ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠨᠡᠶ᠋ᠢᠲᠡᠯᠡᠭᠰᠡᠨ ᠴᠠᠭ᠄ 2021-07-29

     2021 ᠣᠨ᠎ᠤ 7 ᠳ᠋ᠤᠭ᠋ᠠᠷ ᠰᠠᠷ᠎ᠠ ᠵᠢᠨ 27᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠨᠡᠶ᠋ᠢᠲᠡᠯᠡᠬᠦ ᠲᠢᠩᠬᠢᠮ᠎ᠳᠤ ᠶᠠᠪᠤᠭᠳᠠᠭᠤᠯᠵᠤ᠂ ᠬᠤᠷᠠᠯ ᠳᠡᠭᠡᠷ᠎ᠡ ᠡᠨᠡ ᠤᠳᠠᠭ᠋ᠠᠨ᠎ᠤ ᠥᠭᠡᠷᠡᠴᠢᠯᠡᠯᠲᠡ ᠵᠢᠨ ᠠᠬᠤᠶ ᠪᠠᠶ᠋ᠢᠳᠠᠯ᠂ ᠠᠭᠤᠯᠭ᠎ᠠ ᠵᠢᠴᠢ ᠠᠷᠭ᠎ᠠ ᠬᠡᠮᠵᠢᠶ᠎ᠡ ᠵᠢᠨ ᠲᠤᠬᠠᠶ ᠬᠠᠮᠢᠶ᠎ᠠ ᠪᠥᠬᠥᠶ ᠲᠠᠨᠢᠯᠴᠠᠭᠤᠯᠭ᠎ᠠ ᠬᠢᠪᠠ᠃


      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠿᠧᠨ ᠹᠦ᠋ ᠱᠧᠩ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠳᠡᠳ᠋ ᠡᠷᠬᠢᠯᠡᠭᠴᠢ᠂ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠸᠠᠩ ᠵᠠᠨ ᠭᠦᠸᠧ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠡᠳ᠋ ᠲᠢᠩᠬᠢᠮ᠎ᠤᠨ ᠳᠠᠷᠤᠭ᠎ᠠ ᠸᠠᠩ ᠹᠧᠩ ᠴᠢ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠳᠠᠷᠤᠭ᠎ᠠ ᠵᠢᠨ ᠮᠠᠨ ᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠣᠨᠢᠨ ᠮᠡᠳᠡᠭᠡ ᠨᠡᠶ᠋ᠢᠲᠡᠯᠡᠬᠦ ᠭᠠᠵᠠᠷ᠎ᠤᠨ ᠽᠧᠩ ᠶᠦᠩ ᠹᠦ᠋ ᠨᠠᠷ ᠲᠣᠰ ᠤᠳᠠᠭ᠎ᠠ ᠵᠢᠨ ᠬᠤᠷᠠᠯ᠎ᠳᠤ ᠣᠷᠣᠯᠴᠠᠵᠠᠶ᠃


    ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠿᠧᠨ ᠹᠦ᠋ ᠱᠧᠩ᠎ᠠᠴᠠ᠂ ᠡᠮᠴᠢᠯᠡᠭᠡᠨ᠎ᠤ ᠪᠠᠲᠤᠯᠠᠭ᠎ᠠ ᠪᠣᠯ ᠤᠯᠠᠨ ᠲᠦᠮᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠬᠥᠩᠭᠡᠷᠡᠭᠦᠯᠬᠦ᠂ ᠠᠷᠠᠳ᠎ᠤᠨ ᠠᠮᠢᠳᠤᠷᠠᠯ᠎ᠳᠤ ᠠᠵᠠ ᠵᠢᠷᠭ᠋ᠠᠯ᠎ᠢ ᠨᠡᠮᠡᠭᠳᠡᠭᠦᠯᠬᠦ᠂ ᠨᠡᠶ᠋ᠢᠭᠡᠮ᠎ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ᠎ᠢ ᠬᠠᠮᠠᠭ᠋ᠠᠯᠠᠬᠤ ᠴᠢᠬᠤᠯᠠ ᠶᠡᠬᠡ ᠲᠦᠷᠢᠮ᠎ᠤᠨ ᠲᠤᠬᠢᠷᠠᠭᠤᠯᠤᠯᠳᠠ ᠪᠣᠯᠤᠨ᠎ᠠ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ ᠨᠢᠭᠡᠨᠲᠡ ᠠᠵᠢᠯᠲᠠᠨ ᠠᠵᠢᠯᠴᠢᠨ ᠪᠣᠯᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠪᠠᠷ ᠭᠤᠤᠯ ᠴᠣᠭᠴᠠ ᠪᠣᠯᠭ᠋ᠠᠭᠰᠠᠨ᠂ ᠬᠦᠨᠳᠦ ᠡᠪᠡᠳᠴᠢᠨ᠎ᠤ ᠳᠠᠭ᠋ᠠᠳᠬᠠᠯ ᠵᠶ᠋ᠠᠷ ᠨᠥᠬᠥᠪᠥᠷᠢ ᠪᠣᠯᠭ᠋ᠠᠭᠰᠠᠨ᠂ ᠡᠮᠴᠢᠯᠡᠭᠡᠨ᠎ᠤ ᠳᠤᠰᠠᠯᠠᠨ ᠳᠡᠮᠵᠢᠬᠦ᠎ᠪᠠᠷ ᠦᠨᠳᠦᠰᠦᠨ ᠵᠦᠢ᠍ᠯ᠎ᠢ ᠪᠠᠲᠤᠯᠠᠭᠰᠠᠨ ᠪᠥᠬᠥ ᠠᠷᠠᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠳᠣᠭᠲᠠᠯᠴᠠᠭ᠎ᠠ ᠵᠢ ᠠᠩᠬ᠎ᠠ ᠠᠯᠬᠤᠮ ᠪᠠᠶ᠋ᠢᠭᠤᠯᠵᠤ᠂ ᠣᠯᠠᠨ ᠲᠦᠮᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠪᠦᠲᠦᠮᠵᠢᠲᠡᠶ ᠬᠥᠩᠭᠡᠷᠡᠭᠦᠯᠬᠦ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠪᠡ᠃ ᠭᠡᠪᠡᠴᠦ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠤ ᠬᠥᠭᠵᠢᠯᠲᠡ ᠲᠡᠩᠴᠡᠭᠦᠷᠢ ᠦᠭᠡᠢ᠂ ᠭᠦᠢ᠍ᠴᠡᠳ ᠦᠭᠡᠢ ᠪᠠᠶ᠋ᠢᠬᠤ ᠠᠰᠠᠭᠤᠳᠠᠯ ᠠᠯᠬᠤᠮ ᠠᠯᠬᠤᠮ ᠵᠶ᠋ᠠᠷ ᠢᠯᠡᠷᠡᠵᠦ᠂ ᠬᠠᠷᠠᠭ᠋ᠠᠯᠵᠠᠯ ᠲᠡᠩᠴᠡᠭᠦᠷᠢ ᠦᠭᠡᠢ᠂ ᠪᠠᠲᠤᠯᠠᠭ᠎ᠠ ᠬᠦᠷᠦᠯᠴᠡᠬᠦ ᠦᠭᠡᠢ᠂ ᠲᠣᠭᠲᠠᠴᠠ ᠪᠦᠷᠢᠨ ᠪᠤᠰᠤ᠂ ᠬᠢᠨᠠᠯᠲᠠ ᠬᠠᠮᠢᠶᠠᠷᠤᠯᠲᠠ ᠲᠡᠭᠦᠯᠳᠡᠷ ᠪᠤᠰᠤ᠂ ᠥᠭᠡᠷᠡᠴᠢᠯᠡᠯᠲᠡ ᠬᠠᠮᠵᠢᠯᠴᠠᠬᠤ ᠦᠭᠡᠢ ᠵᠡᠷᠭᠡ ᠠᠰᠠᠭᠤᠳᠠᠯ ᠣᠷᠣᠰᠢᠵᠤ  ᠂ ᠡᠷᠬᠡᠪᠰᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠲᠠᠮᠵᠢᠨ ᠰᠢᠢ᠍ᠳᠪᠦᠷᠢᠯᠡᠬᠦ ᠬᠡᠷᠡᠭᠲᠡᠢ᠃ ᠡᠶ᠋ᠢᠮᠦ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ 《ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ   ᠳᠦᠭᠦᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠪᠠ ᠭᠡᠵᠡᠢ᠃
   《ᠬᠡᠷᠡᠭᠵᠢᠭᠦᠯᠬᠦ ᠰᠠᠨᠠᠯ》᠎ᠳᠤ ᠥᠭᠡᠷᠡᠴᠢᠯᠡᠯᠲᠡ ᠵᠢᠨ ᠠᠷᠭ᠎ᠠ ᠵᠠᠮ᠎ᠢ ᠲᠣᠳᠣᠷᠬᠠᠶ᠋ᠢᠯᠠᠵᠤ᠂ 《1 + 4 + 2》᠎ᠤᠨ ᠶᠡᠷᠦᠩᠬᠡᠶ ᠥᠭᠡᠷᠡᠴᠢᠯᠡᠯᠲᠡ ᠵᠢᠨ ᠲᠥᠰᠦᠪ᠎ᠢ ᠲᠣᠭᠲᠠᠭ᠋ᠠᠪᠠ᠃ ᠡᠭᠦᠨ᠎ᠳᠤ᠂ 《1》 ᠭᠡᠳᠡᠭ᠎ᠨᠢ ᠦᠨᠳᠦᠰᠦᠨ ᠡᠮᠴᠢᠯᠡᠭᠡ ᠵᠢᠨ ᠳᠠᠭ᠋ᠠᠳᠬᠠᠯ ᠵᠶ᠋ᠠᠷ ᠭᠤᠤᠯ ᠴᠣᠭᠴᠠ ᠪᠣᠯᠭ᠋ᠠᠭᠰᠠᠨ᠂ ᠡᠮᠴᠢᠯᠡᠭᠡᠨ᠎ᠤ ᠳᠤᠰᠠᠯᠠᠨ ᠳᠡᠮᠵᠢᠬᠦ᠎ᠪᠠᠷ ᠰᠠᠭᠤᠷᠢ ᠪᠣᠯᠭ᠋ᠠᠭᠰᠠᠨ᠂ ᠨᠥᠬᠥᠪᠥᠷᠢ ᠡᠮᠴᠢᠯᠡᠭᠡ ᠵᠢᠨ ᠳᠠᠭ᠋ᠠᠳᠬᠠᠯ᠂ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠂ ᠪᠤᠶᠠᠨ ᠦᠢ᠍ᠯᠡᠳᠬᠦ ᠬᠠᠨᠳᠢᠪ᠂   ᠡᠮᠴᠢᠯᠡᠭᠡᠨ᠎ᠤ᠎ᠬᠢᠨ ᠬᠠᠷᠢᠯᠴᠠᠨ ᠬᠠᠪᠰᠤᠷᠴᠤ ᠬᠠᠮᠲᠤ᠎ᠪᠠᠷ ᠬᠥᠭᠵᠢᠭᠰᠡᠨ ᠣᠯᠠᠨ ᠲᠠᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠳᠣᠭᠲᠠᠯᠴᠠᠭ᠎ᠠ ᠵᠢ ᠪᠥᠬᠥ ᠲᠠᠯ᠎ᠠ᠎ᠪᠠᠷ ᠪᠠᠶ᠋ᠢᠭᠤᠯᠤᠨ᠎ᠠ; 《4》 ᠪᠣᠯ ᠬᠠᠷᠠᠭ᠋ᠠᠯᠵᠠᠯ᠎ᠢ ᠪᠠᠲᠤᠯᠠᠬᠤ᠂ ᠪᠠᠯᠠ ᠴᠤᠭᠯᠠᠭᠤᠯᠵᠤ ᠡᠷᠭᠢᠯᠳᠦᠭᠦᠯᠬᠦ᠂ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ᠂ ᠰᠠᠭᠤᠷᠢ ᠮᠥᠩᠭᠦ ᠵᠢ   ᠬᠢᠨᠠᠵᠤ ᠬᠠᠮᠢᠶᠠᠷᠬᠤ ᠵᠡᠷᠭᠡ ᠳᠥᠷᠪᠡᠨ ᠲᠣᠭᠲᠠᠴᠠ ᠵᠢ ᠲᠡᠭᠦᠯᠳᠡᠷᠵᠢᠭᠦᠯᠦᠨ᠎ᠡ; 《2》 ᠪᠣᠯ ᠡᠮ ᠡᠮᠨᠡᠯᠭᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠪᠠ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡ ᠭᠡᠬᠦ ᠬᠣᠶᠠᠷ ᠲᠤᠯᠭ᠋ᠠᠭᠤᠷᠢᠯᠠᠯ ᠲᠡᠭᠦᠯᠳᠡᠷᠵᠢᠭᠦᠯᠬᠦ ᠪᠣᠯᠤᠨ᠎ᠠ᠃
