠢᠯᠡᠭᠦᠯᠦᠭᠰᠡᠨ᠎ᠤ ᠭᠤᠣᠯ ᠰᠢᠯᠲᠠᠭ᠋ᠠᠨ ᠪᠣᠯ ᠮᠠᠨ᠎ᠤ ᠤᠷᠤᠨ᠎ᠤ 2004 ᠣᠨ᠎ᠳᠤ ᠬᠡᠪᠯᠡᠭᠰᠡᠨ ᠮᠡᠰᠡ ᠵᠠᠰᠠᠯ᠎ᠤᠨ ᠵᠠᠷᠤᠳᠠᠯ᠎ᠨᠢ ᠨᠡᠯᠢᠶᠡᠳ ᠳᠣᠣᠷ᠎ᠠ ᠪᠠᠶ᠋ᠢᠵᠤ᠂ ᠪᠦᠬᠦ ᠤᠯᠤᠰ᠎ᠤᠨ ᠳᠤᠮᠳᠠᠴᠢ ᠲᠥᠪᠰᠢᠨ᠎ᠠᠴᠠ ᠳᠣᠣᠷ᠎ᠠ ᠪᠠᠶ᠋ᠢᠳᠠᠭ᠃ ᠵᠢᠱ᠌ᠢᠶᠡᠯᠡᠪᠡᠯ ᠮᠤᠬᠤᠷ ᠣᠯᠣᠭ᠋ᠠᠶ ᠵᠢ ᠣᠭᠲᠣᠯᠵᠤ ᠠᠪᠬᠤ ᠵᠠᠰᠠᠯ᠎ᠤᠨ ᠣᠳᠣᠬᠢ ᠬᠡᠷᠡᠭᠵᠢᠭᠦᠯᠵᠦ ᠪᠠᠶ᠋ᠢᠭ᠎ᠠ ᠤᠳᠠᠭ᠎ᠠ ᠪᠦᠷᠢ 270 ᠲᠦᠭᠦᠷᠢᠭ᠂ ᠭᠡᠲᠡᠯ᠎ᠡ ᠪᠦᠬᠦ ᠤᠯᠤᠰ᠎ᠤᠨ ᠳᠤᠮᠳᠠᠴᠢ ᠦᠨ᠎ᠡ᠎ᠨᠢ 500 ᠭᠠᠷᠤᠢ ᠲᠦᠭᠦᠷᠢᠭ ᠪᠣᠯᠤᠨ᠎ᠠ᠃ ᠨᠢᠭᠡᠨ ᠤᠳᠠᠭ᠎ᠠ ᠵᠢᠨ ᠮᠤᠬᠤᠷ ᠣᠯᠤᠭ᠋ᠠᠢ ᠵᠢᠨ ᠮᠡᠰᠡ ᠵᠠᠰᠠᠯ᠎ᠳᠤ ᠣᠷᠤᠯᠴᠠᠬᠤ ᠡᠮᠴᠢ ᠰᠣᠪᠢᠯᠠᠭᠴᠢ᠎ᠨᠢ 3 — 4 ᠬᠦᠮᠦᠨ᠂ 1.5᠎ᠠᠴᠠ 2 ᠴᠠᠭ᠎ᠤᠨ ᠬᠤᠭᠤᠴᠠᠭ᠎ᠠ ᠵᠠᠷᠤᠴᠠᠭᠤᠯᠤᠭ᠋ᠠᠳ᠂ ᠵᠦᠪᠬᠡᠨ 270 ᠲᠦᠭᠦᠷᠢᠭ᠎ᠤᠨ ᠵᠠᠷᠤᠳᠠᠯ ᠬᠤᠷᠢᠶᠠᠬᠤ᠎ᠨᠢ᠂ ᠦᠨ᠎ᠡ ᠦᠷᠲᠡᠭ᠎ᠠᠴᠠ ᠬᠡᠳᠦ ᠬᠤᠯᠠᠳᠠᠨ᠎ᠠ᠃ ᠡᠶ᠋ᠢᠮᠦ᠎ᠠᠴᠠ ᠪᠢᠳᠡ ᠮᠡᠰᠡ ᠵᠠᠰᠠᠯ᠎ᠤᠨ ᠵᠠᠷᠤᠳᠠᠯ ᠵᠡᠷᠭᠡ᠂ ᠦᠨ᠎ᠡ ᠬᠠᠩᠰᠢ᠎ᠨᠢ ᠦᠨᠡᠬᠡᠷ ᠳᠣᠣᠷ᠎ᠠ ᠪᠠᠶ᠋ᠢᠬᠤ ᠲᠦᠷᠦᠯ ᠵᠦᠢ᠍ᠯ᠎ᠤᠨ ᠦᠨ᠎ᠡ ᠬᠠᠩᠰᠢ ᠎ᠳᠤ ᠶᠡᠭᠡ ᠬᠡᠮᠵᠢᠶᠡᠨ᠎ᠤ ᠲᠣᠬᠢᠷᠠᠭᠤᠯᠤᠯᠲᠠ ᠬᠢᠪᠡ᠂ ᠳᠠᠷᠤᠢ ᠡᠮᠨᠡᠯᠭᠡ ᠵᠢᠨ ᠠᠵᠢᠯᠲᠠᠳ᠎ᠤᠨ ᠬᠦᠳᠡᠯᠮᠦᠷᠢ ᠦᠢ᠍ᠯᠡᠴᠢᠯᠡᠭᠡᠨ᠎ᠤ ᠮᠡᠷᠭᠡᠵᠢᠯ᠎ᠤᠨ ᠦᠨ᠎ᠡ ᠦᠷᠲᠡᠭ᠎ᠢ ᠨᠡᠩ ᠰᠠᠶ᠋ᠢᠨ ᠬᠠᠷᠠᠭᠤᠯᠵᠤ᠂ ᠡᠮᠨᠡᠯᠭᠡ ᠵᠢᠨ ᠠᠵᠢᠯᠲᠠᠳ᠎ᠢ ᠨᠡᠩ ᠰᠠᠶ᠋ᠢᠨ ᠰᠡᠳᠭᠢᠯ ᠲᠦᠪᠯᠡᠷᠡᠭᠦᠯᠦᠨ ᠡᠪᠡᠳᠴᠢᠲᠡᠨ᠎ᠳᠤ ᠦᠢ᠍ᠯᠡᠴᠢᠯᠡᠭᠦᠯᠦᠨ᠎ᠡ᠃
      ᠸᠠᠩ ᠵᠢᠨ ᠪᠤᠣ᠄
      ᠮᠠᠨ᠎ᠤ ᠲᠣᠬᠢᠷᠠᠭᠤᠯᠤᠯᠲᠠ ᠳᠤᠮᠳᠠᠬᠢ ᠳᠣᠷᠤᠭᠰᠢᠯᠠᠭᠤᠯᠤᠭᠰᠠᠨ ᠬᠡᠰᠡᠭ᠎ᠨᠢ᠂ ᠵᠢᠱ᠌ᠢᠶᠡᠯᠡᠪᠡᠯ ᠢᠮᠡᠭᠧ ᠰᠡᠭᠦᠳᠡᠷ᠎ᠤᠨ ᠲᠦᠷᠦᠯ᠎ᠤᠨ ᠪᠠᠶ᠋ᠢᠴᠠᠭ᠋ᠠᠯᠲᠠ (ᠲᠣᠮᠣ ᠬᠡᠯᠪᠡᠷᠢ ᠵᠢᠨ ᠲᠥᠬᠦᠭᠡᠷᠦᠮᠵᠢ ᠵᠢᠨ ᠰᠣᠷᠢᠨᠵᠢᠨ᠂ CT ᠪᠠᠶ᠋ᠢᠴᠠᠭ᠋ᠠᠯᠲᠠ ᠪᠠ ᠪᠤᠳᠤᠭᠲᠤ ᠳ᠋ᠣᠫᠯᠧᠷ ᠪᠠᠶ᠋ᠢᠴᠠᠭ᠋ᠠᠯᠲᠠ ᠵᠢ ᠪᠠᠭᠲᠠᠭ᠋ᠠᠨ᠎ᠠ) ᠵᠢᠨ ᠤᠳᠠᠭ᠎ᠠ ᠪᠦᠷᠢ ᠳᠤᠮᠳᠠᠴᠢ᠎ᠪᠠᠷ 15% ᠵᠢᠨ ᠬᠡᠮᠵᠢᠶ᠎ᠡ᠎ᠪᠠᠷ ᠳᠣᠷᠤᠭᠰᠢᠯᠠᠭᠤᠯᠵᠤ᠂ ᠰᠣᠷᠢᠨᠵᠢᠨ ᠪᠠᠶ᠋ᠢᠴᠠᠭ᠋ᠠᠯᠲᠠ᠎ᠨᠢ 950 ᠲᠦᠭᠦᠷᠢᠭ ᠪᠠᠶ᠋ᠢᠭᠰᠠᠨ᠎ᠢ ᠳᠣᠷᠤᠭᠰᠢᠯᠠᠭᠤᠯᠤᠭ᠋ᠠᠳ 750 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 21% ᠪᠣᠯᠤᠨ᠎ᠠ; ᠲᠣᠯᠤᠭ᠋ᠠᠢ ᠵᠢᠨ ᠬᠡᠰᠡᠭ᠎ᠤᠨ CT ᠪᠠᠶ᠋ᠢᠴᠠᠭ᠋ᠠᠯᠲᠠ᠎ᠨᠢ 320 ᠲᠦᠭᠦᠷᠢᠭ ᠪᠠᠶ᠋ᠢᠭᠰᠠᠨ᠎ᠢ ᠳᠣᠷᠤᠭᠰᠢᠯᠠᠭᠤᠯᠤᠭ᠋ᠠᠳ 260 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 18% ᠪᠣᠯᠤᠨ᠎ᠠ; ᠪᠤᠳᠤᠭᠲᠤ ᠳ᠋ᠣᠫᠯᠧᠷ ᠬᠡᠪ᠎ᠤᠨ ᠪᠠᠶ᠋ᠢᠴᠠᠭ᠋ᠠᠯᠲᠠ᠎ᠨᠢ 120 ᠲᠦᠭᠦᠷᠢᠭ ᠪᠠᠶ᠋ᠢᠭᠰᠠᠨ᠎ᠢ ᠳᠣᠷᠤᠭᠰᠢᠯᠠᠭᠤᠯᠤᠭ᠋ᠠᠳ 110 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 8% ᠪᠣᠯᠤᠨ᠎ᠠ᠃ ᠵᠢᠱ᠌ᠢᠶᠡᠯᠡᠪᠡᠯ ᠰᠢᠯᠭ᠋ᠠᠨ ᠪᠠᠶ᠋ᠢᠴᠠᠭ᠋ᠠᠬᠤ ᠲᠦᠷᠦᠯ ᠵᠦᠢ᠍ᠯ᠎ᠤᠨ ᠳᠤᠮᠳᠠᠴᠢ ᠳᠣᠷᠤᠭᠰᠢᠯᠠᠭᠤᠯᠤᠭᠰᠠᠨ ᠬᠡᠮᠵᠢᠶ᠎ᠡ᠎ᠨᠢ 10% ᠪᠠᠶ᠋ᠢᠵᠤ᠂ ᠦᠷᠭᠦᠯᠵᠢ ᠬᠡᠷᠡᠭᠯᠡᠳᠡᠭ ᠬᠠᠯᠳᠠᠪᠤᠷᠢᠲᠤ ᠵᠢᠨ ᠳᠥᠷᠪᠡᠨ ᠵᠦᠢ᠍ᠯ᠎ᠨᠢ 320 ᠲᠦᠭᠦᠷᠢᠭ ᠪᠠᠶ᠋ᠢᠭᠰᠠᠨ᠎ᠢ ᠳᠣᠷᠤᠭᠰᠢᠯᠠᠭᠤᠯᠤᠭ᠋ᠠᠳ 270 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 15.6% ᠪᠣᠯᠤᠨ᠎ᠠ᠂ ᠴᠢᠰᠤ ᠪᠠᠶ᠋ᠢᠴᠠᠭ᠋ᠠᠬᠤ ᠬᠡᠪ᠎ᠤᠨ ᠭᠤᠷᠪᠠᠨ ᠲᠦᠷᠦᠯ᠎ᠤᠨ ᠪᠠᠶ᠋ᠢᠴᠠᠭ᠋ᠠᠯᠲᠠ᠎ᠨᠢ 18 ᠲᠦᠭᠦᠷᠢᠭ ᠪᠠᠶ᠋ᠢᠭᠰᠠᠨ᠎ᠢ ᠳᠣᠷᠤᠭᠰᠢᠯᠠᠭᠤᠯᠤᠭ᠋ᠠᠳ 15 ᠲᠦᠭᠦᠷᠢᠭ ᠪᠣᠯᠭ᠋ᠠᠵᠤ᠂ ᠲᠠᠪᠤᠨ ᠲᠦᠷᠦᠯ᠎ᠤᠨ ᠪᠠᠶ᠋ᠢᠴᠠᠭ᠋ᠠᠯᠲᠠ᠎ᠨᠢ 30 ᠲᠦᠭᠦᠷᠢᠭ ᠪᠠᠶ᠋ᠢᠭᠰᠠᠨ᠎ᠢ ᠳᠣᠷᠤᠭᠰᠢᠯᠠᠭᠤᠯᠤᠭ᠋ᠠᠳ 25 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 16.6% ᠪᠣᠯᠤᠨ᠎ᠠ᠂ ᠡᠯ᠎ᠡ ᠲᠦᠷᠦᠯ᠎ᠤᠨ ᠰᠢᠬᠢᠷ᠎ᠤᠨ ᠲᠦᠷᠦᠯ᠎ᠤᠨ ᠥᠳᠥᠭᠡᠭᠴᠢ ᠵᠢᠨ ᠬᠡᠮᠵᠢᠯᠲᠡ᠎ᠨᠢ 95 ᠲᠦᠭᠦᠷᠢᠭ ᠪᠠᠶ᠋ᠢᠭᠰᠠᠨ᠎ᠢ ᠳᠣᠷᠤᠭᠰᠢᠯᠠᠭᠤᠯᠤᠭ᠋ᠠᠳ 90 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 5.2% ᠪᠣᠯᠤᠨ᠎ᠠ᠃ ᠬᠡᠳᠦᠶ᠋ᠢᠪᠡᠷ ᠶᠡᠷᠦᠩᠬᠡᠶ᠋ᠢᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠪᠠ ᠮᠡᠰᠡ ᠵᠠᠰᠠᠯ᠎ᠤᠨ ᠲᠦᠷᠦᠯ᠎ᠤᠨ ᠳᠡᠭᠡᠭᠰᠢᠯᠡᠭᠦᠯᠦᠭᠰᠡᠨ ᠬᠡᠮᠵᠢᠶ᠎ᠡ᠎ᠨᠢ ᠶᠡᠭᠡ ᠪᠣᠯᠪᠠᠴᠤ᠂ ᠣᠷᠤᠯᠭ᠎ᠠ ᠵᠢᠨ ᠶᠡᠷᠦᠩᠬᠡᠢ ᠬᠡᠮᠵᠢᠶ᠎ᠡ᠎ᠨᠢ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠣᠷᠤᠯᠭ᠎ᠠ ᠵᠢᠨ ᠶᠡᠷᠦᠩᠬᠡᠢ ᠬᠡᠮᠵᠢᠶᠡᠨ᠎ᠤ 8.1% ᠪᠠ 3.5% ᠡᠵᠡᠯᠡᠵᠦ᠂ ᠢᠮᠡᠭᠧ ᠰᠡᠭᠦᠳᠡᠷ᠎ᠤᠨ ᠪᠠᠶ᠋ᠢᠴᠠᠭ᠋ᠠᠬᠤ ᠲᠦᠷᠦᠯ ᠪᠠ ᠰᠢᠯᠭ᠋ᠠᠨ ᠪᠠᠶ᠋ᠢᠴᠠᠭ᠋ᠠᠬᠤ ᠲᠦᠷᠦᠯ᠎ᠤᠨ ᠳᠣᠷᠤᠭᠰᠢᠯᠠᠭᠤᠯᠤᠭᠰᠠᠨ ᠬᠡᠮᠵᠢᠶ᠎ᠡ᠎ᠨᠢ ᠨᠡᠯᠢᠶᠡᠳ ᠪᠠᠭ᠎ᠠ᠂ ᠭᠡᠪᠡᠴᠦ ᠣᠷᠤᠯᠭ᠎ᠠ ᠵᠢᠨ ᠶᠡᠷᠦᠩᠬᠡᠢ ᠬᠡᠮᠵᠢᠶ᠎ᠡ᠎ᠨᠢ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠣᠷᠤᠯᠭ᠎ᠠ ᠵᠢᠨ ᠶᠡᠷᠦᠩᠬᠡᠢ ᠬᠡᠮᠵᠢᠶᠡᠨ᠎ᠤ 13.29% ᠪᠠ 11.15% ᠵᠢ ᠡᠵᠡᠯᠡᠬᠦ ᠮᠦᠷᠲᠡᠭᠡᠨ ᠢᠮᠡᠭᠧ ᠰᠡᠭᠦᠳᠡᠷ᠎ᠤᠨ ᠪᠠᠶ᠋ᠢᠴᠠᠭ᠋ᠠᠬᠤ ᠲᠦᠷᠦᠯ ᠪᠠ ᠰᠢᠯᠭ᠋ᠠᠨ ᠪᠠᠶ᠋ᠢᠴᠠᠭ᠋ᠠᠬᠤ ᠲᠦᠷᠦᠯ ᠵᠦᠢ᠍ᠯ᠎ᠨᠢ ᠪᠠᠷᠤᠭ ᠯᠠ ᠡᠭᠦᠳᠡᠨ ᠡᠮᠨᠡᠯᠭᠡ ᠪᠠ ᠡᠮᠨᠡᠯᠭᠡ᠎ᠳᠤ ᠰᠠᠭᠤᠬᠤ ᠡᠪᠡᠳᠴᠢᠲᠡᠨ ᠨᠢᠭᠡᠪᠦᠷᠢ᠎ᠳᠤ ᠬᠤᠯᠪᠣᠭᠳᠠᠬᠤ ᠲᠦᠷᠦᠯ ᠵᠦᠢ᠍ᠯ ᠮᠦᠨ᠂ ᠬᠠᠷᠢᠨ ᠮᠡᠰᠡ ᠵᠠᠰᠠᠯ᠎ᠤᠨ ᠲᠦᠷᠦᠯ᠎ᠤᠨ ᠡᠮᠴᠢᠯᠡᠭᠡ ᠪᠣᠯ ᠨᠢᠭᠡ ᠬᠡᠰᠡᠭ ᠡᠪᠡᠳᠴᠢᠲᠡᠨ᠎ᠳᠤ ᠬᠤᠯᠪᠤᠭᠳᠠᠬᠤ ᠲᠦᠷᠦᠯ ᠵᠦᠢ᠍ᠯ ᠮᠦᠨ᠂ ᠡᠶ᠋ᠢᠮᠦ᠎ᠠᠴᠠ ᠨᠡᠮᠡᠵᠦ ᠬᠠᠰᠤᠭᠰᠠᠨ ᠬᠡᠮᠵᠢᠶ᠎ᠡ᠎ᠨᠢ ᠶᠡᠷᠦᠩᠬᠡᠢ᠎ᠳᠡᠭᠡᠨ ᠲᠡᠩᠴᠡᠭᠦᠷᠢᠲᠡᠢ ᠪᠣᠯᠤᠨ᠎ᠠ᠃
