ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
《ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢ ᠮᠡᠳᠡᠭᠳᠡᠬᠦ ᠬᠤᠷᠠᠯ
ᠨᠡᠶ᠋ᠢᠲᠡᠯᠡᠭᠰᠡᠨ ᠴᠠᠭ᠄ 2022-07-08

微信图片_202208150914461.jpg


   7 ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠠᠴᠠ 《ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢ ᠮᠡᠳᠡᠭᠳᠡᠬᠦ  ᠬᠤᠷᠠᠯ᠎ᠢ ᠬᠤᠷᠠᠯᠳᠤᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠨ ᠮᠠᠨ ᠢ ᠭᠤᠤᠯ ᠰᠡᠳᠦᠪ᠎ᠢ ᠨᠡᠶ᠋ᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠣᠪᠴᠢᠶ᠎ᠠ ᠵᠢᠨ ᠳᠡᠳ᠋ ᠳᠠᠷᠤᠭ᠎ᠠ ᠼᠠᠢ ᠾᠥᠩ ᠢᠦᠶ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠠᠷᠠᠭ᠋ᠠᠯᠵᠠᠯ ᠪᠠᠲᠤᠯᠠᠭ᠎ᠠ ᠵᠢᠨ ᠭᠠᠵᠠᠷ᠎ᠤᠨ ᠳᠠᠷᠤᠭ᠎ᠠ ᠪᠦᠦ ᠴᠦᠨ ᠿᠥᠩ ᠲᠥᠷᠥ ᠵᠢᠨ ᠪᠣᠳᠣᠯᠭ᠎ᠠ ᠵᠢ ᠮᠡᠳᠡᠭᠳᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

 

    《ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢ  ᠮᠡᠳᠡᠭᠳᠡᠬᠦ ᠬᠤᠷᠠᠯ ᠳᠡᠭᠡᠷᠡᠬᠢ ᠨᠡᠢ᠌ᠲᠡᠯᠡᠯ ᠎ᠤᠨ ᠦᠭᠡ

 

        ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ

        ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠨ ᠮᠠᠨ ᠢ

 

ᠵᠠᠭᠤᠴᠢᠯᠠᠭᠤᠷ᠎ᠤᠨ ᠨᠠᠶ᠋ᠢᠵᠠ ᠨᠠᠷ ᠡ᠂ ᠣᠯᠠᠨ ᠵᠶ᠋ᠠᠷ ᠵᠶ᠋ᠠᠨ ᠰᠠᠶ᠋ᠢᠨ ᠪᠠᠶ᠋ᠢᠵᠠᠭ᠋ᠠᠨ᠎ᠠ ᠦᠦ!

   ᠡᠩ ᠲᠡᠷᠢᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠰ᠎ᠢ ᠠᠩᠬᠠᠷᠤᠭᠰᠠᠭ᠋ᠠᠷ ᠢᠷᠡᠭᠰᠡᠨ ᠪᠠ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠶ᠋ᠢᠨ᠎ᠠ! ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2022] 41 ᠳ᠋ᠦ᠍ᠭᠡᠷ ᠲᠣᠭ᠋ᠠᠲᠤ᠂ ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠳᠣᠣᠷ᠎ᠠ ᠪᠢ ᠲᠠ ᠪᠦᠬᠦᠨ᠎ᠳᠤ ᠬᠠᠮᠢᠶ᠎ᠠ ᠪᠦᠬᠦᠢ ᠵᠦᠢ᠍ᠯ᠎ᠢ ᠲᠠᠨᠢᠯᠴᠠᠭᠤᠯᠤᠶ᠎ᠠ᠃

 

    ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ

    ᠡᠮᠴᠢᠯᠡᠭᠡᠨ᠎ᠤ ᠪᠠᠲᠤᠯᠠᠭ᠎ᠠ ᠪᠣᠯ ᠤᠯᠠᠨ ᠲᠦᠮᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠬᠥᠩᠭᠡᠷᠡᠭᠦᠯᠬᠦ᠂ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠨᠡᠮᠡᠭᠳᠡᠭᠦᠯᠬᠦ᠂ ᠨᠡᠶ᠋ᠢᠭᠡᠮ᠎ᠤᠨ ᠡᠶ᠎ᠡ ᠵᠣᠬᠢᠴᠠᠩᠭᠤᠢ ᠲᠣᠭᠲᠠᠭᠤᠨ᠎ᠢ ᠬᠠᠮᠠᠭ᠋ᠠᠯᠠᠬᠤ ᠴᠢᠬᠤᠯᠠ ᠶᠡᠬᠡ ᠲᠦᠷᠢᠮ᠎ᠤᠨ ᠲᠤᠬᠢᠷᠠᠭᠤᠯᠤᠯᠳᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 2018 ᠣᠨ᠎ᠤ ᠰᠡᠭᠦᠯᠴᠢ᠎ᠪᠠᠷ ᠪᠠᠶ᠋ᠢᠭᠤᠯᠤᠭᠳᠠᠭᠰᠠᠨ᠎ᠠᠴᠠ ᠨᠠᠭ᠋ᠠᠰᠢ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠣᠯᠠᠨ ᠲᠠᠰ ᠳᠠᠪᠬᠤᠷᠭ᠎ᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠵᠤ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ (ᠳᠣᠷᠣᠭᠰᠢ ᠭᠤᠷᠪᠠᠨ ᠬᠦᠨᠳᠦ ᠲᠦᠷᠢᠮ ᠭᠡᠵᠦ ᠶᠡᠷᠦᠩᠬᠡᠶ᠋ᠢᠯᠡᠨ ᠨᠡᠷᠡᠶ᠋ᠢᠳᠦᠨ᠎ᠡ) ᠵᠢᠨ ᠶᠡᠷᠦᠩᠬᠡᠶ᠋ᠢᠯᠡᠭᠰᠡᠨ ᠪᠠᠲᠤᠯᠠᠭ᠋ᠠᠨ᠎ᠤ ᠪᠣᠷᠣ ᠲᠥᠯᠥᠪ᠎ᠢ ᠪᠣᠶ ᠪᠣᠯᠭ᠋ᠠᠪᠠ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠢᠭᠡᠳᠦᠯᠲᠡᠶ ᠡᠮᠴᠢᠯᠡᠭᠡ ᠵᠢᠨ ᠳᠠᠭ᠋ᠠᠳᠬᠠᠯ ᠪᠠ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠦᠷᠢᠮ᠎ᠢ ᠲᠡᠭᠦᠯᠳᠡᠷᠵᠢᠭᠦᠯᠵᠦ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢ ᠠᠶ᠋ᠢᠮᠠᠭ ᠬᠣᠲᠠ ᠵᠢᠨ ᠱᠠᠲᠤᠨ᠎ᠳᠤ ᠨᠢᠭᠡᠳᠦᠯᠲᠡᠶ ᠲᠥᠯᠥᠪᠵᠢᠭᠦᠯᠬᠦ ᠵᠢ ᠠᠬᠢᠭᠤᠯᠬᠤ᠂ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠬᠦ ᠵᠡᠷᠭᠡ ᠣᠯᠠᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠣᠯᠠᠨ ᠲᠦᠮᠡᠨ᠎ᠤ ᠡᠪᠡᠳᠴᠢᠨ ᠦᠵᠡᠭᠦᠯᠬᠦ ᠵᠠᠷᠤᠳᠠᠯ᠎ᠤᠨ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠦᠨ᠎ᠡ᠃ ᠥᠭᠡᠷᠡᠴᠢᠯᠡᠯᠲᠡ ᠵᠢᠨ ᠭᠦᠨᠵᠡᠭᠡᠶ᠋ᠢᠷᠡᠬᠦ ᠵᠢ ᠳᠠᠭ᠋ᠠᠯᠳᠤᠨ᠂ ᠪᠠᠰᠠ ᠡᠮᠴᠢᠯᠡᠭᠡ ᠵᠢᠨ ᠳᠠᠭ᠋ᠠᠳᠬᠠᠯ᠎ᠤᠨ ᠲᠦᠷᠢᠮ᠎ᠤᠨ ᠦᠨᠳᠦᠰᠦᠨ ᠵᠦᠢ᠍ᠯ᠎ᠢ ᠪᠠᠲᠤᠯᠠᠬᠤ ᠴᠢᠳᠠᠮᠵᠢ ᠬᠦᠷᠦᠯᠴᠡᠬᠦ ᠥᠬᠡᠶ ᠪᠠᠶ᠋ᠢᠬᠤ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃ 《ᠭᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠰᠠᠨᠠᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ 6 ᠳ᠋ᠤᠭ᠋ᠠᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ 《ᠬᠡᠷᠡᠭᠵᠢᠭᠦᠯᠬᠦ ᠰᠠᠨᠠᠯ》᠎ᠨᠢ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠵᠢ ᠪᠠᠷᠢᠮᠲᠠᠯᠠᠵᠤ᠂ ᠬᠠᠮᠲᠤ᠎ᠪᠠᠷ ᠴᠢᠨᠡᠭᠡᠯᠢᠭᠵᠢᠬᠦ ᠴᠢᠭᠯᠡᠯ᠎ᠢ ᠪᠠᠷᠢᠮᠲᠠᠯᠠᠵᠤ᠂ ᠪᠠᠲᠤᠯᠠᠪᠠᠰᠤ ᠵᠣᠬᠢᠬᠤ ᠵᠢ ᠪᠦᠬᠦᠨ᠎ᠢ ᠪᠠᠲᠤᠯᠠᠬᠤ᠂ ᠦᠨᠳᠦᠰᠦᠨ ᠵᠦᠢ᠍ᠯ᠎ᠢ ᠪᠠᠲᠤᠯᠠᠬᠤ᠂ ᠴᠢᠳᠠᠯ ᠵᠶ᠋ᠠᠷ ᠵᠶ᠋ᠠᠨ ᠴᠢᠷᠮᠠᠢ᠌ᠵᠤ᠂ ᠴᠢᠳᠠᠯ᠎ᠤᠨ ᠬᠢᠷᠢ᠎ᠪᠠᠷ ᠬᠢᠬᠦ ᠵᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ ᠵᠢ ᠨᠠᠩ ᠦᠷᠭᠦᠯᠵᠢᠯᠡᠬᠦᠶ᠋ᠢᠴᠡ ᠪᠣᠯᠭ᠋ᠠᠬᠤ ᠵᠢ ᠠᠬᠢᠭᠤᠯᠪᠠ᠃ ᠬᠦᠴᠢᠷᠳᠡᠯᠲᠡᠶ ᠣᠯᠠᠨ ᠲᠦᠮᠡᠨ᠎ᠤ ᠬᠦᠨᠳᠦ ᠣᠨᠴᠠ ᠶᠡᠬᠡ ᠡᠪᠡᠳᠴᠢᠨ ᠡᠮᠭᠡᠭ᠎ᠤᠨ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠪᠡᠳᠴᠢᠨ᠎ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠵᠢ ᠰᠡᠷᠭᠡᠶ᠋ᠢᠯᠡᠨ ᠠᠷᠢᠯᠭ᠋ᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠭᠤᠷᠪᠠᠨ ᠵᠦᠢ᠍ᠯ᠎ᠤᠨ ᠲᠦᠷᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢ ᠴᠢᠩᠭ᠋ᠠᠳᠬᠠᠵᠤ᠂ ᠬᠦᠴᠢᠷᠳᠡᠯᠲᠡᠶ ᠣᠯᠠᠨ ᠲᠦᠮᠡᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠤᠨ ᠪᠠᠷᠢᠮᠵᠢᠶ᠎ᠠ ᠵᠢ ᠦᠨᠡᠨ᠎ᠠᠴᠠ ᠵᠥᠪ᠎ᠢ ᠡᠷᠢᠵᠦ ᠲᠣᠭᠲᠠᠭ᠋ᠠᠨ᠂ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠲᠠᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠬᠦᠨᠳᠦ ᠣᠨᠴᠠ ᠶᠡᠬᠡ ᠡᠪᠡᠳᠴᠢᠨ ᠡᠮᠭᠡᠭ᠎ᠠᠴᠠ ᠪᠣᠯᠵᠣ ᠦᠨᠳᠦᠰᠦᠨ ᠠᠮᠢᠳᠤᠷᠠᠯ᠎ᠢ ᠨᠥᠯᠥᠭᠡᠯᠡᠬᠦ ᠥᠬᠡᠶ ᠪᠥᠭᠡᠳ ᠬᠡᠲᠦ ᠪᠠᠲᠤᠯᠠᠬᠤ᠎ᠠᠴᠠ ᠵᠠᠢ᠌ᠯᠠᠰᠬᠢᠨ᠎ᠠ᠃ ᠭᠤᠷᠪᠠᠨ ᠴᠢᠬᠤᠯᠠ ᠲᠦᠷᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠪᠣᠯᠤᠨ ᠪᠤᠶᠠᠨ ᠦᠢ᠍ᠯᠡᠳᠴᠦ ᠠᠪᠤᠷᠠᠨ ᠲᠤᠰᠠᠯᠠᠬᠤ᠂ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ ᠵᠡᠷᠭᠡ ᠵᠢ ᠵᠣᠬᠢᠴᠠᠭᠤᠯᠤᠨ ᠬᠥᠭᠵᠢᠭᠦᠯᠬᠦ ᠵᠢ ᠠᠬᠢᠭᠤᠯᠵᠤ᠂ ᠪᠦᠲᠦᠮᠵᠢᠲᠡᠶ ᠵᠣᠯᠭ᠋ᠠᠭᠤᠯᠵᠤ᠂ ᠵᠠᠰᠠᠭ᠎ᠤᠨ ᠣᠷᠳᠣᠨ ᠵᠶ᠋ᠠᠷ ᠭᠤᠤᠯᠯᠠᠭᠤᠯᠤᠭᠰᠠᠨ᠂ ᠣᠯᠠᠨ ᠲᠠᠯ᠎ᠠ ᠵᠢᠨ᠎ᠬᠢᠨ ᠣᠷᠣᠯᠴᠠᠭᠰᠠᠨ ᠣᠯᠠᠨ ᠲᠠᠰ ᠳᠠᠪᠬᠤᠷᠭ᠎ᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠳᠣᠭᠲᠠᠯᠴᠠᠭ᠎ᠠ ᠵᠢ ᠪᠠᠶ᠋ᠢᠭᠤᠯᠤᠨ᠎ᠠ᠃