      ᠳᠤᠤᠷᠠᠬᠢ ᠵᠢᠷᠭᠤᠭ᠋ᠠᠨ ᠲᠠᠯ᠎ᠠ ᠵᠢᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠭᠤᠤᠯᠳᠠᠯᠭ᠎ᠠ᠎ᠲᠠᠢ ᠠᠬᠢᠭᠤᠯᠤᠨ᠎ᠠ᠄ ᠬᠠᠷᠠᠭ᠋ᠠᠯᠵᠠᠯ᠎ᠢ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠯ᠎ᠡ ᠲᠥᠷᠥᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠤ ᠠᠬᠤᠶ ᠵᠢᠨ ᠬᠥᠭᠵᠢᠯᠲᠡ ᠵᠢᠨ ᠲᠦᠪᠰᠢᠨ ᠪᠠ ᠰᠠᠭᠤᠷᠢ ᠮᠥᠩᠭᠦᠨ᠎ᠤ ᠳᠠᠭ᠋ᠠᠭ᠋ᠠᠬᠤ ᠴᠢᠳᠠᠪᠤᠷᠢ ᠵᠢ ᠦᠨᠳᠦᠰᠦᠯᠡᠨ᠂ ᠡᠮᠴᠢᠯᠡᠭᠡᠨ᠎ᠤ ᠪᠠᠲᠤᠯᠠᠭ᠎ᠠ ᠵᠢᠨ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠎ᠡ; ᠪᠡᠯᠡ   ᠴᠤᠭᠯᠠᠭᠤᠯᠵᠤ ᠡᠷᠭᠢᠯᠳᠦᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠯ᠎ᠡ ᠲᠠᠯ᠎ᠠ ᠵᠢᠨ ᠵᠠᠷᠤᠳᠠᠯ ᠲᠤᠰᠢᠶᠠᠬᠤ ᠬᠠᠷᠢᠭᠤᠴᠠᠯᠭ᠎ᠠ ᠵᠢ ᠲᠡᠩᠴᠡᠭᠦᠷᠢᠲᠡᠶ ᠪᠠᠶ᠋ᠢᠯᠭ᠋ᠠᠵᠤ᠂ ᠬᠥᠮᠦᠨ ᠬᠡᠷᠡᠭᠯᠡᠬᠦ ᠨᠢᠭᠡᠴᠢ ᠪᠣᠯᠤᠨ ᠠᠵᠢᠯᠲᠠᠨ ᠠᠵᠢᠯᠴᠢᠨ᠎ᠤ ᠰᠦᠢ᠍ᠳᠭᠡᠯ ᠵᠠᠷᠤᠳᠠᠯ ᠲᠤᠰᠢᠶᠠᠬᠤ ᠨᠣᠷᠮ᠎ᠠ ᠵᠢ ᠵᠦᠶ ᠵᠣᠬᠢᠰᠲᠠᠶ ᠳᠣᠭᠲᠠᠭ᠋ᠠᠵᠤ᠂ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ ᠵᠢ ᠨᠢᠭᠡᠳᠦᠯᠲᠡᠶ ᠪᠠᠶ᠋ᠢᠯᠭ᠋ᠠᠵᠤ᠂ ᠠᠶ᠋ᠢᠮᠠᠭ ᠬᠣᠲᠠ ᠵᠢᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢ ᠨᠢᠭᠡᠳᠦᠯᠲᠡᠶ ᠲᠥᠯᠥᠪᠯᠡᠬᠦ ᠵᠢ ᠪᠦᠬᠦ ᠲᠠᠯ᠎ᠠ᠎ᠪᠠᠷ ᠪᠣᠳᠠᠲᠠᠶ᠋ᠢᠵᠢᠭᠤᠯᠤᠨ᠎ᠠ; ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠲᠣᠭᠲᠠᠴᠠ ᠵᠢ ᠪᠠᠶ᠋ᠢᠭᠤᠯᠤᠨ᠎ᠠ᠃ ᠡᠮᠴᠢᠯᠡᠭᠡᠨ᠎ᠤ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠡᠮᠴᠢᠯᠡᠭᠡᠨ᠎ᠤ   ᠪᠠᠲᠤᠯᠠᠭ᠎ᠠ ᠵᠢᠨ ᠭᠠᠷᠴᠠᠭ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠯᠡᠯᠴᠡᠭᠡᠷ᠎ᠤᠨ ᠬᠠᠮᠢᠶᠠᠷᠤᠯᠲᠠ ᠪᠠ ᠳ᠋ᠦᠩᠨᠡᠨ ᠪᠤᠳᠤᠬᠤ ᠬᠠᠮᠢᠶᠠᠷᠤᠯᠲᠠ ᠵᠢ ᠴᠢᠩᠭ᠋ᠠᠳᠬᠠᠵᠤ᠂ ᠵᠦᠶ ᠵᠣᠬᠢᠰᠲᠠᠶ ᠣᠨᠣᠰᠢᠯᠠᠨ ᠡᠮᠨᠡᠬᠦ ᠵᠢ ᠦᠨᠡᠨ ᠬᠦ᠌ ᠪᠠᠲᠤᠯᠠᠨ᠎ᠠ; ᠰᠠᠭᠤᠷᠢ ᠮᠥᠩᠭᠦ ᠵᠢ ᠬᠢᠨᠠᠵᠤ ᠬᠠᠮᠢᠶᠠᠷᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠰᠠᠭᠤᠷᠢ ᠮᠥᠩᠭᠦ ᠵᠢ ᠬᠢᠨᠠᠵᠤ ᠬᠠᠮᠢᠶᠠᠷᠬᠤ ᠲᠤᠰᠬᠠᠶ ᠡᠩᠨᠡᠭᠡ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠᠢ᠌ᠩᠭᠤ ᠵᠢᠨ ᠲᠣᠭᠲᠠᠴᠠ ᠵᠢ ᠪᠠᠢ᠌ᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠮᠥᠩᠭᠦ ᠵᠢ ᠬᠢᠨᠠᠵᠤ ᠬᠠᠮᠢᠶᠠᠷᠬᠤ   ᠬᠣᠯᠪᠤᠭ᠋ᠠᠲᠤ ᠬᠤᠷᠠᠯ᠎ᠤᠨ ᠲᠦᠷᠢᠮ᠎ᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠬᠠᠤᠯᠢ ᠵᠢ ᠬᠡᠷᠡᠭᠵᠢᠭᠦᠯᠬᠦ᠂ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠠᠵᠢᠯ᠎ᠤᠨ ᠲᠣᠭᠲᠠᠴᠠ ᠵᠢ ᠪᠠᠢ᠌ᠭᠤᠯᠵᠤ᠂ ᠳᠠᠭ᠋ᠠᠳᠬᠠᠯ᠎ᠢ ᠮᠡᠬᠡᠯᠡᠨ ᠠᠪᠬᠤ ᠦᠢ᠍ᠯᠡ ᠠᠵᠢᠯᠯᠠᠭ᠎ᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠨ᠎ᠡ; 《ᠡᠮᠴᠢᠯᠡᠭᠡ᠂ ᠡᠮᠴᠢᠯᠡᠭᠡ ᠵᠢᠨ ᠳᠠᠭ᠋ᠠᠳᠬᠠᠯ᠂ ᠡᠮ ᠡᠮᠨᠡᠯᠭᠡ ᠬᠣᠯᠪᠣᠭ᠋ᠠᠯᠠᠨ ᠬᠥᠳᠡᠯᠦᠯᠴᠡᠬᠦ》 ᠥᠭᠡᠷᠡᠴᠢᠯᠡᠯᠲᠡ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶ᠋ᠢᠭᠤᠯᠤᠯᠲᠠ ᠵᠢ ᠠᠬᠢᠭᠤᠯᠵᠤ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠵᠢ ᠴᠢᠩᠭ᠋ᠠᠳᠬᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠬᠢᠭᠡᠳ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠰᠢᠭᠤᠳ ᠳ᠋ᠦᠩᠨᠡᠨ ᠪᠤᠳᠤᠬᠤ ᠵᠢ ᠠᠬᠢᠭᠤᠯᠵᠤ᠂ ᠡᠮᠴᠢᠯᠡᠭᠡᠨ᠎ᠤ   ᠪᠠᠲᠤᠯᠠᠭ᠎ᠠ ᠵᠢᠨ ᠲᠣᠭ᠋ᠠᠴᠠᠭ᠎ᠠ ᠬᠢᠬᠦ ᠪᠠᠷᠢᠮᠵᠢᠶ᠎ᠠ ᠪᠣᠯᠤᠨ ᠲᠥᠪᠯᠡᠷᠡᠭᠦᠯᠦᠨ ᠬᠤᠳᠠᠯᠳᠤᠨ ᠠᠪᠬᠤ ᠦᠨ᠎ᠡ ᠬᠠᠩᠰᠢ ᠵᠢᠨ ᠬᠠᠮᠵᠢᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠳᠣᠭᠲᠠᠯᠴᠠᠭ᠎ᠠ ᠵᠢ ᠰᠢᠯᠢᠳᠡᠭᠵᠢᠭᠦᠯᠦᠨ᠎ᠡ᠃ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠦᠭᠦᠮᠴᠢᠯᠡᠬᠦ ᠵᠢ ᠠᠬᠢᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠶᠠᠰᠤ ᠴᠢᠨᠠᠷ ᠪᠠ ᠣᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ 《ᠪᠠᠷᠢᠮᠵᠢᠶ᠎ᠠ᠎ᠨᠢ ᠵᠢᠷᠤᠮᠵᠢᠭᠤᠨ ᠨᠢᠭᠡᠳᠦᠯᠲᠡᠶ᠂ ᠲᠣᠭ᠎ᠠ ᠪᠠᠷᠢᠮᠲᠠ ᠵᠢ ᠥᠪᠡᠷᠲᠡᠭᠡᠨ ᠵᠠᠰᠠᠬᠤ ᠣᠷᠣᠨ᠎ᠳᠤ ᠲᠥᠪᠯᠡᠷᠡᠭᠦᠯᠬᠦ᠂ ᠲᠠᠪᠴᠠᠩ᠎ᠢ ᠥᠪᠡᠷᠲᠡᠭᠡᠨ ᠵᠠᠰᠠᠬᠤ ᠣᠷᠣᠨ᠎ᠠᠴᠠ ᠪᠠᠶ᠋ᠢᠷᠢᠯᠠᠭᠤᠯᠬᠤ᠂ ᠰᠦᠯᠵᠢᠶ᠎ᠡ ᠵᠢ ᠪᠥᠬᠥ ᠲᠠᠯ᠎ᠠ᠎ᠪᠠᠷ ᠪᠦᠷᠬᠦᠭᠦᠯᠬᠦ》 ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠪᠠᠶ᠋ᠢᠭᠤᠯᠵᠤ᠂ ᠣᠯᠠᠨ ᠨᠡᠶ᠋ᠢᠲᠡ ᠵᠢᠨ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠬᠦ ᠵᠢ ᠪᠡᠶᠡᠯᠡᠭᠦᠯᠦᠨ᠎ᠡ᠃
      ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠣᠨᠢᠨ
      ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
      ᠰᠤᠷᠪᠤᠯᠵᠢᠯᠠᠭᠴᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠭᠠᠷᠤᠭᠰᠠᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ?   ᠳᠠᠷᠠᠭ᠎ᠠ ᠠᠯᠬᠤᠮ᠎ᠳᠤ᠂ ᠭᠡᠨᠡᠳᠲᠡ ᠡᠭᠦᠰᠦᠭᠰᠡᠨ ᠬᠦᠨᠳᠦ ᠶᠡᠬᠡ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠠᠬᠢ ᠡᠮᠴᠢᠯᠡᠭᠡᠨ᠎ᠤ ᠡᠮᠨᠡᠨ ᠵᠠᠰᠠᠬᠤ ᠪᠠᠲᠤᠯᠠᠭ᠎ᠠ᠎ᠳᠤ ᠴᠢᠭᠯᠡᠭᠦᠯᠦᠨ ᠶᠠᠮᠠᠷ ᠲᠦᠷᠢᠮ᠎ᠤᠨ ᠲᠣᠬᠢᠷᠠᠭᠤᠯᠤᠯᠲᠠ ᠪᠠᠶ᠋ᠢᠬᠤ ᠪᠣᠶ?
    ᠵᠢᠨ ᠮᠠᠨ ᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠭᠠᠷᠤᠭᠰᠠᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠳᠣᠪᠴᠢᠶ᠎ᠠ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ 《ᠡᠮᠴᠢᠯᠡᠭᠡᠨ᠎ᠤ   ᠪᠠᠲᠤᠯᠠᠭ᠎ᠠ ᠵᠢᠨ ᠲᠣᠣᠷ》᠎ᠢ ᠤᠯᠠᠮ ᠴᠠᠭ᠋ᠠᠰᠢᠲᠠ ᠪᠡᠬᠢᠵᠢᠭᠦᠯᠪᠡ᠃ ᠨᠢᠭᠡ᠎ᠳᠤ᠂ ᠮᠠᠨ᠎ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠬᠠᠮᠲᠤᠷᠠᠨ ᠣᠯᠠᠨ ᠵᠦᠢ᠍ᠯ᠎ᠤᠨ ᠣᠨᠴᠠᠭ᠋ᠠᠶ ᠡᠮᠴᠢᠯᠡᠭᠡᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠵᠠᠯᠭ᠋ᠠᠭ᠎ᠠ᠎ᠪᠠᠷ ᠨᠡᠶ᠋ᠢᠲᠡᠯᠡᠵᠦ᠂ ᠡᠪᠡᠳᠴᠢᠲᠡᠨ ᠵᠠᠷᠤᠳᠠᠯ᠎ᠤᠨ ᠠᠰᠠᠭᠤᠳᠠᠯ᠎ᠠᠴᠠ ᠪᠣᠯᠵᠣ ᠳᠠᠷᠤᠢ᠎ᠳᠤ᠎ᠨᠢ ᠡᠮᠨᠡᠨ ᠵᠠᠰᠠᠭᠤᠯᠵᠤ ᠳᠡᠶ᠋ᠢᠯᠬᠦ ᠥᠬᠡᠶ ᠵᠢ ᠦᠭᠡᠢ ᠪᠣᠯᠭ᠋ᠠᠬᠤ᠂ ᠭᠥᠯᠢᠶᠡᠨ ᠠᠪᠴᠤ ᠡᠮᠨᠡᠨ ᠵᠠᠰᠠᠬᠤ ᠡᠮᠨᠡᠯᠭᠡ ᠵᠢᠨ ᠬᠣᠷᠢᠶ᠎ᠠ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ᠎ᠠᠴᠠ ᠪᠣᠯᠵᠣ ᠡᠮᠨᠡᠨ ᠵᠠᠰᠠᠬᠤ ᠵᠢ ᠨᠥᠯᠥᠭᠡᠯᠡᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠪᠠ᠃ ᠬᠣᠶᠠᠷ᠎ᠲᠤ᠂ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠰᠢᠨ᠎ᠡ᠎ᠪᠠᠷ ᠨᠡᠮᠡᠭᠳᠡᠭᠰᠡᠨ ᠲᠥᠰᠦᠯ᠎ᠢ ᠬᠢᠨᠠᠨ ᠪᠠᠢ᠌ᠴᠠᠭ᠋ᠠᠬᠤ ᠪᠠ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠬᠤ ᠰᠠᠭ᠋ᠠᠳ ᠥᠬᠡᠶ ᠨᠡᠪᠲᠡᠷᠡᠬᠦ ᠵᠠᠮ᠎ᠢ ᠨᠡᠪᠲᠡᠷᠡᠭᠦᠯᠦᠭᠰᠡᠨ᠎ᠤ ᠬᠠᠮᠲᠤ ᠰᠢᠨ᠎ᠡ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠵᠠᠷᠤᠳᠠᠯ᠎ᠢ ᠴᠠᠭ᠎ᠲᠤ᠎ᠨᠢ ᠬᠥᠳᠡᠯᠦᠩᠭᠦᠶ᠎ᠪᠠᠷ ᠲᠣᠬᠢᠷᠠᠭᠤᠯᠪᠠ᠃ ᠭᠤᠷᠪᠠ᠎ᠳᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ᠎ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠣᠨᠣᠰᠢᠯᠠᠨ ᠡᠮᠨᠡᠬᠦ ᠲᠥᠰᠦᠯ᠎ᠳᠠᠬᠢ ᠡᠮ᠎ᠤᠨ   ᠵᠦᠢ᠍ᠯ᠂ ᠡᠮᠴᠢᠯᠡᠭᠡ ᠵᠢᠨ ᠦᠢ᠍ᠯᠡᠴᠢᠯᠡᠭᠡᠨ᠎ᠤ ᠲᠥᠰᠦᠯ᠎ᠢ ᠲᠦᠷ ᠴᠠᠭ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ   ᠣᠷᠣᠭᠤᠯᠪᠠ᠃ ᠳᠥᠷᠪᠡ᠎ᠳᠤ᠂ ᠠᠷᠠᠳ᠎ᠲᠤ ᠲᠥᠬᠥᠮ ᠦᠵᠡᠭᠦᠯᠬᠦ ᠠᠷᠭ᠎ᠠ ᠬᠡᠮᠵᠢᠶ᠎ᠡ ᠵᠢ ᠳᠠᠷᠤᠢ᠌ᠬᠠᠨ ᠨᠡᠶ᠋ᠢᠲᠡᠯᠡᠵᠦ᠂ ᠤᠨᠳᠤᠤ ᠭᠠᠵᠠᠷ᠎ᠲᠤ   ᠡᠮᠨᠡᠭᠦᠯᠦᠭᠰᠡᠨ᠎ᠢ ᠳᠠᠩᠰᠠᠯᠠᠭᠤᠯᠬᠤ ᠭᠠᠷᠳᠠᠮ᠎ᠢ ᠳᠥᠭᠥᠮᠴᠢᠯᠡᠵᠦ᠂ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡ ᠵᠢ 《ᠠᠭᠤᠯᠵᠠᠬᠤ ᠦᠭᠡᠢ   ᠭᠦᠢ᠍ᠴᠡᠳᠭᠡᠬᠦ》᠂ 《ᠴᠠᠭ ᠲᠤᠬᠠᠶ᠎ᠳᠤ᠎ᠨᠢ ᠭᠦᠢ᠍ᠴᠡᠳᠭᠡᠬᠦ》᠂ 《ᠠᠷᠠᠳ᠎ᠲᠤ ᠲᠥᠬᠥᠮ ᠦᠵᠡᠭᠦᠯᠦᠨ ᠭᠦᠢ᠍ᠴᠡᠳᠭᠡᠬᠦ》᠂ 《ᠬᠣᠶ᠋ᠢᠰᠢᠯᠠᠭᠤᠯᠤᠨ ᠭᠦᠢ᠍ᠴᠡᠳᠭᠡᠬᠦ》᠂ 《ᠰᠠᠨᠠᠭ᠎ᠠ ᠠᠮᠤᠷ ᠭᠦᠢ᠍ᠴᠡᠳᠭᠡᠬᠦ》 ᠵᠢ ᠪᠡᠶᠡᠯᠡᠭᠦᠯᠪᠡ᠃ ᠲᠠᠪᠤ᠎ᠳᠤ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠵᠢᠴᠢ ᠵᠠᠷᠤᠳᠠᠯ᠎ᠢ ᠪᠠᠲᠤᠯᠠᠬᠤ ᠠᠵᠢᠯ᠎ᠢ ᠰᠠᠶ᠋ᠢᠲᠤᠷ ᠬᠢᠪᠡ᠃ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠲᠥᠯᠦᠪᠦᠷᠢ ᠥᠬᠡᠶ᠎ᠪᠠᠷ ᠳᠠᠷᠢᠬᠤ ᠲᠥᠷᠥ ᠵᠢᠨ ᠪᠣᠳᠣᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠡᠮᠴᠢᠯᠡᠭᠡᠨ᠎ᠤ ᠪᠠᠲᠤᠯᠠᠭ᠎ᠠ᠂ ᠡᠳ᠋᠎ᠤᠨ ᠵᠠᠰᠠᠭ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ ᠬᠠᠮᠲᠤᠷᠠᠭᠰᠠᠨ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠲᠥᠷᠥ ᠵᠢᠨ ᠪᠣᠳᠣᠯᠭ᠎ᠠ ᠵᠢᠨ ᠳᠠᠶ᠋ᠢᠴᠢᠯᠠᠯᠲᠠ ᠪᠠ ᠮᠡᠷᠭᠡᠵᠢᠯ᠎ᠤᠨ ᠪᠣᠯᠪᠠᠰᠤᠷᠠᠭᠤᠯᠤᠯ᠎ᠢ ᠪᠥᠬᠥ ᠲᠠᠯ᠎ᠠ᠎ᠪᠠᠷ ᠥᠷᠨᠢᠭᠦᠯᠪᠡ᠃ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ ᠪᠥᠬᠥ ᠣᠷᠣᠨ᠎ᠤ ᠨᠢᠭᠡᠳᠦᠯᠲᠡᠶ ᠲᠥᠯᠦᠪᠯᠡᠭᠰᠡᠨ 15 ᠣᠷᠣᠨ᠎ᠢ ᠵᠣᠬᠢᠶᠠᠨ ᠪᠠᠶ᠋ᠢᠭᠤᠯᠵᠤ ᠳᠡᠭᠡᠷ᠎ᠡ ᠬᠠᠭ᠋ᠠᠰ ᠵᠢᠯ᠎ᠤᠨ ᠸᠠᠺᠼᠢᠨ᠎ᠤ ᠵᠠᠷᠤᠳᠠᠯ 22 . 02 ᠳ᠋ᠦᠩᠰᠢᠭᠤᠷ ᠲᠥᠭᠥᠷᠢᠭ᠎ᠢ ᠳᠡᠭᠡᠭᠰᠢ ᠳᠤᠰᠢᠶᠠᠵᠤ᠂ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠰᠠᠯᠠᠭ᠎ᠠ ᠮᠥᠴᠢᠷ᠎ᠲᠤ 16 ᠳ᠋ᠦᠩᠰᠢᠭᠤᠷ ᠲᠥᠭᠥᠷᠢᠭ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠵᠠᠷᠤᠳᠠᠯ᠎ᠢ ᠴᠠᠭ ᠲᠤᠬᠠᠶ᠎ᠳᠤ᠎ᠨᠢ ᠤᠷᠢᠳᠴᠢᠯᠠᠨ   ᠥᠭᠪᠡ᠃ ᠡᠯ᠎ᠡ ᠨᠢᠭᠡᠳᠦᠯᠲᠡᠶ ᠲᠥᠯᠦᠪᠯᠡᠭᠰᠡᠨ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠡᠮᠴᠢᠯᠡᠭᠡᠨ᠎ᠤ   ᠪᠠᠲᠤᠯᠠᠭ᠎ᠠ ᠵᠢᠨ ᠲᠤᠰᠬᠠᠶ ᠵᠦᠢ᠍ᠯ᠎ᠤᠨ ᠪᠡᠯᠡ ᠮᠥᠩᠭᠥ ᠵᠢ ᠵᠦᠢ ᠵᠣᠬᠢᠰᠲᠠᠶ ᠲᠣᠬᠢᠷᠠᠭᠤᠯᠵᠤ᠂ ᠲᠠᠷᠢᠯᠭ᠎ᠠ ᠲᠠᠷᠢᠭᠰᠠᠨ ᠵᠠᠷᠤᠳᠠᠯ᠎ᠢ ᠲᠠᠷᠢᠯᠭ᠎ᠠ ᠬᠢᠭᠰᠡᠨ ᠨᠢᠭᠡᠴᠢ᠎ᠳᠤ ᠳᠠᠷᠤᠢ᠎ᠳᠤ᠎ᠨᠢ ᠰᠠᠯᠭ᠋ᠠᠨ ᠥᠭᠪᠡ᠃ ᠸᠠᠺᠼᠢᠨ᠎ᠤ ᠲᠠᠷᠢᠯᠭ᠎ᠠ ᠵᠢᠨ ᠠᠬᠢᠴᠠ ᠪᠣᠯᠤᠨ ᠪᠡᠯᠡ ᠮᠥᠩᠭᠥ ᠵᠢᠨ ᠬᠡᠷᠡᠭᠯᠡᠯᠲᠡ ᠵᠡᠷᠭᠡ ᠪᠠᠶ᠋ᠢᠳᠠᠯ᠎ᠤᠨ ᠬᠠᠨᠳᠤᠰᠢ ᠵᠢ ᠬᠢᠨᠠᠨ ᠡᠵᠡᠮᠳᠡᠬᠦ ᠵᠢ ᠴᠢᠩᠭ᠋ᠠᠳᠬᠠᠵᠤ᠂ ᠸᠠᠺᠼᠢᠨ ᠵᠢᠴᠢ ᠲᠠᠷᠢᠯᠭ᠎ᠠ ᠵᠢᠨ ᠵᠠᠷᠤᠳᠠᠯ᠎ᠢ ᠳᠠᠷᠤᠢ᠎ᠳᠤ᠎ᠨᠢ᠂ ᠭᠦᠢ᠍ᠴᠡᠳ ᠲᠣᠭ᠎ᠠ᠎ᠪᠠᠷ ᠳ᠋ᠦᠩᠨᠡᠨ ᠪᠣᠳᠣᠬᠤ ᠵᠢ ᠦᠨᠡᠨ ᠬᠦ᠌   ᠪᠠᠲᠤᠯᠠᠪᠠ᠃
      ᠳᠠᠷᠠᠭ᠎ᠠ ᠠᠯᠬᠤᠮ᠎ᠳᠤ᠂ ᠪᠢᠳᠡ ᠬᠦᠨᠳᠦ ᠶᠡᠬᠡ ᠬᠢᠵᠢᠭ᠎ᠤᠨ ᠪᠠᠶ᠋ᠢᠳᠠᠯ᠎ᠤᠨ ᠡᠮᠴᠢᠯᠡᠭᠡᠨ᠎ᠤ ᠡᠮᠨᠡᠨ ᠵᠠᠰᠠᠬᠤ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠬᠢᠵᠢᠭ᠎ᠤᠨ ᠪᠠᠶ᠋ᠢᠳᠠᠯ ᠵᠡᠷᠭᠡ ᠪᠠᠴᠢᠮ ᠪᠠᠶ᠋ᠢᠳᠠᠯ᠎ᠳᠠᠬᠢ ᠡᠮᠴᠢᠯᠡᠭᠡᠨ᠎ᠤ ᠪᠠᠶ᠋ᠢᠭᠤᠯᠤᠮᠵᠢ ᠵᠢᠨ ᠤᠷᠢᠳ ᠵᠶ᠋ᠠᠷ ᠡᠮᠨᠡᠨ ᠵᠠᠰᠠᠵᠤ᠂ ᠳᠠᠷᠠᠭ᠎ᠠ᠎ᠨᠢ ᠰᠦᠢ᠍ᠳᠭᠡᠯ ᠬᠤᠷᠢᠶᠠᠬᠤ ᠵᠢ ᠦᠨᠡᠨ ᠬᠦ᠌ ᠪᠠᠲᠤᠯᠠᠨ᠎ᠠ᠃ ᠨᠢᠭᠡ᠎ᠳᠤ᠂ ᠬᠦᠨᠳᠦ ᠶᠡᠬᠡ ᠬᠢᠵᠢᠭ᠎ᠤᠨ ᠪᠠᠶ᠋ᠢᠳᠠᠯ᠎ᠢ ᠡᠮᠨᠡᠨ ᠵᠠᠰᠠᠬᠤ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠤᠨᠳᠤᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠲᠦᠷᠢᠮ᠎ᠢ ᠲᠡᠭᠦᠯᠳᠡᠷᠵᠢᠭᠦᠯᠵᠦ᠂ ᠵᠠᠷᠤᠳᠠᠯ᠎ᠤᠨ ᠠᠰᠠᠭᠤᠳᠠᠯ᠎ᠠᠴᠠ ᠪᠣᠯᠵᠣ ᠡᠪᠡᠳᠴᠢᠲᠡᠨ᠎ᠢ ᠴᠠᠭ ᠲᠤᠬᠠᠶ᠎ᠳᠤ᠎ᠨᠢ ᠠᠪᠤᠷᠠᠨ ᠲᠤᠰᠠᠯᠠᠵᠤ ᠳᠡᠶ᠋ᠢᠯᠬᠦ ᠥᠬᠡᠶ ᠵᠢ ᠦᠭᠡᠢ ᠪᠣᠯᠭ᠋ᠠᠬᠤ ᠵᠢ ᠦᠨᠡᠨ ᠬᠦ᠌ ᠪᠠᠲᠤᠯᠠᠨ᠎ᠠ᠃ ᠬᠣᠶᠠᠷ᠎ᠲᠤ᠂ ᠣᠨᠴᠠᠭ᠋ᠠᠶ ᠡᠪᠡᠳᠴᠢᠲᠡᠳ᠂ ᠣᠨᠴᠠᠭ᠋ᠠᠶ ᠡᠪᠡᠳᠴᠢᠨ ᠡᠮᠭᠡᠭ᠎ᠤᠨ ᠡᠮ ᠡᠮᠨᠡᠯᠭᠡ ᠵᠢᠨ ᠵᠠᠷᠤᠳᠠᠯ᠎ᠢ ᠬᠡᠯᠲᠦᠷᠢᠭᠦᠯᠬᠦ ᠲᠦᠷᠢᠮ᠎ᠢ ᠰᠦᠪᠡᠭᠴᠢᠯᠡᠨ ᠪᠠᠶ᠋ᠢᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠭᠠᠷᠴᠠᠭ᠂ ᠲᠣᠭ᠋ᠠᠴᠠᠭ᠎ᠠ ᠬᠢᠬᠦ ᠬᠢᠵᠠᠭ᠋ᠠᠷ ᠲᠣᠭ᠎ᠠ᠂ ᠡᠮ ᠬᠡᠷᠡᠭᠯᠡᠬᠦ ᠬᠡᠮᠵᠢᠶ᠎ᠡ ᠵᠡᠷᠭᠡ ᠬᠢᠵᠠᠭ᠋ᠠᠷᠯᠠᠬᠤ ᠴᠢᠨᠠᠷᠲᠠᠶ ᠵᠦᠢ᠍ᠯ ᠵᠤᠷᠪᠤᠰ᠎ᠢ ᠬᠠᠨᠳᠤᠯᠭ᠋ᠠᠲᠠᠢ᠎ᠪᠠᠷ ᠬᠡᠯᠲᠦᠷᠢᠭᠦᠯᠵᠦ᠂ ᠬᠦᠴᠢᠷᠳᠡᠯᠲᠡᠶ ᠣᠯᠠᠨ ᠲᠦᠮᠡᠨ᠎ᠤ ᠡᠪᠡᠳᠴᠢᠨ ᠦᠵᠡᠭᠦᠯᠦᠭᠰᠡᠨ᠎ᠤ ᠳᠠᠷᠠᠭ᠋ᠠᠬᠢ ᠵᠣᠪᠠᠨᠢᠯ᠎ᠢ ᠬᠥᠩᠭᠡᠷᠡᠭᠦᠯᠦᠨ᠎ᠡ᠃ ᠭᠤᠷᠪᠠ᠎ᠳᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠪᠠ ᠡᠪᠡᠳᠴᠢᠨ ᠡᠮᠭᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠠᠭᠤᠷᠢ ᠮᠥᠩᠭᠥ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠪᠠᠯᠠ   ᠮᠥᠩᠭᠦᠨ᠎ᠤ ᠬᠡᠷᠡᠭᠯᠡᠯᠲᠡ ᠵᠢ ᠨᠢᠭᠡᠳᠦᠯᠲᠡᠶ ᠲᠥᠯᠥᠪᠯᠡᠵᠦ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠪᠠ ᠡᠮᠴᠢᠯᠡᠭᠡᠨ᠎ᠤ   ᠦᠢ᠍ᠯᠡᠴᠢᠯᠡᠭᠡ ᠵᠢ ᠪᠦᠲᠦᠮᠵᠢᠲᠡᠶ ᠵᠣᠯᠭ᠋ᠠᠭᠤᠯᠬᠤ ᠵᠢ ᠪᠡᠶᠡᠯᠡᠭᠦᠯᠦᠨ᠎ᠡ᠃
      ᠰᠤᠷᠪᠤᠯᠵᠢᠯᠠᠭᠴᠢ᠄ ᠪᠠᠯᠠ ᠮᠥᠩᠭᠦ ᠴᠤᠭᠯᠠᠭᠤᠯᠬᠤ ᠠᠵᠢᠯᠯᠠᠭ᠋ᠠᠨ᠎ᠤ ᠲᠣᠭᠲᠠᠴᠠ ᠵᠢ ᠶᠠᠭ᠋ᠠᠬᠢᠵᠤ ᠲᠡᠭᠦᠯᠳᠡᠷᠵᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠲᠣᠭᠲᠠᠭᠤᠨ ᠵᠶ᠋ᠠᠷ ᠦᠷᠭᠦᠯᠵᠢᠯᠡᠬᠦ ᠵᠢ ᠦᠨᠡᠨ ᠬᠦ᠌ ᠪᠠᠲᠤᠯᠠᠬᠤ ᠪᠣᠶ?
