
ᠰᠤᠷᠪᠤᠯᠵᠢᠯᠠᠨ ᠶᠠᠷᠢᠯᠴᠠᠭᠰᠠᠨ ᠴᠠᠭ᠄ 2015 ᠣᠨ᠎ᠤ 2 ᠳ᠋ᠤᠭ᠋ᠠᠷ ᠰᠠᠷ᠎ᠠ ᠵᠢᠨ 13᠎ᠤ ᠡᠳᠥᠷ᠎ᠤᠨ ᠦᠳᠡ ᠵᠢᠨ ᠬᠤᠶ᠋ᠢᠨᠠᠬᠢ 3᠄ 30 ᠴᠠᠭ᠎ᠲᠤ
ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠦᠪᠥᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠦᠯᠥᠪᠯᠡᠭᠡᠲᠦ ᠦᠷᠡᠵᠢᠯ᠎ᠤᠨ ᠵᠦᠪᠯᠡᠯ᠎ᠤᠨ ᠳᠡᠳ᠋ ᠡᠷᠬᠢᠯᠡᠭᠴᠢ᠂ ᠦᠪᠡᠷᠳᠡᠭᠡᠨ ᠵᠠᠰᠠᠬᠤ ᠣᠷᠣᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠦᠭᠡᠷᠡᠴᠢᠯᠡᠯᠲᠡ ᠵᠢᠨ ᠠᠵᠢᠯ᠎ᠤᠨ ᠠᠯᠪᠠᠨ ᠭᠡᠷ᠎ᠤᠨ ᠡᠷᠬᠢᠯᠡᠭᠴᠢ ᠬᠤ᠌ ᠸᠧᠨ ᠢ
ᠰᠦᠯᠵᠢᠶᠡᠨ ᠠᠨᠳᠠ ᠨᠠᠷ ᠡ᠂ ᠰᠠᠶ᠋ᠢᠨ ᠪᠠᠶ᠋ᠢᠵᠠᠭ᠋ᠠᠨ᠎ᠠ ᠤᠤ! ᠦᠪᠥᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠶᠡᠷᠥᠩᠬᠡᠶ᠋ᠢᠯᠡᠭᠰᠡᠨ ᠫᠤᠷᠲ᠋ᠧᠯ ᠰᠠᠶ᠋ᠢᠲᠤᠨ 《ᠰᠦᠯᠵᠢᠶᠡᠨ ᠳᠡᠭᠡᠷᠡᠬᠢ ᠰᠤᠷᠪᠤᠯᠵᠢᠯᠠᠭ᠎ᠠ》 ᠫᠷᠤᠭ᠌ᠷᠠᠮ᠎ᠢ ᠬᠦᠯᠢᠶᠡᠨ ᠠᠪᠴᠦ ᠰᠣᠨᠢᠷᠬᠠᠬᠤ ᠵᠢ ᠤᠭᠲᠤᠵᠦ ᠪᠠᠶ᠋ᠢᠨ᠎ᠠ᠃ ᠦᠨᠥᠳᠥᠷ ᠪᠢᠳᠡ ᠦᠪᠡᠷᠳᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠦᠯᠥᠪᠯᠡᠭᠡᠲᠦ ᠦᠷᠡᠵᠢᠯ᠎ᠤᠨ ᠵᠦᠪᠯᠡᠯ᠎ᠤᠨ ᠳᠡᠳ᠋ ᠡᠷᠬᠢᠯᠡᠭᠴᠢ ᠬᠤ᠌ ᠸᠧᠨ ᠢ ᠵᠢ ᠤᠷᠢᠵᠦ 《ᠳᠤᠮᠳᠠᠳᠦ ᠤᠯᠤᠰ · ᠦᠪᠥᠷ ᠮᠣᠩᠭᠤᠯ》 ᠰᠦᠯᠵᠢᠶᠡᠨ ᠳᠡᠭᠡᠷ᠎ᠡ ᠣᠯᠠᠨ᠎ᠲᠠᠢ ᠰᠣᠯᠢᠯᠴᠠᠭ᠎ᠠ ᠬᠢᠯᠭᠡᠬᠦ ᠵᠢᠨ ᠬᠠᠮᠲᠦ ᠰᠦᠯᠵᠢᠶᠡᠨ ᠠᠨᠳᠠ ᠨᠠᠷ᠎ᠤᠨ ᠠᠰᠠᠭᠤᠭᠰᠠᠨ᠎ᠳᠤ ᠬᠠᠷᠢᠭᠤᠯᠲᠠ ᠦᠭᠬᠦ ᠪᠣᠯᠤᠨ᠎ᠠ᠂ ᠬᠤ᠌ ᠡᠷᠬᠢᠯᠡᠭᠴᠢ ᠲᠠ ᠰᠠᠶ᠋ᠢᠨ ᠪᠠᠶ᠋ᠢᠨ᠎ᠠ ᠤᠤ᠂ 《ᠳᠤᠮᠳᠠᠳᠦ ᠤᠯᠤᠰ · ᠦᠪᠥᠷ ᠮᠣᠩᠭᠤᠯ》 ᠰᠦᠯᠵᠢᠶ᠎ᠡ ᠲᠠᠨ᠎ᠢ ᠪᠠᠶᠠᠷᠯᠠᠨ ᠤᠭᠲᠤᠵᠦ ᠪᠠᠶ᠋ᠢᠨ᠎ᠠ!
ᠬᠤ᠌ ᠸᠧᠨ ᠢ᠄ ᠬᠦᠲᠥᠯᠥᠭᠴᠢ ᠲᠠ ᠰᠠᠶ᠋ᠢᠨ ᠪᠠᠶ᠋ᠢᠨ᠎ᠠ ᠤᠤ᠂ ᠰᠦᠯᠵᠢᠶᠡᠨ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠤᠤ! ᠰᠢᠶᠠᠨ᠎ᠤ ᠱᠠᠲᠥᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠥᠩᠬᠡᠶ᠋ᠢᠯᠡᠭᠰᠡᠨ ᠦᠭᠡᠷᠡᠴᠢᠯᠡᠯᠲᠡ ᠵᠢᠨ ᠲᠤᠬᠠᠢ ᠰᠡᠳᠥᠪ ᠵᠶ᠋ᠠᠷ ᠠᠳᠡ ᠲᠠ ᠣᠯᠠᠨ᠎ᠲᠠᠢ ᠰᠣᠯᠢᠯᠴᠠᠭ᠎ᠠ ᠬᠢᠬᠦ ᠪᠣᠯᠣᠭᠰᠠᠨ᠎ᠳᠤ ᠲᠣᠩ ᠪᠠᠶᠠᠷᠲᠠᠢ ᠪᠠᠶ᠋ᠢᠨ᠎ᠠ᠃ ᠦᠪᠥᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠲᠦᠯᠥᠪᠯᠡᠭᠡᠲᠦ ᠦᠷᠡᠵᠢᠯ᠎ᠤᠨ ᠠᠵᠢᠯ ᠦᠢ᠍ᠯᠡᠰ᠎ᠤᠨ ᠦᠭᠡᠷᠡᠴᠢᠯᠡᠯᠲᠡ ᠬᠦᠭᠵᠢᠯᠲᠡ ᠵᠢ ᠶᠡᠷᠦ᠎ᠠᠴᠠ ᠠᠩᠬᠠᠷᠴᠦ ᠳᠡᠮᠵᠢᠭᠰᠡᠭᠡᠷ ᠢᠷᠡᠭᠰᠡᠨ ᠰᠦᠯᠵᠢᠶᠡᠨ ᠠᠨᠳᠠ ᠨᠠᠷ᠎ᠲᠤ ᠲᠠᠯᠠᠷᠬᠠᠵᠦ ᠪᠠᠶ᠋ᠢᠨ᠎ᠠ᠃
ᠬᠦᠲᠥᠯᠥᠭᠴᠢ᠄ ᠬᠤ᠌ ᠡᠷᠬᠢᠯᠡᠭᠴᠢ ᠡ᠂ ᠮᠠᠨ᠎ᠤ ᠣᠷᠣᠨ᠎ᠤ ᠬᠤᠰᠢᠭᠤ ᠰᠢᠶᠠᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠵᠢ ᠠᠯᠢ ᠦᠶ᠎ᠡ᠎ᠠᠴᠠ ᠡᠬᠢᠯᠡᠭᠦᠯᠥᠭᠰᠡᠨ ᠪᠣᠢ᠂ ᠬᠡᠳᠥᠢ ᠶᠡᠭᠡ ᠬᠡᠪᠴᠢᠶᠡᠨ᠎ᠳᠤ ᠦᠷᠨᠢᠭᠦᠯᠵᠦ ᠪᠠᠶ᠋ᠢᠭ᠎ᠠ ᠪᠣᠢ?
ᠬᠤ᠌ ᠸᠧᠨ ᠢ᠄
ᠮᠠᠨ᠎ᠤ ᠣᠷᠣᠨ᠎ᠤ ᠬᠤᠰᠢᠭᠤ ᠰᠢᠶᠠᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠵᠢ 2012 ᠣᠨ᠎ᠤ 5 ᠳ᠋ᠤᠭ᠋ᠠᠷ ᠰᠠᠷ᠎ᠠ᠎ᠳᠤ ᠡᠬᠢᠯᠡᠭᠦᠯᠥᠭᠰᠡᠨ᠃
ᠡᠬᠢᠯᠡᠯᠲᠡ ᠵᠢᠨ ᠱᠠᠲᠦ ᠦᠶ᠎ᠡ᠎ᠳᠤ᠂ ᠡᠯ᠎ᠡ ᠭᠠᠵᠠᠷ᠎ᠤᠳ ᠡᠮ ᠵᠶ᠋ᠠᠷ ᠡᠮᠨᠡᠯᠭᠡ᠎ᠳᠤ ᠨᠦᠬᠦᠪᠥᠷᠢ ᠣᠷᠣᠭᠤᠯᠵᠦ ᠪᠠᠶ᠋ᠢᠭ᠎ᠠ ᠵᠢ ᠦᠭᠡᠶ᠋ᠢᠰᠭᠡᠬᠦ᠂ ᠠᠵᠢᠯᠲᠠᠨ᠎ᠤ ᠶᠠᠪᠤᠳᠠᠯ ᠬᠤᠪᠢᠶᠠᠷᠢᠯᠠᠯᠲᠠ ᠵᠢᠨ ᠳᠦᠷᠢᠮᠤ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠬᠠᠤᠯᠢ ᠵᠢᠨ ᠡᠷᠬᠡᠲᠡᠨ᠎ᠠᠴᠠ ᠵᠠᠰᠠᠬᠤ ᠪᠦᠲᠥᠴᠡ ᠪᠠᠶ᠋ᠢᠭᠤᠯᠬᠤ᠂ ᠡᠮᠨᠡᠯᠭᠡ ᠵᠢᠨ ᠬᠤᠷᠢᠶᠠᠨ᠎ᠤ ᠲᠣᠲᠤᠭ᠋ᠠᠳᠦ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ ᠵᠢᠨ ᠲᠣᠭᠤᠷᠢᠨ᠎ᠳᠤ ᠢᠳᠡᠪᠬᠢᠲᠠᠢ ᠬᠠᠶ᠋ᠢᠨ ᠰᠦᠪᠡᠭᠴᠢᠯᠡᠯᠲᠡ ᠬᠢᠪᠡ᠃ 2014 ᠣᠨ᠎ᠳᠤ᠂ ᠪᠢᠳᠡ ᠤᠯᠤᠰ᠎ᠤᠨ ᠡᠷᠡᠭᠦᠯ ᠬᠠᠮᠠᠭ᠋ᠠᠯᠠᠯ ᠲᠦᠯᠥᠪᠯᠡᠭᠡᠲᠦ ᠦᠷᠡᠵᠢᠯ᠎ᠤᠨ ᠵᠦᠪᠯᠡᠯ ᠵᠡᠷᠭᠡ ᠲᠠᠪᠤᠨ ᠶᠠᠮᠤᠨ ᠵᠦᠪᠯᠡᠯ᠎ᠤᠨ 《ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠥᠩᠬᠡᠶ᠋ᠢᠯᠡᠭᠰᠡᠨ ᠦᠭᠡᠷᠡᠴᠢᠯᠡᠯᠲᠡ ᠵᠢ ᠲᠦᠯᠬᠢᠨ ᠠᠬᠢᠭᠤᠯᠬᠤ ᠲᠤᠬᠠᠢ ᠰᠠᠨᠠᠯ》᠎ᠢ ᠦᠨᠳᠥᠰᠥᠯᠡᠨ᠂ ᠦᠪᠡᠷᠳᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠦᠯᠥᠪᠯᠡᠭᠡᠲᠦ ᠦᠷᠡᠵᠢᠯᠤ ᠵᠦᠪᠯᠡᠯ᠂ ᠡᠳ᠋᠎ᠤᠨ ᠵᠠᠰᠠᠭ ᠵᠡᠷᠭᠡ 5 ᠰᠠᠯᠠᠭ᠎ᠠ ᠮᠦᠴᠢᠷ ᠬᠠᠮᠲᠤᠷᠠᠨ 《ᠦᠪᠥᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠥᠩᠬᠡᠶ᠋ᠢᠯᠡᠭᠰᠡᠨ ᠦᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠶᠠᠪᠤᠭᠤᠯᠵᠦ᠂ ᠮᠠᠨ᠎ᠤ ᠣᠷᠣᠨ᠎ᠤ ᠬᠤᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠥᠩᠬᠡᠶ᠋ᠢᠯᠡᠭᠰᠡᠨ ᠦᠭᠡᠷᠡᠴᠢᠯᠡᠯᠲᠡ ᠵᠢᠨ ᠬᠠᠷᠠᠯᠲᠠ ᠪᠠ ᠡᠭᠦᠷᠭᠡ ᠵᠢ ᠣᠯᠠᠨ ᠨᠢᠭᠡ ᠠᠯᠬᠤᠮ ᠲᠣᠳᠤᠷᠬᠠᠶ᠋ᠢᠯᠠᠪᠠ᠃ ᠮᠠᠨ᠎ᠤ ᠣᠷᠣᠨ᠎ᠨᠢ ᠤᠯᠤᠰ᠎ᠠᠴᠠ ᠲᠣᠭᠲᠠᠭ᠋ᠠᠭᠰᠠᠨ 15 ᠲᠤᠷᠰᠢᠯᠲᠠ ᠵᠢᠨ ᠬᠤᠰᠢᠭᠤ ᠰᠢᠶᠠᠨ᠎ᠤ ᠰᠠᠭᠤᠷᠢᠨ ᠳᠡᠭᠡᠷ᠎ᠡ ᠪᠠᠰᠠ ᠦᠪᠡᠷᠳᠡᠭᠡᠨ ᠵᠠᠰᠠᠬᠤ ᠣᠷᠣᠨ᠎ᠤ ᠱᠠᠲᠤᠨ᠎ᠤ 25 ᠲᠤᠷᠰᠢᠯᠲᠠ ᠵᠢᠨ ᠴᠢᠭ᠋᠎ᠢ ᠨᠡᠮᠡᠵᠦ᠂ ᠤᠯᠤᠰ ᠪᠣᠯᠣᠨ ᠦᠪᠡᠷᠳᠡᠭᠡᠨ ᠵᠠᠰᠠᠬᠤ ᠣᠷᠣᠨ᠎ᠤ ᠲᠤᠷᠰᠢᠯᠲᠠ ᠵᠢᠨ ᠬᠤᠰᠢᠭᠤ ᠰᠢᠶᠠᠨ᠎ᠤ ᠶᠡᠷᠥᠩᠬᠡᠢ ᠲᠤᠭ᠎ᠠ ᠵᠢ 40᠎ᠳᠤ ᠬᠦᠷᠥᠭᠦᠯᠥᠭᠡᠳ᠂ ᠪᠦᠬᠦ ᠣᠷᠣᠨ᠎ᠤ ᠬᠠᠭ᠋ᠠᠰ᠎ᠠᠴᠠ ᠳᠡᠭᠡᠭᠰᠢᠬᠢ ᠬᠤᠰᠢᠭᠤ ᠰᠢᠶᠠᠨ᠎ᠢ ᠬᠠᠮᠤᠷᠤᠭᠤᠯᠪᠠ᠃
ᠬᠦᠲᠥᠯᠥᠭᠴᠢ᠄ ᠮᠠᠨ᠎ᠤ ᠣᠷᠣᠨ᠎ᠤ ᠬᠤᠰᠢᠭᠤ ᠰᠢᠶᠠᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠶᠠᠮᠠᠷ ᠶᠠᠮᠠᠷ ᠰᠢᠨ᠎ᠡ ᠠᠬᠢᠴᠠ᠎ᠲᠠᠢ ᠪᠣᠯᠪᠠ?
