ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠵᠤ 《ᠡᠷᠡᠭᠦᠯ ᠡᠩᠬᠡ ᠥᠪᠥᠷ ᠮᠣᠩᠭᠤᠯ》᠎ᠢ ᠪᠦᠲᠦᠭᠡᠨ ᠪᠠᠶ᠋ᠢᠭᠤᠯᠬᠤ᠎ᠳᠤ ᠠᠮᠢᠵᠢᠷᠠᠯ᠎ᠤᠨ ᠬᠦᠴᠦᠨ ᠣᠯᠭᠤᠶ᠎ᠠ
ᠨᠡᠶ᠋ᠢᠲᠡᠯᠡᠭᠰᠡᠨ ᠴᠠᠭ᠄ 2020-12-17


      ᠰᠤᠷᠪᠤᠯᠵᠢᠯᠠᠭᠰᠠᠨ ᠴᠠᠭ᠄ 2018 ᠣᠨ᠎ᠤ 12 ᠳ᠋ᠤᠭ᠋ᠠᠷ ᠰᠠᠷ᠎ᠠ ᠵᠢᠨ 27᠎ᠤ ᠡᠳᠦᠷ᠎ᠤᠨ 10 ᠴᠠᠭ
      ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠡᠷᠬᠢᠯᠡᠭᠴᠢ ᠹᠦ᠋ ᠷᠦᠢ ᠹᠧᠩ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄ ᠮᠣᠩᠭᠤᠯ ᠡᠮ ᠡᠮᠨᠡᠯᠭᠡ ᠪᠣᠯ ᠮᠣᠩᠭᠤᠯ ᠦᠨᠳᠦᠰᠦᠲᠡᠨ᠎ᠤ ᠰᠣᠶᠣᠯ᠎ᠤᠨ ᠴᠢᠬᠤᠯᠠ ᠬᠤᠪᠣᠷ ᠦᠨᠡᠲᠦ ᠡᠷᠳᠡᠨᠢᠰ ᠪᠣᠯᠬᠤ᠎ᠪᠠᠷ ᠪᠠᠷᠠᠬᠤ ᠦᠭᠡᠢ᠂ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠠᠨᠠᠭ᠋ᠠᠬᠤ ᠤᠬᠠᠭ᠋ᠠᠨ᠎ᠤ ᠡᠷᠳᠡᠨᠢᠰ᠎ᠤᠨ ᠬᠥᠮᠥᠷᠭᠡ ᠵᠢᠨ ᠴᠢᠬᠤᠯᠠ ᠪᠦᠷᠢᠯᠳᠦᠬᠦᠨ ᠬᠡᠰᠡᠭ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠠᠴᠠ ᠮᠣᠩᠭᠤᠯ ᠡᠮ ᠡᠮᠨᠡᠯᠭᠡ ᠵᠢᠨ ᠦᠢ᠍ᠯᠡᠰ᠎ᠤᠨ ᠬᠥᠭᠵᠢᠯᠲᠡ ᠵᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠭᠰᠡᠭᠡᠷ ᠢᠷᠡᠪᠡ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠡᠷᠬᠢᠯᠡᠭᠴᠢ ᠹᠦ᠋ ᠷᠦᠢ ᠹᠧᠩ᠎ᠢ ᠤᠷᠢᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠬᠡᠷᠬᠢᠨ ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠤᠭᠰᠠᠨ ᠵᠡᠷᠭᠡ ᠬᠠᠮᠢᠶ᠎ᠠ ᠪᠦᠬᠦᠢ ᠠᠭᠤᠯᠭ᠎ᠠ ᠵᠢᠨ ᠲᠤᠬᠠᠢ ᠰᠦᠯᠵᠢᠶ᠎ᠡ᠎ᠪᠠᠷ ᠣᠯᠠᠨ᠎ᠲᠠᠢ ᠰᠠᠨᠠᠯ ᠰᠣᠯᠢᠯᠴᠠᠭᠤᠯᠬᠤ ᠪᠣᠯᠣᠯ᠎ᠠ᠃
      ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
      ᠬᠥᠲᠥᠯᠥᠭᠴᠢ᠄ ᠰᠦᠯᠵᠢᠶᠡᠨ᠎ᠤ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠦᠦ! ᠲᠤᠰ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ᠎ᠤ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠴᠢᠨᠢ ᠪᠠᠶᠠᠷᠯᠠᠨ ᠤᠭᠲᠤᠵᠤ ᠪᠠᠶ᠋ᠢᠨ᠎ᠠ᠃ ᠥᠨᠥᠳᠥᠷ ᠪᠢᠳᠡ ᠵᠣᠯ ᠵᠶ᠋ᠠᠷ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠡᠷᠬᠢᠯᠡᠭᠴᠢ ᠹᠦ᠋ ᠷᠦᠢ ᠹᠧᠩ᠎ᠢ ᠤᠷᠢᠵᠤ᠂ ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠲᠤᠬᠠᠢ ᠰᠦᠯᠵᠢᠶ᠎ᠡ᠎ᠪᠠᠷ ᠣᠯᠠᠨ᠎ᠲᠠᠢ ᠰᠠᠨᠠᠯ ᠰᠣᠯᠢᠯᠴᠠᠭᠤᠯᠬᠤ ᠪᠣᠯᠣᠯ᠎ᠠ᠂ ᠹᠦ᠋ ᠡᠷᠬᠢᠯᠡᠭᠴᠢ ᠵᠢ ᠪᠠᠶᠠᠷᠯᠠᠨ ᠤᠭᠲᠤᠵᠤ ᠪᠠᠶ᠋ᠢᠨ᠎ᠠ᠃
      ᠹᠦ᠋ ᠷᠦᠢ ᠹᠧᠩ᠄ ᠬᠥᠲᠥᠯᠥᠭᠴᠢ ᠪᠠ ᠰᠦᠯᠵᠢᠶᠡᠨ᠎ᠤ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠦᠦ? ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷ᠎ᠡ ᠣᠯᠠᠨ᠎ᠲᠠᠢ ᠰᠠᠨᠠᠯ ᠰᠣᠯᠢᠯᠴᠠᠬᠤ ᠪᠣᠯᠣᠭᠰᠠᠨ᠎ᠳᠤ᠎ᠪᠠᠨ ᠰᠡᠳᠬᠢᠯ ᠮᠠᠰᠢ ᠥᠨᠳᠥᠷ ᠪᠠᠶ᠋ᠢᠨ᠎ᠠ᠃
      ᠬᠥᠲᠥᠯᠥᠭᠴᠢ᠄ ᠮᠣᠩᠭᠤᠯ ᠡᠮ ᠡᠮᠨᠡᠯᠭᠡ ᠪᠣᠯ ᠮᠣᠩᠭᠤᠯ ᠦᠨᠳᠦᠰᠦᠲᠡᠨ᠎ᠤ ᠰᠣᠶᠣᠯ᠎ᠤᠨ ᠴᠢᠬᠤᠯᠠ ᠬᠤᠪᠣᠷ ᠦᠨᠡᠲᠦ ᠡᠷᠳᠡᠨᠢᠰ ᠪᠣᠯᠬᠤ᠎ᠪᠠᠷ ᠪᠠᠷᠠᠬᠤ ᠦᠭᠡᠢ᠂ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠠᠨᠠᠭ᠋ᠠᠬᠤ ᠤᠬᠠᠭ᠋ᠠᠨ᠎ᠤ ᠡᠷᠳᠡᠨᠢᠰ᠎ᠤᠨ ᠬᠥᠮᠥᠷᠭᠡ ᠵᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠠᠴᠠ ᠮᠣᠩᠭᠤᠯ ᠡᠮ ᠡᠮᠨᠡᠯᠭᠡ ᠵᠢ ᠬᠥᠭᠵᠢᠭᠦᠯᠬᠦ ᠵᠢ ᠬᠡᠷᠡᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠶ᠋ᠢᠬᠤ ᠪᠣᠢ?
      ᠹᠦ᠋ ᠷᠦᠢ ᠹᠧᠩ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠠᠴᠠ ᠮᠣᠩᠭᠤᠯ ᠡᠮ ᠡᠮᠨᠡᠯᠭᠡ ᠵᠢᠨ ᠦᠢ᠍ᠯᠡᠰ᠎ᠤᠨ ᠬᠥᠭᠵᠢᠯᠲᠡ ᠵᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠭᠰᠡᠭᠡᠷ ᠢᠷᠡᠪᠡ᠃ ᠱᠦᠵᠢ ᠯᠢ ᠵᠢᠢ ᠡᠾᠧᠩ ᠴᠢᠬᠤᠯᠠᠴᠢᠯᠠᠬᠤ᠎ᠳᠤ᠎ᠪᠠᠨ᠂ ᠦᠨᠳᠦᠰᠦᠲᠡᠨ᠎ᠤ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠵᠢ ᠬᠦᠴᠦᠲᠡᠢ ᠠᠬᠢᠭᠤᠯᠤᠨ᠂ ᠶᠡᠭᠡ ᠬᠦᠴᠦ ᠵᠠᠷᠤᠴᠠᠭᠤᠯᠤᠨ ᠮᠣᠩᠭᠤᠯ ᠡᠮ ᠡᠮᠨᠡᠯᠭᠡ ᠵᠢ ᠬᠦᠴᠦᠷᠬᠡᠭᠵᠢᠭᠦᠯᠦᠨ ᠪᠤᠵᠠᠭ᠋ᠠᠶ᠋ᠢᠷᠠᠭᠤᠯᠵᠤ᠂ ᠮᠣᠩᠭᠤᠯ ᠡᠮ ᠡᠮᠨᠡᠯᠭᠡ ᠵᠢ ᠪᠦᠬᠦ ᠤᠯᠤᠰ᠎ᠲᠤ ᠳᠡᠯᠭᠡᠷᠡᠭᠦᠯᠦᠨ᠂ ᠳᠡᠯᠡᠬᠡᠢ ᠵᠢᠨ ᠬᠡᠪᠴᠢᠶᠡᠨ᠎ᠳᠤ ᠳᠡᠯᠭᠡᠷᠡᠭᠦᠯᠵᠦ᠂ ᠠᠷᠠᠳ ᠲᠦᠮᠡᠨ᠎ᠳᠤ ᠨᠡᠩ ᠰᠠᠶ᠋ᠢᠲᠤᠷ ᠦᠢ᠍ᠯᠡᠴᠢᠯᠡᠭᠦᠯᠬᠦ ᠬᠡᠷᠡᠭᠲᠡᠢ ᠭᠡᠵᠡᠢ᠃
      ᠨᠢᠭᠡ᠎ᠳᠤ᠂ ᠮᠣᠩᠭᠤᠯ ᠡᠮ ᠡᠮᠨᠡᠯᠭᠡ ᠵᠢᠨ ᠦᠢ᠍ᠯᠡᠰ᠎ᠢ ᠬᠥᠭᠵᠢᠭᠦᠯᠬᠦ ᠲᠥᠷᠥ ᠵᠢᠨ ᠪᠣᠳᠣᠯᠭ᠎ᠠ ᠪᠠ ᠲᠣᠭᠲᠠᠴᠠ ᠵᠢ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ᠎ᠠᠴᠠ 《ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ》 ᠵᠢ ᠭᠦᠨᠵᠡᠭᠡᠢ ᠨᠠᠶ᠋ᠢᠳᠠᠪᠤᠷᠢᠵᠢᠭᠤᠯᠤᠨ᠂ 《ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠵᠢᠨ ᠳᠦᠷᠢᠮ》᠎ᠢ ᠶᠡᠭᠡ᠎ᠪᠠᠷ ᠬᠡᠷᠡᠭᠵᠢᠭᠦᠯᠵᠦ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠵᠢ ᠥᠪᠡᠷᠲᠡᠭᠡᠨ ᠵᠠᠰᠠᠬᠤ ᠣᠷᠣᠨ᠎ᠤ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠳᠣᠯᠣᠭ᠋ᠠᠨ ᠠᠵᠤ ᠦᠢ᠍ᠯᠡᠰ᠎ᠤᠨ ᠨᠢᠭᠡ ᠪᠣᠯᠭ᠋ᠠᠵᠤ᠂ 《ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠵᠢᠨ ᠦᠢ᠍ᠯᠡᠰ᠎ᠤᠨ ᠬᠥᠭᠵᠢᠯᠲᠡ ᠵᠢ ᠳᠡᠮᠵᠢᠬᠦ ᠪᠠ ᠠᠬᠢᠭᠤᠯᠬᠤ ᠲᠣᠭᠲᠠᠭ᠋ᠠᠯ》᠂ 《ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠵᠢ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠬᠥᠲᠥᠯᠪᠦᠷᠢ (2016 — 2030 ᠣᠨ)》᠂ 《ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠵᠢ ᠡᠷᠡᠭᠦᠯ ᠵᠶ᠋ᠠᠷ ᠦᠢ᠍ᠯᠡᠴᠢᠯᠡᠭᠦᠯᠦᠨ ᠬᠥᠭᠵᠢᠭᠦᠯᠬᠦ ᠲᠥᠯᠥᠪᠵᠢᠭᠦᠯᠭᠡ (2016 — 2020 ᠣᠨ)》᠂ 《ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠵᠢᠨ ᠦᠢ᠍ᠯᠡᠰ᠎ᠤᠨ 〈13 · 5〉 ᠵᠢᠨ ᠬᠥᠭᠵᠢᠯᠲᠡ ᠵᠢᠨ ᠲᠥᠯᠥᠪᠵᠢᠭᠦᠯᠭᠡ》᠂ 《ᠮᠣᠩᠭᠤᠯ ᠡᠮ᠎ᠤᠨ ᠮᠠᠲ᠋ᠧᠷᠢᠶᠠᠯ ᠬᠢᠲᠠᠳ ᠡᠮ᠎ᠤᠨ ᠮᠠᠲ᠋ᠧᠷᠢᠶᠠᠯ᠎ᠢ ᠬᠠᠮᠠᠭ᠋ᠠᠯᠠᠬᠤ ᠪᠠ ᠬᠥᠭᠵᠢᠭᠦᠯᠬᠦ ᠵᠢᠨ ᠬᠡᠷᠡᠭᠵᠢᠭᠦᠯᠬᠦ ᠲᠥᠰᠥᠯ (2017 — 2025 ᠣᠨ)》 ᠵᠡᠷᠭᠡ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠶ᠋ᠢᠲᠡᠯᠡᠵᠦ᠂ ᠣᠨᠴᠠᠭ᠋ᠠᠶ᠋ᠢᠯᠠᠨ 2018 ᠣᠨ᠎ᠳᠤ 《ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢᠨ ᠲᠥᠯᠥᠪᠯᠡᠭᠡ (2017 — 2025 ᠣᠨ)》 ᠵᠢ ᠳᠤᠷᠠᠳᠤᠨ ᠭᠠᠷᠭ᠋ᠠᠵᠤ᠂ ᠬᠥᠭᠵᠢᠯᠲᠡ ᠵᠢᠨ ᠬᠠᠷᠠᠯᠲᠠ ᠪᠠ ᠠᠵᠢᠯ᠎ᠤᠨ ᠡᠭᠦᠷᠭᠡ ᠵᠢ ᠲᠣᠳᠣᠷᠬᠠᠶ᠋ᠢᠯᠠᠨ᠂ ᠮᠣᠩᠭᠤᠯ ᠡᠮ ᠡᠮᠨᠡᠯᠭᠡ ᠵᠢᠨ ᠬᠥᠭᠵᠢᠯᠲᠡ ᠵᠢ ᠠᠬᠢᠭᠤᠯᠬᠤ᠎ᠳᠤ ᠬᠦᠴᠦᠨ ᠪᠦᠬᠦᠢ ᠪᠠᠲᠤᠯᠠᠭ᠎ᠠ ᠬᠠᠩᠭ᠋ᠠᠵᠠᠢ᠃