    ᠬᠣᠶᠠᠷ᠂  ᠭᠣᠣᠯ ᠠᠭᠤᠯᠭ᠎ᠠ

   《ᠬᠡᠷᠡᠭᠵᠢᠭᠦᠯᠬᠦ ᠰᠠᠨᠠᠯ》᠎ᠳᠤ ᠰᠢᠰᠲ᠋ᠧᠮ᠎ᠲᠠᠢ ᠲᠥᠪᠯᠡᠷᠡᠭᠦᠯᠬᠦ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠬᠦ᠂ ᠲᠣᠭᠲᠠᠴᠠ ᠵᠢ ᠲᠡᠭᠦᠯᠳᠡᠷᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠥᠭᠡᠷᠡᠴᠢᠯᠡᠯᠲᠡ ᠵᠢᠨ ᠬᠠᠮᠵᠢᠯᠴᠠᠬᠤ ᠦᠢ᠍ᠯᠡᠳᠦᠯ᠎ᠢ ᠪᠠᠳᠠᠷᠠᠭᠤᠯᠵᠤ᠂ 1 ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠤᠬᠠᠶ᠋ᠢᠯᠠᠪᠠᠯ᠂ ᠬᠦᠴᠢᠷᠳᠡᠯᠲᠡᠶ ᠣᠯᠠᠨ ᠲᠦᠮᠡᠨ᠎ᠤ ᠬᠦᠨᠳᠦ ᠶᠡᠬᠡ ᠡᠪᠡᠳᠴᠢᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠬᠦᠨᠳᠦ ᠣᠨᠴᠠ ᠶᠡᠬᠡ ᠡᠪᠡᠳᠴᠢᠨ᠎ᠠᠴᠠ ᠪᠣᠯᠵᠣ ᠦᠨᠳᠦᠰᠦᠨ ᠠᠮᠢᠳᠤᠷᠠᠯ᠎ᠢ᠎ᠨᠢ ᠨᠥᠯᠥᠭᠡᠯᠡᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠨ᠎ᠠ᠃ 15 ᠵᠦᠢ᠍ᠯ᠎ᠤᠨ ᠭᠤᠤᠯᠳᠠᠯᠭ᠎ᠠ᠎ᠲᠠᠢ ᠠᠵᠢᠯ᠎ᠢ ᠳᠣᠲᠤᠷᠬᠠᠢ᠌ᠯᠠᠵᠤ᠂ ᠡᠮᠴᠢᠯᠡᠭᠡ ᠵᠢᠨ ᠠᠪᠤᠷᠠᠨ ᠲᠤᠰᠠᠯᠠᠬᠤ ᠡᠲᠡᠭᠡᠳ᠎ᠤᠨ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ᠂ ᠠᠪᠤᠷᠠᠨ ᠲᠤᠰᠠᠯᠠᠬᠤ ᠵᠠᠷᠤᠳᠠᠯ᠎ᠤᠨ ᠪᠠᠲᠤᠯᠠᠬᠤ ᠬᠡᠪᠴᠢᠶ᠎ᠡ ᠵᠢ ᠲᠣᠳᠣᠷᠬᠠᠶ᠋ᠢᠯᠠᠬᠤ᠂ ᠨᠢᠭᠡ ᠴᠣᠭᠴᠠᠵᠢᠭᠤᠯᠤᠭᠰᠠᠨ ᠭᠠᠷᠲᠠᠨ ᠭᠦᠢ᠍ᠴᠡᠳᠭᠡᠬᠦ ᠬᠠᠮᠢᠶᠠᠷᠤᠯᠲᠠ ᠵᠢᠨ ᠦᠢ᠍ᠯᠡᠴᠢᠯᠡᠭᠡ ᠵᠢ ᠥᠳᠲᠡᠷ ᠲᠦᠷᠭᠡᠨ ᠠᠬᠢᠭᠤᠯᠬᠤ᠂ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠡᠷᠭᠡ ᠠᠭᠤᠯᠭ᠎ᠠ ᠵᠢ ᠪᠠᠭᠲᠠᠭ᠋ᠠᠨ᠎ᠠ᠃ 5 ᠪᠠᠲᠤᠯᠠᠭ᠋ᠠᠨ᠎ᠤ ᠠᠷᠭ᠎ᠠ ᠬᠡᠮᠵᠢᠶ᠎ᠡ ᠵᠢ ᠴᠢᠩᠭ᠋ᠠᠷᠠᠭᠤᠯᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠂ ᠰᠠᠯᠠᠭ᠎ᠠ ᠮᠥᠴᠢᠷ᠎ᠤᠨ᠎ᠬᠢᠨ ᠬᠠᠮᠵᠢᠯᠴᠠᠬᠤ᠂ ᠰᠠᠭᠤᠷᠢ ᠮᠥᠩᠭᠥᠨ᠎ᠤ ᠲᠥᠰᠦᠪ᠎ᠤᠨ ᠬᠠᠮᠢᠶᠠᠷᠤᠯᠲᠠ᠂ ᠦᠨᠳᠦᠰᠦᠨ ᠱᠠᠲᠤᠨ᠎ᠤ ᠴᠢᠳᠠᠪᠤᠷᠢ ᠵᠢᠨ ᠪᠠᠶ᠋ᠢᠭᠤᠯᠤᠯᠲᠠ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠬᠤ ᠲᠠᠯ᠎ᠠ᠎ᠪᠠᠷ ᠠᠵᠢᠯ᠎ᠤᠨ ᠱᠠᠭ᠋ᠠᠷᠳᠠᠯᠭ᠎ᠠ ᠳᠤᠷᠠᠳᠴᠤ᠂ ᠡᠭᠦᠷᠭᠡ ᠪᠠ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠨᠠᠷᠢᠯᠢᠬ᠍ᠵᠢᠭᠤᠯᠤᠨ᠎ᠠ᠃

    ᠭᠤᠷᠪᠠ᠂ ᠭᠣᠣᠯ ᠣᠨᠴᠠᠯᠢᠭ 

    ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠣᠯᠤᠨ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠪᠣᠯ ᠬᠥᠭᠵᠢᠯᠲᠡ ᠵᠢᠨ ᠶᠠᠪᠤᠴᠠ᠎ᠳᠤ ᠠᠷᠠᠳ᠎ᠤᠨ ᠠᠮᠢᠳᠤᠷᠠᠯ᠎ᠢ ᠴᠢᠩᠭ᠋ᠠᠳᠬᠠᠨ ᠰᠠᠶ᠋ᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ 《ᠬᠡᠷᠡᠭᠵᠢᠭᠦᠯᠬᠦ ᠰᠠᠨᠠᠯ》᠎ᠨᠢ ᠨᠢᠭᠡᠳᠦᠯᠲᠡᠶ ᠲᠦᠷᠢᠮ᠎ᠤᠨ ᠪᠠᠶ᠋ᠢᠭᠤᠯᠤᠯᠲᠠ ᠵᠢ ᠵᠢᠷᠤᠮᠵᠢᠭᠤᠯᠬᠤ᠂ ᠶᠡᠷᠦᠩᠬᠡᠶ᠋ᠢᠯᠡᠭᠰᠡᠨ ᠪᠠᠲᠤᠯᠠᠭ᠎ᠠ ᠵᠢ ᠰᠢᠰᠲ᠋ᠧᠮ᠎ᠲᠠᠢ ᠴᠢᠩᠭ᠋ᠠᠷᠠᠭᠤᠯᠬᠤ᠂ ᠡᠪᠡᠳᠴᠢᠨ᠎ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠵᠢ ᠰᠡᠷᠭᠡᠶ᠋ᠢᠯᠡᠨ ᠠᠷᠢᠯᠭ᠋ᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠵᠡᠷᠭᠡ ᠲᠠᠯ᠎ᠠ᠎ᠪᠠᠷ ᠨᠢᠭᠡᠳᠦᠯᠲᠡᠶ ᠲᠥᠯᠥᠪᠵᠢᠭᠦᠯᠦᠨ ᠳᠣᠭᠢᠷᠠᠭᠤᠯᠪᠠ᠃

    ᠨᠢᠭᠡ᠎ᠳᠤ᠂ ᠡᠮᠴᠢᠯᠡᠭᠡᠨ᠎ᠤ ᠠᠪᠤᠷᠠᠨ ᠲᠤᠰᠠᠯᠠᠬᠤ ᠳᠦᠷᠢᠮ᠎ᠢ ᠨᠢᠭᠡᠳᠦᠯᠲᠡᠶ ᠵᠢᠷᠤᠮᠵᠢᠭᠤᠯᠤᠨ᠎ᠠ᠃ ᠳᠦᠷᠢᠮ᠎ᠤᠨ ᠪᠣᠷᠣ ᠲᠥᠯᠥᠪ᠎ᠢ ᠨᠢᠭᠡᠳᠦᠯᠲᠡᠶ ᠪᠠᠶ᠋ᠢᠯᠭ᠋ᠠᠬᠤ ᠱᠠᠭ᠋ᠠᠷᠳᠠᠯᠭ᠎ᠠ ᠶᠣᠰᠣᠭ᠋ᠠᠷ᠂ ᠠᠪᠤᠷᠠᠨ ᠲᠤᠰᠠᠯᠠᠬᠤ ᠬᠥᠮᠦᠰ᠎ᠤᠨ            ᠬᠡᠪᠴᠢᠶ᠎ᠡ᠂ ᠳᠠᠭ᠋ᠠᠳᠬᠠᠯ᠎ᠳᠤ ᠣᠷᠣᠯᠴᠠᠬᠤ ᠵᠢ ᠲᠡᠳᠬᠦᠨ ᠳᠤᠰᠠᠯᠠᠬᠤ ᠪᠠᠷᠢᠮᠵᠢᠶ᠎ᠠ᠂ ᠵᠠᠷᠤᠳᠠᠯ᠎ᠢ ᠪᠠᠲᠤᠯᠠᠬᠤ ᠬᠡᠪᠴᠢᠶ᠎ᠡ᠂ ᠠᠪᠤᠷᠠᠨ ᠲᠤᠰᠠᠯᠠᠬᠤ ᠪᠠᠷᠢᠮᠵᠢᠶ᠎ᠠ᠂ ᠭᠠᠷᠳᠠᠨ ᠭᠦᠢ᠍ᠴᠡᠳᠬᠡᠬᠦ ᠦᠢ᠍ᠯᠡᠴᠢᠯᠡᠭᠡ᠂ ᠮᠡᠳᠡᠭᠡ ᠵᠠᠩᠭᠢ ᠵᠢᠨ ᠰᠢᠰᠲ᠋ᠧᠮ᠎ᠳᠤ ᠨᠢᠭᠡᠳᠦᠯᠲᠡᠶ ᠱᠠᠭ᠋ᠠᠷᠳᠠᠯᠭ᠎ᠠ ᠳᠤᠷᠠᠳᠴᠤ᠂ ᠦᠨᠳᠦᠰᠦᠨ ᠵᠦᠢ᠍ᠯ᠎ᠢ ᠪᠠᠲᠤᠯᠠᠬᠤ ᠴᠢᠳᠠᠮᠵᠢ ᠵᠢ ᠤᠯᠠᠮ ᠨᠢᠭᠡ ᠠᠯᠬᠤᠮ ᠪᠡᠬᠢᠵᠢᠭᠦᠯᠵᠦ᠂ ᠬᠣᠲᠠ ᠬᠥᠳᠡᠭᠡ ᠵᠢᠨ ᠬᠦᠴᠢᠷᠳᠡᠯᠲᠡᠶ ᠣᠯᠠᠨ ᠲᠦᠮᠡᠨ᠎ᠤ ᠡᠮᠴᠢᠯᠡᠭᠡᠨ᠎ᠤ ᠠᠪᠤᠷᠠᠨ ᠲᠤᠰᠠᠯᠠᠬᠤ ᠵᠢᠨ ᠡᠷᠬᠡ ᠲᠡᠭᠰᠢ ᠪᠠ ᠬᠠᠷᠠᠭ᠋ᠠᠯᠵᠠᠯ ᠭᠣᠣᠯᠴᠢ ᠪᠠᠶ᠋ᠢᠬᠤ ᠵᠢ ᠦᠨᠡᠨ ᠬᠦ᠋ ᠪᠠᠲᠤᠯᠠᠨ᠎ᠠ᠃