      ᠸᠠᠩ ᠵᠢᠨ ᠪᠣᠣ᠄
      ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠬᠦᠴᠦᠨ ᠦᠭᠡᠶ ᠪᠣᠯᠭ᠋ᠠᠬᠤ ᠵᠣᠷᠢᠯᠭ᠎ᠠ ᠪᠣᠯ ᠡᠮ᠎ᠤᠨ ᠣᠷᠣᠯᠭ᠎ᠠ᠎ᠪᠠᠷ ᠡᠮᠨᠡᠯᠭᠡ ᠵᠢᠨ ᠬᠤᠷᠢᠶ᠎ᠠ ᠵᠢ ᠲᠡᠵᠢᠭᠡᠬᠦ ᠲᠣᠭᠲᠠᠴᠠ ᠵᠢ ᠡᠪᠳᠡᠵᠦ᠂ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡᠨ᠎ᠤ ᠴᠢᠳᠠᠮᠵᠢ ᠵᠢ ᠰᠡᠷᠭᠦᠭᠡᠨ᠂ ᠡᠮᠨᠡᠯᠭᠡ ᠵᠢᠨ ᠠᠵᠢᠯᠲᠠᠳ᠎ᠤᠨ ᠮᠡᠷᠭᠡᠵᠢᠯ ᠬᠦᠴᠦ ᠬᠥᠳᠡᠯᠮᠦᠷᠢ ᠵᠢᠨ ᠦᠷᠳᠡᠭ᠎ᠢ ᠢᠯᠡᠷᠡᠭᠦᠯᠵᠦ᠂ ᠡᠮᠴᠢ ᠵᠢ ᠡᠮ᠎ᠤᠨ ᠵᠦᠢ᠍ᠯ ᠪᠣᠯᠣᠨ ᠬᠤᠷᠣᠭᠳᠠᠬᠤ ᠮᠠᠲ᠋ᠧᠷᠢᠶᠠᠯ᠎ᠤᠨ ᠬᠦᠴᠦ ᠶᠠᠪᠤᠭᠴᠢ ᠪᠣᠯᠭ᠋ᠠᠬᠤ ᠦᠭᠡᠢ ᠵᠢᠨ ᠲᠥᠯᠦᠭᠡ ᠶᠤᠮ᠃ ᠦᠨ᠎ᠡ ᠬᠠᠩᠰᠢ ᠵᠢ ᠲᠣᠬᠢᠷᠠᠭᠤᠯᠤᠭᠰᠠᠨ᠎ᠤ ᠲᠠᠷᠠᠭ᠎ᠠ᠂ ᠬᠡᠷᠪᠡ ᠡᠮ ᠡᠮᠨᠡᠯᠭᠡ ᠵᠢᠨ ᠦᠢ᠍ᠯᠡᠴᠢᠯᠡᠭᠡ ᠪᠣᠯᠣᠨ ᠵᠠᠷᠤᠳᠠᠯ ᠬᠤᠷᠢᠶᠠᠬᠤ ᠲᠠᠯ᠎ᠠ᠎ᠪᠠᠷ ᠵᠢᠭᠤᠷᠠᠯᠳᠤᠭ᠋ᠠᠨ ᠭᠠᠷᠪᠠᠯ᠂ ᠪᠢᠳᠡ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠵᠢ ᠲᠤᠷᠰᠢᠨ ᠬᠡᠷᠡᠭᠵᠢᠭᠦᠯᠬᠦ ᠠᠵᠢᠯ᠎ᠢ ᠳᠥᠯᠭᠢᠨ ᠠᠬᠢᠭᠤᠯᠬᠤ ᠳᠤᠭᠤᠶ᠋ᠢᠯᠠᠩ᠎ᠤᠨ ᠲᠣᠭᠲᠠᠭ᠋ᠠᠭᠰᠠᠨ ᠠᠵᠢᠯ᠎ᠤᠨ ᠬᠤᠪᠢᠶᠠᠷᠢᠯᠠᠯ᠎ᠤᠨ ᠬᠠᠷᠢᠭᠤᠴᠠᠯᠭ᠎ᠠ ᠶᠣᠰᠣᠭ᠋ᠠᠷ᠂ ᠬᠤᠯᠪᠣᠭᠳᠠᠯ ᠪᠦᠬᠦᠢ ᠠᠰᠠᠭᠤᠳᠠᠯ᠎ᠢ ᠴᠠᠭ ᠲᠤᠬᠠᠶ᠎ᠳᠤᠨᠢ ᠠᠷᠭ᠋ᠠᠴᠠᠬᠤ ᠪᠣᠯᠣᠨ᠎ᠠ᠃ ᠲᠤᠷᠰᠢᠨ ᠬᠡᠷᠡᠭᠵᠢᠭᠦᠯᠦᠭᠰᠡᠨ ᠪᠠᠶ᠋ᠢᠳᠠᠯ ᠵᠶ᠋ᠠᠷ ᠳᠠᠮᠵᠢᠭᠤᠯᠤᠨ᠂ ᠦᠨ᠎ᠡ ᠬᠠᠩᠰᠢ ᠵᠢᠨ ᠵᠥᠷᠢᠶ᠎ᠡ ᠪᠤᠶᠤ ᠦᠨ᠎ᠡ ᠬᠠᠩᠰᠢ ᠵᠢᠨ ᠵᠥᠷᠢᠴᠡᠯ ᠢᠯᠡᠷᠡᠭᠰᠡᠨ ᠠᠰᠠᠭᠤᠳᠠᠯ᠎ᠳᠤ ᠴᠠᠭ ᠲᠤᠬᠠᠶ᠎ᠳᠤᠨᠢ ᠬᠥᠳᠡᠯᠦᠩᠭᠦᠶ ᠲᠤᠬᠢᠷᠠᠭᠤᠯᠤᠯᠳᠠ ᠬᠢᠬᠦ ᠪᠣᠯᠣᠨ᠎ᠠ᠃
      ᠬᠥᠲᠥᠯᠥᠭᠴᠢ᠄ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠢᠷᠤᠮᠵᠢᠭᠤᠯᠤᠨ ᠲᠣᠬᠢᠷᠠᠭᠤᠯᠤᠭᠰᠠᠨ᠎ᠤ ᠳᠠᠷᠠᠭ᠎ᠠ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠶᠠᠮᠠᠷ ᠨᠥᠯᠥᠭᠡ᠎ᠲᠠᠢ ᠪᠤᠢ?
      ᠸᠠᠩ ᠵᠢᠨ ᠪᠣᠣ᠄
      ᠲᠤᠰ ᠤᠳᠠᠭ᠎ᠠ ᠵᠢᠨ ᠦᠨ᠎ᠡ ᠬᠠᠩᠰᠢ ᠵᠢᠨ ᠲᠤᠬᠢᠷᠠᠭᠤᠯᠤᠯᠳᠠ᠎ᠨᠢ ᠶᠡᠷᠦᠩᠬᠡᠶ ᠲᠥᠯᠥᠪᠯᠡᠭᠡ ᠳᠡᠭᠡᠷ᠎ᠡ᠎ᠪᠠᠨ ᠡᠮᠨᠡᠯᠭᠡ ᠵᠢᠨ ᠬᠤᠷᠢᠶᠠᠨ᠎ᠤ ᠣᠷᠣᠯᠭ᠎ᠠ ᠵᠢᠨ ᠶᠡᠷᠦᠩᠬᠡᠶ ᠨᠡᠮᠡᠭᠳᠡᠯ᠎ᠤᠨ 5%᠎ᠪᠠᠷ ᠵᠢᠱ᠌ᠢᠨ ᠪᠣᠳᠣᠪᠠ᠃
      ᠨᠢᠭᠡ᠎ᠳᠤ᠂ ᠲᠤᠬᠢᠷᠠᠭᠤᠯᠤᠯᠳᠠ ᠬᠢᠬᠦ᠎ᠪᠠᠷ ᠳᠠᠮᠵᠢᠭᠤᠯᠤᠨ᠂ ᠮᠠᠨ᠎ᠤ ᠣᠷᠣᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠨᠭ᠌ᠰᠢ ᠵᠢᠨ ᠪᠦᠲᠦᠴᠡ ᠵᠢᠨ ᠪᠠᠷᠢᠮᠵᠢᠶ᠎ᠠ᠎ᠨᠢ ᠡᠷᠬᠢᠨ ᠲᠣᠭᠤᠷᠢᠨ᠎ᠤ ᠮᠤᠵᠢ ᠣᠷᠣᠨ᠎ᠲᠠᠢ ᠬᠠᠷᠢᠴᠠᠭᠤᠯᠪᠠᠯ ᠶᠡᠷᠦᠩᠬᠡᠶ᠎ᠳᠡᠭᠡᠨ ᠳᠣᠣᠷ᠎ᠠ ᠪᠠᠶ᠋ᠢᠬᠤ ᠣᠳᠣᠬᠢ ᠪᠠᠶ᠋ᠢᠳᠠᠯ᠎ᠢ ᠬᠤᠪᠢᠷᠠᠭᠤᠯᠤᠨ᠎ᠠ;
      ᠬᠤᠶᠠᠷ᠎ᠲᠤ ᠠᠯᠪᠠᠨ᠎ᠠᠴᠠ   ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ᠎ᠲᠠᠢ ᠬᠠᠮᠵᠢᠯᠴᠠᠨ᠂ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠬᠦᠴᠦᠨ ᠦᠭᠡᠶ ᠪᠣᠯᠭ᠋ᠠᠭᠰᠠᠨ᠎ᠤ ᠲᠠᠷᠠᠭ᠎ᠠ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠵᠢ ᠲᠣᠬᠢᠷᠠᠭᠤᠯᠬᠤ᠎ᠪᠠᠷ ᠳᠠᠮᠵᠢᠭᠤᠯᠤᠨ ᠨᠥᠬᠦᠪᠥᠷᠢ ᠣᠯᠭᠤᠨ᠎ᠠ᠃ ᠮᠠᠨ᠎ᠤ ᠣᠷᠣᠨ᠎ᠤ 2014 ᠣᠨ᠎ᠤ ᠪᠥᠬᠦ ᠣᠷᠣᠨ᠎ᠤ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠣᠷᠣᠯᠭ᠎ᠠ᠎ᠪᠠᠷ ᠰᠠᠭᠤᠷᠢ ᠲᠤᠭ᠎ᠠ ᠪᠣᠯᠭ᠋ᠠᠵᠤ ᠵᠢᠱ᠌ᠢᠨ ᠪᠣᠳᠣᠪᠠᠯ᠂ ᠲᠤᠰ ᠤᠳᠠᠭ᠋ᠠᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠬᠢᠷᠠᠭᠤᠯᠤᠭᠰᠠᠨ᠎ᠤ ᠲᠠᠷᠠᠭ᠎ᠠ᠂ ᠪᠦᠬᠦ ᠣᠷᠣᠨ᠎ᠤ ᠡᠯ᠎ᠡ ᠱᠠᠲᠤᠨ᠎ᠤ ᠡᠮ ᠡᠮᠨᠡᠯᠭᠡ ᠵᠢᠨ ᠪᠠᠶ᠋ᠢᠭᠤᠯᠤᠮᠵᠢ᠎ᠨᠤᠭᠤᠳ᠎ᠤᠨ 15.35 ᠳ᠋ᠥᠡᠭᠰᠢᠭᠤᠷ ᠲᠥᠭᠦᠷᠢᠭ ᠪᠣᠯᠣᠨ ᠨᠡᠮᠡᠭᠳᠡᠵᠦ ᠮᠡᠳᠡᠨ᠎ᠡ᠂ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠬᠦᠴᠦᠨ ᠦᠭᠡᠶ ᠪᠣᠯᠭ᠋ᠠᠪᠠᠯ 13.58 ᠳ᠋ᠦᠡᠭᠰᠢᠭᠤᠷ ᠲᠥᠭᠦᠷᠢᠭ᠎ᠤᠨ ᠣᠷᠣᠯᠭ᠎ᠠ ᠵᠢ ᠬᠠᠰᠤᠭᠳᠠᠭᠤᠯᠵᠤ᠂ ᠡᠮ ᠡᠮᠨᠡᠯᠭᠡ ᠵᠢᠨ ᠣᠷᠣᠯᠭ᠎ᠠ ᠵᠢᠨ ᠪᠣᠳᠠᠲᠠᠶ ᠨᠡᠮᠡᠭᠳᠡᠯ᠎ᠨᠢ 1.77 ᠳ᠋ᠦᠩᠰᠢᠭᠤᠷ ᠲᠥᠭᠦᠷᠢᠭ ᠬᠦᠷᠬᠦ ᠪᠣᠯᠤᠨ᠎ᠠ᠃ ᠨᠡᠮᠡᠭᠳᠡᠯ᠎ᠤᠨ ᠬᠠᠷᠢᠴᠠᠯ᠎ᠨᠢ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠶᠡᠷᠦᠩᠬᠡᠶ ᠣᠷᠣᠯᠭ᠎ᠠ ᠵᠢᠨ 0.5% ᠣᠷᠴᠢᠮ᠎ᠢ ᠡᠵᠡᠯᠡᠵᠦ᠂ ᠦᠨᠳᠦᠰᠦᠨ᠎ᠳᠡᠭᠡᠨ ᠥᠩᠭᠡᠷᠡᠭᠰᠡᠨ᠎ᠤ᠎ᠬᠢ᠎ᠲᠠᠢ ᠠᠳᠠᠯᠢ ᠪᠠᠶ᠋ᠢᠨ᠎ᠠ᠃ ᠭᠡᠪᠡᠴᠦ ᠡᠮᠨᠡᠯᠭᠡ ᠵᠢᠨ ᠬᠤᠷᠢᠶᠠᠨ᠎ᠤ ᠳᠣᠲᠣᠭ᠋ᠠᠳᠤ᠎ᠳᠤ ᠨᠡᠯᠢᠶᠡᠳ ᠵᠦᠢ ᠵᠣᠬᠢᠰᠲᠠᠶ ᠬᠤᠪᠢᠶᠠᠷᠢᠯᠠᠯᠲᠠ ᠵᠢᠨ ᠤᠷᠮᠠᠰᠢᠭᠤᠯᠬᠤ ᠲᠣᠭᠲᠠᠴᠠ ᠪᠦᠷᠢᠯᠳᠦᠵᠦ᠂ ᠮᠡᠷᠭᠡᠵᠢᠯ ᠬᠦᠴᠦ ᠬᠥᠳᠡᠯᠮᠦᠷᠢ ᠵᠢᠨ ᠦᠷᠳᠡᠭ᠎ᠢ ᠢᠯᠡᠷᠡᠭᠦᠯᠬᠦ ᠪᠣᠯᠣᠨ᠎ᠠ᠃
      ᠬᠥᠲᠥᠯᠥᠭᠴᠢ᠄ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠢᠷᠤᠮᠵᠢᠭᠤᠯᠤᠨ ᠲᠣᠬᠢᠷᠠᠭᠤᠯᠤᠭᠰᠠᠨ᠎ᠤ ᠳᠠᠷᠠᠭ᠎ᠠ ᠡᠮ ᠡᠮᠨᠡᠯᠭᠡ ᠵᠢᠨ ᠳᠠᠭ᠋ᠠᠳᠬᠠᠯ᠎ᠳᠤ ᠶᠠᠮᠠᠷ ᠨᠥᠯᠥᠭᠡ᠎ᠲᠠᠢ ᠪᠤᠢ?