      ᠬᠤᠶᠠᠷ᠎ᠲᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠪᠠ ᠵᠠᠷᠤᠳᠠᠯ᠎ᠤᠨ ᠣᠷᠣᠭᠤᠯᠤᠯᠲᠠ ᠵᠢ ᠴᠢᠩᠭ᠋ᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠡᠷᠬᠢᠯᠡᠭᠴᠢ᠎ᠪᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠨ᠂ ᠮᠣᠩᠭᠤᠯ ᠡᠮ ᠡᠮᠨᠡᠯᠭᠡ ᠵᠢ ᠬᠥᠭᠵᠢᠭᠦᠯᠬᠦ ᠶᠠᠪᠤᠴᠠ᠎ᠳᠠᠬᠢ ᠴᠢᠬᠤᠯᠠ ᠶᠡᠭᠡ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠮᠣᠩᠭᠤᠯ ᠬᠢᠲᠠᠳ ᠡᠮ ᠡᠮᠨᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ ᠵᠢ ᠪᠠᠶ᠋ᠢᠭᠤᠯᠤᠨ᠂ 12 ᠠᠶ᠋ᠢᠮᠠᠭ ᠬᠤᠲᠠ᠎ᠳᠤ ᠬᠠᠮᠢᠶᠠᠷᠤᠯᠲᠠ ᠵᠢᠨ ᠪᠠᠶ᠋ᠢᠭᠤᠯᠤᠮᠵᠢ ᠪᠠᠶ᠋ᠢᠭᠤᠯᠵᠤ᠂ ᠣᠯᠠᠩᠬᠢ ᠲᠣᠭ᠋ᠠᠨ᠎ᠤ ᠬᠤᠰᠢᠭᠤ ᠰᠢᠶᠠᠨ᠎ᠠᠴᠠ ᠫᠠᠶ᠋ᠢᠰᠠ ᠨᠡᠮᠡᠨ ᠡᠯᠭᠦᠵᠦ᠂ ᠲᠤᠰᠬᠠᠢ ᠬᠥᠮᠥᠨ ᠲᠣᠬᠢᠷᠠᠭᠤᠯᠤᠨ ᠬᠠᠮᠢᠶᠠᠷᠤᠭᠤᠯᠵᠤ᠂ ᠮᠣᠩᠭᠤᠯ ᠡᠮ ᠡᠮᠨᠡᠯᠭᠡ ᠵᠢᠨ ᠬᠠᠮᠢᠶᠠᠷᠤᠯᠲᠠ ᠵᠢᠨ ᠰᠢᠰᠲ᠋ᠧᠮᠵᠢ ᠵᠢ ᠠᠩᠬ᠎ᠠ ᠠᠯᠬᠤᠮ ᠪᠦᠷᠢᠯᠳᠦᠭᠦᠯᠪᠡ᠃ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠣᠷᠣᠭᠤᠯᠤᠯᠲᠠ ᠵᠢᠨ ᠡᠷᠴᠢᠮ ᠵᠶ᠋ᠠᠨ ᠲᠠᠰᠤᠷᠠᠯᠲᠠ ᠦᠭᠡᠢ ᠨᠡᠮᠡᠭᠳᠡᠭᠦᠯᠦᠨ᠂ ᠣᠷᠣᠭᠤᠯᠤᠯᠲᠠ ᠵᠢᠨ ᠲᠥᠷᠥ ᠵᠢᠨ ᠪᠣᠳᠣᠯᠭ᠎ᠠ᠎ᠪᠠᠨ ᠲᠡᠭᠦᠯᠳᠡᠷᠵᠢᠭᠦᠯᠵᠦ᠂ ᠮᠣᠩᠭᠤᠯ ᠡᠮᠨᠡᠯᠭᠡ ᠵᠢᠨ ᠬᠤᠷᠢᠶ᠎ᠠ ᠵᠢᠨ ᠠᠵᠢᠯᠲᠠᠳ᠎ᠤᠨ ᠵᠠᠷᠤᠳᠠᠯ᠎ᠢ ᠭᠦᠢ᠍ᠴᠡᠳ ᠬᠠᠩᠭ᠋ᠠᠬᠤ ᠵᠢ ᠪᠠᠲᠤᠯᠠᠵᠤ᠂ ᠮᠣᠩᠭᠤᠯ ᠡᠮ ᠡᠮᠨᠡᠯᠭᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂ ᠪᠠᠷᠢᠮᠵᠢᠶᠠᠵᠢᠭᠤᠯᠤᠯᠲᠠ ᠵᠢᠨ ᠪᠠᠶ᠋ᠢᠭᠤᠯᠤᠯᠲᠠ᠂ ᠴᠢᠳᠠᠪᠤᠷᠢᠲᠠᠨ᠎ᠤ ᠬᠥᠮᠥᠵᠢᠭᠦᠯᠦᠯ᠂ ᠡᠷᠳᠡᠮ ᠰᠢᠨᠵᠢᠯᠡᠭᠡᠨ᠎ᠤ ᠤᠯᠠᠮᠵᠢᠯᠠᠯ ᠵᠢᠴᠢ ᠮᠣᠩᠭᠤᠯ ᠡᠮᠨᠡᠯᠭᠡ ᠵᠢᠨ ᠬᠤᠷᠢᠶ᠎ᠠ ᠵᠢᠨ ᠦᠨᠳᠦᠰᠦᠨ ᠪᠠᠶ᠋ᠢᠭᠤᠯᠤᠯᠲᠠ ᠵᠢ ᠭᠤᠣᠯᠳᠠᠯᠭ᠎ᠠ᠎ᠲᠠᠢ ᠳᠡᠮᠵᠢᠪᠡ᠃ 《12 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠨᠡᠶ᠋ᠢᠲᠡ 50.4 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠵᠢᠯ᠎ᠤᠨ ᠳᠤᠮᠳᠠᠴᠢ ᠥᠰᠦᠯᠲᠡ᠎ᠨᠢ 11.1%᠎ᠳᠤ ᠬᠦᠷᠴᠡᠢ᠃
      ᠹᠦ᠋ ᠷᠦᠢ ᠹᠧᠩ᠄
      ᠭᠤᠷᠪᠠ᠎ᠳᠤ᠂ ᠮᠣᠩᠭᠤᠯ ᠡᠮ ᠡᠮᠨᠡᠯᠭᠡ ᠵᠢᠨ ᠬᠥᠭᠵᠢᠯᠲᠡ ᠵᠢ ᠵᠣᠷᠢᠭᠵᠢᠭᠤᠯᠤᠨ ᠳᠡᠮᠵᠢᠪᠡ᠃ ᠮᠣᠩᠭᠤᠯ ᠡᠮ ᠡᠮᠨᠡᠯᠭᠡ ᠵᠢᠨ ᠣᠨᠴᠠᠯᠢᠭᠲᠤ ᠳᠠᠪᠠᠭᠤᠯᠢᠭ᠎ᠢ ᠭᠦᠢ᠍ᠴᠡᠳ ᠪᠠᠳᠠᠷᠠᠭᠤᠯᠬᠤ ᠵᠢᠨ ᠲᠤᠰᠠᠳᠠ᠂ ᠡᠮᠴᠢᠯᠡᠭᠡ ᠵᠢᠨ ᠳᠠᠭ᠋ᠠᠳᠬᠠᠯ᠎ᠤᠨ ᠳᠠᠩᠰᠠ ᠲᠠᠶ᠋ᠢᠯᠬᠤ ᠲᠠᠯ᠎ᠠ᠎ᠪᠠᠷ ᠬᠡᠯᠪᠡᠶ᠋ᠢᠯᠭᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ᠃ ᠮᠣᠩᠭᠤᠯ ᠡᠮᠨᠡᠯᠭᠡ ᠵᠢᠨ ᠬᠤᠷᠢᠶ᠎ᠠ ᠵᠢᠨ ᠳᠣᠲᠣᠭ᠋ᠠᠳᠤ ᠵᠢᠨ ᠨᠠᠶ᠋ᠢᠷᠠᠯᠭ᠎ᠠ ᠪᠠ ᠤᠤᠭᠤᠬᠤ ᠡᠮ᠎ᠲᠤ ᠦᠨ᠎ᠡ ᠨᠡᠮᠡᠬᠦ ᠵᠢ ᠪᠠᠲᠤᠯᠠᠨ ᠦᠯᠡᠳᠡᠭᠡᠵᠦ᠂ ᠲᠣᠭᠲᠠᠭ᠋ᠠᠯ᠎ᠳᠤ ᠨᠡᠶ᠋ᠢᠴᠡᠭᠰᠡᠨ ᠮᠣᠩᠭᠤᠯ ᠡᠮ ᠪᠠ ᠮᠣᠩᠭᠤᠯ ᠡᠮᠨᠡᠯᠭᠡ ᠵᠢᠨ ᠤᠯᠠᠮᠵᠢᠯᠠᠯᠲᠤ ᠣᠨᠣᠰᠢᠯᠠᠯᠲᠠ ᠵᠠᠰᠠᠯᠲᠠ ᠵᠢᠨ ᠮᠡᠷᠭᠡᠵᠢᠯ ᠦᠢ᠍ᠯᠡᠴᠢᠯᠡᠭᠡ ᠵᠢ ᠡᠮᠴᠢᠯᠡᠭᠡ ᠵᠢᠨ ᠳᠠᠭ᠋ᠠᠳᠬᠠᠯ᠎ᠤᠨ ᠣᠯᠭᠤᠬᠤ ᠬᠡᠪᠴᠢᠶᠡᠨ᠎ᠳᠤ ᠣᠷᠣᠭᠤᠯᠤᠨ᠂ ᠮᠣᠩᠭᠤᠯ ᠡᠮᠨᠡᠯᠭᠡ ᠵᠢᠨ ᠡᠮᠴᠢᠯᠡᠭᠡᠨ᠎ᠤ ᠦᠢ᠍ᠯᠡᠴᠢᠯᠡᠭᠡ ᠮᠡᠷᠭᠡᠵᠢᠯ᠎ᠤᠨ ᠦᠨ᠎ᠡ᠎ᠳᠤ ᠲᠣᠬᠢᠷᠠᠭᠤᠯᠤᠯᠲᠠ ᠬᠢᠪᠡ᠃ 27 ᠮᠣᠩᠭᠤᠯ ᠡᠮ᠎ᠤᠨ ᠵᠦᠢ᠍ᠯᠡᠰ᠎ᠢ ᠤᠯᠤᠰ᠎ᠤᠨ ᠡᠮᠴᠢᠯᠡᠭᠡ ᠵᠢᠨ ᠳᠠᠭ᠋ᠠᠳᠬᠠᠯ᠎ᠤᠨ ᠭᠠᠷᠴᠠᠭ᠎ᠲᠤ ᠣᠷᠣᠭᠤᠯᠤᠨ᠂ ᠪᠦᠬᠦ ᠮᠣᠩᠭᠤᠯ ᠪᠡᠯᠡᠨ ᠡᠮ ᠪᠠ ᠮᠣᠩᠭᠤᠯ ᠡᠮ᠎ᠤᠨ ᠨᠠᠶ᠋ᠢᠷᠠᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠳᠠᠭ᠋ᠠᠳᠬᠠᠯ᠎ᠤᠨ ᠭᠠᠷᠴᠠᠭ᠎ᠲᠤ ᠣᠷᠣᠭᠤᠯᠵᠠᠢ᠃ ᠣᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠵᠢᠨ ᠬᠡᠪᠴᠢᠶᠡᠨ᠎ᠳᠤ ᠮᠣᠩᠭᠤᠯ ᠡᠮ ᠡᠮᠨᠡᠯᠭᠡ ᠵᠢᠨ ᠦᠢ᠍ᠯᠡᠴᠢᠯᠡᠭᠡ ᠵᠢᠨ ᠠᠭᠤᠯᠭ᠎ᠠ ᠵᠢ ᠣᠷᠣᠭᠤᠯᠪᠠ᠃ ᠠᠯᠪᠠᠨ᠎ᠠᠴᠠ ᠡᠷᠬᠢᠯᠡᠭᠰᠡᠨ ᠮᠣᠩᠭᠤᠯ ᠡᠮᠨᠡᠯᠭᠡ ᠵᠢᠨ ᠬᠤᠷᠢᠶ᠎ᠠ ᠵᠢᠨ ᠠᠵᠢᠯᠲᠠᠨ᠎ᠤ ᠶᠠᠪᠤᠳᠠᠯ᠎ᠤᠨ ᠴᠠᠯᠢᠩ ᠣᠯᠭᠤᠮᠵᠢ ᠵᠢᠨ ᠥᠭᠡᠷᠡᠴᠢᠯᠡᠯᠲᠡ ᠪᠠ ᠠᠵᠢᠯ᠎ᠤᠨ ᠦᠷ᠎ᠡ ᠪᠦᠲᠦᠮᠵᠢ ᠵᠢᠨ ᠰᠢᠯᠭ᠋ᠠᠯᠲᠠ ᠬᠢᠨᠠᠯᠲᠠ᠎ᠳᠤ᠂ ᠮᠣᠩᠭᠤᠯ ᠡᠮ ᠡᠮᠨᠡᠯᠭᠡ ᠵᠢ ᠤᠷᠢᠳ ᠵᠶ᠋ᠠᠷ ᠬᠡᠷᠡᠭᠯᠡᠵᠦ ᠣᠨᠣᠰᠢᠯᠠᠨ ᠵᠠᠰᠠᠬᠤ ᠠᠵᠢᠯ᠎ᠤᠨ ᠪᠠᠶ᠋ᠢᠷᠢ ᠪᠠ ᠠᠵᠢᠯᠲᠠᠳ᠎ᠲᠤ ᠬᠠᠷᠠᠭ᠋ᠠᠯᠵᠠᠯ ᠦᠵᠡᠭᠦᠯᠪᠡ᠃ ᠤᠯᠤᠰ᠎ᠤᠨ ᠮᠣᠩᠭᠤᠯ ᠡᠮᠴᠢ ᠵᠢᠨ ᠬᠢᠷᠢ ᠭᠡᠮ᠎ᠤᠨ ᠰᠢᠯᠭ᠋ᠠᠯᠲᠠ ᠵᠢ ᠵᠡᠷᠭᠡ᠎ᠪᠠᠷ ᠠᠬᠢᠭᠤᠯᠤᠨ᠂ ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠦᠶ᠎ᠡ᠎ᠳᠤ ᠮᠣᠩᠭᠤᠯ ᠡᠮ ᠡᠮᠨᠡᠯᠭᠡ ᠵᠢᠨ ᠲᠤᠰᠬᠠᠢ ᠮᠡᠷᠭᠡᠵᠢᠯ᠎ᠳᠤ ᠬᠠᠷᠠᠭ᠋ᠠᠯᠵᠠᠯ ᠦᠵᠡᠭᠦᠯᠵᠦ᠂ ᠮᠣᠩᠭᠤᠯ ᠡᠮ ᠡᠮᠨᠡᠯᠭᠡ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠳ᠎ᠢ ᠰᠢᠯᠭ᠋ᠠᠨ ᠡᠯᠰᠡᠬᠦ ᠦᠶ᠎ᠡ᠎ᠳᠤ ᠨᠡᠷ᠎ᠡ ᠮᠡᠳᠡᠭᠦᠯᠬᠦ ᠬᠠᠷᠢᠴᠠᠯ᠎ᠤᠨ ᠬᠢᠵᠠᠭ᠋ᠠᠷᠯᠠᠯ᠎ᠢ ᠬᠦᠴᠦᠨ ᠦᠭᠡᠢ ᠪᠣᠯᠭ᠋ᠠᠬᠤ ᠵᠡᠷᠭᠡ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠮᠣᠩᠭᠤᠯ ᠡᠮ ᠡᠮᠨᠡᠯᠭᠡ ᠵᠢᠨ ᠦᠢ᠍ᠯᠡᠰ᠎ᠤᠨ ᠡᠷᠡᠭᠦᠯ ᠵᠶ᠋ᠠᠷ ᠡᠮᠬᠢ ᠵᠢᠷᠤᠮ᠎ᠲᠠᠢ ᠬᠥᠭᠵᠢᠬᠦ ᠵᠢ ᠪᠠᠲᠤᠯᠠᠵᠠᠢ᠃
      ᠬᠥᠲᠥᠯᠥᠭᠴᠢ᠄ ᠮᠣᠩᠭᠤᠯ ᠡᠮᠨᠡᠯᠭᠡ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠰᠢᠰᠲ᠋ᠧᠮᠵᠢ ᠪᠣᠯ ᠮᠣᠩᠭᠤᠯ ᠡᠮ ᠡᠮᠨᠡᠯᠭᠡ ᠵᠢᠨ ᠬᠥᠭᠵᠢᠯᠲᠡ ᠵᠢᠨ ᠰᠠᠭᠤᠷᠢ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠠᠴᠠ ᠮᠣᠩᠭᠤᠯ ᠡᠮᠨᠡᠯᠭᠡ᠎ᠤ ᠡᠮᠴᠢᠯᠡᠭᠡᠨ᠎ᠤ ᠦᠢ᠍ᠯᠡᠴᠢᠯᠡᠭᠡ ᠵᠢᠨ ᠰᠢᠰᠲ᠋ᠧᠮᠵᠢ ᠪᠠ ᠦᠢ᠍ᠯᠡᠴᠢᠯᠡᠭᠡ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠠᠵᠢᠯ ᠬᠢᠭᠰᠡᠨ ᠪᠣᠢ?
      ᠹᠦ᠋ ᠷᠦᠢ ᠹᠧᠩ᠄
      ᠨᠢᠭᠡ᠎ᠳᠤ᠂ ᠮᠣᠩᠭᠤᠯ ᠡᠮ ᠡᠮᠨᠡᠯᠭᠡ ᠵᠢᠨ ᠦᠢ᠍ᠯᠡᠴᠢᠯᠡᠭᠡ ᠵᠢᠨ ᠰᠢᠰᠲ᠋ᠧᠮᠵᠢ ᠵᠢ ᠪᠦᠷᠢᠨᠰᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠢ ᠲᠣᠬᠢᠷᠠᠭᠤᠯᠬᠤ ᠪᠠᠷᠢᠮᠵᠢᠶ᠎ᠠ ᠪᠠ ᠣᠷᠣᠨ ᠪᠦᠰᠡ ᠵᠢᠨ ᠡᠷᠡᠭᠦᠯ ᠬᠠᠮᠠᠭ᠋ᠠᠯᠠᠯ᠎ᠤᠨ ᠲᠥᠯᠥᠪᠵᠢᠭᠦᠯᠭᠡ᠎ᠳᠤ᠎ᠪᠠᠨ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭ᠋ᠠᠨ᠎ᠤ ᠣᠷᠣᠨ ᠪᠦᠰᠡ᠎ᠳᠤ ᠠᠳᠠᠭ᠎ᠲᠤ᠎ᠪᠠᠨ ᠨᠢᠭᠡ ᠰᠠᠭᠤᠷᠢ ᠮᠣᠩᠭᠤᠯ ᠬᠢᠲᠠᠳ ᠡᠮᠨᠡᠯᠭᠡ ᠵᠢᠨ ᠬᠤᠷᠢᠶ᠎ᠠ ᠲᠣᠬᠢᠷᠠᠭᠤᠯᠵᠤ᠂ ᠪᠦᠬᠦ ᠣᠷᠣᠨ᠎ᠤ ᠮᠣᠩᠭᠤᠯ ᠬᠢᠲᠠᠳ ᠡᠮᠨᠡᠯᠭᠡ ᠵᠢᠨ ᠣᠷᠣ ᠵᠢᠨ ᠲᠤᠭ᠎ᠠ ᠵᠢ ᠮᠢᠩᠭ᠋ᠠᠨ ᠬᠥᠮᠥᠨ ᠠᠮᠠ ᠪᠦᠷᠢ᠎ᠳᠤ ᠨᠢᠭᠡ ᠣᠷᠣ᠎ᠠᠴᠠ ᠳᠡᠭᠡᠭᠰᠢ ᠪᠠᠶ᠋ᠢᠯᠭ᠋ᠠᠬᠤ ᠬᠡᠷᠡᠭᠲᠡᠢ ᠭᠡᠵᠦ ᠲᠣᠳᠣᠷᠬᠠᠶ᠋ᠢᠯᠠᠪᠠ᠃ ᠪᠦᠬᠦ ᠣᠷᠣᠨ᠎ᠳᠤ ᠣᠳᠣ᠎ᠳᠤ᠎ᠪᠠᠨ ᠮᠣᠩᠭᠤᠯ ᠡᠮᠨᠡᠯᠭᠡ ᠵᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠵᠢᠨ ᠬᠤᠷᠢᠶ᠎ᠠ ᠨᠡᠶ᠋ᠢᠲᠡ 103 ᠰᠠᠭᠤᠷᠢ ᠪᠠᠶ᠋ᠢᠵᠤ᠂ ᠲᠡᠭᠦᠨ᠎ᠤ ᠳᠣᠲᠣᠷ᠎ᠠ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠤᠷᠢᠶ᠎ᠠ 19 ᠰᠠᠭᠤᠷᠢ᠂ ᠬᠤᠶᠠᠳᠤᠭ᠋ᠠᠷ ᠳᠡᠰ᠎ᠤᠨ ᠡᠮᠨᠡᠯᠭᠡ ᠵᠢᠨ ᠬᠤᠷᠢᠶ᠎ᠠ 54 ᠰᠠᠭᠤᠷᠢ ᠪᠣᠢ᠃ ᠪᠦᠬᠦ ᠣᠷᠣᠨ᠎ᠤ ᠮᠣᠩᠭᠤᠯ ᠬᠢᠲᠠᠳ ᠡᠮᠨᠡᠯᠭᠡ ᠵᠢᠨ ᠮᠢᠩᠭ᠋ᠠᠨ ᠬᠥᠮᠥᠨ ᠠᠮᠠ ᠪᠦᠷᠢ ᠵᠢᠨ ᠣᠷᠣ ᠵᠢᠨ ᠲᠤᠭ᠎ᠠ᠎ᠨᠢ 0.92᠂ ᠠᠵᠢᠯ ᠡᠷᠬᠢᠯᠡᠵᠦ ᠪᠠᠶ᠋ᠢᠭ᠎ᠠ ᠡᠮᠴᠢ ᠵᠢᠨ ᠲᠤᠭ᠎ᠠ 0.51 ᠬᠥᠮᠥᠨ ᠪᠠᠶ᠋ᠢᠵᠤ᠂ 2017 ᠣᠨ᠎ᠤ ᠣᠨᠣᠰᠢᠯᠠᠨ ᠡᠮᠴᠢᠯᠡᠭᠰᠡᠨ ᠬᠡᠮᠵᠢᠶ᠎ᠡ᠎ᠨᠢ 1090.3 ᠲᠦᠮᠡᠨ ᠬᠥᠮᠥᠨ ᠤᠳᠠᠭ᠎ᠠ᠎ᠳᠤ ᠬᠦᠷᠴᠡᠢ᠃ ᠰᠢᠨ᠎ᠡ᠎ᠪᠠᠷ ᠪᠠᠶ᠋ᠢᠭᠤᠯᠤᠭᠰᠠᠨ ᠥᠪᠥᠷ ᠮᠣᠩᠭᠤᠯ᠎ᠤᠨ ᠣᠯᠠᠨ ᠤᠯᠤᠰ᠎ᠤᠨ ᠮᠣᠩᠭᠤᠯ ᠡᠮᠨᠡᠯᠭᠡ ᠵᠢᠨ ᠬᠤᠷᠢᠶ᠎ᠠ ᠵᠢᠨ ᠨᠡᠶ᠋ᠢᠭᠡᠮ᠎ᠤᠨ ᠦᠷ᠎ᠡ ᠠᠰᠢᠭ᠎ᠨᠢ ᠢᠯᠡᠷᠬᠡᠢ ᠪᠠᠶ᠋ᠢᠵᠤ᠂ ᠪᠦᠬᠦ ᠤᠯᠤᠰ᠂ ᠴᠢᠨᠠᠭᠰᠢᠯᠠᠭ᠋ᠠᠳ ᠮᠣᠩᠭᠤᠯ ᠤᠯᠤᠰ ᠵᠡᠷᠭᠡ ᠬᠡᠰᠡᠭ ᠤᠯᠤᠰ ᠪᠠ ᠭᠠᠵᠠᠷ ᠣᠷᠣᠨ᠎ᠳᠤ ᠵᠣᠬᠢᠬᠤ ᠨᠥᠯᠥᠭᠡᠯᠡᠬᠦ ᠬᠦᠴᠦᠨ᠎ᠲᠠᠢ ᠪᠣᠯᠪᠠ᠃ ᠦᠨᠳᠦᠰᠦᠨ ᠱᠠᠲᠤᠨ᠎ᠤ ᠮᠣᠩᠭᠤᠯ ᠡᠮ ᠡᠮᠨᠡᠯᠭᠡ ᠵᠢᠨ ᠦᠢ᠍ᠯᠡᠴᠢᠯᠡᠭᠡ ᠵᠢᠨ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠦᠷᠭᠦᠯᠵᠢᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠮᠣᠩᠭᠤᠯ ᠡᠮᠨᠡᠯᠭᠡ ᠵᠢᠨ ᠬᠤᠷᠢᠶ᠎ᠠ᠎ᠪᠠᠷ ᠲᠦᠷᠦᠭᠦᠯᠡᠭᠦᠯᠦᠨ᠂ ᠠᠶ᠋ᠢᠮᠠᠭ ᠬᠤᠲᠠ ᠵᠢᠨ ᠳᠡᠰ᠎ᠤᠨ ᠮᠣᠩᠭᠤᠯ ᠡᠮᠨᠡᠯᠭᠡ ᠵᠢᠨ ᠬᠤᠷᠢᠶ᠎ᠠ᠎ᠪᠠᠷ ᠭᠤᠣᠯᠯᠠᠭᠴᠢ ᠬᠦᠴᠦᠨ ᠪᠣᠯᠭ᠋ᠠᠵᠤ᠂ ᠬᠤᠰᠢᠭᠤ ᠰᠢᠶᠠᠨ᠎ᠤ ᠳᠡᠰ᠎ᠤᠨ ᠮᠣᠩᠭᠤᠯ ᠡᠮᠨᠡᠯᠭᠡ ᠵᠢᠨ ᠬᠤᠷᠢᠶ᠎ᠠ᠎ᠪᠠᠷ ᠰᠠᠭᠤᠷᠢ ᠪᠣᠯᠭ᠋ᠠᠨ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠮᠣᠩᠭᠤᠯ ᠡᠮ ᠡᠮᠨᠡᠯᠭᠡ ᠵᠢᠨ ᠦᠢ᠍ᠯᠡᠴᠢᠯᠡᠭᠡ᠎ᠪᠠᠷ ᠲᠣᠣᠷ ᠰᠦᠯᠵᠢᠶᠡᠨ᠎ᠤ ᠰᠠᠭᠤᠷᠢ ᠪᠣᠯᠭ᠋ᠠᠵᠤ᠂ ᠪᠤᠰᠤᠳ ᠡᠯ᠎ᠡ ᠲᠥᠷᠥᠯ᠎ᠤᠨ ᠡᠮᠴᠢᠯᠡᠭᠡ ᠵᠢᠨ ᠪᠠᠶ᠋ᠢᠭᠤᠯᠤᠮᠵᠢ ᠵᠢᠨ ᠮᠣᠩᠭᠤᠯ ᠡᠮ ᠡᠮᠨᠡᠯᠭᠡ ᠵᠢᠨ ᠦᠢ᠍ᠯᠡᠴᠢᠯᠡᠭᠡ᠎ᠪᠠᠷ ᠨᠥᠬᠦᠪᠦᠷᠢ ᠪᠣᠯᠭ᠋ᠠᠭᠰᠠᠨ ᠡᠮᠴᠢᠯᠡᠭᠡ ᠵᠢᠨ ᠦᠢ᠍ᠯᠡᠴᠢᠯᠡᠭᠡ ᠵᠢᠨ ᠰᠢᠰᠲ᠋ᠧᠮᠵᠢ ᠵᠢ ᠪᠦᠷᠢᠯᠳᠦᠭᠦᠯᠵᠡᠢ᠃
      ᠬᠤᠶᠠᠷ᠎ᠲᠤ᠂ ᠴᠢᠳᠠᠪᠤᠷᠢᠲᠠᠨ᠎ᠤ ᠡᠩᠨᠡᠭᠡ ᠵᠢ ᠪᠠᠲᠤᠳᠬᠠᠪᠠ᠃ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠥᠵᠢᠯ᠂ ᠪᠠᠭᠰᠢ ᠵᠠᠯᠭ᠋ᠠᠮᠵᠢᠯᠠᠬᠤ ᠰᠤᠷᠭ᠋ᠠᠨ ᠬᠥᠮᠥᠵᠢᠯ᠂ ᠦᠷᠭᠦᠯᠵᠢᠯᠡᠯ ᠰᠤᠷᠭ᠋ᠠᠨ ᠬᠥᠮᠥᠵᠢᠯ ᠪᠠ ᠠᠵᠢᠯ᠎ᠤᠨ ᠪᠠᠶ᠋ᠢᠷᠢ ᠳᠡᠭᠡᠷᠡᠬᠢ ᠪᠣᠯᠪᠠᠰᠤᠷᠠᠭᠤᠯᠤᠯ᠎ᠢ ᠬᠠᠷᠢᠯᠴᠠᠨ ᠤᠶᠠᠯᠳᠤᠭᠤᠯᠤᠭᠰᠠᠨ ᠬᠥᠮᠥᠵᠢᠭᠦᠯᠦᠯ᠎ᠤᠨ ᠵᠠᠭᠪᠤᠷ᠎ᠢ ᠪᠠᠷᠢᠮᠲᠠᠯᠠᠨ᠂ ᠥᠪᠥᠷ ᠮᠣᠩᠭᠤᠯ᠎ᠤᠨ ᠠᠨᠠᠭ᠋ᠠᠬᠤ ᠤᠬᠠᠭ᠋ᠠᠨ᠎ᠤ ᠶᠡᠭᠡ ᠰᠤᠷᠭ᠋ᠠᠭᠤᠯᠢ ᠪᠠ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭ᠋ᠠᠭᠤᠯᠢ᠎ᠠᠴᠠ ᠮᠣᠩᠭᠤᠯ ᠡᠮᠨᠡᠯᠭᠡ᠂ ᠮᠣᠩᠭᠤᠯ ᠡᠮ᠂ ᠮᠣᠩᠭᠤᠯ ᠰᠤᠪᠢᠯᠠᠯᠲᠠ ᠵᠢᠨ ᠲᠤᠰᠬᠠᠢ ᠮᠡᠷᠭᠡᠵᠢᠯ᠎ᠤᠨ ᠦᠨᠳᠦᠰᠦᠨ ᠠᠩᠭᠢ᠂ ᠠᠰᠫᠢᠷᠠᠨᠲ᠂ ᠳ᠋ᠣᠺᠲ᠋ᠣᠷ᠎ᠤᠨ ᠰᠤᠷᠭ᠋ᠠᠨ ᠬᠥᠮᠥᠵᠢᠯ᠎ᠢ ᠨᠡᠭᠡᠭᠡᠨ ᠡᠷᠬᠢᠯᠡᠵᠦ᠂ ᠰᠤᠷᠭ᠋ᠠᠭᠤᠯᠢ᠎ᠳᠤ ᠰᠠᠭᠤᠭ᠎ᠠ ᠰᠤᠷᠤᠭᠴᠢ ᠵᠢᠨ ᠲᠤᠭ᠎ᠠ ᠨᠡᠶ᠋ᠢᠲᠡ 4000 ᠭᠠᠷᠤᠢ ᠬᠥᠮᠥᠨ ᠪᠠᠶ᠋ᠢᠨ᠎ᠠ᠃ ᠤᠯᠤᠰ᠎ᠤᠨ ᠨᠡᠷᠡᠲᠦ ᠠᠬᠠᠮᠠᠳ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠵᠢᠨ ᠲᠤᠰᠬᠠᠢ ᠮᠡᠷᠭᠡᠵᠢᠯᠲᠡᠳ᠎ᠤᠨ ᠡᠷᠳᠡᠮ ᠰᠢᠨᠵᠢᠯᠡᠭᠡᠨ᠎ᠤ ᠲᠤᠷᠰᠢᠯᠭ᠎ᠠ ᠵᠢ ᠵᠠᠯᠭ᠋ᠠᠮᠵᠢᠯᠠᠬᠤ ᠠᠵᠢᠯ᠎ᠤᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠠᠴᠠ ᠬᠤᠶᠠᠷ ᠪᠦᠯᠦᠭ ᠡᠷᠳᠡᠮ ᠰᠢᠨᠵᠢᠯᠡᠭᠡᠨ᠎ᠢ ᠵᠠᠯᠭ᠋ᠠᠮᠵᠢᠯᠠᠬᠤ ᠠᠵᠢᠯ᠎ᠢ ᠥᠷᠨᠢᠭᠦᠯᠦᠨ᠂ 2088 ᠲᠦᠮᠡᠨ ᠲᠥᠭᠦᠷᠢᠭ ᠵᠠᠷᠤᠴᠠᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠵᠢᠨ 378 ᠠᠬᠠᠮᠠᠳ ᠲᠤᠰᠬᠠᠢ ᠮᠡᠷᠭᠡᠵᠢᠯᠲᠡᠨ᠎ᠢ ᠰᠢᠯᠭ᠋ᠠᠷᠠᠭᠤᠯᠤᠨ ᠰᠣᠩᠭᠤᠵᠤ ᠱᠠᠪᠢ ᠳᠠᠭ᠋ᠠᠭᠤᠯᠤᠨ ᠦᠢ᠍ᠯᠡᠰ ᠵᠠᠯᠭ᠋ᠠᠮᠵᠢᠯᠠᠬᠤ ᠠᠵᠢᠯᠯᠠᠭ᠎ᠠ ᠥᠷᠨᠢᠭᠦᠯᠪᠡ᠃ ᠮᠣᠩᠭᠤᠯ ᠡᠮᠨᠡᠯᠭᠡ ᠵᠢᠨ ᠡᠪᠡᠳᠴᠢᠲᠡᠨ᠎ᠢ ᠰᠠᠬᠢᠨ ᠡᠮᠨᠡᠬᠦ ᠶᠡᠭᠡ ᠡᠮᠴᠢ᠂ ᠪᠦᠬᠦ ᠰᠠᠯᠭ᠋ᠠᠨ᠎ᠤ ᠶᠡᠭᠡ ᠡᠮᠴᠢ ᠵᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ᠎ᠢ ᠬᠡᠷᠡᠭᠵᠢᠭᠦᠯᠦᠨ᠂ ᠮᠣᠩᠭᠤᠯ ᠡᠮ ᠡᠮᠨᠡᠯᠭᠡ ᠵᠢᠨ ᠰᠤᠷᠭ᠋ᠠᠨ ᠬᠥᠮᠥᠵᠢᠯ᠎ᠤᠨ ᠪᠦᠷᠢᠨ ᠪᠦᠲᠦᠨ ᠰᠢᠰᠲ᠋ᠧᠮᠵᠢ ᠵᠢ ᠨᠢᠭᠡᠨᠲᠡ ᠪᠦᠷᠢᠯᠳᠦᠭᠦᠯᠪᠡ᠃ ᠡᠭᠦᠨ᠎ᠳᠤ᠂ 《ᠬᠢᠲᠠᠳ ᠠᠨᠠᠭ᠋ᠠᠬᠤ ᠤᠬᠠᠭ᠋ᠠᠨ᠎ᠤ ᠶᠡᠭᠡ ᠪᠠᠭᠰᠢ》 3 ᠬᠥᠮᠥᠨ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠨᠡᠷᠡᠲᠦ ᠮᠣᠩᠭᠤᠯ ᠡᠮᠴᠢ 114 ᠬᠥᠮᠥᠨ ᠪᠠᠶ᠋ᠢᠨ᠎ᠠ; 《ᠲᠠᠯ᠎ᠠ ᠨᠤᠲᠤᠭ᠎ᠤᠨ ᠰᠣᠳᠣᠨ ᠴᠢᠳᠠᠪᠤᠷᠢᠲᠠᠨ》᠎ᠢ ᠰᠢᠯᠭ᠋ᠠᠷᠠᠭᠤᠯᠬᠤ ᠢᠨᠵᠧᠨᠧᠷᠢᠩ ᠵᠶ᠋ᠠᠷ ᠳᠠᠮᠵᠢᠭᠤᠯᠤᠨ᠂ ᠬᠢᠴᠢᠶᠡᠯ ᠰᠢᠨᠵᠢᠯᠡᠭᠡᠨ᠎ᠤ ᠳᠠᠭ᠋ᠠᠭᠤᠯᠤᠭᠴᠢ᠂ ᠡᠷᠳᠡᠮ ᠰᠢᠨᠵᠢᠯᠡᠭᠡᠨ᠎ᠤ ᠨᠢᠷᠤᠭᠤᠪᠴᠢ ᠬᠦᠴᠦᠨ 40 ᠭᠠᠷᠤᠢ ᠬᠥᠮᠥᠨ᠎ᠢ ᠣᠷᠣᠭᠤᠯᠤᠨ ᠠᠪᠴᠢᠷᠠᠵᠠᠢ᠃
      ᠹᠦ᠋ ᠷᠦᠢ ᠹᠧᠩ᠄
      ᠭᠤᠷᠪᠠ᠎ᠳᠤ᠂ ᠣᠨᠴᠠᠯᠢᠭᠲᠤ ᠳᠠᠪᠠᠭᠤᠯᠢᠭ᠎ᠢ ᠬᠠᠮᠠᠭ᠋ᠠᠯᠠᠨ ᠪᠠᠳᠠᠷᠠᠭᠤᠯᠪᠠ᠃ ᠥᠪᠡᠷᠲᠡᠭᠡᠨ ᠵᠠᠰᠠᠬᠤ   ᠣᠷᠣᠨ᠎ᠠᠴᠠ ᠮᠣᠩᠭᠤᠯ ᠡᠮᠨᠡᠯᠭᠡ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠰᠠᠭᠤᠷᠢ ᠪᠡᠯᠡᠳᠬᠡᠮᠵᠢ ᠵᠢᠨ ᠪᠠᠷᠢᠮᠵᠢᠶᠠᠵᠢᠭᠤᠯᠤᠭᠰᠠᠨ ᠪᠠᠶ᠋ᠢᠭᠤᠯᠤᠯᠲᠠ ᠵᠢ ᠶᠡᠭᠡ ᠬᠦᠴᠦᠨ ᠵᠶ᠋ᠠᠷ ᠠᠬᠢᠭᠤᠯᠵᠤ᠂ ᠲᠥᠪ᠎ᠠᠴᠠ ᠣᠷᠣᠭᠤᠯᠤᠭᠰᠠᠨ 17 ᠳ᠋ᠦᠩᠰᠢᠭᠤᠷ ᠭᠠᠷᠤᠢ ᠲᠥᠭᠦᠷᠢᠭ᠎ᠢ ᠴᠢᠷᠮᠠᠶ᠋ᠢᠨ ᠣᠯᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ 3 ᠰᠠᠭᠤᠷᠢ᠂ ᠠᠶ᠋ᠢᠮᠠᠭ ᠬᠤᠲᠠ ᠵᠢᠨ ᠳᠡᠰ᠎ᠤᠨ 8 ᠰᠠᠭᠤᠷᠢ᠂ ᠬᠤᠰᠢᠭᠤ ᠰᠢᠶᠠᠨ᠎ᠤ ᠳᠡᠰ᠎ᠤᠨ 81 ᠰᠠᠭᠤᠷᠢ ᠮᠣᠩᠭᠤᠯ ᠬᠢᠲᠠᠳ ᠡᠮᠨᠡᠯᠭᠡ ᠵᠢᠨ ᠬᠤᠷᠢᠶ᠎ᠠ ᠵᠢᠨ ᠦᠨᠳᠦᠰᠦᠨ ᠪᠠᠶ᠋ᠢᠭᠤᠯᠤᠯᠲᠠ ᠵᠢ ᠪᠡᠶᠡᠯᠡᠭᠦᠯᠪᠡ᠃ ᠮᠣᠩᠭᠤᠯ ᠡᠮᠨᠡᠯᠭᠡ ᠵᠢᠨ ᠣᠨᠴᠠᠯᠢᠭᠲᠤ ᠳᠠᠪᠠᠭᠤᠯᠢᠭ᠎ᠤᠨ ᠭᠤᠣᠯᠳᠠᠯᠭ᠎ᠠ᠎ᠲᠠᠢ ᠲᠤᠰᠬᠠᠢ ᠰᠠᠯᠠᠭ᠎ᠠ ᠵᠢᠨ ᠪᠠᠶ᠋ᠢᠭᠤᠯᠤᠯᠲᠠ ᠪᠠ ᠮᠣᠩᠭᠤᠯ ᠡᠮ᠎ᠤᠨ ᠨᠠᠶ᠋ᠢᠷᠠᠯᠭ᠎ᠠ ᠵᠢᠨ ᠲᠠᠰᠤᠭ᠎ᠤᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠂ ᠤᠯᠤᠰ᠎ᠤᠨ ᠡᠮᠴᠢᠯᠡᠭᠡᠨ᠎ᠤ ᠭᠤᠣᠯᠳᠠᠯᠭ᠎ᠠ᠎ᠲᠠᠢ 9 ᠲᠤᠰᠬᠠᠢ ᠰᠠᠯᠠᠭ᠎ᠠ᠂ ᠤᠯᠤᠰ᠎ᠤᠨ ᠬᠢᠲᠠᠳ ᠡᠮ ᠡᠮᠨᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ 《12 · 5》 ᠵᠢᠨ ᠭᠤᠣᠯᠳᠠᠯᠭ᠎ᠠ᠎ᠲᠠᠢ ᠰᠠᠯᠠᠭ᠎ᠠ ᠪᠣᠯᠬᠤ 15 ᠲᠤᠰᠬᠠᠢ ᠰᠠᠯᠠᠭ᠎ᠠ ᠪᠠ 8 ᠲᠤᠰᠬᠠᠢ ᠰᠠᠯᠠᠭ᠎ᠠ᠎ᠪᠠᠷ ᠬᠥᠮᠥᠵᠢᠭᠦᠯᠦᠨ ᠪᠣᠶ᠋ᠢᠵᠢᠭᠤᠯᠬᠤ ᠲᠥᠷᠥᠯ ᠵᠦᠢ᠍ᠯ ᠪᠣᠯᠭ᠋ᠠᠪᠠ᠃ ᠪᠦᠬᠦ ᠣᠷᠣᠨ᠎ᠳᠤ ᠪᠠᠷᠢᠮᠵᠢᠶᠠᠵᠢᠭᠤᠯᠤᠭᠰᠠᠨ ᠮᠣᠩᠭᠤᠯ ᠡᠮ᠎ᠤᠨ ᠨᠠᠶ᠋ᠢᠷᠠᠯᠭ᠎ᠠ ᠵᠢᠨ 54 ᠲᠠᠰᠤᠭ ᠪᠠᠶ᠋ᠢᠵᠤ᠂ ᠦᠢ᠍ᠯᠡᠳᠪᠦᠷᠢᠯᠡᠭᠰᠡᠨ ᠮᠣᠩᠭᠤᠯ ᠡᠮ᠎ᠤᠨ ᠨᠠᠶ᠋ᠢᠷᠠᠯᠭ᠎ᠠ ᠵᠢᠨ ᠲᠥᠷᠥᠯ ᠵᠦᠢ᠍ᠯ᠎ᠨᠢ 800 ᠭᠠᠷᠤᠢ ᠵᠦᠢ᠍ᠯ᠎ᠳᠤ ᠬᠦᠷᠪᠡ᠃ ᠮᠣᠩᠭᠤᠯ ᠡᠮᠨᠡᠯᠭᠡ ᠵᠢᠨ ᠪᠡᠶ᠎ᠡ ᠰᠤᠪᠢᠯᠠᠯᠲᠠ᠂ ᠡᠷᠡᠭᠦᠯ ᠮᠡᠨᠳᠦ᠂ ᠡᠷᠡᠭᠦᠯᠵᠢᠯ᠎ᠤᠨ ᠲᠥᠷᠥᠯ ᠵᠦᠢ᠍ᠯ᠎ᠢ ᠥᠷᠭᠡᠨ ᠵᠶ᠋ᠠᠷ ᠥᠷᠨᠢᠭᠦᠯᠦᠨ᠂ ᠮᠣᠩᠭᠤᠯ ᠡᠮ ᠡᠮᠨᠡᠯᠭᠡ ᠬᠢᠭᠡᠳ ᠨᠠᠰᠤᠵᠢᠯ᠂ ᠵᠢᠭᠤᠯᠴᠢᠯᠠᠯ᠎ᠢ ᠬᠠᠷᠢᠯᠴᠠᠨ ᠤᠶᠠᠯᠳᠤᠭᠤᠯᠵᠤ᠂ ᠮᠣᠩᠭᠤᠯ ᠡᠮ ᠡᠮᠨᠡᠯᠭᠡ ᠵᠢᠨ ᠦᠢ᠍ᠯᠡᠴᠢᠯᠡᠭᠡ ᠵᠢᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠢ᠍ᠯᠡᠴᠢᠯᠡᠭᠡ ᠵᠢᠨ ᠬᠡᠪᠴᠢᠶ᠎ᠡ ᠵᠢ᠎ᠨᠢ ᠲᠠᠰᠤᠷᠠᠯᠲᠠ ᠦᠭᠡᠢ ᠥᠷᠭᠡᠳᠬᠡᠵᠡᠢ᠃
      ᠬᠥᠲᠥᠯᠥᠭᠴᠢ᠄ ᠮᠣᠩᠭᠤᠯ ᠡᠮ ᠡᠮᠨᠡᠯᠭᠡ ᠪᠣᠯ ᠮᠠᠨ᠎ᠤ ᠣᠷᠣᠨ᠎ᠤ ᠠᠵᠤ ᠠᠬᠤᠢ ᠵᠢᠨ ᠰᠢᠨ᠎ᠡ ᠥᠰᠦᠯᠲᠡ ᠵᠢᠨ ᠴᠡᠭ ᠪᠠᠶ᠋ᠢᠵᠤ᠂ ᠯᠤᠲᠤ ᠶᠡᠭᠡ ᠬᠥᠭᠵᠢᠯᠲᠡ ᠵᠢᠨ ᠳᠠᠯᠳᠠ ᠬᠦᠴᠦᠨ᠎ᠲᠠᠢ ᠪᠠᠶ᠋ᠢᠳᠠᠭ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠠᠴᠠ ᠮᠣᠩᠭᠤᠯ ᠡᠮ ᠡᠮᠨᠡᠯᠭᠡ ᠵᠢᠨ ᠠᠵᠤ ᠦᠢ᠍ᠯᠡᠰ᠎ᠢ 《ᠳᠣᠯᠣᠭ᠋ᠠᠨ ᠰᠦᠯᠵᠢᠶ᠎ᠡ ᠳᠣᠯᠣᠭ᠋ᠠᠨ ᠦᠢ᠍ᠯᠡᠰ ᠳᠣᠯᠣᠭ᠋ᠠᠨ ᠰᠢᠨ᠎ᠡ》 ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠣᠷᠣᠭᠤᠯᠪᠠ᠃ ᠲᠡᠭᠡᠪᠡᠯ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠮᠣᠩᠭᠤᠯ ᠡᠮ ᠡᠮᠨᠡᠯᠭᠡ ᠵᠢᠨ ᠰᠤᠳᠤᠯᠤᠯᠲᠠ ᠬᠢᠵᠦ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠬᠥᠭᠵᠢᠯᠲᠡ ᠵᠢᠨ ᠠᠯᠬᠤᠴᠠ ᠵᠢ ᠬᠡᠷᠬᠢᠨ ᠲᠦᠷᠭᠡᠳᠬᠡᠭᠰᠡᠨ ᠪᠣᠢ?