    ᠬᠣᠶᠠᠷ᠎ᠲᠤ᠂ ᠭᠤᠷᠪᠠᠨ ᠴᠢᠬᠤᠯᠠ ᠲᠦᠷᠢᠮ᠎ᠢ ᠨᠢᠭᠲᠠ ᠵᠣᠯᠭ᠋ᠠᠭᠤᠯᠬᠤ ᠵᠢ ᠴᠢᠩᠭ᠋ᠠᠳᠬᠠᠨ᠎ᠠ᠃ ᠦᠨᠳᠦᠰᠦᠨ ᠡᠮᠴᠢᠯᠡᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠬᠤ ᠭᠤᠷᠪᠠᠨ ᠵᠦᠢ᠍ᠯ᠎ᠤᠨ ᠲᠦᠷᠢᠮ᠎ᠤᠨ ᠬᠣᠲᠠ ᠬᠥᠳᠡᠭᠡ ᠵᠢᠨ ᠬᠦᠴᠢᠷᠳᠡᠯᠲᠡᠶ ᠣᠯᠠᠨ ᠲᠦᠮᠡᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠲᠠᠯ᠎ᠠ᠎ᠪᠠᠷ᠎ᠬᠢ ᠶᠡᠷᠦᠩᠬᠡᠶ᠋ᠢᠯᠡᠭᠰᠡᠨ ᠪᠠᠲᠤᠯᠠᠭ᠎ᠠ᠂ ᠳᠠᠷᠤᠭ᠋ᠠᠰᠤ ᠵᠢ ᠱᠠᠲᠤ ᠱᠠᠲᠤ᠎ᠪᠠᠷ ᠬᠥᠩᠭᠡᠷᠡᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ 《ᠤᠷᠢᠳ ᠵᠶ᠋ᠠᠷ ᠳᠠᠭ᠋ᠠᠳᠬᠠᠯ᠎ᠳᠤ ᠣᠷᠣᠭᠤᠯᠵᠤ ᠳᠠᠷᠠᠭ᠎ᠠ᠎ᠨᠢ ᠠᠪᠤᠷᠠᠨ ᠲᠤᠰᠠᠯᠠᠬᠤ》 ᠵᠠᠷᠴᠢᠮ᠎ᠢ ᠪᠠᠷᠢᠮᠲᠠᠯᠠᠵᠤ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠵᠡᠷᠭᠡ᠎ᠪᠠᠷ ᠳᠠᠮᠵᠢᠭᠤᠯᠤᠨ ᠳᠠᠩᠰᠠ ᠴᠠᠢ᠌ᠷᠠᠭᠤᠯᠤᠭᠰᠠᠨ᠎ᠤ ᠳᠠᠷᠠᠭ᠎ᠠ ᠬᠤᠪᠢ ᠬᠥᠮᠦᠨ᠎ᠤ ᠡᠮᠨᠡᠯᠭᠡ ᠵᠢᠨ ᠵᠠᠷᠤᠳᠠᠯ᠎ᠤᠨ ᠳᠠᠷᠤᠭ᠋ᠠᠰᠤ ᠮᠥᠨ ᠬᠦ᠌ ᠨᠡᠯᠢᠶᠡᠳ ᠬᠦᠨᠳᠦ ᠪᠠᠶ᠋ᠢᠭ᠎ᠠ ᠬᠦᠴᠢᠷᠳᠡᠯᠲᠡᠶ ᠣᠯᠠᠨ ᠲᠦᠮᠡᠨ᠎ᠢ ᠲᠣᠭᠲᠠᠭ᠋ᠠᠯ ᠶᠣᠰᠣᠭ᠋ᠠᠷ ᠡᠮᠴᠢᠯᠡᠭᠡᠨ᠎ᠤ ᠠᠪᠤᠷᠠᠨ ᠲᠤᠰᠠᠯᠠᠬᠤ ᠬᠡᠪᠴᠢᠶᠡᠨ᠎ᠳᠤ ᠣᠷᠣᠭᠤᠯᠤᠨ᠎ᠠ᠃

    ᠭᠤᠷᠪᠠ᠎ᠳᠤ᠂ ᠦᠨᠳᠦᠰᠦᠨ ᠵᠦᠢ᠍ᠯ᠎ᠢ ᠪᠠᠲᠤᠯᠠᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ᠃ ᠡᠮᠴᠢᠯᠡᠭᠡᠨ᠎ᠤ ᠠᠪᠤᠷᠠᠨ ᠲᠤᠰᠠᠯᠠᠬᠤ ᠡᠲᠡᠭᠡᠳ᠎ᠤᠨ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠬᠦᠴᠢᠷᠳᠡᠯᠲᠡᠶ ᠣᠯᠠᠨ ᠲᠦᠮᠡᠨ᠎ᠢ ᠲᠥᠷᠥᠯ ᠬᠤᠪᠢᠶᠠᠨ ᠳᠡᠳᠬᠦᠨ ᠲᠤᠰᠠᠯᠠᠵᠤ ᠳᠠᠭ᠋ᠠᠳᠬᠠᠯ᠎ᠳᠤ ᠣᠷᠣᠭᠤᠯᠤᠨ᠂ ᠬᠦᠴᠢᠷᠳᠡᠯᠲᠡᠶ ᠣᠯᠠᠨ ᠲᠦᠮᠡᠨ᠎ᠤ ᠪᠠᠲᠤᠯᠠᠬᠤ ᠵᠣᠬᠢᠰᠲᠠᠢ ᠵᠢ ᠪᠥᠬᠦᠨ᠎ᠢ ᠪᠠᠲᠤᠯᠠᠬᠤ ᠵᠢ ᠦᠨᠡᠨ ᠬᠦ᠌ ᠪᠠᠲᠤᠯᠠᠨ᠎ᠠ᠃ ᠬᠣᠲᠠ ᠬᠥᠳᠡᠭᠡ ᠵᠢᠨ ᠬᠦᠴᠢᠷᠳᠡᠯᠲᠡᠶ ᠣᠯᠠᠨ ᠲᠦᠮᠡᠨ᠎ᠢ ᠨᠢᠭᠡᠳᠦᠯᠲᠡᠶ ᠲᠥᠯᠦᠪᠯᠡᠵᠦ᠂ ᠠᠪᠤᠷᠠᠨ ᠲᠤᠰᠠᠯᠠᠬᠤ ᠡᠲᠡᠭᠡᠳ᠎ᠤᠨ ᠲᠥᠷᠥᠯ ᠢᠯᠭ᠋ᠠᠯ᠎ᠢ ᠨᠠᠷᠢᠨ ᠬᠤᠪᠢᠶᠠᠵᠤ᠂ ᠲᠥᠷᠥᠯ ᠬᠤᠪᠢᠶᠠᠨ ᠠᠪᠤᠷᠠᠨ ᠲᠤᠰᠠᠯᠠᠬᠤ ᠵᠢ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢ ᠨᠠᠷᠢᠯᠢᠭ ᠣᠨᠣᠴᠠᠲᠠᠢ ᠬᠡᠷᠡᠭᠵᠢᠭᠦᠯᠬᠦ ᠵᠢ ᠦᠨᠡᠨ ᠬᠦ᠌ ᠪᠠᠲᠤᠯᠠᠨ᠎ᠠ᠃ ᠡᠭᠦᠨ᠎ᠤ ᠬᠠᠮᠲᠤ ᠡᠮᠴᠢᠯᠡᠭᠡᠨ᠎ᠤ ᠠᠪᠤᠷᠠᠨ ᠲᠤᠰᠠᠯᠠᠬᠤ ᠵᠠᠷᠤᠳᠠᠯ᠎ᠢ ᠪᠠᠲᠤᠯᠠᠬᠤ ᠬᠡᠪᠴᠢᠶ᠎ᠡ ᠵᠡᠷᠭᠡ ᠲᠠᠯ᠎ᠠ᠎ᠪᠠᠷ ᠲᠣᠳᠣᠷᠬᠠᠶ ᠱᠠᠭ᠋ᠠᠷᠳᠠᠯᠭ᠎ᠠ ᠳᠤᠷᠠᠳᠴᠠᠶ᠃

   ᠳᠥᠷᠪᠡ᠎ᠳᠤ᠂ ᠥᠨᠳᠦᠷ ᠦᠨ᠎ᠡ᠎ᠲᠠᠢ ᠡᠮᠴᠢᠯᠡᠭᠡᠨ᠎ᠤ ᠵᠠᠷᠤᠳᠠᠯ᠎ᠤᠨ ᠵᠠᠷᠤᠯᠭ᠎ᠠ ᠵᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠪᠠᠢ᠌ᠴᠠᠭ᠋ᠠᠬᠤ ᠵᠢ ᠴᠢᠩᠭ᠋ᠠᠷᠠᠭᠤᠯᠤᠨ᠎ᠠ᠃ ᠡᠮᠴᠢᠯᠡᠭᠡᠨ᠎ᠤ ᠠᠪᠤᠷᠠᠨ ᠲᠤᠰᠠᠯᠠᠬᠤ ᠡᠲᠡᠭᠡᠳ᠎ᠤᠨ ᠮᠡᠳᠡᠭᠡ ᠵᠠᠩᠭᠢ ᠵᠢᠨ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ 《ᠡᠪᠡᠳᠴᠢᠨ᠎ᠠᠴᠠ ᠪᠣᠯᠵᠣ ᠶᠠᠳᠠᠭᠤᠷᠠᠬᠤ》 ᠪᠠ 《ᠡᠪᠡᠳᠴᠢᠨ᠎ᠠᠴᠠ ᠪᠣᠯᠵᠣ ᠳᠠᠬᠢᠨ ᠶᠠᠳᠠᠭᠤᠷᠠᠬᠤ》 ᠬᠤᠤᠰ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠲᠥᠷᠥᠯ ᠬᠤᠪᠢᠶᠠᠨ ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ ᠲᠦᠮᠡᠨ᠎ᠢ ᠰᠠᠨᠠᠭ᠋ᠠᠴᠢᠯᠠᠭ᠎ᠠ᠎ᠠᠴᠠ᠎ᠪᠠᠨ      ᠢᠯᠡᠷᠡᠭᠦᠯᠬᠦ᠂ ᠬᠥᠳᠡᠯᠦᠩᠭᠦᠶ᠎ᠪᠠᠷ ᠬᠢᠨᠠᠨ ᠪᠠᠢ᠌ᠴᠠᠭ᠋ᠠᠬᠤ᠂ ᠪᠠᠶ᠋ᠢᠴᠠᠭ᠋ᠠᠵᠤ ᠬᠠᠷᠢᠴᠠᠭᠤᠯᠬᠤ ᠪᠠ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠵᠢ ᠴᠢᠩᠭ᠋ᠠᠳᠬᠠᠵᠤ᠂ ᠨᠥᠬᠥᠴᠡᠯ᠎ᠳᠤ ᠨᠡᠶ᠋ᠢᠴᠡᠬᠦ ᠵᠢ ᠴᠠᠭ ᠲᠤᠬᠠᠶ᠎ᠳᠤ᠎ᠨᠢ ᠡᠮᠴᠢᠯᠡᠭᠡᠨ᠎ᠤ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ᠎ᠳᠤ ᠣᠷᠣᠭᠤᠯᠤᠨ᠎ᠠ᠃

    ᠲᠠᠪᠤ᠎ᠳᠤ᠂ ᠨᠢᠭᠡ ᠴᠣᠭᠴᠠᠵᠢᠭᠤᠯᠤᠭᠰᠠᠨ ᠭᠠᠷᠲᠠᠨ ᠭᠦᠢ᠍ᠴᠡᠳᠭᠡᠬᠦ ᠬᠠᠮᠢᠶᠠᠷᠤᠯᠲᠠ ᠵᠢᠨ ᠦᠢ᠍ᠯᠡᠴᠢᠯᠡᠭᠡ ᠵᠢ ᠠᠬᠢᠭᠤᠯᠤᠨ᠎ᠠ᠃ ᠪᠥᠬᠥ ᠤᠯᠤᠰ᠎ᠤᠨ ᠨᠢᠭᠡᠳᠦᠯᠲᠡᠶ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠭᠦᠢ᠍ᠴᠡᠳᠭᠡᠬᠦ ᠲᠠᠰ ᠳᠠᠷᠠᠭ᠋ᠠᠯᠠᠯ᠎ᠢ ᠰᠢᠯᠢᠳᠡᠭᠵᠢᠭᠦᠯᠵᠦ᠂ 《ᠨᠢᠭᠡ ᠥᠷᠲᠡᠭᠡ ᠮᠠᠶᠢᠭ》᠎ᠤᠨ ᠦᠢ᠍ᠯᠡᠴᠢᠯᠡᠭᠡ᠂ 《ᠨᠢᠭᠡ ᠴᠣᠩᠬᠤᠪᠴᠢ᠎ᠪᠠᠷ》 ᠭᠦᠢ᠍ᠴᠡᠳᠭᠡᠬᠦ ᠵᠢ ᠬᠡᠷᠡᠭᠵᠢᠭᠦᠯᠬᠦ ᠵᠢ ᠠᠬᠢᠭᠤᠯᠵᠤ᠂ ᠳ᠋ᠦᠩᠨᠡᠨ ᠪᠤᠳᠤᠬᠤ ᠦᠢ᠍ᠯᠡᠴᠢᠯᠡᠭᠡᠨ᠎ᠤ ᠲᠥᠬᠥᠮ ᠴᠢᠨᠠᠷ᠎ᠢ ᠳᠡᠭᠡᠭᠰᠢᠯᠡᠭᠦᠯᠦᠨ᠎ᠡ᠃