ᠬᠤ᠌ ᠸᠧᠨ ᠢ᠄
ᠦᠩᠭᠡᠷᠡᠭᠰᠡᠨ ᠨᠢᠭᠡ ᠵᠢᠯ᠎ᠳᠤ᠂ ᠡᠩ ᠲᠡᠷᠢᠭᠦᠨ᠎ᠳᠤ ᠳᠡᠭᠡᠳᠦ ᠵᠡᠷᠭᠡᠯᠡᠯ᠎ᠤᠨ ᠵᠢᠷᠤᠭ ᠲᠦᠯᠥᠪᠯᠡᠭᠡ ᠬᠢᠬᠦ ᠵᠢ ᠴᠢᠩᠭ᠋ᠠᠷᠠᠭᠤᠯᠤᠨ᠂ ᠠᠯᠢ ᠣᠯᠠᠨ ᠲᠦᠭᠦᠷ ᠲᠦᠷᠦ ᠵᠢᠨ ᠪᠣᠳᠤᠯᠭ᠎ᠠ᠂ ᠪᠢᠴᠢᠭ ᠮᠠᠲ᠋ᠧᠷᠢᠶᠠᠯ᠎ᠤᠳ᠎ᠢ ᠨᠡᠶ᠋ᠢᠲᠡᠯᠡᠪᠡ᠃ ᠵᠢᠱ᠌ᠢᠶᠡᠯᠡᠪᠡᠯ᠂ ᠡᠮ᠎ᠤᠨ ᠵᠦᠢ᠍ᠯ᠎ᠳᠤ ᠦᠨ᠎ᠡ ᠨᠡᠮᠡᠬᠦ ᠵᠢ ᠦᠭᠡᠶ᠋ᠢᠰᠭᠡᠬᠦ᠂ ᠰᠢᠨᠵᠢᠯᠡᠬᠦ ᠤᠬᠠᠭ᠋ᠠᠨᠴᠢ ᠨᠦᠬᠦᠪᠥᠷᠢᠯᠡᠬᠦ ᠲᠣᠭᠲᠠᠴᠠ ᠪᠠᠶ᠋ᠢᠭᠤᠯᠬᠤ ᠲᠠᠯ᠎ᠠ᠎ᠪᠠᠷ᠂ ᠦᠪᠡᠷᠳᠡᠭᠡᠨ ᠵᠠᠰᠠᠬᠤ ᠣᠷᠣᠨ 《ᠦᠪᠥᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠵᠢᠨ ᠲᠤᠷᠰᠢᠯᠲᠠ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ᠎ᠳᠤ ᠲᠣᠬᠢᠷᠠᠭᠤᠯᠤᠯᠲᠠ ᠬᠢᠬᠦ ᠰᠠᠨᠠᠯ》᠂ 《ᠵᠠᠰᠠᠭ᠎ᠤᠨ ᠣᠷᠳᠤᠨ᠎ᠠᠴᠠ ᠡᠷᠡᠭᠦᠯ ᠬᠠᠮᠠᠭ᠋ᠠᠯᠠᠯ᠎ᠳᠤ ᠣᠷᠣᠭᠤᠯᠤᠯᠲᠠ ᠣᠷᠣᠭᠤᠯᠬᠤ ᠲᠦᠷᠦ ᠵᠢᠨ ᠪᠣᠳᠤᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ》᠎ᠢ ᠨᠡᠶ᠋ᠢᠲᠡᠯᠡᠪᠡ; ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠡᠮ᠎ᠤᠨ ᠵᠦᠢ᠍ᠯ ᠬᠤᠳᠠᠯᠳᠤᠨ ᠠᠪᠬᠤ ᠲᠣᠭᠲᠠᠴᠠ ᠵᠢᠨ ᠲᠠᠯ᠎ᠠ᠎ᠪᠠᠷ᠂ 《ᠦᠪᠥᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠪᠠᠶ᠋ᠢᠩᠭᠤ ᠬᠡᠷᠡᠭᠯᠡᠬᠦ ᠬᠢᠮᠳᠠ ᠡᠮ᠎ᠤᠨ ᠵᠦᠢ᠍ᠯ ᠬᠤᠳᠠᠯᠳᠤᠨ ᠠᠪᠬᠤ ᠲᠦᠰᠥᠯ》᠂ 《ᠦᠪᠥᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠦᠷᠲᠡᠭ ᠶᠡᠬᠡᠲᠠᠢ ᠵᠠᠷᠤᠴᠠᠭᠤᠯᠬᠤ ᠮᠠᠲ᠋ᠧᠷᠢᠶᠠᠯ᠎ᠢ ᠢᠯᠡ ᠬᠤᠳᠠᠯᠳᠤᠨ ᠠᠪᠬᠤ ᠬᠠᠮᠢᠶᠠᠷᠤᠯᠲᠠ ᠵᠢᠨ ᠠᠷᠭ᠎ᠠ》᠂ 《ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠡᠮ᠎ᠤᠨ ᠵᠦᠢ᠍ᠯ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠬᠤ ᠲᠤᠬᠠᠢ ᠦᠪᠥᠷ ᠮᠣᠩᠭᠤᠯ᠎ᠤᠨ ᠡᠷᠡᠭᠦᠯ ᠬᠠᠮᠠᠭ᠋ᠠᠯᠠᠯ ᠲᠦᠯᠥᠪᠯᠡᠭᠡᠲᠦ ᠦᠷᠡᠵᠢᠯ᠎ᠤᠨ ᠵᠦᠪᠯᠡᠯ᠎ᠤᠨ ᠮᠡᠳᠡᠭᠳᠡᠯ》 ᠵᠡᠷᠭᠡ ᠵᠢ ᠨᠡᠶ᠋ᠢᠲᠡᠯᠡᠪᠡ; ᠣᠳᠣ ᠦᠶ᠎ᠡ ᠵᠢᠨ ᠡᠮᠨᠡᠯᠭᠡ ᠵᠢᠨ ᠬᠤᠷᠢᠶᠠᠨ᠎ᠤ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠲᠠᠯ᠎ᠠ᠎ᠪᠠᠷ᠂ 《ᠪᠦᠬᠦ ᠣᠷᠣᠨ᠎ᠤ ᠬᠤᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠠᠵᠢᠯᠲᠠᠨ᠎ᠤ ᠶᠠᠪᠤᠳᠠᠯ ᠬᠤᠪᠢᠶᠠᠷᠢᠯᠠᠯᠲᠠ ᠵᠢᠨ ᠳᠦᠷᠢᠮ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠯᠤᠭᠤᠳᠬᠤ ᠰᠠᠨᠠᠯ》᠎ᠢ ᠨᠡᠶ᠋ᠢᠲᠡᠯᠡᠪᠡ᠃ ᠡᠳᠡᠭᠡᠷ ᠲᠦᠷᠦ ᠵᠢᠨ ᠪᠣᠳᠤᠯᠭ᠎ᠠ ᠵᠢᠨ ᠪᠢᠴᠢᠭ ᠮᠠᠲ᠋ᠧᠷᠢᠶᠠᠯ᠎ᠤᠳ᠎ᠢ ᠨᠡᠶ᠋ᠢᠲᠡᠯᠡᠭᠰᠡᠨ ᠶᠠᠪᠤᠳᠠᠯ᠎ᠨᠢ ᠬᠤᠰᠢᠭᠤ ᠰᠢᠶᠠᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ᠎ᠳᠤ ᠲᠦᠷᠦ ᠵᠢᠨ ᠪᠣᠳᠤᠯᠭ᠎ᠠ ᠵᠢᠨ ᠦᠨᠳᠥᠰᠥᠯᠡᠯ ᠬᠠᠩᠭ᠋ᠠᠭᠰᠠᠨ ᠪᠦᠭᠡᠳ ᠦᠭᠡᠷᠡᠴᠢᠯᠡᠯᠲᠡ ᠵᠢᠨ ᠴᠢᠭᠯᠡᠯ᠎ᠢ ᠲᠣᠳᠤᠷᠬᠠᠢ ᠵᠢᠭ᠋ᠠᠵᠦ ᠦᠭᠭᠦᠭᠰᠡᠨ ᠪᠠᠶ᠋ᠢᠨ᠎ᠠ᠃
ᠬᠤ᠌ ᠸᠧᠨ ᠢ᠄
ᠳᠠᠷᠠᠭ᠋ᠠᠯᠠᠪᠠᠯ ᠲᠦᠷᠦ ᠵᠢᠨ ᠪᠣᠳᠤᠯᠭ᠎ᠠ᠂ ᠠᠷᠭ᠎ᠠ ᠬᠡᠮᠵᠢᠶ᠎ᠡ ᠵᠢᠨ ᠨᠠᠶ᠋ᠢᠳᠠᠪᠥᠷᠢᠵᠢᠭᠤᠯᠤᠯᠲᠠ ᠵᠢ ᠴᠢᠩᠭ᠋ᠠᠷᠠᠭᠤᠯᠤᠭᠰᠠᠨ᠎ᠠᠴᠠ ᠦᠭᠡᠷᠡᠴᠢᠯᠡᠯᠲᠡ ᠵᠢᠨ ᠠᠵᠢᠯ ᠢᠳᠡᠪᠬᠢᠲᠠᠢ ᠠᠬᠢᠴᠠ᠎ᠲᠠᠢ ᠪᠣᠯᠪᠠ᠃ ᠣᠳᠣᠬᠠᠨ᠎ᠳᠤ᠂ ᠪᠦᠬᠦ ᠣᠷᠣᠨ᠎ᠤ ᠬᠤᠰᠢᠭᠤ ᠰᠢᠶᠠᠨ᠎ᠤ ᠱᠠᠲᠤᠨ᠎ᠤ 67 ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠰᠢᠨᠵᠢᠯᠡᠬᠦ ᠤᠬᠠᠭ᠋ᠠᠨᠴᠢ᠎ᠪᠠᠷ ᠲᠦᠰᠥᠭᠡᠯᠡᠨ ᠪᠣᠳᠤᠭᠰᠠᠨ ᠰᠠᠭᠤᠷᠢᠨ ᠳᠡᠭᠡᠷ᠎ᠡ᠂ ᠡᠮ᠎ᠤᠨ ᠵᠦᠢ᠍ᠯ᠎ᠳᠤ ᠦᠨ᠎ᠡ ᠨᠡᠮᠡᠬᠦ ᠵᠢ ᠪᠦᠬᠦᠨ ᠵᠶ᠋ᠠᠷ ᠵᠶ᠋ᠠᠨ ᠦᠭᠡᠶ᠋ᠢᠰᠭᠡᠵᠦ᠂ ᠡᠭᠦᠨ᠎ᠠᠴᠠ ᠪᠣᠯᠵᠦ ᠪᠠᠭ᠋ᠠᠰᠤᠭᠰᠠᠨ ᠣᠷᠣᠯᠭ᠎ᠠ ᠵᠢ ᠡᠮᠴᠢᠯᠡᠭᠡᠨ᠎ᠤ ᠮᠡᠷᠭᠡᠵᠢᠯ᠎ᠤᠨ ᠦᠢ᠍ᠯᠡᠴᠢᠯᠡᠭᠡᠨ᠎ᠤ ᠦᠨ᠎ᠡ ᠬᠠᠩᠰᠢ᠎ᠳᠤ ᠲᠤᠬᠢᠷᠠᠭᠤᠯᠤᠯᠲᠠ ᠬᠢᠬᠦ᠂ ᠵᠠᠰᠠᠭ᠎ᠤᠨ ᠣᠷᠳᠤᠨ᠎ᠤ ᠣᠷᠣᠭᠤᠯᠤᠯᠲᠠ ᠵᠢ ᠨᠡᠮᠡᠭᠳᠡᠭᠦᠯᠬᠦ ᠪᠠ ᠡᠮᠨᠡᠯᠭᠡ ᠵᠢᠨ ᠬᠤᠷᠢᠶᠠᠨ᠎ᠤ ᠬᠠᠮᠢᠶᠠᠷᠤᠯᠲᠠ ᠵᠢ ᠴᠢᠩᠭ᠋ᠠᠳᠬᠠᠬᠤ᠂ ᠠᠵᠢᠯᠯᠠᠭ᠋ᠠᠨ᠎ᠤ ᠦᠪᠡᠷ᠎ᠤᠨ ᠦᠷᠲᠡᠭ᠎ᠢ ᠠᠷᠪᠢᠯᠠᠬᠤ ᠵᠡᠷᠭᠡ᠎ᠪᠠᠷ ᠳᠠᠮᠵᠢᠭᠤᠯᠤᠨ ᠣᠯᠠᠨ ᠲᠠᠯ᠎ᠠ ᠵᠢᠨ᠎ᠬᠢᠨ ᠬᠠᠮᠲᠥᠪᠡᠷ ᠡᠭᠦᠷᠭᠡᠯᠡᠬᠦ ᠪᠣᠯᠭ᠋ᠠᠪᠠ; ᠪᠠᠶ᠋ᠢᠩᠭᠤ ᠬᠡᠷᠡᠭᠯᠡᠬᠦ ᠬᠢᠮᠳᠠ ᠡᠮ᠎ᠤᠨ ᠵᠦᠢ᠍ᠯ᠎ᠤᠨ ᠨᠡᠷ᠎ᠡ ᠮᠡᠳᠡᠭᠦᠯᠥᠨ ᠬᠤᠳᠠᠯᠳᠤᠨ ᠠᠪᠬᠤ ᠠᠵᠢᠯ᠎ᠢ ᠡᠬᠢᠯᠡᠭᠦᠯᠵᠦ᠂ ᠦᠢ᠍ᠯᠡᠳᠪᠥᠷᠢᠯᠡᠬᠦ ᠠᠵᠦ ᠠᠬᠤᠶ᠋ᠢᠯᠠᠯ᠂ ᠲᠣᠬᠢᠷᠠᠭᠤᠯᠤᠨ ᠬᠦᠷᠭᠡᠬᠦ ᠠᠵᠦ ᠠᠬᠤᠶ᠋ᠢᠯᠠᠯ᠎ᠳᠤ ᠬᠢᠨᠠᠨ ᠰᠢᠯᠭ᠋ᠠᠯᠲᠠ ᠬᠢᠵᠦ ᠪᠤᠴᠠᠭ᠋ᠠᠵᠦ ᠭᠠᠷᠭ᠋ᠠᠬᠤ ᠲᠣᠭᠲᠠᠴᠠ ᠵᠢ ᠲᠡᠭᠦᠯᠳᠡᠷᠵᠢᠭᠦᠯᠥᠨ᠂ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ᠎ᠤᠨ ᠡᠮ᠎ᠤᠨ ᠵᠦᠢ᠍ᠯ᠎ᠢ ᠬᠡᠷᠡᠭᠯᠡᠬᠦ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠪᠠ; ᠣᠷᠳᠤᠰ᠎ᠤᠨ ᠵᠠᠭᠦᠨᠭ᠋ᠠᠷ ᠬᠤᠰᠢᠭᠤ᠂ ᠳᠠᠯᠠᠳ ᠬᠤᠰᠢᠭᠤ᠂ ᠦᠤᠰᠢᠨ ᠬᠤᠰᠢᠭᠤ᠂ ᠡᠵᠡᠨᠬᠤᠷᠤᠭ᠎ᠠ ᠬᠤᠰᠢᠭᠤ ᠪᠣᠯᠣᠨ ᠣᠲᠤᠭ ᠬᠤᠰᠢᠭᠤ᠂ ᠪᠤᠭᠤᠲᠦ ᠬᠤᠲᠠ ᠵᠢᠨ ᠲᠦᠮᠡᠳ ᠪᠠᠷᠠᠭᠤᠨ ᠬᠤᠰᠢᠭᠤ᠂ ᠮᠠᠨᠵᠤᠤᠷ ᠬᠤᠲᠠ ᠵᠡᠷᠭᠡ ᠲᠤᠷᠰᠢᠯᠲᠠ ᠵᠢᠨ ᠴᠢᠭ᠋᠎ᠤᠨ ᠭᠠᠵᠠᠷ ᠣᠷᠣᠨ᠎ᠨᠤᠭᠤᠳ ᠡᠮᠨᠡᠯᠭᠡ ᠵᠢᠨ ᠬᠤᠷᠢᠶᠠᠨ᠎ᠤ ᠳᠠᠷᠤᠭ᠎ᠠ ᠵᠢᠨ ᠲᠤᠰᠢᠶᠠᠯ᠎ᠤᠨ ᠬᠤᠭᠤᠴᠠᠭ᠋ᠠᠨ᠎ᠤ ᠬᠠᠷᠠᠯᠲᠠᠲᠦ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠵᠦ᠂ ᠰᠢᠢ᠍ᠳᠪᠥᠷᠢᠲᠦ ᠪᠣᠳᠤᠯᠭ᠎ᠠ ᠲᠣᠭᠲᠠᠭ᠋ᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠵᠢᠨ ᠬᠠᠷᠢᠯᠴᠠᠨ ᠬᠢᠵᠠᠭ᠋ᠠᠷᠯᠠᠭᠰᠠᠨ ᠠᠵᠢᠯᠯᠠᠭ᠋ᠠᠨ᠎ᠤ ᠬᠠᠮᠢᠶᠠᠷᠤᠯᠲᠠ ᠵᠢᠨ ᠲᠣᠭᠲᠠᠴᠠ ᠵᠢ ᠠᠯᠬᠤᠮ ᠠᠯᠬᠤᠮ ᠵᠶ᠋ᠠᠷ ᠪᠣᠢ ᠪᠣᠯᠭ᠋ᠠᠭᠰᠠᠨ ᠪᠠᠶ᠋ᠢᠨ᠎ᠠ; ᠮᠠᠨᠵᠤᠤᠷ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠵᠠᠯᠠᠨ ᠠᠶ᠋ᠢᠯ ᠬᠤᠲᠠ ᠵᠡᠷᠭᠡ ᠬᠤᠰᠢᠭᠤ ᠰᠢᠶᠠᠨᠨᠦᠭᠦᠳ ᠨᠡᠶ᠋ᠢᠭᠡᠮ ᠲᠣᠭᠤᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠰᠢᠶᠠᠩ ᠪᠠᠯᠭ᠋ᠠᠰᠦ ᠵᠢᠨ ᠡᠷᠡᠭᠦᠯ ᠬᠠᠮᠠᠭ᠋ᠠᠯᠠᠯ᠎ᠤᠨ ᠬᠤᠷᠢᠶ᠎ᠠ ᠬᠢᠭᠡᠳ ᠬᠤᠰᠢᠭᠤ ᠰᠢᠶᠠᠨ᠎ᠤ ᠡᠮᠨᠡᠯᠭᠡ ᠵᠢᠨ ᠬᠤᠷᠢᠶ᠎ᠠ ᠵᠢᠨ ᠬᠤᠶᠠᠷ ᠲᠠᠯ᠎ᠠ᠎ᠪᠠᠷ ᠵᠶ᠋ᠠᠨ ᠰᠢᠯᠵᠢᠭᠦᠯᠥᠨ ᠣᠨᠣᠰᠢᠯᠠᠬᠤ ᠠᠵᠢᠯ ᠦᠷᠨᠢᠭᠦᠯᠬᠦ ᠶᠠᠪᠤᠳᠠᠯ᠎ᠢ ᠬᠠᠶ᠋ᠢᠨ ᠰᠦᠪᠡᠭᠴᠢᠯᠡᠭᠰᠡᠨ ᠪᠠᠶ᠋ᠢᠨ᠎ᠠ; ᠮᠣᠩᠭᠤᠯ ᠡᠮᠨᠡᠯᠭᠡ ᠬᠢᠲᠠᠳ ᠡᠮᠨᠡᠯᠭᠡ ᠵᠢᠨ ᠪᠠᠶ᠋ᠢᠭᠤᠯᠤᠮᠵᠢ᠎ᠳᠤ ᠡᠮᠨᠡᠭᠦᠯᠥᠭᠰᠡᠨᠤ ᠳᠠᠩᠰᠠ ᠲᠠᠶ᠋ᠢᠯᠬᠤ ᠬᠠᠷᠢᠴᠠᠯ᠎ᠢ 10%~20%᠎ᠪᠠᠷ ᠳᠡᠭᠡᠭᠰᠢᠯᠡᠭᠦᠯᠵᠦ᠂ ᠳᠠᠩᠰᠠ ᠲᠠᠶ᠋ᠢᠯᠬᠤ ᠵᠢᠨ ᠡᠬᠢᠯᠡᠵᠦ ᠵᠠᠷᠤᠴᠠᠭᠤᠯᠬᠤ ᠱᠤᠭᠤᠮ᠎ᠢ 20%~50%᠎ᠪᠠᠷ ᠪᠠᠭᠤᠷᠠᠭᠤᠯᠪᠠ; ᠮᠣᠩᠭᠤᠯ ᠡᠮᠨᠡᠯᠭᠡ ᠬᠢᠲᠠᠳ ᠡᠮᠨᠡᠯᠭᠡ ᠵᠢᠨ ᠤᠯᠠᠮᠵᠢᠯᠠᠯᠲᠦ ᠵᠠᠰᠠᠬᠤ ᠠᠷᠭ᠎ᠠ ᠵᠢ ᠡᠮᠨᠡᠯᠭᠡ᠎ᠳᠤ ᠰᠠᠭᠤᠭᠰᠠᠨ᠎ᠤ ᠳᠠᠩᠰᠠ ᠲᠠᠶ᠋ᠢᠯᠬᠤ ᠬᠡᠪᠴᠢᠶᠡᠨ᠎ᠳᠤ ᠣᠷᠣᠭᠤᠯᠤᠨ᠎ᠠ; ᠮᠣᠩᠭᠤᠯ ᠡᠮᠨᠡᠯᠭᠡ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ 387 ᠲᠦᠷᠥᠯ ᠵᠦᠢ᠍ᠯ᠎ᠤᠨ ᠦᠨ᠎ᠡ ᠬᠠᠩᠰᠢ ᠵᠢ ᠵᠣᠬᠢᠶᠠᠨ ᠪᠠᠶ᠋ᠢᠭᠤᠯᠤᠨ ᠲᠣᠬᠢᠷᠠᠭᠤᠯᠵᠦ᠂ ᠰᠢᠨ᠎ᠡ ᠦᠨ᠎ᠡ ᠬᠠᠩᠰᠢ ᠵᠢᠨ ᠪᠠᠷᠢᠮᠵᠢᠶ᠎ᠠ ᠵᠢ 2014 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠥᠷ᠎ᠠᠴᠠ ᠨᠢᠭᠡᠨᠲᠡ ᠵᠢᠩᠬᠢᠨᠢ᠎ᠪᠠᠷ ᠡᠬᠢᠯᠡᠵᠦ ᠬᠡᠷᠡᠭᠵᠢᠭᠦᠯᠪᠡ᠃
ᠬᠦᠲᠥᠯᠥᠭᠴᠢ᠄ ᠦᠭᠡᠷᠡᠴᠢᠯᠡᠯᠲᠡ ᠵᠢᠨ ᠣᠯᠣᠭᠰᠠᠨ ᠭᠤᠣᠯ ᠪᠣᠯᠬᠤ ᠠᠮᠵᠢᠯᠲᠠ ᠵᠢ ᠲᠠ ᠪᠢᠳᠡᠨ᠎ᠳᠤ ᠲᠣᠭ᠋ᠠᠴᠢᠵᠦ ᠦᠭᠭᠦᠨ᠎ᠡ ᠤᠤ?