      ᠸᠠᠩ ᠹᠧᠩ ᠴᠢ᠄ ᠵᠦᠶ ᠵᠣᠬᠢᠰᠲᠠᠶ᠎ᠪᠠᠷ ᠪᠠᠯᠠ ᠴᠤᠭᠯᠠᠭᠤᠯᠵᠤ᠂ ᠲᠣᠭᠲᠠᠭᠤᠨ ᠵᠶ᠋ᠠᠷ ᠠᠵᠢᠯᠯᠠᠭᠤᠯᠬᠤ ᠪᠣᠯ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠦᠷᠭᠦᠯᠵᠢᠯᠡᠬᠦ ᠦᠨᠳᠦᠰᠦᠨ ᠪᠠᠲᠤᠯᠠᠭ᠎ᠠ ᠮᠥᠨ᠃ ᠣᠳᠣᠬᠠᠨ᠎ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠦᠷᠢᠶ᠎ᠡ ᠴᠠᠷᠠᠭ᠋ᠠᠨ᠎ᠤ ᠠᠵᠢᠯ ᠶᠠᠪᠤᠳᠠᠯ᠎ᠤᠨ ᠡᠷᠬᠡ ᠵᠢᠨ ᠬᠤᠪᠢᠶᠠᠷᠢᠯᠠᠯ ᠪᠠ ᠡᠳ᠋᠎ᠤᠨ ᠵᠠᠰᠠᠭ᠎ᠤᠨ ᠪᠡᠯᠡ ᠣᠷᠣᠭᠤᠯᠤᠯᠲᠠ ᠵᠢᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠦᠨᠳᠦᠰᠦᠯᠡᠨ᠂ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠨᠥᠬᠥᠪᠥᠷᠢ ᠵᠢᠨ ᠲᠥᠷᠥ ᠵᠢᠨ ᠪᠣᠳᠣᠯᠭ᠎ᠠ ᠪᠠ ᠬᠣᠲᠠ ᠬᠥᠳᠡᠭᠡ ᠵᠢᠨ   ᠡᠮᠴᠢᠯᠡᠭᠡᠨ᠎ᠤ ᠠᠪᠤᠷᠠᠨ ᠲᠤᠰᠠᠯᠠᠬᠤ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠢᠳᠡᠪᠬᠢᠲᠡᠶ ᠨᠠᠶ᠋ᠢᠳᠠᠪᠤᠷᠢᠵᠢᠭᠤᠯᠵᠤ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠪᠠ ᠬᠣᠲᠠ ᠬᠥᠳᠡᠭᠡ ᠵᠢᠨ ᠡᠮᠴᠢᠯᠡᠭᠡᠨ᠎ᠤ ᠳᠤᠰᠠᠯᠠᠨ ᠳᠡᠮᠵᠢᠬᠦ ᠭᠤᠷᠪᠠᠨ ᠵᠦᠢ᠍ᠯ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠦᠷᠢᠮ᠎ᠢ ᠪᠡᠬᠢᠵᠢᠭᠦᠯᠵᠦ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠮ ᠡᠮᠨᠡᠯᠭᠡ ᠵᠢᠨ ᠵᠠᠷᠤᠳᠠᠯ᠎ᠤᠨ ᠳᠠᠷᠤᠭ᠋ᠠᠰᠤ ᠵᠢ ᠱᠠᠲᠤ ᠳᠠᠷᠠᠭ᠋ᠠᠯᠠᠨ ᠬᠥᠩᠭᠡᠷᠡᠭᠦᠯᠪᠡ᠃ 2020 ᠣᠨ᠎ᠳᠤ᠂ ᠡᠳ᠋᠎ᠤᠨ ᠵᠠᠰᠠᠭ᠎ᠠᠴᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡ ᠵᠢᠨ ᠳᠠᠭ᠋ᠠᠳᠬᠠᠯ᠎ᠳᠤ ᠥᠭᠬᠦ ᠨᠥᠬᠥᠪᠥᠷᠢ ᠵᠢᠨ ᠪᠠᠷᠢᠮᠵᠢᠶ᠎ᠠ᠎ᠨᠢ ᠬᠥᠮᠦᠨ ᠨᠢᠭᠡ ᠪᠦᠷᠢ᠎ᠳᠤ ᠵᠢᠯ ᠪᠦᠷᠢ 550 ᠲᠥᠭᠥᠷᠢᠭ ᠪᠠᠶ᠋ᠢᠵᠤ᠂ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠨᠡᠶ᠋ᠢᠲᠡ 94 ᠳ᠋ᠦᠩᠰᠢᠭᠤᠷ ᠲᠥᠭᠥᠷᠢᠭ ᠪᠡᠯᠡ ᠣᠷᠣᠭᠤᠯᠵᠤ᠂ ᠪᠥᠬᠥ ᠵᠢᠯ᠎ᠤᠨ ᠨᠥᠬᠦᠪᠦᠷᠢᠯᠡᠬᠦ ᠪᠠᠯᠠ ᠮᠥᠩᠭᠥ ᠵᠢ ᠭᠦᠢ᠍ᠴᠡᠳ ᠲᠣᠭ᠎ᠠ᠎ᠪᠠᠷ ᠨᠠᠶ᠋ᠢᠳᠠᠪᠤᠷᠢᠵᠢᠭᠤᠯᠵᠤ᠂ ᠰᠠᠭᠤᠷᠢ ᠮᠥᠩᠭᠥ ᠵᠢᠨ ᠲᠣᠭᠲᠠᠭᠤᠨ ᠪᠥᠭᠡᠳ ᠤᠷᠤᠭᠰᠢᠲᠠᠶ ᠠᠵᠢᠯᠯᠠᠬᠤ ᠵᠢ ᠪᠠᠲᠤᠯᠠᠪᠠ᠃ 2021 ᠣᠨ᠎ᠳᠤ᠂ ᠡᠳ᠋᠎ᠤᠨ ᠵᠠᠰᠠᠭ᠎ᠠᠴᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡ ᠵᠢᠨ ᠳᠠᠭ᠋ᠠᠳᠬᠠᠯ᠎ᠳᠤ ᠣᠯᠭᠣᠬᠤ ᠬᠥᠮᠦᠨ ᠪᠦᠷᠢ ᠵᠢᠨ ᠳᠤᠮᠳᠠᠴᠢ ᠨᠥᠬᠥᠪᠥᠷᠢ ᠵᠢᠨ ᠪᠠᠷᠢᠮᠵᠢᠶ᠎ᠠ ᠵᠢ ᠦᠷᠭᠦᠯᠵᠢᠯᠡᠨ 30 ᠲᠥᠭᠥᠷᠢᠭ ᠨᠡᠮᠡᠵᠦ᠂ ᠬᠥᠮᠦᠨ ᠪᠦᠷᠢ ᠵᠢ ᠵᠢᠯ᠎ᠳᠤ 580 ᠲᠥᠭᠥᠷᠢᠭ᠎ᠲᠤ ᠬᠦᠷᠭᠡᠪᠡ᠃ ᠡᠭᠦᠨ᠎ᠤ ᠬᠠᠮᠲᠤ᠂ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠡᠮᠴᠢᠯᠡᠭᠡᠨ᠎ᠤ ᠳᠤᠰᠠᠯᠠᠨ ᠳᠡᠮᠵᠢᠬᠦ ᠦᠨᠳᠦᠰᠦᠨ ᠵᠦᠢ᠍ᠯ᠎ᠢ ᠪᠠᠲᠤᠯᠠᠬᠤ ᠲᠥᠷᠥ ᠵᠢᠨ ᠪᠣᠳᠣᠯᠭ᠎ᠠ ᠵᠢ ᠢᠳᠡᠪᠬᠢᠲᠡᠶ ᠨᠠᠶ᠋ᠢᠳᠠᠪᠤᠷᠢᠵᠢᠭᠤᠯᠵᠤ᠂ 2020 ᠣᠨ᠎ᠳᠤ ᠬᠣᠲᠠ ᠬᠥᠳᠡᠭᠡ ᠵᠢᠨ   ᠡᠮᠴᠢᠯᠡᠭᠡᠨ᠎ᠤ   ᠳᠤᠰᠠᠯᠠᠨ ᠳᠡᠮᠵᠢᠬᠦ ᠨᠥᠬᠥᠪᠥᠷᠢ ᠪᠠᠯᠠ ᠮᠥᠩᠭᠥ ᠵᠢᠨ ᠵᠠᠷᠤᠯᠭ᠎ᠠ 9 . 8 ᠳ᠋ᠦᠩᠰᠢᠭᠤᠷ ᠲᠥᠭᠥᠷᠢᠭ᠎ᠲᠤ ᠬᠦᠷᠴᠡᠶ᠃
     《ᠬᠡᠷᠡᠭᠵᠢᠭᠦᠯᠬᠦ ᠰᠠᠨᠠᠯ》᠎ᠳᠤ 《ᠪᠠᠯᠠ ᠴᠤᠭᠯᠠᠭᠤᠯᠬᠤ ᠵᠢ ᠬᠤᠪᠢᠶᠠᠨ ᠡᠭᠦᠷᠭᠡᠯᠡᠬᠦ ᠪᠠ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠬᠦ》 ᠵᠢ ᠱᠠᠭ᠋ᠠᠷᠳᠠᠵᠤ᠂ ᠠᠵᠢᠯᠲᠠᠨ᠎ᠤ ᠲᠥᠷᠥᠯ ᠬᠡᠯᠪᠡᠷᠢ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠪᠠᠯᠠ ᠴᠤᠭᠯᠠᠭᠤᠯᠬᠤ ᠠᠷᠭ᠎ᠠ ᠮᠠᠶᠢᠭ᠎ᠢ ᠦᠨᠳᠦᠰᠦᠯᠡᠨ ᠪᠣᠳᠠᠲᠠᠶ ᠭᠤᠷᠪᠠᠨ ᠲᠥᠷᠥᠯ ᠬᠤᠪᠢᠶᠠᠪᠠ᠂ ᠨᠢᠭᠡ᠎ᠳᠤ᠂ ᠠᠵᠢᠯ ᠣᠯᠤᠭᠰᠠᠳ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠵᠤ᠂ ᠡᠨᠡ ᠲᠥᠷᠥᠯ᠎ᠤᠨ ᠳᠠᠭ᠋ᠠᠳᠬᠠᠯ᠎ᠳᠤ ᠣᠷᠣᠯᠴᠠᠭᠰᠠᠳ᠎ᠲᠤ ᠪᠠᠷᠢᠮᠵᠢᠶᠠᠲᠤ   ᠳᠠᠭ᠋ᠠᠳᠬᠠᠯ᠎ᠤᠨ ᠵᠠᠷᠤᠳᠠᠯ᠎ᠤᠨ ᠨᠣᠷᠮ᠎ᠠ ᠵᠢᠨ ᠲᠦᠷᠢᠮ᠎ᠢ ᠬᠡᠷᠡᠭᠵᠢᠭᠦᠯᠵᠦ᠂ ᠳᠡᠭᠡᠷ᠎ᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ ᠬᠣᠲᠠ ᠪᠠᠯᠭ᠋ᠠᠰᠤᠨ᠎ᠤ ᠨᠢᠭᠡᠴᠢ᠎ᠳᠤ ᠠᠵᠢᠯ ᠣᠯᠤᠭᠰᠠᠳ᠎ᠤᠨ ᠳᠤᠮᠳᠠᠴᠢ ᠴᠠᠯᠢᠩ ᠵᠶ᠋ᠠᠷ ᠰᠠᠭᠤᠷᠢ ᠲᠣᠭ᠎ᠠ ᠪᠣᠯᠭ᠋ᠠᠵᠤ᠂ ᠬᠥᠮᠦᠨ ᠬᠡᠷᠡᠭᠯᠡᠬᠦ ᠨᠢᠭᠡᠴᠢ ᠪᠠ ᠠᠵᠢᠯᠲᠠᠨ ᠠᠵᠢᠯᠴᠢᠨ᠎ᠤ ᠵᠠᠷᠤᠳᠠᠯ ᠲᠤᠰᠢᠶᠠᠬᠤ ᠨᠣᠷᠮ᠎ᠠ ᠵᠢ ᠵᠦᠶ ᠵᠣᠬᠢᠰᠲᠠᠶ ᠲᠣᠭᠲᠠᠭ᠋ᠠᠵᠤ᠂ ᠬᠥᠳᠡᠯᠦᠩᠭᠦᠶ᠎ᠪᠠᠷ ᠲᠣᠬᠢᠷᠠᠭᠤᠯᠬᠤ ᠵᠢ   ᠬᠡᠷᠡᠭᠵᠢᠭᠦᠯᠪᠡ; ᠬᠣᠶᠠᠷ᠎ᠲᠤ᠂ ᠠᠵᠢᠯ ᠦᠭᠡᠢ ᠬᠥᠮᠦᠰ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠪᠠᠯ᠂   ᠥᠪᠡᠷ ᠵᠶ᠋ᠡᠨ ᠵᠠᠷᠤᠳᠠᠯ᠎ᠢ ᠲᠤᠰᠢᠶᠠᠵᠤ᠂ ᠵᠠᠰᠠᠭ᠎ᠤᠨ ᠣᠷᠳᠣᠨ᠎ᠠᠴᠠ ᠲᠣᠭᠲᠠᠭ᠋ᠠᠯ ᠶᠣᠰᠣᠭ᠋ᠠᠷ ᠨᠥᠬᠥᠪᠥᠷᠢ ᠥᠭᠴᠦ᠂   ᠵᠠᠷᠤᠳᠠᠯ ᠲᠤᠰᠢᠶᠠᠬᠤ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠲᠦᠪᠰᠢᠨ ᠪᠣᠯᠤᠨ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ᠎ᠯᠤᠭ᠎ᠠ ᠬᠣᠯᠪᠣᠭᠳᠠᠭᠤᠯᠵᠤ᠂ ᠣᠳᠣᠬᠠᠨ᠎ᠳᠤ ᠵᠠᠰᠠᠭ᠎ᠤᠨ ᠣᠷᠳᠣᠨ᠎ᠤ ᠨᠥᠬᠥᠪᠥᠷᠢ ᠬᠢᠭᠡᠳ ᠬᠤᠪᠢ ᠬᠥᠮᠦᠨ᠎ᠤ ᠵᠠᠷᠤᠳᠠᠯ ᠲᠤᠰᠢᠶᠠᠬᠤ᠎ᠳᠤ ᠴᠤᠭᠯᠠᠭᠤᠯᠬᠤ ᠬᠠᠷᠢᠴᠠᠯ᠎ᠨᠢ ᠶᠡᠬᠡ ᠲᠥᠯᠥᠪ 2᠄ 1 ᠪᠣᠯᠤᠨ᠎ᠠ; ᠭᠤᠷᠪᠠ᠎ᠳᠤ᠂ ᠲᠣᠭᠲᠠᠮᠠᠯ ᠪᠣᠰᠤ ᠠᠵᠢᠯ ᠣᠯᠤᠭᠰᠠᠳ ᠥᠪᠡᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ ᠪᠤᠶᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠬᠤ ᠵᠢ ᠡᠵᠡᠨ ᠮᠡᠳᠡᠨ ᠰᠣᠩᠭᠣᠵᠤ ᠪᠣᠯᠤᠨ᠎ᠠ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠠᠴᠠ ᠵᠠᠰᠠᠭ᠎ᠤᠨ ᠣᠷᠳᠣᠨ ᠵᠶ᠋ᠠᠷ ᠭᠣᠣᠯᠯᠠᠭᠤᠯᠤᠭᠰᠠᠨ ᠣᠯᠠᠨ   ᠡᠰᠢᠵᠢᠭᠦᠯᠦᠭᠰᠡᠨ ᠡᠮᠴᠢᠯᠡᠭᠡᠨ᠎ᠤ ᠠᠪᠤᠷᠠᠨ ᠲᠤᠰᠠᠯᠠᠬᠤ ᠵᠠᠷᠤᠳᠠᠯ᠎ᠤᠨ ᠪᠡᠯᠡ ᠴᠤᠭᠯᠠᠭᠤᠯᠬᠤ ᠲᠣᠭᠲᠠᠴᠠ ᠵᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠵᠦ᠂ ᠨᠡᠶ᠋ᠢᠭᠡᠮ᠎ᠤᠨ᠎ᠬᠢᠨ᠎ᠤ ᠬᠠᠨᠳᠢᠪᠯᠠᠬᠤ᠂ ᠪᠡᠯᠡ ᠮᠥᠩᠭᠥ᠎ᠪᠠᠷ ᠲᠤᠰᠠᠯᠠᠬᠤ ᠵᠢ ᠵᠣᠷᠢᠭᠵᠢᠭᠤᠯᠬᠤ ᠪᠠ ᠬᠥᠲᠥᠯᠥᠨ ᠵᠢᠯᠣᠭᠣᠳᠴᠤ᠂   ᠡᠮᠴᠢᠯᠡᠭᠡᠨ᠎ᠤ ᠳᠤᠰᠠᠯᠠᠨ ᠳᠡᠮᠵᠢᠬᠦ ᠪᠡᠯᠡ ᠴᠤᠭᠯᠠᠭᠤᠯᠬᠤ ᠠᠷᠭ᠎ᠠ ᠵᠠᠮ᠎ᠢ ᠥᠷᠭᠡᠳᠭᠡᠪᠡ᠃
