ᠡᠨᠡ ᠵᠢᠯ᠎ᠤᠨ 3 ᠳ᠋ᠤᠭ᠋ᠠᠷ ᠰᠠᠷ᠎ᠠ ᠵᠢᠨ 15᠎ᠤ ᠡᠳᠦᠷ᠂ ᠹᠦᠵᠧᠦ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠵᠠᠭᠤᠴᠢᠯᠠᠭᠤᠷ᠎ᠲᠠᠢ ᠨᠢᠭᠲᠠ ᠬᠠᠮᠲᠤᠷᠠᠨ᠂ ᠨᠢᠭᠡᠨ ᠲᠣᠭᠣᠷᠢᠭ᠎ᠤᠨ ᠠᠷᠠᠳ᠎ᠠᠴᠠ ᠡᠵᠡᠩᠨᠡᠭᠰᠡᠨ ᠪᠠᠢ᠌ᠭᠤᠯᠤᠮᠵᠢ᠎ᠳᠤ ᠭᠦᠨᠵᠡᠭᠡᠢ᠌ᠷᠡᠨ᠂ ᠲᠤᠰ ᠡᠮᠨᠡᠯᠭᠡ ᠵᠢᠨ ᠬᠣᠷᠢᠶ᠎ᠠ᠎ᠨᠢ 《ᠰᠦᠢ᠍ᠳᠭᠡᠯ ᠬᠤᠷᠢᠶᠠᠬᠤ ᠦᠭᠡᠢ᠎ᠪᠠᠷ ᠡᠮᠨᠡᠯᠭᠡ᠎ᠳᠤ ᠰᠠᠭᠤᠬᠤ》 ᠨᠡᠷ᠎ᠡ᠎ᠪᠠᠷ ᠡᠪᠡᠳᠴᠢᠲᠡᠨ᠎ᠢ ᠲᠠᠲᠠᠵᠤ᠄ 《ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ ᠵᠶ᠋ᠠᠨ ᠲᠤᠰᠢᠶᠠᠭᠰᠠᠨ ᠣᠯᠠᠨ ᠲᠦᠮᠡᠨ᠂ ᠮᠥᠷᠥ ᠳᠠᠯᠤ ᠰᠢᠷᠬᠢᠷᠡᠨ ᠡᠪᠡᠳᠬᠦ᠂ ᠪᠦᠰᠡᠯᠡᠭᠦᠷ ᠨᠢᠷᠤᠭᠤᠨ᠎ᠤ ᠰᠡᠭᠡᠷ᠎ᠤᠨ ᠲᠠᠪᠠᠭ ᠳᠣᠪᠣᠢ᠌ᠭᠰᠠᠨ ᠵᠡᠷᠭᠡ ᠡᠪᠡᠳᠴᠢᠨ᠎ᠲᠠᠢ ᠯᠡ ᠶᠤᠮ ᠪᠣᠯ᠂ ᠲᠤᠰ ᠡᠮᠨᠡᠯᠭᠡ᠎ᠳᠤ ᠰᠠᠭᠤᠵᠤ᠂ ᠡᠪᠡᠳᠴᠢᠨ᠎ᠲᠠᠢ ᠪᠣᠯ ᠡᠪᠡᠳᠴᠢᠨ ᠵᠶ᠋ᠠᠨ ᠵᠠᠰᠠᠵᠤ ᠪᠣᠯᠤᠨ᠎ᠠ᠂ ᠡᠪᠡᠳᠴᠢᠨ ᠦᠭᠡᠢ ᠪᠣᠯ ᠰᠤᠪᠢᠯᠠᠭᠤᠯᠵᠤ ᠪᠣᠯᠤᠨ᠎ᠠ᠂ ᠶᠠᠮᠠᠷᠪᠠ ᠬᠤᠪᠢ ᠵᠢᠨ ᠵᠠᠷᠤᠳᠠᠯ ᠭᠠᠷᠭ᠋ᠠᠬᠤ ᠴᠢᠬᠤᠯᠠ ᠦᠭᠡᠢ》 ᠭᠡᠵᠦ ᠲᠡᠳᠡᠨ᠎ᠳᠤ ᠬᠡᠯᠡᠭᠰᠡᠨ ᠪᠠᠢ᠌ᠨ᠎ᠠ᠃
ᠶᠢᠷᠲᠢᠨᠴᠦ ᠳᠡᠭᠡᠷ᠎ᠡ ᠦᠨᠡᠬᠡᠷ ᠰᠦᠢ᠍ᠳᠬᠡᠯ ᠬᠤᠷᠢᠶᠠᠬᠤ ᠦᠭᠡᠢ ᠦᠳᠡ ᠵᠢᠨ ᠬᠣᠭᠣᠯᠠ ᠪᠠᠢ᠌ᠨ᠎ᠠ ᠭᠡᠵᠦ ᠦᠦ?
