7 ᠳ᠋ᠤᠭ᠋ᠠᠷ ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ᠎ᠢ ᠤᠷᠢᠵᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦᠨ᠎ᠤ ᠬᠡᠷᠡᠭᠯᠡᠯᠲᠡ ᠵᠢ ᠬᠢᠨᠠᠵᠤ ᠬᠠᠮᠢᠶᠠᠷᠬᠤ ᠠᠷᠭ᠎ᠠ》᠎ᠳᠤ ᠲᠠᠶ᠋ᠢᠯᠤᠮᠵᠢ ᠬᠢᠯᠭᠡᠪᠡ᠃
ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠪᠣᠯ ᠠᠷᠠᠳ ᠤᠯᠠᠨ᠎ᠤ ᠡᠪᠡᠳᠴᠢᠨ ᠦᠵᠡᠭᠦᠯᠬᠦ ᠵᠣᠭᠣᠰ᠂ ᠠᠮᠢ ᠠᠪᠤᠷᠠᠬᠤ ᠵᠣᠭᠣᠰ ᠮᠥᠨ᠂ ᠲᠡᠭᠦᠨ᠎ᠤ ᠬᠡᠷᠡᠭᠯᠡᠭᠡᠨ᠎ᠤ ᠠᠮᠤᠷ ᠲᠦᠪᠰᠢᠨ᠎ᠨᠢ ᠥᠷᠭᠡᠨ ᠤᠯᠠᠨ ᠲᠦᠮᠡᠨ᠎ᠤ ᠠᠮᠢ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠵᠤ ᠪᠠᠶ᠋ᠢᠳᠠᠭ᠃ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦᠨ᠎ᠤ ᠬᠡᠷᠡᠭᠯᠡᠯᠲᠡ ᠵᠢ ᠬᠢᠨᠠᠵᠤ ᠬᠠᠮᠢᠶᠠᠷᠬᠤ ᠵᠢ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠠᠷᠭ᠎ᠠ᠎ᠪᠠᠷ ᠰᠠᠭᠤᠷᠢ ᠮᠥᠩᠭᠦᠨ᠎ᠤ ᠠᠮᠤᠷ ᠲᠦᠪᠰᠢᠨ ᠡᠷᠭᠢᠯᠲᠡ ᠵᠢ ᠪᠠᠲᠤᠯᠠᠵᠤ᠂ ᠠᠷᠠᠳ ᠢᠷᠭᠡᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠦᠭᠡ᠂ ᠮᠠᠨ᠎ᠤ ᠣᠷᠣᠨ ᠲᠣᠰ 《ᠠᠷᠭ᠎ᠠ》 ᠵᠢ ᠲᠣᠭᠲᠠᠭ᠋ᠠᠭᠰᠠᠨ ᠪᠥᠭᠡᠳ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠠᠷᠭ᠎ᠠ》᠎ᠳᠤ 28 ᠵᠦᠢ᠍ᠯ ᠪᠠᠶ᠋ᠢᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦᠨ᠎ᠤ ᠬᠡᠷᠡᠭᠯᠡᠬᠦ ᠬᠡᠪᠴᠢᠶ᠎ᠡ ᠵᠢ ᠵᠠᠭ᠋ᠠᠭᠯᠠᠨ ᠲᠣᠭᠲᠠᠭ᠋ᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦᠨ᠎ᠳᠤ ᠬᠢᠨᠠᠯᠲᠠ ᠲᠠᠯᠪᠢᠬᠤ ᠲᠣᠭᠲᠠᠴᠠ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠢ ᠲᠣᠳᠣᠷᠬᠠᠶ ᠲᠣᠭᠲᠠᠭ᠋ᠠᠵᠤ᠂ ᠡᠪᠡᠳᠴᠢᠨ ᠦᠵᠡᠭᠦᠯᠬᠦ᠂ ᠡᠮ ᠬᠤᠳᠠᠯᠳᠤᠨ ᠠᠪᠬᠤ ᠭᠣᠭᠴᠣᠭ᠎ᠠ᠎ᠳᠠᠬᠢ ᠬᠢᠨᠠᠯᠲᠠ ᠬᠠᠮᠢᠶᠠᠷᠤᠯᠲᠠ ᠵᠢ ᠵᠢᠷᠤᠮᠵᠢᠭᠤᠯᠪᠠ᠃ 《ᠠᠷᠭ᠎ᠠ》 ᠵᠢ ᠨᠡᠶ᠋ᠢᠲᠡᠯᠡᠭᠰᠡᠨ᠎ᠤ ᠳᠠᠷᠠᠭ᠎ᠠ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠳᠤ ᠵᠢᠷᠤᠮᠯᠠᠬᠤ ᠬᠠᠤᠯᠢ᠎ᠲᠠᠢ ᠪᠣᠯᠵᠣ᠂ ᠰᠠᠭᠤᠷᠢ ᠮᠥᠩᠭᠦᠨ᠎ᠤ ᠠᠮᠤᠷ ᠲᠦᠪᠰᠢᠨ ᠡᠷᠭᠢᠯᠲᠡ ᠵᠢ ᠪᠠᠲᠤᠯᠠᠬᠤ᠎ᠳᠤ ᠠᠰᠢᠭᠲᠠᠶ ᠪᠣᠯᠪᠠ᠃
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠨ ᠮᠠᠨ ᠢ᠎ᠠᠴᠠ 《ᠠᠷᠭ᠎ᠠ》᠎ᠳᠤ ᠬᠠᠮᠵᠢᠯᠴᠠᠨ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠬᠠᠤᠯᠢ ᠶᠣᠰᠣᠭ᠋ᠠᠷ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠂ ᠴᠡᠭ ᠳᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦᠨ᠎ᠤ ᠬᠡᠷᠡᠭᠯᠡᠯᠲᠡ᠎ᠳᠤ ᠬᠢᠨᠠᠯᠲᠠ ᠲᠠᠯᠪᠢᠬᠤ ᠵᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠦᠷᠭᠦᠯᠵᠢᠯᠡᠨ ᠳᠣᠲᠣᠭ᠋ᠠᠳᠤ ᠵᠢ ᠬᠠᠮᠠᠭ᠋ᠠᠯᠠᠬᠤ᠂ ᠡᠷᠡᠭᠦᠯ ᠬᠠᠮᠠᠭ᠋ᠠᠯᠠᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠳᠠᠭ᠋ᠠᠳᠬᠠᠯ᠎ᠢ ᠮᠡᠬᠡᠯᠡᠨ ᠠᠪᠬᠤ ᠠᠵᠢᠯᠯᠠᠭ᠎ᠠ᠎ᠳᠤ ᠴᠣᠬᠢᠯᠲᠠ ᠥᠭᠴᠦ ᠳᠤᠰᠬᠠᠢ᠌ᠯᠠᠨ ᠴᠡᠭᠴᠡᠯᠡᠨ ᠵᠠᠰᠠᠬᠤ ᠵᠢ ᠥᠷᠨᠢᠭᠦᠯᠵᠦ᠂ 《ᠮᠡᠬᠡᠯᠡᠬᠦ ᠵᠣᠷᠢᠭ ᠥᠬᠡᠶ》 ᠥᠨᠳᠥᠷ ᠳᠠᠷᠤᠯᠲᠠᠲᠤ ᠰᠦᠷᠳᠡᠭᠦᠯᠦᠯ᠎ᠤᠨ ᠠᠭᠤᠷ ᠠᠮᠢᠰᠬᠤᠯ᠎ᠢ ᠪᠣᠶ ᠪᠣᠯᠭ᠋ᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦᠨ᠎ᠤ ᠠᠮᠤᠷ ᠲᠦᠪᠰᠢᠨ᠎ᠢ ᠦᠨᠡᠨ ᠬᠦ᠌ ᠰᠠᠬᠢᠨ ᠬᠠᠮᠠᠭ᠋ᠠᠯᠠᠨ᠎ᠠ ᠭᠡᠪᠡ᠃