      ᠤᠯᠤᠰ᠎ᠤᠨ ᠦᠨᠳᠦᠰᠦᠨ ᠪᠠᠶ᠋ᠢᠳᠠᠯ᠎ᠲᠠᠢ ᠵᠣᠬᠢᠴᠠᠭᠰᠠᠨ᠂ ᠡᠯ᠎ᠡ ᠲᠠᠯ᠎ᠠ ᠵᠢᠨ ᠳᠠᠭ᠋ᠠᠭ᠋ᠠᠬᠤ ᠴᠢᠳᠠᠪᠤᠷᠢ᠎ᠲᠠᠢ ᠵᠣᠬᠢᠴᠠᠭᠰᠠᠨ᠂ ᠡᠷᠡᠭᠦᠯ ᠮᠡᠨᠳᠦ ᠵᠢᠨ ᠦᠨᠳᠦᠰᠦᠨ ᠬᠡᠷᠡᠭᠴᠡᠭᠡ᠎ᠲᠠᠢ ᠵᠣᠬᠢᠴᠠᠭᠰᠠᠨ ᠪᠡᠯᠡ ᠮᠥᠩᠭᠥ ᠴᠤᠭᠯᠠᠭᠤᠯᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠂ ᠨᠢᠭᠡ᠎ᠳᠤ᠂ ᠪᠡᠯᠡ ᠮᠥᠩᠭᠥ ᠴᠤᠭᠯᠠᠭᠤᠯᠬᠤ ᠵᠢ ᠬᠤᠪᠢᠶᠠᠨ ᠡᠭᠦᠷᠭᠡᠯᠡᠬᠦ ᠪᠠ ᠲᠤᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠪᠠᠷᠢᠮᠵᠢᠶᠠᠲᠤ ᠳᠠᠭ᠋ᠠᠳᠬᠠᠯ᠎ᠤᠨ ᠵᠠᠷᠤᠳᠠᠯ᠎ᠤᠨ ᠨᠤᠷᠮ᠎ᠠ ᠵᠢᠨ ᠲᠦᠷᠢᠮ᠎ᠢ ᠪᠠᠢ᠌ᠭᠤᠯᠵᠤ᠂ ᠬᠤᠪᠢ ᠬᠥᠮᠦᠨ᠂ ᠬᠥᠮᠦᠨ ᠬᠡᠷᠡᠭᠯᠡᠬᠦ ᠨᠢᠭᠡᠴᠢ᠂ ᠵᠠᠰᠠᠭ᠎ᠤᠨ ᠣᠷᠳᠣᠨ ᠭᠤᠷᠪᠠᠨ ᠲᠠᠯ᠎ᠠ ᠵᠢᠨ ᠪᠡᠯᠡ ᠮᠥᠩᠭᠥ ᠴᠤᠭᠯᠠᠭᠤᠯᠬᠤ ᠵᠠᠷᠣᠳᠠᠯ ᠲᠤᠰᠢᠶᠠᠬᠤ ᠬᠠᠷᠢᠭᠤᠴᠠᠯᠭ᠎ᠠ ᠵᠢ ᠲᠡᠩᠴᠡᠭᠦᠷᠢᠲᠡᠢ ᠪᠣᠯᠭ᠋ᠠᠵᠤ᠂ ᠡᠮᠴᠢᠯᠡᠭᠡᠨ᠎ᠤ ᠳᠤᠰᠠᠯᠠᠨ ᠳᠡᠮᠵᠢᠬᠦ ᠪᠠ ᠦᠨᠳᠦᠰᠦᠨ ᠡᠮᠴᠢᠯᠡᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠵᠡᠷᠭᠡ ᠲᠦᠷᠦ ᠵᠢᠨ ᠪᠤᠳᠤᠯᠭ᠎ᠠ ᠵᠢ ᠨᠢᠭᠡᠳᠦᠯᠲᠡᠢ ᠲᠥᠯᠥᠪᠯᠡᠨ ᠵᠣᠯᠭ᠋ᠠᠭᠤᠯᠬᠤ ᠵᠢ ᠲᠦᠯᠬᠢᠨ ᠠᠬᠢᠭᠤᠯᠵᠤ᠂ ᠲᠦᠷᠦ ᠵᠢᠨ ᠪᠤᠳᠤᠯᠭ᠎ᠠ ᠵᠢᠨ ᠳᠥᠭᠦᠮ ᠪᠠ ᠳᠠᠪᠬᠤᠴᠠᠬᠤ᠎ᠠᠴᠠ ᠵᠠᠶ᠋ᠢᠯᠠᠰᠬᠢᠵᠦ᠂ ᠲᠦᠷᠦ ᠵᠢᠨ ᠪᠤᠳᠤᠯᠭ᠎ᠠ ᠵᠢᠨ ᠬᠠᠷᠠᠯᠲᠠ ᠲᠣᠳᠣᠷᠬᠠᠢ᠂ ᠲᠦᠷᠦ ᠵᠢᠨ ᠪᠤᠳᠤᠯᠭ᠎ᠠ ᠵᠢᠨ ᠬᠦᠷᠢᠶ᠎ᠡ ᠬᠡᠪᠴᠢᠶ᠎ᠡ   ᠡᠲᠡᠭᠡᠳ ᠲᠣᠳᠣᠷᠬᠠᠢ ᠪᠥᠭᠡᠳ ᠵᠦᠢ ᠵᠣᠬᠢᠰᠲᠠᠢ᠂ ᠲᠦᠷᠦ ᠵᠢᠨ ᠪᠤᠳᠤᠯᠭ᠎ᠠ ᠵᠢᠨ ᠬᠠᠮ ᠬᠦᠴᠦᠨ᠎ᠤ ᠦᠷ᠎ᠡ ᠪᠦᠲᠦᠮᠵᠢ ᠢᠯᠡᠳᠲᠡ ᠪᠠᠶ᠋ᠢᠬᠤ ᠵᠢ ᠪᠡᠶᠡᠯᠡᠭᠦᠯᠬᠦ ᠬᠡᠷᠡᠭᠲᠡᠢ᠃ ᠬᠣᠶᠠᠷ᠎ᠲᠤ᠂ ᠰᠠᠭᠤᠷᠢ ᠮᠥᠩᠭᠥ ᠵᠢᠨ ᠲᠦᠭᠰᠢᠭᠦᠷᠢ ᠵᠢ ᠰᠡᠷᠭᠡᠶ᠋ᠢᠯᠡᠬᠦ ᠵᠢ ᠴᠢᠩᠭ᠋ᠠᠳᠬᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠣᠷᠣᠯᠭ᠎ᠠ ᠵᠠᠷᠤᠯᠭ᠎ᠠ ᠵᠢᠨ ᠲᠥᠰᠦᠪ᠎ᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠲᠥᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠰᠠᠭᠤᠷᠢ ᠮᠥᠩᠭᠥ ᠵᠢ ᠳᠤᠮᠳᠠ ᠪᠠ ᠣᠷᠳᠣ ᠬᠤᠭᠤᠴᠠᠭ᠋ᠠᠨ᠎ᠤ ᠨᠠᠷᠢᠨ ᠪᠤᠳᠤᠵᠤ ᠲᠡᠩᠴᠡᠭᠦᠷᠢᠲᠡᠶ ᠪᠠᠶ᠋ᠢᠯᠭ᠋ᠠᠬᠤ ᠵᠢ ᠪᠡᠶᠡᠯᠡᠭᠦᠯᠵᠦ᠂ ᠰᠠᠭᠤᠷᠢ ᠮᠥᠩᠭᠥ ᠵᠢᠨ ᠠᠵᠢᠯᠯᠠᠭ᠋ᠠᠨ᠎ᠤ ᠲᠦᠭᠰᠢᠭᠦᠷᠢ ᠵᠢ ᠦᠨᠡᠯᠡᠨ ᠵᠢᠱ᠌ᠢᠬᠦ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠰᠠᠭᠤᠷᠢ ᠮᠥᠩᠭᠥ ᠵᠢᠨ ᠠᠵᠢᠯᠯᠠᠭ᠋ᠠᠨ᠎ᠤ ᠲᠣᠭᠲᠠᠭᠤᠨ ᠵᠶ᠋ᠠᠷ ᠦᠷᠭᠦᠯᠵᠢᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
      ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠦᠨᠡᠨ ᠬᠦ᠌   ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ᠃ ᠰᠠᠯᠠᠭ᠎ᠠ ᠮᠥᠴᠢᠷ ᠠᠯᠤᠰᠯᠠᠨ᠂ ᠣᠯᠠᠨ ᠰᠠᠯᠠᠭ᠎ᠠ ᠮᠥᠴᠢᠷ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠢᠳᠡᠪᠬᠢᠲᠡᠶ᠎ᠪᠠᠷ ᠬᠠᠮᠵᠢᠯᠴᠠᠨ ᠨᠠᠰᠤᠵᠢᠯᠲᠠ ᠵᠢᠨ ᠡᠮᠴᠢᠯᠡᠭᠡᠨ᠎ᠤ ᠳᠠᠷᠤᠭ᠋ᠠᠰᠤ ᠵᠢ ᠠᠷᠭ᠋ᠠᠴᠠᠬᠤ ᠣᠯᠠᠨ ᠠᠷᠭ᠎ᠠ ᠵᠠᠮ ᠵᠶ᠋ᠠᠷ ᠪᠠᠯᠠ ᠴᠤᠭᠯᠠᠭᠤᠯᠬᠤ ᠲᠥᠷᠥ ᠵᠢᠨ ᠪᠣᠳᠣᠯᠭ᠎ᠠ ᠵᠢ ᠰᠤᠳᠤᠯᠬᠤ ᠵᠢᠨ ᠬᠠᠮᠲᠤ ᠨᠡᠶ᠋ᠢᠭᠡᠮ᠎ᠤᠨ᠎ᠬᠢᠨ ᠬᠠᠨᠳᠢᠪᠯᠠᠬᠤ᠂ ᠡᠳ᠋ ᠮᠥᠩᠭᠥ᠎ᠪᠠᠷ ᠲᠤᠰᠠᠯᠠᠬᠤ᠂ ᠡᠮᠴᠢᠯᠡᠭᠡ᠎ᠪᠠᠷ ᠳᠤᠰᠠᠠᠯᠠᠨ ᠳᠡᠮᠵᠢᠬᠦ ᠵᠡᠷᠭᠡ ᠪᠠᠯᠠ ᠴᠤᠭᠯᠠᠭᠤᠯᠬᠤ ᠠᠷᠭ᠎ᠠ ᠵᠠᠮ᠎ᠢ ᠥᠷᠭᠡᠳᠬᠡᠬᠦ ᠵᠢ ᠵᠣᠷᠢᠭᠵᠢᠭᠤᠯᠬᠤ ᠪᠠ ᠬᠥᠲᠥᠯᠥᠨ ᠵᠢᠯᠣᠭᠣᠳᠤᠨ᠎ᠠ᠃ ᠰᠠᠭᠤᠷᠢ ᠮᠥᠩᠭᠥ ᠵᠢᠨ ᠠᠵᠢᠯᠯᠠᠭ᠋ᠠᠨ᠎ᠤ ᠬᠢᠨᠠᠯᠲᠠ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠵᠤ᠂ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠬᠠᠮᠢᠶᠠᠷᠤᠯᠲᠠ ᠵᠢ ᠴᠢᠩᠭ᠋ᠠᠷᠠᠭᠤᠯᠵᠤ᠂ ᠰᠠᠭᠤᠷᠢ ᠮᠥᠩᠭᠥ ᠵᠢᠨ 《  ᠴᠦᠬᠦᠷᠦᠮ》᠎ᠤᠨ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠵᠢ ᠴᠢᠩᠭ᠋ᠠᠷᠠᠭᠤᠯᠵᠤ᠂ ᠰᠢᠰᠲ᠋ᠧᠮᠲᠦ ᠲᠦᠭᠰᠢᠭᠦᠷᠢ ᠥᠯᠥ ᠡᠭᠦᠰᠭᠡᠬᠦ ᠬᠣᠷᠢᠭ᠎ᠠ ᠱᠤᠭᠤᠮ᠎ᠢ ᠡᠷᠡᠰ ᠰᠠᠬᠢᠨ᠎ᠠ᠃
      ᠰᠤᠷᠪᠤᠯᠵᠢᠯᠠᠭᠴᠢ᠄ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠣᠭᠣᠷᠢᠨ᠎ᠳᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ᠎ᠬᠢᠨ ᠭᠤᠤᠯᠳᠠᠯᠭ᠎ᠠ᠎ᠲᠠᠢ ᠶᠠᠮᠠᠷ ᠠᠵᠢᠯ ᠬᠢᠭᠰᠡᠨ ᠪᠣᠶ?
      ᠸᠠᠩ ᠵᠠᠨ ᠭᠦᠸᠧ᠄ ᠶᠠᠭᠤᠨ᠎ᠤ ᠡᠮᠦᠨ᠎ᠡ ᠵᠠᠭᠤᠴᠢᠯᠠᠭᠤᠷ᠎ᠤᠨ ᠨᠠᠶ᠋ᠢᠵᠠ ᠨᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠰ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ! ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠪᠣᠯ ᠡᠮᠴᠢᠯᠡᠭᠡ᠂   ᠡᠮᠴᠢᠯᠡᠭᠡ ᠵᠢᠨ ᠳᠠᠭ᠋ᠠᠳᠬᠠᠯ᠂ ᠡᠮ ᠡᠮᠨᠡᠯᠭᠡ 《ᠭᠤᠷᠪᠠᠭᠤᠯᠠ ᠬᠣᠯᠪᠤᠭ᠋ᠠᠯᠠᠨ ᠬᠥᠳᠡᠯᠦᠯᠴᠡᠬᠦ》 ᠥᠭᠡᠷᠡᠴᠢᠯᠡᠯᠲᠡ ᠵᠢᠨ ᠴᠢᠬᠤᠯᠠ ᠡᠭᠦᠷᠭᠡ ᠵᠢᠨ ᠨᠢᠭᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠢᠰᠲ᠋ᠧᠮ᠎ᠤᠨ᠎ᠬᠢᠨ ᠶᠡᠷᠦ᠎ᠨᠢ 《ᠭᠤᠷᠪᠠᠭᠤᠯᠠ ᠬᠣᠯᠪᠤᠭ᠋ᠠᠯᠠᠨ ᠬᠥᠳᠡᠯᠦᠯᠴᠡᠬᠦ》 ᠵᠢ ᠪᠠᠷᠢᠮᠲᠠᠯᠠᠵᠤ᠂ ᠡᠮᠴᠢᠯᠡᠭᠡᠨ᠎ᠤ ᠦᠢ᠍ᠯᠡᠴᠢᠯᠡᠭᠡ ᠵᠢᠨ ᠬᠠᠩᠭ᠋ᠠᠯᠭ᠎ᠠ ᠵᠢᠨ ᠲᠠᠯ᠎ᠠ᠎ᠠᠴᠠ ᠬᠦᠴᠦᠯᠡᠬᠦ ᠵᠢ ᠪᠠᠷᠢᠮᠲᠠᠯᠠᠵᠤ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠠᠵᠢᠯ᠎ᠢ ᠦᠨᠡᠨ ᠬᠦ᠌ ᠠᠳᠬᠤᠨ ᠪᠣᠳᠠᠲᠠᠶ ᠠᠳᠬᠤᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠭᠠᠵᠠᠷ ᠣᠷᠣᠨ᠎ᠢ ᠤᠷᠮᠠᠰᠢᠭᠤᠯᠤᠨ ᠳᠡᠮᠵᠢᠬᠦ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠮᠠᠨ᠎ᠤ ᠣᠷᠣᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠲᠠᠪᠤᠨ ᠵᠢᠯ ᠳᠠᠷᠠᠭ᠋ᠠᠯᠠᠨ ᠮᠠᠭᠲᠠᠭ᠋ᠠᠯ ᠵᠣᠷᠢᠭᠵᠢᠭᠤᠯᠤᠯ ᠭᠦᠷᠲᠡᠪᠡ᠃ ᠪᠣᠳᠠᠲᠠᠶ ᠠᠵᠢᠯ᠎ᠳᠤ᠂ ᠡᠮᠴᠢᠯᠡᠭᠡᠨ᠎ᠤ ᠦᠢ᠍ᠯᠡᠴᠢᠯᠡᠭᠡᠨ᠎ᠤ   ᠳᠣᠭᠲᠠᠯᠴᠠᠭ᠎ᠠ ᠵᠢ ᠦᠷᠭᠦᠯᠵᠢᠯᠡᠨ ᠪᠡᠬᠢᠵᠢᠭᠦᠯᠬᠦ ᠵᠢᠨ ᠬᠠᠮᠲᠤ ᠳᠤᠤᠷᠠᠬᠢ ᠭᠤᠷᠪᠠᠨ ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠥᠷᠨᠢᠭᠦᠯᠪᠡ᠃