ᠪᠠᠶ᠋ᠢᠴᠠᠭ᠋ᠠᠯᠲᠠ ᠵᠢᠨ ᠶᠠᠪᠤᠴᠠ᠎ᠳᠤ᠂ ᠣᠯᠠᠩᠬᠢ ᠨᠠᠰᠤᠲᠠᠨ᠄ 《ᠪᠢᠳᠡ ᠪᠠᠭ᠎ᠠ ᠰᠠᠭ᠎ᠠ ᠬᠤᠭᠤᠯᠠᠨ᠎ᠤ ᠵᠠᠷᠤᠳᠠᠯ ᠲᠤᠰᠢᠶᠠᠵᠤ᠂ ᠪᠤᠰᠤᠳ ᠡᠪᠡᠳᠴᠢᠨ ᠦᠵᠡᠭᠦᠯᠬᠦ ᠪᠠᠶ᠋ᠢᠴᠠᠭ᠋ᠠᠯᠲᠠ ᠵᠢᠨ ᠵᠠᠷᠤᠳᠠᠯ᠎ᠢ ᠡᠮᠴᠢᠯᠡᠭᠡᠨ᠎ᠤ ᠳᠠᠭ᠋ᠠᠳᠬᠠᠯ ᠵᠶ᠋ᠠᠷ ᠲᠠᠩᠰᠠ ᠴᠠᠢ᠌ᠷᠠᠭᠤᠯᠬᠤ ᠪᠤᠶᠤ ᠡᠮᠨᠡᠯᠭᠡ ᠵᠢᠨ ᠬᠤᠷᠢᠶ᠎ᠠ ᠣᠷᠣᠯᠠᠨ ᠥᠭᠳᠡᠭ᠂ ᠡᠮᠴᠢᠯᠡᠭᠡᠨ᠎ᠤ ᠳᠠᠭ᠋ᠠᠳᠬᠠᠯ᠎ᠤᠨ ᠺᠠᠷᠲ᠎ᠪᠠᠨ ᠠᠪᠤᠭ᠋ᠠᠳ ᠣᠴᠢᠪᠠᠯ ᠪᠣᠯᠴᠢᠬᠠᠨ᠎ᠠ》 ᠭᠡᠵᠦ ᠲᠤᠰᠬᠠᠪᠠ᠃
ᠭᠡᠪᠡᠴᠦ ᠪᠣᠳᠠᠲᠠᠶ ᠡᠮᠨᠡᠭᠦᠯᠵᠦ ᠪᠠᠶ᠋ᠢᠭ᠎ᠠ ᠪᠠᠶ᠋ᠢᠳᠠᠯ᠎ᠢ᠎ᠨᠢ ᠠᠰᠠᠭᠤᠬᠤ᠎ᠳᠤ᠂ ᠨᠠᠰᠤᠲᠠᠶ᠋ᠢᠴᠤᠳ ᠪᠦᠷᠢᠮᠦᠰᠦᠨ ᠲᠣᠳᠣᠷᠬᠠᠢ ᠦᠭᠡᠢ ᠪᠠᠶ᠋ᠢᠵᠤ᠂ ᠡᠮᠨᠡᠨ ᠵᠠᠰᠠᠬᠤ ᠪᠣᠳᠠᠲᠠᠶ ᠲᠥᠷᠥᠯ ᠵᠦᠢ᠍ᠯ᠎ᠢ᠎ᠨᠢ ᠮᠡᠳᠡᠬᠦ ᠦᠭᠡᠶ ᠮᠥᠷᠲᠡᠭᠡᠨ ᠰᠦᠢ᠍ᠳᠬᠡᠯ ᠬᠤᠷᠢᠶᠠᠬᠤ ᠨᠠᠷᠢᠨ ᠤᠴᠢᠷ᠎ᠢ ᠴᠤ᠌ ᠣᠶ᠋ᠢᠯᠠᠭ᠋ᠠᠬᠤ ᠦᠭᠡᠶ ᠪᠠᠢ᠌ᠪᠠ᠃ ᠵᠠᠷᠢᠮ ᠨᠠᠰᠤᠲᠠᠨ ᠪᠠᠰᠠ ᠥᠪᠡᠷ ᠵᠶ᠋ᠡᠨ ᠵᠥᠪᠬᠡᠨ ᠪᠦᠰᠡᠯᠡᠭᠦᠷ ᠨᠢᠷᠤᠭᠤᠨ᠎ᠤ ᠰᠡᠭᠡᠷ᠎ᠤᠨ ᠲᠠᠪᠠᠭ ᠳᠣᠪᠣᠢ᠌ᠭᠰᠠᠨ ᠡᠪᠡᠳᠴᠢᠨ᠎ᠲᠠᠢ᠂ ᠣᠴᠢᠬᠤ ᠦᠶ᠎ᠡ᠎ᠳᠤ ᠵᠥᠪ ᠵᠦᠭᠡᠷ ᠠᠯᠬᠤᠵᠤ ᠪᠠᠢ᠌ᠭᠰᠠᠨ᠂ ᠡᠮᠨᠡᠯᠭᠡ᠎ᠳᠤ ᠰᠠᠭᠤᠭ᠋ᠠᠳ ᠬᠠᠷᠢᠵᠤ ᠢᠷᠡᠭᠰᠡᠨ᠎ᠤ ᠳᠠᠷᠠᠭ᠎ᠠ ᠬᠠᠷᠢᠨ ᠡᠪᠡᠳᠦᠭᠡᠳ ᠵᠣᠭᠰᠣᠬᠤ ᠦᠭᠡᠢ ᠪᠣᠯᠪᠠ ᠭᠡᠵᠦ ᠢᠯᠡᠳᠭᠡᠪᠡ᠃ ᠵᠠᠷᠢᠮ ᠨᠠᠰᠤᠲᠠᠨ ᠶᠠᠷᠢᠯᠴᠠᠭᠰᠠᠨ᠎ᠤ ᠳᠠᠷᠠᠭ᠎ᠠ᠂ ᠬᠥᠮᠦᠨ ᠪᠦᠬᠦᠨ ᠶᠠᠮᠠᠷ ᠡᠪᠡᠳᠴᠢᠨ᠎ᠲᠠᠢ ᠴᠤ᠌ ᠭᠡᠰᠡᠨ ᠴᠥᠮ ᠵᠡᠭᠦᠦ ᠲᠥᠭᠡᠨᠡᠯᠭᠡ ᠵᠢᠨ ᠲᠥᠷᠥᠯ ᠵᠦᠢ᠍ᠯ᠎ᠢ ᠥᠩᠭᠡᠷᠡᠭᠡᠵᠦ᠂ ᠡᠮᠨᠡᠯᠭᠡ ᠵᠢᠨ ᠬᠣᠷᠢᠶ᠎ᠠ᠎ᠨᠢ ᠦᠨᠡᠨ ᠰᠡᠳᠬᠢᠯ᠎ᠠᠴᠠ᠎ᠪᠠᠨ ᠡᠪᠡᠳᠴᠢᠨ ᠵᠠᠰᠠᠬᠤ ᠰᠠᠨᠠᠭ᠎ᠠ ᠦᠭᠡᠢ ᠪᠠᠶ᠋ᠢᠵᠤ ᠮᠡᠳᠡᠨ᠎ᠡ ᠭᠡᠰᠡᠨ᠎ᠢ ᠤᠬᠠᠵᠤ ᠮᠡᠳᠡᠭᠰᠡᠨ ᠪᠠᠢ᠌ᠨ᠎ᠠ᠃
《ᠰᠦᠢ᠍ᠳᠬᠡᠯ ᠦᠯᠦ ᠬᠤᠷᠢᠶᠠᠬᠤ》 ᠵᠢᠨ ᠠᠷᠤ᠎ᠳᠠᠬᠢ ᠦᠨᠡᠨ ᠪᠠᠶ᠋ᠢᠳᠠᠯ
