ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠪᠣᠯ ᠠᠷᠠᠳ ᠣᠯᠠᠨ᠎ᠤ 《ᠡᠪᠡᠳᠴᠢᠨ ᠦᠵᠡᠭᠦᠯᠬᠦ ᠵᠣᠭᠤᠰ》 《ᠠᠮᠢ ᠠᠪᠤᠷᠠᠬᠤ ᠵᠣᠭᠤᠰ》 ᠮᠥᠨ᠂ ᠭᠡᠪᠡᠴᠦ ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠤᠨ ᠠᠪᠤᠭ᠋ᠠᠳ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠮᠡᠬᠡᠯᠡᠨ ᠠᠪᠤᠭᠰᠠᠨ ᠬᠡᠷᠡᠭ ᠬᠠᠷᠢᠨ ᠲᠠᠰᠤᠷᠠᠯᠲᠠ ᠦᠭᠡᠢ ᠭᠠᠷᠴᠤ ᠪᠠᠢ᠌ᠳᠠᠭ᠃ ᠣᠢ᠌ᠷ᠎ᠠ᠎ᠳᠤ᠂ ᠱᠠᠨᠰᠢ ᠮᠣᠵᠢ ᠵᠢᠨ ᠢᠦᠢ ᠯᠢᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 《ᠪᠤᠴᠠᠯ ᠡᠮ》 ᠵᠶ᠋ᠡᠷ ᠡᠮᠴᠢᠯᠡᠭᠡᠨ᠎ᠤ ᠳᠠᠭ᠋ᠠᠳᠬᠠᠯ᠎ᠢ ᠮᠡᠬᠡᠯᠡᠭᠰᠡᠨ᠎ᠳᠤ ᠬᠣᠯᠪᠣᠭᠳᠠᠭᠰᠠᠨ ᠨᠢᠭᠡ ᠬᠡᠷᠡᠭ᠎ᠢ ᠠᠮᠵᠢᠯᠲᠠ᠎ᠲᠠᠢ ᠢᠯᠡᠷᠡᠭᠦᠯᠪᠡ᠃
ᠳᠠᠭ᠋ᠠᠳᠬᠠᠯ᠎ᠳᠤ ᠣᠷᠣᠯᠴᠠᠭᠴᠢ ᠭᠤᠷᠪᠠᠨ ᠰᠠᠷ᠎ᠠ ᠵᠢᠨ ᠳᠣᠲᠣᠷ᠎ᠠ 15 ᠵᠢᠯ ᠬᠡᠷᠡᠭᠯᠡᠬᠦ ᠡᠮ ᠬᠤᠳᠠᠯᠳᠤᠨ ᠠᠪᠤᠪᠠ
ᠴᠠᠭᠳᠠᠭ᠋ᠠᠨ᠎ᠤ ᠲᠠᠯ᠎ᠠ ᠵᠢᠨ᠎ᠬᠢᠨ 《ᠪᠤᠴᠠᠯ ᠡᠮ》᠎ᠤᠨ ᠬᠡᠷᠡᠭ᠎ᠢ ᠪᠠᠢ᠌ᠴᠠᠭ᠋ᠠᠨ ᠢᠯᠡᠷᠡᠭᠦᠯᠪᠡ
ᠱᠠᠨᠰᠢ ᠮᠣᠵᠢ ᠵᠢᠨ ᠢᠦᠢ ᠯᠢᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠠᠵᠢᠯᠲᠠᠨ ᠡᠳᠦᠷ ᠳᠣᠳᠣᠮ᠎ᠤᠨ ᠲᠣᠭᠣᠷᠢᠨ ᠪᠠᠢ᠌ᠴᠠᠭ᠋ᠠᠯᠲᠠ᠎ᠳᠤ᠂ ᠨᠢᠭᠡᠨ ᠤᠵᠢᠭ ᠡᠪᠡᠳᠴᠢᠨ᠎ᠳᠤ ᠨᠡᠷᠪᠡᠭᠳᠡᠭᠰᠡᠨ ᠳᠠᠭ᠋ᠠᠳᠬᠠᠯ᠎ᠳᠤ ᠣᠷᠣᠯᠴᠠᠭᠰᠠᠳ ᠴᠠᠩ ᠣᠪᠣᠭᠲᠤ᠂ ᠭᠤᠷᠪᠠᠨ ᠰᠠᠷ᠎ᠠ ᠵᠢᠨ ᠳᠣᠲᠣᠷ᠎ᠠ ᠬᠠᠷᠢᠨ 15 ᠵᠢᠯ ᠬᠡᠷᠡᠭᠯᠡᠵᠦ ᠬᠦᠷᠦᠯᠴᠡᠬᠦᠢ᠌ᠴᠡ ᠡᠮᠨᠡᠨ ᠵᠠᠰᠠᠬᠤ᠎ᠳᠤ ᠬᠡᠷᠡᠭᠯᠡᠬᠦ ᠡᠮ ᠬᠤᠳᠠᠯᠳᠤᠨ ᠠᠪᠤᠭᠰᠠᠨ ᠪᠠᠢ᠌ᠨ᠎ᠠ᠃ ᠡᠨᠡ ᠨᠢᠭᠡ ᠬᠡᠪ᠎ᠤᠨ ᠪᠣᠰᠣ ᠠᠵᠢᠯᠯᠠᠭ᠎ᠠ᠎ᠳᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠲᠡᠷᠡ ᠳᠠᠷᠤᠢ ᠰᠡᠷᠡᠮᠵᠢ ᠠᠪᠤᠭᠰᠠᠨ ᠪᠠᠢ᠌ᠨ᠎ᠠ᠃
ᠪᠠᠶ᠋ᠢᠴᠠᠭ᠋ᠠᠯᠲᠠ᠎ᠪᠠᠷ ᠳᠠᠮᠵᠢᠭ᠋ᠠᠳ᠂ ᠴᠠᠩ ᠣᠪᠣᠭᠲᠤ ᠤᠵᠢᠭ ᠪᠥᠭᠡᠷ᠎ᠡ ᠵᠢᠨ ᠴᠢᠳᠠᠮᠵᠢ ᠮᠠᠭᠤᠳᠠᠭᠰᠠᠨ ᠵᠡᠷᠭᠡ ᠡᠪᠡᠳᠴᠢᠨ ᠡᠮᠭᠡᠭ᠎ᠲᠠᠢ᠂ ᠤᠵᠢᠭ ᠡᠪᠡᠳᠴᠢᠨ᠎ᠤ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠴᠠᠢ᠌ᠷᠠᠭᠤᠯᠬᠤ ᠲᠥᠷᠥ ᠵᠢᠨ ᠪᠣᠳᠣᠯᠭ᠎ᠠ ᠵᠢᠨ ᠶᠣᠰᠣᠭ᠋ᠠᠷ᠂ ᠴᠠᠩ ᠣᠪᠣᠭᠲᠤ ᠵᠢᠨ ᠡᠩ᠎ᠤᠨ ᠡᠮ ᠬᠡᠷᠡᠭᠯᠡᠬᠦ᠎ᠳᠤ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠴᠠᠢ᠌ᠷᠠᠭᠤᠯᠬᠤ ᠬᠠᠷᠢᠴᠠᠯ᠎ᠨᠢ 85%᠎ᠳᠤ ᠬᠥᠷᠪᠡ᠃ ᠡᠨᠡ ᠳᠤᠮᠳᠠ᠎ᠠᠴᠠ ᠴᠠᠩ ᠣᠪᠣᠭᠲᠤ ᠵᠠᠪᠰᠢᠬᠤ ᠲᠣᠬᠢᠶᠠᠯ ᠣᠯᠵᠤ ᠬᠠᠷᠠᠵᠤ᠂ ᠲᠡᠷᠡ ᠡᠮ᠎ᠤᠨ ᠵᠦᠢ᠍ᠯ᠎ᠢ ᠬᠢᠮᠳᠠ ᠦᠨ᠎ᠡ᠎ᠪᠠᠷ ᠡᠮ᠎ᠤᠨ ᠫᠠᠨᠽᠠᠴᠢᠨ᠎ᠳᠤ ᠬᠤᠳᠠᠯᠳᠤᠨ ᠥᠭᠴᠦ᠂ ᠡᠮ᠎ᠤᠨ ᠫᠠᠨᠽᠠᠴᠢᠨ᠎ᠨᠢ ᠡᠮ᠎ᠤᠨ ᠵᠦᠢ᠍ᠯ᠎ᠢ ᠵᠠᠬ᠎ᠠ ᠵᠡᠭᠡᠯᠢ᠎ᠳᠤ ᠭᠠᠷᠭ᠋ᠠᠵᠤ ᠬᠠᠤᠯᠢ ᠪᠤᠰᠤ ᠠᠰᠢᠭ ᠲᠤᠰᠠ ᠵᠢᠨ ᠬᠡᠯᠬᠢᠶ᠎ᠡ ᠬᠣᠯᠪᠣᠭ᠎ᠠ ᠵᠢ ᠪᠥᠷᠢᠯᠳᠦᠭᠦᠯᠦᠭᠰᠡᠨ ᠪᠠᠶ᠋ᠢᠨ᠎ᠠ᠃
ᠴᠠᠩ ᠣᠪᠣᠭᠲᠤ ᠵᠢᠨ ᠡᠢ᠌ᠮᠦᠷᠬᠦᠦ ᠬᠡᠷᠡᠭ᠎ᠨᠢ ᠣᠨᠴᠠᠭ᠋ᠠᠢ ᠵᠢᠱ᠌ᠢᠶ᠎ᠡ ᠪᠢᠰᠢ᠃ ᠪᠠᠶ᠋ᠢᠴᠠᠭ᠋ᠠᠨ ᠲᠣᠳᠣᠯᠠᠬᠤ᠎ᠪᠠᠷ ᠳᠠᠮᠵᠢᠨ ᠡᠮᠴᠢᠯᠡᠭᠡᠨ᠎ᠤ ᠳᠠᠭ᠋ᠠᠳᠬᠠᠯ᠎ᠤᠨ ᠳᠠᠭ᠋ᠠᠳᠬᠠᠯ᠎ᠢ ᠮᠡᠬᠡᠯᠡᠭᠰᠡᠨ ᠬᠡᠷᠡᠭ᠎ᠢ ᠴᠠᠭᠳᠠᠭ᠋ᠠᠨ᠎ᠤ ᠲᠠᠯ᠎ᠠ᠎ᠠᠴᠠ ᠣᠯᠵᠤ ᠮᠡᠳᠡᠭᠰᠡᠨ᠎ᠨᠢ᠄
ᠬᠠᠤᠯᠢ ᠪᠤᠰᠤ ᠡᠲᠡᠭᠡᠳ ᠬᠡᠮᠵᠢᠶ᠎ᠡ᠎ᠠᠴᠠ ᠬᠡᠲᠦᠷᠡᠲᠡᠯ᠎ᠡ ᠡᠮ ᠠᠪᠬᠤ ᠪᠠ ᠳᠠᠬᠢᠨ ᠳᠠᠪᠲᠠᠨ ᠡᠮ ᠠᠪᠬᠤ ᠠᠷᠭ᠎ᠠ ᠪᠠᠷᠢᠯ᠎ᠢ ᠠᠰᠢᠭᠯᠠᠨ ᠡᠮ᠎ᠤᠨ ᠵᠦᠢ᠍ᠯ᠎ᠢ ᠣᠯᠵᠤ᠂ ᠡᠮ᠎ᠤᠨ ᠫᠠᠨᠽᠠᠴᠢᠨ᠎ᠳᠤ ᠬᠤᠳᠠᠯᠳᠤᠵᠤ ᠥᠭᠳᠡᠭ᠃
ᠡᠮ᠎ᠤᠨ ᠫᠠᠨᠽᠠᠴᠢᠨ ᠬᠣᠷᠢᠶᠠᠨ ᠠᠪᠤᠭᠰᠠᠨ᠎ᠤ ᠳᠠᠷᠠᠭ᠎ᠠ ᠲᠣᠣᠷ ᠰᠦᠯᠵᠢᠶ᠎ᠡ᠎ᠪᠠᠷ ᠳᠠᠮᠵᠢᠨ ᠬᠢᠮᠳᠠ ᠦᠨ᠎ᠡ᠎ᠪᠠᠷ ᠪᠣᠷᠣᠯᠠᠭᠤᠯᠵᠤ ᠵᠣᠭᠣᠰ ᠣᠯᠳᠠᠭ᠃