    ᠳᠠᠷᠠᠭ᠎ᠠ ᠠᠯᠬᠤᠮ᠎ᠳᠤ᠂ ᠪᠢᠳᠡ ᠡᠯ᠎ᠡ ᠠᠶ᠋ᠢᠮᠠᠭ ᠬᠣᠲᠠ ᠵᠢᠨ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠬᠤ ᠵᠢ ᠰᠢᠪᠠᠳᠠᠭᠤᠯᠵᠤ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠷᠢᠯᠢᠭᠵᠢᠭᠤᠯᠬᠤ ᠵᠢ ᠵᠢᠯᠣᠭᠣᠳᠴᠤ᠂ ᠬᠡᠷᠡᠭᠵᠢᠭᠦᠯᠬᠦ ᠲᠥᠰᠦᠯ᠎ᠢ ᠨᠡᠶ᠋ᠢᠲᠡᠯᠡᠵᠦ᠂ 2023 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢ ᠪᠣᠳᠠᠲᠠᠶ᠋ᠢᠵᠢᠭᠤᠯᠬᠤ᠂ ᠬᠠᠷᠠᠭ᠋ᠠᠯᠵᠠᠯ᠎ᠢ ᠨᠠᠶ᠋ᠢᠳᠠᠪᠤᠷᠢᠵᠢᠭᠤᠯᠬᠤ᠂ ᠣᠯᠠᠨ ᠲᠦᠮᠡᠨ᠎ᠳᠤ ᠪᠣᠳᠠᠲᠤ ᠠᠰᠢᠭ ᠬᠦᠷᠲᠡᠭᠡᠬᠦ ᠵᠢ ᠪᠠᠲᠤᠯᠠᠨ᠎ᠠ᠃

    ᠣᠯᠠᠨ᠎ᠳᠤ ᠪᠠᠶᠠᠷᠯᠠᠯ᠎ᠠ!

 

    《ᠣᠨᠴᠠ ᠬᠦᠨᠳᠦ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ

    ᠰᠠᠨᠠᠯ》᠎ᠤᠨ ᠲᠥᠷᠥ ᠵᠢᠨ ᠪᠣᠳᠣᠯᠭ᠎ᠠ ᠵᠢ  ᠮᠡᠳᠡᠭᠳᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ

 

    ᠰᠢᠨᠬᠤᠸᠠ ᠬᠣᠷᠢᠶᠠᠨ᠎ᠤ ᠰᠤᠷᠪᠤᠯᠵᠢᠯᠠᠭᠴᠢ᠄  ᠡᠮᠴᠢᠯᠡᠭᠡᠨ᠎ᠤ ᠪᠠᠲᠤᠯᠠᠭ᠎ᠠ ᠲᠦᠭ ᠲᠦᠮᠡᠨ ᠠᠶ᠋ᠢᠯ ᠡᠷᠦᠬᠡ᠎ᠳᠤ ᠬᠣᠯᠪᠣᠭᠳᠠᠵᠤ᠂ ᠥᠷᠭᠡᠨ ᠤᠯᠠᠨ ᠠᠷᠠᠳ ᠲᠦᠮᠡᠨ᠎ᠤ ᠬᠤᠪᠢ ᠪᠡᠶ᠎ᠡ ᠵᠢᠨ ᠠᠰᠢᠭ ᠲᠤᠰᠠ᠎ᠲᠠᠢ ᠬᠣᠯᠪᠣᠭᠳᠠᠨ᠎ᠠ᠃ ᠮᠠᠨ᠎ᠤ ᠣᠷᠣᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠬᠤ ᠭᠤᠷᠪᠠᠨ ᠵᠦᠢ᠍ᠯ᠎ᠤᠨ ᠲᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠬᠦ ᠲᠠᠯ᠎ᠠ᠎ᠪᠠᠷ ᠶᠠᠮᠠᠷ ᠠᠵᠢᠯ ᠬᠢᠭᠰᠡᠨ ᠪᠣᠶ?

    ᠼᠠᠢ ᠾᠥᠩ ᠢᠦᠶ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠢᠮᠠᠭᠲᠠ ᠪᠠᠷᠢᠮᠲᠠᠯᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠪᠣᠯᠤᠨ ᠡᠮᠴᠢᠯᠡᠭᠡᠨ᠎ᠤ ᠠᠪᠤᠷᠠᠨ ᠲᠤᠰᠠᠯᠠᠬᠤ ᠭᠤᠷᠪᠠᠨ ᠴᠢᠬᠤᠯᠠ ᠲᠦᠷᠢᠮ᠎ᠤᠨ ᠶᠡᠷᠦᠩᠬᠡᠶ᠋ᠢᠯᠡᠭᠰᠡᠨ ᠪᠠᠲᠤᠯᠠᠭ᠋ᠠᠨ᠎ᠤ ᠴᠢᠳᠠᠮᠵᠢ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠪᠡᠳᠴᠢᠨ ᠦᠵᠡᠭᠦᠯᠬᠦ ᠳᠠᠷᠤᠭ᠋ᠠᠰᠤ ᠵᠢ ᠱᠠᠲᠤ ᠳᠠᠷᠠᠭ᠋ᠠᠯᠠᠨ ᠬᠥᠩᠭᠡᠷᠡᠭᠦᠯᠪᠡ᠃ ᠪᠣᠳᠠᠲᠠᠶ᠎ᠪᠠᠷ ᠬᠡᠯᠡᠪᠡᠯ᠂ ᠭᠤᠷᠪᠠᠨ ᠴᠢᠬᠤᠯᠠ ᠳᠦᠷᠢᠮ᠎ᠢ ᠲᠡᠭᠦᠯᠳᠡᠷᠵᠢᠭᠦᠯᠬᠦ᠎ᠳᠤ ᠳᠣᠣᠷᠠᠬᠢ ᠭᠤᠷᠪᠠᠨ ᠲᠠᠯ᠎ᠠ ᠵᠢ ᠪᠠᠭᠲᠠᠭ᠋ᠠᠨ᠎ᠠ᠄

   (ᠨᠢᠭᠡ) ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠭᠣᠣᠯ ᠴᠣᠭᠴᠠ ᠵᠢᠨ ᠪᠠᠲᠤᠯᠠᠭ᠋ᠠᠨ᠎ᠤ ᠴᠢᠳᠠᠮᠵᠢ ᠵᠢ ᠭᠦᠢ᠍ᠴᠡᠳ ᠪᠠᠳᠠᠷᠠᠭᠤᠯᠪᠠ

    ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠳᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠪᠠᠲᠤᠯᠠᠭ᠎ᠠ ᠵᠢ ᠪᠠᠷᠢᠮᠲᠠᠯᠠᠵᠤ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠡᠪᠴᠢᠶ᠎ᠡ ᠪᠠ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠎ᠡ᠃ ᠴᠢᠳᠠᠯ᠎ᠤᠨ ᠬᠢᠷᠢ᠎ᠪᠠᠷ ᠵᠶ᠋ᠠᠨ ᠴᠢᠷᠮᠠᠶ᠋ᠢᠬᠤ ᠵᠢ ᠪᠠᠷᠢᠮᠲᠠᠯᠠᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠪᠠᠯᠠ ᠴᠤᠭᠯᠠᠭᠤᠯᠬᠤ ᠪᠠᠷᠢᠮᠵᠢᠶ᠎ᠠ ᠪᠠ ᠬᠠᠷᠠᠭ᠋ᠠᠯᠵᠠᠯ᠎ᠤᠨ ᠬᠢᠷᠢ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠎ᠡ᠃ ᠣᠳᠣᠬᠠᠨ᠎ᠳᠤ᠂ ᠮᠠᠨ᠎ᠤ ᠣᠷᠣᠨ ᠨᠢᠭᠡᠨᠲᠡ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠢ ᠠᠶ᠋ᠢᠮᠠᠭ ᠬᠣᠲᠠ ᠵᠢᠨ ᠱᠠᠲᠤᠨ᠎ᠳᠤ ᠨᠢᠭᠡᠳᠦᠯᠲᠡᠶ ᠲᠥᠯᠥᠪᠵᠢᠭᠦᠯᠬᠦ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠵᠢᠯᠯᠠᠭ᠋ᠠᠨ᠎ᠤ ᠦᠷ᠎ᠡ ᠪᠦᠲᠦᠮᠵᠢ ᠪᠠ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠪᠡ᠃

   (ᠬᠣᠶᠠᠷ) ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠴᠢᠳᠠᠮᠵᠢ ᠵᠢ ᠨᠡᠮᠡᠭᠳᠡᠭᠦᠯᠪᠡ

    ᠮᠠᠨ᠎ᠤ ᠣᠷᠣᠨ᠎ᠤ ᠬᠦᠨᠳᠦ ᠡᠪᠡᠳᠴᠢᠨ᠎ᠤ ᠳᠠᠭ᠋ᠠᠳᠬᠠᠯ᠎ᠳᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠭᠰᠠᠳ᠎ᠢ ᠪᠦᠷᠢᠨ ᠬᠠᠮᠤᠷᠬᠤ ᠵᠢ ᠪᠡᠶᠡᠯᠡᠭᠦᠯᠵᠦ᠂ ᠪᠠᠯᠠ ᠮᠥᠩᠭᠥ ᠴᠤᠭᠯᠠᠭᠤᠯᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠰᠢᠯᠵᠢᠭᠦᠯᠦᠨ ᠥᠭᠴᠦ᠂ ᠬᠤᠪᠢ ᠬᠥᠮᠦᠨ ᠰᠦᠢ᠍ᠳᠭᠡᠯ ᠲᠤᠰᠢᠶᠠᠬᠤ ᠥᠬᠡᠶ᠃ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢᠨ ᠳᠡᠭᠡᠷ᠎ᠡ ᠡᠯ᠎ᠡ ᠨᠢᠭᠡᠳᠦᠯᠲᠡᠶ ᠲᠥᠯᠦᠪᠯᠡᠭᠰᠡᠨ ᠣᠷᠣᠨ᠎ᠨᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠠᠯᠠ ᠴᠤᠭᠯᠠᠭᠤᠯᠬᠤ ᠪᠠᠷᠢᠮᠵᠢᠶ᠎ᠠ ᠵᠢ ᠵᠦᠶ ᠵᠣᠬᠢᠰᠲᠠᠶ ᠲᠣᠭᠲᠠᠭ᠋ᠠᠵᠤ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠪᠤᠳᠤᠬᠤ ᠪᠠᠷᠢᠮᠵᠢᠶ᠎ᠠ ᠵᠢ ᠨᠢᠭᠡᠳᠦᠯᠲᠡᠶ ᠪᠣᠯᠭ᠋ᠠᠨ᠂ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠲᠠᠩᠰᠠ ᠴᠠᠢ᠌ᠷᠠᠭᠤᠯᠬᠤ ᠬᠠᠷᠢᠴᠠᠯ᠎ᠢ 60 %᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ᠃ ᠬᠦᠨᠳᠦ ᠡᠪᠡᠳᠴᠢᠨ᠎ᠤ ᠳᠠᠭ᠋ᠠᠳᠬᠠᠯ᠎ᠢ ᠣᠨᠴᠠ ᠬᠦᠴᠢᠷᠳᠡᠯᠲᠡᠶ ᠬᠥᠮᠦᠰ᠂ ᠳᠣᠣᠷ᠎ᠠ ᠪᠠᠲᠤᠯᠠᠭ᠎ᠠ ᠭᠥᠷᠳᠡᠭᠰᠡᠳ᠂ ᠳᠠᠬᠢᠨ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠦᠨ ᠠᠮᠠ ᠲᠡᠢ᠌ᠰᠢ ᠬᠡᠯᠪᠡᠶ᠋ᠢᠯᠭᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠬᠢᠯᠡᠵᠦ ᠳᠥᠯᠥᠬᠦ ᠪᠠᠷᠢᠮᠵᠢᠶ᠎ᠠ ᠵᠢ 50 %᠎ᠪᠠᠷ ᠪᠠᠭᠤᠷᠠᠭᠤᠯᠵᠤ᠂ ᠳᠥᠯᠥᠬᠦ ᠬᠠᠷᠢᠴᠠᠯ᠎ᠢ 5 ᠵᠠᠭᠤᠨ᠎ᠤ ᠨᠢᠭᠡᠴᠢ ᠳᠡᠭᠡᠭᠰᠢᠯᠡᠭᠦᠯᠦᠭᠰᠡᠨ ᠪᠥᠭᠡᠳ ᠬᠠᠮᠤᠭ᠎ᠤᠨ ᠥᠨᠳᠥᠷ ᠳᠥᠯᠥᠬᠦ ᠬᠢᠵᠠᠭ᠋ᠠᠷ ᠲᠣᠭ᠎ᠠ ᠵᠢ ᠬᠦᠴᠦᠨ ᠥᠬᠡᠶ ᠪᠣᠯᠭ᠋ᠠᠵᠤ᠂ ᠬᠦᠨᠳᠦ ᠡᠪᠡᠳᠴᠢᠲᠡᠨ ᠪᠠ ᠬᠦᠴᠢᠷᠳᠡᠯᠲᠡᠶ ᠣᠯᠠᠨ ᠲᠦᠮᠡᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠪᠦᠲᠦᠮᠵᠢᠲᠡᠶ ᠨᠠᠮᠳᠠᠭᠤᠯᠪᠠ᠃