ᠬᠤ᠌ ᠸᠧᠨ ᠢ᠄
ᠦᠭᠡᠷᠡᠴᠢᠯᠡᠯᠲᠡ ᠦᠨᠡᠬᠡᠷ ᠵᠣᠬᠢᠬᠤ ᠠᠮᠵᠢᠯᠲᠠ ᠣᠯᠪᠠ᠃ ᠵᠢᠱ᠌ᠢᠶᠡᠯᠡᠪᠡᠯ᠂ 2014 ᠣᠨ᠎ᠤ 12 ᠳ᠋ᠤᠭ᠋ᠠᠷ ᠰᠠᠷ᠎ᠠ ᠪᠣᠯᠲᠠᠯ᠎ᠠ᠂ ᠪᠦᠬᠦ ᠣᠷᠣᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠳᠤ ᠣᠨᠣᠰᠢᠯᠠᠭᠤᠯᠤᠨ ᠡᠮᠨᠡᠭᠦᠯᠥᠭᠰᠡᠨ ᠬᠦᠮᠥᠨ ᠤᠳᠠᠭ᠎ᠠ ᠪᠠᠷᠤᠭ 3500 ᠲᠦᠮᠡᠨ ᠬᠦᠮᠥᠨ᠂ ᠡᠮᠨᠡᠯᠭᠡ᠎ᠳᠤ ᠣᠷᠣᠭᠰᠠᠨ ᠬᠦᠮᠥᠨ ᠤᠳᠠᠭ᠎ᠠ᠎ᠨᠢ 205 ᠲᠦᠮᠡᠨ ᠬᠦᠮᠥᠨ ᠪᠠᠶ᠋ᠢᠵᠦ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠭᠡ ᠡᠮᠴᠢ ᠨᠠᠷ ᠡᠳᠥᠷ᠎ᠲᠤ ᠳᠤᠮᠳᠠᠴᠢ᠎ᠪᠠᠷ 5.6 ᠬᠦᠮᠥᠨ ᠤᠳᠠᠭ᠎ᠠ ᠪᠠ ᠡᠳᠥᠷ᠎ᠲᠤ 2.4 ᠣᠷᠣ ᠡᠮᠨᠡᠯᠭᠡ᠎ᠳᠤ ᠰᠠᠭᠤᠯᠭ᠋ᠠᠨ ᠣᠨᠣᠰᠢᠯᠠᠨ ᠡᠮᠨᠡᠵᠦ ᠪᠠᠶ᠋ᠢᠬᠤ ᠪᠦᠭᠡᠳ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠡᠪᠡᠳᠴᠢᠲᠡᠨ᠎ᠤ ᠣᠷᠣ ᠵᠢᠨ ᠬᠡᠷᠡᠭᠯᠡᠯᠲᠡ ᠵᠢᠨ ᠨᠣᠷᠮ᠎ᠠ 76% ᠣᠷᠴᠢᠮ ᠪᠠᠶ᠋ᠢᠵᠦ᠂ ᠴᠦᠮ ᠦᠩᠭᠡᠷᠡᠭᠰᠡᠨᠤᠬᠢᠠᠴᠠ ᠢᠯᠡᠷᠬᠡᠢ ᠳᠡᠭᠡᠭᠰᠢᠯᠡᠭᠰᠡᠨ ᠪᠠᠶ᠋ᠢᠨ᠎ᠠ᠃ ᠡᠮᠨᠡᠯᠭᠡ ᠵᠢᠨ ᠬᠤᠷᠢᠶᠠᠨ᠎ᠤ ᠡᠭᠦᠳᠡᠨ ᠡᠮᠨᠡᠯᠭᠡ ᠵᠢᠨ ᠡᠮ᠎ᠤᠨ ᠵᠠᠷᠤᠳᠠᠯ 42%᠎ᠢ ᠡᠵᠡᠯᠡᠵᠦ᠂ ᠳᠡᠭᠡᠷ᠎ᠡ ᠵᠢᠯ᠎ᠤᠨ᠎ᠬᠢ᠎ᠠᠴᠠ ᠵᠠᠭᠤᠨ᠎ᠤ ᠴᠢᠭ᠋᠎ᠤᠨ 0.5᠎ᠪᠠᠷ ᠪᠠᠭᠤᠷᠠᠪᠠ; ᠡᠮᠨᠡᠯᠭᠡ ᠵᠢᠨ ᠬᠤᠷᠢᠶᠠᠨ᠎ᠳᠤ ᠰᠠᠭᠤᠭᠰᠠᠨ᠎ᠤ ᠡᠮ᠎ᠤᠨ ᠵᠠᠷᠤᠳᠠᠯ 43% ᠵᠢ ᠡᠵᠡᠯᠡᠵᠦ᠂ ᠳᠡᠭᠡᠷ᠎ᠡ ᠵᠢᠯ᠎ᠤᠨ᠎ᠬᠢ᠎ᠠᠴᠠ ᠵᠠᠭᠤᠨ᠎ᠤ ᠴᠢᠭ᠋᠎ᠤᠨ 0.6᠎ᠪᠠᠷ ᠪᠠᠭᠤᠷᠠᠪᠠ᠃ ᠦᠨᠳᠥᠰᠥᠨ ᠱᠠᠲᠤᠨ᠎ᠤ ᠣᠯᠠᠨ ᠲᠦᠮᠡᠨ᠎ᠤ ᠬᠦᠷᠲᠡᠵᠦ ᠪᠦᠬᠦᠢ ᠦᠭᠡᠷᠡᠴᠢᠯᠡᠯᠲᠡ ᠵᠢᠨ ᠠᠰᠢᠭ ᠲᠤᠰᠠ᠎ᠨᠢ ᠬᠠᠰᠢ ᠯᠠ ᠡᠬᠢᠯᠡᠯᠲᠡ᠎ᠳᠡᠭᠡᠨ ᠪᠠᠶ᠋ᠢᠭ᠎ᠠ ᠪᠦᠭᠡᠳ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠ ᠡᠮᠨᠡᠯᠭᠡ ᠵᠢᠨ ᠬᠤᠷᠢᠶᠠᠨ᠎ᠤ ᠶᠡᠷᠥᠩᠬᠡᠶ᠋ᠢᠯᠡᠭᠰᠡᠨ ᠦᠭᠡᠷᠡᠴᠢᠯᠡᠯᠲᠡ ᠵᠢᠨ ᠭᠦᠨᠵᠡᠭᠡᠶ᠋ᠢᠷᠡᠬᠦ ᠵᠢ ᠳᠠᠭ᠋ᠠᠯᠳᠤᠭᠤᠯᠤᠨ᠂ ᠦᠭᠡᠷᠡᠴᠢᠯᠡᠯᠲᠡ ᠵᠢᠨ ᠠᠰᠢᠭ ᠲᠤᠰᠠ ᠵᠢ ᠤᠯᠠᠮ ᠨᠢᠭᠡ ᠠᠯᠬᠤᠮ ᠲᠠᠯᠪᠢᠵᠦ ᠭᠠᠷᠭ᠋ᠠᠬᠤ ᠲᠤᠯᠠ᠂ ᠠᠷᠠᠳ ᠣᠯᠠᠨ ᠨᠡᠩ ᠢᠯᠡᠭᠦᠦ ᠪᠤᠳᠠᠲᠦ ᠠᠰᠢᠭ ᠣᠯᠬᠤ ᠶᠤᠮ᠃
ᠬᠦᠲᠥᠯᠥᠭᠴᠢ᠄ ᠲᠡᠭᠡᠪᠡᠯ᠂ ᠦᠪᠡᠷᠳᠡᠭᠡᠨ ᠵᠠᠰᠠᠬᠤ ᠣᠷᠣᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠵᠢᠨ ᠠᠬᠢᠴᠠ᠎ᠳᠤ ᠭᠤᠣᠯᠳᠠᠭᠤ ᠶᠠᠮᠠᠷ ᠬᠦᠴᠢᠷᠳᠡᠯ ᠲᠤᠯᠭ᠋ᠠᠷᠠᠭᠰᠠᠨ ᠪᠣᠢ?
ᠬᠤ᠌ ᠸᠧᠨ ᠢ᠄
ᠣᠳᠣᠬᠠᠨ᠎ᠳᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠦᠭᠡᠷᠡᠴᠢᠯᠡᠯᠲᠡ ᠪᠡᠷᠬᠡ ᠵᠢ ᠲᠤᠭᠤᠯᠬᠤ᠂ ᠬᠦᠴᠢᠷ ᠠᠰᠠᠭᠤᠳᠠᠯ᠎ᠢ ᠰᠢᠢ᠍ᠳᠪᠥᠷᠢᠯᠡᠬᠦ ᠬᠤᠭᠤᠴᠠᠭ᠋ᠠᠨ᠎ᠳᠤ ᠣᠷᠣᠯ᠎ᠠ ᠭᠡᠵᠦ ᠬᠡᠯᠡᠵᠦ ᠪᠣᠯᠤᠨ᠎ᠠ᠂ ᠬᠦᠴᠢᠷ ᠬᠠᠰᠢᠯᠠ ᠲᠣᠩ ᠠᠷᠪᠢᠨ ᠪᠠᠶ᠋ᠢᠨ᠎ᠠ᠂ ᠬᠡᠳᠥᠶ᠋ᠢᠪᠡᠷ ᠮᠠᠨ᠎ᠤ ᠣᠷᠣᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠵᠣᠬᠢᠬᠤ ᠠᠬᠢᠴᠠ᠎ᠲᠠᠢ ᠪᠣᠯᠣᠭᠰᠠᠨ ᠪᠣᠯᠪᠠᠴᠦ ᠦᠭᠡᠷᠡᠴᠢᠯᠡᠯᠲᠡ ᠵᠢᠨ ᠬᠠᠷᠠᠯᠲᠠ ᠵᠢᠨ ᠱᠠᠭ᠋ᠠᠷᠳᠠᠯᠭ᠎ᠠ ᠵᠢᠴᠢ ᠲᠡᠷᠢᠭᠦᠨ᠎ᠤ ᠭᠠᠵᠠᠷ ᠣᠷᠣᠨ᠎ᠲᠠᠢ ᠬᠠᠷᠢᠴᠠᠭᠤᠯᠪᠠᠯ᠂ ᠪᠠᠰᠠ ᠵᠣᠬᠢᠬᠤ ᠵᠦᠷᠢᠶ᠎ᠡ᠎ᠲᠠᠢ ᠪᠠᠶ᠋ᠢᠭ᠎ᠠ ᠪᠦᠭᠡᠳ ᠬᠤᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠭᠡ ᠵᠢᠨ ᠬᠤᠷᠢᠶᠠᠨ᠎ᠤ ᠶᠡᠷᠥᠩᠬᠡᠶ᠋ᠢᠯᠡᠭᠰᠡᠨ ᠦᠭᠡᠷᠡᠴᠢᠯᠡᠯᠲᠡ ᠵᠢᠨ ᠲᠦᠷᠦ ᠵᠢᠨ ᠪᠣᠳᠤᠯᠭ᠎ᠠ ᠵᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠦ ᠴᠢᠨᠠᠷ᠂ ᠬᠠᠮᠲᠤᠷᠠᠯ᠎ᠲᠦ ᠴᠢᠨᠠᠷ᠎ᠢ ᠴᠢᠩᠭ᠋ᠠᠳᠬᠠᠬᠤ ᠬᠡᠷᠡᠭᠲᠡᠢ ᠪᠠᠶ᠋ᠢᠨ᠎ᠠ᠃ ᠦᠭᠡᠷᠡᠴᠢᠯᠡᠯᠲᠡ ᠵᠢᠨ ᠪᠠᠶ᠋ᠢᠳᠠᠯ᠎ᠠᠴᠠ ᠠᠪᠴᠦ ᠦᠵᠡᠪᠡᠯ᠂ ᠮᠠᠨ᠎ᠤ ᠣᠷᠣᠨ ᠮᠦᠨᠬᠦ ᠠᠩᠬᠠᠨ᠎ᠤ ᠱᠠᠲᠦ ᠦᠶ᠎ᠡ᠎ᠳᠡᠭᠡᠨ ᠣᠷᠣᠰᠢᠵᠦ ᠪᠠᠶ᠋ᠢᠭ᠎ᠠ ᠪᠦᠭᠡᠳ ᠮᠠᠰᠢ ᠣᠯᠠᠨ ᠠᠵᠢᠯ᠎ᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ ᠪᠠᠶ᠋ᠢᠨ᠎ᠠ᠃ ᠵᠢᠱ᠌ᠢᠶᠡᠯᠡᠪᠡᠯ᠂ ᠦᠨ᠎ᠡ ᠬᠠᠩᠰᠢ ᠵᠢᠨ ᠲᠣᠬᠢᠷᠠᠭᠤᠯᠤᠯᠲᠠ ᠵᠢᠨ ᠲᠠᠯ᠎ᠠ᠎ᠪᠠᠷ᠂ ᠡᠳ᠋᠎ᠤᠨ ᠵᠠᠰᠠᠭ᠎ᠤᠨ ᠲᠤᠰᠠᠯᠠᠮᠵᠢ ᠵᠢᠨ ᠲᠠᠯ᠎ᠠ᠎ᠪᠠᠷ᠂ ᠡᠮᠨᠡᠯᠭᠡ ᠵᠢᠨ ᠳᠠᠭ᠋ᠠᠳᠬᠠᠯ᠎ᠤᠨ ᠳᠠᠩᠰᠠ ᠲᠠᠶ᠋ᠢᠯᠬᠤ ᠲᠠᠯ᠎ᠠ᠎ᠪᠠᠷ ᠬᠠᠮᠢᠶ᠎ᠠ ᠪᠦᠬᠦᠢ ᠲᠦᠭᠦᠷ ᠲᠦᠷᠦ ᠵᠢᠨ ᠪᠣᠳᠤᠯᠭ᠎ᠠ ᠵᠢ ᠲᠦᠷᠭᠡᠬᠡᠨ ᠨᠡᠶ᠋ᠢᠲᠡᠯᠡᠵᠦ᠂ ᠲᠡᠭᠦᠯᠳᠡᠷᠵᠢᠭᠦᠯᠬᠦ ᠵᠢᠨ ᠬᠠᠮᠲᠦ ᠨᠠᠶ᠋ᠢᠳᠠᠪᠥᠷᠢᠵᠢᠭᠤᠯᠬᠤ ᠴᠢᠬᠤᠯᠠᠲᠠᠢ ᠪᠠᠶ᠋ᠢᠭ᠎ᠠ᠎ᠨᠢ ᠮᠠᠨ᠎ᠤ ᠣᠶ᠋ᠢᠷ᠎ᠠ ᠵᠢᠨ ᠬᠤᠭᠤᠴᠠᠭ᠋ᠠᠨ᠎ᠤ ᠦᠭᠡᠷᠡᠴᠢᠯᠡᠯᠲᠡ ᠵᠢ ᠲᠦᠯᠬᠢᠨ ᠠᠬᠢᠭᠤᠯᠬᠤ ᠵᠢᠨ ᠭᠤᠣᠯᠳᠠᠯᠭ᠎ᠠ ᠪᠣᠯᠵᠦ ᠪᠠᠶ᠋ᠢᠭ᠎ᠠ ᠲᠤᠯᠠ᠂ ᠦᠨ᠎ᠡ ᠬᠠᠩᠰᠢ ᠵᠢᠨ ᠲᠣᠬᠢᠷᠠᠭᠤᠯᠤᠯᠲᠠ ᠵᠢ ᠣᠷᠣᠨ ᠪᠠᠶ᠋ᠢᠷᠢ᠎ᠳᠤ᠎ᠨᠢ ᠬᠦᠷᠥᠭᠦᠯᠬᠦ᠂ ᠡᠳ᠋᠎ᠤᠨ ᠵᠠᠰᠠᠭ᠎ᠤᠨ ᠲᠤᠰᠠᠯᠠᠮᠵᠢ ᠵᠢ ᠣᠷᠣᠨ ᠪᠠᠶ᠋ᠢᠷᠢ᠎ᠳᠤ᠎ᠨᠢ ᠬᠦᠷᠥᠭᠦᠯᠬᠦ᠂ ᠡᠮᠨᠡᠯᠭᠡ ᠵᠢᠨ ᠳᠠᠭ᠋ᠠᠳᠬᠠᠯ᠎ᠤᠨ ᠳᠠᠩᠰᠠ ᠲᠠᠶ᠋ᠢᠯᠬᠤ ᠵᠢ ᠣᠷᠣᠨ ᠪᠠᠶ᠋ᠢᠷᠢ᠎ᠳᠤ᠎ᠨᠢ ᠬᠦᠷᠥᠭᠦᠯᠬᠦ 《ᠭᠤᠷᠪᠠ ᠵᠢ ᠣᠷᠣᠨ ᠪᠠᠶ᠋ᠢᠷᠢ᠎ᠳᠤ᠎ᠨᠢ ᠬᠦᠷᠥᠭᠦᠯᠬᠦ》 ᠵᠢ ᠴᠢᠷᠮᠠᠶ᠋ᠢᠵᠦ ᠪᠠᠶ᠋ᠢᠭ᠋ᠠᠳ ᠲᠦᠷᠭᠡᠬᠡᠨ ᠭᠦᠢ᠍ᠴᠡᠳᠭᠡᠬᠦ ᠬᠡᠷᠡᠭᠲᠡᠢ ᠪᠠᠶ᠋ᠢᠨ᠎ᠠ᠃
ᠬᠦᠲᠥᠯᠥᠭᠴᠢ᠄ ᠡᠨᠡᠬᠦ 《ᠭᠤᠷᠪᠠ ᠵᠢ ᠣᠷᠣᠨ ᠪᠠᠶ᠋ᠢᠷᠢ᠎ᠳᠤ᠎ᠨᠢ ᠬᠦᠷᠥᠭᠦᠯᠬᠦ》 ᠵᠢ ᠬᠡᠷᠬᠢᠨ ᠲᠠᠶ᠋ᠢᠯᠪᠥᠷᠢᠯᠠᠬᠤ ᠪᠣᠢ᠂ ᠲᠠ ᠮᠠᠨᠳᠤ ᠶᠠᠷᠢᠭ᠋ᠠᠳ ᠦᠭᠭᠦᠨ᠎ᠡ ᠤᠤ?