《ᠪᠤᠴᠠᠯ ᠡᠮ》᠎ᠢ ᠪᠣᠷᠣᠯᠠᠭᠤᠯᠬᠤ ᠡᠢ᠌ᠮᠦᠷᠬᠦᠦ ᠦᠢ᠍ᠯᠡ ᠠᠵᠢᠯᠯᠠᠭ᠎ᠠ᠎ᠨᠢ᠂ ᠠᠷᠠᠳ ᠣᠯᠠᠨ᠎ᠤ ᠠᠮᠢ ᠠᠪᠤᠷᠠᠬᠤ᠎ᠳᠤ ᠬᠡᠷᠡᠭᠯᠡᠬᠦ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠬᠠᠤᠯᠢ ᠪᠤᠰᠤ ᠡᠲᠡᠭᠡᠳ᠎ᠲᠤ ᠬᠥᠨᠥᠭᠡᠨ ᠰᠦᠢ᠍ᠳᠬᠡᠭᠳᠡᠭᠰᠡᠨ ᠪᠠᠢ᠌ᠨ᠎ᠠ᠃
ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ 《ᠮᠥᠷᠳᠡᠬᠦ ᠺᠣᠳ᠋》᠎ᠤᠨ ᠲᠣᠭ᠋ᠠᠴᠠᠭ᠎ᠠ ᠬᠢᠬᠦ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠪᠠ
《ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠤᠨ ᠠᠪᠬᠤ》 ᠵᠢ ᠡᠬᠢ ᠡᠭᠦᠰᠦᠯ᠎ᠠᠴᠠ᠎ᠨᠢ ᠡᠷᠡᠰ ᠬᠤᠷᠢᠭᠯᠠᠪᠠ
《ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠤᠨ ᠠᠪᠬᠤ》 ᠦᠵᠡᠭᠳᠡᠯ᠎ᠢ ᠡᠬᠢ ᠡᠭᠦᠰᠦᠯ᠎ᠠᠴᠠ᠎ᠨᠢ ᠬᠤᠷᠢᠭᠯᠠᠬᠤ ᠵᠢᠨ ᠲᠥᠯᠥᠭᠡ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠡᠮ᠎ᠤᠨ ᠵᠦᠢ᠍ᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠤᠳᠤᠬᠤ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠪᠥᠬᠦ ᠤᠯᠤᠰ᠎ᠤᠨ ᠬᠡᠪᠴᠢᠶᠡᠨ᠎ᠳᠤ ᠲᠣᠮᠣ ᠳ᠋ᠠᠶ᠋ᠢᠲ᠋ᠠ ᠵᠢᠨ ᠬᠢᠨᠠᠯᠲᠠ ᠬᠠᠮᠢᠶᠠᠷᠤᠯᠲᠠ ᠵᠢᠨ ᠲᠤᠷᠰᠢᠯᠲᠠ ᠵᠢᠨ ᠴᠡᠭ᠎ᠢ ᠥᠷᠨᠢᠭᠦᠯᠪᠡ᠃ ᠱᠠᠨᠰᠢ ᠵᠢᠨ ᠢᠦᠢ ᠯᠢᠨ ᠬᠤᠲᠠ ᠲᠤᠷᠰᠢᠯᠲᠠ ᠵᠢᠨ ᠬᠤᠲᠠ ᠪᠣᠯᠤᠭᠰᠠᠨ᠎ᠤ ᠬᠤᠪᠢ᠎ᠳᠤ᠂ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠨ ᠴᠡᠭ ᠲᠣᠭᠲᠠᠭ᠋ᠠᠭᠰᠠᠨ ᠡᠮ᠎ᠤᠨ ᠳᠡᠯᠭᠡᠭᠦᠷ᠎ᠲᠤ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ 《ᠮᠥᠷᠳᠡᠬᠦ ᠺᠣᠳ᠋》᠎ᠢ ᠳᠡᠯᠭᠡᠷᠡᠭᠦᠯᠦᠨ ᠬᠡᠷᠡᠭᠯᠡᠪᠡ᠃
