ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠱᠢᠨᠬᠤᠸᠠ ᠬᠤᠷᠢᠶ᠎ᠠ ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢ ᠪᠦᠷᠢᠨᠱᠢᠬᠦᠯᠵᠦ᠍ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠤᠷᠢᠭ᠎ᠠ ᠱᠤᠭᠤᠮ᠎ᠢ ᠪᠠᠲᠤ ᠴᠣᠭ᠍ᠴᠠᠯᠠᠶ᠎ᠠ  ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶᠠᠨ᠎ᠤ ᠳᠠᠷᠤᠭ᠎ᠠ ᠵᠠᠩ ᠺᠧ᠎ᠳᠦ ᠰᠣᠷᠪᠣᠯᠵᠢᠯᠠᠭ᠎ᠠ ᠬᠢᠪᠡ
ᠨᠡᠶ᠋ᠢᠲᠡᠯᠡᠭᠰᠡᠨ ᠴᠠᠭ᠄ 2025-12-04

  ᠰᠢᠨᠬᠤᠸᠠ ᠬᠣᠷᠢᠶ᠎ᠠ ᠪᠠᠭᠡᠵᠢᠩ 12 ᠳ᠋ᠤᠭ᠋ᠠᠷ ᠰᠠᠷ᠎ᠠ᠎ᠶ᠋ᠢᠨ 3 ᠎ᠤ ᠡᠳᠦᠷ᠎ᠤᠨ ᠴᠠᠭᠢᠯᠭᠠᠨ ᠮᠡᠳᠡᠭᠡ  ᠰᠠᠲᠣᠪ᠄ ᠣᠯᠠᠨ ᠲᠠᠰ ᠲᠠᠪᠬᠣᠷᠭ᠎ᠠ᠎ᠶ᠋ᠢᠨ ᠡᠮᠴᠢᠯᠡᠭᠡᠨ᠎ᠤ ᠪᠠᠲᠣᠯᠠᠭ᠎ᠠ᠎ᠶ᠋ᠢᠨ ᠲᠣᠭᠲᠠᠯᠴᠠᠭ᠎ᠠ᠎ᠶᠢ ᠲᠠᠭᠦᠯᠲᠠᠷᠵᠢᠭᠦᠯᠵᠤ᠂ ᠠᠷᠠᠣᠠ᠎ᠤᠨ ᠠᠮᠢᠲᠣᠷᠠᠯ᠎ᠤᠨ ᠪᠠᠲᠣᠯᠠᠭ᠎ᠠ᠎ᠶ᠋ᠢᠨ ᠬᠣᠷᠢᠭ᠎ᠠ ᠱᠣᠭᠣᠮ᠎ᠢ ᠪᠠᠲᠤ ᠴᠣᠭ᠍ᠴᠠᠯᠠᠶ᠎ᠠ  ᠤᠯᠤᠰ᠎ᠤᠨ ᠡᠮᠴᠢᠯᠡᠭᠡᠨ᠎ᠤ ᠪᠠᠲᠣᠯᠠᠭ᠎ᠠ᠎ᠶ᠋ᠢᠨ ᠳᠣᠪᠴᠢᠶᠠᠨ᠎ᠤ ᠲᠠᠷᠣᠭ᠎ᠠ ᠵᠠᠩ ᠺᠧ᠎ᠳᠤ ᠰᠣᠷᠪᠣᠯᠵᠢᠯᠠᠭ᠎ᠠ ᠬᠢᠪᠡ

  ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠫᠧᠩ ᠶᠦᠨ ᠵᠢᠶᠠ

  ᠡᠮᠴᠢᠯᠡᠭᠡᠨ᠎ᠤ ᠳᠠᠭ᠋ᠠᠳᠬᠠᠯ᠂ ᠳᠠᠭ᠋ᠠᠳᠬᠠᠯ᠎ᠳᠤ ᠣᠷᠣᠯᠴᠠᠭ᠍ᠴᠢ ᠨᠢᠭᠡ ᠪᠦᠷᠢ᠎ᠶ᠋ᠢᠨ ᠠᠱᠢᠭ ᠲᠤᠰᠠ᠎ᠳᠤ ᠬᠣᠯᠪᠣᠭ᠍ᠳᠠᠨ᠎ᠠ᠃ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠠᠴᠠ ᠬᠢᠨᠠᠨ ᠶᠠᠷᠢᠯᠴᠠᠵᠤ ᠪᠠᠲᠤᠯᠠᠭ᠍ᠰᠠᠨ 《 ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ 》 ( ᠳᠣᠷᠣᠭ᠍ᠰᠢ 《 ᠰᠠᠨᠠᠭᠤᠯᠭ᠎ᠠ 》 ᠭᠡᠵᠦ᠍ ᠲᠣᠪᠴᠢᠯᠠᠨ᠎ᠠ )᠎ᠳᠤ᠂ 《 ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢ ᠪᠦᠷᠢᠨᠱᠢᠭᠦᠯᠬᠦ᠌ 》᠂ 《 ᠦᠨᠳᠦᠰᠦᠨ ᠡᠮᠴᠢᠯᠡᠭᠡᠨ᠎ᠤ ᠳᠠᠭᠠᠳᠭᠠᠯ᠎ᠢ ᠮᠤᠵᠢ᠎ᠶ᠋ᠢᠨ ᠱᠠᠲᠤᠨ᠎ᠠᠴᠠ ᠨᠢᠭᠡᠳᠦᠯᠲᠡᠶ ᠲᠥᠯᠥᠪᠯᠡᠬᠦ᠌᠎ᠶ᠋ᠢ ᠠᠬᠢᠭᠤᠯᠬᠤ 》 ᠵᠡᠷᠭᠡ ᠱᠢᠷᠢᠰ ᠪᠠᠢᠷᠢᠯᠠᠭᠤᠯᠤᠯᠲᠠ᠎ᠶ᠋ᠢ ᠳᠤᠷᠠᠳᠤᠨ ᠭᠠᠷᠭᠠᠪᠠ᠃