ᠡᠲᠡᠭᠡᠷ ᠠᠰᠠᠭᠤᠳᠠᠯ᠎ᠢ ᠢᠯᠡᠷᠡᠭᠦᠯᠦᠭᠰᠡᠨ᠎ᠤ ᠳᠠᠷᠠᠭ᠎ᠠ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠦᠳᠲᠡᠷ ᠲᠦᠷᠭᠡᠨ ᠬᠥᠳᠡᠯᠦᠯᠴᠡᠵᠦ᠂ ᠮᠤᠵᠢ ᠬᠤᠲᠠ ᠣᠷᠣᠨ ᠭᠤᠷᠪᠠᠨ ᠱᠠᠲᠤ ᠬᠤᠯᠪᠣᠭ᠋ᠠᠯᠠᠨ ᠬᠥᠳᠡᠯᠦᠯᠴᠡᠵᠦ᠂ ᠡᠮᠴᠢᠯᠡᠭᠡᠨ᠎ᠤ ᠪᠠᠲᠤᠯᠠᠭ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠳᠠᠷᠦ᠋ᠢ᠍ᠬᠠᠨ ᠬᠠᠮᠲᠤᠷᠠᠭᠰᠠᠨ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠵᠤ ᠲᠣᠰ ᠡᠮᠨᠡᠯᠭᠡ ᠵᠢᠨ ᠬᠤᠷᠢᠶᠠᠨ᠎ᠳᠤ ᠬᠦᠷᠴᠦ ᠪᠠᠶ᠋ᠢᠴᠠᠭ᠋ᠠᠯᠲᠠ ᠬᠢᠪᠠ᠃
ᠪᠠᠶ᠋ᠢᠴᠠᠭ᠋ᠠᠯᠲᠠ ᠵᠢᠨ ᠭᠦᠨᠵᠡᠭᠡᠶ᠋ᠢᠷᠡᠬᠦ ᠵᠢ ᠳᠠᠭ᠋ᠠᠯᠳᠤᠨ᠂ ᠲᠣᠰ ᠡᠮᠨᠡᠯᠭᠡ ᠵᠢᠨ ᠬᠤᠷᠢᠶᠠᠨ᠎ᠤ 《ᠰᠦᠢ᠍ᠳᠬᠡᠯ ᠬᠤᠷᠢᠶᠠᠬᠤ ᠦᠭᠡᠢ᠎ᠪᠠᠷ ᠡᠮᠨᠡᠯᠭᠡ᠎ᠳᠤ ᠰᠠᠭᠤᠬᠤ》᠎ᠤᠨ ᠠᠷᠤ᠎ᠳᠤ᠄ ᠤᠭᠰᠠᠷᠠᠭᠰᠠᠨ ᠰᠦᠢ᠍ᠳᠬᠡᠯ ᠬᠤᠷᠢᠶᠠᠬᠤ᠂ ᠭᠤᠷᠪᠠᠨ ᠬᠠᠭᠤᠳᠠᠰᠤ᠎ᠨᠢ ᠨᠢᠭᠡᠳᠦᠯ ᠥᠬᠡᠶ᠂ ᠬᠢᠷᠢ ᠬᠡᠮ ᠦᠭᠡᠢ᠎ᠪᠠᠷ ᠣᠨᠣᠰᠢᠯᠠᠨ ᠡᠮᠨᠡᠬᠦ ᠲᠥᠷᠥᠯ ᠵᠦᠢ᠍ᠯ ᠥᠷᠨᠢᠭᠦᠯᠬᠦ ᠵᠢᠨ ᠬᠠᠮᠲᠤ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠣᠳᠣᠯᠲᠠ᠎ᠳᠤ ᠣᠷᠣᠭᠤᠯᠬᠤ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ ᠨᠢᠭᠤᠭᠳᠠᠵᠤ᠂ ᠨᠡᠶ᠋ᠢᠲᠡ 160 ᠭᠠᠷᠤᠶ ᠲᠦᠮᠡᠨ ᠲᠥᠭᠦᠷᠢᠭ᠎ᠤᠨ ᠵᠣᠭᠤᠰ᠎ᠳᠤ ᠬᠤᠯᠪᠣᠭᠳᠠᠵᠠᠶ᠃
ᠵᠢᠱ᠌ᠢᠶᠡᠯᠡᠪᠡᠯ᠂ ᠸᠠᠩ ᠠᠪᠠᠭ᠎ᠠ ᠪᠦᠰᠡᠯᠡᠭᠦᠷ ᠨᠢᠷᠤᠭᠤᠨ᠎ᠤ ᠰᠡᠭᠡᠷ᠎ᠤᠨ ᠲᠠᠪᠠᠭ ᠳᠣᠪᠣᠢ᠌ᠭᠰᠠᠨ ᠡᠪᠡᠳᠴᠢᠨ ᠵᠶ᠋ᠡᠷ ᠲᠤᠰ ᠡᠮᠨᠡᠯᠭᠡ᠎ᠳᠤ ᠮᠡᠰᠡ ᠵᠠᠰᠠᠯ ᠬᠢᠵᠦ᠂ ᠡᠮᠨᠡᠯᠭᠡ᠎ᠳᠤ ᠰᠠᠭᠤᠭᠰᠠᠨ ᠬᠤᠭᠤᠴᠠᠭ᠋ᠠᠨ᠎ᠳᠤ 400 ᠲᠥᠭᠥᠷᠢᠭ᠎ᠤᠨ ᠬᠣᠭᠣᠯᠠᠨ ᠰᠦᠢ᠍ᠳᠭᠡᠯ ᠲᠤᠰᠢᠶᠠᠵᠤ᠂ ᠬᠤᠪᠢ ᠵᠢᠨ ᠵᠠᠷᠤᠳᠠᠯ᠎ᠤᠨ 2306.86 ᠲᠥᠭᠥᠷᠢᠭ᠎ᠢ᠎ᠨᠢ ᠡᠮᠨᠡᠯᠭᠡ ᠵᠢᠨ ᠬᠣᠷᠢᠶ᠎ᠠ᠎ᠠᠴᠠ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠵᠦ᠂ ᠦᠯᠡᠳᠡᠭᠰᠡᠨ 9560.81 ᠲᠥᠭᠥᠷᠢᠭ᠎ᠢ᠎ᠨᠢ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠭᠠᠷᠭ᠋ᠠᠪᠠ᠃ 《ᠪᠢᠳᠡ ᠡᠪᠡᠳᠴᠢᠲᠡᠨ᠎ᠤ ᠳ᠋ᠦᠩᠨᠡᠨ ᠪᠤᠳᠤᠭᠰᠠᠨ ᠪᠠᠷᠢᠮᠲᠠ᠎ᠠᠴᠠ ᠦᠵᠡᠪᠡᠯ᠂ ᠭᠠᠭᠴᠠ ᠮᠠᠲ᠋ᠧᠷᠢᠶᠠᠯ᠎ᠤᠨ ᠵᠠᠷᠤᠳᠠᠯ᠎ᠨᠢ 8008.59 ᠲᠥᠭᠦᠷᠢᠭ᠎ᠲᠤ ᠬᠦᠷᠴᠦ᠂ ᠰᠡᠵᠢᠭ᠎ᠲᠠᠢ ᠵᠦᠢ᠍ᠯ ᠣᠯᠠᠨ ᠪᠠᠶ᠋ᠢᠨ᠎ᠠ》 ᠭᠡᠵᠦ ᠲᠤᠬᠠᠢ ᠵᠢᠨ ᠲᠠᠯᠠᠪᠠᠢ ᠵᠢᠨ ᠪᠠᠶ᠋ᠢᠴᠠᠭ᠋ᠠᠯᠲᠠ᠎ᠳᠤ ᠣᠷᠣᠯᠴᠠᠭᠰᠠᠨ ᠠᠵᠢᠯᠲᠠᠨ ᠬᠡᠯᠡᠪᠡ᠃
ᠪᠠᠶ᠋ᠢᠴᠠᠭ᠋ᠠᠬᠤ ᠠᠵᠢᠯᠲᠠᠨ ᠮᠥᠷ ᠵᠶ᠋ᠡᠷ᠎ᠨᠢ ᠰᠦᠪᠡᠯᠡᠵᠦ᠂ ᠬᠤᠷᠣᠭᠳᠠᠯ ᠮᠠᠲ᠋ᠧᠷᠢᠶᠠᠯ ᠵᠢᠴᠢ ᠡᠳ᠋᠎ᠤᠨ ᠶᠠᠪᠤᠳᠠᠯ᠎ᠤᠨ ᠲᠠᠩᠰᠠᠨ᠎ᠤ ᠲᠠᠯ᠎ᠠ᠎ᠠᠴᠠ ᠭᠠᠷᠳᠠᠵᠤ᠂ ᠲᠣᠰ ᠡᠮᠨᠡᠯᠭᠡ ᠵᠢᠨ ᠬᠤᠷᠢᠶᠠᠨ᠎ᠳᠤ 《ᠰᠡᠭᠡᠷ᠎ᠤᠨ ᠲᠠᠪᠠᠭ᠎ᠤᠨ ᠪᠢᠴᠢᠯ ᠭᠡᠮᠲᠦᠯᠲᠦ ᠬᠠᠢ᠌ᠯᠠᠭᠤᠯᠬᠤ ᠵᠠᠰᠠᠯ》 ᠬᠢᠭᠰᠡᠨ ᠡᠪᠡᠳᠴᠢᠲᠡᠨ᠎ᠤ ᠬᠡᠷᠡᠭᠯᠡᠭᠰᠡᠨ ᠬᠤᠶᠠᠷ ᠵᠦᠢ᠍ᠯ᠎ᠤᠨ ᠬᠤᠷᠣᠭᠳᠠᠯ ᠮᠠᠲ᠋ᠧᠷᠢᠶᠠᠯ᠎ᠳᠤ ᠪᠣᠳᠠᠲᠠᠶ ᠬᠤᠳᠠᠯᠳᠤᠨ ᠠᠪᠬᠤ ᠦᠨᠡᠨ᠎ᠢ ᠪᠠᠷᠢᠮᠲᠠ ᠥᠭᠬᠦ ᠦᠨ᠎ᠡ᠎ᠲᠠᠢ ᠨᠢᠭᠡᠳᠦᠯ ᠥᠬᠡᠶ ᠪᠠᠢ᠌ᠬᠤ ᠪᠠᠶ᠋ᠢᠳᠠᠯ ᠣᠷᠣᠰᠢᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠮᠡᠬᠡᠯᠡᠨ ᠠᠪᠤᠭᠰᠠᠨ ᠰᠡᠵᠢᠭᠲᠡᠶ᠃
ᠡᠨᠡ ᠬᠦ᠌ 《ᠰᠦᠢ᠍ᠳᠭᠡᠯ ᠬᠤᠷᠢᠶᠠᠬᠤ ᠦᠭᠡᠢ᠎ᠪᠠᠷ ᠡᠮᠨᠡᠯᠭᠡ᠎ᠳᠤ ᠰᠠᠭᠤᠬᠤ》 ᠪᠣᠷᠣᠯᠠᠭᠤᠯᠭ᠎ᠠ᠎ᠨᠢ᠂ ᠡᠮᠴᠢᠯᠡᠭᠡᠨ᠎ᠤ ᠡᠬᠢ ᠪᠠᠶᠠᠯᠢᠭ᠎ᠤᠨ ᠪᠦᠷᠢᠯᠭᠡᠯ ᠪᠣᠯᠬᠤ ᠮᠥᠷᠲᠡᠭᠡᠨ ᠪᠠᠰᠠ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥᠨ᠎ᠤ ᠬᠣᠬᠢᠷᠠᠯ ᠪᠣᠯᠤᠨ᠎ᠠ᠃ ᠦᠵᠡᠬᠦ᠎ᠳᠤ ᠪᠠᠭ᠎ᠠ ᠬᠣᠨᠵᠢᠪᠤᠷᠢ ᠣᠯᠣᠭᠰᠠᠨ ᠲᠡᠳᠡᠭᠡᠷ ᠨᠠᠰᠤᠲᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠮᠡᠬᠡᠯᠡᠨ ᠠᠪᠬᠤ ᠪᠠᠭ᠋ᠠᠵᠢ ᠪᠣᠯᠣᠭᠰᠠᠨ ᠵᠶ᠋ᠠᠷ ᠪᠠᠷᠠᠬᠤ ᠥᠬᠡᠶ᠂ ᠴᠢᠨᠠᠭᠰᠢᠯᠠᠪᠠᠯ ᠡᠨᠡ ᠤᠳᠠᠭ᠋ᠠᠨ᠎ᠤ ᠰᠦᠢ᠍ᠳᠬᠡᠯ ᠬᠤᠷᠢᠶᠠᠬᠤ ᠥᠬᠡᠶ 《ᠦᠪᠡᠳᠡᠭᠰᠢ ᠳᠠᠶ᠋ᠢᠯᠠᠯᠭ᠎ᠠ》᠎ᠳᠤ ᠲᠣᠰ ᠪᠡᠶ᠎ᠡ ᠵᠢᠨ ᠠᠮᠢ ᠨᠠᠰᠤ ᠡᠷᠡᠭᠦᠯ ᠮᠡᠨᠳᠦ᠎ᠨᠢ ᠴᠦ᠍ ᠪᠠᠲᠤᠯᠠᠭ᠎ᠠ ᠥᠬᠡᠶ ᠪᠠᠢ᠌ᠪᠠ᠃ ᠪᠠᠶ᠋ᠢᠴᠠᠭ᠋ᠠᠯᠲᠠ ᠵᠢᠨ ᠳᠤᠮᠳᠠ᠂ ᠡᠳᠡᠭᠡᠷ ᠦᠵᠡᠬᠦ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠡᠮᠨᠡᠨ ᠵᠠᠰᠠᠬᠤ ᠡᠮᠨᠡᠯᠭᠡ᠎ᠳᠤ ᠳᠥᠭᠦᠮ ᠪᠦᠳᠦᠭᠦᠯᠢᠭ ᠮᠡᠰᠡ ᠵᠠᠰᠠᠯ᠎ᠤᠨ ᠲᠠᠰᠤᠭ᠂ ᠬᠠᠭᠤᠴᠢᠷᠠᠭᠰᠠᠨ ᠡᠮᠴᠢᠯᠡᠭᠡᠨ᠎ᠤ ᠲᠥᠬᠦᠭᠡᠷᠦᠮᠵᠢ᠂ ᠪᠤᠵᠠᠷ ᠪᠤᠷᠲᠠᠭ ᠡᠮᠴᠢᠯᠡᠭᠡᠨ᠎ᠤ ᠡᠷᠡᠭᠦᠯ ᠬᠠᠮᠠᠭ᠋ᠠᠯᠠᠯ᠎ᠤᠨ ᠨᠥᠬᠦᠴᠡᠯ ᠨᠢᠭᠤᠭᠳᠠᠵᠤ ᠪᠠᠢ᠌ᠪᠠ᠃ ᠬᠢᠮᠳᠠ᠎ᠳᠤᠨᠢ ᠰᠢᠨᠤᠭᠰᠠᠨ ᠬᠡᠰᠡᠭ ᠣᠯᠠᠨ ᠲᠦᠮᠡᠨ ᠡᠨᠡᠬᠦ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ ᠰᠣᠩᠭᠤᠨ ᠣᠨᠣᠰᠢᠯᠠᠨ ᠡᠮᠨᠡᠬᠦ᠂ ᠴᠢᠨᠠᠭᠰᠢᠯᠠᠪᠠᠯ ᠮᠡᠰᠡ ᠵᠠᠰᠠᠯ ᠬᠢᠪᠡᠯ᠂ ᠡᠮᠴᠢᠯᠡᠭᠡᠨ᠎ᠤ ᠠᠮᠤᠷ ᠲᠦᠪᠰᠢᠨ᠎ᠤ ᠬᠦᠨᠳᠦ ᠨᠣᠴᠢᠲᠠᠶ ᠳᠠᠯᠳᠠ ᠭᠡᠮ ᠣᠷᠣᠰᠢᠵᠤ᠂ ᠡᠮᠴᠢᠯᠡᠭᠡᠨ᠎ᠤ ᠠᠳᠡᠯ ᠭᠠᠷᠬᠤ᠎ᠳᠤ ᠬᠦᠷᠪᠡᠯ ᠭᠡᠮᠰᠢᠭᠰᠡᠨ ᠴᠤ᠌ ᠣᠷᠣᠢ᠌ᠳᠠᠵᠤ᠂ ᠣᠯᠣᠭᠰᠠᠨ ᠴᠤ᠌ ᠭᠠᠷᠤᠵᠠᠳᠤᠪᠠᠨ ᠬᠦᠷᠬᠦ ᠦᠭᠡᠢ ᠪᠣᠯᠣᠨ᠎ᠠ᠃
ᠣᠳᠣᠬᠠᠨ᠎ᠳᠤ᠂ ᠬᠠᠷᠢᠶ᠎ᠠ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠢᠭᠡᠨᠲᠡ ᠡᠮᠴᠢᠯᠡᠭᠡᠨ᠎ᠤ ᠳᠠᠭ᠋ᠠᠳᠬᠠᠯ᠎ᠤᠨ ᠬᠡᠯᠡᠯᠴᠡᠭᠡᠷ ᠶᠣᠰᠣᠭ᠋ᠠᠷ ᠲᠣᠭᠲᠠᠭ᠋ᠠᠯ᠎ᠠᠴᠠ ᠵᠥᠷᠢᠴᠡᠭᠰᠡᠨ ᠵᠣᠭᠤᠰ᠎ᠤᠨ ᠲᠤᠭ᠎ᠠ ᠵᠢ ᠨᠡᠬᠡᠮᠵᠢᠯᠡᠨ ᠠᠪᠴᠢᠷᠠᠭᠰᠠᠨ ᠪᠥᠭᠡᠳ ᠳᠠᠭ᠋ᠠᠳᠬᠠᠯ᠎ᠢ ᠮᠡᠬᠡᠯᠡᠨ ᠠᠪᠤᠭᠰᠠᠨ ᠬᠡᠷᠡᠭ᠎ᠤᠨ ᠰᠦᠪᠡᠭᠴᠢ ᠵᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠰᠢᠯᠵᠢᠭᠦᠯᠦᠨ ᠲᠤᠰᠢᠶᠠᠵᠤ᠂ ᠬᠡᠷᠡᠭ᠎ᠢ ᠶᠠᠭ ᠲᠠᠩᠨᠠᠨ ᠰᠢᠢ᠍ᠳᠪᠦᠷᠢᠯᠡᠵᠦ ᠪᠠᠶ᠋ᠢᠨ᠎ᠠ᠃