ᠡᠨᠡ ᠬᠦ᠌ ᠬᠢᠨᠠᠯᠲᠠ ᠬᠠᠮᠢᠶᠠᠷᠤᠯᠲᠠ ᠵᠢᠨ ᠰᠢᠨ᠎ᠡ ᠵᠢ ᠡᠭᠦᠳᠦᠭᠰᠡᠨ ᠠᠷᠭ᠎ᠠ ᠬᠡᠮᠵᠢᠶ᠎ᠡ᠎ᠳᠤ᠂ ᠮᠥᠷᠳᠡᠬᠦ ᠺᠣᠳ᠋ ᠬᠢᠭᠡᠳ ᠲᠠᠸᠠᠷ᠎ᠤᠨ ᠺᠣᠳ᠋᠎ᠢ ᠨᠢᠭᠡᠳᠬᠡᠬᠦ ᠵᠢ ᠪᠡᠶᠡᠯᠡᠭᠦᠯᠬᠦ᠎ᠪᠠᠷ ᠳᠠᠮᠵᠢᠭᠤᠯᠤᠨ᠂ ᠡᠮ᠎ᠤᠨ ᠵᠦᠢ᠍ᠯ᠎ᠢ ᠳ᠋ᠦᠩᠨᠡᠨ ᠪᠤᠳᠤᠬᠤ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠭᠤᠭᠴᠤᠭ᠎ᠠ᠎ᠳᠤ ᠠᠯᠪᠠᠳᠠᠯᠭ᠎ᠠ᠎ᠪᠠᠷ ᠺᠣᠳ᠋ ᠰᠢᠷᠪᠢᠵᠦ᠂ ᠡᠮ ᠥᠭᠬᠦ ᠪᠠᠶ᠋ᠢᠭᠤᠯᠤᠮᠵᠢ᠂ ᠡᠮ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ᠂ ᠡᠮ ᠬᠤᠳᠠᠯᠳᠤᠨ ᠠᠪᠤᠭᠰᠠᠨ ᠦᠶᠡᠯᠡᠯ᠎ᠤᠨ ᠬᠤᠭᠤᠴᠠᠭ᠎ᠠ ᠵᠡᠷᠭᠡ ᠵᠠᠩᠭᠢᠯᠠᠭ᠎ᠠ ᠵᠢᠨ ᠮᠡᠳᠡᠭᠡ ᠵᠠᠩᠭᠢ ᠵᠢ ᠪᠦᠲᠦᠮᠵᠢᠲᠡᠶ ᠡᠵᠡᠮᠳᠡᠪᠡ᠃
ᠡᠮ᠎ᠤᠨ ᠳᠡᠯᠭᠡᠭᠦᠷ᠎ᠤᠨ ᠪᠣᠷᠣᠯᠠᠭᠤᠯᠤᠯᠲᠠ ᠵᠢᠨ ᠠᠵᠢᠯᠲᠠᠨ᠎ᠤ ᠲᠠᠨᠢᠯᠴᠠᠭᠤᠯᠤᠭᠰᠠᠨ ᠵᠶ᠋ᠠᠷ᠂ ᠳᠠᠭ᠋ᠠᠳᠬᠠᠯ᠎ᠳᠤ ᠣᠷᠣᠯᠴᠠᠭᠴᠢ ᠢᠦᠢ ᠯᠢᠨ ᠬᠣᠲᠠ ᠵᠢᠨ ᠠᠯᠢ ᠨᠢᠭᠡᠨ ᠡᠮ᠎ᠤᠨ ᠳᠡᠯᠭᠡᠭᠦᠷ᠎ᠲᠤ ᠤᠷᠢᠳᠴᠢᠯᠠᠨ ᠪᠤᠶᠤ ᠬᠡᠮᠵᠢᠶᠡᠨ᠎ᠠᠴᠠ ᠬᠡᠲᠦᠷᠡᠭᠦᠯᠦᠨ ᠡᠮ ᠬᠤᠳᠠᠯᠳᠤᠨ ᠠᠪᠤᠪᠠᠯ᠂ ᠰᠢᠰᠲ᠋ᠧᠮ᠎ᠠᠴᠠ ᠴᠠᠭ ᠲᠤᠬᠠᠢᠳᠤᠨᠢ ᠰᠡᠷᠡᠮᠵᠢ ᠵᠢᠨ ᠳᠣᠬᠢᠶ᠎ᠠ ᠥᠭᠬᠦ ᠪᠣᠯᠣᠨ᠎ᠠ ᠃
6 ᠳ᠋ᠤᠭ᠋ᠠᠷ ᠰᠠᠷ᠎ᠠ ᠵᠢᠨ 10᠎ᠤ ᠡᠳᠦᠷ ᠪᠣᠯᠲᠠᠯ᠎ᠠ᠂ ᠢᠦᠢ ᠯᠢᠨ ᠬᠣᠲᠠ ᠵᠢᠨ 81 ᠡᠷᠦᠬᠡ ᠤᠵᠢᠭ ᠣᠨᠴᠠ ᠡᠪᠡᠳᠴᠢᠨ᠎ᠤ ᠡᠮ᠎ᠤᠨ ᠳᠡᠯᠭᠡᠭᠦᠷ᠎ᠤᠨ 《ᠮᠥᠷᠳᠡᠬᠦ ᠺᠣᠳ᠋》᠎ᠤᠨ ᠬᠠᠮᠢᠶᠠᠷᠤᠨ ᠡᠵᠡᠮᠳᠡᠬᠦ ᠰᠢᠰᠲ᠋ᠧᠮ 203 ᠲᠦᠮᠡᠨ ᠳ᠋ᠠᠢ᠌ᠲ᠋ᠠ ᠵᠢ ᠬᠠᠷᠢᠴᠠᠭᠤᠯᠵᠤ᠂ ᠠᠳᠠᠯᠢ ᠨᠢᠭᠡᠨ ᠡᠮ᠎ᠤᠨ ᠵᠦᠢ᠍ᠯ᠎ᠢ ᠳᠠᠬᠢᠨᠲᠠ ᠲᠣᠭ᠋ᠠᠴᠠᠭ᠎ᠠ ᠬᠢᠬᠦ ᠵᠢ 14057 ᠤᠳᠠᠭ᠎ᠠ ᠬᠣᠷᠢᠭᠯᠠᠵᠤ᠂ ᠬᠣᠯᠪᠣᠭᠳᠠᠭᠰᠠᠨ ᠰᠦᠢ᠍ᠳᠭᠡᠯ᠎ᠨᠢ 126.29 ᠲᠦᠮᠡᠨ ᠲᠥᠭᠥᠷᠢᠭ᠎ᠲᠤ ᠬᠦᠷᠴᠡᠢ᠃