      ᠸᠠᠩ ᠵᠢᠨ ᠪᠣᠣ᠄
      ᠮᠠᠨ᠎ᠤ ᠣᠷᠣᠨ᠎ᠤ 2014 ᠣᠨ᠎ᠤ ᠪᠥᠬᠦ ᠣᠷᠣᠨ᠎ᠤ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠣᠷᠣᠯᠭ᠎ᠠ᠎ᠪᠠᠷ ᠰᠠᠭᠤᠷᠢ ᠲᠤᠭ᠎ᠠ ᠪᠣᠯᠭ᠋ᠠᠵᠤ ᠵᠢᠱ᠌ᠢᠨ ᠪᠣᠳᠣᠪᠠᠯ᠂ ᠶᠡᠷᠦᠩᠬᠡᠶ᠋ᠢᠯᠡᠭᠰᠡᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠣᠷᠣᠯᠭ᠎ᠠ ᠵᠢᠨ ᠨᠡᠮᠡᠭᠳᠡᠵᠦ ᠬᠠᠰᠤᠭᠳᠠᠬᠤ ᠬᠦᠴᠦᠨ ᠵᠦᠢ᠍ᠯ ᠵᠶ᠋ᠠᠷ ᠵᠢᠱ᠌ᠢᠪᠠᠯ ᠡᠮ ᠡᠮᠨᠡᠯᠭᠡ ᠵᠢᠨ ᠳᠠᠭ᠋ᠠᠳᠬᠠᠯ᠎ᠤᠨ ᠶᠡᠷᠦᠩᠬᠡᠢ ᠵᠠᠷᠤᠯᠭ᠎ᠠ᠎ᠨᠢ 1.77 ᠳ᠋ᠦᠩᠰᠢᠭᠤᠷ ᠲᠥᠭᠦᠷᠢᠭ ᠨᠡᠮᠡᠭᠳᠡᠵᠦ ᠮᠡᠳᠡᠨ᠎ᠡ᠃ ᠮᠠᠨ᠎ᠤ ᠣᠷᠣᠨ᠎ᠤ 2014 ᠣᠨ᠎ᠤ ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠨᠡᠶ᠋ᠢᠲᠡ ᠳ᠋ᠦᠡᠭᠨᠡᠭᠰᠡᠨ ᠦᠯᠡᠳᠡᠪᠦᠷᠢ 20.57 ᠳ᠋ᠦᠩᠰᠢᠭᠤᠷ ᠲᠥᠭᠦᠷᠢᠭ᠂ ᠬᠤᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠨᠡᠶ᠋ᠢᠲᠡ ᠳ᠋ᠦᠡᠭᠨᠡᠭᠰᠡᠨ ᠦᠯᠡᠳᠡᠪᠦᠷᠢ 87.30 ᠳ᠋ᠦᠩᠰᠢᠭᠤᠷ ᠲᠥᠭᠦᠷᠢᠭ᠂ ᠬᠥᠳᠡᠭᠡ ᠲᠣᠰᠬᠤᠨ᠎ᠤ ᠰᠢᠨ᠎ᠡ ᠮᠠᠶᠢᠭ᠎ᠤᠨ ᠬᠤᠷᠰᠢᠭᠰᠠᠨ ᠡᠮᠨᠡᠯᠭᠡ ᠵᠢᠨ ᠰᠠᠭᠤᠷᠢ ᠮᠥᠩᠭᠦ ᠵᠢᠨ ᠣᠷᠣᠯᠭ᠎ᠠ ᠵᠢᠨ ᠨᠡᠶ᠋ᠢᠲᠡ ᠳ᠋ᠦᠡᠭᠨᠡᠭᠰᠡᠨ ᠦᠯᠡᠳᠡᠪᠦᠷᠢ 67.04 ᠳ᠋ᠦᠩᠰᠢᠭᠤᠷ ᠲᠥᠭᠦᠷᠢᠭ ᠪᠠᠶ᠋ᠢᠵᠤ᠂ ᠨᠡᠮᠡᠭᠳᠡᠭᠰᠡᠨ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠯᠭ᠎ᠠ ᠵᠢᠨ ᠵᠣᠭᠤᠰᠣᠨ ᠲᠤᠭ᠎ᠠ᠎ᠨᠢ ᠡᠮ ᠡᠮᠨᠡᠯᠭᠡ ᠵᠢᠨ ᠳᠠᠭ᠋ᠠᠳᠬᠠᠯ ᠪᠣᠯᠣᠨ ᠬᠥᠳᠡᠭᠡ ᠲᠣᠰᠬᠤᠨ᠎ᠤ ᠰᠢᠨ᠎ᠡ ᠮᠠᠶᠢᠭ᠎ᠤᠨ ᠬᠤᠷᠰᠢᠭᠰᠠᠨ ᠡᠮᠨᠡᠯᠭᠡ ᠵᠢᠨ ᠰᠠᠭᠤᠷᠢ ᠮᠥᠩᠭᠦ ᠵᠢᠨ ᠳᠠᠭ᠋ᠠᠭ᠋ᠠᠵᠤ ᠳᠡᠶ᠋ᠢᠯᠬᠦ ᠬᠡᠪᠴᠢᠶᠡᠨ ᠳᠣᠲᠣᠷ᠎ᠠ ᠪᠠᠶ᠋ᠢᠨ᠎ᠠ᠃ ᠬᠡᠷᠪᠡ ᠰᠢᠨ᠎ᠡ ᠨᠢᠭᠡ ᠡᠭᠡᠯᠵᠢ ᠵᠢᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮ᠎ᠤᠨ ᠵᠦᠢ᠍ᠯ᠎ᠢ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠦᠨ᠎ᠡ ᠵᠢ ᠶᠡᠭᠡ ᠬᠡᠮᠵᠢᠶ᠎ᠡ᠎ᠪᠠᠷ ᠪᠠᠭᠤᠷᠠᠭᠤᠯᠬᠤ ᠬᠦᠴᠦᠨ ᠵᠦᠢ᠍ᠯ᠎ᠢ ᠪᠣᠳᠣᠯᠬᠢᠯᠠᠪᠠᠯ᠂ ᠦᠨ᠎ᠡ ᠪᠠᠭᠤᠷᠠᠭᠤᠯᠤᠭᠰᠠᠨ ᠬᠡᠮᠵᠢᠶ᠎ᠡ᠎ᠠᠴᠠ ᠦᠨ᠎ᠡ ᠬᠠᠨᠭ᠌ᠰᠢ ᠵᠢ ᠲᠣᠬᠢᠷᠠᠭᠤᠯᠵᠤ ᠥᠰᠬᠡᠭᠰᠡᠨ ᠬᠡᠮᠵᠢᠶ᠎ᠡ ᠵᠢ ᠪᠦᠷᠢᠮᠦᠰᠦᠨ ᠲᠣᠯᠭ᠋ᠠᠨ ᠬᠠᠰᠤᠵᠤ ᠪᠣᠯᠤᠨ᠎ᠠ᠂ ᠪᠣᠳᠠᠲᠠᠶ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠯᠭ᠎ᠠ ᠵᠢᠨ ᠨᠡᠮᠡᠭᠳᠡᠯ᠎ᠢ ᠴᠦ᠍ ᠲᠤᠯᠭ᠋ᠠᠨ ᠬᠠᠰᠤᠵᠤ ᠪᠣᠯᠣᠨ᠎ᠠ᠃ ᠡᠭᠦᠨ᠎ᠤ ᠬᠠᠮᠲᠤ᠂ ᠡᠩ᠎ᠤᠨ ᠬᠡᠷᠡᠭᠯᠡᠭᠡᠨ᠎ᠤ ᠨᠢᠭᠡ ᠤᠳᠠᠭ᠎ᠠ ᠵᠢᠨ ᠴᠢᠨᠠᠷᠲᠠᠶ ᠡᠮᠴᠢᠯᠡᠭᠡᠨ᠎ᠳᠤ ᠬᠡᠷᠡᠭᠯᠡᠬᠦ ᠬᠤᠷᠣᠭᠳᠠᠬᠤ ᠮᠠᠲ᠋ᠧᠷᠢᠶᠠᠯ᠎ᠤᠨ ᠦᠨ᠎ᠡ ᠵᠢ᠎ᠪᠠᠨ ᠡᠮ ᠡᠮᠨᠡᠯᠭᠡ ᠵᠢᠨ ᠥᠪᠡᠷ᠎ᠤᠨ ᠥᠷᠳᠡᠭ᠎ᠲᠤ ᠨᠢᠭᠡᠨᠲᠡ ᠨᠡᠶ᠋ᠢᠯᠡᠭᠦᠯᠦᠨ ᠪᠤᠳᠤᠵᠤ ᠣᠷᠤᠭᠤᠯᠤᠭ᠋ᠠᠳ᠂ ᠡᠮ ᠡᠮᠨᠡᠯᠭᠡ ᠵᠢᠨ ᠵᠠᠷᠤᠳᠠᠯ᠎ᠤᠨ ᠵᠦᠢ ᠵᠤᠬᠢᠰ ᠦᠭᠡᠢ ᠪᠦᠷᠢᠯᠳᠦᠬᠦᠨ᠎ᠢ ᠬᠢᠵᠠᠭ᠋ᠠᠷᠯᠠᠭᠰᠠᠨ᠎ᠨᠢ ᠪᠠᠰᠠ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠢ ᠬᠢᠵᠠᠭ᠋ᠠᠷᠯᠠᠬᠤ ᠵᠢ ᠪᠡᠶᠡᠯᠡᠭᠦᠯᠬᠦ᠎ᠳᠤ ᠠᠰᠢᠭᠲᠠᠶ ᠶᠤᠮ᠃
      ᠬᠥᠲᠥᠯᠥᠭᠴᠢ᠄ ᠡᠪᠡᠳᠴᠢᠲᠡᠨ᠎ᠳᠤ ᠶᠠᠮᠠᠷ ᠨᠥᠯᠥᠭᠡ᠎ᠲᠠᠢ ᠪᠤᠢ?
      ᠸᠠᠩ ᠵᠢᠨ ᠪᠣᠣ᠄
      ᠲᠤᠰ ᠤᠳᠠᠭ᠋ᠠᠨ᠎ᠤ ᠦᠨ᠎ᠡ ᠬᠠᠩᠰᠢ ᠵᠢᠨ ᠲᠣᠬᠢᠷᠠᠭᠤᠯᠤᠯᠲᠠ᠎ᠨᠢ ᠡᠪᠡᠳᠴᠢᠲᠡᠨ᠎ᠤ ᠵᠠᠷᠤᠯᠭ᠎ᠠ ᠵᠢ ᠶᠡᠷᠦᠩᠬᠡᠶ᠎ᠳᠡᠭᠡᠨ ᠨᠡᠮᠡᠭᠳᠡᠭᠦᠯᠦᠭᠰᠡᠨ ᠦᠭᠡᠢ᠃
      ᠨᠢᠭᠡ᠎ᠳᠤ᠂ ᠡᠭᠦᠳᠡᠨ ᠡᠮᠨᠡᠯᠭᠡ ᠵᠢᠨ ᠡᠪᠡᠳᠴᠢᠲᠡᠨ᠎ᠳᠤ ᠠᠪᠴᠤ ᠬᠡᠯᠡᠪᠡᠯ᠂ ᠪᠠᠶ᠋ᠢᠴᠠᠭ᠋ᠠᠨ ᠣᠨᠣᠰᠢᠯᠠᠬᠤ ᠵᠠᠷᠤᠳᠠᠯ᠎ᠤᠨ ᠪᠠᠷᠢᠮᠵᠢᠶ᠎ᠠ ᠢᠯᠡᠷᠬᠡᠶ ᠳᠡᠭᠡᠭᠰᠢᠯᠡᠵᠦ᠂ ᠵᠠᠷᠤᠯᠭ᠎ᠠ᠎ᠨᠢ ᠵᠣᠬᠢᠬᠤ ᠬᠡᠮᠵᠢᠶ᠎ᠡ᠎ᠪᠠᠷ ᠨᠡᠮᠡᠭᠳᠡᠪᠡ᠃ ᠤᠤᠯ᠎ᠤᠨ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠤᠷᠢᠶᠠᠨ᠎ᠤ ᠡᠭᠦᠳᠡᠨ ᠡᠮᠨᠡᠯᠭᠡ ᠵᠢᠨ ᠳ᠋ᠤᠭ᠋ᠠᠷᠯᠠᠨ ᠡᠪᠡᠳᠴᠢᠨ ᠪᠠᠶ᠋ᠢᠴᠠᠭ᠋ᠠᠬᠤ ᠵᠠᠷᠤᠳᠠᠯ᠎ᠨᠢ ᠳᠤᠮᠳᠠᠴᠢ᠎ᠪᠠᠷ 6.6 ᠲᠥᠭᠦᠷᠢᠭ / ᠬᠥᠮᠦᠨ ᠤᠳᠠᠭ᠎ᠠ ᠪᠠᠶ᠋ᠢᠵᠤ᠂ ᠲᠣᠬᠢᠷᠠᠭᠤᠯᠤᠯᠲᠠ ᠬᠢᠭᠰᠡᠨ᠎ᠤ ᠳᠠᠷᠠᠭ᠎ᠠ ᠳ᠋ᠤᠭ᠋ᠠᠷᠯᠠᠬᠤ ᠵᠠᠷᠤᠳᠠᠯ᠎ᠢ ᠦᠭᠡᠶ᠋ᠢᠰᠬᠡᠵᠦ ᠨᠡᠶ᠋ᠢᠯᠡᠭᠦᠯᠦᠭᠡᠳ ᠡᠪᠡᠳᠴᠢᠨ ᠪᠠᠶ᠋ᠢᠴᠠᠭ᠋ᠠᠬᠤ ᠵᠠᠷᠤᠳᠠᠯ ᠪᠣᠯᠭ᠋ᠠᠭᠰᠠᠨ᠎ᠨᠢ ᠳᠤᠮᠳᠠᠴᠢ᠎ᠪᠠᠷ 16 ᠲᠥᠭᠦᠷᠢᠭ / ᠬᠥᠮᠦᠨ ᠤᠳᠠᠭ᠎ᠠ ᠪᠣᠯᠵᠤ᠂ ᠬᠥᠮᠦᠨ ᠪᠦᠷᠢ᠎ᠳᠤ ᠳᠤᠮᠳᠠᠴᠢ᠎ᠪᠠᠷ 9.4 ᠲᠥᠭᠦᠷᠢᠭ ᠨᠡᠮᠡᠭᠳᠡᠪᠡ᠃ ᠭᠤᠣᠯ ᠪᠣᠳᠣᠯᠬᠢᠯᠠᠭᠰᠠᠨ ᠵᠦᠢ᠍ᠯ ᠭᠡᠪᠡᠯ ᠡᠮ ᠡᠮᠨᠡᠯᠭᠡ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠷᠳᠡᠭ᠎ᠢ ᠭᠦᠢ᠍ᠴᠡᠳ ᠢᠯᠡᠷᠡᠭᠦᠯᠵᠦ᠂ ᠡᠮ ᠡᠮᠨᠡᠯᠭᠡ ᠵᠢᠨ ᠮᠡᠷᠭᠡᠵᠢᠯᠲᠡᠨ᠎ᠤ ᠢᠳᠡᠪᠬᠢᠵᠢᠯ᠎ᠢ ᠳᠠᠶ᠋ᠢᠴᠢᠯᠠᠬᠤ ᠵᠢᠨ ᠲᠥᠯᠦᠭᠡ ᠣᠨᠣᠰᠢᠯᠠᠨ ᠡᠮᠨᠡᠬᠦ ᠵᠠᠷᠤᠳᠠᠯ᠎ᠤᠨ ᠪᠠᠷᠢᠮᠵᠢᠶ᠎ᠠ ᠵᠢ ᠶᠡᠬᠡᠰᠬᠡᠭᠰᠡᠨ ᠪᠥᠭᠡᠳ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠢᠮ᠎ᠢ ᠲᠣᠭᠲᠠᠭ᠋ᠠᠵᠤ᠂ ᠡᠪᠡᠳᠴᠢᠲᠡᠨ ᠪᠥᠯᠥᠭ ᠬᠤᠪᠢᠶᠠᠨ ᠡᠮᠴᠢᠯᠡᠭᠦᠯᠬᠦ ᠵᠢ ᠬᠥᠲᠦᠯᠦᠨ ᠵᠢᠯᠣᠭᠤᠳᠬᠤ᠎ᠳᠤ ᠠᠰᠢᠭᠲᠠᠢ ᠪᠣᠯᠭ᠋ᠠᠪᠠ᠃ ᠨᠦᠬᠦᠭᠡ ᠲᠠᠯ᠎ᠠ᠎ᠪᠠᠷ᠂ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠬᠦᠴᠦᠨ ᠦᠭᠡᠶ ᠪᠣᠯᠭ᠋ᠠᠭᠰᠠᠨ᠎ᠨᠢ ᠡᠭᠦᠳᠡᠨ ᠡᠮᠨᠡᠯᠭᠡ ᠵᠢᠨ ᠡᠪᠡᠳᠴᠢᠲᠡᠨ᠎ᠳᠤ ᠡᠮ ᠵᠠᠷᠤᠬᠤ ᠵᠠᠷᠤᠯᠭ᠎ᠠ ᠵᠢ ᠪᠠᠭ᠋ᠠᠰᠬᠠᠵᠤ᠂ ᠲᠤᠮᠤ ᠬᠡᠯᠪᠡᠷᠢ ᠵᠢᠨ ᠲᠥᠬᠦᠭᠡᠷᠦᠮᠵᠢ᠎ᠪᠠᠷ ᠪᠠᠶ᠋ᠢᠴᠠᠭ᠋ᠠᠯᠲᠠ ᠬᠢᠬᠦ᠂ ᠰᠢᠨᠵᠢᠯᠡᠨ ᠰᠢᠯᠭ᠋ᠠᠬᠤ ᠵᠡᠷᠭᠡ ᠵᠠᠷᠤᠳᠠᠯ᠎ᠢ ᠳᠣᠷᠣᠭᠰᠢᠯᠠᠭᠤᠯᠵᠤ᠂ ᠪᠦᠬᠦ ᠲᠠᠯ᠎ᠠ ᠵᠢᠨ ᠳᠠᠷᠤᠭ᠋ᠠᠰᠤ ᠮᠡᠳᠡᠭᠳᠡᠬᠦ᠋ᠢ᠍ᠴᠡ ᠬᠥᠡᠭᠭᠡᠷᠡᠪᠡ᠃
      ᠬᠤᠶᠠᠷ᠎ᠲᠤ᠂ ᠡᠮᠨᠡᠯᠭᠡ᠎ᠳᠤ ᠰᠠᠭᠤᠭᠰᠠᠨ ᠡᠪᠡᠳᠴᠢᠲᠡᠨ᠎ᠳᠤ ᠠᠪᠴᠤ ᠬᠡᠯᠡᠪᠡᠯ᠂ ᠬᠡᠳᠦ᠋ᠢ᠍ᠪᠡᠷ ᠮᠡᠰᠡ ᠵᠠᠰᠠᠯ ᠬᠢᠬᠦ ᠵᠠᠷᠤᠳᠠᠯ᠎ᠨᠢ 60%᠎ᠪᠠᠷ ᠳᠡᠭᠡᠭᠰᠢᠯᠡᠭᠰᠡᠨ ᠪᠣᠯᠪᠠᠴᠤ ᠠᠮᠠᠨ ᠬᠥᠨᠳᠡᠶ᠂ ᠲᠦᠷᠢ ᠵᠠᠰᠠᠬᠤ᠂ ᠦᠷᠡᠵᠢᠬᠦ ᠰᠢᠰᠲ᠋ᠧᠮ ᠵᠡᠷᠭᠡ ᠡᠪᠡᠳᠴᠢᠨ ᠡᠮᠭᠡᠭ᠎ᠤᠨ ᠪᠣᠰᠤ ᠡᠮᠨᠡᠨ ᠵᠠᠰᠠᠬᠤ ᠮᠡᠰᠡ ᠵᠠᠰᠠᠯ᠎ᠤᠨ ᠲᠥᠷᠥᠯ ᠵᠦᠢ᠍ᠯ᠎ᠢ ᠭᠠᠷᠭ᠋ᠠᠪᠠᠯ᠂ ᠶᠡᠬᠡᠩᠬᠢ ᠲᠥᠷᠥᠯ ᠵᠦᠢ᠍ᠯ᠎ᠨᠢ ᠴᠥᠮ ᠡᠮ ᠡᠮᠨᠡᠯᠭᠡ ᠵᠢᠨ ᠳᠠᠭ᠋ᠠᠳᠬᠠᠯ᠎ᠤᠨ ᠨᠢᠭᠡᠳᠦᠯᠲᠡᠶ ᠲᠥᠯᠥᠪᠯᠡᠨ ᠥᠭᠬᠦ ᠬᠡᠪᠴᠢᠶᠡᠨ᠎ᠳᠤ ᠣᠷᠣᠭᠰᠠᠨ ᠪᠥᠭᠡᠳ ᠡᠮ ᠡᠮᠨᠡᠯᠭᠡ ᠵᠢᠨ ᠳᠠᠭ᠋ᠠᠳᠬᠠᠯ᠎ᠤᠨ ᠪᠤᠰᠤᠳ ᠵᠠᠷᠤᠳᠠᠯ᠎ᠤᠨ ᠲᠠᠩᠰᠠ ᠲᠠᠶ᠋ᠢᠯᠬᠤ ᠬᠠᠷᠢᠴᠠᠯ ᠴᠤ᠌ ᠠᠯᠬᠤᠮ ᠠᠯᠬᠤᠮ ᠵᠶ᠋ᠠᠷ ᠳᠡᠭᠡᠭᠰᠢᠯᠡᠵᠦ᠂ ᠲᠠᠩᠰᠠ ᠲᠠᠶ᠋ᠢᠯᠬᠤ ᠬᠡᠪᠴᠢᠶ᠎ᠡ᠎ᠨᠢ ᠠᠯᠬᠤᠮ ᠠᠯᠬᠤᠮ ᠵᠶ᠋ᠠᠷ ᠥᠷᠭᠡᠳᠴᠦ ᠪᠣᠢ᠃ ᠡᠭᠦᠨ᠎ᠤ ᠬᠠᠮᠲᠤ᠂ ᠡᠮ᠎ᠤᠨ ᠵᠦᠢ᠍ᠯ᠎ᠤᠨ ᠦᠨ᠎ᠡ ᠬᠠᠩᠰᠢ ᠵᠢ ᠠᠯᠬᠤᠮ ᠠᠯᠬᠤᠮ ᠵᠶ᠋ᠠᠷ ᠪᠠᠭᠤᠷᠠᠭᠤᠯᠬᠤ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠬᠤ ᠮᠠᠲ᠋ᠧᠷᠢᠶᠠᠯ᠎ᠢ ᠪᠣᠭᠤᠳᠠᠯᠯᠠᠨ ᠦᠨ᠎ᠡ ᠲᠣᠭᠲᠠᠭ᠋ᠠᠬᠤ᠎ᠠᠴᠠ ᠪᠣᠯᠵᠤ᠂ ᠡᠮᠨᠡᠯᠭᠡ᠎ᠳᠤ ᠰᠠᠭᠤᠭᠰᠠᠨ ᠵᠠᠷᠤᠳᠠᠯ᠎ᠤᠨ ᠥᠰᠥᠯᠲᠡ ᠵᠢ ᠴᠦ᠍ ᠬᠢᠵᠠᠭ᠋ᠠᠷᠯᠠᠬᠤ ᠪᠣᠯᠤᠨ᠎ᠠ᠃ ᠭᠤᠷᠪᠠ᠎ᠳᠤ ᠡᠭᠦᠳᠡᠨ ᠡᠮᠨᠡᠯᠭᠡ ᠵᠢᠨ ᠣᠨᠴᠠᠭ᠋ᠠᠶ ᠤᠳᠠᠭ᠋ᠠᠨ ᠴᠢᠨᠠᠷᠲᠠᠶ ᠡᠪᠡᠳᠴᠢᠲᠡᠨ᠎ᠢ ᠡᠮᠴᠢᠯᠡᠬᠦ ᠪᠠᠷᠢᠮᠵᠢᠶ᠎ᠠ ᠬᠤᠪᠢᠷᠬᠠᠰᠠᠨ ᠦᠭᠡᠶ᠂ ᠡᠨᠡ ᠬᠡᠰᠡᠭ ᠡᠪᠡᠳᠴᠢᠲᠡᠨ᠎ᠤ ᠵᠠᠷᠤᠳᠠᠯ᠎ᠢ ᠨᠡᠮᠡᠭᠳᠡᠭᠦᠯᠬᠦ ᠦᠭᠡᠢ᠃
      ᠬᠥᠲᠥᠯᠥᠭᠴᠢ᠄ ᠰᠢᠨ᠎ᠡ ᠦᠨ᠎ᠡ ᠬᠠᠩᠰᠢ ᠨᠡᠶ᠋ᠢᠲᠡᠯᠡᠭᠳᠡᠭᠰᠡᠨ᠎ᠤ ᠳᠠᠷᠠᠭ᠎ᠠ ᠶᠠᠮᠠᠷ ᠶᠠᠮᠠᠷ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠠᠪᠤᠭᠰᠠᠨ ᠪᠤᠢ?