ᠬᠤ᠌ ᠸᠧᠨ ᠢ᠄
《ᠦᠨ᠎ᠡ ᠬᠠᠩᠰᠢ ᠵᠢᠨ ᠲᠣᠬᠢᠷᠠᠭᠤᠯᠤᠯᠲᠠ ᠵᠢ ᠣᠷᠣᠨ ᠪᠠᠶ᠋ᠢᠷᠢ᠎ᠳᠤ᠎ᠨᠢ ᠬᠦᠷᠥᠭᠦᠯᠬᠦ》 ᠭᠡᠰᠡᠨ᠎ᠨᠢ ᠪᠣᠯ 《ᠶᠡᠷᠥᠩᠬᠡᠢ ᠬᠡᠮᠵᠢᠶ᠎ᠡ ᠵᠢ ᠡᠵᠡᠮᠳᠡᠬᠦ᠂ ᠪᠦᠲᠥᠴᠡ ᠵᠢ ᠲᠣᠬᠢᠷᠠᠭᠤᠯᠬᠤ᠂ ᠦᠰᠥᠯᠲᠡ᠎ᠲᠠᠢ ᠪᠠᠭᠤᠷᠠᠯᠲᠠ᠎ᠲᠠᠢ ᠪᠠᠶ᠋ᠢᠯᠭ᠋ᠠᠵᠦ᠂ ᠠᠯᠬᠤᠮ ᠠᠯᠬᠤᠮ ᠵᠶ᠋ᠠᠷ ᠣᠷᠣᠨ ᠪᠠᠶ᠋ᠢᠷᠢ᠎ᠳᠤ᠎ᠨᠢ ᠬᠦᠷᠥᠭᠦᠯᠬᠦ》 ᠵᠠᠷᠴᠢᠮ᠎ᠤᠨ ᠶᠣᠰᠤᠭ᠋ᠠᠷ᠂ ᠡᠮ᠎ᠤᠨ ᠦᠨᠡᠳᠤ ᠨᠡᠮᠡᠬᠦ ᠬᠡᠰᠡᠭ᠎ᠢ ᠦᠭᠡᠶ᠋ᠢᠰᠭᠡᠨ᠂ ᠲᠣᠮᠦ ᠬᠡᠯᠪᠡᠷᠢ ᠵᠢᠨ ᠲᠦᠬᠦᠭᠡᠷᠥᠮᠵᠢ᠎ᠪᠠᠷ ᠪᠠᠶ᠋ᠢᠴᠠᠭ᠋ᠠᠵᠦ ᠵᠠᠰᠠᠬᠤ ᠪᠠ ᠰᠢᠯᠭ᠋ᠠᠨ ᠪᠠᠶ᠋ᠢᠴᠠᠭ᠋ᠠᠬᠤ ᠦᠨ᠎ᠡ ᠬᠠᠩᠰᠢ ᠵᠢ ᠪᠠᠭᠤᠷᠠᠭᠤᠯᠵᠦ᠂ ᠣᠨᠣᠰᠢᠯᠠᠨ ᠡᠮᠨᠡᠬᠦ᠂ ᠮᠡᠰᠡ ᠵᠠᠰᠠᠯ ᠬᠢᠬᠦ᠂ ᠰᠤᠪᠢᠯᠠᠬᠤ᠂ ᠣᠷᠣ ᠪᠣᠯᠣᠨ ᠮᠣᠩᠭᠤᠯ ᠬᠢᠲᠠᠳ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠦᠢ ᠵᠣᠬᠢᠰᠲᠠᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠡᠮᠴᠢᠯᠡᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠬᠢᠷᠠᠭᠤᠯᠬᠤ ᠵᠢᠨ ᠬᠠᠮᠲᠦ ᠠᠯᠬᠤᠮ ᠠᠯᠬᠤᠮ ᠵᠶ᠋ᠠᠷ ᠰᠢᠯᠤᠭᠤᠳᠬᠠᠬᠤ ᠶᠠᠪᠤᠳᠠᠯ ᠪᠣᠯᠤᠨ᠎ᠠ᠃ ᠣᠳᠣᠬᠠᠨ᠎ᠳᠤ᠂ ᠮᠠᠨ᠎ᠤ ᠣᠷᠣᠨ᠎ᠤ ᠡᠮᠴᠢ ᠵᠢᠨ ᠬᠠᠩᠭ᠋ᠠᠵᠦ ᠪᠦᠬᠦᠢ ᠦᠢ᠍ᠯᠡᠴᠢᠯᠡᠭᠡᠨ᠎ᠤ ᠦᠨ᠎ᠡ ᠬᠠᠩᠰᠢ ᠢᠯᠡᠷᠬᠡᠢ ᠳᠣᠣᠷ᠎ᠠ ᠪᠠᠶ᠋ᠢᠵᠦ᠂ ᠦᠢ᠍ᠯᠡᠴᠢᠯᠡᠭᠡᠨ᠎ᠤ ᠦᠨ᠎ᠡ ᠬᠠᠩᠰᠢ ᠵᠢ᠎ᠨᠢ ᠲᠣᠬᠢᠷᠠᠭᠤᠯᠬᠤ ᠶᠠᠪᠤᠳᠠᠯ ᠭᠡᠳ ᠰᠠᠶᠢ ᠡᠬᠢᠯᠡᠵᠦ᠂ ᠲᠣᠭᠲᠠᠭ᠋ᠠᠭᠰᠠᠨ ᠦᠨ᠎ᠡ ᠬᠠᠩᠰᠢ ᠲᠣᠬᠢᠷᠠᠭᠤᠯᠬᠤ ᠬᠡᠮᠵᠢᠶ᠎ᠡ ᠶᠣᠰᠤᠭ᠋ᠠᠷ ᠪᠣᠯ ᠵᠠᠷᠢᠮ ᠭᠠᠵᠠᠷ᠎ᠤᠳ᠎ᠤᠨ ᠨᠦᠬᠦᠪᠥᠷᠢᠯᠡᠬᠦ᠎ᠨᠢ ᠪᠠᠰᠠ ᠬᠦᠷᠥᠯᠴᠡᠬᠦ ᠦᠭᠡᠢ ᠪᠠᠶ᠋ᠢᠨ᠎ᠠ᠃ ᠪᠢᠳᠡ ᠶᠠᠭ ᠤᠯᠠᠮ ᠨᠢᠭᠡ ᠠᠯᠬᠤᠮ ᠪᠠᠶ᠋ᠢᠴᠠᠭ᠋ᠠᠨ ᠰᠤᠳᠤᠯᠵᠦ᠂ ᠲᠣᠬᠢᠷᠠᠭᠤᠯᠬᠤ ᠰᠠᠨᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠠᠪᠤᠳᠠᠯ᠎ᠢ ᠴᠢᠷᠮᠠᠶ᠋ᠢᠨ ᠲᠦᠯᠬᠢᠨ ᠠᠬᠢᠭᠤᠯᠵᠦ᠂ ᠦᠨ᠎ᠡ ᠬᠠᠩᠰᠢ ᠬᠢᠨᠠᠨ ᠵᠦᠪᠰᠢᠶᠡᠷᠡᠬᠦ᠂ ᠲᠣᠬᠢᠷᠠᠭᠤᠯᠬᠤ ᠡᠷᠬᠡ ᠮᠡᠳᠡᠯ᠎ᠢ ᠠᠶ᠋ᠢᠮᠠᠭ ᠬᠤᠲᠠ ᠪᠣᠯᠣᠨ ᠬᠤᠰᠢᠭᠤ ᠰᠢᠶᠠᠨ᠎ᠳᠤ ᠪᠠᠭᠤᠯᠭ᠋ᠠᠵᠦ᠂ ᠰᠢᠨᠵᠢᠯᠡᠬᠦ ᠤᠬᠠᠭ᠋ᠠᠨᠴᠢ᠎ᠪᠠᠷ ᠲᠦᠰᠥᠭᠡᠯᠡᠨ ᠪᠣᠳᠣᠵᠦ᠂ ᠵᠦᠢ ᠵᠣᠬᠢᠰᠲᠠᠢ ᠲᠣᠬᠢᠷᠠᠭᠤᠯᠤᠨ᠂ ᠲᠣᠬᠢᠷᠠᠭᠤᠯᠤᠭᠰᠠᠨ᠎ᠤ ᠳᠠᠷᠠᠭ᠋ᠠᠬᠢ ᠡᠮᠴᠢᠯᠡᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠡᠮᠴᠢᠯᠡᠭᠡᠨ᠎ᠤ ᠠᠵᠢᠯᠲᠠᠳ᠎ᠤᠨ ᠮᠡᠷᠭᠡᠵᠢᠯ᠎ᠤᠨ ᠬᠦᠳᠡᠯᠮᠥᠷᠢ ᠦᠢ᠍ᠯᠡᠴᠢᠯᠡᠭᠡᠨ᠎ᠤ ᠦᠷᠲᠡᠭ᠎ᠢ ᠬᠠᠷᠠᠭᠤᠯᠬᠤ ᠪᠣᠯᠭ᠋ᠠᠨ᠂ ᠡᠮᠴᠢ ᠨᠠᠷ᠎ᠢ ᠨᠡᠷ᠎ᠡ ᠬᠦᠨᠳᠦ᠎ᠲᠠᠢ ᠠᠵᠢᠯᠯᠠᠭᠤᠯᠬᠤ ᠪᠣᠯᠤᠨ᠎ᠠ᠃ 《ᠡᠳ᠋᠎ᠤᠨ ᠵᠠᠰᠠᠭ᠎ᠠᠴᠠ ᠨᠦᠬᠦᠪᠥᠷᠢᠯᠡᠬᠦ ᠵᠢ ᠤᠷᠣᠨ ᠪᠠᠶ᠋ᠢᠷᠢ᠎ᠳᠤ᠎ᠨᠢ ᠬᠦᠷᠥᠭᠦᠯᠬᠦ》 ᠭᠡᠰᠡᠨ᠎ᠨᠢ ᠪᠣᠯ ᠡᠮᠨᠡᠯᠭᠡ ᠵᠢᠨ ᠬᠤᠷᠢᠶᠠᠨ᠎ᠤ ᠡᠮ᠎ᠤᠨ ᠵᠦᠢ᠍ᠯ᠎ᠳᠤ ᠦᠨ᠎ᠡ ᠨᠡᠮᠡᠬᠦ ᠵᠢ ᠦᠭᠡᠶ᠋ᠢᠰᠭᠡᠭᠰᠡᠨᠠᠴᠠ ᠪᠣᠯᠣᠭᠰᠠᠨ᠎ᠤ ᠬᠠᠰᠤᠭᠳᠠᠭᠰᠠᠨ ᠵᠦᠢ ᠵᠣᠬᠢᠰᠲᠠᠢ ᠣᠷᠣᠯᠭ᠎ᠠ᠎ᠳᠤ ᠡᠳ᠋᠎ᠤᠨ ᠵᠠᠰᠠᠭ᠎ᠠᠴᠠ ᠲᠤᠰᠠᠯᠠᠬᠤ ᠵᠢ ᠬᠡᠯᠡᠵᠦ ᠪᠠᠶ᠋ᠢᠭ᠎ᠠ ᠪᠦᠭᠡᠳ ᠦᠪᠡᠷᠳᠡᠭᠡᠨ ᠵᠠᠰᠠᠬᠤ ᠣᠷᠣᠨ ᠪᠤᠳᠠᠲᠠᠢ ᠨᠦᠬᠦᠪᠥᠷᠢᠯᠡᠬᠦ ᠠᠷᠭ᠎ᠠ ᠵᠢ ᠲᠦᠷᠭᠡᠬᠡᠨ ᠨᠡᠶ᠋ᠢᠲᠡᠯᠡᠵᠦ᠂ ᠦᠪᠡᠷᠳᠡᠭᠡᠨ ᠵᠠᠰᠠᠬᠤ ᠣᠷᠣᠨ᠂ ᠠᠶ᠋ᠢᠮᠠᠭ ᠬᠤᠲᠠ ᠪᠣᠯᠣᠨ ᠬᠤᠰᠢᠭᠤ ᠰᠢᠶᠠᠨ ᠭᠤᠷᠪᠠᠨ ᠱᠠᠲᠤᠨ᠎ᠤ ᠡᠳ᠋᠎ᠤᠨ ᠵᠠᠰᠠᠭ ᠬᠤᠪᠢᠳᠠᠨ ᠡᠭᠦᠷᠭᠡᠯᠡᠬᠦ ᠬᠠᠷᠢᠴᠠᠯ᠎ᠢ ᠲᠣᠳᠤᠷᠬᠠᠶ᠋ᠢᠯᠠᠬᠤ ᠬᠡᠷᠡᠭᠲᠡᠢ᠃ ᠡᠯ᠎ᠡ ᠭᠠᠵᠠᠷ᠎ᠤᠳ ᠨᠦᠬᠦᠪᠥᠷᠢᠯᠡᠬᠦ ᠠᠷᠭ᠎ᠠ ᠵᠢ ᠦᠨᠳᠥᠰᠥᠯᠡᠨ᠂ ᠵᠠᠷᠤᠯᠭ᠎ᠠ ᠵᠢᠨ ᠪᠦᠲᠥᠴᠡ᠎ᠳᠡᠭᠡᠨ ᠴᠠᠭ ᠲᠤᠬᠠᠢᠳᠤᠨᠢ ᠲᠣᠬᠢᠷᠠᠭᠤᠯᠤᠯᠲᠠ ᠬᠢᠵᠦ᠂ ᠲᠤᠰᠠᠯᠠᠬᠤ ᠪᠡᠯᠡ ᠮᠦᠩᠭᠦ ᠵᠢ ᠣᠷᠣᠨ ᠪᠠᠶ᠋ᠢᠷᠢ᠎ᠳᠤ᠎ᠨᠢ ᠬᠦᠷᠥᠭᠦᠯᠥᠨ᠂ ᠡᠮᠨᠡᠯᠭᠡ ᠵᠢᠨ ᠬᠤᠷᠢᠶᠠᠨ᠎ᠤ ᠬᠡᠪ᠎ᠤᠨ ᠠᠵᠢᠯᠯᠠᠭ᠋ᠠᠨ᠎ᠢ ᠦᠨᠡᠨᠬᠦ ᠪᠠᠲᠤᠯᠠᠬᠤ ᠬᠡᠷᠡᠭᠲᠡᠢ᠃ 《ᠡᠮᠨᠡᠯᠭᠡ ᠵᠢᠨ ᠳᠠᠩᠰᠠ ᠲᠠᠶ᠋ᠢᠯᠬᠤ ᠵᠢ ᠣᠷᠣᠨ ᠪᠠᠶ᠋ᠢᠷᠢ᠎ᠳᠤ᠎ᠨᠢ ᠬᠦᠷᠥᠭᠦᠯᠬᠦ》 ᠭᠡᠰᠡᠨ᠎ᠨᠢ ᠪᠣᠯ ᠬᠤᠲᠠ ᠪᠠᠯᠭ᠋ᠠᠰᠦ ᠵᠢᠨ ᠠᠵᠢᠯᠲᠠᠨ ᠠᠵᠢᠯᠴᠢᠨ᠂ ᠡᠰᠡᠭᠦᠯ᠎ᠡ ᠬᠤᠲᠠ ᠪᠠᠯᠭ᠋ᠠᠰᠦ ᠵᠢᠨ ᠰᠠᠭᠤᠭ᠋ᠠᠯᠢ ᠠᠷᠠᠳ᠂ ᠲᠠᠷᠢᠶᠠᠴᠢᠨ ᠮᠠᠯᠴᠢᠨ ᠭᠡᠰᠡᠨ ᠦᠭᠡᠢ᠂ ᠡᠮᠴᠢᠯᠡᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠬᠢᠷᠠᠭᠤᠯᠤᠭᠰᠠᠨ᠎ᠤ ᠳᠠᠷᠠᠭ᠎ᠠ᠂ ᠦᠨ᠎ᠡ ᠬᠠᠩᠰᠢ ᠲᠣᠬᠢᠷᠠᠭᠤᠯᠤᠭ᠋ᠠᠳ ᠨᠡᠮᠡᠭᠳᠡᠭᠰᠡᠨ ᠡᠨᠡᠬᠦ ᠬᠡᠰᠡᠭ ᠵᠠᠷᠤᠳᠠᠯ᠎ᠢ ᠴᠦᠮ ᠡᠮᠨᠡᠯᠭᠡ ᠵᠢᠨ ᠳᠠᠭ᠋ᠠᠳᠬᠠᠯ᠎ᠳᠤ ᠲᠠᠯᠪᠢᠨ ᠳᠠᠩᠰᠠ ᠲᠠᠶ᠋ᠢᠯᠵᠦ᠂ ᠡᠮᠨᠡᠯᠭᠡ ᠵᠢᠨ ᠬᠤᠷᠢᠶᠠᠨ᠎ᠤ ᠬᠡᠪ᠎ᠤᠨ ᠶᠣᠰᠤᠨ᠎ᠤ ᠵᠠᠷᠤᠳᠠᠯ᠎ᠢ ᠡᠵᠡᠯᠡᠨ ᠬᠡᠷᠡᠭᠯᠡᠬᠦ ᠮᠦᠷᠲᠡᠭᠡᠨ ᠪᠠᠰᠠ ᠠᠷᠠᠳ ᠣᠯᠠᠨ᠎ᠤ ᠡᠪᠡᠳᠴᠢᠨ ᠵᠶ᠋ᠠᠨ ᠦᠵᠡᠭᠦᠯᠵᠦ ᠡᠮᠨᠡᠭᠦᠯᠥᠭᠰᠡᠨᠤ ᠡᠭᠦᠷᠭᠡᠯᠡᠯ᠎ᠢ ᠨᠡᠮᠡᠭᠳᠡᠭᠦᠯᠬᠦ ᠦᠭᠡᠢ᠎ᠪᠠᠷ ᠬᠠᠷᠢᠨ ᠡᠮᠨᠡᠯᠭᠡ ᠵᠢᠨ ᠳᠠᠭ᠋ᠠᠳᠬᠠᠯ᠎ᠤᠨ ᠪᠡᠯᠡ ᠮᠦᠩᠭᠦ᠎ᠠᠴᠠ ᠡᠭᠦᠷᠭᠡᠯᠡᠬᠦ ᠪᠣᠯᠤᠨ᠎ᠠ᠃ ᠣᠳᠣ ᠲᠤᠷᠰᠢᠯᠲᠠ ᠵᠢᠨ ᠴᠢᠭ᠋᠎ᠤᠨ ᠬᠤᠰᠢᠭᠤ ᠰᠢᠶᠠᠨ ᠪᠦᠬᠦᠨ ᠠᠯᠪᠠᠨ᠎ᠠᠴᠠ ᠡᠷᠬᠢᠯᠡᠭᠰᠡᠨ ᠡᠮᠨᠡᠯᠭᠡ ᠵᠢᠨ ᠬᠤᠷᠢᠶᠠᠨ᠎ᠤ ᠶᠡᠷᠥᠩᠬᠡᠶ᠋ᠢᠯᠡᠭᠰᠡᠨ ᠦᠭᠡᠷᠡᠴᠢᠯᠡᠯᠲᠡ ᠵᠢ ᠮᠠᠰᠢ ᠴᠢᠬᠤᠯᠠᠴᠢᠯᠠᠨ ᠦᠵᠡᠵᠦ ᠪᠠᠶ᠋ᠢᠭ᠎ᠠ ᠪᠦᠭᠡᠳ ᠦᠭᠡᠷᠡᠴᠢᠯᠡᠯᠲᠡ ᠵᠢᠨ ᠲᠦᠷᠦ ᠵᠢᠨ ᠪᠣᠳᠤᠯᠭ᠎ᠠ ᠵᠢᠨ ᠢᠵᠢ ᠪᠦᠷᠢᠳᠥᠭᠦᠯᠥᠯᠲᠡ ᠵᠢ ᠣᠷᠣᠨ ᠪᠠᠶ᠋ᠢᠷᠢ᠎ᠳᠤ᠎ᠨᠢ ᠬᠦᠷᠥᠭᠦᠯᠬᠦ ᠶᠠᠪᠤᠳᠠᠯ ᠲᠡᠳᠡᠨ᠎ᠳᠤ ᠬᠠᠮᠤᠭ᠎ᠠᠴᠠ ᠪᠠᠴᠢᠮ ᠬᠡᠷᠡᠭᠴᠡᠭᠡ᠎ᠲᠠᠢ ᠪᠠᠶ᠋ᠢᠵᠦ᠂ 《ᠭᠤᠷᠪᠠ ᠵᠢ ᠣᠷᠣᠨ ᠪᠠᠶ᠋ᠢᠷᠢ᠎ᠳᠤ᠎ᠨᠢ ᠬᠦᠷᠥᠭᠦᠯᠬᠦ》᠎ᠨᠢ ᠪᠤᠰᠤᠳ ᠡᠯ᠎ᠡ ᠵᠦᠢ᠍ᠯ᠎ᠤᠨ ᠦᠭᠡᠷᠡᠴᠢᠯᠡᠯᠲᠡ ᠵᠢᠨ ᠠᠵᠢᠯ᠎ᠢ ᠤᠷᠤᠭᠰᠢᠲᠠᠢ ᠲᠦᠯᠬᠢᠨ ᠠᠬᠢᠭᠤᠯᠬᠤ᠎ᠳᠤ ᠠᠰᠢᠭᠲᠠᠢ ᠪᠠᠶ᠋ᠢᠨ᠎ᠠ᠃ ᠬᠡᠷᠪᠡ 《ᠭᠤᠷᠪᠠ ᠵᠢ ᠣᠷᠣᠨ ᠪᠠᠶ᠋ᠢᠷᠢ᠎ᠳᠤ᠎ᠨᠢ ᠬᠦᠷᠥᠭᠦᠯᠬᠦ》 ᠠᠰᠠᠭᠤᠳᠠᠯ᠎ᠢ ᠰᠢᠢ᠍ᠳᠪᠥᠷᠢᠯᠡᠴᠢᠪᠡᠯ᠂ ᠬᠤᠰᠢᠭᠤ ᠰᠢᠶᠠᠨ᠎ᠤ ᠠᠯᠪᠠᠨ᠎ᠠᠴᠠ ᠡᠷᠬᠢᠯᠡᠭᠰᠡᠨ ᠡᠮᠨᠡᠯᠭᠡ ᠵᠢᠨ ᠬᠤᠷᠢᠶᠠᠨ᠎ᠤ ᠶᠡᠷᠥᠩᠬᠡᠶ᠋ᠢᠯᠡᠭᠰᠡᠨ ᠦᠭᠡᠷᠡᠴᠢᠯᠡᠯᠲᠡ ᠵᠢᠨ ᠠᠬᠢᠴᠠ ᠶᠡᠬᠡᠬᠡᠨ ᠲᠦᠷᠭᠡᠳᠬᠦ ᠵᠢᠨ ᠤᠯᠠᠮ ᠵᠶ᠋ᠠᠷ ᠠᠷᠠᠳ ᠣᠯᠠᠨ᠎ᠤ 《ᠡᠪᠡᠳᠴᠢᠨ ᠦᠵᠡᠭᠦᠯᠬᠦ᠎ᠳᠤ ᠬᠦᠴᠢᠷ》᠂ 《ᠡᠪᠡᠳᠴᠢᠨ ᠦᠵᠡᠭᠦᠯᠬᠦ᠎ᠳᠤ ᠦᠨᠡᠲᠡᠢ》 ᠪᠠᠶ᠋ᠢᠬᠤ ᠠᠰᠭᠤᠳᠠᠯ᠎ᠢ ᠰᠢᠢ᠍ᠳᠪᠥᠷᠢᠯᠡᠬᠦ ᠶᠠᠪᠤᠳᠠᠯ ᠠᠯᠬᠤᠮ ᠠᠯᠬᠤᠮ ᠵᠶ᠋ᠠᠷ ᠨᠠᠮᠳᠠᠵᠦ᠂ ᠡᠴᠥᠰᠲᠡᠭᠡᠨ ᠠᠷᠠᠳ ᠣᠯᠠᠨ ᠡᠪᠡᠳᠴᠢᠨ ᠵᠶᠠᠨ ᠦᠵᠡᠭᠦᠯᠵᠦ ᠳᠡᠶ᠋ᠢᠯᠥᠨ᠂ ᠡᠪᠡᠳᠴᠢᠨ ᠵᠶ᠋ᠠᠨ ᠰᠠᠶ᠋ᠢᠲᠤᠷ ᠦᠵᠡᠭᠦᠯᠬᠦ ᠪᠣᠯᠤᠨ᠎ᠠ᠃
ᠬᠦᠲᠥᠯᠥᠭᠴᠢ᠄ ᠲᠡᠭᠡᠪᠡᠯ ᠠᠷᠠᠳ ᠣᠯᠠᠨ ᠡᠪᠡᠳᠴᠢᠨ ᠵᠶ᠋ᠠᠨ ᠦᠵᠡᠭᠦᠯᠬᠦ᠎ᠳᠤ ᠴᠣᠬᠤᠮ᠎ᠳᠠᠭᠠᠨ ᠶᠠᠭᠤᠨ᠎ᠠᠴᠠ ᠪᠣᠯᠤᠭ᠋ᠠᠳ 《ᠬᠦᠴᠢᠷ》 ᠪᠠᠶ᠋ᠢᠭ᠎ᠠ ᠪᠣᠢ᠂ ᠶᠠᠭᠤᠨ᠎ᠠᠴᠠ ᠪᠣᠯᠤᠭ᠋ᠠᠳ 《ᠦᠨᠡᠲᠡᠢ》 ᠪᠠᠶ᠋ᠢᠭ᠎ᠠ ᠪᠣᠢ᠂ ᠡᠭᠦᠨ᠎ᠠᠴᠠ ᠭᠠᠳᠠᠨ᠎ᠠ᠂ ᠠᠷᠠᠳ ᠣᠯᠠᠨ ᠪᠠᠰᠠ ᠶᠠᠭᠤᠨ᠎ᠳᠤ ᠰᠡᠳᠭᠢᠯ ᠲᠠᠯᠪᠢᠵᠦ ᠪᠠᠶ᠋ᠢᠭ᠎ᠠ ᠪᠣᠢ?
ᠬᠤ᠌ ᠸᠧᠨ ᠢ᠄
ᠦᠩᠭᠡᠷᠡᠭᠰᠡᠨ᠎ᠳᠤ ᠡᠮᠨᠡᠯᠭᠡ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ ᠨᠡᠯᠢᠶᠡᠳ ᠪᠠᠴᠢᠮ ᠪᠠᠶ᠋ᠢᠵᠦ᠂ ᠭᠠᠴᠠᠭ᠎ᠠ ᠲᠣᠰᠬᠤᠨ᠎ᠤ ᠡᠷᠡᠭᠦᠯ ᠬᠠᠮᠠᠭ᠋ᠠᠯᠠᠯ᠎ᠤᠨ ᠦᠷᠥᠭᠡ ᠨᠡᠶ᠋ᠢᠳᠡᠮᠵᠢᠭᠡᠳᠥᠢ ᠮᠦᠷᠲᠡᠭᠡᠨ ᠨᠦᠬᠦᠴᠡᠯ᠎ᠨᠢ ᠮᠠᠰᠢ ᠪᠦᠳᠥᠭᠦᠯᠢᠭ᠂ ᠰᠢᠶᠠᠩ ᠪᠠᠯᠭ᠋ᠠᠰᠦ ᠵᠢᠨ ᠡᠷᠡᠭᠦᠯ ᠬᠠᠮᠠᠭ᠋ᠠᠯᠠᠯ᠎ᠤᠨ ᠬᠤᠷᠢᠶ᠎ᠠ ᠪᠠᠶ᠋ᠢᠯ᠎ᠠ ᠴᠦ᠍ ᠭᠡᠰᠡᠨ ᠪᠦᠷᠢᠨᠰᠢᠭᠡᠳᠥᠢ ᠲᠤᠯᠠ᠂ ᠠᠷᠠᠳ ᠣᠯᠠᠨ ᠡᠪᠡᠳᠴᠢᠨ ᠵᠶ᠋ᠠᠨ ᠦᠵᠡᠭᠦᠯᠬᠦ᠎ᠳᠤ ᠡᠮᠴᠢ ᠪᠤᠶᠤ ᠡᠮᠨᠡᠯᠭᠡ ᠵᠢᠨ ᠬᠤᠷᠢᠶ᠎ᠠ ᠣᠯᠳᠠᠬᠤ ᠦᠭᠡᠢ᠂ ᠡᠮᠨᠡᠯᠭᠡ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ ᠬᠤᠮᠰᠠᠳᠠᠵᠦ ᠪᠠᠶ᠋ᠢᠭᠰᠠᠨ ᠪᠣᠯᠬᠤᠷ 《ᠬᠦᠴᠢᠷ》 ᠪᠠᠶ᠋ᠢᠭᠰᠠᠨ ᠪᠠᠶ᠋ᠢᠨ᠎ᠠ᠃ ᠰᠢᠨ᠎ᠡ ᠨᠢᠭᠡᠨ ᠡᠭᠡᠯᠵᠢ ᠵᠢᠨ ᠡᠮ ᠡᠮᠨᠡᠯᠭᠡ ᠡᠷᠡᠭᠢᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠦᠭᠡᠷᠡᠴᠢᠯᠡᠯᠲᠡ᠎ᠠᠴᠠ ᠨᠠᠰᠢ᠂ 《ᠦᠨᠳᠥᠰᠥᠨ ᠵᠦᠢ᠍ᠯ᠎ᠢ ᠪᠠᠲᠤᠯᠠᠬᠤ᠂ ᠦᠨᠳᠥᠰᠥᠨ ᠱᠠᠲᠦ ᠵᠢ ᠬᠦᠴᠥᠷᠬᠡᠭᠵᠢᠭᠦᠯᠬᠦ᠂ ᠲᠣᠭᠲᠠᠴᠠ ᠪᠠᠶ᠋ᠢᠭᠤᠯᠬᠤ》᠎ᠪᠠᠷ ᠳᠠᠮᠵᠢᠭᠤᠯᠤᠨ᠂ ᠦᠨᠳᠥᠰᠥᠨ ᠱᠠᠲᠦ ᠠᠯᠬᠤᠮ ᠠᠯᠬᠤᠮ ᠵᠶ᠋ᠠᠷ ᠬᠦᠴᠥᠷᠬᠡᠭᠵᠢᠵᠦ ᠢᠷᠡᠪᠡ᠂ ᠣᠳᠣ ᠭᠠᠴᠠᠭ᠎ᠠ ᠲᠣᠰᠬᠤᠨ ᠨᠢᠭᠡᠪᠥᠷᠢ᠎ᠳᠤ ᠴᠦᠮ ᠡᠷᠡᠭᠦᠯ ᠬᠠᠮᠠᠭ᠋ᠠᠯᠠᠯ᠎ᠤᠨ ᠦᠷᠥᠭᠡ᠎ᠲᠠᠢ᠂ ᠰᠢᠶᠠᠩ ᠪᠠᠯᠭ᠋ᠠᠰᠦ ᠨᠢᠭᠡᠪᠥᠷᠢ᠎ᠳᠤ ᠠᠳᠠᠭ᠎ᠲᠠᠭᠠᠨ ᠨᠢᠭᠡ ᠡᠷᠡᠭᠦᠯ ᠬᠠᠮᠠᠭ᠋ᠠᠯᠠᠯ᠎ᠤᠨ ᠬᠤᠷᠢᠶ᠎ᠠ᠎ᠲᠠᠢ᠂ ᠬᠤᠰᠢᠭᠤ ᠰᠢᠶᠠᠨ ᠨᠢᠭᠡᠪᠥᠷᠢ᠎ᠳᠤ ᠰᠢᠶᠠᠨ᠎ᠤ ᠱᠠᠲᠤᠨ᠎ᠤ ᠡᠮᠨᠡᠯᠭᠡ ᠵᠢᠨ ᠬᠤᠷᠢᠶ᠎ᠠ ᠠᠳᠠᠭ᠎ᠲᠠᠭᠠᠨ ᠬᠤᠶᠠᠷ ᠪᠠᠶ᠋ᠢᠵᠦ᠂ ᠬᠠᠲᠠᠭᠤ ᠬᠡᠷᠡᠭᠰᠡᠯ᠎ᠤᠨ ᠲᠣᠬᠢᠷᠠᠭᠤᠯᠤᠯᠲᠠ ᠵᠢᠨ ᠲᠠᠯ᠎ᠠ᠎ᠠᠴᠠ ᠠᠪᠴᠦ ᠦᠵᠡᠪᠡᠯ᠂ ᠣᠯᠠᠨ ᠲᠦᠮᠡᠨ᠎ᠤ ᠡᠪᠡᠳᠴᠢᠨ ᠵᠶ᠋ᠠᠨ ᠦᠵᠡᠭᠦᠯᠬᠦ᠎ᠳᠤ ᠬᠦᠴᠢᠷ ᠪᠠᠶ᠋ᠢᠬᠤ ᠠᠰᠠᠭᠤᠳᠠᠯ᠎ᠢ ᠦᠨᠳᠥᠰᠥᠨ᠎ᠳᠡᠭᠡᠨ ᠰᠢᠢ᠍ᠳᠪᠥᠷᠢᠯᠡᠪᠡ᠃ ᠭᠡᠪᠡᠴᠦ ᠡᠪᠡᠳᠴᠢᠨ ᠦᠵᠡᠭᠦᠯᠵᠦ ᠪᠠᠶ᠋ᠢᠭ᠎ᠠ ᠬᠦᠮᠥᠰ᠎ᠠᠴᠠ ᠠᠪᠴᠦ ᠦᠵᠡᠪᠡᠯ᠂ ᠣᠯᠠᠨ ᠲᠦᠮᠡᠨ᠎ᠤ ᠠᠮᠢᠳᠤᠷᠠᠯ᠎ᠤᠨ ᠬᠢᠷᠢ ᠬᠡᠮᠵᠢᠶ᠎ᠡ ᠪᠣᠯᠣᠨ ᠡᠮᠴᠢᠯᠡᠭᠡ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢᠨ ᠳᠡᠭᠡᠭᠰᠢᠯᠡᠬᠦ ᠵᠢ ᠳᠠᠭ᠋ᠠᠯᠳᠤᠨ᠂ ᠴᠦᠭᠡᠨ ᠪᠣᠰᠦ ᠡᠪᠡᠳᠴᠢᠲᠡᠨ ᠬᠠᠷᠢᠨ ᠳᠡᠭᠡᠳᠦ ᠱᠠᠲᠤᠨ᠎ᠤ ᠡᠮᠨᠡᠯᠭᠡ ᠵᠢᠨ ᠬᠤᠷᠢᠶᠠᠨ᠎ᠳᠤ ᠣᠴᠢᠵᠦ ᠪᠠᠶ᠋ᠢᠬᠤ᠎ᠠᠴᠠ ᠪᠣᠯᠤᠭ᠋ᠠᠳ ᠰᠢᠶᠠᠩ ᠪᠠᠯᠭ᠋ᠠᠰᠦ ᠵᠢᠨ ᠡᠷᠡᠭᠦᠯ ᠬᠠᠮᠠᠭ᠋ᠠᠯᠠᠯ᠎ᠤᠨ ᠬᠤᠷᠢᠶ᠎ᠠ ᠪᠠᠰᠠ ᠬᠡᠰᠡᠭ ᠵᠠᠷᠢᠮ ᠬᠤᠰᠢᠭᠤ ᠰᠢᠶᠠᠨ᠎ᠤ ᠡᠮᠨᠡᠯᠭᠡ ᠵᠢᠨ ᠬᠤᠷᠢᠶᠠᠨ᠎ᠳᠤ ᠡᠮᠴᠢ ᠨᠠᠷ ᠡᠳᠥᠷ ᠪᠦᠷᠢ ᠡᠪᠡᠳᠴᠢᠲᠡᠨ᠎ᠢ ᠬᠦᠯᠢᠶᠡᠬᠦ ᠦᠵᠡᠭᠳᠡᠯ ᠭᠠᠷᠴᠦ᠂ 《ᠡᠪᠡᠳᠴᠢᠨ ᠦᠵᠡᠭᠦᠯᠬᠦ ᠬᠦᠴᠢᠷ》 ᠪᠠᠶ᠋ᠢᠭᠰᠠᠨ ᠶᠠᠪᠤᠳᠠᠯ᠎ᠳᠤ ᠰᠢᠨ᠎ᠡ ᠬᠤᠪᠢᠷᠠᠯᠲᠠ ᠭᠠᠷᠪᠠ᠂ ᠡᠨᠡ᠎ᠨᠢ ᠪᠤᠳᠠᠲᠠᠢ ᠬᠤᠶᠠᠷ ᠲᠠᠯ᠎ᠠ᠎ᠪᠠᠷ ᠢᠯᠡᠷᠡᠵᠦ ᠪᠣᠢ᠄
ᠨᠢᠭᠡ᠎ᠳᠤ᠂ ᠶᠡᠭᠡ ᠡᠮᠨᠡᠯᠭᠡ ᠵᠢᠨ ᠬᠤᠷᠢᠶᠠᠨ᠎ᠤ ᠲᠦᠬᠦᠭᠡᠷᠥᠮᠵᠢ᠎ᠨᠢ ᠲᠡᠷᠢᠭᠦᠨ᠎ᠤ᠂ ᠦᠢ᠍ᠯᠡᠴᠢᠯᠡᠬᠦ ᠴᠢᠳᠠᠪᠥᠷᠢ᠎ᠨᠢ ᠴᠢᠩᠭ᠎ᠠ ᠪᠣᠯᠬᠤᠷ ᠬᠦᠮᠥᠨ ᠠᠷᠪᠢᠳᠤᠭ᠋ᠠᠳ ᠵᠣᠪᠠᠯᠠᠩ ᠪᠣᠯᠵᠦ᠂ ᠶᠡᠷᠦ᠎ᠠᠴᠠ ᠳ᠋ᠤᠭ᠋ᠠᠷ ᠣᠯᠬᠤ᠎ᠳᠤ ᠬᠦᠴᠢᠷ ᠪᠠᠶ᠋ᠢᠵᠦ᠂ ᠡᠪᠡᠳᠴᠢᠨ ᠦᠵᠡᠭᠦᠯᠬᠦ᠂ ᠪᠠᠶ᠋ᠢᠴᠠᠭ᠋ᠠᠯᠭ᠋ᠠᠬᠤ᠎ᠳᠤ ᠮᠦᠷᠯᠡᠭᠡᠳ ᠤᠳᠠᠭ᠋ᠠᠨ ᠴᠠᠭ ᠵᠶ᠋ᠠᠷ ᠬᠦᠯᠢᠶᠡᠬᠦ ᠴᠢᠬᠤᠯᠠᠲᠠᠢ ᠪᠦᠭᠡᠳ ᠨᠡᠷ᠎ᠡ᠎ᠲᠠᠢ ᠲᠤᠰᠬᠠᠢ ᠮᠡᠷᠭᠡᠵᠢᠲᠡᠨ ᠵᠶ᠋ᠠᠷ ᠡᠪᠡᠳᠴᠢᠨ ᠦᠵᠡᠭᠦᠯᠬᠦ᠎ᠳᠤ ᠨᠡᠩ ᠪᠡᠷᠬᠡ ᠪᠠᠶ᠋ᠢᠳᠠᠭ;
ᠬᠤᠶᠠᠷ᠎ᠲᠤ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠡᠮᠨᠡᠯᠭᠡ ᠵᠢᠨ ᠬᠤᠷᠢᠶᠠᠨ᠎ᠤ ᠬᠡᠪᠴᠢᠶ᠎ᠡ᠎ᠨᠢ ᠶᠡᠭᠡ᠂ ᠠᠵᠢᠯᠯᠠᠭ᠋ᠠᠨ᠎ᠤ ᠦᠪᠡᠷ᠎ᠤᠨ ᠦᠷᠲᠡᠭ᠎ᠨᠢ ᠦᠨᠳᠥᠷ᠂ ᠵᠠᠷᠤᠳᠠᠯ ᠬᠤᠷᠢᠶᠠᠬᠤ᠎ᠨᠢ ᠶᠡᠭᠡ ᠪᠣᠯᠬᠤᠷ᠂ ᠶᠡᠬᠡᠩᠬᠢ ᠲᠣᠭ᠋ᠠᠨ᠎ᠤ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠲᠤ ᠠᠪᠴᠦ ᠬᠡᠯᠡᠪᠡᠯ᠂ 《ᠡᠪᠡᠳᠴᠢᠨ ᠦᠵᠡᠭᠦᠯᠬᠦ᠎ᠳᠤ ᠦᠨᠡᠲᠡᠢ》 ᠪᠠᠶ᠋ᠢᠬᠤ ᠵᠢ ᠪᠡᠶ᠎ᠡ᠎ᠪᠠᠷ ᠵᠶ᠋ᠠᠨ ᠦᠩᠭᠡᠷᠡᠭᠡᠭᠡᠳ᠂ ᠬᠡᠳᠥᠶ᠋ᠢᠪᠡᠷ ᠡᠮᠨᠡᠯᠭᠡ ᠵᠢᠨ ᠳᠠᠭ᠋ᠠᠳᠬᠠᠯ᠎ᠳᠤ ᠳᠠᠩᠰᠠ ᠲᠠᠶ᠋ᠢᠯᠤᠭᠰᠠᠨᠤ ᠳᠠᠷᠠᠭ᠎ᠠ᠂ ᠡᠪᠡᠳᠴᠢᠲᠡᠨ ᠪᠠᠰᠠ ᠡᠮᠴᠢᠯᠡᠭᠡᠨ᠎ᠤ ᠵᠣᠬᠢᠬᠤ ᠵᠠᠷᠤᠳᠠᠯ᠎ᠢ ᠡᠭᠦᠷᠭᠡᠯᠡᠬᠦ ᠬᠡᠷᠡᠭᠲᠡᠢ ᠲᠤᠯᠠ᠂ ᠡᠭᠦᠨ᠎ᠠᠴᠠ ᠪᠣᠯᠤᠭ᠋ᠠᠳ ᠪᠠᠰᠠ ᠨᠦᠭᠦᠭᠡ ᠨᠢᠭᠡ ᠲᠠᠯ᠎ᠠ ᠵᠢᠨ ᠡᠪᠡᠳᠴᠢᠨ ᠦᠵᠡᠭᠦᠯᠬᠦ᠎ᠳᠤ ᠬᠦᠴᠢᠷ ᠪᠠᠶ᠋ᠢᠬᠤ᠎ᠳᠤ ᠬᠦᠷᠥᠭᠦᠯᠵᠦ ᠪᠠᠶ᠋ᠢᠨ᠎ᠠ᠃ ᠡᠶ᠋ᠢᠮᠦ᠎ᠠᠴᠠ᠂ ᠡᠪᠡᠳᠴᠢᠨ ᠦᠵᠡᠭᠦᠯᠬᠦ᠎ᠳᠤ ᠬᠦᠴᠢᠷ᠂ ᠡᠪᠡᠳᠴᠢᠨ ᠦᠵᠡᠭᠦᠯᠬᠦ᠎ᠳᠤ ᠦᠨ᠎ᠡ᠎ᠲᠠᠢ ᠪᠠᠶ᠋ᠢᠬᠤ ᠰᠢᠨ᠎ᠡ ᠠᠰᠠᠭᠤᠳᠠᠯ᠎ᠢ ᠰᠢᠢ᠍ᠳᠪᠥᠷᠢᠯᠡᠬᠦ᠎ᠳᠤ᠂ ᠬᠤᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠥᠩᠬᠡᠶ᠋ᠢᠯᠡᠭᠰᠡᠨ ᠦᠭᠡᠷᠡᠴᠢᠯᠡᠯᠲᠡ ᠵᠢ ᠲᠦᠷᠭᠡᠳᠭᠡᠨ ᠠᠬᠢᠭᠤᠯᠵᠦ᠂ ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭ᠋ᠠᠳ ᠴᠢᠳᠠᠪᠥᠷᠢᠲᠠᠨ ᠬᠦᠮᠥᠵᠢᠭᠦᠯᠵᠦ᠂ ᠴᠢᠳᠠᠪᠥᠷᠢᠲᠠᠨ ᠣᠷᠣᠭᠤᠯᠵᠦ ᠢᠷᠡᠨ᠂ ᠴᠢᠳᠠᠪᠥᠷᠢᠲᠠᠨ ᠦᠯᠡᠳᠡᠭᠡᠨ ᠠᠪᠴᠦ᠂ ᠬᠤᠰᠢᠭᠤ ᠰᠢᠶᠠᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠵᠦᠭᠡᠯᠡᠨ ᠪᠤᠳᠠᠲᠦ ᠬᠦᠴᠥ᠎ᠨᠢ ᠶᠡᠬᠡᠪᠡᠷ ᠳᠡᠭᠡᠭᠰᠢᠯᠡᠭᠦᠯᠬᠦ᠎ᠨᠢ ᠪᠠᠰᠠᠴᠦ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠵᠢᠨ ᠴᠢᠬᠤᠯᠠ ᠠᠭᠤᠯᠭ᠎ᠠ ᠪᠣᠯᠤᠨ᠎ᠠ᠃ ᠲᠡᠭᠡᠪᠡᠯ ᠪᠠᠰᠠ ᠠᠷᠠᠳ᠎ᠲᠤ ᠲᠦᠬᠦᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠲᠠᠯ᠎ᠠ᠎ᠪᠠᠷ᠂ ᠠᠵᠢᠯ ᠵᠶ᠋ᠠᠨ ᠦᠷᠭᠦᠯᠵᠢᠯᠡᠨ ᠪᠤᠳᠠᠲᠠᠢ ᠬᠢᠵᠦ᠂ ᠠᠷᠠᠳ ᠣᠯᠠᠨ᠎ᠤ ᠡᠪᠡᠳᠴᠢᠨ ᠵᠶ᠋ᠠᠨ ᠦᠵᠡᠭᠦᠯᠵᠦ ᠡᠮᠨᠡᠭᠦᠯᠬᠦ᠎ᠳᠤᠨᠢ ᠠᠯᠢ ᠪᠣᠯᠬᠤᠶ᠋ᠢᠴᠠ ᠲᠦᠬᠦᠮ ᠬᠠᠩᠭ᠋ᠠᠬᠤ ᠬᠡᠷᠡᠭᠲᠡᠢ ᠪᠠᠶ᠋ᠢᠨ᠎ᠠ᠃ ᠡᠭᠦᠨ᠎ᠠᠴᠠ ᠭᠠᠳᠠᠨ᠎ᠠ᠂ ᠦᠢ᠍ᠯᠡᠴᠢᠯᠡᠭᠡᠨ᠎ᠤ ᠴᠢᠳᠠᠪᠥᠷᠢ᠎ᠪᠠᠨ ᠳᠡᠭᠡᠭᠰᠢᠯᠡᠭᠦᠯᠥᠨ᠂ ᠦᠢ᠍ᠯᠡᠴᠢᠯᠡᠬᠦ ᠣᠪᠣᠷ ᠵᠶ᠋ᠠᠨ ᠬᠠᠯᠠᠨ ᠰᠠᠶ᠋ᠢᠵᠢᠷᠠᠭᠤᠯᠵᠦ᠂ ᠡᠮᠴᠢ ᠪᠠ ᠡᠪᠡᠳᠴᠢᠲᠡᠨ᠎ᠤ ᠡᠶ᠎ᠡ ᠵᠣᠬᠢᠴᠠᠯ᠎ᠲᠠᠢ ᠬᠠᠷᠢᠴᠠᠭ᠎ᠠ ᠵᠢ ᠪᠠᠶ᠋ᠢᠭᠤᠯᠬᠤ᠎ᠨᠢ ᠮᠦᠨᠴᠦ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠵᠢᠨ ᠬᠠᠷᠠᠯᠲᠠ ᠪᠣᠯᠤᠨ᠎ᠠ᠃ ᠡᠳᠡᠭᠡᠷ ᠪᠣᠯ ᠠᠷᠠᠳ ᠣᠯᠠᠨ᠎ᠤ ᠮᠠᠰᠢ ᠰᠡᠳᠭᠢᠯ ᠲᠠᠯᠪᠢᠵᠦ ᠪᠠᠶ᠋ᠢᠭ᠎ᠠ ᠶᠠᠪᠤᠳᠠᠯ ᠪᠣᠯᠤᠨ᠎ᠠ᠃
ᠬᠦᠲᠥᠯᠥᠭᠴᠢ᠄ ᠮᠠᠨ᠎ᠤ ᠣᠷᠣᠨ᠎ᠤ ᠬᠤᠰᠢᠭᠤ ᠰᠢᠶᠠᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠳᠠᠷᠠᠭ᠎ᠠ ᠠᠯᠬᠤᠮ᠎ᠳᠤ ᠪᠠᠰᠠ ᠶᠠᠮᠠᠷ ᠶᠠᠮᠠᠷ ᠠᠵᠢᠯ᠎ᠢ ᠰᠠᠶ᠋ᠢᠲᠤᠷ ᠠᠳᠬᠤᠬᠤ ᠬᠡᠷᠡᠭᠲᠡᠢ ᠪᠤᠢ?