  ᠤᠯᠠᠨ ᠲᠡᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢ ᠬᠡᠷᠬᠢᠨ ᠲᠡᠭᠦᠯᠳᠡᠷᠵᠢᠭᠦᠯᠬᠦ᠌ ᠪᠤᠢ ? ᠡᠮᠴᠢᠯᠡᠭᠡᠨ᠎ᠤ ᠳᠠᠭᠠᠳᠭᠠᠯ᠎ᠤᠨ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠬᠡᠷᠬᠢᠨ ᠤᠯᠠᠨ ᠲᠦᠮᠡᠨ᠎ᠤ ᠡᠷᠡᠭᠦᠯ ᠮᠡᠨᠳᠦ᠍᠎ᠳᠤ ᠨᠡᠩ ᠰᠠᠢᠨ ᠬᠦᠷᠲᠡᠭᠡᠬᠦ᠌ ᠪᠣᠶ? ᠰᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠤᠯᠤᠰ᠎ᠤᠨ ᠡᠮᠴᠢᠯᠡᠭᠡᠨ᠎ᠤ ᠪᠠᠲᠣᠯᠠᠭ᠎ᠠ᠎ᠶ᠋ᠢᠨ ᠲᠣᠪᠴᠢᠶᠠᠨ᠎ᠤ ᠳᠠᠷᠤᠭ᠎ᠠ ᠵᠠᠩ ᠺᠧ᠎ᠳᠤ ᠲᠤᠰᠭᠠᠢ ᠰᠣᠷᠪᠣᠯᠵᠢᠯᠠᠭ᠎ᠠ ᠬᠢᠪᠡ᠃

  ᠡᠪᠡᠳᠴᠢᠨ ᠦᠵᠡᠭᠦᠯᠬᠦ᠌᠎ᠳᠦ ᠬᠦᠴᠢᠷᠲᠡᠢ᠂ ᠡᠪᠡᠳᠴᠢᠨ ᠦᠵᠡᠭᠦᠯᠬᠦ᠌᠎ᠳᠦ ᠦᠨᠡᠲᠡᠢ ᠪᠠᠢᠬᠤ ᠠᠰᠠᠭᠤᠳᠠᠯ᠎ᠢ ᠱᠢᠢᠳᠪᠦᠷᠢᠯᠡᠬᠦ᠌ ᠠᠵᠢᠯ ᠱᠢᠪᠲᠤᠯᠤᠯᠲᠠ᠎ᠶ᠋ᠢᠨ ᠴᠢᠨᠠᠷᠲᠠᠢ ᠠᠬᠢᠴᠠ᠎ᠲᠠᠢ ᠪᠣᠯᠪᠠ

  ᠠᠰᠠᠭᠤᠯᠲᠠ᠄ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠲᠦᠷᠢᠮ᠎ᠤᠨ ᠥᠭᠡᠷᠡᠴᠢᠯᠡᠯᠲᠡ ᠬᠡᠷᠬᠢᠨ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠎ᠢ ᠳᠡᠭᠡᠭ᠌ᠰᠢᠯᠡᠭᠦᠯᠬᠦ᠌ ᠪᠣᠶ?

  ᠬᠠᠷᠢᠭᠤᠯᠲᠠ᠄ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭ᠋ᠠᠰᠢ᠂ ᠪᠥᠬᠦ᠌ ᠠᠷᠠᠳ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠦᠷᠢᠮ᠎ᠤᠨ ᠥᠭᠡᠷᠡᠴᠢᠯᠡᠯᠲᠡ ᠦᠷᠭᠦᠯᠵᠢᠯᠡᠨ ᠠᠬᠢᠵᠤ᠂ ᠳᠠᠭᠠᠳᠭᠠᠯ᠎ᠳᠤ ᠣᠷᠣᠯᠴᠠᠭ᠍ᠰᠠᠨ ᠶᠠᠰᠤ ᠴᠢᠨᠠᠷ ᠢᠯᠡᠳᠲᠡ ᠳᠡᠭᠡᠭ᠌ᠰᠢᠯᠡᠵᠦ᠍᠂ ᠠᠷᠠᠳ ᠣᠯᠠᠨ᠎ᠤ ᠡᠮᠴᠢᠯᠡᠭᠡᠨ᠎ᠤ ᠳᠠᠭᠠᠳᠭᠠᠯ᠎ᠤᠨ ᠬᠦᠷᠲᠡᠮᠵᠢ᠎ᠶ᠋ᠢᠨ ᠲᠥᠷᠥᠭ᠌ᠳᠡᠯ ᠢᠯᠡᠳᠲᠡ ᠳᠡᠭᠡᠭ᠌ᠰᠢᠯᠡᠪᠡ᠃

  ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ 《1 + 3 + N》 ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠦᠨᠳᠦᠰᠦᠨ ᠡᠮᠴᠢᠯᠡᠭᠡᠨ᠎ᠤ ᠳᠠᠭᠠᠳᠭᠠᠯ᠂ ᠬᠦᠨᠳᠦ ᠡᠪᠡᠳᠴᠢᠨ᠎ᠤ ᠳᠠᠭᠠᠳᠭᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ᠎ᠶ᠋ᠢᠨ ᠭᠤᠷᠪᠠᠨ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠦᠷᠢᠮ᠎ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭ᠌ᠰᠢᠯᠡᠭᠦᠯᠪᠡ᠃ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭᠠᠳᠭᠠᠯ᠂ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ ᠳᠣᠲᠣᠷᠠᠬᠢ ᠡᠮᠨᠡᠯᠭᠡ᠎ᠳᠦ ᠰᠠᠭᠤᠭ᠍ᠰᠠᠨ ᠵᠠᠷᠤᠳᠠᠯ᠎ᠤᠨ ᠳᠠᠩᠰᠠ ᠲᠠᠢᠯᠬᠤ ᠬᠠᠷᠢᠴᠠᠯ᠎ᠢ ᠲᠤᠰ ᠲᠤᠰ 80% ᠪᠠ 70% ᠣᠷᠴᠢᠮ᠎ᠳᠤ ᠬᠦᠷᠦᠭᠦᠯᠵᠦ᠍᠂ ᠡᠩ᠎ᠦᠨ ᠡᠭᠦᠳᠡᠨ ᠡᠮᠨᠡᠯᠭᠡ᠎ᠶ᠋ᠢᠨ ᠨᠢᠭᠡᠳᠦᠯᠲᠡᠶ ᠲᠥᠯᠥᠪᠯᠡᠬᠦ᠌ ᠪᠠ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠡᠪᠡᠳᠴᠢᠨ᠂ ᠣᠨᠴᠠᠭ᠋ᠠᠢ ᠡᠪᠡᠳᠴᠢᠨ ᠡᠮᠭᠡᠭ᠎ᠦᠨ ᠪᠠᠲᠤᠯᠠᠭ᠎ᠠ᠎ᠶ᠋ᠢ ᠨᠡᠢᠳᠡᠮ ᠥᠷᠨᠢᠭᠦᠯᠵᠦ᠍᠂ ᠳᠠᠭᠠᠳᠭᠠᠯ᠎ᠳᠤ ᠣᠷᠣᠯᠴᠠᠭ᠍ᠰᠠᠳ᠎ᠤᠨ ᠡᠭᠦᠳᠡᠨ ᠡᠮᠨᠡᠯᠭᠡ᠎ᠶ᠋ᠢᠨ ᠡᠮᠴᠢᠯᠡᠭᠡᠨ᠎ᠤ ᠵᠠᠷᠤᠳᠠᠯ᠎ᠤᠨ ᠳᠠᠷᠤᠭᠠᠰᠤ᠎ᠶ᠋ᠢ ᠬᠥᠩᠭᠡᠷᠡᠭᠦᠯᠪᠡ᠃ ᠬᠦᠨᠳᠦ ᠡᠪᠡᠳᠴᠢᠨ᠎ᠤ ᠳᠠᠭᠠᠳᠭᠠᠯ᠎ᠤᠨ ᠳᠠᠷᠤᠭᠠᠰᠤ᠎ᠶ᠋ᠢ ᠤᠯᠠᠮ ᠨᠢᠭᠡ ᠠᠯᠬᠤᠮ ᠬᠥᠩᠭᠡᠷᠡᠭᠦᠯᠵᠦ᠍᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠬᠦᠨᠳᠦ ᠡᠪᠡᠳᠴᠢᠨ᠎ᠤ ᠳᠠᠭᠠᠳᠭᠠᠯ᠎ᠤᠨ ᠪᠠᠲᠤᠯᠠᠭ᠎ᠠ᠎ᠶ᠋ᠢᠨ ᠬᠢᠷᠢ ᠲᠦᠪᠱᠢᠨ᠎ᠢ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠰᠠᠭᠤᠷᠢᠨ ᠳᠡᠭᠡᠷ᠎ᠡ 10 ᠎ᠠᠴᠠ 15 ᠵᠠᠭᠤᠨ᠎ᠤ ᠴᠡᠭ ᠪᠣᠯᠭᠠᠨ ᠳᠡᠭᠡᠭᠰᠢᠯᠡᠭᠦᠯᠪᠡ᠃ ᠨᠢᠭᠡᠳᠦᠯᠲᠡᠢ ᠵᠢᠷᠤᠮᠵᠢᠭ᠍ᠰᠠᠨ ᠡᠮᠴᠢᠯᠡᠭᠡᠨ᠎ᠤ ᠠᠪᠤᠷᠠᠨ ᠲᠤᠰᠠᠯᠠᠬᠤ ᠳᠦᠷᠢᠮ᠎ᠢ ᠲᠡᠭᠦᠯᠳᠡᠷᠵᠢᠭᠦᠯᠪᠡ᠃ 

  《 ᠳᠠᠷᠤᠭᠠᠰᠤ᠎ᠶ᠋ᠢ ᠬᠥᠩᠭᠡᠷᠡᠭᠦᠯᠬᠦ᠂ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠠᠷᠠᠳ᠎ᠲᠤ ᠲᠥᠬᠦᠮ ᠦᠵᠡᠭᠦᠯᠬᠦ᠌ 》᠎ᠪᠠᠷ ᠤᠳᠤᠷᠢᠳᠤᠮᠵᠢ ᠪᠣᠯᠭᠠᠵᠤ᠂ ᠣᠯᠠᠨ ᠠᠷᠭ᠎ᠠ ᠬᠡᠮᠵᠢᠶ᠎ᠡ᠎ᠪᠠᠷ ᠪᠣᠳᠠᠲᠤ ᠦᠷ᠎ᠡ ᠪᠦᠲᠦᠮᠵᠢ᠎ᠶ᠋ᠢ ᠪᠠᠲᠤᠯᠠᠬᠤ᠎ᠶ᠋ᠢ ᠴᠢᠩᠭᠠᠳᠭᠠᠪᠠ᠃  《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢᠨ ᠵᠠᠷᠤᠯᠭ᠎ᠠ ᠨᠡᠢᠲᠡ 13 ᠲᠦᠮᠡᠨ ᠳ᠋ᠦᠩᠱᠢᠭᠤᠷ ᠲᠥᠭᠦᠷᠢᠭ᠎ᠢ ᠳᠠᠪᠠᠵᠤ᠂ 200 ᠳ᠋ᠦᠩᠱᠢᠭᠤᠷ ᠱᠢᠬᠠᠮ ᠡᠪᠡᠳᠴᠢᠨ ᠦᠵᠡᠭᠦᠯᠦᠭᠰᠡᠨ ᠬᠥᠮᠦᠨ ᠤᠳᠠᠭ᠎ᠠ᠎ᠳᠤ ᠠᠱᠢᠭ ᠬᠦᠷᠲᠡᠭᠡᠪᠡ; ᠲᠥᠪᠯᠡᠷᠡᠭᠦᠯᠦᠨ ᠬᠤᠳᠠᠯᠳᠤᠨ ᠠᠪᠬᠤ᠂ ᠭᠠᠷᠴᠠᠭ᠎ᠲᠤ ᠵᠥᠪᠱᠢᠶᠡᠷᠡᠨ ᠣᠷᠣᠭᠤᠯᠬᠤ ᠬᠡᠯᠡᠯᠴᠡᠭᠡᠷ᠂ ᠥᠭᠬᠦ ᠠᠷᠭ᠎ᠠ ᠮᠠᠶᠢᠭ᠎ᠤᠨ ᠥᠭᠡᠷᠡᠴᠢᠯᠡᠯᠲᠡ᠂ ᠦᠨ᠎ᠡ ᠬᠠᠩᠰᠢ᠎ᠶ᠋ᠢᠨ ᠬᠠᠮᠢᠶᠠᠷᠤᠯᠲᠠ ᠵᠡᠷᠭᠡ ᠠᠷᠭ᠎ᠠ ᠪᠠᠷᠢᠯ᠎ᠢᠶᠠᠷ ᠳᠠᠮᠵᠢᠭᠤᠯᠤᠨ᠂ ᠡᠮᠴᠢᠯᠡᠭᠡᠨ᠎ᠤ ᠵᠠᠷᠤᠳᠠᠯ᠎ᠢ ᠵᠦᠶ ᠵᠣᠬᠢᠰᠲᠠᠶ ᠪᠤᠴᠠᠭᠠᠬᠤ᠎ᠶ᠋ᠢ ᠠᠬᠢᠭᠤᠯᠵᠤ᠂ ᠣᠯᠠᠨ ᠲᠦᠮᠡᠨ᠎ᠢ  《 ᠬᠢᠯᠢᠰ ᠵᠣᠭᠤᠰ 》᠎ᠢ ᠳᠤᠲᠠᠭᠤ ᠵᠠᠷᠤᠴᠠᠭᠤᠯᠪᠠ; 7 ᠵᠢᠯ᠎ᠤᠨ ᠲᠤᠷᠰᠢ᠂ 835 ᠲᠥᠷᠥᠯ᠎ᠤᠨ ᠡᠮ᠎ᠤᠨ ᠵᠦᠢᠯ᠎ᠢ ᠡᠮᠴᠢᠯᠡᠭᠡᠨ᠎ᠤ ᠳᠠᠭᠠᠳᠭᠠᠯ᠎ᠤᠨ ᠥᠭᠬᠦ ᠬᠡᠪᠴᠢᠶᠡᠨ᠎ᠳᠤ ᠱᠢᠨ᠎ᠡ᠎ᠪᠠᠷ ᠣᠷᠣᠭᠤᠯᠵᠤ᠂ ᠡᠭᠦᠨ᠎ᠳᠤ ᠱᠢᠨ᠎ᠡ᠎ᠶ᠋ᠢ ᠡᠭᠦᠳᠦᠭ᠌ᠰᠡᠨ ᠡᠮ 149 ᠲᠥᠷᠥᠯ ᠪᠠᠢᠵᠤ᠂ ᠪᠠᠷᠤᠭ 80% ᠎ᠶ᠋ᠢᠨ ᠱᠢᠨ᠎ᠡ᠎ᠶ᠋ᠢ ᠡᠭᠦᠳᠦᠭ᠌ᠰᠡᠨ ᠡᠮ᠎ᠢ ᠵᠠᠬ᠎ᠠ ᠳᠡᠯᠭᠡᠭᠦᠷ᠎ᠲᠤ ᠭᠠᠷᠭᠠᠭ᠍ᠰᠠᠨ᠎ᠤ ᠳᠠᠷᠠᠭᠠᠬᠢ ᠬᠤᠶᠠᠷ ᠵᠢᠯ᠎ᠤᠨ ᠳᠣᠲᠣᠷ᠎ᠠ ᠡᠮᠴᠢᠯᠡᠭᠡᠨ᠎ᠤ ᠳᠠᠭᠠᠳᠭᠠᠯ᠎ᠤᠨ ᠭᠠᠷᠴᠠᠭ᠎ᠲᠤ ᠣᠷᠣᠭᠤᠯᠪᠠ; ᠶᠠᠪᠤᠴᠠ᠎ᠶᠢ ᠰᠢᠯᠢᠳᠡᠭᠵᠢᠭᠦᠯᠵᠦ᠂ ᠦᠢᠯᠡᠴᠢᠯᠡᠭᠡ᠎ᠶ᠋ᠢ ᠴᠢᠩᠭᠠᠷᠠᠭᠤᠯᠤᠨ᠂ ᠨᠠᠩ ᠣᠯᠠᠨ ᠵᠦᠢᠯᠡᠰ᠎ᠢ ᠰᠦᠯᠵᠢᠶᠡᠨ ᠳᠡᠭᠡᠷ᠎ᠡ ᠭᠦᠢᠴᠡᠳᠭᠡᠬᠦ᠌᠎ᠶ᠋ᠢ ᠪᠡᠶᠡᠯᠡᠭᠦᠯᠪᠡ᠃