   (ᠭᠤᠷᠪᠠ) ᠡᠮᠴᠢᠯᠡᠭᠡᠨ᠎ᠤ ᠠᠪᠤᠷᠠᠨ ᠳᠤᠰᠠᠯᠠᠬᠤ ᠦᠨᠳᠦᠰᠦᠨ ᠵᠦᠢ᠍ᠯ᠎ᠢ ᠪᠠᠲᠤᠯᠠᠬᠤ ᠴᠢᠳᠠᠮᠵᠢ ᠵᠢ ᠪᠠᠲᠤᠳᠬᠠᠪᠠ

    ᠡᠮᠴᠢᠯᠡᠭᠡᠨ᠎ᠤ ᠠᠪᠤᠷᠠᠨ ᠲᠤᠰᠠᠯᠠᠬᠤ ᠵᠢ ᠠᠶ᠋ᠢᠮᠠᠭ ᠬᠣᠲᠠ ᠵᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ ᠵᠢ ᠢᠳᠡᠪᠬᠢᠲᠡᠶ᠎ᠪᠠᠷ ᠠᠬᠢᠭᠤᠯᠵᠤ᠂ ᠡᠮᠴᠢᠯᠡᠭᠡᠨ᠎ᠤ ᠠᠪᠤᠷᠠᠨ ᠲᠤᠰᠠᠯᠠᠬᠤ ᠰᠠᠭᠤᠷᠢ ᠮᠥᠩᠭᠦᠨ᠎ᠤ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠡᠮᠴᠢᠯᠡᠭᠡᠨ᠎ᠤ ᠠᠪᠤᠷᠠᠨ ᠲᠤᠰᠠᠯᠠᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠨᠢᠭᠡᠳᠦᠯᠲᠡᠶ ᠵᠢᠷᠤᠮᠵᠢᠭᠤᠯᠤᠭᠰᠠᠨ ᠡᠮᠴᠢᠯᠡᠭᠡ᠎ᠪᠠᠷ ᠠᠪᠤᠷᠠᠨ ᠲᠤᠰᠠᠯᠠᠬᠤ ᠳᠦᠷᠢᠮ᠎ᠢ ᠲᠡᠭᠦᠯᠳᠡᠷᠵᠢᠭᠦᠯᠵᠦ᠂ ᠰᠠᠭᠤᠭ᠋ᠠᠯᠢ ᠠᠷᠠᠳ᠎ᠤᠨ ᠡᠮᠴᠢᠯᠡᠭᠡ ᠵᠢᠨ ᠳᠠᠭ᠋ᠠᠳᠬᠠᠯ᠎ᠢ ᠲᠥᠷᠥᠯ ᠬᠤᠪᠢᠶᠠᠨ ᠳᠡᠳᠬᠦᠨ ᠲᠤᠰᠠᠯᠠᠬᠤ ᠳᠠᠭ᠋ᠠᠳᠬᠠᠯ᠎ᠳᠤ ᠣᠷᠣᠯᠴᠠᠬᠤ ᠲᠥᠷᠥ ᠵᠢᠨ ᠪᠣᠳᠣᠯᠭ᠎ᠠ ᠵᠢ ᠨᠢᠭᠡᠳᠦᠯᠲᠡᠶ ᠲᠥᠯᠥᠪᠯᠡᠨ ᠲᠡᠭᠦᠯᠳᠡᠷᠵᠢᠭᠦᠯᠵᠦ᠂ ᠠᠪᠤᠷᠠᠨ ᠲᠤᠰᠠᠯᠠᠬᠤ ᠬᠢᠷᠢ ᠲᠦᠪᠰᠢᠨ ᠪᠠ ᠵᠢᠯ᠎ᠤᠨ ᠠᠪᠤᠷᠠᠨ ᠲᠤᠰᠠᠯᠠᠬᠤ ᠬᠢᠵᠠᠭ᠋ᠠᠷ ᠲᠣᠭ᠎ᠠ ᠵᠢ ᠵᠦᠶ ᠵᠣᠬᠢᠰᠲᠠᠶ ᠲᠣᠭᠲᠠᠭ᠋ᠠᠵᠤ᠂ ᠲᠣᠭᠲᠠᠭ᠋ᠠᠯ ᠶᠣᠰᠣᠭ᠋ᠠᠷ ᠲᠥᠷᠥᠯ ᠬᠤᠪᠢᠶᠠᠨ ᠠᠪᠤᠷᠠᠨ ᠲᠤᠰᠠᠯᠠᠬᠤ ᠵᠢ ᠰᠠᠶ᠋ᠢᠲᠤᠷ ᠬᠢᠨ᠎ᠡ᠃ ᠵᠢᠯ᠎ᠤᠨ ᠠᠪᠤᠷᠠᠨ ᠲᠤᠰᠠᠯᠠᠬᠤ ᠬᠢᠵᠠᠭ᠋ᠠᠷ ᠲᠣᠭ᠎ᠠ ᠵᠢᠨ ᠳᠣᠲᠣᠷ᠎ᠠ᠂ ᠭᠤᠤᠯᠳᠠᠯᠭ᠎ᠠ᠎ᠲᠠᠢ ᠠᠪᠤᠷᠠᠨ ᠲᠤᠰᠠᠯᠠᠬᠤ ᠡᠲᠡᠭᠡᠳ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠬᠤᠪᠢ ᠬᠥᠮᠦᠨ᠎ᠤ ᠥᠪᠡᠰᠦᠪᠡᠨ ᠳᠥᠯᠥᠬᠦ᠂ ᠡᠮᠨᠡᠯᠭᠡ᠎ᠳᠤ ᠰᠠᠭᠤᠬᠤ ᠡᠮᠴᠢᠯᠡᠭᠡᠨ᠎ᠤ ᠵᠠᠷᠤᠳᠠᠯ᠎ᠤᠨ ᠠᠪᠤᠷᠠᠨ ᠲᠤᠰᠠᠯᠠᠬᠤ ᠬᠠᠷᠢᠴᠠᠯ᠎ᠢ 70 %᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ᠃ ᠣᠨᠣᠰᠢᠯᠠᠨ ᠡᠮᠨᠡᠬᠦ ᠲᠥᠰᠦᠯ᠎ᠢ ᠲᠣᠳᠣᠷᠬᠠᠶ᠋ᠢᠯᠠᠬᠤ᠂ ᠭᠠᠷᠴᠠᠭ᠎ᠠᠴᠠ ᠭᠠᠳᠠᠨᠠᠬᠢ ᠵᠠᠷᠤᠳᠠᠯ᠎ᠢ ᠡᠵᠡᠮᠳᠡᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠡᠮᠴᠢᠯᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠵᠦᠶ ᠵᠣᠬᠢᠰᠲᠠᠶ᠂ ᠴᠢᠬᠤᠯᠠ ᠪᠥᠬᠥᠶ ᠡᠮᠴᠢᠯᠡᠭᠡᠨ᠎ᠤ ᠦᠢ᠍ᠯᠡᠴᠢᠯᠡᠭᠡ ᠬᠠᠩᠭ᠋ᠠᠵᠤ᠂ ᠵᠦᠶ ᠵᠣᠬᠢᠰ ᠥᠬᠡᠶ ᠡᠮᠴᠢᠯᠡᠭᠡᠨ᠎ᠤ ᠵᠠᠷᠤᠳᠠᠯ᠎ᠤᠨ ᠵᠠᠷᠤᠯᠭ᠎ᠠ ᠵᠢ ᠴᠢᠩᠭ᠎ᠠ ᠡᠵᠡᠮᠳᠡᠨ᠂ ᠠᠪᠤᠷᠠᠨ ᠲᠤᠰᠠᠯᠠᠬᠤ ᠡᠲᠡᠭᠡᠳ᠎ᠤᠨ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠬᠦᠴᠦᠯᠡᠨ ᠬᠥᠩᠭᠡᠷᠡᠭᠦᠯᠦᠨ᠎ᠡ᠃

 

    ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ 《ᠬᠡᠷᠡᠭᠵᠢᠭᠦᠯᠬᠦ ᠰᠠᠨᠠᠯ》᠎ᠳᠤ ᠲᠣᠳᠣᠷᠬᠠᠶ᠋ᠢᠯᠠᠭᠰᠠᠨ ᠡᠮᠴᠢᠯᠡᠭᠡᠨ᠎ᠤ ᠠᠪᠤᠷᠠᠨ ᠲᠤᠰᠠᠯᠠᠬᠤ ᠡᠲᠡᠭᠡᠳ᠎ᠲᠤ ᠶᠠᠭᠤ ᠶᠠᠭᠤ ᠪᠠᠶ᠋ᠢᠬᠤ ᠵᠢ ᠲᠠᠨᠢᠯᠴᠠᠭᠤᠯᠤᠭ᠋ᠠᠳ ᠥᠭᠭᠦᠨ᠎ᠡ ᠦᠦ? ᠬᠦᠴᠢᠷᠳᠡᠯᠲᠡᠶ ᠣᠯᠠᠨ ᠲᠦᠮᠡᠨ᠎ᠤ ᠳᠠᠭ᠋ᠠᠳᠬᠠᠯ᠎ᠳᠤ ᠣᠷᠣᠯᠴᠠᠬᠤ ᠠᠵᠢᠯ᠎ᠢ ᠶᠠᠭ᠋ᠠᠬᠢᠵᠤ ᠲᠣᠬᠢᠷᠠᠭᠤᠯᠤᠭᠰᠠᠨ ᠪᠣᠶ?