ᠬᠤ᠌ ᠸᠧᠨ ᠢ᠄ ᠡᠨᠡ ᠵᠢᠯ᠂ ᠮᠠᠨ᠎ᠤ ᠣᠷᠣᠨ᠎ᠤ ᠬᠤᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠥᠩᠬᠡᠶ᠋ᠢᠯᠡᠭᠰᠡᠨ ᠦᠭᠡᠷᠡᠴᠢᠯᠡᠯᠲᠡ ᠵᠢ ᠤᠯᠤᠰ᠎ᠤᠨ ᠱᠠᠭ᠋ᠠᠷᠳᠠᠯᠭ᠎ᠠ ᠵᠢ ᠦᠨᠳᠥᠰᠥᠯᠡᠨ ᠪᠦᠬᠦ ᠲᠠᠯ᠎ᠠ᠎ᠪᠠᠷ ᠳᠡᠯᠭᠡᠷᠡᠭᠦᠯᠬᠦ ᠲᠤᠯᠠ᠂ ᠴᠠᠭ ᠨᠡᠯᠢᠶᠡᠳ ᠪᠠᠴᠢᠮ ᠪᠠᠶ᠋ᠢᠵᠦ᠂ ᠨᠢᠭᠡᠲᠥᠯᠲᠡᠢ ᠲᠦᠯᠥᠪᠯᠡᠨ ᠠᠬᠢᠭᠤᠯᠬᠤ ᠴᠢᠬᠤᠯᠠᠲᠠᠢ ᠭᠤᠣᠯᠳᠠᠯᠭ᠎ᠠ᠎ᠲᠠᠢ ᠡᠭᠦᠷᠭᠡ ᠪᠠᠰᠠ ᠮᠠᠰᠢ ᠠᠷᠪᠢᠨ᠂ ᠮᠠᠰᠢ ᠨᠦᠰᠡᠷ ᠬᠦᠨᠳᠦ ᠪᠣᠯᠬᠤᠷ᠂ ᠲᠦᠯᠬᠢᠨ ᠠᠬᠢᠭᠤᠯᠬᠤ ᠡᠷᠴᠢᠮ ᠵᠶ᠋ᠠᠨ ᠤᠯᠠᠮ ᠨᠢᠭᠡ ᠠᠯᠬᠤᠮ ᠨᠡᠮᠡᠭᠳᠡᠭᠦᠯᠬᠦ ᠴᠢᠬᠤᠯᠠᠲᠠᠢ ᠪᠠᠶ᠋ᠢᠵᠦ᠂ ᠳᠣᠣᠷᠠᠬᠢ ᠬᠡᠳᠥᠨ ᠲᠠᠯ᠎ᠠ ᠵᠢᠨ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠠᠳᠬᠤᠬᠤ ᠬᠡᠷᠡᠭᠲᠡᠢ ᠪᠠᠶ᠋ᠢᠨ᠎ᠠ᠄
ᠨᠢᠭᠡ᠎ᠳᠤ᠂ ᠰᠢᠶᠠᠨ᠎ᠤ ᠬᠡᠪᠴᠢᠶᠡᠨ᠎ᠤ ᠡᠮᠨᠡᠯᠭᠡ ᠵᠢᠨ ᠡᠬᠢ ᠪᠠᠶᠠᠯᠢᠭ᠎ᠤᠨ ᠲᠤᠬᠢᠷᠠᠭᠤᠯᠤᠯᠲᠠ ᠵᠢ ᠰᠢᠯᠢᠳᠡᠭᠵᠢᠭᠦᠯᠬᠦ ᠲᠠᠯ᠎ᠠ᠎ᠪᠠᠷ᠂ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠴᠢᠳᠠᠮᠵᠢ ᠵᠢᠨ ᠣᠷᠣᠨ ᠪᠠᠶ᠋ᠢᠷᠢ ᠵᠢ ᠤᠯᠠᠮ ᠨᠢᠭᠡ ᠠᠯᠬᠤᠮ ᠲᠣᠳᠤᠷᠬᠠᠶ᠋ᠢᠯᠠᠨ᠂ ᠦᠨᠳᠥᠰᠥᠨ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠬᠠᠩᠭ᠋ᠠᠬᠤ ᠲᠠᠯ᠎ᠠ ᠵᠢᠨ ᠬᠠᠷᠢᠭᠤᠴᠴᠠᠯᠭᠠᠪᠠᠨ ᠭᠦᠢ᠍ᠴᠡᠳᠭᠡᠬᠦ ᠵᠢ᠎ᠨᠢ ᠲᠦᠯᠬᠢᠨ ᠠᠬᠢᠭᠤᠯᠤᠨ᠎ᠠ᠃
ᠬᠤᠶᠠᠷ᠎ᠲᠤ᠂ ᠬᠠᠮᠢᠶᠠᠷᠤᠯᠲᠠ ᠵᠢᠨ ᠪᠠᠶ᠋ᠢᠭᠤᠯᠤᠯ᠎ᠢ ᠦᠭᠡᠷᠡᠴᠢᠯᠡᠬᠦ ᠲᠠᠯ᠎ᠠ᠎ᠪᠠᠷ᠂ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠠᠮᠵᠢᠯᠲᠠ ᠪᠦᠲᠥᠮᠵᠢ ᠵᠢ ᠬᠢᠨᠠᠨ ᠰᠢᠯᠭ᠋ᠠᠬᠤ ᠠᠷᠭ᠎ᠠ ᠵᠢ ᠲᠣᠭᠲᠠᠭ᠋ᠠᠨ᠂ ᠴᠢᠳᠠᠮᠵᠢ ᠵᠢᠨ ᠣᠷᠣᠨ ᠪᠠᠶ᠋ᠢᠷᠢ᠂ ᠨᠡᠶ᠋ᠢᠲᠡ ᠵᠢᠨ ᠠᠰᠠᠷᠠᠮᠵᠢ ᠵᠢᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠭᠡᠬᠦ᠂ ᠵᠠᠷᠤᠳᠠᠯ᠎ᠢ ᠬᠢᠵᠠᠭ᠋ᠠᠷᠯᠠᠬᠤ᠂ ᠠᠵᠢᠯᠯᠠᠭ᠋ᠠᠨ᠎ᠤ ᠦᠷ᠎ᠡ ᠪᠦᠲᠥᠮᠵᠢ ᠪᠠ ᠨᠡᠶ᠋ᠢᠭᠡᠮ᠎ᠤᠨ᠎ᠬᠢᠨ᠎ᠤ ᠬᠠᠨᠤᠮᠵᠢ ᠵᠢᠨ ᠬᠡᠮᠵᠢᠶ᠎ᠡ ᠵᠡᠷᠭᠡ ᠬᠢᠨᠠᠨ ᠰᠢᠯᠭ᠋ᠠᠬᠤ ᠭᠦᠢ᠍ᠴᠡᠳᠭᠡᠬᠦ ᠲᠤᠭ᠎ᠠ ᠵᠢ ᠲᠣᠪᠣᠶ᠋ᠢᠯᠭ᠋ᠠᠨ᠂ ᠬᠤᠰᠢᠭᠤ ᠰᠢᠶᠠᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠠᠮᠵᠢᠯᠲᠠ ᠪᠦᠲᠥᠮᠵᠢ ᠵᠢ ᠬᠢᠨᠠᠨ ᠰᠢᠯᠭ᠋ᠠᠬᠤ ᠵᠢᠴᠢ ᠬᠤᠷᠢᠶᠠᠨ ᠳᠠᠷᠤᠭ᠎ᠠ ᠵᠢᠨ ᠣᠨ᠎ᠤ ᠪᠠ ᠲᠤᠰᠢᠶᠠᠯ᠎ᠤᠨ ᠬᠤᠭᠤᠴᠠᠭ᠋ᠠᠨ᠎ᠤ ᠬᠠᠷᠢᠭᠤᠴᠠᠯᠭ᠎ᠠ ᠵᠢ ᠬᠢᠨᠠᠨ ᠰᠢᠯᠭ᠋ᠠᠬᠤ ᠵᠢ ᠦᠷᠨᠢᠭᠦᠯᠥᠨ᠎ᠡ; ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠪᠠᠶ᠋ᠢᠷᠢ ᠰᠠᠭᠤᠷᠢ ᠪᠣᠯᠣᠨ ᠡᠵᠡᠩᠨᠡᠯᠲᠡ ᠬᠠᠮᠢᠶᠠᠷᠤᠯᠲᠠ ᠵᠢᠨ ᠡᠵᠡᠨ ᠮᠡᠳᠡᠬᠦ ᠡᠷᠬᠡ ᠵᠢ ᠨᠠᠶ᠋ᠢᠳᠠᠪᠥᠷᠢᠵᠢᠭᠤᠯᠵᠦ᠂ ᠬᠤᠰᠢᠭᠤ ᠰᠢᠶᠠᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠵᠢ ᠵᠠᠰᠠᠭ ᠵᠠᠬᠢᠷᠭ᠋ᠠᠨᠴᠢᠯᠠᠬᠤ ᠵᠢ ᠲᠦᠯᠬᠢᠨ ᠠᠬᠢᠭᠤᠯᠵᠦ᠂ ᠡᠮᠨᠡᠯᠭᠡ ᠵᠢᠨ ᠬᠤᠷᠢᠶᠠᠨ᠎ᠤ ᠵᠠᠰᠠᠭ ᠵᠠᠬᠢᠷᠭ᠋ᠠᠨ᠎ᠤ ᠲᠡᠰᠢ ᠠᠯᠬᠤᠮ ᠠᠯᠬᠤᠮ ᠵᠶ᠋ᠠᠷ ᠦᠭᠡᠶ᠋ᠢᠰᠭᠡᠨᠡ᠃
ᠬᠤ᠌ ᠸᠧᠨ ᠢ᠄
ᠭᠤᠷᠪᠠ᠎ᠳᠤ᠂ ᠡᠮ᠎ᠤᠨ ᠵᠦᠢ᠍ᠯ ᠬᠠᠩᠭ᠋ᠠᠬᠤ ᠪᠠᠲᠤᠯᠠᠭ᠎ᠠ ᠵᠢᠨ ᠳᠦᠷᠢᠮ᠎ᠢ ᠲᠡᠭᠦᠯᠳᠡᠷᠵᠢᠭᠦᠯᠬᠦ ᠲᠠᠯ᠎ᠠ᠎ᠪᠠᠷ᠂ ᠲᠣᠭᠲᠠᠭ᠋ᠠᠭᠰᠠᠨ ᠡᠮ᠎ᠤᠨ ᠵᠦᠢ᠍ᠯ᠎ᠢ ᠳᠠᠭ᠋ᠠᠭ᠋ᠠᠴᠢᠯᠠᠯᠲᠠ ᠣᠯᠣᠭᠰᠠᠨ ᠦᠢ᠍ᠯᠡᠳᠪᠥᠷᠢᠯᠡᠬᠦ ᠠᠵᠦ ᠠᠬᠤᠶ᠋ᠢᠯᠠᠯ᠎ᠠᠴᠠ ᠰᠢᠭᠤᠳ ᠲᠣᠬᠢᠷᠠᠭᠤᠯᠤᠨ ᠬᠦᠷᠭᠡᠬᠦ ᠪᠤᠶᠤ ᠲᠣᠬᠢᠷᠠᠭᠤᠯᠤᠨ ᠬᠦᠷᠭᠡᠬᠦ ᠴᠢᠳᠠᠪᠥᠷᠢ᠎ᠲᠠᠢ ᠡᠵᠡᠩᠨᠡᠯᠲᠡ ᠵᠢᠨ ᠠᠵᠦ ᠠᠬᠤᠶ᠋ᠢᠯᠠᠯ᠎ᠳᠤ ᠦᠪᠡᠷ ᠵᠶ᠋ᠠᠨ ᠨᠠᠶ᠋ᠢᠳᠠᠵᠦ ᠵᠢᠭ᠋ᠠᠨ ᠲᠣᠭᠲᠠᠭ᠋ᠠᠭᠰᠠᠨ ᠡᠮᠨᠡᠯᠭᠡ ᠵᠢᠨ ᠬᠤᠷᠢᠶᠠᠨ᠎ᠳᠤ ᠲᠣᠬᠢᠷᠠᠭᠤᠯᠤᠨ ᠬᠦᠷᠭᠡᠯᠡᠭᠡᠵᠦ ᠪᠣᠯᠬᠤ ᠪᠦᠭᠡᠳ ᠵᠠᠪᠰᠠᠷ᠎ᠤᠨ ᠭᠤᠭᠴᠤᠭ᠎ᠠ ᠵᠢ ᠪᠠᠭ᠋ᠠᠰᠬᠠᠨ᠎ᠠ᠃ ᠠᠭᠯᠠᠭ ᠪᠣᠶ᠋ᠢᠳᠠ᠂ ᠵᠠᠮ ᠬᠠᠷᠢᠯᠴᠠᠭ᠎ᠠ ᠲᠦᠬᠦᠮ ᠦᠭᠡᠢ ᠭᠠᠵᠠᠷ ᠣᠷᠣᠨ᠎ᠤ ᠡᠮ᠎ᠤᠨ ᠵᠦᠢ᠍ᠯ᠎ᠢ ᠲᠣᠬᠢᠷᠠᠭᠤᠯᠤᠨ ᠬᠦᠷᠭᠡᠬᠦ ᠶᠠᠪᠤᠳᠠᠯ᠎ᠢ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠲᠦᠯᠥᠪᠯᠡᠭᠡᠲᠦ ᠦᠷᠡᠵᠢᠯ᠎ᠤᠨ ᠰᠠᠯᠠᠭ᠎ᠠ ᠮᠦᠴᠢᠷ᠎ᠠᠴᠠ ᠬᠤᠯᠠ ᠣᠶ᠋ᠢᠷ᠎ᠠ ᠵᠢ᠎ᠨᠢ ᠤᠶᠠᠯᠳᠤᠭᠤᠯᠬᠤ᠂ ᠬᠤᠲᠠ ᠬᠦᠳᠡᠭᠡ ᠵᠢ ᠬᠠᠮᠲᠤᠷᠠᠯᠴᠠᠭᠤᠯᠬᠤ ᠵᠠᠷᠴᠢᠮ᠎ᠤᠨ ᠶᠣᠰᠤᠭ᠋ᠠᠷ᠂ ᠲᠣᠬᠢᠷᠠᠭᠤᠯᠤᠨ ᠬᠦᠷᠭᠡᠬᠦ ᠵᠢᠨ ᠲᠦᠪᠯᠡᠷᠡᠴᠡ ᠵᠢ᠎ᠨᠢ ᠳᠡᠭᠡᠭᠰᠢᠯᠡᠭᠦᠯᠥᠨ᠂ ᠰᠢᠶᠠᠨ ᠰᠢᠶᠠᠩ ᠲᠣᠰᠬᠤᠨ᠎ᠢ ᠨᠢᠭᠡ ᠴᠣᠭᠴᠠᠵᠢᠭᠤᠯᠤᠨ ᠲᠣᠬᠢᠷᠠᠭᠤᠯᠤᠨ ᠬᠦᠷᠭᠡᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠥᠨ᠎ᠡ᠃
ᠳᠦᠷᠪᠡ᠎ᠳᠤ᠂ ᠡᠮᠨᠡᠯᠭᠡ ᠵᠢᠨ ᠳᠠᠭ᠋ᠠᠳᠬᠠᠯ᠎ᠤᠨ ᠵᠠᠷᠤᠴᠠᠭᠤᠯᠭ᠎ᠠ ᠵᠢᠨ ᠳᠦᠷᠢᠮ᠎ᠢ ᠦᠭᠡᠷᠡᠴᠢᠯᠡᠬᠦ ᠲᠠᠯ᠎ᠠ᠎ᠪᠠᠷ᠂ ᠡᠪᠡᠳᠴᠢᠨ᠎ᠤ ᠲᠦᠷᠥᠯ ᠵᠶ᠋ᠠᠷ᠎ᠨᠢ ᠵᠠᠷᠤᠳᠠᠯ ᠦᠭᠬᠦ᠎ᠪᠠᠷ ᠭᠤᠣᠯ ᠪᠣᠯᠭ᠋ᠠᠨ᠂ ᠬᠦᠮᠥᠨ ᠵᠶ᠋ᠠᠷ᠎ᠨᠢ᠂ ᠣᠷᠣ ᠪᠠ ᠡᠳᠥᠷ ᠵᠶ᠋ᠠᠷ᠎ᠨᠢ ᠵᠡᠷᠭᠡ ᠨᠡᠶ᠋ᠢᠯᠡᠮᠡᠯ ᠮᠠᠶᠢᠭ᠎ᠤᠨ ᠵᠠᠷᠤᠳᠠᠯ ᠦᠭᠬᠦ ᠠᠷᠭ᠎ᠠ ᠮᠠᠶᠢᠭ᠎ᠤᠨ ᠦᠭᠡᠷᠡᠴᠢᠯᠡᠯᠲᠡ ᠵᠢ ᠦᠷᠭᠦᠯᠵᠢᠯᠡᠨ ᠶᠠᠪᠤᠭᠤᠯᠬᠤ ᠬᠡᠷᠡᠭᠲᠡᠢ᠃ ᠡᠮᠴᠢᠯᠡᠭᠡᠨ᠎ᠤ ᠠᠷᠭ᠎ᠠ ᠵᠠᠮ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠣᠨᠣᠰᠢᠯᠠᠨ ᠡᠮᠨᠡᠬᠦ ᠡᠪᠡᠳᠴᠢᠨ᠎ᠤ ᠲᠦᠷᠥᠯ᠎ᠤᠨ ᠬᠡᠪᠴᠢᠶ᠎ᠡ ᠵᠢ ᠲᠣᠳᠤᠷᠬᠠᠶ᠋ᠢᠯᠠᠵᠦ᠂ ᠲᠣᠬᠢᠷᠠᠬᠤ ᠡᠮᠴᠢᠯᠡᠭᠡᠨ᠎ᠤ ᠠᠷᠭ᠎ᠠ ᠵᠠᠮ᠂ ᠵᠤᠷ᠎ᠢ ᠬᠠᠮᠲᠤᠷᠠᠭᠤᠯᠤᠨ ᠣᠨᠣᠰᠢᠯᠠᠨ ᠡᠮᠨᠡᠬᠦ ᠵᠢᠷᠤᠮᠵᠢᠯ᠎ᠢ ᠪᠠᠶ᠋ᠢᠭᠤᠯᠤᠨ᠎ᠠ᠃