      ᠹᠦ᠋ ᠷᠦᠢ ᠹᠧᠩ᠄
      ᠨᠢᠭᠡ᠎ᠳᠤ᠂ ᠮᠣᠩᠭᠤᠯ ᠡᠮ ᠡᠮᠨᠡᠯᠭᠡ ᠵᠢᠨ ᠪᠠᠷᠢᠮᠵᠢᠶ᠎ᠠ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠷᠭᠡᠳᠬᠡᠪᠡ᠃ ᠥᠪᠡᠷᠲᠡᠭᠡᠨ ᠵᠠᠰᠠᠬᠤ ᠣᠷᠣᠨ᠎ᠠᠴᠠ ᠮᠣᠩᠭᠤᠯ ᠡᠮ ᠡᠮᠨᠡᠯᠭᠡ ᠵᠢᠨ ᠪᠠᠷᠢᠮᠵᠢᠶᠠᠵᠢᠭᠤᠯᠤᠯᠲᠠ ᠵᠢᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠤᠨ᠂ ᠵᠢᠯ ᠪᠦᠷᠢ 500 ᠲᠦᠮᠡᠨ ᠲᠥᠭᠦᠷᠢᠭ᠎ᠤᠨ ᠲᠤᠰᠬᠠᠢ ᠵᠦᠢ᠍ᠯ᠎ᠤᠨ ᠪᠡᠯᠡ ᠮᠥᠩᠭᠦ ᠲᠣᠬᠢᠷᠠᠭᠤᠯᠵᠤ᠂ 《ᠮᠣᠩᠭᠤᠯ ᠡᠮᠨᠡᠯᠭᠡ ᠵᠢᠨ ᠡᠪᠡᠳᠴᠢᠨ ᠡᠮᠭᠡᠭ᠎ᠢ ᠣᠨᠣᠰᠢᠯᠠᠬᠤ ᠡᠮᠴᠢᠯ᠎ᠤᠨ ᠲᠤᠰᠠ ᠵᠢᠨ ᠪᠠᠷᠢᠮᠵᠢᠶ᠎ᠠ》᠂ 《ᠥᠪᠥᠷ ᠮᠣᠩᠭᠤᠯ᠎ᠤᠨ ᠮᠣᠩᠭᠤᠯ ᠡᠮ᠎ᠤᠨ ᠨᠠᠶ᠋ᠢᠷᠠᠯᠭ᠎ᠠ ᠵᠢᠨ ᠵᠢᠷᠤᠮᠵᠢᠯ》᠂ 《ᠥᠪᠥᠷ ᠮᠣᠩᠭᠤᠯ᠎ᠤᠨ ᠮᠣᠩᠭᠤᠯ ᠡᠮ᠎ᠤᠨ ᠮᠠᠲ᠋ᠧᠷᠢᠶᠠᠯ᠎ᠢ ᠨᠣᠮᠣᠬᠠᠳᠬᠠᠬᠤ ᠵᠢᠷᠤᠮᠵᠢᠯ》᠂ 《ᠥᠪᠥᠷ ᠮᠣᠩᠭᠤᠯ᠎ᠤᠨ ᠮᠣᠩᠭᠤᠯ ᠡᠮ᠎ᠤᠨ ᠮᠠᠲ᠋ᠧᠷᠢᠶᠠᠯ᠎ᠤᠨ ᠪᠠᠷᠢᠮᠵᠢᠶ᠎ᠠ (ᠨᠡᠮᠡᠨ ᠨᠥᠬᠦᠪᠦᠷᠢᠯᠡᠭᠰᠡᠨ ᠳᠡᠪᠲᠡᠷ)》 ᠵᠡᠷᠭᠡ ᠮᠣᠩᠭᠤᠯ ᠡᠮᠨᠡᠯᠭᠡ ᠪᠤᠶᠤ ᠮᠣᠩᠭᠤᠯ ᠡᠮ᠎ᠤᠨ 14 ᠪᠣᠳᠢ ᠪᠠᠷᠢᠮᠵᠢᠶ᠎ᠠ ᠵᠢ ᠰᠤᠳᠤᠯᠤᠨ ᠬᠡᠪᠯᠡᠭᠦᠯᠵᠦ᠂ ᠨᠢᠭᠡᠨᠲᠡ ᠠᠵᠢᠯ ᠲᠥᠷᠥᠯ᠎ᠤᠨ ᠳᠣᠲᠣᠭ᠋ᠠᠳᠤ᠎ᠳᠤ᠎ᠪᠠᠨ ᠳᠡᠯᠭᠡᠷᠡᠭᠦᠯᠦᠨ ᠬᠡᠷᠡᠭᠯᠡᠪᠡ᠃ 《ᠮᠣᠩᠭᠤᠯ ᠡᠮᠨᠡᠯᠭᠡ ᠵᠢᠨ ᠤᠯᠠᠮᠵᠢᠯᠠᠯᠲᠤ ᠶᠠᠰᠤ ᠪᠠᠷᠢᠬᠤ ᠮᠡᠷᠭᠡᠵᠢᠯ᠎ᠤᠨ ᠠᠵᠢᠯᠯᠠᠭᠤᠯᠬᠤ ᠵᠢᠷᠤᠮᠵᠢᠯ》᠂ 《ᠥᠪᠥᠷ ᠮᠣᠩᠭᠤᠯ᠎ᠤᠨ ᠮᠣᠩᠭᠤᠯ ᠡᠮ᠎ᠤᠨ ᠮᠠᠲ᠋ᠧᠷᠢᠶᠠᠯ᠎ᠢ ᠨᠣᠮᠣᠬᠠᠳᠬᠠᠬᠤ ᠵᠢᠷᠤᠮᠵᠢᠯ (2017 ᠣᠨ᠎ᠤ ᠬᠡᠪᠯᠡᠯ)》 ᠵᠡᠷᠭᠡ ᠵᠢᠨ ᠰᠤᠳᠤᠯᠤᠨ ᠲᠣᠭᠲᠠᠭ᠋ᠠᠬᠤ ᠠᠵᠢᠯ᠎ᠨᠢ ᠤᠷᠤᠭᠰᠢᠲᠠᠢ ᠶᠠᠪᠤᠭᠳᠠᠵᠤ ᠪᠠᠶ᠋ᠢᠨ᠎ᠠ᠃ ᠮᠣᠩᠭᠤᠯ ᠡᠮ ᠡᠮᠨᠡᠯᠭᠡ᠎ᠪᠠᠷ ᠵᠢᠷᠦᠬᠡ ᠬᠠᠳᠬᠤᠯᠠᠵᠤ ᠡᠪᠡᠳᠬᠦ᠂ ᠦᠬᠡᠷ ᠢᠯᠢᠳᠦ ᠵᠡᠷᠭᠡ 200 ᠭᠠᠷᠤᠢ ᠡᠪᠡᠳᠴᠢᠨ᠎ᠤ ᠵᠦᠢ᠍ᠯ᠎ᠢ ᠡᠮᠴᠢᠯᠡᠨ ᠵᠠᠰᠠᠬᠤ ᠵᠦᠭᠯᠡᠭᠦᠷ᠎ᠢ ᠲᠣᠭᠲᠠᠭ᠋ᠠᠬᠤ ᠠᠵᠢᠯ᠎ᠢ ᠨᠢᠭᠡᠨᠲᠡ ᠪᠡᠶᠡᠯᠡᠭᠦᠯᠵᠦ᠂ ᠮᠣᠩᠭᠤᠯ ᠡᠮ᠎ᠤᠨ 285 ᠵᠦᠢ᠍ᠯ᠎ᠤᠨ ᠪᠠᠷᠢᠮᠵᠢᠶ᠎ᠠ ᠪᠠ ᠵᠢᠷᠤᠮᠵᠢᠯ᠎ᠢ ᠲᠣᠭᠲᠠᠭ᠋ᠠᠭᠰᠠᠨ ᠪᠠ ᠵᠠᠰᠠᠯᠲᠠ ᠣᠷᠣᠭᠤᠯᠵᠤ᠂ ᠪᠠᠰᠠ 209 ᠵᠦᠢ᠍ᠯ᠎ᠢ᠎ᠨᠢ ᠶᠠᠭ ᠰᠠᠶ᠋ᠢᠬᠠᠨ ᠲᠣᠭᠲᠠᠭ᠋ᠠᠵᠤ ᠪᠠᠶ᠋ᠢᠨ᠎ᠠ᠃
      ᠬᠤᠶᠠᠷ᠎ᠲᠤ᠂ ᠮᠣᠩᠭᠤᠯ ᠡᠮ ᠡᠮᠨᠡᠯᠭᠡ ᠵᠢᠨ ᠬᠢᠴᠢᠶᠡᠯ ᠰᠢᠨᠵᠢᠯᠡᠭᠡᠨ᠎ᠤ ᠪᠠᠶ᠋ᠢᠭᠤᠯᠤᠯᠲᠠ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠲᠦᠷᠭᠡᠳᠬᠡᠪᠡ᠃ ᠤᠯᠤᠰ᠎ᠤᠨ ᠳᠡᠰ᠎ᠤᠨ ᠭᠤᠣᠯᠳᠠᠯᠭ᠎ᠠ᠎ᠲᠠᠢ ᠬᠢᠴᠢᠶᠡᠯ ᠲᠥᠷᠥᠯ 12᠂ ᠥᠪᠡᠷᠲᠡᠭᠡᠨ ᠵᠠᠰᠠᠬᠤ ᠣᠷᠣᠨ᠎ᠤ ᠲᠦᠷᠦᠭᠦᠯᠡᠭᠴᠢ ᠭᠤᠣᠯᠳᠠᠯᠭ᠎ᠠ᠎ᠲᠠᠢ ᠬᠢᠴᠢᠶᠡᠯ ᠲᠥᠷᠥᠯ 29᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠰᠤᠳᠤᠯᠤᠨ ᠬᠥᠭᠵᠢᠭᠦᠯᠬᠦ ᠲᠥᠪ 24 ᠪᠠᠶ᠋ᠢᠨ᠎ᠠ᠃ ᠮᠣᠩᠭᠤᠯ ᠡᠮ ᠡᠮᠨᠡᠯᠭᠡ᠎ᠪᠠᠷ ᠶᠠᠰᠤᠨ᠎ᠤ ᠦᠶ᠎ᠡ ᠭᠡᠰᠢᠭᠦᠨ᠎ᠤ ᠡᠪᠡᠳᠴᠢᠨ᠎ᠢ ᠡᠮᠨᠡᠨ ᠵᠠᠰᠠᠬᠤ ᠵᠡᠷᠭᠡ 7 ᠵᠦᠢ᠍ᠯ᠎ᠤᠨ ᠰᠡᠳᠦᠪ᠎ᠨᠢ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠤᠨ ᠲᠥᠯᠥᠪᠯᠡᠭᠡ᠎ᠳᠤ ᠵᠢᠭᠰᠠᠭ᠋ᠠᠭᠳᠠᠨ᠂ 20 ᠭᠠᠷᠤᠢ ᠵᠦᠢ᠍ᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠨᠢ ᠤᠯᠤᠰ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠦᠨ᠎ᠳᠤ ᠵᠢᠭᠰᠠᠭ᠋ᠠᠭᠳᠠᠵᠤ᠂ ᠮᠣᠩᠭᠤᠯ ᠡᠮᠨᠡᠯᠭᠡ ᠵᠢᠨ ᠥᠪᠡᠷᠮᠢᠴᠡ ᠣᠨᠴᠠᠯᠢᠭᠲᠤ ᠡᠮᠨᠡᠨ ᠵᠠᠰᠠᠬᠤ ᠮᠡᠷᠭᠡᠵᠢᠯ᠎ᠤᠨ ᠡᠮᠴᠢᠯᠡᠭᠡᠨ᠎ᠤ ᠰᠤᠳᠤᠯᠤᠯᠲᠠ ᠬᠢᠭᠡᠳ ᠬᠡᠷᠡᠭᠯᠡᠯᠲᠡ᠂ ᠮᠣᠩᠭᠤᠯ ᠡᠮ ᠡᠮᠨᠡᠯᠭᠡ ᠵᠢᠨ ᠣᠳᠣᠬᠢᠴᠢᠯᠠᠭᠰᠠᠨ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠤᠯᠲᠠ ᠵᠢᠴᠢ ᠮᠣᠩᠭᠤᠯ ᠡᠮ᠎ᠤᠨ ᠠᠵᠤ ᠦᠢ᠍ᠯᠡᠰᠵᠢᠯᠲᠠ ᠵᠡᠷᠭᠡ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠬᠤᠯᠠ ᠶᠡᠭᠡ ᠲᠤᠰᠬᠠᠢ ᠵᠦᠢ᠍ᠯ᠎ᠳᠤ ᠵᠢᠭᠰᠠᠭ᠋ᠠᠭᠳᠠᠵᠠᠢ᠃
      ᠭᠤᠷᠪᠠ᠎ᠳᠤ᠂ ᠮᠣᠩᠭᠤᠯ ᠡᠮ᠎ᠤᠨ ᠮᠠᠲ᠋ᠧᠷᠢᠶᠠᠯ᠎ᠢ ᠰᠤᠳᠤᠯᠬᠤ ᠪᠠ ᠲᠠᠷᠢᠵᠤ ᠪᠣᠶ᠋ᠢᠵᠢᠭᠤᠯᠬᠤ ᠠᠵᠢᠯ᠎ᠢ ᠥᠷᠨᠢᠭᠦᠯᠪᠡ᠃ ᠮᠣᠩᠭᠤᠯ ᠡᠮ᠎ᠤᠨ ᠬᠡᠭᠡᠷ᠎ᠡ ᠵᠢᠨ ᠡᠮ᠎ᠤᠨ ᠮᠠᠲ᠋ᠧᠷᠢᠶᠠᠯ᠎ᠤᠨ ᠡᠬᠢ ᠪᠠᠶᠠᠯᠢᠭ᠎ᠲᠤ ᠪᠠᠶ᠋ᠢᠴᠠᠭ᠋ᠠᠯᠲᠠ ᠬᠢᠬᠦ᠂ ᠤᠯᠠᠮᠵᠢᠯᠠᠯᠲᠤ ᠵᠣᠷ ᠨᠠᠶ᠋ᠢᠷᠠᠯᠭ᠎ᠠ ᠵᠢ ᠰᠢᠯᠢᠨ ᠰᠣᠩᠭᠤᠬᠤ ᠵᠡᠷᠭᠡ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠢ ᠣᠯᠪᠠ᠃ 《ᠥᠪᠡᠷᠮᠢᠴᠡ ᠣᠨᠴᠠᠯᠢᠭᠲᠤ ᠮᠣᠩᠭᠤᠯ ᠡᠮ᠎ᠤᠨ ᠮᠠᠲ᠋ᠧᠷᠢᠶᠠᠯ ᠬᠢᠭᠡᠳ ᠨᠡᠶ᠋ᠢᠯᠡᠮᠡᠯ ᠨᠠᠶ᠋ᠢᠷᠠᠯᠭ᠎ᠠ ᠵᠢᠨ ᠶᠠᠰᠤ ᠴᠢᠨᠠᠷ᠎ᠤᠨ ᠪᠠᠷᠢᠮᠵᠢᠶ᠎ᠠ ᠵᠢᠴᠢ ᠨᠡᠭᠡᠭᠡᠨ ᠬᠥᠭᠵᠢᠭᠦᠯᠬᠦ ᠰᠤᠳᠤᠯᠤᠯᠲᠠ》 ᠵᠢ ᠠᠵᠢᠯᠯᠠᠭᠤᠯᠤᠨ ᠬᠡᠷᠡᠭᠵᠢᠭᠦᠯᠪᠡ᠃ ᠲᠣᠮᠣ ᠰᠦᠪᠡᠲᠦ ᠳᠠᠪᠠᠷᠬᠠᠢ ᠵᠢ ᠰᠠᠯᠭ᠋ᠠᠬᠤ ᠮᠡᠷᠭᠡᠵᠢᠯ ᠵᠡᠷᠭᠡ ᠣᠳᠣ ᠦᠶ᠎ᠡ ᠵᠢᠨ ᠮᠡᠷᠭᠡᠵᠢᠯ᠎ᠢ ᠬᠡᠷᠡᠭᠯᠡᠨ ᠮᠣᠩᠭᠤᠯ ᠡᠮ᠎ᠤᠨ ᠨᠠᠶ᠋ᠢᠷᠠᠯᠭ᠎ᠠ᠎ᠳᠤ ᠰᠤᠳᠤᠯᠤᠯᠲᠠ ᠬᠢᠵᠦ ᠦᠷ᠎ᠡ ᠪᠦᠲᠦᠮᠵᠢ ᠣᠯᠪᠠ᠃ ᠨᠢᠭᠡ ᠪᠦᠯᠦᠭ ᠮᠣᠩᠭᠤᠯ ᠡᠮ ᠪᠠ ᠰᠢᠨ᠎ᠡ᠎ᠪᠠᠷ ᠡᠭᠦᠳᠦᠭᠰᠡᠨ ᠡᠮ ᠵᠢᠴᠢ ᠬᠤᠶᠠᠳᠠᠬᠢ ᠤᠳᠠᠭ᠎ᠠ ᠨᠡᠭᠡᠭᠡᠨ ᠬᠥᠭᠵᠢᠭᠦᠯᠦᠭᠰᠡᠨ ᠨᠡᠶ᠋ᠢᠲᠡ ᠵᠢᠨ ᠴᠢᠨᠠᠷᠲᠠᠢ ᠵᠠᠩᠭᠢᠯᠠᠭ᠎ᠠ ᠵᠢᠨ ᠮᠡᠷᠭᠡᠵᠢᠯ᠎ᠳᠤ ᠰᠢᠪᠲᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠠᠴᠠ ᠵᠢᠩᠬᠢᠨᠢ ᠪᠠᠶ᠋ᠢᠭ᠋ᠠᠯᠢᠯᠢᠭ ᠡᠮ᠎ᠤᠨ ᠮᠠᠲ᠋ᠧᠷᠢᠶᠠᠯ᠂ ᠥᠷᠭᠡᠨ ᠬᠡᠷᠡᠭᠴᠡᠭᠡᠨ᠎ᠤ ᠡᠮ᠎ᠤᠨ ᠮᠠᠲ᠋ᠧᠷᠢᠶᠠᠯ᠎ᠤᠨ ᠣᠷᠣᠨ ᠪᠦᠰᠡᠵᠢᠭᠦᠯᠬᠦ ᠪᠠ ᠬᠡᠪᠴᠢᠶᠡᠵᠢᠭᠦᠯᠦᠨ ᠲᠠᠷᠢᠵᠤ ᠤᠷᠭᠤᠭᠤᠯᠬᠤ ᠵᠢ ᠥᠷᠨᠢᠭᠦᠯᠦᠨ᠂ ᠪᠦᠬᠦ ᠣᠷᠣᠨ᠎ᠤ ᠡᠮ᠎ᠤᠨ ᠮᠠᠲ᠋ᠧᠷᠢᠶᠠᠯ᠎ᠤᠨ ᠲᠠᠷᠢᠵᠤ ᠤᠷᠭᠤᠭᠤᠯᠤᠭᠰᠠᠨ ᠲᠠᠯᠠᠪᠠᠢ᠎ᠨᠢ 131 ᠲᠦᠮᠡᠨ ᠮᠦ᠍᠎ᠳᠤ ᠬᠦᠷᠪᠡ᠃ ᠡᠮ᠎ᠳᠤ ᠬᠡᠷᠡᠭᠯᠡᠬᠦ ᠤᠷᠭᠤᠮᠠᠯ᠎ᠢ ᠲᠠᠷᠢᠵᠤ ᠤᠷᠠᠭᠤᠯᠬᠤ ᠡᠬᠢ ᠪᠠᠶᠠᠯᠢᠭ᠎ᠤᠨ ᠬᠥᠮᠥᠷᠭᠡ ᠵᠢ ᠪᠠᠶ᠋ᠢᠭᠤᠯᠤᠨ᠂ 30 ᠭᠠᠷᠤᠢ ᠵᠦᠢ᠍ᠯ᠎ᠤᠨ ᠮᠣᠩᠭᠤᠯ ᠡᠮ᠎ᠤᠨ ᠮᠠᠲ᠋ᠧᠷᠢᠶᠠᠯ᠎ᠢ ᠲᠠᠷᠢᠵᠤ ᠤᠷᠭᠤᠭᠤᠯᠬᠤ ᠮᠡᠷᠭᠡᠵᠢᠯ᠎ᠢ ᠰᠤᠳᠤᠯᠬᠤ ᠬᠢᠭᠡᠳ ᠳᠡᠯᠭᠡᠷᠡᠭᠦᠯᠬᠦ ᠵᠢ ᠥᠷᠨᠢᠭᠦᠯᠪᠡ᠃ ᠮᠣᠩᠭᠤᠯ ᠡᠮ᠎ᠤᠨ ᠮᠠᠲ᠋ᠧᠷᠢᠶᠠᠯ᠎ᠢ ᠲᠠᠷᠢᠵᠤ ᠤᠷᠭᠤᠭᠤᠯᠤᠭᠰᠠᠨ 4 ᠠᠵᠤ ᠠᠬᠤᠶ᠋ᠢᠯᠠᠯ᠎ᠨᠢ ᠤᠯᠤᠰ᠎ᠤᠨ 《ᠠᠵᠤ ᠦᠢ᠍ᠯᠡᠳᠪᠦᠷᠢ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠪᠡᠯᠡ ᠮᠥᠩᠭᠦ ᠵᠢᠨ ᠳᠡᠭᠡᠭᠰᠢᠯᠡᠭᠦᠯᠦᠨ ᠪᠠᠲᠤᠯᠠᠬᠤ ᠬᠦᠷᠢᠶ᠎ᠡ ᠴᠠᠷᠠᠭ᠋ᠠᠨ᠎ᠤ ᠲᠥᠷᠥᠯ ᠵᠦᠢ᠍ᠯ》᠎ᠳᠤ ᠵᠢᠭᠰᠠᠭ᠋ᠠᠭᠳᠠᠵᠠᠢ᠃ ᠴᠠᠭ᠋ᠠᠨ ᠰᠤᠷᠤᠯᠤ᠂ ᠬᠤᠷᠳᠤᠨ ᠴᠠᠭ᠋ᠠᠨ᠎ᠤ ᠭᠠᠷᠤᠯᠲᠠ᠎ᠨᠢ ᠪᠦᠬᠦ ᠤᠯᠤᠰ᠎ᠤᠨ ᠭᠠᠷᠤᠯᠲᠠ ᠵᠢᠨ 80% ᠪᠠ 40% ᠵᠢ ᠡᠵᠡᠯᠡᠵᠦ᠂ ᠤᠯᠠᠭ᠋ᠠᠨᠬᠠᠳᠠ ᠬᠤᠲᠠ ᠵᠢᠨ ᠬᠠᠷᠠᠴᠢᠨ ᠬᠤᠰᠢᠭᠤ᠎ᠨᠢ ᠪᠦᠬᠦ ᠤᠯᠤᠰ᠎ᠤᠨ ᠨᠠᠢ᠍ᠮᠠᠨ ᠶᠡᠭᠡ ᠡᠮ᠎ᠤᠨ ᠮᠠᠲ᠋ᠧᠷᠢᠶᠠᠯ᠎ᠤᠨ ᠠᠵᠤ ᠦᠢ᠍ᠯᠡᠰ᠎ᠤᠨ ᠰᠠᠭᠤᠷᠢᠨ ᠭᠠᠵᠠᠷ᠎ᠤᠨ ᠨᠢᠭᠡ᠎ᠪᠠᠷ ᠵᠢᠭᠰᠠᠭ᠋ᠠᠭᠳᠠᠵᠠᠢ᠃
      ᠹᠦ᠋ ᠷᠦᠢ ᠹᠧᠩ᠄