ᠣᠶ᠋ᠢᠯᠠᠭ᠋ᠠᠭᠰᠠᠨ ᠵᠶ᠋ᠠᠷ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠶᠠᠭ 《ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠢ ᠰᠠᠷᠢᠭ᠋ᠠᠯᠠᠨ ᠬᠤᠳᠠᠯᠳᠤᠬᠤ》 ᠲᠣᠮᠣ ᠳ᠋ᠠᠶ᠋ᠢᠲ᠋ᠠ ᠵᠢᠨ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠢ ᠢᠳᠡᠪᠬᠢᠲᠡᠶ᠎ᠪᠠᠷ ᠰᠦᠪᠡᠭᠴᠢᠯᠡᠨ ᠨᠡᠭᠡᠭᠡᠨ ᠬᠥᠭᠵᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠣᠶᠤᠨᠴᠢ ᠬᠢᠨᠠᠨ ᠡᠵᠡᠮᠳᠡᠬᠦ ᠰᠢᠰᠲ᠋ᠧᠮ᠎ᠤᠨ ᠣᠶᠤᠨᠴᠢ ᠰᠠᠨᠠᠭᠤᠯᠤᠮᠵᠢ ᠵᠢᠨ ᠴᠢᠳᠠᠮᠵᠢ ᠵᠢ ᠲᠡᠭᠦᠯᠳᠡᠷᠵᠢᠭᠦᠯᠦᠨ᠂ ᠠᠳᠠᠯᠢ ᠪᠤᠰᠤ ᠡᠮᠨᠡᠯᠭᠡ ᠵᠢᠨ ᠬᠤᠷᠢᠶ᠎ᠠ ᠵᠢᠨ ᠬᠤᠭᠤᠷᠣᠨᠳᠣ ᠡᠭᠡᠯᠵᠢᠯᠡᠨ ᠡᠮ ᠠᠪᠬᠤ᠂ ᠡᠮ᠎ᠤᠨ ᠵᠦᠢ᠍ᠯ᠎ᠢ ᠢᠯᠡᠭᠦᠦ ᠠᠪᠴᠤ ᠠᠰᠢᠭ ᠤᠯᠬᠤ ᠦᠵᠡᠭᠳᠡᠯ᠎ᠢ ᠡᠷᠡᠰ ᠬᠣᠷᠢᠭᠯᠠᠨ᠎ᠠ᠃ ᠤᠲᠤᠬᠠᠨ᠎ᠳᠤ᠂ ᠪᠦᠭᠦ ᠤᠯᠤᠰ᠎ᠤᠨ ᠪᠠᠷᠤᠭ ᠬᠠᠭ᠋ᠠᠰ ᠰᠢᠬᠠᠭᠤ ᠮᠤᠵᠢ᠎ᠳᠤ ᠬᠡᠪ᠎ᠤᠨ ᠪᠤᠰᠤ ᠡᠮ ᠠᠪᠤᠭᠰᠠᠨ᠎ᠢ ᠰᠠᠨᠠᠭᠤᠯᠬᠤ ᠠᠵᠢᠯ᠎ᠢ ᠡᠬᠢᠯᠡᠭᠦᠯᠵᠦ᠂ ᠪᠡᠬᠡᠵᠢᠩ᠂ ᠲᠢᠶᠠᠨᠵᠢᠨ᠂ ᠨᠢᠩᠰᠢᠶᠠ ᠵᠡᠷᠬᠡ ᠭᠠᠵᠠᠷ᠎ᠳᠤ ᠦᠨᠳᠦᠰᠦᠨ᠎ᠳᠤ᠎ᠪᠠᠨ ᠪᠦᠬᠦᠨ᠎ᠢ ᠬᠠᠮᠤᠷᠤᠭᠰᠠᠨ ᠪᠠᠶ᠋ᠢᠨ᠎ᠠ᠃
ᠡᠮ ᠬᠡᠷᠡᠭᠯᠡᠬᠦ ᠠᠮᠤᠷ ᠲᠦᠪᠰᠢᠨ᠎ᠢ ᠤᠮᠳᠤᠭ᠋ᠠᠶ᠋ᠢᠯᠠᠵᠤ ᠪᠣᠯᠬᠤ ᠦᠭᠡᠢ
《ᠪᠤᠴᠠᠯ ᠡᠮ》᠎ᠢ ᠰᠢᠭᠤᠳ ᠪᠤᠶᠤ ᠳᠠᠮ ᠵᠶ᠋ᠠᠷ ᠲᠤᠰᠠᠯᠠᠨ ᠪᠣᠷᠣᠯᠠᠭᠤᠯᠬᠤ᠎ᠨᠢ ᠴᠥᠮ ᠳᠠᠭ᠋ᠠᠳᠬᠠᠯ᠎ᠢ ᠮᠡᠬᠡᠯᠡᠭᠰᠡᠨ ᠶᠠᠪᠤᠳᠠᠯ᠎ᠳᠤ ᠬᠣᠯᠪᠣᠭᠳᠠᠨ᠎ᠠ
《ᠪᠤᠴᠠᠯ ᠡᠮ》᠎ᠨᠢ ᠡᠮ ᠵᠦᠢ᠍ᠯ᠎ᠤᠨ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠵᠶ᠋ᠠᠷ ᠪᠠᠷᠠᠬᠤ ᠦᠭᠡᠶ ᠡᠮ ᠬᠡᠷᠡᠭᠯᠡᠬᠦ ᠠᠮᠤᠷ ᠲᠦᠪᠰᠢᠨ᠎ᠳᠤ ᠨᠡᠩ ᠶᠡᠬᠡ ᠰᠦᠷᠳᠡᠭᠦᠯᠦᠯ ᠪᠣᠯᠤᠭᠰᠠᠨ ᠪᠠᠶ᠋ᠢᠨ᠎ᠠ᠃