《ᠰᠦᠢ᠍ᠳᠭᠡᠯ ᠬᠤᠷᠢᠶᠠᠬᠤ ᠦᠭᠡᠢ᠎ᠪᠠᠷ ᠡᠮᠨᠡᠯᠭᠡ᠎ᠳᠤ ᠰᠠᠭᠤᠬᠤ》᠎ᠨᠢ ᠪᠠᠭ᠎ᠠ᠎ᠳᠤ ᠳᠤᠷᠠᠯᠠᠵᠤ ᠶᠡᠬᠡ᠎ᠪᠠᠨ ᠠᠯᠳᠠᠭᠰᠠᠨ ᠶᠠᠪᠤᠳᠠᠯ ᠮᠥᠨ
《ᠰᠠᠨᠠᠭ᠎ᠠ᠎ᠨᠢ ᠲᠥᠪ ᠪᠤᠰᠤ ᠪᠣᠯ ᠦᠢ᠍ᠯᠡ ᠶᠠᠪᠤᠳᠠᠯ᠎ᠨᠢ ᠴᠤ᠌ ᠲᠥᠪ ᠪᠤᠰᠤ》᠃ 《ᠰᠦᠢ᠍ᠳᠬᠡᠯ ᠬᠤᠷᠢᠶᠠᠬᠤ ᠦᠭᠡᠢ᠎ᠪᠠᠷ ᠡᠮᠨᠡᠯᠭᠡ᠎ᠳᠤ ᠰᠠᠭᠤᠬᠤ》᠎ᠨᠢ ᠣᠨᠴᠠ ᠵᠠᠷᠢᠮ ᠡᠮᠴᠢᠯᠡᠭᠡᠨ᠎ᠤ ᠪᠠᠶ᠋ᠢᠭᠤᠯᠤᠮᠵᠢ ᠵᠢᠨ ᠡᠵᠡᠩᠨᠡᠨ ᠪᠣᠷᠣᠯᠠᠭᠤᠯᠬᠤ ᠠᠷᠭ᠎ᠠ ᠮᠠᠶᠢᠭ ᠪᠣᠯᠤᠭᠰᠠᠨ᠎ᠤ ᠬᠤᠪᠢ᠎ᠳᠤ᠂ ᠠᠷᠠᠳ ᠢᠷᠭᠡᠳ ᠠᠷᠭ᠋ᠠᠨᠳᠤ ᠣᠷᠣᠪᠠᠯ ᠳᠠᠷᠤᠢ ᠲᠡᠳᠡᠨ᠎ᠤ ᠠᠰᠢᠭ ᠣᠯᠵᠠᠪᠤᠷᠢ ᠣᠯᠬᠤ ᠵᠢᠨ ᠪᠠᠭ᠋ᠠᠵᠢ ᠪᠣᠯᠵᠤ᠂ ᠬᠠᠷᠢᠨ ᠰᠡᠳᠬᠢᠯ ᠲᠠᠯᠪᠢᠨ ᠡᠮᠨᠡᠨ ᠵᠠᠰᠠᠬᠤ ᠪᠠ ᠦᠢ᠍ᠯᠡᠴᠢᠯᠡᠬᠦ ᠡᠲᠡᠭᠡᠳ᠎ᠨᠢ ᠪᠢᠰᠢ ᠪᠣᠯᠣᠨ᠎ᠠ᠃ ᠡᠢ᠌ᠮᠦ᠎ᠠᠴᠠ ᠰᠠᠶᠢ ᠡᠮᠦᠨ᠎ᠡ ᠬᠡᠳᠦᠨ ᠨᠠᠰᠤᠳᠠᠨ᠎ᠤ ᠲᠤᠰᠬᠠᠭᠰᠠᠨ ᠡᠮᠨᠡᠨ ᠵᠠᠰᠠᠬᠤ ᠠᠷᠭ᠎ᠠ ᠪᠠᠷᠢᠯ᠎ᠨᠢ ᠨᠢᠭᠡᠳᠦᠯᠲᠡᠶ᠂ ᠡᠮᠨᠡᠨ ᠵᠠᠰᠠᠬᠤ ᠦᠷ᠎ᠡ ᠪᠦᠲᠦᠮᠵᠢ᠎ᠨᠢ 《ᠰᠠᠢ᠌ᠵᠢᠷᠠᠬᠤ ᠦᠭᠡᠢ ᠳᠡᠭᠡᠷ᠎ᠡ᠎ᠪᠠᠨ ᠮᠠᠭᠤᠳᠠᠬᠤ》 ᠵᠡᠷᠭᠡ ᠪᠠᠶ᠋ᠢᠳᠠᠯ ᠪᠠᠶ᠋ᠢᠵᠤ᠂ ᠡᠴᠦᠰ᠎ᠲᠡᠭᠡᠨ ᠡᠪᠡᠳᠴᠢᠨ᠎ᠤ ᠪᠠᠶ᠋ᠢᠳᠠᠯ᠎ᠢ ᠰᠠᠭ᠋ᠠᠲᠠᠭ᠋ᠠᠵᠤ᠂ ᠴᠢᠨᠠᠭᠰᠢᠯᠠᠪᠠᠯ ᠪᠤᠰᠤᠳ ᠵᠦᠢ᠍ᠯ᠎ᠤᠨ ᠭᠡᠮᠲᠦᠯ ᠠᠪᠴᠢᠷᠠᠵᠤ᠂ ᠥᠪᠡᠷ᠎ᠤᠨ ᠪᠡᠶ᠎ᠡ ᠪᠠ ᠡᠷᠡᠭᠦᠯ ᠮᠡᠨᠳᠦ᠎ᠪᠠᠨ ᠦᠨᠡᠨ ᠬᠦ᠌ ᠬᠤᠬᠢᠷᠠᠭᠤᠯᠤᠭᠰᠠᠨ ᠶᠠᠪᠤᠳᠠᠯ ᠪᠣᠯᠣᠨ᠎ᠠ᠃ ᠬᠡᠷᠪᠡ ᠡᠮᠴᠢᠯᠡᠭᠡᠨ᠎ᠤ ᠪᠠᠶ᠋ᠢᠭᠤᠯᠤᠮᠵᠢ ᠵᠢᠨ ᠦᠢ᠍ᠯᠡ ᠠᠵᠢᠯᠯᠠᠭ᠎ᠠ᠎ᠨᠢ ᠳᠠᠭ᠋ᠠᠳᠬᠠᠯ᠎ᠢ ᠮᠡᠬᠡᠯᠡᠭᠰᠡᠨ ᠶᠠᠪᠤᠳᠠᠯ ᠪᠣᠯᠬᠤ᠎ᠳᠤ ᠬᠦᠷᠪᠡᠯ᠂ ᠳᠠᠭ᠋ᠠᠳᠬᠠᠯ᠎ᠳᠤ ᠣᠷᠣᠯᠴᠠᠭᠴᠢ ᠪᠠᠰᠠ ᠬᠠᠮᠲᠤ᠎ᠪᠠᠷ ᠶᠠᠯ᠎ᠠ ᠬᠢᠭᠰᠡᠨ ᠪᠣᠯᠵᠤ ᠮᠡᠳᠡᠬᠦ ᠪᠥᠭᠡᠳ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠢ᠍ᠳᠬᠡᠭᠳᠡᠵᠦ᠂ ᠭᠡᠮᠰᠢᠭᠰᠡᠨ ᠴᠤ᠌ ᠣᠷᠣᠢ᠌ᠳᠠᠨᠠ᠃
《ᠰᠦᠢ᠍ᠳᠭᠡᠯ ᠬᠤᠷᠢᠶᠠᠬᠤ ᠥᠬᠡᠢ᠎ᠪᠠᠷ ᠡᠮᠨᠡᠯᠭᠡ᠎ᠳᠤ ᠰᠠᠭᠤᠬᠤ》᠎ᠨᠢ ᠣᠨᠴᠠ ᠵᠠᠷᠢᠮ ᠡᠮᠴᠢᠯᠡᠭᠡᠨ᠎ᠤ ᠪᠠᠢ᠌ᠭᠤᠯᠤᠮᠵᠢ ᠵᠢᠨ ᠣᠷᠣᠯᠭ᠎ᠠ ᠣᠯᠬᠤ ᠠᠷᠭ᠎ᠠ ᠪᠠᠷᠢᠯ᠎ᠤᠨ ᠨᠢᠭᠡ ᠪᠣᠯᠣᠭᠰᠠᠨ᠎ᠨᠢ ᠨᠢᠭᠡ ᠲᠠᠯ᠎ᠠ᠎ᠪᠠᠷ ᠡᠮᠴᠢᠯᠡᠭᠡᠨ᠎ᠤ ᠪᠠᠢ᠌ᠭᠤᠯᠤᠮᠵᠢ ᠠᠰᠢᠭ ᠲᠤᠰᠠ ᠣᠯᠬᠤ ᠵᠢᠨ ᠲᠥᠯᠥᠭᠡ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ᠎ᠨᠢ ᠠᠷᠠᠳ ᠢᠷᠭᠡᠳ᠎ᠤᠨ 《ᠠᠮᠢ ᠠᠪᠤᠷᠠᠬᠤ ᠵᠣᠭᠣᠰ》 ᠪᠠ ᠦᠨᠳᠦᠰᠦ᠎ᠨᠢ ᠪᠠᠲᠤᠯᠠᠬᠤ ᠬᠠᠷᠢᠶᠠᠲᠤ ᠴᠢᠨᠠᠷ ᠵᠢᠴᠢ ᠡᠭᠦᠨ᠎ᠠᠴᠠ ᠪᠣᠯᠵᠤ ᠲᠣᠭᠲᠠᠭ᠋ᠠᠭᠳᠠᠭᠰᠠᠨ ᠰᠠᠭᠤᠷᠢ ᠮᠥᠩᠭᠥᠨ᠎ᠤ ᠬᠡᠷᠡᠭᠯᠡᠯᠲᠡ ᠵᠢᠨ ᠵᠢᠷᠤᠮᠵᠢᠯ᠎ᠢ ᠣᠢ᠌ᠰᠢᠶᠠᠬᠤ ᠥᠬᠡᠢ᠎ᠠᠴᠠ ᠪᠣᠯᠤᠭᠰᠠᠨ ᠶᠤᠮ᠃ ᠨᠥᠭᠦᠭᠡ ᠲᠠᠯ᠎ᠠ᠎ᠪᠠᠷ ᠪᠠᠰᠠ ᠵᠠᠷᠢᠮ ᠳᠠᠭ᠋ᠠᠳᠬᠠᠯ᠎ᠳᠤ ᠣᠷᠣᠯᠴᠠᠭᠴᠢ 《ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠪᠣᠯ ᠥᠪᠡᠷ᠎ᠤᠨ᠎ᠬᠢ ᠪᠢᠰᠢ᠂ ᠵᠠᠷᠤᠬᠤ ᠦᠭᠡᠢ ᠪᠣᠯ ᠲᠠᠯᠠᠭ᠋ᠠᠷ ᠪᠣᠯᠴᠢᠬᠠᠨ᠎ᠠ》 ᠭᠡᠬᠦ ᠪᠤᠷᠤᠭᠤ ᠲᠠᠨᠢᠯᠲᠠ᠎ᠲᠠᠢ᠎ᠠᠴᠠ ᠪᠣᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠪᠣᠯ ᠲᠦᠭ ᠲᠦᠮᠡᠨ ᠣᠯᠠᠨ ᠲᠦᠮᠡᠨ᠎ᠤ ᠬᠠᠷᠢᠯᠴᠠᠨ ᠲᠤᠰᠠᠯᠠᠵᠤ ᠬᠠᠮᠲᠤ᠎ᠪᠠᠷ ᠡᠳ᠋ᠯᠡᠬᠦ 《ᠠᠮᠢ ᠠᠪᠤᠷᠠᠬᠤ ᠵᠣᠭᠣᠰ》 ᠭᠡᠳᠡᠭ 《ᠶᠡᠬᠡ ᠡᠮᠴᠢᠯᠡᠭᠡᠨ᠎ᠤ ᠳᠠᠭ᠋ᠠᠳᠬᠠᠯ》᠎ᠤᠨ ᠦᠵᠡᠯᠲᠡ ᠬᠠᠷᠠᠬᠠᠨ ᠪᠤᠢ ᠪᠣᠯᠣᠭ᠎ᠠ ᠦᠭᠡᠢ᠎ᠠᠴᠠ ᠪᠣᠯᠣᠭᠰᠠᠨ ᠶᠤᠮ᠃