      ᠳᠥᠷᠪᠡ᠎ᠳᠤ᠂ ᠮᠣᠩᠭᠤᠯ ᠡᠮ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠪᠠ᠃ ᠪᠦᠬᠦ ᠣᠷᠣᠨ᠎ᠳᠤ 18 ᠮᠣᠩᠭᠤᠯ ᠡᠮ᠎ᠤᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠪᠠᠶ᠋ᠢᠵᠤ᠂ ᠳᠠᠩᠰᠠᠯᠠᠭᠤᠯᠤᠭᠰᠠᠨ ᠲᠥᠷᠥᠯ ᠵᠦᠢ᠍ᠯ᠎ᠨᠢ 128᠂ ᠵᠢᠯ᠎ᠤᠨ ᠪᠣᠷᠣᠯᠠᠭᠤᠯᠤᠯᠲᠠ ᠵᠢᠨ ᠲᠤᠭ᠎ᠠ᠎ᠨᠢ 16 ᠳ᠋ᠦᠩᠰᠢᠭᠤᠷ ᠲᠥᠭᠦᠷᠢᠭ᠎ᠲᠤ ᠬᠦᠷᠴᠡᠢ᠃ ᠡᠮᠴᠢᠯᠡᠭᠡ ᠵᠢᠨ ᠪᠠᠶ᠋ᠢᠭᠤᠯᠤᠮᠵᠢ ᠵᠢᠨ ᠮᠣᠩᠭᠤᠯ ᠡᠮ᠎ᠤᠨ ᠨᠠᠶ᠋ᠢᠷᠠᠯᠭ᠎ᠠ ᠵᠢᠨ ᠲᠠᠰᠤᠭ 54᠂ ᠨᠠᠶ᠋ᠢᠷᠠᠯᠭ᠎ᠠ ᠵᠢᠨ ᠵᠥᠪᠰᠢᠶᠡᠷᠡᠯ᠎ᠤᠨ ᠪᠢᠴᠢᠭ᠎ᠤᠨ ᠨᠣᠮᠧᠷ 4756 ᠪᠠᠶ᠋ᠢᠵᠤ᠂ ᠮᠣᠩᠭᠤᠯ ᠡᠮ᠎ᠤᠨ ᠨᠠᠶ᠋ᠢᠷᠠᠯᠭ᠎ᠠ ᠵᠢᠨ ᠵᠢᠯ᠎ᠤᠨ ᠪᠣᠷᠣᠯᠠᠭᠤᠯᠤᠯᠲᠠ ᠵᠢᠨ ᠲᠤᠭ᠎ᠠ᠎ᠨᠢ 2 ᠳ᠋ᠦᠩᠰᠢᠭᠤᠷ ᠲᠥᠭᠦᠷᠢᠭ᠎ᠢ ᠳᠠᠪᠠᠪᠠ᠃ ᠲᠦᠩᠯᠢᠶᠣᠣ ᠵᠢᠨ 《ᠮᠣᠩᠭᠤᠯ ᠡᠮ ᠡᠮᠨᠡᠯᠭᠡ ᠵᠢᠨ ᠬᠤᠲᠠ》 ᠵᠢᠨ ᠪᠠᠶ᠋ᠢᠭᠤᠯᠤᠯᠲᠠ ᠵᠢ ᠶᠡᠭᠡ ᠬᠦᠴᠦᠨ ᠵᠶ᠋ᠠᠷ ᠳᠡᠮᠵᠢᠨ᠂ ᠳᠠᠪᠠᠭᠤᠯᠢᠭ ᠠᠵᠤ ᠠᠬᠤᠶ᠋ᠢᠯᠠᠯ ᠪᠠ ᠳᠠᠪᠠᠭᠤᠯᠢᠭ ᠨᠡᠷᠡᠲᠦ ᠲᠡᠮᠳᠡᠭᠲᠦ ᠵᠢᠨ ᠪᠠᠶ᠋ᠢᠯᠳᠤᠬᠤ ᠪᠣᠳᠣᠯᠭ᠎ᠠ ᠵᠢ ᠠᠬᠢᠭᠤᠯᠵᠤ᠂ ᠥᠪᠥᠷ ᠮᠣᠩᠭᠤᠯ᠎ᠤᠨ ᠮᠣᠩᠭᠤᠯ ᠡᠮ ᠦᠢ᠍ᠯᠡᠳᠬᠦ ᠬᠢᠵᠠᠭ᠋ᠠᠷᠲᠤ ᠺᠣᠮᠫᠠᠨᠢ᠂ ᠤᠯᠠᠭ᠋ᠠᠨᠬᠤᠲᠠ ᠵᠢᠨ ᠬᠢᠲᠠᠳ ᠮᠣᠩᠭᠤᠯ ᠡᠮ ᠦᠢ᠍ᠯᠡᠳᠬᠦ ᠬᠢᠵᠠᠭ᠋ᠠᠷᠲᠤ ᠺᠣᠮᠫᠠᠨᠢ ᠵᠡᠷᠭᠡ ᠵᠢᠯ᠎ᠤᠨ ᠪᠣᠷᠣᠯᠠᠭᠤᠯᠭ᠎ᠠ ᠵᠢᠨ ᠲᠤᠭ᠎ᠠ᠎ᠨᠢ ᠳ᠋ᠦᠩᠰᠢᠭᠤᠷ ᠲᠥᠭᠦᠷᠢᠭ᠎ᠢ ᠳᠠᠪᠠᠭᠰᠠᠨ ᠮᠣᠩᠭᠤᠯ ᠡᠮ᠎ᠤᠨ ᠠᠵᠤ ᠠᠬᠤᠶ᠋ᠢᠯᠠᠯ᠎ᠢ ᠪᠠᠶ᠋ᠢᠭᠤᠯᠪᠠ᠃ ᠰᠢᠨ᠎ᠡ ᠭᠠᠷ ᠤᠷᠠᠯᠠᠯ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠵᠢ ᠨᠡᠭᠡᠭᠡᠨ ᠬᠥᠭᠵᠢᠭᠦᠯᠬᠦ ᠬᠢᠭᠡᠳ ᠬᠡᠷᠡᠭᠯᠡᠬᠦ ᠵᠢ ᠢᠳᠡᠪᠬᠢᠲᠡᠢ ᠥᠷᠨᠢᠭᠦᠯᠵᠦ᠂ ᠮᠣᠩᠭᠤᠯ ᠡᠮ᠎ᠤᠨ ᠵᠠᠬ᠎ᠠ ᠳᠡᠯᠭᠡᠭᠦᠷ᠎ᠤᠨ ᠠᠯᠳᠠᠷᠰᠢᠯ᠎ᠢ ᠥᠷᠭᠡᠳᠬᠡᠨ᠂ ᠮᠣᠩᠭᠤᠯ ᠡᠮ᠎ᠤᠨ ᠦᠢ᠍ᠯᠡᠳᠬᠦᠨ᠎ᠤ ᠥᠷᠲᠡᠭ᠎ᠤᠨ ᠬᠤᠪᠢ ᠵᠢᠨ ᠲᠤᠭ᠎ᠠ ᠪᠠ ᠵᠠᠬ᠎ᠠ ᠳᠡᠯᠭᠡᠭᠦᠷ᠎ᠤᠨ ᠡᠵᠡᠯᠡᠬᠦ ᠬᠠᠷᠢᠴᠠᠯ᠎ᠢ ᠴᠢᠷᠮᠠᠶ᠋ᠢᠨ ᠳᠡᠭᠡᠭᠰᠢᠯᠡᠭᠦᠯᠪᠡ᠃ ᠣᠳᠣᠬᠠᠨ᠎ᠳᠤ᠂ ᠪᠣᠯᠣᠷ ᠬᠤᠮᠵᠢᠶ᠎ᠠ ᠡᠮ᠂ ᠡᠷᠬᠢᠮ — 8 ᠬᠤᠮᠵᠢᠶ᠎ᠠ ᠡᠮ᠂ ᠪᠥᠭᠡᠷ᠎ᠡ ᠭᠤᠶᠣᠣ ᠮᠥᠬᠦᠯᠢᠭ᠂ ᠡᠷᠳᠡᠨᠢ ᠵᠢᠨ ᠦᠷᠡᠯ᠂ ᠵᠠᠴᠦ᠋ᠩ — 13᠂ ᠰᠣᠷᠣᠯᠣ — 4 ᠬᠤᠮᠵᠢᠶ᠎ᠠ ᠡᠮ ᠵᠡᠷᠭᠡ 10 ᠭᠠᠷᠤᠢ ᠵᠦᠢ᠍ᠯ᠎ᠤᠨ ᠮᠣᠩᠭᠤᠯ ᠡᠮ᠎ᠤᠨ ᠨᠡᠷᠡᠲᠦ ᠲᠡᠮᠳᠡᠭᠲᠦ ᠦᠢ᠍ᠯᠡᠳᠬᠦᠨ᠎ᠨᠢ ᠪᠦᠬᠦ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠤᠭᠳᠠᠵᠤ᠂ ᠲᠡᠭᠦᠨ᠎ᠤ ᠳᠣᠲᠣᠷ᠎ᠠ ᠡᠷᠳᠡᠨᠢ ᠵᠢᠨ ᠦᠷᠡᠯ ᠵᠡᠷᠭᠡ 3 ᠳᠠᠩ ᠲᠥᠷᠥᠯ ᠵᠦᠢ᠍ᠯ᠎ᠤᠨ ᠵᠢᠯ᠎ᠤᠨ ᠪᠣᠷᠣᠯᠠᠭᠤᠯᠭ᠎ᠠ ᠵᠢᠨ ᠲᠤᠭ᠎ᠠ᠎ᠨᠢ 5000 ᠲᠦᠮᠡᠨ ᠲᠥᠭᠦᠷᠢᠭ᠎ᠢ ᠳᠠᠪᠠᠵᠠᠢ᠃
      ᠬᠥᠲᠥᠯᠥᠭᠴᠢ᠄ ᠮᠣᠩᠭᠤᠯ ᠡᠮ ᠡᠮᠨᠡᠯᠭᠡ ᠵᠢᠨ ᠰᠣᠶᠣᠯ ᠪᠣᠯ ᠮᠣᠩᠭᠤᠯ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠮᠣᠩᠭᠤᠯ ᠡᠮ ᠡᠮᠨᠡᠯᠭᠡ ᠵᠢᠨ ᠰᠣᠶᠣᠯ᠎ᠢ ᠬᠡᠷᠬᠢᠨ ᠤᠯᠠᠮᠵᠢᠯᠠᠭᠰᠠᠨ ᠪᠠ ᠤᠬᠠᠭᠤᠯᠤᠨ ᠳᠡᠯᠭᠡᠷᠡᠭᠦᠯᠦᠭᠰᠡᠨ ᠪᠣᠢ?
      ᠹᠦ᠋ ᠷᠦᠢ ᠹᠧᠩ᠄
      ᠨᠢᠭᠡ᠎ᠳᠤ᠂ ᠮᠣᠩᠭᠤᠯ ᠡᠮ ᠡᠮᠨᠡᠯᠭᠡ ᠵᠢᠨ ᠰᠣᠶᠣᠯ᠎ᠢ ᠤᠯᠠᠮᠵᠢᠯᠠᠨ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠪᠡ᠃ ᠮᠣᠩᠭᠤᠯ ᠡᠮᠨᠡᠯᠭᠡ ᠵᠢᠨ 5 ᠵᠦᠢ᠍ᠯ᠎ᠤᠨ ᠥᠪᠡᠷᠮᠢᠴᠡ ᠣᠨᠴᠠᠯᠢᠭᠲᠤ ᠮᠡᠷᠭᠡᠵᠢᠯ᠎ᠨᠢ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠳᠤ ᠵᠢᠭᠰᠠᠭ᠋ᠠᠭᠳᠠᠨ᠂ 24 ᠵᠦᠢ᠍ᠯ᠎ᠨᠢ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠳᠤ ᠵᠢᠭᠰᠠᠭ᠋ᠠᠭᠳᠠᠪᠠ᠃ 3 ᠨᠡᠷᠡᠲᠦ ᠮᠣᠩᠭᠤᠯ ᠡᠮᠴᠢ᠎ᠨᠢ ᠤᠯᠤᠰ᠎ᠤᠨ ᠳᠡᠰ᠎ᠤᠨ ᠲᠥᠯᠥᠭᠡᠯᠡᠭᠴᠢ ᠴᠢᠨᠠᠷᠲᠠᠢ ᠤᠯᠠᠮᠵᠢᠯᠠᠭᠴᠢ ᠪᠣᠯᠵᠤ᠂ 42 ᠨᠡᠷᠡᠲᠦ ᠮᠣᠩᠭᠤᠯ ᠡᠮᠴᠢ᠎ᠨᠢ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠥᠯᠥᠭᠡᠯᠡᠭᠴᠢ ᠴᠢᠨᠠᠷᠲᠠᠢ ᠤᠯᠠᠮᠵᠢᠯᠠᠭᠴᠢ ᠪᠣᠯᠪᠠ᠃ ᠤᠯᠤᠰ᠎ᠤᠨ ᠳᠡᠰ᠎ᠤᠨ ᠡᠷᠳᠡᠮ ᠰᠢᠨᠵᠢᠯᠡᠭᠡᠨ᠎ᠤ ᠤᠯᠠᠮᠵᠢᠯᠠᠯ᠎ᠤᠨ ᠠᠵᠢᠯ᠎ᠤᠨ 18 ᠲᠠᠰᠤᠭ᠎ᠢ ᠪᠠᠶ᠋ᠢᠭᠤᠯᠤᠨ᠂ ᠨᠡᠷᠡᠲᠦ ᠠᠬᠠᠮᠠᠳ ᠮᠣᠩᠭᠤᠯ ᠡᠮ ᠡᠮᠨᠡᠯᠭᠡ ᠵᠢᠨ ᠲᠤᠰᠬᠠᠢ ᠮᠡᠷᠭᠡᠵᠢᠯᠲᠡᠨ᠎ᠤ ᠲᠤᠷᠰᠢᠯᠭ᠎ᠠ ᠵᠢ ᠵᠠᠯᠭ᠋ᠠᠮᠵᠢᠯᠠᠬᠤ ᠠᠵᠢᠯ᠎ᠢ ᠥᠷᠨᠢᠭᠦᠯᠵᠦ᠂ 360 ᠭᠠᠷᠤᠢ ᠲᠤᠰᠬᠠᠢ ᠮᠡᠷᠭᠡᠵᠢᠯᠲᠡᠨ᠎ᠤ ᠡᠷᠳᠡᠮ ᠰᠢᠨᠵᠢᠯᠡᠭᠡᠨ᠎ᠤ ᠲᠤᠷᠰᠢᠯᠭ᠎ᠠ ᠵᠢ ᠵᠠᠯᠭ᠋ᠠᠮᠵᠢᠯᠠᠬᠤ ᠵᠢ ᠪᠡᠶᠡᠯᠡᠭᠦᠯᠦᠨ᠂ 700 ᠭᠠᠷᠤᠢ ᠵᠠᠯᠭ᠋ᠠᠮᠵᠢᠯᠠᠭᠴᠢ ᠵᠢ ᠬᠥᠮᠥᠵᠢᠭᠦᠯᠪᠡ᠃ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠲᠡᠦᠬᠡ ᠵᠢᠨ ᠮᠦᠽᠧᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠎ᠳᠤ ᠮᠣᠩᠭᠤᠯ ᠡᠮ ᠡᠮᠨᠡᠯᠭᠡ ᠵᠢᠨ ᠦᠵᠡᠭᠦᠯᠭᠡ ᠵᠢ ᠨᠡᠭᠡᠭᠡᠵᠦ᠂ ᠥᠪᠥᠷ ᠮᠣᠩᠭᠤᠯ᠎ᠤᠨ ᠣᠯᠠᠨ ᠤᠯᠤᠰ᠎ᠤᠨ ᠮᠣᠩᠭᠤᠯ ᠡᠮᠨᠡᠯᠭᠡ ᠵᠢᠨ ᠬᠤᠷᠢᠶ᠎ᠠ ᠵᠢᠴᠢ ᠬᠤᠶᠠᠷ ᠰᠠᠭᠤᠷᠢ ᠶᠡᠭᠡ ᠰᠤᠷᠭ᠋ᠠᠭᠤᠯᠢ᠎ᠳᠤ ᠲᠤᠰ ᠲᠤᠰ ᠮᠣᠩᠭᠤᠯ ᠡᠮ ᠡᠮᠨᠡᠯᠭᠡ ᠵᠢᠨ ᠮᠦᠽᠧᠢ ᠵᠢ ᠪᠠᠶ᠋ᠢᠭᠤᠯᠪᠠ᠃ ᠮᠣᠩᠭᠤᠯ ᠡᠮ ᠡᠮᠨᠡᠯᠭᠡ ᠵᠢᠨ ᠲᠥᠷᠥᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠭᠴᠢ ᠴᠢᠨᠠᠷᠲᠠᠢ ᠲᠥᠷᠥᠯ ᠵᠦᠢ᠍ᠯ᠎ᠤᠨ ᠲᠥᠷᠥᠯ ᠵᠦᠢ᠍ᠯ ᠪᠠ ᠲᠤᠭ᠎ᠠ ᠬᠡᠮᠵᠢᠶ᠎ᠡ᠎ᠨᠢ ᠵᠢᠯ ᠳᠠᠷᠠᠭ᠋ᠠᠯᠠᠨ ᠨᠡᠮᠡᠭᠳᠡᠵᠡᠢ᠃
      ᠬᠤᠶᠠᠷ᠎ᠲᠤ᠂ ᠤᠬᠠᠭᠤᠯᠭ᠎ᠠ ᠵᠢᠨ ᠡᠷᠴᠢᠮ᠎ᠢ ᠲᠠᠰᠤᠷᠠᠯᠲᠠ ᠦᠭᠡᠢ ᠴᠢᠩᠭ᠋ᠠᠷᠠᠭᠤᠯᠪᠠ᠃ ᠭᠤᠣᠯᠯᠠᠭᠴᠢ ᠵᠠᠭᠤᠴᠢᠯᠠᠭᠤᠷ᠎ᠤᠳ᠎ᠲᠤ ᠲᠤᠰᠬᠠᠢ ᠪᠣᠯᠣᠩ ᠨᠡᠭᠡᠭᠡᠵᠦ᠂ ᠮᠣᠩᠭᠤᠯ ᠡᠮ ᠡᠮᠨᠡᠯᠭᠡ ᠵᠢᠨ ᠬᠥᠭᠵᠢᠯᠲᠡ ᠵᠢᠨ ᠦᠷ᠎ᠡ ᠪᠦᠲᠦᠭᠡᠯ᠂ ᠳᠠᠪᠠᠭᠤᠯᠢᠭ ᠣᠨᠴᠠᠯᠢᠭ᠂ ᠡᠪᠡᠳᠴᠢᠨ ᠵᠠᠰᠠᠬᠤ ᠣᠨᠣᠯᠵᠢᠬᠤᠨ᠂ ᠲᠤᠰᠬᠠᠢ ᠮᠡᠷᠭᠡᠵᠢᠯᠲᠡᠨ᠎ᠤ ᠪᠦᠯᠬᠦᠮ᠂ ᠡᠮᠴᠢᠯᠡᠭᠡ ᠵᠢᠨ ᠪᠠᠶ᠋ᠢᠭᠤᠯᠤᠮᠵᠢ ᠵᠡᠷᠭᠡ ᠪᠠᠶ᠋ᠢᠳᠠᠯ᠎ᠳᠤ ᠣᠯᠠᠨ ᠬᠠᠷᠠᠭ᠋ᠠᠰᠤ᠂ ᠭᠦᠨ ᠳᠡᠰ ᠳᠠᠪᠬᠤᠷᠭ᠎ᠠ᠎ᠠᠴᠠ ᠤᠬᠠᠭᠤᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ᠎ᠠᠴᠠ ᠮᠣᠩᠭᠤᠯ ᠡᠮ ᠡᠮᠨᠡᠯᠭᠡ ᠵᠢᠨ ᠠᠵᠢᠯᠯᠠᠭ᠎ᠠ ᠵᠢ 《ᠲᠠᠯ᠎ᠠ ᠨᠤᠲᠤᠭ᠎ᠤᠨ ᠰᠣᠶᠣᠯ᠎ᠤᠨ ᠨᠠᠶ᠋ᠢᠷ》 ᠪᠠ 《ᠳᠤᠮᠳᠠᠳᠤ ᠮᠣᠩᠭᠤᠯ᠎ᠤᠨ ᠦᠵᠡᠰᠬᠦᠯᠡᠩ》᠎ᠳᠤ ᠣᠷᠣᠭᠤᠯᠵᠤ᠂ ᠲᠦᠩᠯᠢᠶᠣᠣ ᠬᠤᠲᠠ᠎ᠳᠤ 3 ᠵᠢᠯ ᠳᠠᠷᠠᠭ᠋ᠠᠯᠠᠨ ᠣᠯᠠᠨ ᠤᠯᠤᠰ᠎ᠤᠨ ᠮᠣᠩᠭᠤᠯ ᠡᠮ ᠡᠮᠨᠡᠯᠭᠡ ᠵᠢᠨ ᠦᠢ᠍ᠯᠡᠰ᠎ᠤᠨ ᠦᠵᠡᠰᠬᠦᠯᠡᠩ᠎ᠢ ᠡᠷᠬᠢᠯᠡᠪᠡ᠃ ᠮᠣᠩᠭᠤᠯ ᠡᠮ ᠡᠮᠨᠡᠯᠭᠡ᠎ᠪᠠᠷ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠴᠢᠬᠤᠯᠠ ᠠᠭᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠵᠡᠷᠭᠡ᠎ᠪᠠᠷ ᠰᠤᠳᠤᠯᠤᠨ᠂ ᠨᠢᠭᠡᠳᠦᠯᠲᠡᠢ ᠲᠥᠯᠥᠵᠢᠭᠦᠯᠦᠨ ᠲᠣᠬᠢᠷᠠᠭᠤᠯᠵᠤ᠂ ᠪᠦᠬᠦᠯᠢ ᠴᠣᠭᠴᠠ᠎ᠪᠠᠷ ᠠᠬᠢᠭᠤᠯᠤᠨ᠂ ᠮᠣᠩᠭᠤᠯ ᠡᠮ ᠡᠮᠨᠡᠯᠭᠡ ᠵᠢᠨ ᠦᠢ᠍ᠯᠡᠴᠢᠯᠡᠭᠡ ᠬᠠᠩᠭ᠋ᠠᠯᠭ᠎ᠠ ᠵᠢ ᠬᠥᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠠᠷᠠᠳ᠎ᠲᠤ ᠠᠰᠢᠭ ᠬᠦᠷᠲᠡᠭᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠡᠢ᠃