  ᠡᠮᠴᠢᠯᠡᠭᠡᠨ᠎ᠤ ᠦᠢᠯᠡᠰ ᠬᠢᠭᠡᠳ ᠡᠮᠴᠢᠯᠡᠭᠡᠨ᠎ᠤ ᠠᠵᠤ ᠦᠢᠯᠡᠰ᠎ᠤᠨ ᠬᠤᠣᠰ ᠳᠡᠰ ᠳᠡᠪᠱᠢᠬᠦ᠌᠎ᠶ᠋ᠢ ᠠᠬᠢᠭᠤᠯᠬᠤ ᠪᠣᠯ ᠠᠯᠤᠰ ᠬᠡᠳᠦ᠍᠎ᠶ᠋ᠢᠨ ᠪᠠᠲᠤᠯᠠᠭ᠎ᠠ ᠪᠣᠯᠤᠨ᠎ᠠ᠃ ᠵᠢᠯ ᠪᠦᠷᠢ ᠬᠡᠳᠦᠨ ᠲᠦᠮᠡᠨ ᠳ᠋ᠦᠩᠱᠢᠭᠤᠷ ᠲᠥᠭᠦᠷᠢᠭ᠎ᠤᠨ ᠡᠮᠴᠢᠯᠡᠭᠡᠨ᠎ᠤ ᠳᠠᠭᠠᠳᠭᠠᠯ᠎ᠤᠨ ᠪᠡᠯᠡ ᠮᠥᠩᠭᠦ᠎ᠪᠠᠷ ᠡᠮᠴᠢᠯᠡᠭᠡᠨ᠎ᠤ ᠦᠢᠯᠡᠰ᠎ᠲᠤ ᠬᠥᠳᠡᠯᠭᠡᠬᠦ᠌ ᠬᠦᠴᠦᠨ ᠨᠡᠮᠡᠷᠢᠯᠡᠵᠦ᠍᠂ ᠡᠪᠡᠳᠴᠢᠲᠡᠨ᠎ᠤ ᠡᠪᠡᠳᠴᠢᠨ ᠦᠵᠡᠭᠦᠯᠬᠦ᠌᠎ᠶ᠋ᠢ ᠪᠠᠲᠤᠯᠠᠭ᠍ᠰᠠᠨ ᠮᠥᠷᠲᠡᠭᠡᠨ ᠪᠠᠰᠠ ᠡᠮᠴᠢᠯᠡᠭᠡᠨ᠎ᠤ ᠪᠠᠢᠭᠤᠯᠤᠮᠵᠢ᠎ᠶ᠋ᠢᠨ ᠬᠥᠭ᠌ᠵᠢᠯᠲᠡ᠎ᠶ᠋ᠢᠨ ᠴᠢᠬᠤᠯᠠ ᠲᠤᠯᠭᠠᠭᠤᠷᠢᠯᠠᠯ ᠪᠣᠯᠤᠭ᠍ᠰᠠᠨ ᠪᠥᠭᠡᠳ ᠪᠠᠢᠯᠳᠤᠬᠤ ᠪᠤᠳᠤᠯᠭ᠎ᠠ᠎ᠪᠠᠷ ᠬᠤᠳᠠᠯᠳᠤᠨ ᠠᠪᠬᠤ᠎ᠪᠠᠷ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠬᠠᠩᠭᠠᠯᠭ᠎ᠠ᠎ᠶ᠋ᠢᠨ ᠲᠠᠯ᠎ᠠ᠎ᠶ᠋ᠢᠨ ᠭᠦᠨ ᠳᠠᠪᠬᠤᠷᠭ᠎ᠠ᠎ᠶ᠋ᠢᠨ ᠥᠭᠡᠷᠡᠴᠢᠯᠡᠯᠲᠡ᠎ᠶ᠋ᠢ ᠪᠦᠲᠦᠮᠵᠢᠲᠡᠢ ᠲᠠᠢᠴᠢᠯᠠᠵᠠᠢ; ᠵᠠᠷᠤᠯᠭ᠎ᠠ᠎ᠶ᠋ᠢᠨ ᠴᠢᠭ᠌ᠯᠡᠯ ᠪᠠ ᠪᠦᠲᠦᠴᠡ᠎ᠶ᠋ᠢ ᠱᠢᠯᠢᠳᠡᠭ᠌ᠵᠢᠭᠦᠯᠬᠦ᠌᠎ᠪᠠᠷ ᠳᠠᠮᠵᠢᠭᠤᠯᠤᠨ᠂ ᠱᠢᠨ᠎ᠡ᠎ᠶ᠋ᠢ ᠡᠭᠦᠳᠦᠭ᠌ᠰᠡᠨ ᠡᠮ᠂ ᠡᠮᠴᠢᠯᠡᠭᠡᠨ᠎ᠤ ᠪᠠᠭᠠᠵᠢ ᠬᠡᠷᠡᠭ᠌ᠰᠡᠯ ᠪᠠ ᠦᠢᠯᠡᠴᠢᠯᠡᠭᠡᠨ᠎ᠤ ᠲᠥᠷᠥᠯ ᠵᠦᠢᠯ᠎ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠵᠤ᠂ ᠡᠮᠴᠢᠯᠡᠭᠡᠨ᠎ᠤ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠳᠤ ᠭᠠᠷᠬᠤ᠎ᠳᠤ ᠬᠦᠴᠦᠨ ᠨᠡᠮᠡᠷᠢᠯᠡᠵᠦ᠍᠂ ᠣᠯᠠᠨ ᠲᠦᠮᠡᠨ᠎ᠳᠤ ᠡᠮᠴᠢᠯᠡᠭᠡᠨ᠎ᠤ ᠦᠷᠭᠦᠯᠵᠢᠯᠡᠭ᠌ᠰᠡᠨ᠂ ᠴᠢᠨᠠᠷ ᠰᠠᠢᠲᠠᠶ ᠦᠢᠯᠡᠴᠢᠯᠡᠭᠡᠨ᠎ᠤ ᠬᠠᠩᠭᠠᠯᠭ᠎ᠠ᠎ᠶ᠋ᠢ ᠬᠠᠩᠭ᠋ᠠᠪᠠ᠃