      ᠸᠠᠩ ᠵᠢᠨ ᠪᠣᠣ᠄
      ᠨᠢᠭᠡ᠎ᠳᠤ᠂ ᠰᠠᠯᠠᠭ᠎ᠠ ᠮᠥᠴᠢᠷ᠎ᠤᠨ ᠬᠤᠭᠤᠷᠣᠨᠳᠣᠬᠢ ᠬᠠᠮᠵᠢᠯᠴᠠᠭ᠎ᠠ ᠵᠢ ᠠᠬᠢᠭᠤᠯᠬᠤ ᠲᠣᠭᠲᠠᠴᠠ ᠵᠢ ᠪᠠᠶ᠋ᠢᠭᠤᠯᠪᠠ᠃ ᠦᠨ᠎ᠡ ᠬᠠᠩᠰᠢ᠂ ᠡᠷᠡᠭᠦᠯ ᠬᠠᠮᠠᠭ᠋ᠠᠯᠠᠯ᠂ ᠬᠥᠮᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠳ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠨᠭ᠌ᠰᠢ ᠵᠢ ᠲᠤᠷᠰᠢᠨ ᠬᠡᠷᠡᠭᠵᠢᠭᠦᠯᠬᠦ ᠠᠵᠢᠯ᠎ᠢ ᠳᠥᠯᠭᠢᠨ ᠠᠬᠢᠭᠤᠯᠬᠤ ᠳᠤᠭᠤᠶ᠋ᠢᠯᠠᠩ᠎ᠢ ᠪᠠᠶ᠋ᠢᠭᠤᠯᠵᠤ᠂ ᠠᠵᠢᠯ᠎ᠤᠨ ᠲᠥᠰᠦᠯ ᠲᠣᠭᠲᠠᠭ᠋ᠠᠨ᠂ ᠠᠵᠢᠯ ᠬᠤᠪᠢᠶᠠᠷᠢᠯᠠᠨ ᠬᠠᠷᠢᠭᠤᠴᠠᠵᠤ᠂ ᠨᠢᠭᠲᠠ ᠬᠠᠮᠵᠢᠯᠴᠠᠨ᠂ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠲᠤᠷᠰᠢᠨ ᠬᠡᠷᠡᠭᠵᠢᠭᠦᠯᠬᠦ ᠳᠤᠮᠳᠠ ᠭᠠᠷᠤᠭᠰᠠᠨ ᠡᠯ᠎ᠡ ᠵᠦᠢ᠍ᠯ᠎ᠤᠨ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢ᠍ᠳᠪᠦᠷᠢᠯᠡᠪᠡ᠃
      ᠬᠤᠶᠠᠷ᠎ᠲᠤ᠂ ᠣᠷᠣᠯᠭ᠎ᠠ ᠪᠠᠭ᠋ᠠᠲᠠᠢ ᠡᠷᠦᠬᠡ ᠪᠣᠯᠣᠨ ᠣᠨᠴᠠᠭ᠋ᠠᠶ ᠬᠥᠮᠦᠰ᠎ᠤᠨ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠭᠦᠢ᠍ᠴᠡᠳ ᠪᠣᠳᠣᠯᠬᠢᠯᠠᠪᠠ᠃ 《ᠦᠨᠳᠦᠰᠦᠨ ᠵᠦᠢ᠍ᠯ᠎ᠢ ᠪᠠᠲᠤᠯᠠᠬᠤ᠂ ᠨᠠᠭ᠋ᠠᠲᠤ ᠵᠠᠬ᠎ᠠ ᠵᠢᠨ ᠠᠮᠢᠳᠤᠷᠠᠯ᠎ᠢ ᠪᠠᠲᠤᠯᠠᠬᠤ᠂ ᠲᠥᠪ ᠭᠤᠣᠯᠴᠢ ᠵᠢ ᠠᠬᠢᠭᠤᠯᠬᠤ》 ᠵᠠᠷᠴᠢᠮ ᠶᠣᠰᠣᠭ᠋ᠠᠷ᠂ ᠬᠥᠮᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ᠂ ᠡᠷᠡᠭᠦᠯ ᠬᠠᠮᠠᠭ᠋ᠠᠯᠠᠯ᠂ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠤᠳ ᠵᠢᠯ ᠪᠦᠷᠢ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠥᠰᠥᠯᠲᠡ ᠵᠢᠨ ᠬᠢᠷᠢ ᠬᠡᠮᠵᠢᠶ᠎ᠡ᠎ᠲᠠᠢ ᠤᠶᠠᠯᠳᠤᠭᠤᠯᠤᠨ᠂ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠶᠡᠭᠡ ᠲᠣᠭ᠋ᠠᠨ᠎ᠤ ᠡᠮ ᠡᠮᠨᠡᠯᠭᠡ ᠵᠢᠨ ᠳᠠᠭ᠋ᠠᠳᠬᠠᠯ᠂ ᠬᠤᠳᠠᠯᠳᠤᠭ᠋ᠠᠨ᠎ᠤ ᠡᠮ ᠡᠮᠨᠡᠯᠭᠡ ᠵᠢᠨ ᠨᠥᠬᠦᠪᠥᠷᠢ ᠳᠠᠭ᠋ᠠᠳᠬᠠᠯ ᠵᠢᠴᠢ ᠡᠮ ᠡᠮᠨᠡᠯᠭᠡ ᠵᠢᠨ ᠠᠪᠤᠷᠠᠨ ᠲᠤᠰᠠᠯᠠᠬᠤ ᠳᠦᠷᠢᠮ ᠵᠡᠷᠭᠡ ᠤᠯᠠᠨ ᠳᠠᠪᠬᠤᠷᠭ᠋ᠠᠲᠤ ᠪᠠᠲᠤᠯᠠᠭ᠎ᠠ ᠵᠢᠨ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠥᠮᠡᠨ ᠡᠪᠡᠳᠴᠢᠨ᠎ᠲᠠᠢ ᠡᠪᠡᠳᠴᠢᠲᠡᠨ᠂ ᠣᠨᠴᠠᠭ᠋ᠠᠶ ᠤᠳᠠᠭ᠋ᠠᠨ ᠴᠢᠨᠠᠷᠲᠠᠶ ᠡᠪᠡᠳᠴᠢᠨ᠎ᠲᠠᠢ ᠡᠪᠡᠳᠴᠢᠲᠡᠳ᠎ᠤᠨ ᠡᠮ ᠡᠮᠨᠡᠯᠭᠡ ᠵᠢᠨ ᠵᠠᠷᠤᠳᠠᠯ᠎ᠢ ᠡᠭᠦᠳᠡᠨ ᠡᠮᠨᠡᠯᠭᠡ᠎ᠠᠴᠠ ᠥᠭᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ ᠡᠷᠴᠢᠮ ᠵᠶ᠋ᠠᠨ ᠨᠡᠮᠡᠭᠳᠡᠭᠦᠯᠵᠦ᠂ ᠣᠷᠣᠯᠭ᠎ᠠ ᠪᠠᠭ᠋ᠠᠲᠠᠶ ᠡᠷᠦᠬᠡ ᠪᠣᠯᠣᠨ ᠣᠨᠴᠠᠭ᠋ᠠᠶ ᠡᠪᠡᠳᠴᠢᠨ ᠦᠵᠡᠭᠦᠯᠦᠭᠰᠡᠳ᠎ᠤᠨ ᠳᠠᠷᠤᠭ᠋ᠠᠰᠤ ᠵᠢ ᠨᠡᠮᠡᠭᠳᠡᠭᠦᠯᠬᠦ ᠥᠭᠡᠢ ᠪᠠᠶ᠋ᠢᠬᠤ ᠵᠢ ᠦᠨᠡᠨᠬᠦ ᠪᠠᠲᠤᠯᠠᠪᠠ᠃
      ᠭᠤᠷᠪᠠ᠎ᠳᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭ᠋ᠠᠵᠤ᠂ ᠣᠨᠣᠰᠢᠯᠠᠨ ᠡᠮᠨᠡᠬᠦ ᠥᠢ᠍ᠯᠡ ᠠᠵᠢᠯᠯᠠᠭ᠎ᠠ ᠪᠣᠯᠣᠨ ᠡᠮᠴᠢᠯᠡᠭᠡᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠪᠠ᠃ ᠡᠷᠡᠭᠦᠯ ᠬᠠᠮᠠᠭ᠋ᠠᠯᠠᠯ ᠪᠣᠯᠣᠨ ᠬᠥᠮᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠡᠭᠦᠳᠡᠨ ᠡᠮᠨᠡᠯᠭᠡ᠂ ᠡᠮᠨᠡᠯᠭᠡ᠎ᠳᠤ ᠰᠠᠭᠤᠭᠰᠠᠨ ᠳᠤᠮᠳᠠᠴᠢ ᠵᠠᠷᠤᠳᠠᠯ ᠵᠡᠷᠭᠡ ᠵᠢ ᠬᠡᠮᠵᠢᠶᠡᠯᠡᠨ ᠡᠵᠡᠮᠰᠢᠪᠡ᠃ ᠡᠮᠦᠨ᠎ᠡ ᠭᠤᠷᠪᠠᠨ ᠵᠢᠯ᠎ᠤᠨ ᠡᠯ᠎ᠡ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠳᠤᠮᠳᠠᠴᠢ ᠵᠠᠷᠤᠳᠠᠯ᠎ᠤᠨ ᠨᠡᠮᠡᠭᠳᠡᠯ᠎ᠤᠨ ᠬᠢᠷᠢ ᠬᠡᠮᠵᠢᠶ᠎ᠡ ᠶᠣᠰᠣᠭ᠋ᠠᠷ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠢᠯᠡᠳᠬᠡᠭᠴᠢ ᠲᠤᠭ᠎ᠠ ᠵᠢ ᠪᠣᠳᠣᠯᠬᠢᠯᠠᠵᠤ᠂ ᠡᠯ᠎ᠡ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠣᠨ᠎ᠤ ᠳᠤᠮᠳᠠᠴᠢ ᠵᠠᠷᠤᠳᠠᠯ᠎ᠤᠨ ᠬᠢᠵᠠᠭ᠋ᠠᠷᠯᠠᠬᠤ ᠭᠦᠢ᠍ᠴᠡᠳᠬᠡᠯ ᠲᠤᠭ᠎ᠠ ᠵᠢ ᠬᠠᠮᠲᠤ᠎ᠪᠠᠷ ᠬᠢᠨᠠᠨ ᠲᠣᠭᠲᠠᠭ᠋ᠠᠵᠤ᠂ ᠵᠠᠷᠤᠳᠠᠯ᠎ᠤᠨ ᠳᠡᠭᠡᠭᠰᠢᠯᠡᠯᠲᠡ ᠵᠢᠨ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠪᠠ᠃ ᠳᠤᠮᠳᠠᠴᠢ ᠵᠠᠷᠤᠳᠠᠯ᠎ᠲᠠᠢ ᠤᠶᠠᠯᠳᠤᠭᠤᠯᠤᠨ ᠬᠢᠨᠠᠨ ᠰᠢᠯᠭ᠋ᠠᠵᠤ ᠦᠨᠡᠯᠡᠨ ᠵᠢᠱ᠌ᠢᠬᠦ ᠵᠢ ᠥᠷᠨᠢᠭᠦᠯᠵᠦ᠂ ᠱᠠᠩᠨᠠᠨ ᠲᠣᠷᠭ᠋ᠠᠬᠤ ᠲᠥᠷᠢᠮ᠎ᠢ ᠬᠡᠷᠡᠭᠵᠢᠭᠦᠯᠦᠨ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠨᠡᠯᠭᠡ᠎ᠳᠤ ᠰᠠᠭᠤᠭᠰᠠᠨ ᠳᠤᠮᠳᠠᠴᠢ ᠡᠳᠦᠷ᠎ᠢ ᠪᠣᠭᠤᠨᠢᠰᠬᠠᠵᠤ᠂ ᠶᠡᠭᠡ᠎ᠪᠠᠷ ᠵᠣᠷᠯᠠᠬᠤ᠂ ᠬᠡᠲᠦᠷᠬᠡᠶ ᠪᠠᠶ᠋ᠢᠴᠠᠭ᠋ᠠᠨ ᠡᠮᠴᠢᠯᠡᠬᠦ ᠵᠡᠷᠭᠡ ᠵᠦᠢ ᠵᠤᠬᠢᠰ ᠦᠭᠡᠢ ᠵᠠᠷᠤᠳᠠᠯ ᠭᠠᠷᠬᠤ ᠵᠢ ᠡᠵᠡᠮᠳᠡᠪᠡ᠃
      ᠸᠠᠩ ᠵᠢᠨ ᠪᠣᠣ᠄
      ᠲᠦᠷᠪᠡ᠎ᠳᠤ᠂ ᠡᠮ᠎ᠤᠨ ᠵᠦᠢ᠍ᠯ ᠪᠣᠯᠣᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠬᠤ ᠮᠠᠲ᠋ᠧᠷᠢᠶᠠᠯ᠎ᠢ ᠲᠥᠪᠯᠡᠷᠡᠭᠦᠯᠦᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠡᠷᠴᠢᠮ᠎ᠢ ᠴᠢᠩᠭ᠋ᠠᠷᠠᠭᠤᠯᠪᠠ᠃ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠥᠴᠢᠷ᠎ᠤᠳ ᠡᠮ᠎ᠤᠨ ᠵᠦᠢ᠍ᠯ ᠪᠣᠯᠣᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠬᠤ ᠮᠠᠲ᠋ᠧᠷᠢᠶᠠᠯ᠎ᠢ ᠬᠤᠳᠠᠯᠳᠤᠨ ᠠᠪᠬᠤ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ᠂ ᠢᠯᠡ᠎ᠪᠠᠷ ᠬᠤᠳᠠᠯᠳᠤᠨ ᠠᠪᠬᠤ ᠵᠢ ᠬᠡᠷᠡᠭᠵᠢᠭᠦᠯᠵᠦ᠂ ᠶᠠᠰᠤ ᠴᠢᠨᠠᠷ᠎ᠢ ᠪᠠᠲᠤᠯᠠᠬᠤ ᠵᠢᠨ ᠬᠠᠮᠲᠤ ᠬᠤᠳᠠᠯᠳᠤᠨ ᠠᠪᠬᠤ ᠦᠨ᠎ᠡ ᠵᠢ ᠪᠠᠭᠤᠷᠠᠭᠤᠯᠪᠠ᠃ ᠡᠭᠦᠨ᠎ᠤ ᠬᠠᠮᠲᠤ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠠᠯᠬᠤᠮ ᠠᠯᠬᠤᠮ ᠵᠶ᠋ᠠᠷ ᠬᠦᠴᠦᠨ ᠦᠭᠡᠢ ᠪᠣᠯᠭ᠋ᠠᠵᠤ᠂ ᠡᠮ᠎ᠤᠨ ᠣᠷᠣᠯᠭ᠎ᠠ᠎ᠪᠠᠷ ᠡᠮᠨᠡᠯᠭᠡ ᠵᠢᠨ ᠬᠤᠷᠢᠶ᠎ᠠ ᠵᠢ ᠲᠡᠵᠢᠭᠡᠬᠦ ᠲᠣᠭᠲᠠᠴᠠ ᠵᠢ ᠡᠪᠳᠡᠵᠦ᠂ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠬᠠᠮᠢᠶ᠎ᠡ ᠪᠦᠬᠦᠢ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ ᠡᠮ ᠡᠮᠨᠡᠯᠭᠡ ᠵᠢᠨ ᠥᠪᠡᠷ᠎ᠤᠨ ᠦᠷᠳᠡᠭ᠎ᠢ ᠵᠦᠢ ᠵᠤᠬᠢᠰ ᠦᠭᠡᠢ᠎ᠪᠠᠷ ᠨᠡᠮᠡᠭᠳᠡᠭᠦᠯᠬᠦ ᠵᠢ ᠡᠬᠢ ᠡᠭᠦᠰᠦᠯ᠎ᠠᠴᠠ᠎ᠨᠢ ᠬᠢᠵᠠᠭ᠋ᠠᠷᠯᠠᠪᠠ᠃
      ᠲᠠᠪᠤ᠎ᠳᠤ᠂ ᠦᠨ᠎ᠡ ᠬᠠᠩᠰᠢ ᠵᠢᠨ ᠰᠠᠯᠠᠭ᠎ᠠ ᠮᠥᠴᠢᠷ᠎ᠠᠴᠠ ᠮᠠᠨ᠎ᠤ ᠣᠷᠣᠨ᠎ᠤ 《ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ (2012 ᠣᠨ᠎ᠤ ᠬᠡᠪᠯᠡᠯ)》᠎ᠳᠤ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠦᠨ᠎ᠡ ᠬᠠᠩᠰᠢ ᠵᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠠᠶ᠋ᠢᠭᠤᠯᠵᠤ᠂ ᠲᠦᠷᠦᠯ ᠵᠦᠢ᠍ᠯ᠎ᠤᠨ ᠦᠨ᠎ᠡ ᠬᠠᠩᠰᠢ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠮᠥᠷᠳᠡᠨ ᠦᠨᠡᠯᠡᠨ ᠵᠢᠱ᠌ᠢᠬᠦ ᠪᠠ ᠬᠥᠳᠡᠯᠦᠩᠭᠦᠶ ᠲᠤᠬᠢᠷᠠᠭᠤᠯᠤᠯᠳᠠ ᠬᠢᠵᠦ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠣᠷᠣᠯᠭ᠎ᠠ ᠲᠣᠭᠲᠠᠪᠤᠷᠢᠵᠢᠭᠤᠯᠵᠤ᠂ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠳᠠᠭ᠋ᠠᠭ᠋ᠠᠵᠤ ᠳᠡᠶ᠋ᠢᠯᠦᠬᠦᠶ᠋ᠢᠴᠡ᠂ ᠤᠯᠠᠨ ᠲᠦᠮᠡᠨ᠎ᠤ ᠡᠮᠴᠢᠯᠡᠭᠡ ᠬᠦᠯᠢᠶᠡᠬᠦ ᠵᠠᠷᠤᠳᠠᠯ᠎ᠤᠨ ᠡᠭᠦᠷᠭᠡᠯᠡᠯ᠎ᠢ ᠨᠡᠮᠡᠭᠳᠡᠭᠦᠯᠬᠦ ᠦᠭᠡᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠤᠨ ᠠᠶᠤᠯ ᠲᠦᠭᠰᠢᠭᠦᠷᠢ ᠵᠢ ᠬᠠᠮᠤᠭ᠎ᠤᠨ ᠳᠣᠣᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠪᠠ᠃ ᠡᠭᠦᠨ᠎ᠤ ᠬᠠᠮᠲᠤ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠦᠨ᠎ᠡ ᠬᠠᠩᠰᠢ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠢᠨᠠᠨ ᠪᠠᠶ᠋ᠢᠴᠠᠭ᠋ᠠᠬᠤ ᠠᠵᠢᠯ᠎ᠢ ᠴᠢᠩᠭ᠋ᠠᠳᠬᠠᠪᠠ᠃
      ᠵᠢᠷᠭᠤᠭ᠎ᠠ᠎ᠳᠤ᠂ ᠤᠬᠠᠭᠤᠯᠭ᠎ᠠ ᠵᠢᠨ ᠡᠷᠴᠢᠮ᠎ᠢ ᠨᠡᠮᠡᠭᠳᠡᠭᠦᠯᠦᠨ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠳᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢ ᠲᠣᠬᠢᠷᠠᠭᠤᠯᠬᠤ ᠴᠢᠬᠤᠯᠠ ᠴᠢᠨᠠᠷ᠂ ᠠᠭᠤᠯᠤᠭᠳᠠᠬᠤᠨ᠂ ᠠᠴᠢ ᠬᠤᠯᠪᠣᠭᠳᠠᠯ ᠪᠣᠯᠣᠨ ᠡᠯ᠎ᠡ ᠲᠠᠯ᠎ᠠ ᠵᠢᠨ ᠪᠣᠳᠠᠲᠤ ᠨᠥᠯᠥᠭᠡ ᠵᠢ ᠭᠦᠢ᠍ᠴᠡᠳ ᠣᠶ᠋ᠢᠯᠠᠭ᠋ᠠᠭᠤᠯᠪᠠ᠃
      ᠬᠥᠲᠥᠯᠥᠭᠴᠢ᠄ 2004 ᠣᠨ᠎ᠤ ᠬᠡᠪᠯᠡᠯ᠎ᠤᠨ ᠦᠨ᠎ᠡ ᠬᠠᠩᠰᠢ ᠵᠢᠨ ᠭᠠᠷᠴᠠᠭ᠎ᠲᠠᠢ ᠬᠠᠷᠢᠴᠠᠭᠤᠯᠪᠠᠯ᠂ ᠰᠢᠨ᠎ᠡ ᠬᠡᠪᠯᠡᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠭᠠᠷᠴᠠᠭ ᠶᠠᠮᠠᠷ ᠶᠠᠮᠠᠷ ᠬᠤᠪᠢᠷᠠᠯᠲᠠ ᠪᠣᠯᠣᠨ ᠣᠨᠴᠠᠯᠢᠭ᠎ᠲᠠᠢ ᠪᠤᠶ?