ᠭᠡᠲᠡᠯ᠎ᠡ ᠶᠠᠮᠠᠷᠪᠠ ᠬᠠᠤᠯᠢ ᠳᠦᠷᠢᠮ᠎ᠠᠴᠠ ᠵᠥᠷᠢᠴᠡᠭᠰᠡᠨ ᠠᠵᠢᠯᠯᠠᠭ᠎ᠠ᠎ᠨᠢ ᠡᠴᠦᠰ᠎ᠲᠡᠭᠡᠨ ᠬᠢᠨᠠᠨ ᠬᠠᠮᠢᠶᠠᠷᠬᠤ ᠰᠠᠯᠠᠭ᠎ᠠ ᠮᠥᠴᠢᠷ᠎ᠤᠨ ᠨᠠᠷᠢᠨ ᠨᠢᠭᠲᠠ ᠨᠡᠬᠡᠮᠵᠢᠯᠡᠨ ᠪᠠᠢ᠌ᠴᠠᠭ᠋ᠠᠯᠲᠠ᠎ᠳᠤ ᠦᠨᠡᠨ ᠪᠠᠢ᠌ᠳᠠᠯ᠎ᠨᠢ ᠢᠯᠡᠷᠡᠭᠰᠡᠨᠤ ᠳᠠᠷᠠᠭ᠎ᠠ ᠣᠯᠪᠠᠰᠤ ᠵᠣᠬᠢᠬᠤ ᠰᠢᠢ᠍ᠳᠬᠡᠯ ᠵᠶ᠋ᠡᠨ ᠣᠯᠬᠤ ᠶᠤᠮ᠃ ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠡᠭᠦᠨ ᠵᠶ᠋ᠡᠷ ᠲᠣᠯᠢ ᠪᠣᠯᠭ᠋ᠠᠵᠤ᠂ ᠣᠨᠣᠰᠢᠯᠠᠨ ᠡᠮᠨᠡᠬᠦ ᠦᠢ᠍ᠯᠡ ᠠᠵᠢᠯᠯᠠᠭ᠎ᠠ᠎ᠪᠠᠨ ᠴᠢᠩᠭ᠎ᠠ ᠵᠢᠷᠤᠮᠵᠢᠭᠤᠯᠤᠨ᠂ ᠡᠵᠡᠩᠨᠡᠨ ᠪᠣᠷᠣᠯᠠᠭᠤᠯᠬᠤ ᠵᠢᠨ ᠥᠳᠥᠭᠡᠯᠭᠡ ᠵᠢ ᠲᠠᠰᠤ ᠵᠣᠭᠰᠣᠭ᠋ᠠᠵᠤ᠂ ᠲᠤᠰᠬᠠᠶ ᠮᠡᠷᠭᠡᠵᠢᠯ᠂ ᠴᠢᠨᠠᠷ ᠰᠠᠶ᠋ᠢᠲᠠᠶ᠂ ᠦᠨᠡᠨᠴᠢ ᠢᠲᠡᠭᠡᠮᠵᠢᠲᠡᠶ ᠡᠮᠴᠢᠯᠡᠭᠡᠨ᠎ᠤ ᠦᠢ᠍ᠯᠡᠴᠢᠯᠡᠭᠡ᠎ᠪᠠᠷ ᠡᠪᠡᠳᠴᠢᠲᠡᠨ᠎ᠤ ᠢᠲᠡᠭᠡᠯ᠎ᠢ ᠣᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠠᠷᠠᠳ ᠣᠯᠠᠨ᠎ᠤ ᠡᠪᠡᠳᠴᠢᠨ ᠦᠵᠡᠭᠦᠯᠵᠦ ᠡᠪᠡᠳᠴᠢᠨ ᠵᠠᠰᠠᠬᠤ ᠬᠢᠳᠤᠭ᠋ᠠᠨ ᠢᠷᠲᠤ ᠦᠨᠡᠨ ᠬᠦ᠌ ᠵᠠᠷᠤᠴᠠᠭᠤᠯᠪᠠᠯ ᠲᠠᠭ᠋ᠠᠷᠠᠨ᠎ᠠ᠃
ᠠᠳᠡ᠂ ᠳᠠᠭ᠋ᠠᠳᠬᠠᠯ᠎ᠳᠤ ᠣᠷᠣᠯᠴᠠᠭᠰᠠᠳ ᠨᠢᠭᠡᠪᠦᠷᠢ ᠴᠥᠮ ᠪᠤᠷᠤᠭᠤ ᠦᠵᠡᠯᠲᠡ᠎ᠪᠠᠨ ᠲᠠᠶᠠᠭᠳᠠᠬᠤ ᠵᠢ ᠰᠠᠨᠠᠭᠤᠯᠵᠤ᠂ ᠠᠰᠢᠭ ᠬᠤᠨᠵᠢᠪᠤᠷᠢᠳᠤ ᠰᠢᠨᠤᠬᠠᠶ᠋ᠢᠷᠠᠭᠰᠠᠨᠠᠴᠠ ᠪᠣᠯᠵᠤ ᠠᠷᠭ᠎ᠠ ᠮᠡᠬᠡ᠎ᠳᠤ ᠤᠨᠠᠬᠤ ᠪᠠ ᠤᠯᠠᠭ᠋ᠠᠨ ᠱᠤᠭᠤᠮ᠎ᠳᠤ ᠬᠦᠷᠴᠦ ᠶᠠᠭ᠋ᠠᠬᠢᠭᠰᠠᠨ ᠴᠤ᠌ ᠪᠣᠯᠬᠤ ᠦᠭᠡᠢ ᠭᠡᠵᠦ ᠰᠠᠨᠠᠭᠤᠯᠤᠶ᠎ᠠ᠃ ᠤᠯᠠᠨ ᠵᠶ᠋ᠠᠷ ᠵᠶ᠋ᠠᠨ ᠲᠤᠰ ᠪᠡᠶ᠎ᠡ ᠵᠢᠨ ᠰᠡᠷᠭᠡᠶ᠋ᠢᠯᠡᠬᠦ ᠤᠬᠠᠮᠰᠠᠷ ᠪᠣᠯᠤᠨ ᠬᠠᠤᠯᠢᠵᠢᠯ᠎ᠤᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠰᠠᠭᠤᠷᠢ ᠮᠥᠩᠭᠦᠨ᠎ᠤ ᠬᠢᠨᠠᠯᠲᠠ ᠬᠠᠮᠢᠶᠠᠷᠤᠯᠲᠠ᠎ᠳᠤ ᠢᠳᠡᠪᠬᠢᠲᠡᠢ ᠣᠷᠣᠯᠴᠠᠵᠤ᠂ ᠥᠪᠡᠷ᠎ᠤᠨ 《ᠡᠪᠡᠳᠴᠢᠨ ᠦᠵᠡᠭᠦᠯᠬᠦ ᠵᠣᠭᠤᠰ》᠂ 《ᠠᠮᠢ ᠠᠪᠤᠷᠠᠬᠤ ᠮᠥᠩᠭᠦ》 ᠵᠢ ᠬᠠᠮᠲᠤ᠎ᠪᠠᠷ ᠰᠠᠶ᠋ᠢᠲᠤᠷ ᠰᠠᠬᠢᠶ᠎ᠠ᠃