      ᠨᠢᠭᠡ᠂ ᠡᠷᠡᠭᠦᠯ ᠮᠡᠨᠳᠦ ᠵᠢᠨ ᠡᠭᠦᠳᠡ ᠰᠠᠬᠢᠭᠴᠢ ᠵᠢᠨ ᠲᠦᠷᠢᠮ᠎ᠤᠨ ᠪᠠᠶ᠋ᠢᠭᠤᠯᠤᠯᠲᠠ ᠵᠢ ᠠᠬᠢᠭᠤᠯᠵᠤ᠂ ᠣᠯᠠᠨ ᠲᠦᠮᠡᠨ ᠣᠶ᠋ᠢᠷ᠎ᠠ ᠬᠠᠪᠢ᠎ᠳᠤ᠎ᠪᠠᠨ ᠡᠪᠡᠳᠴᠢᠨ ᠦᠵᠡᠭᠦᠯᠬᠦ ᠵᠢ ᠪᠠᠲᠤᠯᠠᠪᠠ᠃ ᠬᠣᠲᠠ ᠬᠥᠳᠡᠭᠡ ᠵᠢᠨ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠦᠯᠵᠢᠶ᠎ᠡ ᠵᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠭᠡᠷ ᠪᠦᠯᠢ ᠵᠢᠨ ᠡᠮᠴᠢ ᠵᠢᠨ ᠭᠡᠷ᠎ᠡ ᠲᠣᠭᠲᠠᠨ ᠦᠢ᠍ᠯᠡᠴᠢᠯᠡᠬᠦ ᠳᠦᠷᠢᠮ᠎ᠢ ᠭᠣᠣᠯᠳᠠᠯᠭ᠎ᠠ᠎ᠲᠠᠢ ᠪᠠᠶ᠋ᠢᠭᠤᠯᠵᠤ᠂ ᠣᠯᠠᠨ ᠲᠦᠮᠡᠨ᠎ᠤ ᠡᠪᠡᠳᠴᠢᠨ ᠦᠵᠡᠭᠦᠯᠬᠦ᠂ ᠵᠠᠷᠤᠳᠠᠯ ᠥᠭᠬᠦ ᠡᠭᠦᠳᠡ ᠵᠢ ᠪᠠᠲᠤ   ᠰᠠᠬᠢᠪᠠ᠃ ᠡᠮᠴᠢᠯᠡᠭᠡᠨ᠎ᠤ ᠬᠣᠯᠪᠣᠭ᠋ᠠᠲᠤ ᠴᠣᠭᠴᠠ ᠵᠢ ᠪᠠᠶ᠋ᠢᠭᠤᠯᠬᠤ ᠲᠤᠷᠰᠢᠯᠲᠠ ᠵᠢᠨ ᠴᠡᠭ᠎ᠢ ᠶᠡᠬᠡ᠎ᠪᠠᠷ ᠥᠷᠨᠢᠭᠦᠯᠵᠦ᠂ ᠲᠣᠮᠣ ᠡᠮᠨᠡᠯᠭᠡ ᠵᠢᠨ ᠬᠣᠷᠢᠶ᠎ᠠ ᠵᠢᠨ ᠡᠮᠴᠢ ᠭᠡᠷ ᠪᠦᠯᠢ ᠵᠢᠨ ᠡᠮᠴᠢ ᠵᠢᠨ ᠪᠦᠯᠬᠦᠮ᠎ᠳᠤ ᠣᠷᠣᠯᠴᠠᠬᠤ ᠵᠢ ᠵᠣᠷᠢᠭᠵᠢᠭᠤᠯᠤᠨ᠂ ᠭᠡᠷ᠎ᠡ ᠲᠣᠭᠲᠠᠨ ᠦᠢ᠍ᠯᠡᠴᠢᠯᠡᠬᠦ ᠬᠢᠷᠢ ᠬᠡᠮ᠎ᠢ ᠵᠢᠯ ᠳᠠᠷᠠᠭ᠋ᠠᠯᠠᠨ ᠳᠡᠭᠡᠭᠰᠢᠯᠡᠭᠦᠯᠪᠡ᠃ 2020 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠤ ᠶᠡᠷᠦᠩᠬᠡᠶ ᠰᠠᠯᠠᠭ᠋ᠠᠨ᠎ᠤ ᠡᠮᠴᠢ ᠵᠢᠨ ᠲᠣᠭ᠎ᠠ 7598᠂ ᠬᠡᠷ ᠪᠦᠯᠢ ᠵᠢᠨ ᠡᠮᠴᠢ ᠵᠢᠨ ᠦᠢ᠍ᠯᠡᠴᠢᠯᠡᠭᠡᠨ᠎ᠤ ᠪᠦᠯᠬᠦᠮ᠎ᠤᠨ ᠲᠣᠭ᠎ᠠ 9528᠂ ᠭᠡᠷ᠎ᠡ ᠲᠣᠭᠲᠠᠭᠰᠠᠨ ᠪᠥᠬᠥ ᠬᠥᠮᠦᠨ᠎ᠤ ᠲᠣᠭ᠎ᠠ 1905 . 6 ᠲᠦᠮᠡ ᠬᠦᠷᠴᠦ᠂ 2017 ᠣᠨ᠎ᠤ 1056 . 59 ᠲᠦᠮᠡᠨ ᠬᠥᠮᠦᠨ᠎ᠠᠴᠠ 849 . 01 ᠲᠦᠮᠡ ᠨᠡᠮᠡᠭᠳᠡᠵᠦ᠂ ᠬᠡᠷ ᠪᠦᠯᠢ ᠵᠢᠨ ᠡᠮᠴᠢ ᠵᠢᠨ ᠭᠡᠷ᠎ᠡ ᠲᠣᠭᠲᠠᠭᠰᠠᠨ ᠦᠢ᠍ᠯᠡᠴᠢᠯᠡᠭᠡᠨ᠎ᠤ ᠪᠦᠷᠬᠦᠴᠡ ᠵᠢᠨ ᠨᠣᠷᠮ᠎ᠠ 60 % ᠬᠦᠷᠴᠦ᠂ ᠭᠤᠤᠯᠳᠠᠯᠭ᠎ᠠ᠎ᠲᠠᠢ ᠬᠥᠮᠦᠰ᠎ᠤᠨ ᠬᠡᠷ ᠪᠦᠯᠢ ᠵᠢᠨ ᠡᠮᠴᠢ ᠵᠢᠨ ᠭᠡᠷ᠎ᠡ ᠲᠣᠭᠲᠠᠭᠰᠠᠨ ᠦᠢ᠍ᠯᠡᠴᠢᠯᠡᠭᠡᠨ᠎ᠤ ᠪᠦᠷᠬᠦᠴᠡ ᠵᠢᠨ ᠨᠣᠷᠮ᠎ᠠ 75 %᠎ᠠᠴᠠ ᠳᠡᠭᠡᠭᠰᠢ ᠪᠣᠯᠵᠤ᠂ ᠨᠠᠷᠢᠯᠢᠭ ᠣᠨᠣᠴᠠᠲᠠᠢ ᠶᠠᠳᠠᠭᠤ ᠵᠢ ᠲᠡᠳᠬᠦᠬᠦ ᠬᠥᠮᠦᠰ᠎ᠤᠨ ᠬᠡᠷ ᠪᠦᠯᠢ ᠵᠢᠨ ᠡᠮᠴᠢ ᠵᠢᠨ ᠭᠡᠷ᠎ᠡ ᠲᠣᠭᠲᠠᠭᠰᠠᠨ ᠦᠢ᠍ᠯᠡᠴᠢᠯᠡᠭᠡᠨ᠎ᠤ ᠪᠦᠷᠬᠦᠴᠡ ᠵᠢᠨ ᠨᠣᠷᠮ᠎ᠠ 100 % ᠬᠦᠷᠴᠡᠶ᠃ ᠭᠡᠷ ᠪᠦᠯᠢ ᠵᠢᠨ ᠡᠮᠴᠢ ᠵᠢᠨ ᠭᠡᠷ᠎ᠡ ᠲᠣᠭᠲᠠᠨ ᠦᠢ᠍ᠯᠡᠴᠢᠯᠡᠬᠦ᠎ᠪᠠᠷ ᠳᠠᠮᠵᠢᠭᠤᠯᠤᠨ᠂ ᠣᠯᠠᠨ ᠲᠦᠮᠡᠨ ᠡᠪᠡᠳᠴᠢᠯᠡᠭᠰᠡᠨ᠎ᠤ ᠳᠠᠷᠠᠭ᠎ᠠ ᠳᠠᠷᠤᠶ᠋ᠢᠬᠠᠨ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ᠎ᠳᠤ ᠬᠦᠷᠴᠦ ᠡᠮᠨᠡᠭᠦᠯᠬᠦ ᠵᠢ ᠪᠡᠶᠡᠯᠡᠭᠦᠯᠪᠡ᠃
      ᠬᠣᠶᠠᠷ᠂ ᠣᠷᠣᠨ ᠪᠦᠰᠡ ᠵᠢᠨ ᠡᠮᠴᠢᠯᠡᠭᠡᠨ᠎ᠤ ᠲᠥᠪ ᠪᠠ ᠭᠤᠤᠯᠳᠠᠯᠭ᠎ᠠ᠎ᠲᠠᠢ ᠲᠤᠰᠬᠠᠶ ᠰᠠᠯᠠᠭ᠋ᠠᠨ᠎ᠤ ᠪᠠᠶ᠋ᠢᠭᠤᠯᠤᠯᠲᠠ ᠵᠢ ᠠᠬᠢᠭᠤᠯᠵᠤ᠂ ᠣᠯᠠᠨ ᠲᠦᠮᠡᠨ᠎ᠤ ᠡᠪᠡᠳᠴᠢᠨ ᠦᠵᠡᠭᠦᠯᠬᠦ ᠴᠢᠨᠠᠷ ᠴᠢᠨᠰᠠᠭ᠎ᠠ ᠵᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ ᠪᠠᠢ᠌ᠷᠢᠰᠢᠯᠠᠭᠤᠯᠵᠤ᠂ ᠬᠣᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢᠨ ᠲᠤᠰᠬᠠᠶ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠥᠰᠦᠯ᠎ᠢ ᠬᠡᠷᠡᠭᠵᠢᠭᠦᠯᠵᠦ᠂ ᠲᠠᠷᠢᠬᠢᠨ ᠰᠠ᠂ ᠴᠡᠭᠡᠵᠢ ᠡᠪᠡᠳᠬᠦ᠂ ᠰᠢᠷᠬᠠᠲᠤᠬᠤ᠂ ᠠᠶᠤᠯ ᠶᠡᠬᠡᠲᠡᠶ ᠵᠢᠷᠮᠦᠰᠦᠨ ᠡᠮᠡᠭᠲᠡᠶ᠂ ᠠᠶᠤᠯ ᠶᠡᠬᠡᠲᠡᠶ ᠨᠢᠯᠬ᠎ᠠ ᠬᠡᠦᠬᠡᠳ᠎ᠤᠨ ᠲᠠᠪᠤᠨ ᠶᠡᠬᠡ ᠲᠦᠷᠭᠡᠨ ᠠᠪᠤᠷᠠᠬᠤ ᠲᠥᠪ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠶᠡᠬᠡ᠎ᠪᠠᠷ ᠠᠬᠢᠭᠤᠯᠵᠤ᠂ ᠨᠢᠭᠡ ᠪᠦᠯᠦᠭ ᠡᠮᠴᠢᠯᠡᠭᠡᠨ᠎ᠤ ᠬᠦᠴᠢᠷ ᠮᠡᠷᠭᠡᠵᠢᠯ᠎ᠢ ᠬᠡᠰᠡᠭ ᠬᠣᠰᠢᠭᠤ ᠰᠢᠶᠠᠨ᠎ᠤ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠳᠤ ᠬᠡᠷᠡᠭᠯᠡᠬᠦ᠂ ᠮᠡᠰᠡ ᠵᠠᠰᠠᠯ ᠬᠢᠬᠦ ᠮᠠᠰᠢᠨ ᠬᠥᠮᠦᠨ ᠵᠡᠷᠭᠡ ᠰᠢᠨ᠎ᠡ ᠲᠥᠬᠥᠭᠡᠷᠦᠮᠵᠢ᠂ ᠰᠢᠨ᠎ᠡ ᠮᠡᠷᠭᠡᠵᠢᠯ᠎ᠢ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ᠎ᠳᠤ ᠣᠷᠣᠭᠤᠯᠤᠨ ᠠᠪᠴᠢᠷᠠᠬᠤ ᠵᠢᠨ ᠬᠠᠮᠲᠤ ᠪᠣᠯᠪᠠᠰᠤᠷᠠᠩᠭᠤᠶ ᠬᠡᠷᠡᠭᠯᠡᠬᠦ ᠪᠣᠯᠭ᠋ᠠᠵᠤ᠂ ᠡᠯ᠎ᠡ ᠱᠠᠲᠤᠨ᠎ᠤ ᠶᠡᠷᠦᠩᠬᠡᠶ᠋ᠢᠯᠡᠭᠰᠡᠨ ᠡᠮᠨᠡᠯᠭᠡ ᠵᠢᠨ ᠬᠣᠷᠢᠶ᠎ᠠ ᠪᠣᠯᠤᠨ ᠲᠤᠰᠬᠠᠶ ᠰᠠᠯᠠᠭ᠋ᠠᠨ᠎ᠤ ᠡᠮᠨᠡᠯᠭᠡ ᠵᠢᠨ ᠬᠣᠷᠢᠶᠠᠨ᠎ᠤ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ   ᠬᠦᠷᠭᠡᠵᠦ᠂ ᠣᠯᠠᠨ ᠲᠥᠮᠡᠨ ᠬᠦᠨᠳᠦ ᠡᠪᠡᠳᠴᠢᠨ ᠣᠯᠵᠤ᠂ ᠬᠦᠨᠳᠦ ᠡᠪᠡᠳᠴᠢᠲᠡᠨ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠦᠨᠳᠦᠰᠦᠨ ᠡᠮᠴᠢᠯᠡᠭᠡᠨ᠎ᠤ ᠦᠢ᠍ᠯᠡᠴᠢᠯᠡᠭᠡ ᠬᠦᠷᠲᠡᠬᠦ ᠵᠢ ᠦᠨᠡᠨ ᠬᠦ᠌ ᠪᠠᠲᠤᠯᠠᠪᠠ᠃ 2019 ᠣᠨ᠎ᠳᠤ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠳᠡᠰ᠎ᠤᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠡᠮᠨᠡᠯᠭᠡ᠎ᠠᠴᠠ ᠭᠠᠷᠤᠭᠰᠠᠨ ᠡᠪᠡᠳᠴᠢᠲᠡᠨ᠎ᠤ ᠮᠡᠰᠡ ᠵᠠᠰᠠᠯ ᠬᠢᠭᠰᠡᠨ ᠬᠠᠷᠢᠴᠠᠯ 23 . 61 % ᠵᠢ ᠡᠵᠡᠯᠡᠵᠦ᠂ ᠸᠧᠢ ᠴᠤᠸᠠᠩ ᠮᠡᠰᠡ ᠵᠠᠰᠠᠯ ᠬᠢᠭᠰᠡᠨ ᠬᠠᠷᠢᠴᠠᠯ 25 . 84 % ᠵᠢ ᠡᠵᠡᠯᠡᠵᠦ᠂ ᠳᠥᠷᠪᠡᠳᠦᠭᠡᠷ ᠳᠡᠰ᠎ᠤᠨ ᠮᠡᠰᠡ ᠵᠠᠰᠠᠯ ᠬᠢᠭᠰᠡᠨ ᠬᠠᠷᠢᠴᠠᠯ 15 . 64 % ᠵᠢ ᠡᠵᠡᠯᠡᠵᠦ᠂ ᠴᠥᠮ 2017 ᠣᠨ᠎ᠤ᠎ᠬᠢ᠎ᠠᠴᠠ ᠳᠡᠭᠡᠭᠰᠢᠯᠡᠪᠡ᠃ ᠡᠮᠴᠢᠯᠡᠭᠡᠨ᠎ᠤ ᠪᠠᠶ᠋ᠢᠭᠤᠯᠤᠮᠵᠢ ᠵᠢᠨ ᠦᠢ᠍ᠯᠡᠴᠢᠯᠡᠭᠡᠨ᠎ᠤ ᠦᠷ᠎ᠡ ᠪᠦᠲᠦᠮᠵᠢ ᠲᠠᠰᠤᠷᠠᠯᠲᠠ ᠥᠬᠡᠶ ᠳᠡᠭᠡᠭᠰᠢᠯᠡᠵᠦ᠂ ᠡᠳᠦᠷ᠎ᠤᠨ ᠮᠡᠰᠡ ᠵᠠᠰᠠᠯ ᠬᠢᠭᠰᠡᠨ ᠬᠥᠮᠦᠨ᠎ᠤ ᠲᠣᠭ᠎ᠠ 2017 ᠣᠨ᠎ᠳᠤ 6583 ᠪᠠᠶ᠋ᠢᠭᠰᠠᠨ᠎ᠠᠴᠠ 2019 ᠣᠨ᠎ᠳᠤ 17697 ᠨᠡᠮᠡᠭᠳᠡᠨ᠂ ᠡᠳᠦᠷ᠎ᠤᠨ ᠮᠡᠰᠡ ᠵᠠᠰᠠᠯ᠎ᠤᠨ ᠬᠤᠭᠤᠴᠠᠭ᠎ᠠ ᠰᠣᠩᠭᠣᠬᠤ ᠮᠡᠰᠡ ᠵᠠᠰᠠᠯ᠎ᠳᠠᠬᠢ ᠡᠵᠡᠯᠡᠬᠦ ᠬᠠᠷᠢᠴᠠᠯ 6 . 20 % ᠳᠡᠭᠡᠭᠰᠢᠯᠡᠪᠡ᠃ ᠡᠮᠨᠡᠯᠭᠡ ᠵᠢᠨ ᠬᠣᠷᠢᠶᠠᠨ᠎ᠤ ᠡᠮᠨᠡᠯᠭᠡ᠎ᠠᠴᠠ ᠭᠠᠷᠤᠭᠰᠠᠳ᠎ᠤᠨ ᠳᠤᠮᠳᠠᠴᠢ᠎ᠪᠠᠷ ᠡᠮᠨᠡᠯᠭᠡ᠎ᠳᠤ ᠰᠠᠭᠤᠭᠰᠠᠨ ᠡᠳᠦᠷ 2015 ᠣᠨ᠎ᠳᠤ 10 . 1 ᠡᠳᠦᠷ ᠪᠠᠶ᠋ᠢᠭᠰᠠᠨ᠎ᠠᠴᠠ 2019 ᠣᠨ᠎ᠳᠤ 9 . 3 ᠡᠳᠦᠷ ᠪᠠᠭ᠋ᠠᠰᠴᠤ᠂ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ 1 . 1 ᠡᠳᠦᠷ ᠪᠠᠭ᠋ᠠᠰᠴᠤ᠂ ᠬᠣᠶᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ 0 . 9 ᠡᠳᠦᠷ ᠪᠠᠭ᠋ᠠᠰᠴᠤ᠂ ᠨᠢᠭᠡᠳᠦᠭᠡᠷ ᠳᠡᠰ᠎ᠤᠨ ᠡᠮᠨᠡᠯᠭᠡ ᠵᠢᠨ ᠬᠣᠷᠢᠶ᠎ᠠ 0 . 5 ᠡᠳᠦᠷ ᠪᠠᠭ᠋ᠠᠰᠴᠠᠶ᠃