  ᠲᠠᠪᠤᠨ ᠵᠢᠯ᠎ᠦᠨ ᠴᠢᠷᠮᠠᠢᠯᠭ᠎ᠠ᠎ᠪᠠᠷ ᠳᠠᠮᠵᠢᠭᠠᠳ᠂ ᠮᠠᠨ᠎ᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠳᠦᠷᠢᠮ ᠨᠡᠩ ᠪᠣᠯᠪᠠᠰᠤᠷᠠᠩᠭᠤᠶ ᠪᠣᠯᠵᠠᠢ᠃ ᠬᠠᠷᠠᠭ᠋ᠠᠯᠵᠠᠯ᠎ᠤᠨ ᠪᠠᠲᠤᠯᠠᠭ᠎ᠠ᠂ ᠪᠡᠯᠡ ᠬᠤᠷᠠᠮᠳᠤᠭᠤᠯᠬᠤ ᠠᠵᠢᠯᠯᠠᠭ᠎ᠠ᠂ ᠡᠮᠴᠢᠯᠡᠭᠡᠨ᠎ᠤ ᠳᠠᠭᠠᠳᠭᠠᠯ᠎ᠤᠨ ᠥᠭᠬᠦ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ ᠵᠡᠷᠭᠡ ᠴᠢᠬᠤᠯᠠ ᠲᠣᠭ᠍ᠲᠠᠴᠠ ᠵᠢᠴᠢ ᠡᠮᠴᠢᠯᠡᠭᠡᠨ᠎ᠤ ᠦᠢᠯᠡᠴᠢᠯᠡᠭᠡᠨ᠎ᠤ ᠬᠠᠩᠭᠠᠯᠭ᠎ᠠ᠂ ᠡᠮᠴᠢᠯᠡᠭᠡᠨ᠎ᠤ ᠳᠠᠭᠠᠳᠭᠠᠯ᠎ᠤᠨ ᠬᠠᠮᠢᠶᠠᠷᠤᠯᠲᠠ᠎ᠶ᠋ᠢᠨ ᠦᠢᠯᠡᠴᠢᠯᠡᠭᠡ ᠵᠡᠷᠭᠡ ᠵᠠᠩᠭᠢᠯᠠᠭ᠎ᠠ᠎ᠶ᠋ᠢᠨ ᠬᠦᠷᠢᠶᠡᠨ᠎ᠤ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠦᠨᠳᠦᠰᠦᠨ᠎ᠳᠦ᠎ᠪᠡᠨ ᠪᠡᠶᠡᠯᠡᠭᠦᠯᠵᠦ᠍᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠪᠡ᠃

   《 ᠠᠷᠪᠠᠨ ᠲᠠᠪᠤᠳᠤᠭᠠᠷ ᠲᠠᠪᠤᠨ ᠵᠢᠯ 》᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ᠎ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠯᠡᠨ᠎ᠡ᠃

  ᠠᠰᠠᠭᠤᠯᠲᠠ᠄ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢ  《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢᠨ ᠠᠵᠢᠯ᠎ᠯᠤᠭ᠎ᠠ ᠵᠣᠯᠭᠠᠭᠤᠯᠬᠤ ᠪᠠ ᠠᠬᠢᠭᠤᠯᠬᠤ᠎ᠶ᠋ᠢ ᠬᠡᠷᠬᠢᠨ ᠰᠠᠢᠲᠤᠷ ᠬᠢᠬᠦ᠌ ᠪᠣᠶ?

  ᠬᠠᠷᠢᠭᠤᠯᠲᠠ᠄ ᠬᠥᠮᠦᠨ ᠠᠮᠠ᠎ᠶ᠋ᠢᠨ ᠪᠦᠲᠦᠴᠡ᠎ᠶ᠋ᠢᠨ ᠬᠤᠪᠢᠷᠠᠯᠲᠠ᠂ ᠣᠯᠠᠨ ᠲᠦᠮᠡᠨ᠎ᠤ ᠡᠪᠡᠳᠴᠢᠨ ᠦᠵᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠦᠷᠭᠦᠯᠵᠢᠯᠡᠨ ᠪᠠᠳᠠᠷᠠᠭᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠥᠭ᠌ᠵᠢᠯᠲᠡ ᠡᠳᠦᠷ᠎ᠠᠴᠠ ᠡᠳᠦᠷ ᠱᠢᠨᠡᠳᠴᠦ᠍ ᠪᠠᠢᠭ᠎ᠠ ᠵᠡᠷᠭᠡ ᠱᠢᠨ᠎ᠡ ᠪᠠᠢᠳᠠᠯ᠎ᠤᠨ ᠡᠮᠦᠨ᠎ᠡ᠂ ᠪᠢᠳᠡ ᠳᠥᠷᠪᠡᠨ ᠲᠠᠯ᠎ᠠ᠎ᠪᠠᠷ ᠡᠮᠴᠢᠯᠡᠭᠡᠨ᠎ᠤ ᠳᠠᠭᠠᠳᠭᠠᠯ᠎ᠤᠨ ᠦᠢᠯᠡᠰ᠎ᠤᠨ ᠦᠷᠭᠦᠯᠵᠢᠯᠡᠨ ᠬᠥᠭ᠌ᠵᠢᠬᠦ᠌᠎ᠶ᠋ᠢ ᠠᠬᠢᠭᠤᠯᠤᠨ᠎ᠠ᠃