     ᠪᠦᠦ ᠴᠦᠨ ᠿᠥᠩ᠄  ᠡᠮᠴᠢᠯᠡᠭᠡᠨ᠎ᠤ ᠠᠪᠤᠷᠠᠨ ᠳᠤᠰᠠᠯᠠᠬᠤ ᠨᠠᠷᠢᠯᠢᠭ ᠣᠨᠣᠴᠠᠲᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 《ᠬᠡᠷᠡᠭᠵᠢᠭᠦᠯᠬᠦ ᠰᠠᠨᠠᠯ》᠎ᠳᠤ ᠡᠮᠴᠢᠯᠡᠭᠡᠨ᠎ᠤ ᠠᠪᠤᠷᠠᠨ ᠳᠤᠰᠠᠯᠠᠬᠤ ᠵᠢ ᠭᠥᠷᠳᠡᠬᠦ ᠡᠲᠡᠭᠡᠳ᠎ᠤᠨ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠪᠠ᠃ ᠰᠠᠯᠠᠭ᠎ᠠ ᠮᠥᠴᠢᠷ᠎ᠤᠨ ᠬᠣᠭᠣᠷᠣᠨᠳᠣᠬᠢ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠵᠢ ᠴᠢᠩᠭ᠋ᠠᠳᠬᠠᠵᠤ᠂ ᠠᠪᠤᠷᠠᠨ ᠲᠤᠰᠠᠯᠠᠬᠤ ᠡᠲᠡᠭᠡᠳ᠎ᠢ ᠴᠠᠭ ᠲᠤᠬᠠᠶ᠎ᠳᠤ᠎ᠨᠢ ᠨᠠᠷᠢᠯᠢᠭ ᠣᠨᠣᠴᠠᠲᠠᠢ ᠢᠯᠭ᠋ᠠᠨ ᠲᠠᠨᠢᠬᠤ ᠲᠣᠭᠲᠠᠴᠠ ᠵᠢ ᠪᠠᠶ᠋ᠢᠭᠤᠯᠤᠨ᠎ᠠ᠃  ᠡᠮᠴᠢᠯᠡᠭᠡᠨ᠎ᠤ ᠠᠪᠤᠷᠠᠨ ᠳᠤᠰᠠᠯᠠᠬᠤ᠎ᠨᠢ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠨᠡᠯᠢᠶᠡᠳ ᠬᠦᠨᠳᠦ ᠪᠠᠶ᠋ᠢᠭ᠎ᠠ ᠬᠦᠴᠢᠷᠳᠡᠯᠲᠡᠶ ᠠᠵᠢᠯᠲᠠᠨ ᠠᠵᠢᠯᠴᠢᠨ ᠪᠣᠯᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠢ ᠭᠤᠤᠯᠴᠢ᠎ᠪᠠᠷ ᠬᠠᠮᠤᠷᠴᠤ᠂ ᠠᠪᠤᠷᠠᠨ ᠲᠤᠰᠠᠯᠠᠬᠤ ᠡᠲᠡᠭᠡᠳ᠎ᠤᠨ ᠲᠥᠷᠥᠯ ᠢᠯᠭ᠋ᠠᠯ᠎ᠢ ᠦᠨᠳᠦᠰᠦᠯᠡᠨ ᠲᠥᠷᠥᠯ ᠬᠤᠪᠢᠶᠠᠨ ᠠᠪᠤᠷᠠᠨ ᠲᠤᠰᠠᠯᠠᠨ᠎ᠠ᠃ ᠨᠢᠭᠡ᠎ᠳᠤ᠂ ᠣᠨᠴᠠ ᠬᠦᠴᠢᠷᠳᠡᠯᠲᠡᠶ ᠬᠥᠮᠦᠰ᠂ ᠳᠣᠣᠷ᠎ᠠ ᠪᠠᠲᠤᠯᠠᠭ᠋ᠠᠲᠤ ᠡᠲᠡᠭᠡᠳ᠂ ᠳᠣᠣᠷ᠎ᠠ ᠪᠠᠲᠤᠯᠠᠭ᠎ᠠ ᠬᠦᠷᠲᠡᠬᠦ᠎ᠳᠤ ᠣᠢ᠌ᠷᠠᠲᠤᠵᠤ ᠪᠠᠶ᠋ᠢᠭ᠎ᠠ ᠭᠡᠷ ᠪᠦᠯᠢ ᠵᠢᠨ ᠪᠦᠷᠢᠯᠳᠦᠬᠦᠨ ᠪᠣᠯᠤᠨ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠤᠭᠰᠠᠨ ᠲᠠᠷᠢᠶᠠᠯᠠᠬᠤ ᠮᠠᠯᠵᠢᠬᠤ ᠣᠷᠣᠨ᠎ᠤ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠭᠰᠠᠨ ᠬᠥᠮᠦᠨ ᠠᠮᠠ᠎ᠳᠤ ᠲᠣᠭᠲᠠᠭ᠋ᠠᠯ ᠶᠣᠰᠣᠭ᠋ᠠᠷ ᠬᠠᠷᠠᠭ᠋ᠠᠯᠵᠠᠯ ᠦᠵᠡᠭᠦᠯᠦᠨ᠎ᠡ᠃ ᠬᠣᠶᠠᠷ᠎ᠲᠤ᠂ ᠳᠣᠣᠷ᠎ᠠ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ᠎ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠤᠶᠤ ᠳᠣᠣᠷ᠎ᠠ ᠪᠠᠲᠤᠯᠠᠭ᠎ᠠ ᠭᠥᠷᠳᠡᠬᠦ᠎ᠳᠤ ᠣᠢ᠌ᠷᠠᠲᠤᠵᠤ ᠪᠠᠶ᠋ᠢᠭ᠎ᠠ ᠬᠡᠷ ᠪᠦᠯᠢ ᠵᠢᠨ ᠨᠥᠬᠥᠴᠡᠯ᠎ᠳᠤ ᠨᠡᠶ᠋ᠢᠴᠡᠬᠦ ᠥᠬᠡᠶ ᠪᠣᠯᠪᠠᠴᠤ ᠥᠨᠳᠦᠷ ᠦᠨᠡᠲᠡᠢ ᠡᠮᠴᠢᠯᠡᠭᠡᠨ᠎ᠤ ᠵᠠᠷᠤᠳᠠᠯ᠎ᠤᠨ ᠵᠠᠷᠤᠯᠭ᠎ᠠ᠎ᠠᠴᠠ ᠪᠣᠯᠵᠣ ᠬᠡᠷ ᠪᠦᠯᠢ ᠵᠢᠨ ᠦᠨᠳᠦᠰᠦᠨ ᠠᠮᠢᠳᠤᠷᠠᠯ᠎ᠨᠢ ᠬᠦᠨᠳᠦ ᠨᠣᠴᠢᠲᠠᠶ ᠬᠦᠴᠢᠷᠳᠡᠯ᠎ᠳᠤ ᠤᠴᠠᠷᠠᠭᠰᠠᠨ ᠬᠦᠨᠳᠦ ᠡᠪᠡᠳᠴᠢᠲᠡᠨ (ᠳᠣᠷᠣᠭᠰᠢ ᠡᠪᠡᠳᠴᠢᠨ᠎ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ ᠭᠡᠨ᠎ᠡ)᠎ᠳᠤ ᠡᠮᠴᠢᠯᠡᠭᠡᠨ᠎ᠤ ᠠᠪᠤᠷᠠᠨ ᠳᠤᠰᠠᠯᠠᠬᠤ ᠵᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠡᠪᠡᠳᠴᠢᠨ᠎ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ᠎ᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠢ ᠲᠣᠳᠣᠷᠬᠠᠶ᠋ᠢᠯᠠᠵᠤ᠂ ᠡᠩ᠎ᠤᠨ ᠪᠠᠶ᠋ᠢᠳᠠᠯ᠎ᠳᠤ ᠲᠤᠬᠠᠶ ᠵᠢᠨ ᠭᠠᠵᠠᠷ᠎ᠤᠨ ᠡᠷᠦᠬᠡ ᠠᠮᠠ᠎ᠲᠠᠢ᠂ ᠬᠡᠷ ᠪᠦᠯᠢ ᠵᠢᠨ ᠬᠥᠮᠦᠨ ᠪᠦᠷᠢ ᠵᠢᠨ ᠳᠤᠮᠳᠠᠴᠢ ᠵᠢᠨ ᠵᠢᠯ᠎ᠤᠨ ᠣᠷᠣᠯᠭ᠎ᠠ᠎ᠨᠢ ᠳᠡᠭᠡᠷ᠎ᠡ ᠵᠢᠯ᠎ᠤᠨ ᠲᠤᠬᠠᠶ ᠵᠢᠨ ᠭᠠᠵᠠᠷ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ᠎ᠠᠴᠠ ᠳᠤᠤᠷ᠎ᠠ ᠪᠠᠶ᠋ᠢᠬᠤ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠵᠡᠷᠭᠡ᠎ᠪᠠᠷ ᠳᠥᠯᠥᠭᠰᠡᠨ ᠬᠤᠪᠢ ᠬᠥᠮᠦᠨ᠎ᠤ ᠡᠭᠦᠷᠭᠡᠯᠡᠬᠦ ᠡᠮᠴᠢᠯᠡᠭᠡᠨ᠎ᠤ ᠵᠠᠷᠤᠳᠠᠯ᠎ᠢ ᠬᠠᠰᠤᠭᠰᠠᠨ᠎ᠤ ᠳᠠᠷᠠᠭ᠎ᠠ᠂ ᠬᠡᠷ ᠪᠦᠯᠢ ᠵᠢᠨ ᠬᠥᠮᠦᠨ ᠪᠦᠷᠢ ᠵᠢᠨ ᠳᠤᠮᠳᠠᠴᠢ ᠣᠷᠣᠯᠭ᠎ᠠ᠎ᠨᠢ ᠲᠤᠬᠠᠶ ᠵᠢᠨ ᠭᠠᠵᠠᠷ᠎ᠤᠨ ᠳᠣᠣᠷ᠎ᠠ ᠪᠠᠲᠤᠯᠠᠭ᠎ᠠ ᠵᠢᠨ ᠪᠠᠷᠢᠮᠵᠢᠶ᠎ᠠ ᠵᠢᠨ 1 . 5 ᠳᠠᠬᠢᠨ᠎ᠠᠴᠠ ᠳᠤᠤᠷ᠎ᠠ ᠪᠠᠶ᠋ᠢᠬᠤ ᠮᠥᠷᠲᠡᠭᠡᠨ ᠬᠡᠷ ᠪᠦᠯᠢ ᠵᠢᠨ ᠡᠳ᠋ ᠬᠥᠷᠥᠩᠭᠡ ᠵᠢᠨ ᠪᠠᠶ᠋ᠢᠳᠠᠯ᠎ᠨᠢ ᠬᠠᠮᠢᠶ᠎ᠠ ᠪᠥᠬᠥᠶ ᠲᠣᠭᠲᠠᠭ᠋ᠠᠯ᠎ᠳᠤ ᠨᠡᠶ᠋ᠢᠴᠡᠭᠰᠡᠨ ᠬᠦᠨᠳᠦ ᠡᠪᠡᠳᠴᠢᠲᠡᠨ᠎ᠢ ᠵᠢᠭ᠋ᠠᠵᠤ ᠪᠣᠶ᠃

    ᠪᠦᠬᠦ ᠠᠷᠠᠳ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠪᠠ ᠬᠠᠤᠯᠢ ᠶᠣᠰᠣᠭ᠋ᠠᠷ ᠳᠠᠭ᠋ᠠᠳᠬᠠᠯ᠎ᠳᠤ ᠣᠷᠣᠯᠴᠠᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠵᠦ ᠰᠣᠯᠢᠯᠴᠠᠬᠤ ᠲᠣᠭᠲᠠᠴᠠ ᠵᠢ ᠲᠡᠭᠦᠯᠳᠡᠷᠵᠢᠭᠦᠯᠵᠦ᠂ ᠠᠵᠢᠯᠲᠠᠨ᠎ᠤ ᠮᠡᠳᠡᠭᠡ ᠵᠠᠩᠭᠢ ᠵᠢᠨ ᠬᠠᠷᠢᠴᠠᠭᠤᠯᠤᠯ᠎ᠢ ᠴᠢᠩᠭ᠋ᠠᠳᠬᠠᠵᠤ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ᠎ᠢ ᠳᠠᠷᠤᠢ᠎ᠳᠤ᠎ᠨᠢ ᠳᠠᠭ᠋ᠠᠳᠬᠠᠯ᠎ᠳᠤ ᠣᠷᠣᠭᠤᠯᠬᠤ᠂ ᠣᠷᠣᠭᠤᠯᠬᠤ ᠵᠣᠬᠢᠰᠲᠠᠢ ᠪᠦᠬᠦᠨ᠎ᠢ ᠣᠷᠣᠭᠤᠯᠬᠤ ᠵᠢ ᠦᠨᠡᠨ ᠬᠦ᠌ ᠪᠠᠲᠤᠯᠠᠨ᠎ᠠ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠬᠤ ᠡᠳ᠋᠎ᠤᠨ ᠵᠠᠰᠠᠭ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠤᠪᠢ ᠬᠥᠮᠦᠨ᠎ᠤ ᠰᠦᠢ᠍ᠳᠭᠡᠯ ᠲᠤᠰᠢᠶᠠᠬᠤ᠎ᠳᠤ ᠦᠨᠡᠨ ᠬᠦ᠌ ᠬᠦᠴᠢᠷᠳᠡᠯᠲᠡᠶ ᠣᠯᠠᠨ ᠲᠦᠮᠡᠨ᠎ᠢ ᠲᠥᠷᠥᠯ ᠬᠤᠪᠢᠶᠠᠨ ᠳᠡᠳᠬᠦᠨ ᠲᠤᠰᠠᠯᠠᠬᠤ ᠬᠡᠷᠡᠭᠲᠡᠶ᠃ ᠣᠨᠴᠠ ᠬᠦᠴᠢᠷᠳᠡᠯᠲᠡᠶ ᠬᠥᠮᠦᠰ᠎ᠢ ᠪᠥᠬᠥ ᠲᠣᠭ᠎ᠠ᠎ᠪᠠᠷ ᠳᠡᠳᠬᠦᠨ ᠳᠤᠰᠠᠯᠠᠵᠤ᠂ ᠠᠮᠢᠳᠤᠷᠠᠯ᠎ᠤᠨ ᠳᠣᠣᠷ᠎ᠠ ᠪᠠᠲᠤᠯᠠᠭ᠎ᠠ ᠭᠥᠷᠳᠡᠭᠰᠡᠳ᠂ ᠳᠠᠬᠢᠨ ᠶᠠᠳᠠᠭᠤᠷᠠᠭᠰᠠᠨ ᠬᠥᠮᠦᠨ ᠠᠮᠠ ᠵᠢ ᠲᠣᠭᠲᠠᠭᠰᠠᠨ ᠲᠣᠭ᠎ᠠ᠎ᠪᠠᠷ ᠳᠡᠳᠬᠦᠨ ᠳᠤᠰᠠᠯᠠᠵᠤ᠂ ᠡᠯ᠎ᠡ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ᠎ᠤ ᠲᠣᠭᠲᠠᠭᠰᠠᠨ ᠲᠣᠭ᠎ᠠ᠎ᠪᠠᠷ ᠳᠡᠳᠬᠦᠨ ᠲᠤᠰᠠᠯᠠᠬᠤ ᠪᠠᠷᠢᠮᠵᠢᠶ᠎ᠠ ᠵᠢ ᠲᠤᠬᠠᠶ ᠵᠢᠨ ᠬᠤᠭᠤᠴᠠᠭ᠋ᠠᠨ᠎ᠤ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠰᠦᠢ᠍ᠳᠭᠡᠯ ᠲᠤᠰᠢᠶᠠᠬᠤ ᠪᠠᠷᠢᠮᠵᠢᠶ᠎ᠠ ᠵᠢᠨ 45 %᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ᠃

 

     ᠬᠥᠬᠡᠬᠣᠲᠠ ᠵᠢᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ 《ᠬᠡᠷᠡᠭᠵᠢᠭᠦᠯᠬᠦ ᠰᠠᠨᠠᠯ》᠎ᠳᠤ ᠡᠮᠴᠢᠯᠡᠭᠡᠨ᠎ᠤ ᠠᠪᠤᠷᠠᠨ ᠲᠤᠰᠠᠯᠠᠬᠤ ᠪᠣᠳᠠᠲᠠᠶ ᠠᠪᠤᠷᠠᠨ ᠲᠤᠰᠠᠯᠠᠬᠤ ᠬᠢᠷᠢ ᠲᠦᠪᠰᠢᠨ᠎ᠢ ᠶᠠᠭᠤ ᠭᠡᠵᠦ ᠲᠣᠳᠣᠷᠬᠠᠶ ᠳᠣᠭᠲᠠᠭ᠋ᠠᠭᠰᠠᠨ ᠪᠣᠢ?