      ᠭᠤᠷᠪᠠ᠂ ᠣᠨᠣᠰᠢᠯᠠᠨ ᠡᠮᠨᠡᠬᠦ ᠦᠢ᠍ᠯᠡᠴᠢᠯᠡᠭᠡᠨ᠎ᠤ ᠠᠵᠢᠯᠯᠠᠭ᠎ᠠ ᠵᠢ ᠦᠷᠭᠦᠯᠵᠢᠯᠡᠨ ᠵᠢᠷᠤᠮᠵᠢᠭᠤᠯᠵᠤ᠂ ᠣᠯᠠᠨ ᠲᠦᠮᠡᠨ᠎ᠤ ᠠᠮᠤᠷ ᠲᠦᠪᠰᠢᠨ ᠡᠪᠡᠳᠴᠢᠨ ᠵᠶ᠋ᠠᠨ ᠡᠮᠨᠡᠭᠦᠯᠬᠦ ᠵᠢ ᠪᠠᠲᠤᠯᠠᠪᠠ᠃ 《ᠡᠮᠨᠡᠯᠭᠡ ᠵᠢᠨ ᠬᠣᠷᠢᠶᠠᠨ᠎ᠳᠤ ᠵᠢᠷᠤᠮᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠡᠮᠨᠡᠯᠭᠡ ᠵᠢᠨ ᠬᠣᠷᠢᠶᠠᠨ᠎ᠤ ᠭᠠᠳᠠᠨ᠎ᠠ ᠠᠵᠢᠯ᠎ᠤᠨ ᠬᠢᠷᠢ ᠪᠦᠲᠦᠮᠵᠢ ᠵᠢ ᠰᠢᠯᠭ᠋ᠠᠨ ᠬᠢᠨᠠᠬᠤ ᠵᠢ ᠴᠢᠩᠭ᠋ᠠᠷᠠᠭᠤᠯᠬᠤ》 ᠰᠡᠳᠬᠢᠮᠵᠢ ᠶᠣᠰᠣᠭ᠋ᠠᠷ ᠣᠨᠣᠰᠢᠯᠠᠨ ᠡᠮᠨᠡᠬᠦ ᠦᠢ᠍ᠯᠡᠴᠢᠯᠡᠭᠡᠨ᠎ᠤ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠡᠮᠴᠢᠯᠡᠭᠡᠨ᠎ᠤ ᠦᠢ᠍ᠯᠡᠴᠢᠯᠡᠭᠡ ᠵᠢᠨ ᠠᠵᠢᠯᠯᠠᠭ᠎ᠠ ᠵᠢ   ᠵᠢᠷᠤᠮᠵᠢᠭᠤᠯᠪᠠ᠃ ᠨᠢᠭᠡ᠎ᠳᠤ᠂ ᠡᠮᠴᠢᠯᠡᠭᠡᠨ᠎ᠤ ᠠᠷᠭ᠎ᠠ ᠵᠠᠮ᠎ᠤᠨ ᠬᠠᠮᠢᠶᠠᠷᠤᠯᠲᠠ ᠵᠢ ᠠᠬᠢᠭᠤᠯᠵᠤ᠂ ᠡᠮᠨᠡᠯᠭᠡ ᠵᠢᠨ ᠬᠣᠷᠢᠶᠠᠨ᠎ᠳᠠᠬᠢ ᠣᠨᠣᠰᠢᠯᠠᠨ   ᠡᠮᠨᠡᠬᠦ ᠠᠵᠢᠯᠯᠠᠭ᠎ᠠ ᠵᠢ ᠵᠢᠷᠤᠮᠵᠢᠭᠤᠯᠪᠠ᠃ ᠥᠪᠡᠷᠲᠡᠭᠡᠨ ᠵᠠᠰᠠᠬᠤ ᠣᠷᠣᠨ᠎ᠠᠴᠠ ᠡᠮᠴᠢᠯᠡᠭᠡᠨ᠎ᠤ ᠠᠷᠭ᠎ᠠ ᠵᠠᠮ᠎ᠤᠨ ᠬᠠᠮᠢᠶᠠᠷᠤᠯᠲᠠ ᠵᠢ ᠬᠢᠨᠠᠨ   ᠬᠡᠮᠵᠢᠬᠦ ᠲᠠᠪᠴᠠᠩ᠎ᠢ ᠪᠠᠶ᠋ᠢᠭᠤᠯᠵᠤ᠂ ᠡᠯ᠎ᠡ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠠᠷᠭ᠎ᠠ ᠵᠠᠮ᠎ᠤᠨ ᠬᠠᠮᠢᠶᠠᠷᠤᠯᠲᠠ ᠵᠢ ᠬᠡᠷᠡᠭᠵᠢᠭᠦᠯᠬᠦ ᠵᠢ ᠠᠬᠢᠭᠤᠯᠪᠠ᠃ ᠣᠳᠣᠬᠠᠨ᠎ᠳᠤ᠂ ᠪᠦᠬᠦ ᠣᠷᠣᠨ᠎ᠤ ᠡᠮᠴᠢᠯᠡᠭᠡᠨ᠎ᠤ ᠠᠷᠭ᠎ᠠ ᠵᠠᠮ᠎ᠢ ᠳᠤᠮᠳᠠᠴᠢ᠎ᠪᠠᠷ 25 ᠲᠤᠰᠬᠠᠶ ᠮᠡᠷᠭᠡᠵᠢᠯ᠂ 158 ᠡᠪᠡᠳᠴᠢᠨ᠎ᠤ ᠲᠥᠷᠥᠯ᠎ᠳᠤ ᠬᠦᠷᠭᠡᠪᠡ᠃ ᠬᠣᠶᠠᠳᠤᠭ᠋ᠠᠷ ᠳᠡᠰ᠎ᠤᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ 95 %᠂ ᠭᠤᠷᠪᠠᠳᠤᠭ᠋ᠠᠷ ᠳᠡᠰ᠎ᠤᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ 61 % ᠵᠢᠨ ᠡᠪᠡᠳᠴᠢᠲᠡᠨ ᠡᠮᠨᠡᠯᠭᠡ᠎ᠠᠴᠠ ᠭᠠᠷᠬᠤ ᠵᠢ ᠡᠮᠴᠢᠯᠡᠭᠡᠨ᠎ᠤ ᠠᠷᠭ᠎ᠠ ᠵᠠᠮ ᠵᠶ᠋ᠠᠷ ᠬᠠᠮᠢᠶᠠᠷᠪᠠ᠃ ᠬᠣᠶᠠᠷ᠎ᠲᠤ᠂ ᠡᠮ᠎ᠤᠨ ᠵᠦᠢ᠍ᠯ᠎ᠢ ᠵᠣᠬᠢᠰᠲᠠᠢ ᠬᠡᠷᠡᠭᠯᠡᠬᠦ ᠵᠢ ᠴᠢᠩᠭ᠋ᠠᠳᠬᠠᠵᠤ᠂ ᠡᠮᠨᠡᠯᠭᠡ ᠵᠢᠨ ᠬᠣᠷᠢᠶᠠᠨ᠎ᠤ ᠡᠮ ᠬᠡᠷᠡᠭᠯᠡᠬᠦ ᠠᠵᠢᠯᠯᠠᠭ᠎ᠠ ᠵᠢ ᠵᠢᠷᠤᠮᠵᠢᠭᠤᠯᠪᠠ᠃ ᠡᠮ᠎ᠤᠨ ᠵᠦᠢ᠍ᠯ᠎ᠤᠨ ᠬᠡᠷᠡᠭᠯᠡᠯᠲᠡ ᠵᠢ ᠬᠢᠨᠠᠨ ᠬᠡᠮᠵᠢᠬᠦ ᠪᠠ ᠡᠮᠴᠢᠯᠡᠭᠡᠨ᠎ᠤ ᠶᠡᠷᠦᠩᠬᠡᠶ᠋ᠢᠯᠡᠭᠰᠡᠨ ᠦᠨᠡᠯᠡᠯᠲᠡ ᠬᠢᠬᠦ ᠵᠢ ᠥᠷᠨᠢᠭᠦᠯᠵᠦ᠂ ᠡᠮᠴᠢ ᠡᠮᠴᠢᠯᠡᠭᠡᠨ᠎ᠳᠤ ᠡᠮ᠎ᠢ ᠵᠦᠶ ᠵᠣᠬᠢᠰᠲᠠᠶ ᠬᠡᠷᠡᠭᠯᠡᠬᠦ ᠬᠢᠷᠢ   ᠲᠦᠪᠰᠢᠨ ᠵᠢ ᠳᠡᠭᠡᠭᠰᠢᠯᠡᠭᠦᠯᠦᠨ᠂ ᠡᠮ ᠨᠠᠶ᠋ᠢᠷᠠᠭᠴᠢ ᠪᠤᠶᠤ ᠡᠮ᠎ᠤᠨ ᠰᠣᠳᠤᠯᠭ᠋ᠠᠨ᠎ᠤ ᠪᠤᠰᠤᠳ ᠮᠡᠷᠭᠡᠵᠢᠯ᠎ᠤᠨ ᠠᠵᠢᠯᠲᠠᠨ᠎ᠤ ᠵᠣᠷ᠎ᠢ ᠬᠢᠨᠠᠨ   ᠪᠠᠢ᠌ᠴᠠᠭ᠋ᠠᠬᠤ ᠵᠢ ᠴᠢᠩᠭ᠋ᠠᠷᠠᠭᠤᠯᠵᠤ᠂ ᠰᠣᠩᠭᠣᠭᠳᠠᠭᠰᠠᠨ ᠡᠮ᠎ᠤᠨ ᠵᠦᠢ᠍ᠯ᠎ᠢ ᠤᠷᠢᠳ ᠵᠶ᠋ᠠᠷ ᠬᠡᠷᠡᠭᠯᠡᠵᠦ᠂ ᠡᠮ᠎ᠢ ᠵᠦᠶ ᠵᠣᠬᠢᠰᠲᠠᠶ ᠬᠡᠷᠡᠭᠯᠡᠬᠦ ᠬᠠᠮᠢᠶᠠᠷᠤᠯᠲᠠ ᠪᠠ ᠠᠵᠢᠯ᠎ᠤᠨ ᠬᠢᠷᠢ ᠪᠦᠲᠦᠮᠵᠢ ᠵᠢ ᠰᠢᠯᠭ᠋ᠠᠨ ᠬᠢᠨᠠᠬᠤ ᠵᠢ ᠴᠢᠩᠭ᠋ᠠᠳᠬᠠᠪᠠ᠃ ᠭᠤᠷᠪᠠ᠎ᠳᠤ᠂   ᠬᠢᠷᠢ ᠪᠦᠲᠦᠮᠵᠢ ᠵᠢᠨ ᠬᠠᠮᠢᠶᠠᠷᠤᠯᠲᠠ ᠪᠣᠯᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠠᠴᠠ ᠭᠤᠷᠪᠠᠳᠤᠭ᠋ᠠᠷ ᠳᠡᠰ᠎ᠤᠨ ᠪᠠ ᠬᠣᠶᠠᠳᠤᠭ᠋ᠠᠷ ᠳᠡᠰ᠎ᠤᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯ᠎ᠤᠨ ᠬᠢᠷᠢ ᠪᠦᠲᠦᠮᠵᠢ ᠵᠢ ᠰᠢᠯᠭ᠋ᠠᠨ ᠬᠢᠨᠠᠬᠤ ᠵᠢ ᠡᠬᠢᠯᠡᠭᠦᠯᠵᠦ᠂ ᠠᠵᠢᠯ᠎ᠤᠨ ᠬᠢᠷᠢ ᠪᠦᠲᠦᠮᠵᠢ ᠵᠢ ᠰᠢᠯᠭ᠋ᠠᠨ ᠬᠢᠨᠠᠬᠤ ᠵᠢ ᠵᠢᠯᠣᠭᠣᠳᠬᠤ ᠲᠣᠬᠢᠭᠤᠷ᠎ᠤᠨ ᠦᠢ᠍ᠯᠡᠳᠦᠯ᠎ᠢ ᠪᠠᠳᠠᠷᠠᠭᠤᠯᠵᠤ᠂ ᠡᠮᠨᠡᠯᠭᠡ ᠵᠢᠨ   ᠬᠣᠷᠢᠶ᠎ᠠ ᠵᠢ ᠬᠥᠲᠥᠯᠥᠨ ᠵᠢᠯᠣᠭᠣᠳᠴᠤ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠶᠣᠰᠣᠭ᠋ᠠᠷ ᠵᠢᠷᠤᠮᠵᠢᠭᠰᠠᠨ ᠣᠨᠣᠰᠢᠯᠠᠨ ᠡᠮᠨᠡᠬᠦ ᠦᠢ᠍ᠯᠡᠴᠢᠯᠡᠭᠡ ᠵᠢ   ᠬᠠᠩᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠬᠣᠶᠠᠷ ᠵᠢᠯ ᠳᠠᠷᠠᠭ᠋ᠠᠯᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡ ᠬᠢᠭᠡᠳ ᠶᠠᠰᠤ ᠴᠢᠨᠠᠷ᠎ᠤᠨ ᠠᠮᠤᠷ ᠲᠦᠪᠰᠢᠨ᠎ᠤ ᠮᠡᠳᠡᠭᠦᠯᠦᠯᠲᠡ》 ᠵᠢ ᠨᠡᠶ᠋ᠢᠲᠡᠯᠡᠵᠦ᠂ ᠡᠯ᠎ᠡ ᠱᠠᠲᠤᠨ᠎ᠤ ᠡᠯ᠎ᠡ ᠲᠥᠷᠥᠯ᠎ᠤᠨ ᠡᠮᠨᠡᠯᠭᠡ ᠵᠢᠨ ᠬᠣᠷᠢᠶ᠎ᠠ ᠵᠢᠨ ᠶᠠᠰᠤ ᠴᠢᠨᠠᠷ ᠵᠶ᠋ᠠᠨ ᠦᠷᠭᠦᠯᠵᠢᠯᠡᠨ ᠰᠠᠶ᠋ᠢᠵᠢᠷᠠᠭᠤᠯᠬᠤ ᠵᠢ ᠬᠥᠲᠥᠯᠥᠨ ᠵᠢᠯᠣᠭᠣᠳᠴᠤ᠂ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠠᠵᠢᠯ ᠵᠶ᠋ᠠᠨ ᠰᠠᠶ᠋ᠢᠵᠢᠷᠠᠭᠤᠯᠬᠤ ᠵᠢ ᠵᠢᠭ᠋ᠠᠨ ᠵᠢᠯᠣᠭᠣᠳᠪᠠ᠃
      ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ᠎ᠤᠨ ᠲᠣᠬᠢᠷᠠᠭᠤᠯᠤᠯᠲᠠ ᠶᠣᠰᠣᠭ᠋ᠠᠷ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ᠎ᠬᠢᠨ ᠡᠮᠴᠢᠯᠡᠭᠡᠨ᠎ᠤ   ᠦᠢ᠍ᠯᠡᠴᠢᠯᠡᠭᠡ ᠵᠢᠨ ᠪᠣᠯᠤᠮᠵᠢᠲᠤ ᠴᠢᠨᠠᠷ᠎ᠢ ᠴᠢᠩᠭ᠋ᠠᠳᠬᠠᠬᠤ᠂ ᠡᠮᠴᠢᠯᠡᠭᠡᠨ᠎ᠤ ᠦᠢ᠍ᠯᠡᠴᠢᠯᠡᠭᠡ ᠵᠢᠨ ᠴᠢᠳᠠᠪᠤᠷᠢ ᠵᠢ ᠳᠡᠭᠡᠭᠰᠢᠯᠡᠭᠦᠯᠬᠦ ᠡᠭᠦᠷᠭᠡ ᠵᠢᠨ ᠲᠣᠭᠣᠷᠢᠨ᠎ᠳᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠶᠡᠷᠦᠩᠬᠡᠶ ᠰᠠᠯᠠᠭ᠎ᠠ ᠪᠠ ᠲᠤᠰᠬᠠᠶ ᠰᠠᠯᠠᠭ᠋ᠠᠨ᠎ᠤ ᠠᠵᠢᠯ ᠬᠤᠪᠢᠶᠠᠷᠢᠯᠠᠨ ᠬᠠᠮᠲᠤᠷᠠᠯᠴᠠᠬᠤ ᠲᠣᠭᠲᠠᠴᠠ ᠵᠢ ᠲᠡᠭᠦᠯᠳᠡᠷᠵᠢᠭᠦᠯᠵᠦ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯ᠎ᠤᠨ ᠬᠢᠷᠢ ᠪᠦᠲᠦᠮᠵᠢ ᠵᠢᠨ ᠬᠠᠮᠢᠶᠠᠷᠤᠯᠲᠠ ᠵᠢᠨ ᠬᠢᠷᠢ ᠳᠦᠪᠰᠢᠨ᠎ᠢ ᠳᠡᠭᠡᠭᠰᠢᠯᠡᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ᠎ᠳᠤ ᠪᠠᠲᠤ ᠴᠢᠩᠭ᠎ᠠ ᠲᠤᠯᠭ᠋ᠠᠭᠤᠷᠢᠯᠠᠯ᠎ᠢ   ᠬᠠᠩᠭ᠋ᠠᠨ᠎ᠠ᠃
      ᠰᠤᠷᠪᠤᠯᠵᠢᠯᠠᠭᠴᠢ᠄ ᠣᠶ᠋ᠢᠯᠠᠭ᠋ᠠᠭᠰᠠᠨ ᠵᠶ᠋ᠠᠷ᠂ ᠣᠶ᠋ᠢᠷ᠎ᠠ ᠵᠢᠨ ᠬᠡᠳᠦᠨ ᠵᠢᠯ᠎ᠳᠤ ᠠᠮᠢ ᠠᠪᠤᠷᠬᠠᠤ ᠪᠠ ᠪᠠᠴᠢᠮ ᠪᠠᠶ᠋ᠢᠳᠠᠯ᠎ᠠᠴᠠ ᠠᠪᠤᠷᠬᠠᠤ ᠮᠠᠰᠢ ᠣᠯᠠᠨ ᠰᠠᠶ᠋ᠢᠨ ᠡᠮ᠎ᠢ   ᠬᠡᠯᠡᠯᠴᠡᠭᠡ ᠬᠢᠬᠦ᠎ᠪᠠᠷ ᠳᠠᠮᠵᠢᠭᠤᠯᠤᠨ ᠦᠨ᠎ᠡ ᠵᠢ᠎ᠨᠢ ᠪᠠᠭᠤᠷᠠᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠪᠠ᠂ ᠲᠡᠭᠡᠪᠡᠯ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠬᠡᠯᠡᠯᠴᠡᠭᠡ ᠬᠢᠭᠰᠡᠨ ᠡᠮ᠎ᠢ ᠨᠠᠶ᠋ᠢᠳᠠᠪᠤᠷᠢᠵᠢᠭᠤᠯᠬᠤ᠂ ᠡᠪᠡᠳᠴᠢᠲᠡᠨ᠎ᠤ ᠬᠡᠷᠡᠭᠯᠡᠬᠦ᠎ᠳᠤ ᠲᠥᠬᠥᠮ ᠦᠵᠡᠭᠦᠯᠬᠦ ᠲᠠᠯ᠎ᠠ᠎ᠪᠠᠷ ᠶᠠᠮᠠᠷ ᠠᠵᠢᠯ ᠬᠢᠭᠰᠡᠨ ᠪᠣᠶ? ᠳᠠᠷᠠᠭ᠎ᠠ ᠠᠯᠬᠤᠮ᠎ᠤᠨ ᠠᠵᠢᠯ ᠵᠢᠨ ᠲᠥᠯᠥᠪᠯᠡᠭᠡ ᠶᠠᠭᠤ ᠪᠣᠢ?