      ᠭᠤᠷᠪᠠ᠎ᠳᠤ᠂ ᠭᠠᠳᠠᠭᠰᠢ ᠰᠣᠯᠢᠯᠴᠠᠭ᠎ᠠ ᠬᠢᠬᠦ ᠵᠢ ᠢᠳᠡᠪᠬᠢᠲᠡᠢ ᠠᠬᠢᠭᠤᠯᠪᠠ᠃ ᠮᠣᠩᠭᠤᠯ ᠡᠮ ᠡᠮᠨᠡᠯᠭᠡ ᠵᠢᠨ ᠭᠠᠳᠠᠭᠰᠢ ᠰᠣᠯᠢᠯᠴᠠᠭ᠎ᠠ ᠬᠢᠵᠦ ᠬᠠᠮᠲᠤᠷᠠᠯᠴᠠᠬᠤ ᠵᠢ 《ᠳᠤᠮᠳᠠᠳᠤ ᠮᠣᠩᠭᠤᠯ᠎ᠤᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠴᠠᠭ᠎ᠠ ᠵᠢᠨ ᠳᠤᠮᠳᠠ ᠤᠷᠲᠤ ᠬᠤᠭᠤᠴᠠᠭ᠋ᠠᠨ᠎ᠤ ᠬᠥᠭᠵᠢᠯᠲᠡ ᠵᠢᠨ ᠬᠥᠲᠥᠯᠪᠦᠷᠢ》᠎ᠳᠤ ᠣᠷᠣᠭᠤᠯᠤᠨ᠂ ᠡᠯ᠎ᠡ ᠱᠠᠲᠤᠨ᠎ᠤ ᠮᠣᠩᠭᠤᠯ ᠡᠮᠨᠡᠯᠭᠡ ᠵᠢᠨ ᠬᠤᠷᠢᠶ᠎ᠠ ᠵᠢᠨ ᠮᠣᠩᠭᠤᠯ᠂ ᠣᠷᠣᠰ᠂ ᠠᠮᠧᠷᠢᠺᠠ᠂ ᠶᠠᠫᠤᠨ᠂ ᠹᠷᠠᠨᠼᠢ ᠵᠡᠷᠭᠡ ᠤᠯᠤᠰ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠡᠳᠦᠷ ᠢᠷᠡᠬᠦᠶ᠎ᠡ ᠣᠯᠠᠰᠢᠷᠠᠭᠤᠯᠵᠤ᠂ ᠣᠯᠠᠨ ᠵᠦᠢ᠍ᠯ᠎ᠤᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠢ ᠲᠣᠭᠲᠠᠭ᠋ᠠᠨ᠂ ᠮᠣᠩᠭᠤᠯ ᠡᠮᠨᠡᠯᠭᠡ ᠵᠢᠨ ᠬᠡᠳᠦᠨ ᠠᠷᠪᠠᠨ ᠵᠦᠢ᠍ᠯ᠎ᠤᠨ ᠭᠠᠳᠠᠷ ᠵᠠᠰᠠᠯᠭ᠎ᠠ ᠵᠢᠨ ᠠᠷᠭ᠎ᠠ᠂ ᠪᠡᠶ᠎ᠡ ᠰᠡᠳᠬᠢᠴᠡ ᠵᠢᠨ ᠠᠨᠠᠭ᠋ᠠᠬᠤ ᠤᠬᠠᠭ᠋ᠠᠨ᠂ ᠪᠡᠯᠴᠢᠷᠳᠡᠬᠦ ᠵᠡᠷᠭᠡ ᠪᠦᠲᠦᠮᠵᠢᠲᠡᠢ ᠡᠮᠨᠡᠬᠦ ᠠᠷᠭ᠎ᠠ᠎ᠨᠢ ᠶᠠᠪᠤᠬᠤ ᠲᠤᠲᠤᠮ ᠣᠯᠠᠨ ᠤᠯᠤᠰ᠎ᠤᠨ᠎ᠬᠢᠨ᠎ᠤ ᠵᠥᠪᠰᠢᠶᠡᠷᠡᠯ᠎ᠢ ᠣᠯᠵᠤ᠂ ᠪᠦᠬᠦ ᠣᠷᠣᠨ᠎ᠳᠤ ᠵᠢᠯ ᠪᠦᠷᠢ ᠮᠣᠩᠭᠤᠯ ᠤᠯᠤᠰ ᠪᠠ ᠣᠷᠣᠰ ᠤᠯᠤᠰ᠎ᠤᠨ ᠪᠠᠷᠤᠭ 2 — 3 ᠲᠦᠮᠡᠨ ᠡᠪᠡᠳᠴᠢᠲᠡᠨ᠎ᠢ ᠬᠦᠯᠢᠶᠡᠨ ᠠᠪᠴᠤ ᠡᠮᠨᠡᠵᠦ ᠪᠠᠶ᠋ᠢᠨ᠎ᠠ᠃ ᠮᠣᠩᠭᠤᠯ ᠡᠮ ᠡᠮᠨᠡᠯᠭᠡ᠎ᠨᠢ 《ᠨᠢᠭᠡ ᠪᠦᠰᠡ ᠨᠢᠭᠡ ᠵᠠᠮ》᠎ᠤᠨ ᠪᠠᠶ᠋ᠢᠭᠤᠯᠤᠯᠲᠠ᠎ᠳᠤ ᠶᠠᠪᠤᠬᠤ ᠲᠤᠲᠤᠮ ᠴᠢᠬᠤᠯᠠ ᠦᠢ᠍ᠯᠡᠳᠦᠯ ᠦᠵᠡᠭᠦᠯᠵᠦ ᠪᠠᠶ᠋ᠢᠨ᠎ᠠ᠃
      ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠶᠠᠭᠤᠨ᠎ᠳᠤ 《ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢᠨ ᠲᠥᠯᠥᠪᠯᠡᠭᠡ》 ᠵᠢ ᠨᠡᠶ᠋ᠢᠲᠡᠯᠡᠭᠰᠡᠨ ᠪᠣᠢ? ᠭᠤᠣᠯᠳᠠᠭᠤ ᠶᠠᠮᠠᠷ ᠶᠠᠮᠠᠷ ᠠᠭᠤᠯᠭ᠎ᠠ ᠵᠢ ᠪᠠᠭᠲᠠᠭ᠋ᠠᠵᠤ ᠪᠠᠶ᠋ᠢᠬᠤ ᠪᠣᠢ?
      ᠹᠦ᠋ ᠷᠦᠢ ᠹᠧᠩ᠄
      ᠨᠢᠭᠡ᠎ᠳᠤ᠂ ᠮᠣᠩᠭᠤᠯ ᠡᠮ ᠡᠮᠨᠡᠯᠭᠡ᠎ᠨᠢ 《ᠲᠡᠭᠷᠢ ᠵᠢᠨ ᠴᠠᠭ᠂ ᠭᠠᠵᠠᠷ᠎ᠤᠨ ᠬᠡᠰᠢᠭ᠂ ᠬᠥᠮᠥᠨ᠎ᠤ ᠨᠠᠶ᠋ᠢᠷᠠᠮᠳᠠᠭᠤ》 ᠵᠢᠨ ᠰᠠᠶ᠋ᠢᠨ ᠰᠠᠶ᠋ᠢᠬᠠᠨ ᠬᠥᠭᠵᠢᠯᠲᠡ ᠵᠢᠨ ᠠᠵᠠ ᠲᠣᠬᠢᠶᠠᠯ᠎ᠳᠤ ᠲᠠᠭ᠋ᠠᠷᠠᠯᠳᠤᠪᠠ᠃ ᠮᠣᠩᠭᠤᠯ ᠡᠮ ᠡᠮᠨᠡᠯᠭᠡ᠎ᠨᠢ ᠡᠬᠡ ᠤᠯᠤᠰ᠎ᠤᠨ ᠤᠯᠠᠮᠵᠢᠯᠠᠯᠲᠤ ᠰᠣᠶᠣᠯ᠎ᠤᠨ ᠦᠨᠡᠲᠦ ᠡᠷᠳᠡᠨᠢᠰ ᠪᠣᠯᠬᠤ᠎ᠪᠠᠷ ᠪᠠᠷᠠᠬᠤ ᠦᠭᠡᠢ᠂ ᠮᠠᠨ᠎ᠤ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠰ᠎ᠤᠨ ᠴᠢᠬᠤᠯᠠ ᠪᠦᠷᠢᠯᠳᠦᠬᠦᠨ ᠬᠡᠰᠡᠭ ᠪᠠᠶ᠋ᠢᠵᠤ᠂ ᠠᠷᠠᠳ ᠲᠦᠮᠡᠨ᠎ᠤ ᠡᠷᠡᠭᠦᠯ ᠮᠡᠨᠳᠦ ᠪᠠ ᠰᠣᠶᠣᠯ᠎ᠤᠨ ᠤᠯᠠᠮᠵᠢᠯᠠᠯ᠎ᠤᠨ ᠴᠢᠬᠤᠯᠠ ᠡᠯᠧᠮᠧᠨ᠋ᠲ ᠪᠣᠯᠣᠨ᠎ᠠ᠃ ᠣᠶ᠋ᠢᠷ᠎ᠠ ᠵᠢᠨ ᠵᠢᠯ᠎ᠤᠳ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠮᠣᠩᠭᠤᠯ ᠡᠮ ᠡᠮᠨᠡᠯᠭᠡ ᠵᠢᠨ ᠬᠥᠭᠵᠢᠯᠲᠡ᠎ᠨᠢ ᠮᠠᠰᠢ ᠶᠡᠭᠡ ᠳᠠᠪᠰᠢᠯᠲᠠ᠎ᠲᠠᠢ ᠪᠠᠶ᠋ᠢᠵᠤ᠂ ᠠᠷᠠᠳ ᠲᠦᠮᠡᠨ᠎ᠤ ᠬᠦᠷᠲᠡᠭᠡᠮᠵᠢᠲᠦ ᠲᠥᠷᠥᠭᠳᠡᠯ᠎ᠨᠢ ᠢᠯᠡᠳᠲᠡ ᠴᠢᠩᠭ᠋ᠠᠷᠠᠨ᠂ ᠨᠡᠶ᠋ᠢᠭᠡᠮ᠎ᠤᠨ ᠦᠷ᠎ᠡ ᠠᠰᠢᠭ᠎ᠨᠢ ᠮᠠᠰᠢ ᠢᠯᠡᠷᠬᠡᠢ ᠪᠠᠶ᠋ᠢᠨ᠎ᠠ᠃ ᠭᠡᠲᠡᠯ᠎ᠡ᠂ ᠰᠢᠨ᠎ᠡ ᠴᠠᠭ ᠬᠤᠭᠤᠴᠠᠭ᠎ᠠ᠂ ᠰᠢᠨ᠎ᠡ ᠡᠭᠦᠷᠭᠡ ᠵᠢᠴᠢ ᠠᠷᠠᠳ ᠲᠦᠮᠡᠨ᠎ᠤ ᠰᠢᠨ᠎ᠡ ᠬᠡᠷᠡᠭᠴᠡᠭᠡ ᠱᠠᠭ᠋ᠠᠷᠳᠠᠯᠭ᠎ᠠ᠂ ᠰᠢᠨ᠎ᠡ ᠬᠦᠰᠡᠯ ᠡᠷᠡᠮᠡᠯᠵᠡᠯ᠎ᠤᠨ ᠡᠮᠦᠨ᠎ᠡ᠂ ᠪᠦᠬᠦ ᠣᠷᠣᠨ᠎ᠤ ᠮᠣᠩᠭᠤᠯ ᠡᠮ ᠡᠮᠨᠡᠯᠭᠡ᠎ᠨᠢ ᠮᠥᠨ ᠬᠦ᠌ ᠰᠢᠨ᠎ᠡ ᠬᠠᠷᠠᠯᠲᠠ ᠪᠠ ᠰᠢᠨ᠎ᠡ ᠬᠥᠭᠵᠢᠯᠲᠡ ᠵᠢ ᠱᠠᠭ᠋ᠠᠷᠳᠠᠵᠤ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠭᠤᠣᠯ ᠤᠳᠤᠷᠢᠳᠤᠯᠭ᠎ᠠ ᠴᠤ᠌ ᠮᠣᠩᠭᠤᠯ ᠬᠢᠲᠠᠳ ᠡᠮ ᠡᠮᠨᠡᠯᠭᠡ ᠵᠢ ᠬᠦᠴᠦᠷᠬᠡᠭᠵᠢᠭᠦᠯᠦᠨ ᠪᠤᠵᠠᠭ᠋ᠠᠶ᠋ᠢᠷᠠᠭᠤᠯᠬᠤ ᠲᠤᠬᠠᠢ ᠴᠢᠬᠤᠯᠠ ᠵᠢᠭ᠋ᠠᠪᠤᠷᠢ ᠪᠠᠭᠤᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠢ ᠴᠤ᠌᠂ ᠬᠤᠶ᠋ᠢᠰᠢᠳᠠ ᠵᠢᠨ ᠨᠢᠭᠡ ᠬᠡᠰᠡᠭ ᠬᠤᠭᠤᠴᠠᠭ᠋ᠠᠨ᠎ᠳᠤ ᠮᠣᠩᠭᠤᠯ ᠡᠮ ᠡᠮᠨᠡᠯᠭᠡ ᠵᠢ ᠤᠯᠠᠮ ᠨᠢᠭᠡ ᠠᠯᠬᠤᠮ ᠬᠦᠴᠦᠷᠬᠡᠭᠵᠢᠭᠦᠯᠦᠨ ᠮᠠᠨᠳᠤᠭᠤᠯᠬᠤ ᠲᠤᠬᠠᠢ ᠬᠥᠭᠵᠢᠯᠲᠡ ᠵᠢᠨ ᠬᠠᠷᠠᠯᠲᠠ ᠵᠢ ᠳᠤᠷᠠᠳᠤᠨ ᠭᠠᠷᠭ᠋ᠠᠵᠤ᠂ ᠠᠵᠢᠯ᠎ᠤᠨ ᠪᠠᠶ᠋ᠢᠷᠢᠯᠠᠭᠤᠯᠤᠯᠲᠠ ᠬᠢᠪᠡ᠃ ᠣᠨᠴᠠᠭ᠋ᠠᠶ᠋ᠢᠯᠠᠨ 2018 ᠣᠨ᠎ᠤ 1 ᠳ᠋ᠦ᠍ᠭᠡᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢᠨ ᠲᠥᠯᠥᠪᠯᠡᠭᠡ (2017 — 2025 ᠣᠨ)》 ᠵᠢ ᠳᠠᠷᠤᠮᠠᠯᠯᠠᠨ ᠲᠠᠷᠬᠠᠭ᠋ᠠᠵᠤ᠂ ᠮᠣᠩᠭᠤᠯ ᠡᠮ ᠡᠮᠨᠡᠯᠭᠡ ᠵᠢ ᠬᠦᠴᠦᠷᠬᠡᠭᠵᠢᠭᠦᠯᠦᠨ ᠪᠤᠵᠠᠭ᠋ᠠᠶ᠋ᠢᠷᠠᠭᠤᠯᠬᠤ ᠬᠠᠷᠠᠯᠲᠠ ᠪᠠ ᠭᠤᠣᠯᠳᠠᠯᠭ᠎ᠠ᠎ᠲᠠᠢ ᠡᠭᠦᠷᠭᠡ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠠᠢ᠃
      ᠬᠤᠶᠠᠷ᠎ᠲᠤ᠂ ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢᠨ ᠲᠥᠯᠥᠪᠯᠡᠭᠡ ᠵᠢᠨ ᠶᠡᠷᠦᠩᠬᠡᠢ ᠬᠠᠷᠠᠯᠲᠠ ᠪᠣᠯ᠄ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠮᠣᠩᠭᠤᠯ ᠡᠮ ᠡᠮᠨᠡᠯᠭᠡ ᠵᠢᠨ ᠦᠢ᠍ᠯᠡᠴᠢᠯᠡᠭᠡ᠎ᠳᠠᠬᠢ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠎ᠪᠠᠷ ᠡᠭᠦᠰᠦᠯᠲᠡ ᠵᠢᠨ ᠴᠡᠭ ᠪᠣᠯᠭ᠋ᠠᠨ᠂ ᠥᠷᠭᠡᠨ ᠣᠯᠠᠨ ᠠᠷᠠᠳ ᠲᠦᠮᠡᠨ᠎ᠤ ᠡᠷᠡᠭᠦᠯ ᠮᠡᠨᠳᠦ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠪᠠᠷ ᠵᠣᠭᠰᠣᠯᠲᠠ ᠵᠢᠨ ᠴᠡᠭ ᠪᠣᠯᠭ᠋ᠠᠵᠤ᠂ ᠮᠣᠩᠭᠤᠯ ᠡᠮ ᠡᠮᠨᠡᠯᠭᠡ ᠵᠢᠨ ᠣᠨᠴᠠᠯᠢᠭᠲᠤ ᠳᠠᠪᠠᠭᠤᠯᠢᠭ᠎ᠢ ᠬᠠᠮᠠᠭ᠋ᠠᠯᠠᠨ ᠪᠠᠳᠠᠷᠠᠭᠤᠯᠬᠤ᠎ᠪᠠᠷ ᠤᠷᠢᠳᠠᠯ ᠪᠣᠯᠭ᠋ᠠᠵᠤ᠂ ᠮᠣᠩᠭᠤᠯ ᠡᠮ ᠡᠮᠨᠡᠯᠭᠡ ᠵᠢ ᠵᠠᠯᠭ᠋ᠠᠮᠵᠢᠯᠠᠬᠤ ᠪᠠ ᠰᠢᠨ᠎ᠡ ᠵᠢ ᠡᠭᠦᠳᠬᠦ᠎ᠪᠠᠷ ᠭᠠᠷᠳᠠᠯ ᠪᠣᠯᠭ᠋ᠠᠨ᠂ ᠮᠣᠩᠭᠤᠯ ᠡᠮ ᠡᠮᠨᠡᠯᠭᠡ ᠵᠢᠨ ᠰᠢᠨ᠎ᠡ ᠬᠡᠯᠪᠡᠷᠢ ᠵᠢᠨ ᠠᠵᠤ ᠦᠢ᠍ᠯᠡᠰ᠎ᠢ ᠬᠥᠭᠵᠢᠭᠦᠯᠬᠦ᠎ᠪᠠᠷ ᠬᠦᠴᠦᠯᠡᠬᠦ ᠴᠡᠭ ᠪᠣᠯᠭ᠋ᠠᠵᠤ᠂ ᠮᠣᠩᠭᠤᠯ ᠡᠮ ᠡᠮᠨᠡᠯᠭᠡ ᠵᠢᠨ 《ᠲᠠᠪᠤᠨ ᠵᠦᠢ᠍ᠯ᠎ᠤᠨ ᠡᠬᠢ ᠪᠠᠶᠠᠯᠢᠭ》᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂ ᠮᠣᠩᠭᠤᠯ ᠡᠮᠨᠡᠯᠭᠡ ᠪᠠ ᠮᠣᠩᠭᠤᠯ ᠡᠮ᠎ᠢ ᠵᠣᠬᠢᠴᠠᠭᠤᠯᠤᠨ ᠬᠥᠭᠵᠢᠭᠦᠯᠬᠦ ᠵᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠳᠣᠯᠣᠭ᠋ᠠᠨ ᠰᠦᠯᠵᠢᠶ᠎ᠡ ᠳᠣᠯᠣᠭ᠋ᠠᠨ ᠦᠢ᠍ᠯᠡᠰ》᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠬᠦᠴᠦᠯᠡᠵᠦ᠂ ᠰᠢᠨ᠎ᠡ ᠵᠢ ᠡᠭᠦᠳᠬᠦ ᠬᠥᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠨ᠂ ᠮᠣᠩᠭᠤᠯ ᠡᠮ ᠡᠮᠨᠡᠯᠭᠡ ᠵᠢ ᠤᠯᠠᠮ ᠨᠢᠭᠡ ᠠᠯᠬᠤᠮ ᠬᠦᠴᠦᠷᠬᠡᠭᠵᠢᠭᠦᠯᠦᠨ ᠪᠤᠵᠠᠭ᠋ᠠᠶ᠋ᠢᠷᠠᠭᠤᠯᠵᠤ᠂ ᠮᠣᠩᠭᠤᠯ ᠡᠮ ᠡᠮᠨᠡᠯᠭᠡ ᠵᠢᠨ ᠬᠥᠭᠵᠢᠯᠲᠡ ᠮᠠᠨᠳᠤᠯᠲᠠ ᠵᠢ ᠪᠡᠶᠡᠯᠡᠭᠦᠯᠦᠨ᠎ᠡ᠃ ᠭᠤᠷᠪᠠ᠎ᠳᠤ᠂ ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢᠨ ᠲᠥᠯᠥᠪᠯᠡᠭᠡ ᠵᠢᠨ ᠭᠤᠣᠯᠳᠠᠯᠭ᠎ᠠ᠎ᠲᠠᠢ ᠡᠭᠦᠷᠭᠡ ᠪᠣᠯ᠄ 《10 ᠶᠡᠭᠡ ᠠᠵᠢᠯᠯᠠᠭ᠎ᠠ᠂ 30 ᠵᠦᠢ᠍ᠯ᠎ᠤᠨ ᠢᠨᠵᠧᠨᠧᠷᠢᠩ》  ᠎ᠤᠨ ᠲᠣᠭᠤᠷᠢᠨ᠎ᠳᠤ᠂ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠬᠦ᠂ ᠦᠢ᠍ᠯᠡᠴᠢᠯᠡᠭᠡ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠡᠮᠴᠢᠯᠡᠭᠡᠨ᠎ᠤ ᠳᠠᠪᠠᠭᠤᠯᠢᠭ᠎ᠢ ᠬᠥᠮᠥᠵᠢᠭᠦᠯᠬᠦ᠂ ᠡᠷᠡᠭᠦᠯ ᠮᠡᠨᠳᠦ ᠵᠢᠨ ᠠᠵᠤ ᠦᠢ᠍ᠯᠡᠰ᠎ᠢ ᠬᠥᠭᠵᠢᠭᠦᠯᠬᠦ᠂ ᠰᠣᠶᠣᠯ᠎ᠤᠨ ᠤᠯᠠᠮᠵᠢᠯᠠᠯ᠎ᠢ ᠠᠬᠢᠭᠤᠯᠬᠤ᠂ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠶ᠋ᠢᠷᠠᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠠᠬᠢᠭᠤᠯᠬᠤ᠂ ᠪᠠᠷᠢᠮᠵᠢᠶ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠬᠦ᠂ ᠡᠮ᠎ᠤᠨ ᠵᠦᠢ᠍ᠯᠡᠰ᠎ᠤᠨ ᠠᠵᠤ ᠦᠢ᠍ᠯᠡᠰ᠎ᠤᠨ ᠰᠢᠰᠲ᠋ᠧᠮᠵᠢ ᠵᠢ ᠰᠢᠯᠢᠳᠡᠭᠵᠢᠭᠦᠯᠬᠦ᠂ ᠭᠠᠳᠠᠭᠰᠢ ᠰᠣᠯᠢᠯᠴᠠᠭ᠎ᠠ ᠬᠢᠬᠦ ᠵᠢ ᠥᠷᠭᠡᠳᠬᠡᠬᠦ 10 ᠲᠠᠯ᠎ᠠ᠎ᠠᠴᠠ᠂ ᠮᠣᠩᠭᠤᠯ ᠬᠢᠲᠠᠳ ᠡᠮ ᠡᠮᠨᠡᠯᠭᠡ᠎ᠤᠨ ᠡᠮᠴᠢᠯᠡᠭᠡ᠂ ᠰᠡᠷᠭᠡᠶ᠋ᠢᠯᠡᠯᠲᠡ᠂ ᠡᠷᠡᠭᠦᠯ ᠮᠡᠨᠳᠦ᠂ ᠡᠷᠡᠭᠦᠯᠵᠢᠯ᠂ ᠰᠤᠷᠭ᠋ᠠᠨ ᠬᠥᠮᠥᠵᠢᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠰᠣᠶᠣᠯ᠂ ᠨᠠᠰᠤᠵᠢᠯ᠂ ᠵᠢᠭᠤᠯᠴᠢᠯᠠᠯ ᠵᠢᠴᠢ ᠠᠵᠤ ᠦᠢ᠍ᠯᠡᠰ᠎ᠤᠨ ᠰᠢᠰᠲ᠋ᠧᠮᠵᠢ ᠵᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠵᠢᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠠᠵᠤ ᠦᠢ᠍ᠯᠡᠰᠵᠢᠭᠦᠯᠦᠯᠲᠡ᠂ ᠣᠯᠠᠨ ᠤᠯᠤᠰᠵᠢᠭᠤᠯᠤᠯᠲᠠ ᠵᠢᠨ ᠬᠥᠭᠵᠢᠯᠲᠡ ᠵᠢ ᠠᠬᠢᠭᠤᠯᠤᠨ᠎ᠠ᠃
      ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ᠎ᠠᠴᠠ ᠡᠷᠡᠭᠦᠯ ᠮᠡᠨᠳᠦ ᠵᠢᠨ ᠲᠣᠮᠣ ᠳ᠋ᠠᠶ᠋ᠢᠲ᠋ᠠ ᠵᠢᠨ ᠲᠥᠪ᠎ᠤᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠠᠰᠢᠭᠯᠠᠨ᠂ ᠮᠣᠩᠭᠤᠯ ᠡᠮ ᠡᠮᠨᠡᠯᠭᠡ ᠵᠢᠨ ᠮᠡᠳᠡᠭᠡ ᠵᠠᠩᠭᠢᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠮᠣᠩᠭᠤᠯ ᠡᠮ ᠡᠮᠨᠡᠯᠭᠡ ᠵᠢᠨ ᠮᠡᠳᠡᠭᠡ ᠵᠠᠩᠭᠢ ᠵᠢᠨ ᠲᠠᠪᠴᠠᠩ ᠵᠢᠴᠢ ᠠᠯᠤᠰ ᠵᠠᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠵᠤ ᠴᠢᠳᠠᠨ᠎ᠠ ᠦᠦ?
      ᠹᠦ᠋ ᠷᠦᠢ ᠹᠧᠩ᠄
      ᠨᠢᠭᠡ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠮᠣᠩᠭᠤᠯ ᠡᠮ ᠡᠮᠨᠡᠯᠭᠡ ᠵᠢ ᠪᠠᠭᠲᠠᠭ᠋ᠠᠭᠰᠠᠨ ᠠᠯᠤᠰ ᠵᠠᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠰᠢᠰᠲ᠋ᠧᠮᠵᠢ ᠵᠢ ᠶᠠᠭ ᠰᠠᠶ᠋ᠢᠬᠠᠨ ᠪᠠᠶ᠋ᠢᠭᠤᠯᠵᠤ ᠪᠠᠶ᠋ᠢᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ 《ᠮᠡᠳᠡᠭᠡ ᠵᠠᠩᠭᠢᠵᠢᠯᠲᠠ ᠵᠢᠨ ᠠᠷᠭ᠎ᠠ ᠠᠪᠴᠢᠯ᠎ᠢ ᠭᠦᠢ᠍ᠴᠡᠳ ᠠᠰᠢᠭᠯᠠᠨ᠂ ᠰᠢᠯᠢᠳᠡᠭ ᠴᠢᠨᠠᠷᠲᠠᠢ ᠡᠮᠴᠢᠯᠡᠭᠡ ᠵᠢᠨ ᠡᠬᠢ ᠪᠠᠶᠠᠯᠢᠭ᠎ᠤᠨ ᠭᠤᠯᠳᠤ ᠴᠢᠭᠯᠡᠯ᠎ᠤᠨ ᠰᠢᠯᠵᠢᠯᠲᠡ ᠵᠢ ᠠᠬᠢᠭᠤᠯᠬᠤ》 ᠲᠤᠬᠠᠢ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ᠂ ᠵᠢᠴᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠠ ᠮᠡᠳᠡᠭᠡ ᠵᠠᠩᠭᠢ ᠵᠢᠨ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠤᠨ ᠬᠠᠮᠢᠶ᠎ᠠ ᠪᠦᠬᠦᠢ ᠠᠵᠢᠯ᠎ᠤᠨ ᠪᠠᠶ᠋ᠢᠷᠢᠯᠠᠭᠤᠯᠤᠯᠲᠠ ᠵᠢ ᠲᠦᠷᠭᠡᠳᠬᠡᠨ ᠬᠡᠷᠡᠭᠵᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠮᠡᠨᠳᠦ ᠡᠮᠴᠢᠯᠡᠭᠡ ᠵᠢᠨ ᠲᠣᠮᠣ ᠳ᠋ᠠᠶ᠋ᠢᠲ᠋ᠠ ᠵᠢ ᠬᠡᠷᠡᠭᠯᠡᠬᠦ ᠲᠥᠯᠥᠪᠵᠢᠭᠦᠯᠭᠡ (2016 — 2020 ᠣᠨ)》 ᠵᠢ ᠲᠣᠭᠲᠠᠭ᠋ᠠᠭᠰᠠᠨ᠎ᠤ ᠬᠠᠮᠲᠤ᠂ 1.1 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠲᠥᠪ᠎ᠤᠨ ᠡᠳ᠋᠎ᠤᠨ ᠵᠠᠰᠠᠭ᠎ᠤᠨ ᠲᠥᠰᠥᠪ᠎ᠠᠴᠠ ᠣᠷᠣᠭᠤᠯᠤᠭᠰᠠᠨ 3300 ᠲᠦᠮᠡᠨ ᠲᠥᠭᠦᠷᠢᠭ᠎ᠤᠨ ᠪᠡᠯᠡ ᠮᠥᠩᠭᠦ ᠨᠡᠮᠡᠵᠦ᠂ ᠮᠠᠨ᠎ᠤ ᠣᠷᠣᠨ᠎ᠤ ᠠᠯᠤᠰ ᠵᠠᠢ ᠵᠢᠨ ᠡᠮᠴᠢᠯᠡᠭᠡ ᠵᠢᠨ ᠦᠢ᠍ᠯᠡᠴᠢᠯᠡᠭᠡ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠪᠠ᠃ ᠭᠤᠣᠯ ᠡᠭᠦᠷᠭᠡ᠎ᠨᠢ ᠥᠪᠡᠷᠲᠡᠭᠡᠨ ᠵᠠᠰᠠᠬᠤ ᠣᠷᠣᠨ — ᠠᠶ᠋ᠢᠮᠠᠭ ᠬᠤᠲᠠ — ᠬᠤᠰᠢᠭᠤ ᠰᠢᠶᠠᠨ — ᠰᠤᠮᠤ ᠰᠢᠶᠠᠩ ᠪᠠᠯᠭ᠋ᠠᠰᠤ ᠵᠢ ᠬᠠᠮᠤᠷᠤᠭᠰᠠᠨ᠂ ᠮᠣᠩᠭᠤᠯ ᠡᠮᠨᠡᠯᠭᠡ᠂ ᠬᠢᠲᠠᠳ ᠡᠮᠨᠡᠯᠭᠡ᠂ ᠡᠸᠦ᠋ᠷᠦᠫᠡ ᠡᠮᠨᠡᠯᠭᠡ ᠵᠢᠨ ᠡᠮᠴᠢᠯᠡᠭᠡ ᠵᠢᠨ ᠪᠠᠶ᠋ᠢᠭᠤᠯᠤᠮᠵᠢ ᠪᠠ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢ ᠪᠠᠭᠲᠠᠭ᠋ᠠᠭᠰᠠᠨ ᠠᠯᠤᠰ ᠵᠠᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠲᠣᠣᠷ ᠰᠦᠯᠵᠢᠶ᠎ᠡ ᠵᠢ ᠪᠠᠶ᠋ᠢᠭᠤᠯᠤᠨ᠂ ᠮᠣᠩᠭᠤᠯ᠂ ᠬᠢᠲᠠᠳ᠂ ᠡᠸᠦ᠋ᠷᠦᠫᠡ ᠡᠮᠨᠡᠯᠭᠡ ᠵᠢᠨ ᠡᠮᠴᠢᠯᠡᠭᠡᠨ᠎ᠤ ᠡᠬᠢ ᠪᠠᠶᠠᠯᠢᠭ᠎ᠤᠨ ᠭᠤᠯᠳᠤ ᠴᠢᠭᠯᠡᠯ᠎ᠤᠨ ᠰᠢᠯᠵᠢᠯᠲᠡ ᠵᠢ ᠠᠬᠢᠭᠤᠯᠵᠤ᠂ ᠦᠨᠳᠦᠰᠦᠨ ᠱᠠᠲᠤ ᠵᠢᠴᠢ ᠬᠢᠯᠢ ᠬᠢᠵᠠᠭ᠋ᠠᠷ ᠠᠯᠤᠰ ᠪᠤᠶ᠋ᠢᠳᠠ ᠶᠠᠳᠠᠭᠤ ᠬᠦᠴᠢᠷᠲᠡᠢ ᠭᠠᠵᠠᠷ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡ ᠵᠢᠨ ᠴᠢᠳᠠᠪᠤᠷᠢ ᠵᠢ ᠳᠡᠭᠡᠭᠰᠢᠯᠡᠭᠦᠯᠦᠨ᠂ ᠰᠢᠯᠢᠳᠡᠭ ᠴᠢᠨᠠᠷᠲᠤ ᠡᠮᠴᠢᠯᠡᠭᠡᠨ᠎ᠤ ᠡᠬᠢ ᠪᠠᠶᠠᠯᠢᠭ᠎ᠤᠨ ᠳᠠᠭ᠋ᠠᠭ᠋ᠠᠨ ᠬᠦᠴᠦᠷᠡᠬᠦ ᠴᠢᠨᠠᠷ ᠪᠠ ᠡᠮᠴᠢᠯᠡᠭᠡᠨ᠎ᠤ ᠦᠢ᠍ᠯᠡᠴᠢᠯᠡᠭᠡ ᠵᠢᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠳᠡᠰ ᠬᠤᠪᠢᠶᠠᠨ ᠡᠮᠨᠡᠨ ᠵᠠᠰᠠᠬᠤ ᠵᠢ ᠬᠡᠷᠡᠭᠵᠢᠭᠦᠯᠬᠦ ᠵᠢ ᠠᠬᠢᠭᠤᠯᠪᠠ᠃ ᠡᠭᠦᠨ᠎ᠤ ᠬᠠᠮᠲᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠯᠤᠰ ᠵᠠᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠲᠥᠰᠥᠯ》᠎ᠢ ᠲᠣᠭᠲᠠᠭ᠋ᠠᠨ᠂ ᠪᠦᠬᠦ ᠣᠷᠣᠨ᠎ᠳᠤ ᠨᠢᠭᠡᠳᠦᠯᠲᠡᠢ ᠪᠠᠷᠢᠮᠵᠢᠶ᠎ᠠ᠎ᠪᠠᠷ ᠠᠯᠤᠰ ᠵᠠᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠰᠢᠰᠲ᠋ᠧᠮᠵᠢ ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠪᠠᠷᠢᠮᠵᠢᠶ᠎ᠠ ᠪᠠ ᠵᠢᠷᠤᠮᠵᠢᠯ᠎ᠢ ᠲᠣᠭᠲᠠᠭ᠋ᠠᠬᠤ᠂ ᠲᠣᠨᠣᠭᠯᠠᠯ᠎ᠢ ᠤᠭᠰᠠᠷᠠᠬᠤ ᠵᠢ ᠬᠠᠷᠢᠭᠤᠴᠠᠨ᠂ ᠠᠶ᠋ᠢᠮᠠᠭ ᠬᠤᠲᠠ᠎ᠠᠴᠠ ᠲᠣᠣᠷ ᠰᠦᠯᠵᠢᠶ᠎ᠡ ᠪᠠ ᠲᠣᠭ᠋ᠠᠵᠢᠭᠤᠯᠤᠭᠰᠠᠨ ᠡᠮᠴᠢᠯᠡᠭᠡ ᠵᠢᠨ ᠲᠥᠬᠦᠭᠡᠷᠦᠮᠵᠢ ᠵᠢ ᠬᠤᠳᠠᠯᠳᠤᠨ ᠠᠪᠬᠤ ᠵᠢ ᠬᠠᠷᠢᠭᠤᠴᠠᠪᠠ᠃ ᠮᠣᠩᠭᠤᠯ ᠡᠮᠨᠡᠯᠭᠡ ᠵᠢᠨ ᠬᠤᠷᠢᠶ᠎ᠠ ᠪᠠ ᠪᠤᠰᠤᠳ ᠡᠮᠨᠡᠯᠭᠡ ᠵᠢᠨ ᠬᠤᠷᠢᠶ᠎ᠠ᠎ᠳᠤ ᠵᠡᠷᠭᠡ᠎ᠳᠤ᠎ᠨᠢ ᠬᠡᠷᠡᠭᠵᠢᠭᠦᠯᠵᠦ᠂ ᠲᠣᠬᠢᠷᠠᠭᠤᠯᠤᠯᠲᠠ᠎ᠨᠢ ᠠᠳᠠᠯᠢ ᠪᠠᠶ᠋ᠢᠳᠠᠭ᠃ 2017 ᠣᠨ᠎ᠤ 9 ᠳ᠋ᠦ᠍ᠭᠡᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠎ᠠᠴᠠ ᠨᠢᠭᠡᠨᠲᠡ ᠡᠷᠡᠭᠦᠯ ᠮᠡᠨᠳᠦ ᠡᠮᠴᠢᠯᠡᠭᠡ ᠵᠢᠨ ᠲᠣᠮᠣ ᠳ᠋ᠠᠶ᠋ᠢᠲ᠋ᠠ ᠵᠢᠨ ᠲᠥᠷᠥᠯ ᠵᠦᠢ᠍ᠯ᠎ᠢ ᠠᠵᠢᠯᠯᠠᠭᠤᠯᠬᠤ ᠬᠤᠷᠠᠯ᠎ᠢ ᠬᠤᠷᠠᠯᠳᠤᠭᠤᠯᠵᠤ᠂ ᠠᠯᠤᠰ ᠵᠠᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠰᠢᠰᠲ᠋ᠧᠮᠵᠢ᠂ ᠣᠷᠣᠨ ᠪᠦᠰᠡ ᠵᠢᠨ ᠬᠥᠮᠥᠨ ᠠᠮᠠ ᠵᠢᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠲᠠᠪᠴᠠᠩ᠎ᠢ ᠬᠡᠷᠡᠭᠵᠢᠭᠦᠯᠬᠦ ᠠᠵᠢᠯ᠎ᠢ ᠪᠠᠶ᠋ᠢᠷᠢᠯᠠᠭᠤᠯᠵᠠᠢ᠃