  ᠨᠢᠭᠡ᠎ᠳᠤ᠂ ᠲᠣᠭᠲᠠᠯᠴᠠᠭ᠎ᠠ᠎ᠶᠢ ᠴᠢᠩᠭᠠᠳᠭᠠᠬᠤ᠂ ᠳᠤᠲᠠᠭᠤᠳᠠᠯ᠎ᠢ ᠨᠥᠬᠦᠪᠥᠷᠢᠯᠡᠬᠦ᠌᠎ᠶ᠋ᠢ ᠨᠡᠩ ᠴᠢᠬᠤᠯᠠᠴᠢᠯᠠᠨ᠎ᠠ᠃ 《 1 + 3 + N》 ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢ ᠪᠠᠢᠭᠤᠯᠬᠤ᠎ᠶ᠋ᠢᠨ ᠲᠣᠭᠤᠷᠢᠨ᠎ᠳᠤ᠂ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠲᠦᠷᠢᠮ᠎ᠢ ᠲᠡᠭᠦᠯᠳᠡᠷᠵᠢᠭᠦᠯᠦᠨ᠂ ᠠᠮᠢᠳᠤᠯᠢᠭ᠎ᠢᠶᠠᠷ ᠠᠵᠢᠯ ᠣᠯᠤᠭ᠍ᠰᠠᠳ᠂ ᠱᠢᠨ᠎ᠡ ᠠᠵᠢᠯ ᠤᠯᠬᠤ ᠬᠡᠯᠪᠡᠷᠢ᠎ᠶ᠋ᠢᠨ ᠬᠥᠮᠦᠰ᠎ᠤᠨ ᠦᠨᠳᠦᠰᠦᠨ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠬᠤ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠦᠨ᠎ᠡ᠃ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠤᠨ ᠪᠡᠯᠡ ᠮᠥᠩᠭᠥ᠌ ᠴᠤᠭ᠍ᠯᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠪᠡᠯᠡ ᠮᠥᠩᠭᠥ᠌ ᠴᠤᠭ᠍ᠯᠠᠭᠤᠯᠬᠤ ᠠᠷᠭ᠎ᠠ ᠵᠠᠮ᠎ᠢ ᠥᠷᠭᠡᠳᠭᠡᠵᠦ᠍᠂ ᠨᠢᠭᠦᠯᠡᠰᠦᠩᠭᠦᠶ᠎ᠶ᠋ᠢᠨ ᠦᠢᠯᠡᠰ ᠵᠡᠷᠭᠡ ᠨᠡᠢᠭᠡᠮ᠎ᠦᠨ ᠬᠦᠴᠦᠨ ᠎ᠢ ᠬᠥᠲᠥᠯᠥᠨ ᠵᠢᠯᠣᠭᠣᠳᠴᠤ᠌ ᠪᠠᠢᠭᠠᠳ ᠡᠮᠴᠢᠯᠡᠭᠡᠨ᠎ᠤ ᠠᠪᠤᠷᠠᠨ ᠲᠤᠰᠠᠯᠠᠬᠤ᠎ᠳᠤ ᠣᠷᠣᠯᠴᠠᠭᠤᠯᠬᠤ ᠬᠡᠷᠡᠭ᠌ᠲᠡᠶ᠃ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠬᠥᠭ᠌ᠵᠢᠯᠲᠡ᠎ᠶ᠋ᠢ ᠢᠳᠡᠪᠬᠢᠲᠡᠢ ᠠᠬᠢᠭᠤᠯᠤᠨ᠎ᠠ᠃ ᠬᠥᠩᠭᠡᠵᠢᠬᠦ᠌᠎ᠶ᠋ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠵᠤ᠂ ᠦᠷᠡᠵᠢᠯ᠎ᠤᠨ ᠳᠠᠭᠠᠳᠭᠠᠯ᠎ᠤᠨ ᠲᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠳᠠᠭᠠᠳᠭᠠᠯ᠎ᠳᠤ ᠣᠷᠣᠯᠴᠠᠭ᠍ᠰᠠᠳ᠎ᠤᠨ ᠦᠷᠡᠵᠢᠯ᠎ᠤᠨ ᠡᠮᠴᠢᠯᠡᠭᠡᠨ᠎ᠤ ᠵᠠᠷᠤᠳᠠᠯ᠎ᠤᠨ ᠳᠠᠷᠤᠭᠠᠰᠤ᠎ᠶ᠋ᠢ ᠬᠦᠴᠦᠯᠡᠨ ᠬᠥᠩᠭᠡᠷᠡᠭᠦᠯᠦᠨ᠎ᠡ᠃ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ᠎ᠢ ᠲᠦᠷᠭᠡᠳᠭᠡᠨ ᠬᠡᠷᠡᠭ᠌ᠵᠢᠭᠦᠯᠵᠦ᠍᠂ ᠬᠤᠲᠠ ᠬᠥᠳᠡᠭᠡ᠎ᠶ᠋ᠢ ᠨᠢᠭᠡᠳᠦᠯᠲᠡᠶ ᠲᠥᠯᠥᠪᠯᠡᠬᠦ᠌ ᠲᠦᠷᠢᠮ᠎ᠤᠨ ᠪᠣᠷᠣ ᠲᠥᠯᠥᠪ᠎ᠢ ᠪᠣᠶ ᠪᠣᠯᠭᠠᠨ᠎ᠠ᠃