      ᠸᠠᠩ ᠵᠢᠨ ᠪᠣᠣ᠄ ᠰᠢᠨ᠎ᠡ ᠬᠡᠪᠯᠡᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠭᠠᠷᠴᠠᠭ᠎ᠲᠤ ᠲᠥᠷᠥᠯ ᠵᠦᠢ᠍ᠯ᠎ᠤᠨ ᠨᠣᠮᠧᠷ᠂ ᠲᠥᠷᠥᠯ ᠵᠦᠢ᠍ᠯ᠎ᠤᠨ ᠨᠡᠷᠡᠶ᠋ᠢᠳᠦᠯ᠂ ᠲᠥᠷᠥᠯ ᠵᠦᠢ᠍ᠯ᠎ᠤᠨ ᠠᠭᠤᠯᠤᠭᠳᠠᠬᠤᠨ᠂ ᠠᠭᠤᠯᠤᠭᠳᠠᠬᠤᠨ᠎ᠤ ᠨᠢᠭᠡ ᠯᠡ ᠤᠳᠠᠭ᠎ᠠ ᠵᠢᠨ ᠴᠢᠨᠠᠷᠲᠠᠶ ᠬᠤᠷᠣᠭᠳᠠᠬᠤ ᠮᠠᠲ᠋ᠧᠷᠢᠶᠠᠯ᠂ ᠡᠭᠦᠨ᠎ᠳᠤ ᠪᠠᠭᠲᠠᠬᠤ ᠤᠢ᠍ᠭᠡᠢ ᠠᠭᠤᠯᠭ᠎ᠠ᠂ ᠲᠥᠷᠥᠯ ᠵᠦᠢ᠍ᠯ᠎ᠤᠨ ᠦᠨ᠎ᠡ ᠬᠠᠩᠰᠢ᠂ ᠦᠨ᠎ᠡ ᠪᠣᠳᠣᠬᠤ ᠨᠢᠭᠡᠴᠢ᠂ ᠦᠨ᠎ᠡ ᠪᠤᠳᠤᠬᠤ ᠲᠣᠳᠣᠷᠬᠠᠶ᠋ᠢᠯᠠᠯᠲᠠ ᠵᠡᠷᠭᠡ ᠨᠠᠢ᠍ᠮᠠᠨ ᠬᠡᠰᠡᠭ᠎ᠢ ᠪᠠᠭᠲᠠᠭ᠋ᠠᠵᠤ᠂ ᠪᠦᠲᠦᠴᠡ᠎ᠨᠢ 2004 ᠣᠨ᠎ᠤ ᠬᠡᠪᠯᠡᠯ᠎ᠲᠠᠢ ᠦᠨᠳᠦᠰᠦᠨ᠎ᠳᠡᠭᠡᠨ ᠠᠳᠠᠯᠢᠬᠠᠨ ᠪᠣᠯᠪᠠᠴᠣ ᠪᠠᠰᠠ ᠢᠯᠭ᠋ᠠᠭ᠎ᠠ᠎ᠲᠠᠢ ᠵᠦᠢ᠍ᠯ ᠪᠠᠶ᠋ᠢᠨ᠎ᠠ᠄
      ᠨᠢᠭᠡ᠎ᠳᠤ᠂ 《ᠠᠭᠤᠯᠤᠭᠳᠠᠬᠤᠨ᠎ᠤ ᠨᠢᠭᠡ ᠯᠡ ᠤᠳᠠᠭ᠎ᠠ ᠵᠢᠨ ᠴᠢᠨᠠᠷᠲᠠᠶ ᠬᠤᠷᠣᠭᠳᠠᠬᠤ ᠮᠠᠲ᠋ᠧᠷᠢᠶᠠᠯ》 ᠭᠡᠬᠦ ᠪᠣᠯᠣᠩ᠎ᠢ ᠨᠡᠮᠡᠪᠡ᠃ ᠪᠢᠳᠡ ᠦᠨ᠎ᠡ ᠲᠣᠭᠲᠠᠭ᠋ᠠᠬᠤ᠎ᠳᠠᠭᠠᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠶᠠᠪᠤᠴᠠ᠎ᠳᠠᠬᠢ ᠡᠩ᠎ᠤᠨ ᠬᠡᠷᠡᠭᠯᠡᠬᠦ ᠨᠢᠭᠡ ᠯᠡ ᠤᠳᠠᠭ᠎ᠠ ᠵᠢᠨ ᠴᠢᠨᠠᠷᠲᠠᠶ ᠬᠤᠷᠣᠭᠳᠠᠬᠤ ᠮᠠᠲ᠋ᠧᠷᠢᠶᠠᠯ᠎ᠢ ᠪᠣᠭᠤᠳᠠᠯᠯᠠᠨ ᠥᠪᠡᠷ᠎ᠤᠨ ᠦᠷᠳᠡᠭ᠎ᠲᠤ ᠪᠣᠳᠣᠨ ᠣᠷᠤᠭᠤᠯᠪᠠ᠂ ᠵᠢᠱ᠌ᠢᠶᠡᠯᠡᠪᠡᠯ ᠨᠢᠭᠡ ᠯᠡ ᠤᠳᠠᠭ᠎ᠠ ᠵᠢᠨ ᠴᠢᠨᠠᠷᠲᠠᠶ ᠲᠠᠷᠢᠯᠭ᠎ᠠ ᠵᠢᠨ ᠬᠡᠷᠡᠭᠰᠡᠯ᠂ ᠰᠢᠩᠭᠡᠨ᠎ᠤ ᠶᠡᠭᠦᠯᠡᠭᠦᠷ᠂ ᠨᠢᠭᠡ ᠯᠡ ᠤᠳᠠᠭ᠎ᠠ ᠬᠡᠷᠡᠭᠯᠡᠬᠦ ᠴᠠᠬᠢᠯᠭ᠋ᠠᠨ ᠬᠢᠲᠤᠭ᠋ᠠᠨ᠎ᠤ ᠦᠵᠦᠭᠦᠷ ᠵᠡᠷᠭᠡ᠎ᠨᠢ ᠲᠥᠷᠥᠯ ᠵᠦᠢ᠍ᠯ᠎ᠤᠨ ᠦᠨ᠎ᠡ ᠬᠠᠨᠭ᠌ᠰᠢ ᠵᠢᠨ ᠳᠣᠲᠣᠷ᠎ᠠ ᠪᠠᠭᠲᠠᠵᠤ᠂ ᠠᠰᠲᠠᠭ᠋ᠠᠨ ᠵᠠᠷᠤᠳᠠᠯ ᠬᠤᠷᠢᠶᠠᠬᠤ ᠦᠭᠡᠢ᠂ ᠡᠶ᠋ᠢᠮᠦᠷᠬᠦ ᠬᠢᠳᠡᠯ᠎ᠨᠢ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠥᠪᠡᠷ᠎ᠤᠨ ᠦᠷᠳᠡᠭ ᠵᠶ᠋ᠠᠨ ᠬᠢᠵᠠᠭ᠋ᠠᠷᠯᠠᠵᠤ᠂ ᠡᠮ ᠡᠮᠨᠡᠯᠭᠡ ᠵᠢᠨ ᠵᠠᠷᠤᠳᠠᠯ ᠬᠤᠷᠢᠶᠠᠬᠤ ᠥᠢ᠍ᠯᠡ ᠠᠵᠢᠯᠯᠠᠭ᠎ᠠ ᠵᠢ ᠵᠢᠷᠤᠮᠵᠢᠭᠤᠯᠬᠤ᠎ᠳᠤ ᠠᠰᠢᠭᠲᠠᠢ ᠶᠤᠮ;
      ᠬᠤᠶᠠᠷ᠎ᠲᠤ᠂ ᠲᠥᠷᠥᠯ ᠵᠦᠢ᠍ᠯ᠎ᠤᠨ ᠠᠭᠤᠯᠤᠭᠳᠠᠬᠤᠨ᠎ᠨᠢ 2004 ᠣᠨ᠎ᠤ ᠬᠡᠪᠯᠡᠯ᠎ᠠᠴᠠ ᠨᠠᠷᠢᠯᠢᠭ᠂ ᠲᠥᠷᠥᠯ ᠵᠦᠢ᠍ᠯ ᠨᠢᠭᠡᠪᠦᠷᠢ ᠵᠢᠨ ᠠᠵᠢᠯᠯᠠᠭ᠎ᠠ ᠵᠢ ᠨᠠᠷᠢᠨ ᠲᠣᠳᠣᠷᠬᠠᠶ ᠵᠠᠭ᠋ᠠᠭᠯᠠᠨ ᠲᠣᠭᠲᠠᠭ᠋ᠠᠵᠤ ᠲᠣᠳᠣᠷᠬᠠᠶ᠋ᠢᠯᠠᠭᠰᠠᠨ ᠪᠥᠭᠡᠳ ᠰᠢᠨ᠎ᠡ ᠬᠡᠪᠯᠡᠯ᠎ᠤᠨ ᠲᠥᠷᠥᠯ ᠵᠦᠢ᠍ᠯ᠎ᠨᠢ ᠡᠮᠴᠢᠯᠡᠭᠡᠨ᠎ᠤ ᠠᠵᠢᠯᠯᠠᠭ᠎ᠠ ᠵᠢᠨ ᠬᠠᠮᠤᠭ᠎ᠤᠨ ᠰᠢᠨ᠎ᠡ ᠲᠥᠷᠥᠯ ᠵᠦᠢ᠍ᠯ ᠪᠣᠯᠬᠤᠷ ᠡᠮ ᠡᠮᠨᠡᠯᠭᠡ ᠵᠢᠨ ᠪᠠᠶ᠋ᠢᠭᠤᠯᠤᠮᠵᠢ᠎ᠠᠴᠠ ᠳᠤᠷ᠎ᠠ᠎ᠪᠠᠷ ᠵᠶ᠋ᠠᠨ ᠵᠠᠳᠠᠯᠤᠨ ᠰᠠᠯᠭ᠋ᠠᠬᠤ ᠵᠢ ᠵᠥᠪᠰᠢᠶᠡᠷᠡᠬᠦ ᠦᠭᠡᠢ ᠪᠠᠶ᠋ᠢᠵᠤ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠵᠠᠷᠤᠳᠠᠯ ᠬᠤᠷᠢᠶᠠᠬᠤ ᠥᠢ᠍ᠯᠡ ᠠᠵᠢᠯᠯᠠᠭ᠎ᠠ ᠵᠢ ᠵᠢᠷᠤᠮᠵᠢᠭᠤᠯᠬᠤ᠎ᠳᠤ ᠠᠰᠢᠭᠲᠠᠶ ᠶᠤᠮ᠃
      ᠬᠥᠲᠥᠯᠥᠭᠴᠢ᠄ ᠰᠢᠨ᠎ᠡ ᠬᠡᠪᠯᠡᠯ᠎ᠤᠨ ᠦᠨ᠎ᠡ ᠬᠠᠩᠰᠢ ᠵᠢᠨ ᠭᠠᠷᠴᠠᠭ᠎ᠲᠠᠬᠢ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠲᠤᠭ᠎ᠠ 8000 ᠭᠠᠷᠤᠶ ᠪᠠᠶ᠋ᠢᠨ᠎ᠠ᠂ ᠮᠠᠨ᠎ᠤ ᠣᠷᠣᠨ᠎ᠤ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠵᠠᠷᠤᠳᠠᠯ ᠬᠤᠷᠢᠶᠠᠬᠤ ᠲᠥᠷᠥᠯ ᠵᠦᠢ᠍ᠯ᠎ᠢ ᠴᠥᠮ ᠲᠡᠭᠦᠨ᠎ᠤ ᠳᠣᠲᠣᠷ᠎ᠠ ᠣᠷᠣᠭᠤᠯᠣᠨ᠎ᠠ ᠦᠦ? ᠠᠳᠠᠯᠢ ᠪᠤᠰᠤ ᠳᠡᠰ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠵᠠᠷᠤᠳᠠᠯ ᠬᠤᠷᠢᠶᠠᠬᠤ ᠪᠠᠷᠢᠮᠵᠢᠶ᠎ᠠ ᠵᠢ ᠬᠡᠷᠬᠢᠨ ᠲᠣᠭᠲᠠᠭ᠋ᠠᠬᠤ ᠪᠤᠢ?