      ᠬᠤᠶᠠᠷ᠎ᠲᠤ᠂ ᠥᠪᠡᠷᠲᠡᠭᠡᠨ ᠵᠠᠰᠠᠬᠤ ᠣᠷᠣᠨ᠎ᠠᠴᠠ ᠮᠣᠩᠭᠤᠯ ᠬᠢᠲᠠᠳ ᠡᠮ ᠡᠮᠨᠡᠯᠭᠡ᠎ᠤᠨ ᠳ᠋ᠠᠶ᠋ᠢᠲ᠋ᠠ ᠵᠢᠨ ᠲᠥᠪ᠎ᠢ ᠶᠠᠭ ᠰᠠᠶ᠋ᠢᠬᠠᠨ ᠪᠠᠶ᠋ᠢᠭᠤᠯᠵᠤ᠂ ᠮᠣᠩᠭᠤᠯ ᠡᠮ ᠡᠮᠨᠡᠯᠭᠡ ᠵᠢᠨ ᠠᠯᠤᠰ ᠵᠠᠢ ᠵᠢᠨ ᠡᠮᠴᠢᠯᠡᠭᠡᠨ᠎ᠤ ᠲᠥᠪ᠎ᠢ ᠨᠢᠭᠡᠨᠲᠡ ᠪᠠᠶ᠋ᠢᠭᠤᠯᠪᠠ᠃ ᠥᠪᠡᠷᠲᠡᠭᠡᠨ ᠵᠠᠰᠠᠬᠤ ᠣᠷᠣᠨ᠎ᠤ᠎ᠬᠢᠨ ᠤᠯᠤᠰ᠎ᠠᠴᠠ ᠳᠡᠮᠵᠢᠭᠰᠡᠨ 2000 ᠲᠦᠮᠡᠨ ᠲᠥᠭᠦᠷᠢᠭ᠎ᠢ ᠠᠰᠢᠭᠯᠠᠨ᠂ ᠥᠪᠥᠷ ᠮᠣᠩᠭᠤᠯ᠎ᠤᠨ ᠣᠯᠠᠨ ᠤᠯᠤᠰ᠎ᠤᠨ ᠮᠣᠩᠭᠤᠯ ᠡᠮᠨᠡᠯᠭᠡ ᠵᠢᠨ ᠬᠤᠷᠢᠶ᠎ᠠ᠎ᠳᠤ ᠲᠦᠰᠢᠭᠯᠡᠨ ᠮᠣᠩᠭᠤᠯ ᠬᠢᠲᠠᠳ ᠡᠮ ᠡᠮᠨᠡᠯᠭᠡ ᠵᠢᠨ ᠮᠡᠳᠡᠯᠭᠡ ᠵᠢᠨ ᠬᠥᠮᠥᠷᠭᠡ᠂ ᠥᠪᠡᠷᠮᠢᠴᠡ ᠣᠨᠴᠠᠯᠢᠭᠲᠤ ᠡᠯᠧᠺᠳ᠋ᠷᠣᠨ ᠡᠪᠡᠳᠴᠢᠨ᠎ᠤ ᠲᠡᠦᠬᠡ᠂ ᠬᠤᠪᠢᠰᠤᠩᠭᠤᠢ ᠣᠨᠣᠯ ᠵᠶ᠋ᠠᠷ ᠵᠠᠰᠠᠬᠤ᠂ ᠡᠪᠡᠳᠴᠢᠯᠡᠬᠦ᠎ᠠᠴᠠ ᠤᠷᠢᠳ ᠰᠡᠷᠭᠡᠶ᠋ᠢᠯᠡᠨ ᠵᠠᠰᠠᠬᠤ᠂ ᠠᠯᠤᠰ ᠵᠠᠢ᠎ᠠᠴᠠ ᠬᠠᠮᠲᠤᠷᠠᠨ ᠣᠨᠣᠰᠢᠯᠠᠬᠤ᠂ ᠠᠯᠤᠰ ᠵᠠᠢ ᠵᠢᠨ ᠰᠤᠷᠭ᠋ᠠᠨ ᠬᠥᠮᠥᠵᠢᠯ ᠵᠡᠷᠭᠡ ᠦᠢ᠍ᠯᠡᠳᠦᠯ ᠴᠢᠳᠠᠮᠵᠢ ᠵᠢ ᠪᠠᠭᠲᠠᠭ᠋ᠠᠭᠰᠠᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠤᠯ ᠬᠢᠲᠠᠳ ᠡᠮ ᠡᠮᠨᠡᠯᠭᠡ ᠵᠢᠨ ᠳ᠋ᠠᠶ᠋ᠢᠲ᠋ᠠ ᠵᠢᠨ ᠲᠥᠪ ᠪᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠮᠣᠩᠭᠤᠯ ᠬᠢᠲᠠᠳ ᠡᠮᠨᠡᠯᠭᠡ ᠵᠢᠨ ᠣᠷᠳᠣᠨ᠎ᠤ ᠮᠡᠳᠡᠭᠡ ᠵᠠᠩᠭᠢ ᠵᠢᠨ ᠲᠠᠪᠴᠠᠩ᠎ᠢ ᠪᠠᠶ᠋ᠢᠭᠤᠯᠵᠤ᠂ ᠮᠡᠳᠡᠭᠡ ᠵᠠᠩᠭᠢᠵᠢᠯᠲᠠ ᠵᠢᠨ ᠠᠷᠭ᠎ᠠ ᠠᠪᠴᠢᠯ ᠵᠶ᠋ᠠᠷ ᠳᠠᠮᠵᠢᠭᠤᠯᠤᠨ ᠦᠨᠳᠦᠰᠦᠨ ᠱᠠᠲᠤᠨ᠎ᠤ ᠮᠣᠩᠭᠤᠯ ᠬᠢᠲᠠᠳ ᠡᠮ ᠡᠮᠨᠡᠯᠭᠡ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠬᠦ᠎ᠳᠤ ᠳᠡᠮᠵᠢᠯᠭᠡ ᠣᠯᠭᠤᠪᠠ᠃ ᠣᠳᠣᠬᠠᠨ᠎ᠳᠤ᠂ ᠲᠥᠪ ᠮᠠᠰᠢᠨ᠎ᠤ ᠲᠠᠰᠤᠭ᠎ᠢ ᠨᠢᠭᠡᠨᠲᠡ ᠪᠠᠶ᠋ᠢᠭᠤᠯᠤᠨ ᠳᠠᠭᠤᠰᠬᠠᠵᠤ᠂ ᠬᠠᠲᠠᠭᠤ ᠲᠣᠨᠣᠭᠯᠠᠯ᠂ ᠵᠥᠭᠡᠯᠡᠨ ᠲᠣᠨᠣᠭᠯᠠᠯ᠎ᠤᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ᠎ᠢ ᠨᠢᠭᠡᠨᠲᠡ ᠪᠡᠶᠡᠯᠡᠭᠦᠯᠦᠨ᠂ ᠰᠢᠰᠲ᠋ᠧᠮ᠎ᠢ ᠡᠬᠢᠯᠡᠨ ᠲᠣᠬᠢᠷᠠᠭᠤᠯᠤᠨ ᠲᠤᠷᠰᠢᠵᠤ ᠪᠠᠶ᠋ᠢᠨ᠎ᠠ᠃ ᠥᠪᠥᠷ ᠮᠣᠩᠭᠤᠯ᠎ᠤᠨ ᠣᠯᠠᠨ ᠤᠯᠤᠰ᠎ᠤᠨ ᠮᠣᠩᠭᠤᠯ ᠡᠮᠨᠡᠯᠭᠡ ᠵᠢᠨ ᠬᠤᠷᠢᠶ᠎ᠠ᠎ᠠᠴᠠ 1000 ᠭᠠᠷᠤᠢ ᠲᠦᠮᠡᠨ ᠲᠥᠭᠦᠷᠢᠭ ᠵᠠᠷᠤᠴᠠᠭᠤᠯᠤᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠤᠯ ᠡᠮ ᠡᠮᠨᠡᠯᠭᠡ ᠵᠢᠨ ᠠᠯᠤᠰ ᠵᠠᠢ ᠵᠢᠨ ᠠᠨᠠᠭ᠋ᠠᠬᠤ ᠤᠬᠠᠭ᠋ᠠᠨ᠎ᠤ ᠲᠥᠪ᠎ᠢ ᠪᠠᠶ᠋ᠢᠭᠤᠯᠤᠨ᠂ ᠭᠠᠳᠠᠭ᠋ᠠᠳᠤ᠎ᠳᠤ᠎ᠪᠠᠨ ᠮᠣᠩᠭᠤᠯ ᠤᠯᠤᠰ᠂ ᠠᠮᠧᠷᠢᠺᠠ᠂ ᠶᠠᠫᠤᠨ ᠵᠡᠷᠭᠡ ᠬᠠᠮᠵᠢᠯᠴᠠᠨ ᠠᠵᠢᠯᠯᠠᠬᠤ ᠡᠮᠨᠡᠯᠭᠡ ᠵᠢᠨ ᠬᠤᠷᠢᠶ᠎ᠠ᠎ᠲᠠᠢ ᠬᠤᠯᠪᠣᠯᠳᠤᠭᠤᠯᠤᠨ ᠨᠡᠪᠲᠡᠷᠡᠭᠦᠯᠵᠦ᠂ ᠳᠣᠲᠣᠭ᠋ᠠᠳᠤ᠎ᠳᠤ᠎ᠪᠠᠨ ᠨᠠᠢ᠍ᠮᠠᠨ ᠮᠤᠵᠢ ᠣᠷᠣᠨ᠎ᠤ ᠮᠣᠩᠭᠤᠯ ᠡᠮᠨᠡᠯᠭᠡ ᠵᠢᠨ ᠬᠤᠷᠢᠶ᠎ᠠ᠎ᠲᠠᠢ ᠬᠤᠯᠪᠣᠯᠳᠤᠭᠤᠯᠤᠨ ᠨᠡᠪᠲᠡᠷᠡᠭᠦᠯᠵᠦ᠂ ᠳᠡᠭᠡᠳᠦ ᠱᠠᠲᠤᠨ ᠲᠡᠶ᠋ᠢᠰᠢ ᠳᠤᠮᠳᠠᠳᠤ ᠶᠠᠫᠤᠨ᠎ᠤ ᠨᠥᠬᠦᠷᠰᠡᠭ ᠡᠮᠨᠡᠯᠭᠡ ᠵᠢᠨ ᠬᠤᠷᠢᠶ᠎ᠠ ᠵᠡᠷᠭᠡ ᠤᠯᠤᠰ᠎ᠤᠨ ᠳᠣᠲᠣᠭ᠋ᠠᠳᠤ ᠵᠢᠨ ᠥᠵᠦ ᠳᠡᠰ᠎ᠤᠨ ᠡᠮᠨᠡᠯᠭᠡ ᠵᠢᠨ ᠬᠤᠷᠢᠶ᠎ᠠ᠎ᠲᠠᠢ ᠬᠤᠯᠪᠣᠯᠳᠤᠭᠤᠯᠤᠨ ᠨᠡᠪᠲᠡᠷᠡᠭᠦᠯᠵᠦ᠂ ᠳᠣᠣᠷᠠᠳᠤ ᠱᠠᠲᠤᠨ ᠲᠡᠶ᠋ᠢᠰᠢ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ᠎ᠤ ᠮᠣᠩᠭᠤᠯ ᠬᠢᠲᠠᠳ ᠡᠮᠨᠡᠯᠭᠡ ᠵᠢᠨ ᠬᠤᠷᠢᠶ᠎ᠠ ᠵᠢ ᠬᠠᠮᠤᠷᠤᠭᠤᠯᠤᠨ᠂ ᠪᠠᠷᠢᠮᠵᠢᠶ᠎ᠠ᠎ᠨᠢ ᠨᠢᠭᠡᠳᠦᠯᠲᠡᠢ᠂ ᠬᠠᠷᠢᠯᠴᠠᠨ ᠬᠤᠯᠪᠣᠯᠳᠤᠨ ᠨᠡᠪᠲᠡᠷᠡᠯᠴᠡᠭᠰᠡᠨ᠂ ᠡᠬᠢ ᠪᠠᠶᠠᠯᠢᠭ ᠵᠶ᠋ᠠᠨ ᠬᠠᠮᠲᠤ᠎ᠳᠤ᠎ᠪᠠᠨ ᠬᠦᠷᠲᠡᠭᠰᠡᠨ ᠥᠪᠥᠷ ᠮᠣᠩᠭᠤᠯ᠎ᠤᠨ ᠮᠣᠩᠭᠤᠯ ᠡᠮ ᠡᠮᠨᠡᠯᠭᠡ ᠵᠢᠨ ᠠᠯᠤᠰ ᠵᠠᠢ ᠵᠢᠨ ᠠᠨᠠᠭ᠋ᠠᠬᠤ ᠤᠬᠠᠭ᠋ᠠᠨ᠎ᠤ ᠬᠠᠮᠵᠢᠯᠴᠠᠨ ᠠᠵᠢᠯᠯᠠᠬᠤ ᠲᠣᠣᠷ᠎ᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠠᠯᠤᠰ ᠵᠠᠢ᠎ᠠᠴᠠ ᠬᠠᠮᠲᠤᠷᠠᠨ ᠣᠨᠣᠰᠢᠯᠠᠬᠤ᠂ ᠠᠯᠤᠰ ᠵᠠᠢ᠎ᠠᠴᠠ ᠵᠢᠭ᠋ᠠᠨ ᠰᠤᠷᠭ᠋ᠠᠬᠤ᠂ ᠠᠯᠤᠰ ᠵᠠᠢ᠎ᠠᠴᠠ ᠰᠡᠭᠦᠳᠡᠷᠯᠡᠬᠦ᠂ ᠠᠯᠤᠰ ᠵᠠᠢ᠎ᠠᠴᠠ ᠡᠪᠡᠳᠴᠢᠨ᠎ᠤ ᠣᠨᠣᠯ᠎ᠤᠨ ᠣᠨᠣᠰᠢᠯᠠᠯᠲᠠ ᠬᠢᠬᠦ᠂ ᠠᠯᠤᠰ ᠵᠠᠢ᠎ᠠᠴᠠ ᠮᠡᠰᠡ ᠵᠠᠰᠠᠯ ᠬᠢᠬᠦ ᠵᠢ ᠵᠢᠱ᠌ᠢᠶ᠎ᠡ ᠦᠵᠡᠭᠦᠯᠦᠨ ᠵᠢᠭ᠋ᠠᠬᠤ᠂ ᠠᠯᠤᠰ ᠵᠠᠢ᠎ᠠᠴᠠ ᠳ᠋ᠠᠶ᠋ᠢᠲ᠋ᠠ ᠵᠢᠨ ᠡᠬᠢ ᠪᠠᠶᠠᠯᠢᠭ᠎ᠢ ᠬᠠᠮᠲᠤ᠎ᠳᠤ᠎ᠪᠠᠨ ᠬᠦᠷᠲᠡᠬᠦ᠂ ᠠᠯᠤᠰ ᠵᠠᠢ᠎ᠠᠴᠠ ᠲᠧᠯᠸᠢᠰ ᠬᠤᠷᠠᠯ ᠬᠤᠷᠠᠯᠳᠤᠭᠤᠯᠬᠤ ᠵᠡᠷᠭᠡ ᠦᠢ᠍ᠯᠡᠳᠦᠯ ᠴᠢᠳᠠᠮᠵᠢ ᠵᠢ ᠪᠦᠷᠢᠯᠳᠦᠭᠦᠯᠪᠡ᠃
      ᠭᠤᠷᠪᠠ᠎ᠳᠤ᠂ ᠮᠣᠩᠭᠤᠯ ᠡᠮᠨᠡᠯᠭᠡ ᠵᠢᠨ ᠬᠤᠷᠢᠶ᠎ᠠ᠎ᠠᠴᠠ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠰᠢᠰᠲ᠋ᠧᠮ᠎ᠢ ᠠᠩᠬ᠎ᠠ ᠠᠯᠬᠤᠮ ᠡᠬᠢᠯᠡᠨ ᠪᠠᠶ᠋ᠢᠭᠤᠯᠪᠠ᠃ ᠡᠯ᠎ᠡ ᠱᠠᠲᠤᠨ᠎ᠤ ᠮᠣᠩᠭᠤᠯ ᠬᠢᠲᠠᠳ ᠡᠮᠨᠡᠯᠭᠡ ᠵᠢᠨ ᠬᠤᠷᠢᠶ᠎ᠠ᠎ᠠᠴᠠ ᠮᠡᠳᠡᠭᠡ ᠵᠠᠩᠭᠢᠵᠢᠯᠲᠡ ᠵᠢᠨ ᠪᠠᠶ᠋ᠢᠭᠤᠯᠤᠯᠲᠠ᠎ᠪᠠᠨ ᠠᠯᠬᠤᠮ ᠠᠯᠬᠤᠮ ᠵᠶ᠋ᠠᠷ ᠴᠢᠩᠭ᠋ᠠᠳᠬᠠᠪᠠ᠃ 2012 ᠣᠨ᠎ᠳᠤ᠂ ᠥᠪᠥᠷ ᠮᠣᠩᠭᠤᠯ᠎ᠤᠨ ᠣᠯᠠᠨ ᠤᠯᠤᠰ᠎ᠤᠨ ᠮᠣᠩᠭᠤᠯ ᠡᠮᠨᠡᠯᠭᠡ ᠵᠢᠨ ᠬᠤᠷᠢᠶ᠎ᠠ᠎ᠠᠴᠠ ᠮᠣᠩᠭᠤᠯ ᠡᠮᠨᠡᠯᠭᠡ ᠵᠢᠨ ᠬᠤᠷᠢᠶ᠎ᠠ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠰᠤᠳᠤᠯᠤᠨ ᠨᠡᠭᠡᠭᠡᠵᠦ ᠬᠥᠭᠵᠢᠭᠦᠯᠦᠨ᠂ ᠮᠣᠩᠭᠤᠯ ᠡᠮᠨᠡᠯᠭᠡ᠂ ᠬᠢᠲᠠᠳ ᠡᠮᠨᠡᠯᠭᠡ᠂ ᠡᠸᠦ᠋ᠷᠦᠫᠡ ᠡᠮᠨᠡᠯᠭᠡ ᠵᠢᠨ ᠡᠪᠡᠳᠴᠢᠨ᠎ᠤ ᠲᠡᠦᠬᠡ ᠵᠢ ᠢᠵᠢᠯᠢ ᠨᠢᠭᠡᠨ ᠨᠢᠭᠤᠷ ᠳᠡᠭᠡᠷ᠎ᠡ ᠪᠢᠴᠢᠬᠦ ᠵᠢ ᠪᠡᠶᠡᠯᠡᠭᠦᠯᠵᠦ᠂ ᠮᠣᠩᠭᠤᠯ ᠬᠢᠲᠠᠳ ᠪᠢᠴᠢᠭ᠎ᠢ ᠵᠡᠷᠭᠡ᠎ᠪᠠᠷ ᠬᠡᠷᠡᠭᠯᠡᠨ᠂ ᠡᠮᠴᠢ ᠵᠢᠨ ᠠᠵᠢᠯᠯᠠᠬᠤ ᠥᠷᠲᠡᠭᠡ ᠪᠠ ᠰᠤᠪᠢᠯᠠᠭᠴᠢ ᠵᠢᠨ ᠠᠵᠢᠯᠯᠠᠬᠤ ᠥᠷᠲᠡᠭᠡ ᠵᠢ ᠵᠡᠷᠭᠡ᠎ᠳᠤ᠎ᠨᠢ ᠠᠵᠢᠯᠯᠠᠭᠤᠯᠵᠠᠢ᠃ 2013 ᠣᠨ᠎ᠳᠤ᠂ ᠤᠯᠤᠰ᠎ᠠᠴᠠ 930 ᠲᠦᠮᠡᠨ ᠲᠥᠭᠦᠷᠢᠭ ᠵᠠᠷᠤᠴᠠᠭᠤᠯᠤᠨ ᠤᠯᠤᠰ᠎ᠤᠨ ᠳᠡᠰ᠎ᠤᠨ 31 ᠶᠠᠳᠠᠭᠤ ᠬᠦᠴᠢᠷᠲᠡᠢ ᠬᠤᠰᠢᠭᠤ ᠰᠢᠶᠠᠨ᠎ᠤ ᠮᠣᠩᠭᠤᠯ ᠬᠢᠲᠠᠳ ᠡᠮᠨᠡᠯᠭᠡ ᠵᠢᠨ ᠬᠤᠷᠢᠶ᠎ᠠ ᠵᠢᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠳᠡᠮᠵᠢᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠳᠠᠬᠢᠨ 2160 ᠲᠦᠮᠡᠨ ᠲᠥᠭᠦᠷᠢᠭ ᠵᠠᠷᠤᠴᠠᠭᠤᠯᠵᠤ᠂ ᠡᠮᠨᠡᠯᠭᠡ ᠵᠢᠨ ᠬᠤᠷᠢᠶ᠎ᠠ ᠨᠢᠭᠡᠪᠦᠷᠢ᠎ᠳᠤ 30 ᠲᠦᠮᠡᠨ ᠲᠥᠭᠦᠷᠢᠭ᠎ᠤᠨ ᠪᠠᠷᠢᠮᠵᠢᠶ᠎ᠠ᠎ᠪᠠᠷ ᠦᠯᠡᠳᠡᠭᠰᠡᠨ 73 ᠰᠠᠭᠤᠷᠢ ᠬᠤᠰᠢᠭᠤ ᠰᠢᠶᠠᠨ᠎ᠤ ᠳᠡᠰ᠎ᠤᠨ ᠮᠣᠩᠭᠤᠯ ᠬᠢᠲᠠᠳ ᠡᠮᠨᠡᠯᠭᠡ ᠵᠢᠨ ᠬᠤᠷᠢᠶ᠎ᠠ ᠵᠢᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ᠎ᠳᠤ ᠨᠥᠬᠦᠪᠦᠷᠢ ᠣᠯᠭᠤᠵᠠᠢ᠃
      ᠬᠥᠲᠥᠯᠥᠭᠴᠢ᠄ ᠰᠠᠶ᠋ᠢᠨ ᠪᠣᠯᠣᠯ᠎ᠠ᠃ ᠹᠦ᠋ ᠡᠷᠬᠢᠯᠡᠭᠴᠢ ᠵᠢᠨ ᠲᠠᠶ᠋ᠢᠯᠤᠮᠵᠢ᠎ᠳᠤ ᠪᠠᠶᠠᠷᠯᠠᠯ᠎ᠠ᠂ ᠮᠥᠨ ᠰᠦᠯᠵᠢᠶᠡᠨ᠎ᠤ ᠠᠨᠳᠠ ᠨᠠᠷ᠎ᠤᠨ ᠣᠷᠣᠯᠴᠠᠯᠭ᠎ᠠ᠎ᠳᠤ ᠪᠠᠶᠠᠷᠯᠠᠯ᠎ᠠ᠃ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭ᠋ᠠᠴᠢ ᠵᠢᠨ ᠬᠤᠭᠤᠴᠠᠭ᠋ᠠᠨ᠎ᠳᠤ ᠳᠠᠬᠢᠨ ᠵᠣᠯᠭ᠋ᠠᠶ᠎ᠠ᠂ ᠪᠠᠶᠠᠷᠲᠠᠢ!

ᠢᠷᠡᠯᠲᠡ᠄ ᠥᠪᠦᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦᠨ᠎ᠤ ᠬᠡᠷᠡᠭᠯᠡᠯᠲᠡ ᠵᠢ ᠬᠢᠨᠠᠵᠤ ᠬᠠᠮᠢᠶᠠᠷᠬᠤ ᠠᠷᠭ᠎ᠠ》 ᠵᠢ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ
《ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢ ᠮᠡᠳᠡᠭᠳᠡᠬᠦ ᠬᠤᠷᠠᠯ
 
            