ᠲᠠᠪᠤ᠎ᠳᠤ᠂ ᠡᠮᠨᠡᠯᠭᠡ ᠵᠢᠨ ᠬᠤᠷᠢᠶᠠᠨ᠎ᠤ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ᠂ ᠬᠤᠷᠢᠶᠠᠨ ᠳᠠᠷᠤᠭ᠎ᠠ ᠬᠠᠷᠢᠭᠤᠴᠠᠬᠤ ᠳᠦᠷᠢᠮ᠎ᠢ ᠨᠠᠶ᠋ᠢᠳᠠᠪᠥᠷᠢᠵᠢᠭᠤᠯᠤᠨ᠂ ᠬᠤᠷᠢᠶᠠᠨ ᠳᠠᠷᠤᠭ᠎ᠠ ᠵᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳᠦᠷᠢᠮ ᠪᠠᠶ᠋ᠢᠭᠤᠯᠤᠨ᠂ ᠬᠤᠷᠢᠶᠠᠨ ᠳᠠᠷᠤᠭ᠎ᠠ ᠵᠢ ᠲᠤᠰᠬᠠᠢ ᠠᠵᠢᠯ᠎ᠤᠨ ᠪᠣᠯᠭ᠋ᠠᠬᠤ ᠪᠠ ᠲᠤᠰᠬᠠᠶ᠋ᠢᠵᠢᠭᠤᠯᠬᠤ ᠪᠠᠶ᠋ᠢᠭᠤᠯᠤᠯᠲᠠ ᠵᠢ ᠲᠦᠯᠬᠢᠨ ᠠᠬᠢᠭᠤᠯᠵᠦ᠂ ᠬᠤᠷᠢᠶᠠᠨ ᠳᠠᠷᠤᠭ᠎ᠠ ᠵᠢᠨ ᠣᠷᠣᠯᠭ᠎ᠠ ᠵᠢ ᠡᠮᠨᠡᠯᠭᠡ ᠵᠢᠨ ᠬᠤᠷᠢᠶᠠᠨ᠎ᠤ ᠠᠵᠦ ᠠᠬᠤᠢ ᠵᠢᠨ ᠣᠷᠣᠯᠭᠠᠯᠤᠭᠠ ᠰᠢᠭᠤᠳ ᠬᠤᠯᠪᠤᠭᠳᠠᠭᠤᠯᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ; ᠡᠮᠨᠡᠯᠭᠡ ᠵᠢᠨ ᠠᠵᠢᠯᠲᠠᠳ᠎ᠢ ᠦᠨᠡᠯᠡᠬᠦ ᠳᠦᠷᠢᠮ᠎ᠢ ᠲᠡᠭᠦᠯᠳᠡᠷᠵᠢᠭᠦᠯᠥᠨ᠂ ᠮᠡᠷᠭᠡᠵᠢᠯ᠎ᠤᠨ ᠴᠢᠳᠠᠪᠥᠷᠢ ᠪᠠ ᠦᠢ᠍ᠯᠡᠴᠢᠯᠡᠭᠡᠨ᠎ᠤ ᠶᠠᠰᠦ ᠴᠢᠨᠠᠷ᠎ᠤᠨ ᠬᠢᠨᠠᠨ ᠰᠢᠯᠭ᠋ᠠᠬᠤ ᠵᠢ ᠲᠣᠪᠣᠶ᠋ᠢᠯᠭ᠋ᠠᠵᠦ᠂ ᠬᠢᠨᠠᠨ ᠰᠢᠯᠭ᠋ᠠᠭᠰᠠᠨ ᠦᠷ᠎ᠡ ᠳ᠋ᠦᠩ᠎ᠢ ᠡᠮᠨᠡᠯᠭᠡ ᠵᠢᠨ ᠠᠵᠢᠯᠲᠠᠳ᠎ᠢ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠬᠦ᠂ ᠮᠡᠷᠭᠡᠵᠢᠯ᠎ᠤᠨ ᠴᠤᠯᠠ ᠳᠡᠪᠰᠢᠭᠦᠯᠬᠦ᠂ ᠬᠤᠪᠢ ᠬᠦᠮᠥᠨ᠎ᠤ ᠴᠠᠯᠢᠩ ᠬᠦᠯᠥᠰᠦᠯᠦᠭᠡᠨᠢ ᠬᠤᠯᠪᠤᠭᠳᠠᠭᠤᠯᠵᠦ᠂ 《ᠡᠮ᠎ᠢ ᠬᠡᠲᠥᠷᠡᠲᠡᠯ᠎ᠡ ᠬᠡᠷᠡᠭᠯᠡᠬᠦ》᠂ 《ᠬᠡᠲᠥᠷᠡᠲᠡᠯ᠎ᠡ ᠡᠮᠨᠡᠨ ᠵᠠᠰᠠᠬᠤ》 ᠵᠡᠷᠭᠡ ᠠᠰᠠᠭᠤᠳᠠᠯ᠎ᠢ ᠰᠢᠢ᠍ᠳᠪᠥᠷᠢᠯᠡᠬᠦ ᠶᠠᠪᠤᠳᠠᠯ᠎ᠢ ᠠᠬᠢᠭᠤᠯᠤᠨ᠂ ᠡᠮᠨᠡᠯᠭᠡ ᠵᠢᠨ ᠠᠵᠢᠯᠲᠠᠳ᠎ᠤᠨ ᠠᠵᠢᠯ᠎ᠤᠨ ᠢᠳᠡᠪᠬᠢᠵᠢᠯ᠎ᠢ᠎ᠨᠢ ᠭᠦᠢ᠍ᠴᠡᠳ ᠳᠠᠶ᠋ᠢᠴᠢᠯᠠᠨ᠎ᠠ᠃
ᠵᠢᠷᠭᠤᠭ᠎ᠠ᠎ᠳᠤ᠂ ᠳᠡᠭᠡᠳᠦ ᠱᠠᠲᠦ ᠪᠠ ᠳᠣᠣᠷᠠᠲᠦ ᠱᠠᠲᠦ᠎ᠪᠠᠷ ᠵᠶ᠋ᠠᠨ ᠬᠠᠮᠲᠤᠷᠠᠨ ᠬᠦᠳᠡᠯᠥᠯᠴᠡᠬᠦ ᠵᠢ ᠴᠢᠩᠭ᠋ᠠᠳᠬᠠᠬᠤ ᠲᠠᠯ᠎ᠠ᠎ᠪᠠᠷ᠂ ᠱᠠᠲᠦ ᠬᠤᠪᠢᠶᠠᠨ ᠣᠨᠣᠰᠢᠯᠠᠨ ᠡᠮᠨᠡᠬᠦ ᠳᠦᠷᠢᠮ ᠪᠠᠶ᠋ᠢᠭᠤᠯᠬᠤ ᠵᠢ ᠲᠦᠯᠬᠢᠨ ᠠᠬᠢᠭᠤᠯᠵᠦ᠂ ᠰᠢᠶᠠᠨ᠂ ᠰᠢᠶᠠᠩ᠂ ᠲᠣᠰᠬᠤᠨ᠎ᠤ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠴᠢᠳᠠᠮᠵᠢ ᠵᠢᠨ ᠣᠷᠣᠨ ᠪᠠᠶ᠋ᠢᠷᠢ ᠪᠠ ᠦᠢ᠍ᠯᠡᠴᠢᠯᠡᠭᠡᠨ᠎ᠤ ᠴᠢᠳᠠᠪᠥᠷᠢ ᠵᠢᠨ ᠲᠣᠭᠤᠷᠢᠨ᠎ᠳᠤ᠂ ᠡᠯ᠎ᠡ ᠱᠠᠲᠤᠨ᠎ᠤ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠣᠨᠣᠰᠢᠯᠠᠨ ᠡᠮᠨᠡᠬᠦ ᠭᠤᠣᠯ ᠡᠪᠡᠳᠴᠢᠨ᠎ᠤ ᠲᠦᠷᠥᠯᠢ ᠲᠣᠭᠲᠠᠭ᠋ᠠᠨ᠂ ᠡᠮᠨᠡᠯᠭᠡ᠎ᠳᠤ ᠣᠷᠣᠬᠤ ᠭᠠᠷᠬᠤ ᠪᠠ ᠰᠢᠯᠵᠢᠭᠦᠯᠥᠨ ᠣᠨᠣᠰᠢᠯᠠᠬᠤ ᠪᠠᠷᠢᠮᠵᠢᠶ᠎ᠠ ᠵᠢ ᠲᠣᠳᠤᠷᠬᠠᠶ᠋ᠢᠯᠠᠵᠦ᠂ ᠦᠨᠳᠥᠰᠥᠨ ᠱᠠᠲᠦ ᠠᠩᠬ᠎ᠠ ᠣᠨᠣᠰᠢᠯᠠᠬᠤ᠂ ᠬᠤᠶᠠᠷ ᠲᠠᠯ᠎ᠠ᠎ᠪᠠᠷ ᠵᠶ᠋ᠠᠨ ᠰᠢᠯᠵᠢᠭᠦᠯᠥᠨ ᠣᠨᠣᠰᠢᠯᠠᠬᠤ᠂ ᠲᠦᠷᠭᠡᠨ ᠴᠢᠨᠠᠷᠲᠠᠢ ᠪᠠ ᠤᠳᠠᠭ᠋ᠠᠨ ᠴᠢᠨᠠᠷᠲᠠᠢ ᠡᠪᠡᠳᠴᠢᠨ᠎ᠢ ᠬᠤᠪᠢᠶᠠᠨ ᠵᠠᠰᠠᠬᠤ᠂ ᠳᠡᠭᠡᠳᠦ ᠱᠠᠲᠦ ᠪᠠ ᠳᠣᠣᠷᠠᠲᠦ ᠱᠠᠲᠦ᠎ᠪᠠᠷ ᠵᠶ᠋ᠠᠨ ᠬᠠᠮᠲᠤᠷᠠᠨ ᠬᠦᠳᠡᠯᠥᠯᠴᠡᠭᠰᠡᠨ ᠣᠨᠣᠰᠢᠯᠠᠨ ᠡᠮᠨᠡᠬᠦ ᠵᠠᠭᠪᠤᠷ᠎ᠢ ᠠᠯᠬᠤᠮ ᠠᠯᠬᠤᠮ ᠵᠶ᠋ᠠᠷ ᠪᠠᠶ᠋ᠢᠭᠤᠯᠬᠤ ᠬᠡᠷᠡᠭᠲᠡᠢ᠃
ᠳᠣᠯᠤᠭ᠎ᠠ᠎ᠳᠤ᠂ ᠵᠣᠬᠢᠶᠠᠨ ᠪᠠᠶ᠋ᠢᠭᠤᠯᠤᠨ ᠶᠠᠪᠤᠭᠳᠠᠭᠤᠯᠬᠤ ᠲᠠᠯ᠎ᠠ᠎ᠪᠠᠷ᠂ ᠡᠭᠦᠷᠭᠡ ᠬᠤᠪᠢᠶᠠᠷᠢᠯᠠᠭᠰᠠᠨ ᠲᠦᠰᠥᠯᠢ ᠴᠢᠩᠭ᠎ᠠ ᠨᠠᠶ᠋ᠢᠳᠠᠪᠥᠷᠢᠵᠢᠭᠤᠯᠵᠦ᠂ ᠰᠠᠯᠠᠭ᠎ᠠ ᠮᠦᠴᠢᠷ᠎ᠤᠨ ᠬᠤᠭᠤᠷᠣᠨᠳᠦ ᠵᠢᠨ ᠬᠠᠮᠲᠤᠷᠠᠨ ᠬᠠᠮᠵᠢᠯᠴᠠᠬᠤ ᠵᠢ ᠴᠢᠩᠭ᠋ᠠᠳᠬᠠᠨ᠂ ᠦᠭᠡᠷᠡᠴᠢᠯᠡᠯᠲᠡ ᠵᠢᠨ ᠨᠡᠶ᠋ᠢᠯᠡᠮᠡᠯ ᠬᠦᠴᠥ᠎ᠨᠢ ᠪᠣᠢ ᠪᠣᠯᠭ᠋ᠠᠬᠤ ᠬᠡᠷᠡᠭᠲᠡᠢ; ᠬᠢᠨᠠᠨ ᠵᠢᠯᠤᠭᠤᠳᠴᠦ ᠪᠠᠶ᠋ᠢᠴᠠᠭ᠋ᠠᠬᠤ ᠵᠢ ᠴᠠᠭ ᠬᠤᠭᠤᠴᠠᠭ᠋ᠠᠨ᠎ᠳᠤ᠎ᠨᠢ ᠲᠣᠬᠢᠷᠠᠭᠤᠯᠤᠨ ᠦᠷᠨᠢᠭᠦᠯᠵᠦ᠂ ᠠᠰᠠᠭᠤᠳᠠᠯ᠎ᠢ ᠴᠠᠭ ᠲᠤᠬᠠᠢᠳᠤᠨᠢ ᠣᠯᠵᠦ ᠮᠡᠳᠡᠬᠦ ᠪᠠ ᠰᠢᠢ᠍ᠳᠪᠥᠷᠢᠯᠡᠨ᠂ ᠨᠡᠶ᠋ᠢᠲᠡᠯᠢᠭ ᠵᠢᠱ᠌ᠢᠶ᠎ᠡ ᠪᠣᠢ ᠪᠣᠯᠭ᠋ᠠᠨ ᠳᠡᠯᠭᠡᠷᠡᠭᠦᠯᠬᠦ ᠬᠡᠷᠡᠭᠲᠡᠢ; ᠡᠯ᠎ᠡ ᠭᠠᠵᠠᠷ᠎ᠤᠨ᠎ᠬᠢᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠵᠢ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠮᠵᠢᠯᠲᠠ ᠪᠦᠲᠥᠮᠵᠢ ᠵᠢ ᠬᠢᠨᠠᠨ ᠰᠢᠯᠭ᠋ᠠᠬᠤ ᠠᠭᠤᠯᠭ᠎ᠠ᠎ᠳᠠᠭᠠᠨ ᠣᠷᠣᠭᠤᠯᠵᠦ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶ᠎ᠠ ᠵᠢ ᠬᠢᠨᠠᠨ ᠰᠢᠯᠭ᠋ᠠᠵᠦ ᠦᠨᠡᠯᠡᠬᠦ ᠶᠠᠪᠤᠳᠠᠯ᠎ᠢ ᠴᠢᠩᠭ᠋ᠠᠷᠠᠭᠤᠯᠬᠤ ᠵᠢ ᠢᠳᠡᠪᠬᠢᠲᠠᠢ᠎ᠪᠠᠷ ᠲᠦᠯᠬᠢᠨ ᠠᠬᠢᠭᠤᠯᠬᠤ ᠬᠡᠷᠡᠭᠲᠡᠢ᠃ ᠶᠡᠷᠥᠩᠬᠡᠢ᠎ᠳᠤᠨᠢ ᠠᠪᠴᠦ ᠬᠡᠯᠡᠪᠡᠯ᠂ ᠬᠤᠰᠢᠭᠤ ᠰᠢᠶᠠᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠪᠣᠯ ᠠᠷᠠᠳ᠎ᠤᠨ ᠠᠮᠢᠳᠤᠷᠠᠯ᠎ᠤᠨ ᠨᠢᠭᠡ ᠵᠦᠢ᠍ᠯ᠎ᠤᠨ ᠴᠢᠬᠤᠯᠠ ᠶᠡᠭᠡ ᠪᠦᠭᠡᠳ ᠪᠤᠳᠤᠯᠢᠶᠠᠨᠲᠠᠢ ᠢᠨᠵᠧᠨᠧᠷᠢᠩ ᠪᠣᠯᠬᠤ ᠲᠤᠯᠠ᠂ ᠦᠭᠡᠷᠡᠴᠢᠯᠡᠯᠲᠡ ᠵᠢ ᠲᠦᠯᠬᠢᠨ ᠤᠷᠤᠭᠰᠢᠯᠠᠭᠤᠯᠬᠤ᠎ᠳᠤ ᠣᠯᠠᠨ ᠲᠠᠯ᠎ᠠ᠎ᠪᠠᠷ ᠵᠡᠷᠭᠡ᠎ᠳᠤ᠎ᠨᠢ ᠶᠠᠪᠤᠭᠳᠠᠭᠤᠯᠵᠦ᠂ ᠦᠭᠡᠷᠡᠴᠢᠯᠡᠯᠲᠡ ᠵᠢᠨ ᠠᠷᠭ᠎ᠠ ᠪᠠᠷᠢᠯ᠎ᠨᠢ ᠡᠮᠨᠡᠯᠭᠡ ᠵᠢᠨ ᠬᠤᠷᠢᠶᠠᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷ᠎ᠢ ᠬᠠᠮᠠᠭ᠋ᠠᠯᠠᠬᠤ ᠬᠡᠷᠡᠭᠲᠡᠢ ᠮᠦᠷᠲᠡᠭᠡᠨ ᠪᠠᠰᠠ ᠡᠮᠨᠡᠯᠭᠡ ᠵᠢᠨ ᠠᠵᠢᠯᠲᠠᠳ᠎ᠤᠨ ᠢᠳᠡᠪᠬᠢᠵᠢᠯ᠎ᠢ ᠳᠠᠶ᠋ᠢᠴᠢᠯᠠᠵᠦ᠂ ᠪᠠᠰᠠ ᠡᠮᠨᠡᠯᠭᠡ ᠵᠢᠨ ᠬᠤᠷᠢᠶᠠᠨ᠎ᠤ ᠬᠦᠭᠵᠢᠯᠲᠡ ᠵᠢᠨ ᠦᠷᠭᠦᠯᠵᠢᠯᠡᠬᠦ ᠴᠢᠨᠠᠷ᠎ᠢ ᠪᠠᠲᠤᠯᠠᠬᠤ ᠬᠡᠷᠡᠭᠲᠡᠢ᠃ ᠪᠢᠲᠡ ᠰᠤᠳᠤᠯᠤᠯᠲᠠ ᠬᠢᠬᠦ᠎ᠪᠠᠨ ᠴᠢᠩᠭ᠋ᠠᠳᠬᠠᠨ᠂ ᠴᠦᠬᠦᠷᠡᠯ ᠦᠭᠡᠢ ᠴᠢᠷᠮᠠᠶ᠋ᠢᠵᠦ᠂ ᠦᠭᠡᠷᠡᠴᠢᠯᠡᠯᠲᠡ ᠵᠢᠨ ᠬᠠᠷᠠᠯᠲᠠ ᠵᠢᠨ ᠱᠠᠭ᠋ᠠᠷᠳᠠᠯᠭ᠎ᠠ ᠵᠢ ᠡᠷᠲᠡᠬᠡᠨ ᠪᠡᠶᠡᠯᠡᠭᠦᠯᠬᠦ᠎ᠪᠠᠷ ᠴᠢᠷᠮᠠᠶ᠋ᠢᠨ᠎ᠠ᠃ ᠬᠦᠲᠥᠯᠥᠭᠴᠢ᠄ ᠲᠠᠨ᠎ᠤ ᠶᠠᠷᠢᠭᠰᠠᠨ ᠲᠣᠩ ᠮᠠᠭᠲᠠᠭᠤᠰᠢᠲᠠᠢ ᠪᠠᠶ᠋ᠢᠨ᠎ᠠ᠃ ᠦᠭᠡᠷᠡᠴᠢᠯᠡᠯᠲᠡ ᠵᠢ ᠲᠦᠯᠬᠢᠨ ᠤᠷᠤᠭᠰᠢᠯᠠᠭᠤᠯᠬᠤ ᠡᠳᠡᠭᠡᠷ ᠠᠷᠭ᠎ᠠ ᠬᠡᠮᠵᠢᠶ᠎ᠡ᠎ᠨᠦᠭᠦᠳ ᠦᠨᠡᠬᠡᠷ ᠪᠤᠲᠠᠲᠠᠢ ᠮᠦᠷᠲᠡᠭᠡᠨ ᠲᠤᠰᠠᠲᠠᠢ᠃
ᠰᠦᠯᠵᠢᠶᠡᠨ᠎ᠤ ᠠᠨᠳᠠ ᠴᠡᠩᠬᠡᠷ ᠣᠭᠲᠠᠷᠭᠤᠢ ᠴᠠᠭ᠋ᠠᠨ ᠡᠭᠦᠯᠡ᠄
ᠬᠦᠮᠥᠰ᠎ᠤᠨ ᠬᠦᠰᠡᠵᠦ ᠪᠠᠶ᠋ᠢᠭᠰᠠᠨ᠎ᠢ ᠬᠤ᠌ ᠡᠷᠬᠢᠯᠡᠭᠴᠢ ᠲᠠ ᠦᠨᠡᠬᠡᠷ ᠶᠠᠷᠢᠵᠦ ᠭᠠᠷᠭ᠋ᠠᠯ᠎ᠠ᠂ ᠠᠷᠠᠳ ᠣᠯᠠᠨ᠎ᠤ 《ᠡᠪᠡᠳᠴᠢᠨ ᠵᠶ᠋ᠠᠨ ᠦᠵᠡᠭᠦᠯᠬᠦ᠎ᠳᠤ ᠬᠦᠴᠢᠷ ᠪᠠᠶ᠋ᠢᠬᠤ᠂ ᠦᠨᠡᠲᠡᠢ ᠪᠠᠶ᠋ᠢᠬᠤ》 ᠠᠰᠠᠭᠤᠳᠠᠯ ᠠᠯᠬᠤᠮ ᠠᠯᠬᠤᠮ ᠵᠶ᠋ᠠᠷ ᠰᠢᠢ᠍ᠳᠪᠥᠷᠢᠯᠡᠭᠳᠡᠬᠦ ᠶᠤᠮ ᠪᠠᠶ᠋ᠢᠨ᠎ᠠ᠃
ᠬᠦᠲᠥᠯᠥᠭᠴᠢ᠄ ᠴᠠᠭ᠎ᠤᠨ ᠬᠠᠷᠠᠭ᠎ᠠ᠎ᠠᠴᠠ ᠪᠣᠯᠤᠭ᠋ᠠᠳ ᠦᠨᠥᠳᠥᠷ᠎ᠤᠨ ᠰᠤᠷᠪᠤᠯᠵᠢᠯᠠᠨ ᠶᠠᠷᠢᠯᠴᠠᠬᠤ᠎ᠪᠠᠨ ᠠᠳᠡ ᠬᠦᠷᠭᠡᠶ᠎ᠡ᠃ ᠬᠤ᠌ ᠡᠷᠬᠢᠯᠡᠭᠴᠢ ᠶᠠᠭ᠋ᠠᠷᠠᠤ ᠪᠠᠶ᠋ᠢᠲᠠᠯ᠎ᠠ᠎ᠪᠠᠨ ᠮᠠᠨ᠎ᠤ ᠰᠦᠯᠵᠢᠶᠡᠨ ᠳᠡᠭᠡᠷ᠎ᠡ ᠰᠤᠷᠪᠤᠯᠵᠢᠯᠠᠬᠤ ᠫᠷᠤᠭ᠌ᠷᠠᠮ᠎ᠳᠤ ᠮᠣᠷᠢᠯᠠᠨ ᠰᠠᠭ᠋ᠠᠲᠠᠭᠰᠠᠨ᠎ᠳᠤ ᠲᠠᠯᠠᠷᠬᠠᠵᠦ ᠪᠠᠶ᠋ᠢᠬᠤ ᠵᠢᠨ ᠵᠡᠷᠭᠡᠴᠡᠪᠡᠷ ᠰᠦᠯᠵᠢᠶᠡᠨ ᠠᠨᠳᠠ ᠨᠠᠷ᠎ᠤᠨ ᠢᠳᠡᠪᠬᠢᠲᠠᠢ ᠣᠷᠣᠯᠴᠠᠵᠦ ᠠᠰᠠᠭᠤᠯᠲᠠ ᠠᠰᠠᠭᠤᠭᠰᠠᠨ᠎ᠳᠤ ᠲᠠᠯᠠᠷᠬᠠᠵᠦ ᠪᠠᠶ᠋ᠢᠨ᠎ᠠ᠂ ᠦᠨᠥᠳᠥᠷ᠎ᠤᠨ ᠰᠤᠷᠪᠤᠯᠵᠢᠯᠠᠨ ᠶᠠᠷᠢᠯᠴᠠᠬᠤ ᠠᠳᠡ ᠬᠦᠷᠥᠭᠡᠳ ᠳᠠᠭᠤᠰᠪᠠ᠂ ᠳᠠᠷᠠᠭ᠋ᠠᠴᠢ ᠵᠢᠨ ᠫᠷᠤᠭ᠌ᠷᠠᠮ᠎ᠳᠤ ᠵᠣᠯᠭ᠋ᠠᠶ᠎ᠠ᠃