    ᠪᠦᠦ ᠴᠦᠨ ᠿᠥᠩ᠄  ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠡᠮᠴᠢᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠪᠠᠲᠤᠯᠠᠬᠤ ᠵᠢᠨ ᠲᠥᠯᠥᠭᠡ᠂ 《ᠬᠡᠷᠡᠭᠵᠢᠭᠦᠯᠬᠦ ᠰᠠᠨᠠᠯ》᠎ᠳᠤ ᠡᠮᠴᠢᠯᠡᠭᠡᠨ᠎ᠤ ᠠᠪᠤᠷᠠᠨ ᠲᠤᠰᠠᠯᠠᠬᠤ ᠬᠠᠷᠠᠭ᠋ᠠᠯᠵᠠᠯ᠎ᠤᠨ ᠪᠠᠷᠢᠮᠵᠢᠶ᠎ᠠ ᠵᠢ ᠨᠢᠭᠡᠳᠦᠯᠲᠡᠶ ᠵᠢᠷᠤᠮᠵᠢᠭᠤᠯᠤᠨ᠂ ᠴᠢᠳᠠᠯ᠎ᠤᠨ ᠬᠢᠷᠢ᠎ᠪᠠᠷ ᠴᠢᠷᠮᠠᠶ᠋ᠢᠬᠤ᠂ ᠴᠢᠳᠠᠯ᠎ᠤᠨ ᠬᠢᠷᠢ᠎ᠪᠠᠷ ᠬᠢᠬᠦ ᠵᠢ ᠪᠠᠷᠢᠮᠲᠠᠯᠠᠵᠤ᠂ ᠲᠥᠪ ᠭᠤᠤᠯᠴᠢ ᠵᠣᠬᠢᠰᠲᠠᠶ ᠬᠠᠷᠠᠭ᠋ᠠᠯᠵᠠᠯ᠎ᠢ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠡᠮᠴᠢᠯᠡᠭᠡᠨ᠎ᠤ ᠠᠪᠤᠷᠠᠨ ᠲᠤᠰᠠᠯᠠᠬᠤ ᠲᠦᠷᠢᠮ᠎ᠤᠨ ᠦᠷᠭᠦᠯᠵᠢᠯᠡᠬᠦ ᠴᠢᠨᠠᠷ᠎ᠢ ᠴᠢᠩᠭ᠋ᠠᠳᠬᠠᠵᠤ᠂ ᠬᠠᠮᠢᠶ᠎ᠠ ᠪᠥᠬᠥᠶ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠪᠠ᠃