      ᠵᠢᠨ ᠮᠠᠨ ᠢ᠄ ᠣᠶ᠋ᠢᠷ᠎ᠠ ᠵᠢᠨ ᠬᠡᠳᠦᠨ ᠵᠢᠯ᠂ ᠤᠯᠤᠰ᠎ᠠᠴᠠ ᠡᠮ᠎ᠤᠨ ᠵᠦᠢ᠍ᠯ᠎ᠤᠨ ᠬᠡᠯᠡᠯᠴᠡᠭᠡ ᠬᠢᠬᠦ ᠲᠣᠭᠲᠠᠴᠠ᠎ᠪᠠᠷ ᠳᠠᠮᠵᠢᠭᠤᠯᠤᠨ᠂ ᠬᠦᠨᠳᠦ ᠣᠨᠴᠠ ᠶᠡᠬᠡ ᠡᠪᠡᠳᠴᠢᠨ ᠡᠮᠭᠡᠭ᠎ᠢ ᠡᠮᠨᠡᠨ ᠵᠠᠰᠠᠬᠤ ᠬᠡᠰᠡᠭ ᠡᠮ᠎ᠤᠨ ᠵᠦᠢ᠍ᠯ᠎ᠢ ᠡᠮᠴᠢᠯᠡᠭᠡᠨ᠎ᠤ ᠪᠠᠲᠤᠯᠠᠭ᠎ᠠ ᠵᠢᠨ ᠭᠠᠷᠴᠠᠭ᠎ᠲᠤ ᠣᠷᠣᠭᠤᠯᠵᠤ᠂ ᠡᠮ᠎ᠤᠨ ᠵᠦᠢ᠍ᠯ᠎ᠤᠨ ᠦᠨ᠎ᠡ ᠬᠠᠩᠰᠢ ᠵᠢ ᠬᠡᠯᠡᠯᠴᠡᠭᠡ ᠬᠢᠬᠦ᠎ᠠᠴᠠ ᠡᠮᠦᠨᠡᠬᠢ᠎ᠲᠠᠢ ᠬᠠᠷᠢᠴᠠᠭᠤᠯᠪᠠᠯ ᠶᠡᠬᠡ᠎ᠪᠠᠷ ᠪᠠᠭᠤᠷᠠᠭᠤᠯᠪᠠ᠃ ᠢᠯᠠᠩᠭᠤᠶ᠎ᠠ ᠡᠨᠡ ᠵᠢᠯ ᠰᠢᠨ᠎ᠡ᠎ᠪᠠᠷ ᠨᠡᠮᠡᠭᠳᠡᠭᠰᠡᠨ 119 ᠵᠦᠢ᠍ᠯ᠎ᠤᠨ ᠤᠯᠤᠰ᠎ᠤᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠦᠨ᠎ᠡ ᠵᠢᠨ ᠳᠤᠮᠳᠠᠴᠢ ᠪᠠᠭᠤᠷᠠᠯᠲᠠ ᠵᠢᠨ ᠬᠡᠮᠵᠢᠶ᠎ᠡ 50 . 64 %᠎ᠳᠤ ᠬᠦᠷᠴᠦ᠂ ᠡᠪᠡᠳᠴᠢᠲᠡᠨ᠎ᠤ ᠵᠠᠷᠤᠳᠠᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠢᠳᠡᠪᠬᠢᠲᠡᠶ ᠠᠷᠭ᠎ᠠ ᠬᠡᠮᠵᠢᠶ᠎ᠡ ᠠᠪᠴᠤ   ᠤᠯᠤᠰ᠎ᠤᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠮᠠᠨ᠎ᠤ ᠣᠷᠣᠨ᠎ᠳᠤ ᠪᠣᠳᠠᠲᠠᠶ᠋ᠢᠵᠢᠭᠤᠯᠤᠨ ᠬᠡᠷᠡᠭᠵᠢᠭᠦᠯᠬᠦ ᠵᠢ ᠠᠬᠢᠭᠤᠯᠪᠠ᠃ ᠨᠢᠭᠡ᠎ᠳᠤ᠂ ᠤᠯᠤᠰ᠎ᠤᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠮᠠᠨ᠎ᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠳᠠᠷᠤᠢ᠌ᠬᠠᠨ ᠣᠷᠣᠭᠤᠯᠵᠤ᠂ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠰᠦᠯᠵᠢᠶᠡᠨ᠎ᠳᠤ ᠡᠯᠭᠦᠬᠦ᠂ ᠬᠤᠳᠠᠯᠳᠤᠨ ᠠᠪᠬᠤ᠂ ᠳ᠋ᠦᠩᠨᠡᠨ ᠪᠤᠳᠤᠬᠤ ᠵᠡᠷᠭᠡ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠡᠮ᠎ᠤᠨ ᠵᠦᠢ᠍ᠯ᠎ᠢ ᠬᠡᠷᠡᠭᠯᠡᠵᠦ ᠪᠠᠶ᠋ᠢᠭ᠎ᠠ ᠪᠠᠶ᠋ᠢᠳᠠᠯ᠎ᠢ ᠦᠷᠭᠦᠯᠵᠢᠯᠡᠨ ᠬᠢᠨᠠᠨ ᠬᠡᠮᠵᠢᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠳᠣᠭᠢᠷᠠᠭᠤᠯᠬᠤ᠂ ᠲᠤᠰᠬᠠᠶ ᠵᠦᠢ᠍ᠯ ᠵᠶ᠋ᠠᠷ ᠪᠣᠯᠵᠣᠨ ᠶᠠᠷᠢᠯᠴᠠᠬᠤ᠂   ᠰᠢᠪᠠᠳᠠᠭᠤᠯᠤᠨ ᠪᠠᠶ᠋ᠢᠴᠠᠭ᠋ᠠᠵᠤ ᠰᠢᠪᠠᠳᠠᠭᠤᠯᠤᠨ ᠭᠦᠢ᠍ᠴᠡᠳᠭᠡᠬᠦ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠦᠨᠡᠨ ᠬᠦ᠌ ᠪᠠᠲᠤᠯᠠᠪᠠ᠃ ᠳᠡᠭᠡᠷ᠎ᠡ ᠬᠠᠭ᠋ᠠᠰ ᠵᠢᠯ᠎ᠳᠤ᠂ ᠤᠯᠤᠰ᠎ᠤᠨ ᠬᠡᠯᠡᠯᠴᠡᠭᠡ ᠬᠢᠭᠰᠡᠨ ᠡᠮ᠎ᠤᠨ ᠵᠦᠢ᠍ᠯ  36 . 31 ᠲᠦᠮᠡᠨ ᠬᠥᠮᠦᠨ ᠤᠳᠠᠭ᠎ᠠ ᠠᠰᠢᠭ ᠬᠦᠷᠲᠡᠭᠡᠵᠦ᠂ ᠬᠣᠯᠪᠣᠭᠳᠠᠭᠰᠠᠨ ᠡᠮ᠎ᠤᠨ ᠵᠦᠢ᠍ᠯ᠎ᠤᠨ ᠵᠠᠷᠤᠳᠠᠯ 5 . 24 ᠳ᠋ᠦᠩᠰᠢᠭᠤᠷ ᠲᠥᠭᠥᠷᠢᠭ᠎ᠲᠤ ᠬᠦᠷᠴᠦ᠂ ᠡᠮᠴᠢᠯᠡᠭᠡᠨ᠎ᠤ ᠪᠠᠲᠤᠯᠠᠭ᠎ᠠ᠎ᠠᠴᠠ 3 . 85 ᠳ᠋ᠦᠩᠰᠢᠭᠤᠷ ᠲᠥᠭᠥᠷᠢᠭ ᠳᠥᠯᠥᠪᠡ᠃ ᠬᠣᠶᠠᠷ᠎ᠲᠤ᠂ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠪᠡ᠃ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ᠂ ᠬᠤᠤᠷᠲᠤ ᠬᠠᠪᠤᠳᠠᠷ᠂ ᠴᠢᠰᠤ ᠴᠠᠶ᠋ᠢᠬᠤ ᠡᠪᠡᠳᠴᠢᠨ ᠵᠡᠷᠭᠡ ᠡᠪᠡᠳᠴᠢᠨ᠎ᠳᠤ ᠬᠣᠯᠪᠣᠭᠳᠠᠬᠤ ᠬᠡᠯᠡᠯᠴᠡᠭᠡ ᠬᠢᠭᠰᠡᠨ ᠡᠮ᠎ᠤᠨ   ᠵᠦᠢ᠍ᠯ᠎ᠢ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠤ ᠡᠪᠡᠳᠴᠢᠨ᠎ᠤ ᠬᠠᠮᠢᠶᠠᠷᠤᠯᠲᠠ᠎ᠳᠤ   ᠣᠷᠣᠭᠤᠯᠪᠠ᠃ ᠡᠭᠦᠨ᠎ᠤ ᠬᠠᠮᠲᠤ᠂ ᠡᠭᠦᠳᠡᠨ ᠡᠮᠨᠡᠯᠭᠡ᠎ᠳᠤ ᠣᠨᠴᠠᠭ᠋ᠠᠶ ᠡᠮ ᠬᠡᠷᠡᠭᠯᠡᠬᠦ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠵᠤ᠂ ᠬᠦᠨᠳᠦ ᠣᠨᠴᠠ ᠶᠡᠬᠡ ᠡᠪᠡᠳᠴᠢᠨ ᠵᠢᠴᠢ ᠬᠣᠪᠣᠷ ᠲᠣᠬᠢᠶᠠᠯᠳᠤᠬᠤ ᠡᠪᠡᠳᠴᠢᠨ ᠵᠡᠷᠭᠡ ᠡᠮᠴᠢᠯᠡᠭᠡᠨ᠎ᠳᠤ ᠵᠠᠪᠠᠯ ᠱᠠᠭ᠋ᠠᠷᠳᠠᠭᠳᠠᠬᠤ᠂ ᠡᠮᠴᠢᠯᠡᠭᠡᠨ᠎ᠤ ᠠᠴᠢ ᠲᠤᠰᠠ᠎ᠨᠢ ᠣᠨᠣᠪᠴᠢᠲᠠᠶ᠂ ᠡᠮᠨᠡᠨ ᠵᠠᠰᠠᠬᠤ ᠦᠶᠡᠯᠡᠯ᠎ᠨᠢ ᠣᠷᠳᠣ᠂ ᠡᠭᠦᠳᠡᠨ ᠡᠮᠨᠡᠯᠭᠡ ᠪᠤᠶᠤ ᠡᠮ᠎ᠤᠨ ᠳᠡᠯᠭᠡᠭᠦᠷ᠎ᠤᠨ ᠬᠠᠩᠭ᠋ᠠᠯᠭ᠎ᠠ ᠪᠠᠲᠤᠯᠠᠭ᠎ᠠ᠎ᠳᠤ ᠳᠣᠭᠢᠷᠠᠬᠤ 51 ᠵᠦᠢ᠍ᠯ᠎ᠤᠨ ᠡᠮ᠎ᠢ ᠡᠭᠦᠳᠡᠨ ᠡᠮᠨᠡᠯᠭᠡ ᠵᠢᠨ ᠣᠨᠴᠠᠭ᠋ᠠᠶ ᠡᠮ ᠬᠡᠷᠡᠭᠯᠡᠬᠦ ᠬᠠᠮᠢᠶᠠᠷᠤᠯᠲᠠ᠎ᠳᠤ ᠣᠷᠣᠭᠤᠯᠪᠠ᠃ ᠭᠤᠷᠪᠠ᠎ᠳᠤ᠂ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠪᠠ᠃ ᠬᠡᠯᠡᠯᠴᠡᠭᠡ ᠬᠢᠭᠰᠡᠨ ᠡᠮ᠎ᠢ 《ᠡᠮᠨᠡᠯᠭᠡ᠎ᠳᠤ ᠣᠷᠣᠭᠤᠯᠬᠤ᠎ᠳᠤ ᠬᠦᠴᠢᠷᠲᠡᠶ》 ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠵᠦ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠳ᠎ᠤᠨ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠨ ᠬᠠᠩᠭ᠋ᠠᠬᠤ ᠵᠢᠨ ᠲᠥᠯᠥᠭᠡ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠡᠯᠡᠯᠴᠡᠭᠡ ᠬᠢᠭᠰᠡᠨ ᠡᠮ᠎ᠤᠨ   ᠵᠦᠢ᠍ᠯ᠎ᠤᠨ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠲᠥᠷᠥᠯ ᠬᠤᠪᠢᠶᠠᠨ ᠬᠠᠮᠢᠶᠠᠷᠬᠤ ᠱᠠᠭ᠋ᠠᠷᠳᠠᠯᠭ᠎ᠠ ᠶᠣᠰᠣᠭ᠋ᠠᠷ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠡᠭᠦᠳᠡᠨ ᠡᠮᠨᠡᠯᠭᠡ᠂ ᠡᠮ᠎ᠤᠨ ᠳᠡᠯᠭᠡᠭᠦᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠡᠮ᠎ᠤᠨ ᠳᠡᠯᠭᠡᠭᠦᠷ᠎ᠤᠨ ᠬᠠᠩᠭ᠋ᠠᠯᠭ᠎ᠠ᠎ᠳᠤ ᠲᠣᠬᠢᠷᠠᠭᠰᠠᠨ ᠲᠥᠷᠥᠯ ᠵᠦᠢ᠍ᠯ᠎ᠢ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ᠎ᠳᠤ ᠣᠷᠣᠭᠤᠯᠤᠭᠰᠠᠨ᠎ᠤ ᠬᠠᠮᠲᠤ ᠡᠮᠴᠢᠯᠡᠭᠡᠨ᠎ᠤ ᠪᠠᠲᠤᠯᠠᠭ᠎ᠠ ᠵᠢᠨ ᠨᠢᠭᠡᠳᠦᠯᠲᠡᠶ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠬᠠᠷᠢᠯᠴᠠᠨ ᠨᠥᠬᠥᠪᠥᠷᠢᠯᠡᠵᠦ᠂ ᠬᠠᠩᠭ᠋ᠠᠯᠭ᠎ᠠ ᠪᠠᠲᠤᠯᠠᠭ᠎ᠠ ᠵᠢᠨ ᠬᠠᠮ ᠬᠦᠴᠦᠨ᠎ᠢ   ᠪᠦᠷᠢᠯᠳᠦᠭᠦᠯᠪᠡ᠃
      ᠳᠠᠷᠠᠭ᠎ᠠ ᠠᠯᠬᠤᠮ᠎ᠳᠤ᠂ ᠪᠢᠳᠡ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠯ᠎ᠡ ᠭᠠᠵᠠᠷ᠎ᠤᠨ ᠤᠯᠤᠰ᠎ᠤᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠵᠠᠷᠴᠢᠮ ᠳᠡᠭᠡᠷ᠎ᠡ᠎ᠪᠠᠨ ᠵᠢᠯ᠎ᠤᠨ ᠡᠴᠦᠰ᠎ᠠᠴᠠ ᠡᠮᠦᠨ᠎ᠡ ᠬᠣᠰᠢᠭᠤ ᠰᠢᠶᠠᠨ ᠲᠣᠭᠣᠷᠢᠭ ᠨᠢᠭᠡ ᠪᠦᠷᠢ ᠨᠥᠬᠥᠴᠡᠯ᠎ᠳᠤ ᠨᠡᠢ᠌ᠴᠡᠭᠰᠡᠨ 《ᠬᠤᠤᠰ ᠨᠡᠪᠲᠡᠷᠡᠬᠦ ᠵᠠᠮ》᠎ᠤᠨ ᠡᠮ᠎ᠤᠨ ᠳᠡᠯᠭᠡᠭᠦᠷ᠎ᠢ ᠳᠣᠭᠲᠠᠭ᠋ᠠᠨ᠎ᠠ; ᠳᠠᠭᠤᠷᠢᠶᠠᠮᠠᠯ ᠡᠮ᠎ᠤᠨ ᠵᠦᠢ᠍ᠯ᠎ᠢ ᠰᠦᠯᠵᠢᠶ᠎ᠡ᠎ᠪᠠᠷ ᠬᠤᠳᠠᠯᠳᠤᠨ ᠠᠪᠬᠤ ᠵᠢ ᠵᠣᠷᠢᠭᠵᠢᠭᠤᠯᠵᠤ᠂ ᠡᠮ᠎ᠤᠨ ᠵᠦᠢ᠍ᠯ᠎ᠤᠨ ᠦᠨ᠎ᠡ ᠬᠠᠩᠰᠢ ᠵᠢ ᠤᠯᠠᠮ ᠨᠢᠭᠡ ᠠᠯᠬᠤᠮ ᠪᠠᠭᠤᠷᠠᠭᠤᠯᠤᠨ᠎ᠠ; ᠡᠭᠦᠳᠡᠨ ᠡᠮᠨᠡᠯᠭᠡ ᠵᠢᠨ ᠡᠮ ᠬᠡᠷᠡᠭᠯᠡᠬᠦ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠮᠠᠨ᠎ᠤ ᠣᠷᠣᠨ᠎ᠳᠤ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃

   
                         

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ
《ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢ ᠮᠡᠳᠡᠭᠳᠡᠬᠦ ᠬᠤᠷᠠᠯ
 
            