ᠡᠮ᠎ᠤᠨ ᠫᠠᠨᠽᠠᠴᠢᠨ᠎ᠤ ᠬᠤᠳᠠᠯᠳᠤᠨ ᠠᠪᠤᠭᠰᠠᠨ 《ᠪᠤᠴᠠᠯ ᠡᠮ》᠎ᠳᠤ ᠶᠡᠭᠡ ᠬᠡᠮᠵᠢᠶᠡᠨ᠎ᠤ ᠦᠮᠡᠨ᠎ᠢ ᠡᠰᠡᠷᠭᠦᠴᠡᠬᠦ ᠡᠮ᠂ ᠬᠠᠷᠠᠯᠲᠠᠲᠦ ᠡᠮ ᠵᠡᠷᠭᠡ ᠪᠠᠢ᠌ᠳᠠᠭ᠃ ᠵᠠᠷᠢᠮ ᠡᠮ ᠵᠢᠱ᠌ᠢᠶᠡᠯᠡᠪᠡᠯ ᠨᠣᠢ᠌ᠷᠤᠨ ᠠᠷᠠᠯ᠎ᠤᠨ ᠡᠳ᠋ ᠪᠠ ᠬᠣᠣᠰ ᠰᠠᠯᠠᠭ᠋ᠠᠲᠤ ᠰᠠᠪᠬᠠᠨᠴᠢᠷ ᠪᠠᠺᠲ᠋ᠧᠷᠢ ᠵᠢᠨ ᠠᠮᠢᠳᠤ ᠪᠠᠺᠲ᠋ᠧᠷᠢ ᠵᠢᠨ ᠬᠤᠮᠵᠢᠶ᠎ᠠ ᠵᠡᠷᠭᠡ ᠵᠢ ᠣᠨᠴᠠᠭ᠋ᠠᠢ ᠬᠠᠳᠠᠭ᠋ᠠᠯᠠᠬᠤ ᠨᠥᠬᠥᠴᠡᠯ᠎ᠳᠤ ᠬᠠᠳᠠᠭ᠋ᠠᠯᠠᠬᠤ ᠬᠡᠷᠡᠭᠲᠡᠢ᠂ ᠬᠡᠷᠪᠡ ᠬᠠᠳᠠᠭ᠋ᠠᠯᠠᠬᠤ ᠨᠥᠬᠥᠴᠡᠯ᠎ᠨᠢ ᠪᠠᠷᠢᠮᠵᠢᠶ᠎ᠠ᠎ᠳᠤ ᠬᠦᠷᠬᠦ ᠦᠭᠡᠢ ᠪᠣᠯ ᠡᠮ᠎ᠤᠨ ᠶᠠᠰᠤ ᠴᠢᠨᠠᠷ ᠪᠣᠯᠤᠨ ᠦᠷ᠎ᠡ ᠳ᠋ᠦᠩ᠎ᠨᠢ ᠨᠥᠯᠥᠭᠡᠯᠡᠭᠳᠡᠬᠦ ᠪᠣᠯᠤᠨ᠎ᠠ᠃
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠢᠨᠠᠨ ᠬᠠᠮᠢᠶᠠᠷᠬᠤ ᠠᠵᠢᠯᠲᠠᠨ᠎ᠤ ᠲᠠᠨᠢᠯᠴᠠᠭᠤᠯᠤᠭᠰᠠᠨ ᠵᠶ᠋ᠠᠷ᠂ ᠵᠠᠷᠢᠮ ᠡᠮ᠎ᠤᠨ ᠫᠠᠨᠽᠠᠴᠢᠨ ᠵᠢᠩᠬᠢᠨᠢ ᠡᠮ᠎ᠤᠨ ᠬᠠᠶ᠋ᠢᠷᠴᠠᠭ᠎ᠲᠤ ᠬᠠᠭᠤᠷᠮᠠᠭ ᠡᠮ ᠰᠠᠪᠠᠯᠠᠬᠤ ᠪᠤᠶᠤ ᠬᠤᠭᠤᠴᠠᠭ᠎ᠠ ᠬᠡᠲᠦᠷᠡᠭᠰᠡᠨ ᠡᠮ᠎ᠤᠨ ᠵᠦᠢ᠍ᠯ᠎ᠢ ᠰᠢᠨ᠎ᠡ ᠡᠮ᠎ᠤᠨ ᠬᠠᠶ᠋ᠢᠷᠴᠠᠭ᠎ᠲᠤ ᠬᠢᠳᠡᠭ᠃ ᠡᠪᠡᠳᠴᠢᠲᠡᠨ ᠵᠥᠪᠬᠡᠨ ᠡᠮ᠎ᠤᠨ ᠬᠠᠶ᠋ᠢᠷᠴᠠᠭ ᠳᠡᠭᠡᠷᠡᠬᠢ ᠰᠢᠨ᠎ᠡ ᠡᠳᠦᠷ ᠰᠠᠷ᠎ᠠ ᠵᠢ ᠯᠠ ᠣᠯᠵᠤ ᠦᠵᠡᠵᠦ᠂ ᠬᠠᠷᠢᠨ ᠬᠤᠭᠤᠴᠠᠭ᠎ᠠ ᠬᠡᠲᠦᠷᠡᠭᠰᠡᠨ ᠡᠮ ᠠᠪᠤᠭᠰᠠᠨ ᠭᠡᠳᠡᠭ ᠵᠶ᠋ᠡᠨ ᠮᠡᠳᠡᠬᠦ ᠦᠭᠡᠢ ᠪᠠᠢ᠌ᠳᠠᠭ᠃
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ 《ᠪᠤᠴᠠᠯ ᠡᠮ》᠎ᠢ ᠰᠢᠭᠤᠳ ᠪᠤᠶᠤ ᠳᠠᠮ ᠵᠶ᠋ᠠᠷ ᠬᠠᠪᠰᠤᠷᠤᠨ ᠪᠣᠷᠣᠯᠠᠭᠤᠯᠬᠤ᠎ᠨᠢ ᠴᠥᠮ ᠳᠠᠭ᠋ᠠᠳᠬᠠᠯ᠎ᠢ ᠬᠢᠬᠠᠨ ᠮᠡᠬᠡᠯᠡᠭᠰᠡᠨ ᠠᠵᠢᠯᠯᠠᠭ᠎ᠠ ᠪᠣᠯᠣᠨ᠎ᠠ ᠭᠡᠵᠦ ᠲᠣᠳᠣᠷᠬᠠᠢ ᠢᠯᠡᠷᠬᠡᠢ᠍ᠯᠡᠪᠡ᠃
ᠡᠨᠡ ᠵᠢᠯ᠎ᠤᠨ 2 ᠳ᠋ᠤᠭ᠋ᠠᠷ ᠰᠠᠷ᠎ᠠ᠎ᠳᠤ᠂ ᠠᠷᠠᠳ᠎ᠤᠨ ᠳᠡᠭᠡᠳᠦ ᠰᠢᠭᠦᠬᠦ ᠬᠤᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠡᠮᠴᠢᠯᠡᠭᠡᠨ᠎ᠤ ᠳᠠᠭ᠋ᠠᠳᠬᠠᠯ᠎ᠢ ᠮᠡᠬᠡᠯᠡᠨ ᠠᠪᠤᠭᠰᠠᠨ ᠡᠷᠡᠭᠦᠦ ᠵᠢᠨ ᠬᠡᠷᠡᠭ᠎ᠤᠳ᠎ᠢ ᠰᠢᠢ᠍ᠳᠪᠦᠷᠢᠯᠡᠬᠦ ᠠᠰᠠᠭᠤᠳᠠᠯ᠎ᠤᠳ᠎ᠤᠨ ᠲᠤᠬᠠᠶ ᠵᠢᠯᠣᠭᠤᠳᠬᠤ ᠰᠠᠨᠠᠯ》᠎ᠳᠤ ᠲᠣᠳᠣᠷᠬᠠᠶ ᠵᠢᠭ᠋ᠠᠵᠤ ᠭᠠᠷᠭ᠋ᠠᠭᠰᠠᠨ᠎ᠨᠢ᠄
ᠡᠮᠴᠢᠯᠡᠭᠡᠨ᠎ᠤ ᠳᠠᠭ᠋ᠠᠳᠬᠠᠯ᠎ᠤᠨ ᠳᠠᠭ᠋ᠠᠳᠬᠠᠯ᠎ᠢ ᠮᠡᠬᠡᠯᠡᠨ ᠠᠪᠤᠭᠰᠠᠨ ᠡᠮ᠎ᠤᠨ ᠵᠦᠢ᠍ᠯ ᠭᠡᠰᠡᠨ᠎ᠢ ᠮᠡᠳᠡᠵᠦ ᠪᠠᠢ᠌ᠭ᠋ᠠᠳ᠂ ᠬᠠᠤᠯᠢ ᠪᠤᠰᠤ᠎ᠪᠠᠷ ᠬᠤᠳᠠᠯᠳᠤᠨ ᠠᠪᠴᠤ᠂ ᠪᠣᠷᠣᠯᠠᠭᠤᠯᠤᠭᠰᠠᠨᠢ ᠶᠠᠯ᠎ᠠ ᠬᠢᠵᠦ ᠣᠯᠣᠭᠰᠠᠨ ᠵᠶ᠋ᠠᠨ ᠨᠢᠭᠤᠵᠤ ᠳᠠᠷᠤᠭᠰᠠᠨ ᠶᠠᠯ᠎ᠠ᠎ᠪᠠᠷ ᠰᠢᠢ᠍ᠳᠬᠡᠨ᠎ᠡ;
ᠪᠤᠰᠤᠳ᠎ᠢ ᠵᠢᠭ᠋ᠠᠨ ᠲᠤᠬᠢᠵᠤ ᠪᠠᠶ᠋ᠢᠭ᠋ᠠᠳ ᠡᠮᠴᠢᠯᠡᠭᠡᠨ᠎ᠤ ᠳᠠᠭ᠋ᠠᠳᠬᠠᠯ᠎ᠢ ᠠᠰᠢᠭᠯᠠᠨ ᠳᠠᠭ᠋ᠠᠳᠬᠠᠯ᠎ᠢ ᠮᠡᠬᠡᠯᠡᠨ ᠡᠮ᠎ᠤᠨ ᠵᠦᠢ᠍ᠯ ᠬᠤᠳᠠᠯᠳᠤᠨ ᠠᠪᠤᠭᠤᠯᠤᠭ᠋ᠠᠳ ᠬᠠᠤᠯᠢ ᠪᠤᠰᠤ᠎ᠪᠠᠷ ᠬᠤᠳᠠᠯᠳᠤᠨ ᠠᠪᠴᠤ᠂ ᠪᠣᠷᠣᠯᠠᠭᠤᠯᠤᠭᠰᠠᠨᠢ ᠬᠢᠬᠠᠨ ᠮᠡᠭᠡᠯᠡᠭᠰᠡᠨ ᠶᠠᠯ᠎ᠠ᠎ᠪᠠᠷ ᠰᠢᠢ᠍ᠳᠭᠡᠨ᠎ᠡ;
ᠳᠠᠭ᠋ᠠᠳᠬᠠᠯ᠎ᠳᠤ ᠣᠷᠣᠯᠴᠠᠭᠴᠢ ᠡᠮ᠎ᠤᠨ ᠵᠦᠢ᠍ᠯ᠎ᠢ ᠰᠢᠯᠵᠢᠭᠦᠯᠦᠨ ᠬᠤᠳᠠᠯᠳᠤᠪᠠᠯ ᠡᠮᠴᠢᠯᠡᠭᠡᠨ᠎ᠤ ᠳᠠᠭ᠋ᠠᠳᠬᠠᠯ᠎ᠢ ᠬᠡᠷᠡᠭᠯᠡᠵᠦ ᠪᠣᠯᠬᠤ ᠦᠭᠡᠢ ᠰᠢᠢ᠍ᠳᠬᠡᠯ᠎ᠳᠤ ᠲᠤᠯᠭ᠋ᠠᠷᠠᠵᠤ ᠮᠡᠳᠡᠬᠦ ᠪᠥᠭᠡᠳ ᠴᠢᠨᠠᠭᠰᠢᠯᠠᠪᠠᠯ ᠠᠳᠠᠯᠢᠬᠠᠨ ᠮᠡᠬᠡᠯᠡᠭᠰᠡᠨ ᠶᠠᠯ᠎ᠠ ᠪᠣᠯᠵᠤ ᠮᠡᠳᠡᠨ᠎ᠡ᠃
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠵᠤᠷᠭ᠋ᠠᠨ᠎ᠤ ᠬᠢᠨᠠᠨ ᠬᠠᠮᠢᠶᠠᠷᠬᠤ ᠬᠤᠶᠠᠳᠤᠭ᠋ᠠᠷ ᠭᠠᠵᠠᠷ᠎ᠤᠨ ᠳᠠᠷᠤᠭ᠎ᠠ ᠶᠠᠩ ᠯᠢᠩ ᠵᠢᠭ᠋ᠠᠵᠤ ᠭᠠᠷᠭ᠋ᠠᠭᠰᠠᠨ᠎ᠨᠢ᠂ ᠬᠤᠪᠢ ᠬᠥᠮᠦᠨ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠢ ᠠᠰᠢᠭᠯᠠᠨ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠮᠡᠬᠡᠯᠡᠨ ᠠᠪᠴᠤ᠂ ᠡᠮ᠎ᠤᠨ ᠵᠦᠢ᠍ᠯ᠎ᠢ ᠰᠢᠯᠵᠢᠭᠦᠯᠦᠨ ᠬᠤᠳᠠᠯᠳᠤᠭᠰᠠᠨ ᠪᠤᠶᠤ ᠬᠠᠤᠯᠢ ᠪᠤᠰᠤ᠎ᠪᠠᠷ ᠠᠰᠢᠭ ᠬᠦᠷᠲᠡᠭᠰᠡᠨ ᠪᠣᠯ᠂ ᠡᠮᠴᠢᠯᠡᠭᠡᠨ᠎ᠤ ᠳᠠᠭ᠋ᠠᠳᠬᠠᠯ᠎ᠤᠨ ᠰᠦᠯᠵᠢᠶ᠎ᠡ᠎ᠪᠠᠷ ᠳ᠋ᠦᠩᠨᠡᠨ ᠪᠤᠳᠤᠬᠤ ᠵᠢ 3᠎ᠠᠴᠠ 12 ᠰᠠᠷ᠎ᠠ ᠲᠦᠷ ᠵᠣᠭᠰᠣᠭ᠋ᠠᠬᠤ ᠵᠢᠨ ᠬᠠᠮᠲᠤ ᠳᠠᠭ᠋ᠠᠳᠬᠠᠯ᠎ᠢ ᠮᠡᠬᠡᠯᠡᠭᠰᠡᠨ ᠵᠣᠭᠤᠰ᠎ᠤᠨ ᠲᠤᠭ᠎ᠠ ᠵᠢᠨ 2᠎ᠠᠴᠠ 5 ᠳᠠᠬᠢᠨ ᠵᠣᠭᠤᠰ ᠵᠶ᠋ᠠᠷ ᠲᠣᠷᠭ᠋ᠠᠵᠤ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ ᠬᠢᠬᠠᠨ ᠮᠡᠬᠡᠯᠡᠭᠰᠡᠨ ᠶᠠᠯ᠎ᠠ ᠪᠣᠯᠵᠣ ᠮᠡᠳᠡᠨ᠎ᠡ᠃
ᠲᠦᠷᠦᠭᠦᠬᠡᠨ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠵᠢᠷᠭᠤᠭ᠋ᠠᠨ ᠰᠠᠯᠠᠭ᠎ᠠ ᠮᠥᠴᠢᠷ ᠬᠠᠮᠲᠤᠷᠠᠨ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯ᠎ᠢ ᠪᠠᠶ᠋ᠢᠷᠢᠯᠠᠭᠤᠯᠪᠠ᠃ ᠣᠯᠠᠨ ᠵᠶ᠋ᠠᠷ ᠵᠶ᠋ᠠᠨ ᠡᠢ᠌ᠮᠦᠷᠬᠦᠦ ᠠᠵᠢᠯᠯᠠᠭ᠎ᠠ ᠵᠢ ᠣᠯᠵᠤ ᠮᠡᠳᠡᠪᠡᠯ᠂ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ᠎ᠠᠴᠠ ᠳᠠᠭ᠋ᠠᠳᠬᠠᠯ᠎ᠢ ᠮᠡᠬᠡᠯᠡᠨ ᠠᠪᠬᠤ ᠠᠵᠢᠯᠯᠠᠭ᠎ᠠ᠎ᠳᠤ ᠴᠣᠬᠢᠯᠲᠠ ᠥᠭᠴᠦ ᠢᠯᠡᠴᠢᠯᠡᠨ ᠮᠡᠳᠡᠭᠦᠯᠬᠦ ᠤᠲᠠᠰᠤᠨ᠎ᠳᠤ ᠤᠲᠠᠰᠤᠳᠠᠬᠤ ᠪᠤᠶᠤ ᠲᠤᠬᠠᠶ ᠵᠢᠨ ᠭᠠᠵᠠᠷ᠎ᠤᠨ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠵᠦ᠂ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ᠎ᠠᠴᠠ ᠢᠯᠡᠴᠢᠯᠡᠨ ᠮᠡᠳᠡᠭᠦᠯᠦᠭᠰᠡᠨ ᠪᠠᠢ᠌ᠳᠠᠯ᠎ᠢ᠎ᠨᠢ ᠦᠵᠡᠵᠦ ᠪᠠᠢ᠌ᠭ᠋ᠠᠳ ᠬᠠᠮᠤᠭ᠎ᠤᠨ ᠥᠨᠳᠥᠷ᠎ᠲᠡᠭᠡᠨ 20 ᠲᠦᠮᠡᠨ ᠲᠥᠭᠦᠷᠢᠭ᠎ᠤᠨ ᠱᠠᠩᠨᠠᠯ ᠣᠯᠭᠤᠨ᠎ᠠ᠃
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠰᠠᠨᠠᠭᠤᠯᠬᠤ᠎ᠨᠢ᠄ ᠳᠠᠭ᠋ᠠᠳᠬᠠᠯ᠎ᠳᠤ ᠣᠷᠣᠯᠴᠠᠭᠰᠠᠳ ᠰᠣᠨᠣᠷ ᠰᠡᠷᠡᠮᠵᠢ᠎ᠪᠠᠨ ᠳᠡᠭᠡᠭᠰᠢᠯᠡᠭᠦᠯᠵᠦ᠂ ᠢᠷᠡᠯᠲᠡ᠎ᠨᠢ ᠲᠣᠳᠣᠷᠬᠠᠢ ᠦᠭᠡᠢ᠂ ᠪᠣᠭᠣᠳᠠᠯ᠎ᠨᠢ ᠡᠪᠳᠡᠷᠡᠭᠰᠡᠨ ᠡᠮ᠎ᠤᠨ ᠵᠦᠢ᠍ᠯ᠎ᠢ ᠬᠤᠳᠠᠯᠳᠤᠨ ᠠᠪᠴᠤ ᠪᠣᠯᠬᠤ ᠦᠭᠡᠢ᠂ ᠨᠡᠩ ᠴᠤ᠌ ᠭᠠᠷ᠎ᠲᠠᠬᠢ 《ᠠᠮᠢ ᠠᠪᠤᠷᠠᠬᠤ ᠡᠮ》 ᠵᠶ᠋ᠠᠨ ᠡᠮ᠎ᠤᠨ ᠫᠠᠨᠽᠠᠴᠢᠨ᠎ᠤ ᠬᠠᠤᠯᠢ ᠪᠤᠰᠤ᠎ᠪᠠᠷ ᠠᠰᠢᠭ ᠣᠯᠬᠤ ᠪᠠᠭ᠋ᠠᠵᠢ ᠪᠣᠯᠭ᠋ᠠᠵᠤ ᠪᠣᠯᠬᠤ ᠦᠭᠡᠢ᠃