    ᠨᠢᠭᠡ᠎ᠳᠤ᠂ ᠡᠮᠴᠢᠯᠡᠭᠡᠨ᠎ᠤ ᠠᠪᠤᠷᠠᠨ ᠲᠤᠰᠠᠯᠠᠬᠤ ᠵᠠᠷᠤᠳᠠᠯ᠎ᠢ ᠪᠠᠲᠤᠯᠠᠬᠤ ᠬᠡᠪᠴᠢᠶ᠎ᠡ ᠵᠢ ᠲᠣᠳᠤᠷᠬᠠᠢ᠌ᠯᠠᠪᠠ᠃ ᠦᠨᠳᠦᠰᠦᠨ ᠵᠦᠢ᠍ᠯ᠎ᠢ ᠪᠠᠲᠤᠯᠠᠬᠤ ᠵᠢ ᠪᠠᠷᠢᠮᠲᠠᠯᠠᠵᠤ᠂ ᠡᠮᠴᠢᠯᠡᠭᠡᠨ᠎ᠤ ᠠᠪᠤᠷᠠᠨ ᠳᠤᠰᠠᠯᠠᠬᠤ ᠡᠲᠡᠭᠡᠳ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠦᠨᠳᠦᠰᠦᠨ ᠡᠮᠴᠢᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠲᠣᠬᠢᠲᠠᠶ ᠰᠢᠢ᠍ᠳᠪᠦᠷᠢᠯᠡᠪᠡ᠃ ᠡᠮᠴᠢᠯᠡᠭᠡᠨ᠎ᠤ ᠠᠪᠤᠷᠠᠨ ᠲᠤᠰᠠᠯᠠᠬᠤ ᠵᠠᠷᠤᠳᠠᠯ᠎ᠨᠢ ᠭᠣᠣᠯᠳᠠᠭᠤ ᠡᠮᠴᠢᠯᠡᠭᠡᠨ᠎ᠤ ᠠᠪᠤᠷᠠᠨ ᠲᠤᠰᠠᠯᠠᠬᠤ ᠡᠲᠡᠭᠡᠳ᠎ᠤᠨ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠵᠠᠷᠤᠴᠠᠭᠤᠯᠤᠭᠰᠠᠨ ᠡᠮᠨᠡᠯᠭᠡ᠎ᠳᠤ ᠰᠠᠭᠤᠭᠰᠠᠨ ᠵᠠᠷᠤᠳᠠᠯ᠎ᠢ ᠬᠠᠮᠤᠷᠴᠤ᠂ ᠤᠳᠠᠭ᠋ᠠᠨ ᠴᠢᠨᠠᠷᠲᠠᠶ ᠡᠪᠡᠳᠴᠢᠨ᠎ᠠᠴᠠ ᠪᠣᠯᠵᠤ ᠤᠷᠲᠤ ᠬᠤᠭᠤᠴᠠᠭ᠎ᠠ᠎ᠪᠠᠷ ᠡᠮ ᠤᠤᠭᠤᠬᠤ ᠪᠤᠶᠤ ᠬᠦᠨᠳᠦ ᠣᠨᠴᠠ ᠶᠡᠬᠡ ᠡᠪᠡᠳᠴᠢᠨ᠎ᠳᠤ ᠨᠡᠷᠪᠡᠭᠳᠡᠵᠦ ᠤᠷᠲᠤ ᠬᠤᠭᠤᠴᠠᠭ᠎ᠠ᠎ᠪᠠᠷ ᠡᠭᠦᠳᠡᠨ ᠡᠮᠨᠡᠯᠭᠡ᠎ᠳᠤ ᠡᠮᠨᠡᠭᠦᠯᠬᠦ ᠴᠢᠬᠤᠯᠠ᠎ᠲᠠᠢ ᠵᠠᠷᠤᠳᠠᠯ᠎ᠢ ᠪᠠᠭᠲᠠᠭ᠋ᠠᠨ᠎ᠠ᠃ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠥᠭᠬᠦ ᠱᠤᠭᠤᠮ᠎ᠠᠴᠠ ᠳᠣᠷᠣᠭᠰᠢᠬᠢ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠬᠤᠪᠢ ᠬᠥᠮᠦᠨ᠎ᠤ ᠥᠪᠡᠷ ᠵᠶ᠋ᠠᠨ ᠥᠭᠬᠦ ᠵᠠᠷᠤᠳᠠᠯ᠎ᠢ ᠲᠣᠭᠲᠠᠭ᠋ᠠᠯ ᠶᠣᠰᠣᠭ᠋ᠠᠷ ᠡᠮᠴᠢᠯᠡᠭᠡᠨ᠎ᠤ ᠠᠪᠤᠷᠠᠨ ᠳᠤᠰᠠᠯᠠᠬᠤ᠎ᠳᠤ ᠣᠷᠣᠭᠤᠯᠤᠨ᠎ᠠ᠃ ᠡᠮᠴᠢᠯᠡᠭᠡᠨ᠎ᠤ ᠠᠪᠤᠷᠠᠨ ᠲᠤᠰᠠᠯᠠᠬᠤ ᠰᠠᠭᠤᠷᠢ ᠮᠥᠩᠭᠥ ᠵᠢᠨ ᠥᠭᠬᠦ ᠬᠡᠪᠴᠢᠶ᠎ᠡ᠎ᠨᠢ ᠵᠠᠷᠴᠢᠮ ᠳᠡᠭᠡᠷ᠎ᠡ᠎ᠪᠠᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠥᠭᠬᠦ ᠬᠡᠪᠴᠢᠶᠡᠨ᠎ᠤ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠬᠣᠶᠠᠷ᠎ᠲᠤ᠂ ᠡᠮᠴᠢᠯᠡᠭᠡᠨ᠎ᠤ ᠠᠪᠤᠷᠠᠨ ᠲᠤᠰᠠᠯᠠᠬᠤ ᠪᠠᠷᠢᠮᠵᠢᠶ᠎ᠠ ᠵᠢ ᠵᠦᠢ ᠵᠣᠬᠢᠰᠲᠠᠶ ᠲᠣᠭᠲᠠᠭ᠋ᠠᠨ᠎ᠠ᠃ ᠠᠪᠤᠷᠠᠨ ᠲᠤᠰᠠᠯᠠᠬᠤ ᠡᠲᠡᠭᠡᠳ᠎ᠤᠨ ᠭᠡᠷ ᠪᠦᠯᠢ ᠵᠢᠨ ᠬᠦᠴᠢᠷᠳᠡᠯᠭᠡ ᠵᠢ ᠦᠨᠳᠦᠰᠦᠯᠡᠨ᠂ ᠵᠢᠯ᠎ᠤᠨ ᠠᠪᠤᠷᠠᠨ ᠲᠤᠰᠠᠯᠠᠬᠤ ᠵᠢᠨ ᠡᠬᠢᠯᠡᠵᠦ ᠥᠭᠬᠦ ᠪᠠᠷᠢᠮᠵᠢᠶ᠎ᠠ (ᠳᠣᠷᠣᠭᠰᠢ ᠡᠬᠢᠯᠡᠵᠦ ᠥᠭᠬᠦ ᠪᠠᠷᠢᠮᠵᠢᠶ᠎ᠠ ᠭᠡᠵᠦ ᠲᠣᠪᠴᠢᠯᠠᠨ᠎ᠠ) ᠵᠢ ᠲᠥᠷᠥᠯ ᠬᠤᠪᠢᠶᠠᠨ ᠲᠣᠭᠲᠠᠭ᠋ᠠᠨ᠎ᠠ᠃ ᠳᠣᠣᠷ᠎ᠠ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ᠎ᠲᠤ ᠵᠠᠷᠴᠢᠮ ᠳᠡᠭᠡᠷ᠎ᠡ᠎ᠪᠠᠨ ᠡᠬᠢᠯᠡᠵᠦ ᠥᠭᠬᠦ ᠪᠠᠷᠢᠮᠵᠢᠶ᠎ᠠ ᠵᠢ ᠬᠦᠴᠦᠨ ᠥᠬᠡᠶ ᠪᠣᠯᠭ᠋ᠠᠵᠤ᠂ ᠲᠦᠷ ᠨᠥᠬᠥᠴᠡᠯ ᠪᠦᠷᠢᠯᠳᠦᠭᠦᠯᠦᠭᠡᠳᠦᠶ ᠭᠠᠵᠠᠷ ᠣᠷᠣᠨ᠎ᠤ ᠡᠬᠢᠯᠡᠵᠦ ᠥᠭᠬᠦ ᠪᠠᠷᠢᠮᠵᠢᠶ᠎ᠠ ᠵᠢ ᠪᠠᠶ᠋ᠢᠭ᠎ᠠ ᠨᠢᠭᠡᠳᠦᠯᠲᠡᠶ ᠲᠥᠯᠥᠪᠯᠡᠭᠰᠡᠨ ᠭᠠᠵᠠᠷ ᠣᠷᠣᠨ᠎ᠤ ᠳᠡᠭᠡᠷ᠎ᠡ ᠵᠢᠯ᠎ᠤᠨ ᠪᠥᠬᠥ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢᠨ 5 %᠎ᠠᠴᠠ ᠥᠨᠳᠥᠷ ᠪᠠᠶ᠋ᠢᠯᠭ᠋ᠠᠵᠤ ᠪᠣᠯᠬᠤ ᠥᠬᠡᠶ ᠪᠥᠭᠡᠳ ᠡᠬᠢᠯᠡᠵᠦ ᠥᠭᠬᠦ ᠪᠠᠷᠢᠮᠵᠢᠶ᠎ᠠ ᠵᠢ ᠬᠦᠴᠦᠨ ᠥᠬᠡᠶ ᠪᠣᠯᠭ᠋ᠠᠬᠤ ᠵᠢ ᠠᠯᠬᠤᠮ ᠠᠯᠬᠤᠮ ᠵᠶ᠋ᠠᠷ ᠰᠦᠪᠡᠭᠴᠢᠯᠡᠨ᠎ᠡ᠃ ᠳᠣᠣᠷ᠎ᠠ ᠪᠠᠲᠤᠯᠠᠭ᠎ᠠ ᠭᠦᠷᠲᠡᠬᠦ᠎ᠳᠤ ᠣᠢ᠌ᠷᠠᠲᠤᠵᠤ ᠪᠠᠢ᠌ᠭ᠎ᠠ ᠭᠡᠷ ᠪᠦᠯᠢ ᠵᠢᠨ ᠪᠦᠷᠢᠯᠳᠦᠬᠦᠨ᠎ᠤ ᠡᠬᠢᠯᠡᠵᠦ ᠥᠭᠬᠦ ᠪᠠᠷᠢᠮᠵᠢᠶ᠎ᠠ ᠵᠢ ᠠᠶ᠋ᠢᠮᠠᠭ ᠬᠣᠲᠠ ᠵᠢᠨ ᠳᠡᠭᠡᠷ᠎ᠡ ᠵᠢᠯ᠎ᠤᠨ ᠪᠦᠬᠦ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢᠨ 10 % ᠣᠷᠴᠢᠮ ᠵᠶ᠋ᠠᠷ ᠲᠣᠭᠲᠠᠭ᠋ᠠᠵᠤ᠂ ᠡᠪᠡᠳᠴᠢᠨ᠎ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠨ᠎ᠳᠤ ᠨᠡᠷᠪᠡᠭᠳᠡᠭᠰᠡᠳ᠎ᠢ ᠠᠶ᠋ᠢᠮᠠᠭ ᠬᠣᠲᠠ ᠵᠢᠨ ᠳᠡᠭᠡᠷ᠎ᠡ ᠵᠢᠯ᠎ᠤᠨ ᠪᠦᠬᠦ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢᠨ 25 % ᠣᠷᠴᠢᠮ ᠵᠶ᠋ᠠᠷ ᠲᠣᠭᠲᠠᠭ᠋ᠠᠨ᠎ᠠ᠃ 《ᠤᠷᠢᠳ ᠵᠶ᠋ᠠᠷ ᠳᠠᠭ᠋ᠠᠳᠬᠠᠯ᠎ᠳᠤ ᠣᠷᠣᠭᠤᠯᠵᠤ ᠳᠠᠷᠠᠭ᠎ᠠ᠎ᠨᠢ ᠠᠪᠤᠷᠠᠨ ᠲᠤᠰᠠᠯᠠᠬᠤ》 ᠵᠠᠷᠴᠢᠮ ᠶᠣᠰᠣᠭ᠋ᠠᠷ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠵᠡᠷᠭᠡ ᠲᠣᠭ᠋ᠠᠴᠠᠭ᠎ᠠ ᠬᠢᠭᠰᠡᠨ᠎ᠤ ᠳᠠᠷᠠᠭ᠋ᠠᠬᠢ ᠲᠥᠷᠥ ᠵᠢᠨ ᠪᠣᠳᠣᠯᠭ᠎ᠠ ᠵᠢᠨ ᠬᠡᠪᠴᠢᠶᠡᠨ ᠳᠣᠲᠣᠷᠠᠬᠢ ᠬᠤᠪᠢ ᠬᠥᠮᠦᠨ᠎ᠤ ᠥᠪᠡᠰᠦᠪᠡᠨ ᠲᠥᠯᠥᠬᠦ ᠡᠮᠴᠢᠯᠡᠭᠡᠨ᠎ᠤ ᠵᠠᠷᠤᠳᠠᠯ᠎ᠨᠢ ᠮᠥᠨ ᠬᠦ᠌ ᠨᠡᠯᠢᠶᠡᠳ ᠬᠦᠨᠳᠦ ᠠᠪᠤᠷᠠᠨ ᠲᠤᠰᠠᠯᠠᠬᠤ ᠡᠲᠡᠭᠡᠳ᠎ᠲᠤ ᠲᠣᠭᠲᠠᠭ᠋ᠠᠯ ᠶᠣᠰᠣᠭ᠋ᠠᠷ ᠠᠪᠤᠷᠠᠨ ᠲᠤᠰᠠᠯᠠᠬᠤ ᠵᠢ ᠬᠡᠷᠡᠭᠵᠢᠭᠦᠯᠦᠨ᠎ᠡ᠃ ᠵᠢᠯ᠎ᠤᠨ ᠠᠪᠤᠷᠠᠨ ᠲᠤᠰᠠᠯᠠᠬᠤ ᠬᠢᠵᠠᠭ᠋ᠠᠷ ᠲᠣᠭ᠎ᠠ ᠵᠢᠨ ᠳᠣᠲᠣᠷ᠎ᠠ ᠣᠨᠴᠠ ᠬᠦᠴᠢᠷᠳᠡᠯᠲᠡᠶ ᠬᠥᠮᠦᠰ᠎ᠲᠤ ᠪᠥᠬᠥ ᠲᠣᠭ᠎ᠠ᠎ᠪᠠᠷ ᠠᠪᠤᠷᠠᠨ ᠲᠤᠰᠠᠯᠠᠬᠤ ᠵᠢ ᠬᠡᠷᠡᠭᠵᠢᠭᠦᠯᠵᠦ᠂ ᠳᠣᠣᠷ᠎ᠠ ᠪᠠᠲᠤᠯᠠᠭ᠋ᠠᠲᠤ ᠡᠲᠡᠭᠡᠳ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠵᠠᠷᠤᠳᠠᠯ᠎ᠢ 70 %᠎ᠠᠴᠠ ᠳᠤᠤᠷ᠎ᠠ ᠪᠠᠶ᠋ᠢᠯᠭ᠋ᠠᠬᠤ ᠥᠬᠡᠶ ᠬᠠᠷᠢᠴᠠᠯ ᠵᠶ᠋ᠠᠷ ᠠᠪᠤᠷᠠᠨ ᠲᠤᠰᠠᠯᠠᠵᠤ᠂ ᠪᠤᠰᠤᠳ ᠠᠪᠤᠷᠠᠨ ᠲᠤᠰᠠᠯᠠᠬᠤ ᠡᠲᠡᠭᠡᠳ᠎ᠲᠤ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠵᠠᠷᠤᠳᠠᠯ᠎ᠤᠨ ᠠᠪᠤᠷᠠᠨ ᠲᠤᠰᠠᠯᠠᠬᠤ ᠬᠠᠷᠢᠴᠠᠯ᠎ᠢ 60 %᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ᠃ ᠭᠤᠷᠪᠠ᠎ᠳᠤ᠂ ᠦᠨᠳᠦᠰᠦᠨ ᠵᠦᠢ᠍ᠯ᠎ᠢ ᠪᠠᠲᠤᠯᠠᠬᠤ ᠠᠷᠭ᠎ᠠ ᠬᠡᠮᠵᠢᠶ᠎ᠡ ᠵᠢ ᠨᠢᠭᠡᠳᠦᠯᠲᠡᠢ ᠲᠥᠯᠥᠪᠵᠢᠭᠦᠯᠦᠨ ᠲᠡᠭᠦᠯᠳᠡᠷᠵᠢᠭᠦᠯᠦᠨ᠎ᠡ᠃ ᠡᠮᠨᠡᠯᠭᠡ᠎ᠳᠤ ᠰᠠᠭᠤᠬᠤ᠂ ᠡᠩ᠎ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠢ ᠡᠪᠡᠳᠴᠢᠨ᠎ᠢ ᠠᠪᠤᠷᠠᠨ ᠲᠤᠰᠠᠯᠠᠬᠤ ᠪᠠᠲᠤᠯᠠᠭ᠎ᠠ᠂ ᠡᠭᠦᠳᠡᠨ ᠡᠮᠨᠡᠯᠭᠡ ᠪᠠ ᠡᠮᠨᠡᠯᠭᠡ᠎ᠳᠤ ᠰᠠᠭᠤᠵᠤ ᠠᠪᠤᠷᠠᠨ ᠲᠤᠰᠠᠯᠠᠬᠤ ᠵᠢᠨ ᠬᠠᠮᠲᠤ᠎ᠪᠠᠷ ᠬᠡᠷᠡᠭᠯᠡᠬᠦ ᠵᠢᠯ᠎ᠤᠨ ᠠᠪᠤᠷᠠᠨ ᠲᠤᠰᠠᠯᠠᠬᠤ ᠬᠢᠵᠠᠭ᠋ᠠᠷ ᠲᠣᠭ᠎ᠠ ᠵᠢ ᠴᠢᠩᠭ᠋ᠠᠳᠬᠠᠨ᠎ᠠ᠃ ᠡᠮᠨᠡᠯᠭᠡ ᠰᠢᠯᠵᠢᠭᠦᠯᠦᠨ ᠡᠮᠨᠡᠭᠦᠯᠬᠦ ᠵᠢ ᠵᠢᠷᠤᠮᠵᠢᠭᠤᠯᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠡᠮᠨᠡᠭᠦᠯᠬᠦ ᠠᠪᠤᠷᠠᠨ ᠲᠤᠰᠠᠯᠠᠬᠤ ᠡᠲᠡᠭᠡᠳ᠎ᠲᠤ ᠭᠤᠷᠪᠠᠨ ᠵᠦᠢ᠍ᠯ᠎ᠤᠨ ᠳᠦᠷᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ᠎ᠪᠠᠷ ᠳᠠᠮᠵᠢᠭᠰᠠᠨ᠎ᠤ ᠳᠠᠷᠠᠭ᠎ᠠ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠬᠤᠪᠢ ᠬᠥᠮᠦᠨ᠎ᠤ ᠳᠠᠷᠤᠭ᠋ᠠᠰᠤ ᠮᠥᠨ ᠬᠦ᠌ ᠨᠡᠯᠢᠶᠡᠳ ᠬᠦᠨᠳᠦ ᠪᠠᠶ᠋ᠢᠭ᠎ᠠ᠎ᠳᠤ᠎ᠨᠢ ᠠᠪᠤᠷᠠᠨ ᠲᠤᠰᠠᠯᠠᠬᠤ ᠬᠠᠷᠠᠭ᠋ᠠᠯᠵᠠᠯ ᠦᠵᠡᠭᠦᠯᠵᠦ᠂ ᠠᠪᠤᠷᠠᠨ ᠲᠤᠰᠠᠯᠠᠬᠤ ᠵᠢᠨ ᠡᠬᠢᠯᠡᠵᠦ ᠥᠭᠬᠦ ᠬᠢᠵᠠᠭ᠋ᠠᠷ᠎ᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ᠎ᠪᠠᠷ ᠯᠠᠪᠯᠠᠯᠲᠠ ᠪᠣᠯᠭ᠋ᠠᠨ ᠲᠣᠭᠲᠠᠭ᠋ᠠᠵᠤ ᠪᠣᠯᠤᠨ᠎ᠠ᠂ ᠪᠣᠳᠠᠲᠠᠶ ᠠᠪᠤᠷᠠᠨ ᠲᠤᠰᠠᠯᠠᠬᠤ ᠨᠥᠬᠥᠴᠡᠯ ᠪᠣᠯᠤᠨ ᠪᠠᠷᠢᠮᠵᠢᠶ᠎ᠠ ᠵᠢ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠠᠪᠤᠷᠠᠨ ᠲᠤᠰᠠᠯᠠᠬᠤ ᠰᠠᠭᠤᠷᠢ ᠮᠥᠩᠭᠥ ᠵᠢᠨ ᠪᠡᠯᠡ ᠮᠥᠩᠭᠦ ᠴᠤᠭᠯᠠᠭᠤᠯᠤᠭᠰᠠᠨ ᠪᠠᠶ᠋ᠢᠳᠠᠯ ᠵᠶ᠋ᠠᠨ ᠦᠨᠳᠦᠰᠦᠯᠡᠨ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠬᠡᠷᠡᠭᠲᠡᠶ᠃

   ᠪᠠᠶᠠᠷᠯᠠᠯ᠎ᠠ!

 

    ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠄ ᠣᠨᠴᠠ ᠬᠦᠨᠳᠦ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ

    ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠄ 《ᠣᠨᠴᠠ ᠬᠦᠨᠳᠦ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠣᠨᠢᠨ ᠮᠡᠳᠡᠭᠡ ᠨᠡᠶ᠋ᠢᠲᠡᠯᠡᠬᠦ ᠬᠤᠷᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦᠨ᠎ᠤ ᠬᠡᠷᠡᠭᠯᠡᠯᠲᠡ ᠵᠢ ᠬᠢᠨᠠᠵᠤ ᠬᠠᠮᠢᠶᠠᠷᠬᠤ ᠠᠷᠭ᠎ᠠ》 ᠵᠢ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ
ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠵᠤ 《ᠡᠷᠡᠭᠦᠯ ᠡᠩᠬᠡ ᠥᠪᠥᠷ ᠮᠣᠩᠭᠤᠯ》᠎ᠢ ᠪᠦᠲᠦᠭᠡᠨ ᠪᠠᠶ᠋ᠢᠭᠤᠯᠬᠤ᠎ᠳᠤ ᠠᠮᠢᠵᠢᠷᠠᠯ᠎ᠤᠨ ᠬᠦᠴᠦᠨ ᠣᠯᠭᠤᠶ᠎ᠠ
ᠮᠠᠨ᠎ᠤ ᠤᠷᠤᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠪᠠᠶ᠋ᠢᠳᠠᠯ᠎ᠤᠨ ᠲᠠᠶ᠋ᠢᠯᠤᠮᠵᠢ
 
            