      ᠸᠠᠩ ᠵᠢᠨ ᠪᠣᠣ᠄
      ᠤᠯᠤᠰ᠎ᠠᠴᠠ ᠳᠣᠷᠣᠭᠰᠢ ᠪᠠᠭᠤᠯᠭ᠋ᠠᠭᠰᠠᠨ 《ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠵᠢᠷᠤᠮᠵᠢᠯ᠎ᠤᠨ 2012 ᠣᠨ᠎ᠤ ᠬᠡᠪᠯᠡᠯ》᠎ᠳᠤ ᠨᠡᠶ᠋ᠢᠳᠠ 9365 ᠲᠥᠷᠥᠯ ᠵᠦᠢ᠍ᠯ ᠠᠭᠤᠯᠤᠭᠳᠠᠵᠤ᠂ ᠮᠠᠨ᠎ᠤ ᠣᠷᠣᠨ᠎ᠤ 2012 ᠣᠨ᠎ᠤ ᠬᠡᠪᠯᠡᠯ᠎ᠤᠨ ᠲᠥᠷᠥᠯ ᠵᠦᠢ᠍ᠯ 8754 ᠪᠠᠶ᠋ᠢᠵᠤ᠂ ᠮᠠᠨ᠎ᠤ ᠣᠷᠣᠨ᠎ᠤ ᠣᠳᠣᠬᠢ ᠱᠠᠲᠤᠨ᠎ᠤ ᠪᠣᠢ ᠪᠦᠬᠦᠢ ᠲᠦᠷᠥᠯ ᠵᠦᠢ᠍ᠯ᠎ᠢ ᠲᠥᠪᠯᠡᠷᠡᠭᠦᠯᠪᠡ᠃ ᠡᠮ ᠡᠮᠨᠡᠯᠭᠡ ᠵᠢᠨ ᠮᠡᠷᠭᠡᠵᠢᠯ᠎ᠤᠨ ᠬᠥᠭᠵᠢᠯᠲᠡ ᠵᠢ ᠳᠠᠭ᠋ᠠᠯᠳᠤᠨ᠂ ᠵᠠᠯᠭ᠋ᠠᠯᠳᠤᠭ᠋ᠠᠪᠠᠷ ᠪᠠᠰᠠ ᠰᠢᠨ᠎ᠡ ᠲᠥᠷᠥᠯ ᠵᠦᠢ᠍ᠯ ᠮᠠᠨ᠎ᠤ ᠣᠷᠣᠨ᠎ᠤ ᠰᠢᠨ᠎ᠡ ᠬᠡᠪᠯᠡᠯ᠎ᠤᠨ ᠦᠨ᠎ᠡ ᠬᠠᠩᠰᠢ᠎ᠳᠤ ᠨᠥᠬᠦᠪᠦᠷᠢᠯᠡᠭᠳᠡᠵᠦ ᠣᠷᠣᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠦᠪᠯᠡᠯ᠎ᠤᠨ ᠡᠮᠨᠡᠯᠭᠡ ᠵᠢᠨ ᠬᠤᠷᠢᠶᠠᠨ᠎ᠤ ᠵᠡᠷᠭᠡ ᠳᠡᠰ᠎ᠤᠨ ᠲᠣᠭᠲᠠᠭ᠋ᠠᠯᠲᠠ ᠶᠣᠰᠣᠭ᠋ᠠᠷ᠂ ᠭᠤᠷᠪᠠᠳᠤᠭ᠋ᠠᠷ ᠳᠡᠰ᠂ ᠬᠤᠶᠠᠳᠤᠭ᠋ᠠᠷ ᠳᠡᠰ᠂ ᠨᠢᠭᠡᠳᠦᠭᠡᠷ ᠳᠡᠰ (ᠦᠨᠳᠦᠰᠦᠨ ᠱᠠᠲᠤᠨ᠎ᠤ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ) ᠭᠡᠵᠦ ᠬᠤᠪᠢᠶᠠᠨ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠪᠠᠰᠠ ᠡᠮᠨᠡᠯᠭᠡ ᠵᠢᠨ ᠬᠤᠷᠢᠶᠠᠨ᠎ᠤ ᠵᠡᠷᠭᠡ ᠳᠡᠰ ᠵᠶ᠋ᠠᠷ ᠬᠠᠨᠭ᠌ᠰᠢᠯᠠᠵᠤ ᠪᠣᠯᠤᠨ᠎ᠠ᠃ ᠭᠤᠷᠪᠠᠳᠤᠭ᠋ᠠᠷ ᠳᠡᠰ᠎ᠤᠨ ᠦᠨ᠎ᠡ ᠬᠠᠩᠰᠢ ᠬᠠᠮᠤᠭ ᠥᠨᠳᠥᠷ ᠪᠠᠶ᠋ᠢᠵᠤ᠂ ᠬᠤᠶᠠᠳᠤᠭ᠋ᠠᠷ ᠳᠡᠰ᠂ ᠨᠢᠭᠡᠳᠦᠭᠡᠷ ᠳᠡᠰ᠎ᠨᠢ ᠳᠤᠮᠳᠠᠴᠢ᠎ᠪᠠᠷ 10%᠎ᠪᠠᠷ ᠱᠠᠲᠦ ᠳᠠᠷᠠᠭ᠋ᠠᠯᠠᠨ ᠳᠣᠷᠣᠭᠰᠢᠯᠠᠵᠤ᠂ ᠨᠢᠭᠡᠳᠦᠭᠡᠷ ᠳᠡᠰ᠎ᠤᠨ ᠡᠮᠨᠡᠯᠭᠡ ᠵᠢᠨ ᠬᠤᠷᠢᠶ᠎ᠠ (ᠦᠨᠳᠦᠰᠦᠨ ᠱᠠᠲᠤᠨ᠎ᠤ ᠡᠮ ᠡᠮᠨᠡᠯᠭᠡ ᠵᠢᠨ ᠪᠠᠶ᠋ᠢᠭᠤᠯᠤᠮᠵᠢ) ᠵᠢᠨ ᠥᠷᠨᠢᠭᠦᠯᠵᠦ ᠳᠡᠶ᠋ᠢᠯᠬᠦ ᠲᠥᠷᠥᠯ ᠵᠦᠢ᠍ᠯ᠎ᠨᠢ ᠲᠦᠢ᠍ᠯ᠎ᠤᠨ ᠬᠢᠵᠠᠭ᠋ᠠᠷ᠎ᠲᠠᠢ ᠪᠠᠶ᠋ᠢᠵᠤ᠂ ᠭᠤᠣᠯᠳᠠᠭᠤ ᠵᠡᠭᠦᠦ ᠲᠠᠷᠢᠯᠭ᠎ᠠ᠂ ᠰᠢᠩᠭᠡᠨ ᠶᠡᠭᠦᠯᠡᠬᠦ᠂ ᠡᠮ ᠰᠣᠯᠢᠬᠤ᠎ᠪᠠᠷ ᠭᠤᠣᠯᠯᠠᠭᠤᠯᠤᠨ᠎ᠠ᠃
      ᠬᠥᠲᠥᠯᠥᠭᠴᠢ᠄ ᠶᠠᠭ᠋ᠠᠬᠢᠭ᠋ᠠᠳ ᠬᠥᠬᠡᠬᠤᠲᠠ᠂ ᠲᠦᠩᠯᠢᠶᠣᠤ᠂ ᠣᠷᠳᠣᠰ ᠪᠣᠯᠣᠨ ᠦᠬᠠᠶ ᠬᠤᠳᠠ ᠵᠢ ᠰᠣᠩᠭᠤᠵᠤ ᠰᠢᠨ᠎ᠡ ᠬᠡᠪᠯᠡᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠲᠤᠷᠰᠢᠯᠲᠠ ᠵᠢᠨ ᠴᠢᠭ᠋᠎ᠤᠨ ᠭᠠᠵᠠᠷ ᠣᠷᠣᠨ ᠪᠣᠯᠭ᠋ᠠᠭᠰᠠᠨ ᠪᠤᠢ?
      ᠸᠠᠩ ᠵᠢᠨ ᠪᠣᠣ᠄ ᠳᠡᠭᠡᠷ᠎ᠡ ᠳᠤᠷᠠᠳᠤᠭᠰᠠᠨ ᠭᠠᠵᠠᠷ ᠣᠷᠣᠨ᠎ᠢ ᠰᠣᠩᠭᠤᠨ ᠲᠤᠷᠰᠢᠯᠲᠠ ᠴᠢᠭ᠋ ᠪᠣᠯᠭ᠋ᠠᠭᠰᠠᠨ ᠭᠤᠣᠯ ᠪᠣᠳᠣᠯᠬᠢᠯᠠᠯ ᠭᠡᠪᠡᠯ᠄ ᠡᠨᠡ ᠲᠦ᠍ᠷᠪᠡᠨ ᠭᠠᠵᠠᠷ ᠥᠪᠡᠷᠲᠡᠭᠡᠨ ᠵᠠᠰᠠᠬᠤ ᠣᠷᠣᠨ᠎ᠤ ᠬᠤᠳᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠢᠭ᠋᠎ᠤᠨ ᠭᠠᠵᠠᠷ ᠣᠷᠣᠨ᠎ᠳᠤ ᠬᠠᠷᠢᠶᠠᠯᠠᠭᠳᠠᠵᠤ᠂ 15% ᠵᠢᠨ ᠡᠮ᠎ᠤᠨ ᠵᠦᠢ᠍ᠯ᠎ᠤᠨ ᠨᠡᠮᠡᠯᠲᠡ ᠦᠨ᠎ᠡ (ᠦᠨᠡᠨ᠎ᠳᠡᠭᠡᠨ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠥᠬᠡᠬᠤᠲᠠ ᠣᠷᠣᠨ᠎ᠤ ᠪᠤᠶ ᠪᠦᠬᠦᠢ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠴᠦᠮ ᠨᠡᠮᠡᠯᠲᠡ ᠦᠨ᠎ᠡ ᠵᠢ ᠬᠦᠴᠦᠨ ᠦᠭᠡᠢ ᠪᠣᠯᠭ᠋ᠠᠪᠠ) ᠵᠢ ᠨᠢᠭᠡᠳᠦᠯᠲᠡᠶ ᠬᠦᠴᠦᠨ ᠦᠭᠡᠢ ᠪᠣᠯᠭ᠋ᠠᠵᠤ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠪᠣᠳᠠᠲᠠᠶ ᠣᠷᠣᠯᠭ᠎ᠠ ᠡᠭᠦᠨ᠎ᠠᠴᠠ ᠪᠣᠯᠵᠤ ᠪᠠᠭᠤᠷᠠᠭᠰᠠᠨ ᠪᠣᠯᠬᠤᠷ ᠲᠦᠷᠦ ᠵᠢᠨ ᠪᠤᠳᠤᠯᠭ᠎ᠠ ᠵᠢᠨ ᠬᠠᠷᠭ᠋ᠠᠯᠵᠠᠯ ᠵᠶ᠋ᠠᠷ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠰᠤᠭᠳᠠᠭᠰᠠᠨ ᠣᠷᠣᠯᠭ᠎ᠠ ᠵᠢ ᠨᠥᠬᠦᠪᠥᠷᠢᠯᠡᠬᠦ ᠴᠢᠬᠤᠯᠡ᠎ᠲᠠᠢ᠃ ᠰᠢᠨ᠎ᠡ ᠬᠡᠪᠯᠡᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ᠎ᠨᠢ ᠥᠭᠡᠷᠡᠴᠢᠯᠡᠯᠲᠡ ᠵᠢᠨ ᠢᠵᠢ ᠪᠥᠷᠢᠳᠥᠭᠰᠡᠨ ᠲᠥᠷᠥ ᠵᠢᠨ ᠪᠣᠳᠣᠯᠭ᠎ᠠ ᠪᠤᠯᠤᠭᠰᠠᠨ᠎ᠤ ᠬᠤᠪᠢ᠎ᠳᠤ ᠰᠢᠨ᠎ᠡ ᠲᠤᠷᠰᠢᠯᠲᠠ ᠵᠢᠨ ᠴᠢᠭ᠋᠎ᠤᠨ ᠭᠠᠵᠠᠷ ᠣᠷᠣᠨ᠎ᠳᠤ ᠤᠷᠢᠳᠠᠪᠠᠷ ᠬᠡᠷᠡᠭᠵᠢᠭᠦᠯᠵᠦ᠂ ᠦᠨ᠎ᠡ ᠬᠠᠩᠰᠢ ᠲᠣᠭᠲᠠᠭ᠋ᠠᠬᠤ ᠰᠢᠨᠵᠢᠯᠡᠬᠦ ᠤᠬᠠᠭ᠋ᠠᠨᠴᠢ ᠴᠢᠨᠠᠷ᠎ᠢ ᠰᠢᠯᠭ᠋ᠠᠨ ᠪᠠᠲᠤᠯᠠᠬᠤ ᠵᠢᠨ ᠬᠠᠮᠲᠤ ᠪᠠᠰᠠ ᠡᠮ᠎ᠤᠨ ᠵᠦᠢ᠍ᠯ᠎ᠤᠨ ᠬᠤᠪᠢᠳᠠᠯ ᠨᠡᠮᠡᠯᠲᠡ ᠵᠢ ᠬᠦᠴᠦᠨ ᠦᠭᠡᠢ ᠪᠣᠯᠭ᠋ᠠᠭᠰᠠᠨ᠎ᠠᠴᠠ ᠡᠭᠦᠰᠦᠭᠰᠡᠨ ᠥᠷᠢ ᠰᠢᠷᠢ ᠵᠢ ᠦᠨᠳᠦᠰᠦᠨ᠎ᠳᠡᠭᠡᠨ ᠨᠥᠬᠦᠪᠥᠷᠢᠯᠡᠵᠦ ᠪᠣᠯᠤᠨ᠎ᠠ᠃
      ᠬᠥᠲᠥᠯᠥᠭᠴᠢ᠄ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠲᠣᠬᠢᠷᠠᠭᠤᠯᠤᠯᠲᠠ᠎ᠨᠢ ᠤᠯᠠᠨ ᠲᠦᠮᠡᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠳᠠᠩᠰᠠ ᠲᠠᠶ᠋ᠢᠯᠬᠤ ᠵᠢ ᠨᠥᠯᠦᠭᠡᠯᠡᠨ᠎ᠡ ᠦᠦ?
      ᠸᠠᠩ ᠵᠢᠨ ᠪᠣᠣ᠄
      ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠲᠣᠬᠢᠷᠠᠭᠤᠯᠤᠯᠲᠠ᠎ᠨᠢ ᠤᠯᠠᠨ ᠲᠦᠮᠡᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠳᠠᠩᠰᠠ ᠲᠠᠶ᠋ᠢᠯᠬᠤ ᠵᠢ ᠨᠥᠯᠥᠭᠡᠯᠡᠬᠦ ᠦᠭᠡᠢ ᠶᠤᠮ᠃ 2016 ᠣᠨ᠎ᠠᠴᠠ ᠡᠬᠢᠯᠡᠨ᠂ ᠮᠠᠨ᠎ᠤ ᠣᠷᠣᠨ᠎ᠳᠤ 2004 ᠣᠨ᠎ᠤ ᠬᠡᠪᠯᠡᠯ ᠪᠣᠯᠣᠨ 2012 ᠣᠨ᠎ᠤ ᠬᠡᠪᠯᠡᠯ᠎ᠤᠨ ᠣᠨᠣᠰᠢᠯᠠᠨ ᠡᠮᠨᠡᠬᠦ ᠲᠥᠷᠥᠯ ᠵᠦᠢ᠍ᠯ᠎ᠢ ᠵᠡᠷᠭᠡ᠎ᠪᠠᠷ ᠬᠡᠷᠡᠭᠯᠡᠬᠦ ᠪᠠᠶ᠋ᠢᠳᠠᠯ ᠡᠭᠦᠰᠬᠦ ᠪᠣᠯᠣᠨ᠎ᠠ᠃ ᠡᠭᠦᠨ᠎ᠳᠤ ᠬᠥᠬᠡᠬᠤᠲᠠ᠂ ᠲᠦᠩᠯᠢᠶᠣᠤ ᠬᠤᠳᠠ᠂ ᠤᠷᠳᠤᠰ ᠬᠤᠳᠠ ᠪᠣᠯᠣᠨ ᠦᠬᠠᠶ ᠬᠤᠳᠠ 2012 ᠣᠨ᠎ᠤ ᠬᠡᠪᠯᠡᠯ᠎ᠤᠨ ᠣᠨᠣᠰᠢᠯᠠᠨ ᠡᠮᠨᠡᠬᠦ ᠲᠥᠷᠥᠯ ᠵᠦᠢ᠍ᠯ᠎ᠤᠨ ᠭᠠᠷᠴᠠᠭ᠎ᠢ ᠬᠡᠷᠡᠭᠯᠡᠬᠦ ᠵᠢᠨ ᠬᠠᠮᠲᠤ᠂ ᠪᠤᠰᠤᠳ 8 ᠠᠶ᠋ᠢᠮᠠᠭ ᠬᠤᠳᠠ᠎ᠨᠤᠭᠤᠳ 2004 ᠣᠨ᠎ᠤ ᠬᠡᠪᠯᠡᠯ᠎ᠤᠨ ᠣᠨᠣᠰᠢᠯᠠᠨ ᠡᠮᠨᠡᠬᠦ ᠲᠥᠷᠥᠯ ᠵᠦᠢ᠍ᠯ᠎ᠤᠨ ᠭᠠᠷᠴᠠᠭ᠎ᠢ ᠦᠷᠭᠦᠯᠵᠢᠯᠡᠨ ᠬᠡᠷᠡᠭᠯᠡᠨ᠎ᠡ᠃ 2004 ᠣᠨ᠎ᠤ ᠬᠡᠪᠯᠡᠯ᠂ 2012 ᠣᠨ᠎ᠤ ᠬᠡᠪᠯᠡᠯ᠎ᠤᠨ ᠣᠨᠣᠰᠢᠯᠠᠨ ᠡᠮᠨᠡᠬᠦ ᠲᠥᠷᠥᠯ ᠵᠦᠢ᠍ᠯ᠎ᠢ ᠵᠡᠷᠭᠡᠪᠡᠷ ᠬᠡᠷᠡᠭᠯᠡᠪᠡᠯ 2012 ᠣᠨ᠎ᠤ ᠬᠡᠪᠯᠡᠯ᠎ᠤᠨ ᠣᠨᠣᠰᠢᠯᠠᠨ ᠡᠮᠨᠡᠬᠦ ᠲᠥᠷᠥᠯ ᠵᠦᠢ᠍ᠯ᠎ᠤᠨ ᠲᠤᠭ᠎ᠠ ᠪᠣᠯᠣᠨ ᠠᠭᠤᠯᠭ᠎ᠠ ᠵᠢᠨ ᠬᠤᠪᠢᠷᠠᠯᠲᠠ ᠨᠡᠯᠢᠶᠡᠳ ᠶᠡᠭᠡ ᠶᠤᠮ᠂ ᠡᠯ᠎ᠡ ᠠᠶ᠋ᠢᠮᠠᠭ ᠬᠤᠲᠠ ᠵᠢᠨ ᠡᠮ ᠡᠮᠨᠡᠯᠭᠡ ᠵᠢᠨ ᠳᠠᠭ᠋ᠠᠳᠬᠠᠯ᠂ ᠡᠮᠨᠡᠯᠭᠡ ᠵᠢᠨ ᠬᠤᠷᠢᠶᠠᠨ᠎ᠤ ᠬᠠᠮᠢᠶᠠᠷᠤᠯᠲᠠ ᠵᠢᠨ ᠬᠡᠪ᠎ᠤᠨ ᠠᠵᠢᠯᠯᠠᠭ᠎ᠠ ᠵᠢ ᠪᠠᠲᠤᠯᠠᠬᠤ ᠵᠢᠨ ᠬᠠᠮᠲᠤ ᠣᠷᠣᠨ᠎ᠤ ᠳᠣᠲᠣᠷᠠᠬᠢ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠡᠭᠨᠡᠨ ᠪᠤᠳᠤᠬᠤ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠰᠢᠨ᠎ᠡ ᠬᠡᠪᠯᠡᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠳ᠋ᠠᠶ᠋ᠢᠲ᠋ᠠ ᠬᠥᠮᠥᠷᠭᠡ ᠪᠣᠯᠤᠨ ᠰᠢᠨ᠎ᠡ ᠮᠡᠳᠡᠭᠡ ᠵᠠᠩᠭᠢ ᠵᠢᠨ ᠰᠢᠰᠲ᠋ᠧᠮ᠎ᠢ ᠡᠷᠬᠡᠪᠰᠢ ᠪᠠᠶ᠋ᠢᠭᠤᠯᠵᠤ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠡᠮ ᠡᠮᠨᠡᠯᠭᠡ ᠵᠢᠨ ᠳᠠᠭ᠋ᠠᠳᠬᠠᠯ᠎ᠤᠨ 《ᠭᠤᠷᠪᠠᠨ ᠭᠠᠷᠴᠠᠭ》᠎ᠤᠨ ᠬᠠᠮᠢᠶᠠᠷᠤᠯᠲᠠ ᠪᠣᠯᠣᠨ ᠵᠠᠷᠤᠳᠠᠯ᠎ᠤᠨ ᠳ᠋ᠦᠡᠭᠨᠡᠨ ᠪᠣᠳᠣᠯᠲᠠ᠎ᠳᠤ ᠲᠣᠬᠢᠷᠠᠭᠤᠯᠤᠯᠲᠠ ᠬᠢᠵᠦ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠮᠴᠢᠯᠡᠭᠦᠯᠬᠦ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌ ᠪᠠᠲᠤᠯᠠᠨ᠎ᠠ᠃ ᠡᠮ ᠡᠮᠨᠡᠯᠭᠡ ᠵᠢᠨ ᠳᠠᠭ᠋ᠠᠳᠬᠠᠯ ᠪᠣᠯᠣᠨ ᠡᠮᠨᠡᠯᠭᠡ ᠵᠢᠨ ᠬᠤᠷᠢᠶ᠎ᠠ᠎ᠠᠴᠠ ᠰᠢᠨ᠎ᠡ ᠬᠡᠪᠯᠡᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠳ᠋ᠠᠶ᠋ᠢᠲ᠋ᠠ ᠬᠥᠮᠥᠷᠭᠡ ᠪᠣᠯᠤᠨ ᠰᠢᠨ᠎ᠡ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠠᠵᠢᠯ᠎ᠢ ᠪᠡᠶᠡᠯᠡᠭᠦᠯᠦᠭᠰᠡᠨ᠎ᠤ ᠳᠠᠷᠠᠭ᠎ᠠ᠂ ᠡᠯ᠎ᠡ ᠠᠶ᠋ᠢᠮᠠᠭ ᠬᠤᠳᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠬᠤᠭᠤᠷᠣᠨᠳᠣᠬᠢ ᠵᠢᠴᠢ ᠡᠯ᠎ᠡ ᠲᠣᠭᠲᠠᠭᠰᠠᠨ ᠴᠢᠭ᠋᠎ᠤᠨ ᠡᠮᠨᠡᠯᠭᠡ ᠵᠢᠨ ᠬᠤᠷᠢᠶᠠᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠬᠤᠭᠤᠷᠣᠨᠳᠣᠬᠢ ᠲᠤᠬᠠᠶ᠋ᠢᠯᠠᠭᠰᠠᠨ ᠠᠵᠢᠯ᠎ᠤᠨ ᠰᠢᠯᠭ᠋ᠠᠯᠲᠠ ᠵᠢ ᠶᠠᠪᠤᠭᠳᠠᠭᠤᠯᠵᠤ᠂ ᠬᠡᠮᠵᠢᠨ ᠰᠢᠯᠭ᠋ᠠᠭ᠋ᠠᠳ ᠲᠣᠭᠲᠠᠭᠤᠨ ᠪᠣᠯᠣᠭᠰᠠᠨ᠎ᠤ ᠳᠠᠷᠠᠭ᠎ᠠ᠂ ᠰᠢᠨ᠎ᠡ ᠦᠨ᠎ᠡ ᠬᠠᠩᠰᠢ ᠰᠠᠶᠢ ᠵᠢᠩᠬᠢᠨᠢ᠎ᠪᠠᠷ ᠡᠬᠢᠯᠡᠵᠦ ᠶᠠᠪᠤᠭᠤᠯᠤᠨ᠎ᠠ᠃ ᠰᠢᠨ᠎ᠡ ᠦᠨ᠎ᠡ ᠬᠠᠩᠰᠢ ᠵᠢ ᠶᠠᠪᠤᠭᠤᠯᠬᠤ᠎ᠠᠴᠠ ᠡᠮᠦᠨ᠎ᠡ᠂ ᠤᠤᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠳᠠᠩᠰᠠ ᠲᠠᠶ᠋ᠢᠯᠬᠤ ᠰᠢᠰᠲ᠋ᠧᠮ ᠬᠡᠪ᠎ᠤᠨ ᠶᠣᠰᠣᠭ᠋ᠠᠷ ᠠᠵᠢᠯᠯᠠᠬᠤ ᠪᠣᠯᠣᠨ᠎ᠠ᠃
      ᠬᠥᠲᠥᠯᠥᠭᠴᠢ᠄ ᠰᠢᠨ᠎ᠡ ᠬᠡᠪᠯᠡᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠶᠠᠮᠠᠷ ᠶᠠᠮᠠᠷ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠵᠡᠷᠭᠡᠪᠡᠷ ᠬᠦᠴᠦᠨ ᠦᠭᠡᠢ ᠪᠣᠯᠭ᠋ᠠᠭᠰᠠᠨ ᠪᠤᠢ?
      ᠸᠠᠩ ᠵᠢᠨ ᠪᠣᠣ᠄
      ᠲᠤᠷᠰᠢᠯᠲᠠ ᠵᠢᠨ ᠴᠢᠬ᠎ᠤᠨ ᠪᠤᠰᠤ ᠭᠠᠵᠠᠷ ᠣᠷᠣᠨ᠎ᠤ ᠬᠤᠳᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠪᠣᠯᠤᠨ ᠬᠤᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠮᠥᠨ ᠯᠡ ᠤᠳᠦ ᠵᠢᠨ ᠲᠦᠷᠦ ᠵᠢᠨ ᠪᠤᠳᠦᠯᠭ᠎ᠠ ᠵᠢ ᠬᠡᠷᠡᠭᠵᠢᠭᠦᠯᠵᠦ ᠪᠠᠶ᠋ᠢᠨ᠎ᠠ᠂ ᠡᠶ᠋ᠢᠮᠦ᠎ᠠᠴᠠ ᠡᠮᠦᠨᠡᠬᠢ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠬᠤ ᠦᠭᠡᠢ᠂ 《ᠲᠥᠷᠥᠯ ᠵᠦᠢ᠍ᠯ᠎ᠤᠨ (ᠲᠤᠷᠰᠢᠨ ᠬᠡᠷᠡᠭᠵᠢᠭᠦᠯᠬᠦ) 2012 ᠣᠨ᠎ᠤ ᠬᠡᠪᠯᠡᠯ》 ᠪᠦᠬᠦ ᠲᠠᠯ᠎ᠠ᠎ᠪᠠᠷ ᠬᠡᠷᠡᠭᠵᠢᠭᠦᠯᠦᠭᠳᠡᠭᠰᠡᠨ᠎ᠤ ᠳᠠᠷᠠᠭ᠎ᠠ᠂ ᠪᠤᠰᠤᠳ ᠭᠠᠵᠠᠷ ᠣᠷᠣᠨ᠎ᠢ ᠳᠠᠬᠢᠵᠤ ᠰᠢᠨ᠎ᠡ ᠦᠨ᠎ᠡ ᠬᠠᠨᠭ᠌ᠰᠢ᠎ᠲᠠᠢ ᠵᠣᠯᠭ᠋ᠠᠯᠳᠤᠭᠤᠯᠬᠤ ᠪᠣᠯᠣᠨ᠎ᠠ᠃
      ᠬᠥᠲᠥᠯᠥᠭᠴᠢ᠄ ᠤᠯᠠᠨ ᠲᠦᠮᠡᠨ ᠶᠠᠮᠠᠷ ᠶᠠᠮᠠᠷ ᠠᠷᠭ᠎ᠠ ᠵᠠᠮ ᠵᠶ᠋ᠠᠷ ᠳᠠᠮᠵᠢᠭᠤᠯᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠪᠣᠲᠠᠲᠠᠢ ᠵᠠᠷᠤᠳᠠᠯ ᠬᠤᠷᠢᠶᠠᠬᠤ ᠲᠦᠷᠦᠯ ᠵᠦᠢ᠍ᠯ ᠪᠣᠯᠣᠨ ᠦᠨ᠎ᠡ ᠬᠠᠩᠰᠢ ᠵᠢᠨ ᠪᠠᠷᠢᠮᠵᠢᠶ᠎ᠠ᠎ᠳᠤ ᠨᠡᠶ᠋ᠢᠴᠡᠬᠦ ᠡᠰᠡᠬᠦ ᠵᠢ ᠯᠠᠪᠯᠠᠨ ᠠᠰᠠᠭᠤᠵᠤ ᠪᠣᠯᠬᠤ ᠪᠣᠢ?
      ᠸᠠᠩ ᠵᠢᠨ ᠪᠣᠣ᠄
      ᠪᠢᠳᠡ ᠡᠯ᠎ᠡ ᠲᠤᠷᠰᠢᠯᠲᠠ ᠵᠢᠨ ᠴᠢᠭ᠋᠎ᠤᠨ ᠡᠮ ᠡᠮᠨᠡᠯᠭᠡ ᠵᠢᠨ ᠪᠠᠶ᠋ᠢᠭᠤᠯᠤᠮᠵᠢ᠎ᠠᠴᠠ ᠵᠠᠷᠤᠳᠠᠯ ᠬᠤᠷᠢᠶᠠᠬᠤ ᠭᠠᠵᠠᠷ ᠪᠤᠶᠤ ᠢᠯᠡ ᠬᠠᠷᠠᠭᠳᠠᠬᠤ ᠣᠷᠣᠨ ᠪᠠᠶ᠋ᠢᠷᠢ᠎ᠳᠤ 《ᠲᠥᠷᠥᠯ ᠵᠦᠢ᠍ᠯ ᠵᠢᠨ ᠦᠨ᠎ᠡ ᠬᠠᠨᠭ᠌ᠰᠢ ᠵᠢᠨ (ᠲᠤᠷᠰᠢᠨ ᠬᠡᠷᠡᠭᠵᠢᠭᠦᠯᠬᠦ) 2012 ᠣᠨ᠎ᠤ ᠬᠡᠪᠯᠡᠯ》᠎ᠢ ᠡᠷᠬᠡᠪᠰᠢ ᠨᠡᠶ᠋ᠢᠲᠡ᠎ᠳᠤ ᠰᠠᠮᠪᠠᠷᠯᠠᠨ ᠵᠠᠷᠯᠠᠬᠤ ᠵᠢᠨ ᠬᠠᠮᠲᠤ 12358 ᠦᠨ᠎ᠡ ᠬᠠᠩᠰᠢ ᠵᠢ ᠢᠯᠡᠴᠢᠯᠡᠨ ᠮᠡᠳᠡᠭᠦᠯᠬᠦ ᠳ᠋ᠢᠶᠠᠩᠬᠤᠸᠠ ᠵᠢ ᠨᠡᠶ᠋ᠢᠲᠡᠯᠡᠬᠦ ᠵᠢ ᠱᠠᠭ᠋ᠠᠷᠳᠠᠪᠠ᠃ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠦᠪᠯᠡᠯ᠎ᠤᠨ ᠰᠦᠯᠵᠢᠶᠡᠨ ᠳᠡᠭᠡᠷ᠎ᠡ ᠪᠠᠰᠠ ᠰᠢᠨ᠎ᠡ ᠬᠡᠪᠯᠡᠯ᠎ᠤᠨ ᠦᠨ᠎ᠡ ᠬᠠᠩᠰᠢ ᠵᠢ ᠨᠡᠶ᠋ᠢᠲᠡᠯᠡᠵᠦ᠂ ᠤᠯᠠᠨ ᠲᠦᠮᠡᠨ ᠠᠰᠠᠭᠤᠨ ᠯᠠᠪᠯᠠᠬᠤ᠎ᠳᠤ ᠳᠥᠭᠦᠮ ᠦᠵᠡᠭᠦᠯᠪᠡ᠃
      ᠬᠥᠲᠥᠯᠥᠭᠴᠢ᠄ ᠵᠠ᠂ ᠸᠠᠩ ᠡᠷᠬᠢᠯᠡᠭᠴᠢ᠎ᠠᠴᠠ ᠪᠢᠳᠡᠨ᠎ᠳᠤ ᠮᠠᠰᠢ ᠨᠠᠷᠢᠯᠢᠭ ᠲᠣᠳᠣᠷᠬᠠᠢ ᠲᠠᠶ᠋ᠢᠯᠪᠤᠷᠢᠯᠠᠨ ᠥᠭᠴᠦ᠂ ᠲᠤᠰ ᠤᠳᠠᠭ᠋ᠠᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠨᠭ᠌ᠰᠢ ᠵᠢᠨ ᠵᠢᠷᠤᠮᠵᠢᠯ ᠪᠣᠯᠣᠨ ᠲᠣᠬᠢᠷᠠᠭᠤᠯᠤᠯᠲᠠ᠎ᠳᠤ ᠨᠡᠩ ᠢᠯᠡᠭᠦᠦ ᠪᠥᠬᠦ ᠲᠠᠯ᠎ᠠ᠎ᠪᠠᠷ ᠭᠦᠨᠵᠡᠭᠡᠢ ᠣᠶ᠋ᠢᠯᠠᠭ᠋ᠠᠭᠤᠯᠤᠭᠰᠠᠨ᠎ᠳᠤ ᠲᠠᠯᠠᠷᠬᠠᠵᠤ ᠪᠠᠶ᠋ᠢᠨ᠎ᠠ᠃ ᠮᠥᠨᠴᠦ ᠰᠦᠯᠵᠢᠶᠡᠨ᠎ᠤ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠯ᠎ᠠ᠃
      ᠲᠤᠰ ᠬᠤᠭᠤᠴᠠᠭ᠎ᠠ ᠵᠢᠨ ᠰᠤᠷᠪᠤᠯᠵᠢᠯᠠᠭ᠎ᠠ ᠶᠠᠷᠢᠯᠴᠠᠭ᠎ᠠ ᠡᠶ᠋ᠢᠨᠬᠦ ᠦᠨᠳᠦᠷᠯᠡᠯ᠎ᠡ᠂ ᠳᠠᠷᠠᠭ᠋ᠠᠴᠢ ᠵᠢᠨ ᠳ᠋ᠤᠭ᠋ᠠᠷ᠎ᠲᠤ ᠪᠠᠶᠠᠷᠲᠠᠢ ᠵᠣᠯᠭ᠋ᠠᠶ᠎ᠠ!

ᠢᠷᠡᠯᠲᠡ᠄ ᠥᠪᠡᠷᠲᠡᠭᠡᠨ ᠵᠠᠰᠠᠬᠤ ᠣᠷᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠵᠤ 《ᠡᠷᠡᠭᠦᠯ ᠡᠩᠬᠡ ᠥᠪᠥᠷ ᠮᠣᠩᠭᠤᠯ》᠎ᠢ ᠪᠦᠲᠦᠭᠡᠨ ᠪᠠᠶ᠋ᠢᠭᠤᠯᠬᠤ᠎ᠳᠤ ᠠᠮᠢᠵᠢᠷᠠᠯ᠎ᠤᠨ ᠬᠦᠴᠦᠨ ᠣᠯᠭᠤᠶ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦᠨ᠎ᠤ ᠬᠡᠷᠡᠭᠯᠡᠯᠲᠡ ᠵᠢ ᠬᠢᠨᠠᠵᠤ ᠬᠠᠮᠢᠶᠠᠷᠬᠤ ᠠᠷᠭ᠎ᠠ》 ᠵᠢ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ
《ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢ ᠮᠡᠳᠡᠭᠳᠡᠬᠦ ᠬᠤᠷᠠᠯ
 
            