  ᠬᠤᠶᠠᠷ᠎ᠲᠤ᠂ ᠬᠠᠮᠵᠢᠯᠴᠠᠭ᠎ᠠ᠎ᠶ᠋ᠢ ᠠᠬᠢᠭᠤᠯᠬᠤ᠎ᠶ᠋ᠢ ᠨᠡᠩ ᠴᠢᠬᠤᠯᠠᠴᠢᠯᠠᠨ᠎ᠠ᠃ ᠳ᠋ᠠᠢ᠌ᠲ᠋ᠠ ᠪᠠ ᠪᠡᠯᠡ ᠮᠥᠩᠭᠦ᠎ᠪᠠᠷ ᠬᠤᠣᠰ ᠬᠥᠳᠡᠯᠭᠡᠭᠦᠷ ᠪᠣᠯᠭᠠᠵᠤ᠂ 《 ᠭᠤᠷᠪᠠᠨ ᠡᠮᠴᠢᠯᠡᠭᠡ 》᠎ᠶ᠋ᠢᠨ ᠬᠠᠮᠵᠢᠯᠴᠠᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠡᠮᠴᠢᠯᠡᠭᠡᠨ᠎ᠤ ᠳᠠᠭᠠᠳᠭᠠᠯ᠎ᠤᠨ ᠳ᠋ᠠᠢ᠌ᠲ᠋ᠠ᠎ᠶ᠋ᠢ ᠱᠢᠨ᠎ᠡ᠎ᠶ᠋ᠢ ᠡᠭᠦᠳᠦᠭ᠌ᠰᠡᠨ ᠡᠮ᠎ᠢ ᠰᠤᠳᠤᠯᠤᠨ ᠨᠡᠭᠡᠭᠡᠬᠦ᠌᠎ᠳᠤ ᠬᠡᠷᠡᠭ᠌ᠯᠡᠵᠦ᠍᠂ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠢ ᠬᠥᠳᠡᠯᠦᠩᠭᠦᠶ᠎ᠪᠠᠷ ᠳᠣᠭᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠦᠨᠡᠨ ᠪᠣᠳᠠᠲᠠᠶ ᠳᠡᠯᠡᠬᠡᠶ᠎ᠶ᠋ᠢᠨ ᠰᠤᠳᠤᠯᠭᠠᠨ ᠪᠠ ᠡᠮᠴᠢᠯᠡᠭᠡᠨ᠎ᠤ ᠳᠠᠭᠠᠳᠭᠠᠯ᠎ᠤᠨ ᠶᠡᠷᠦᠩᠬᠡᠢᠯᠡᠭ᠌ᠰᠡᠨ ᠥᠷᠲᠡᠭ᠎ᠤᠨ ᠦᠨᠡᠯᠡᠯᠲᠡ᠎ᠶ᠋ᠢ ᠴᠢᠩᠭᠠᠷᠠᠭᠤᠯᠤᠨ᠎ᠠ᠃ ᠲᠥᠪᠯᠡᠷᠡᠭᠦᠯᠦᠨ ᠬᠤᠳᠠᠯᠳᠤᠨ ᠠᠪᠬᠤ᠂ ᠡᠮᠴᠢᠯᠡᠭᠡᠨ᠎ᠤ ᠳᠠᠭᠠᠳᠭᠠᠯ᠎ᠤᠨ ᠥᠭᠬᠦ ᠵᠡᠷᠭᠡ ᠥᠭᠡᠷᠡᠴᠢᠯᠡᠯᠲᠡ᠎ᠶ᠋ᠢᠨ ᠬᠠᠮᠵᠢᠯᠴᠠᠬᠤ ᠲᠣᠭ᠍ᠲᠠᠴᠠ᠎ᠶ᠋ᠢ ᠪᠠᠢᠭᠤᠯᠵᠤ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢ ᠤᠷᠢᠳᠴᠢᠯᠠᠨ ᠥᠭ᠌ᠬᠦ᠂ ᠴᠠᠭ ᠲᠤᠬᠠᠶ᠎ᠳᠤ ᠨᠢ ᠳ᠋ᠦᠩᠨᠡᠨ ᠪᠤᠳᠤᠬᠤ᠂ ᠱᠢᠭᠤᠳ ᠳ᠋ᠦᠩᠨᠡᠨ ᠪᠤᠳᠤᠬᠤ᠂ ᠤᠷᠢᠳᠴᠢᠯᠠᠨ ᠪᠤᠳᠤᠬᠤ ᠮᠥᠩᠭᠦ᠎ᠶ᠋ᠢᠨ ᠲᠦᠷᠢᠮ᠎ᠢᠶᠠᠷ ᠳᠠᠮᠵᠢᠭᠤᠯᠤᠨ ᠪᠠᠯᠠ ᠮᠥᠩᠭᠦ᠎ᠶ᠋ᠢ ᠰᠠᠯᠭᠠᠨ ᠥᠭ᠌ᠬᠦ ᠠᠮᠢ ᠠᠬᠤᠶ᠎ᠶ᠋ᠢ ᠳᠠᠬᠢᠨ ᠪᠣᠶ ᠪᠣᠯᠭᠠᠵᠤ᠂ ᠤᠯᠤᠰ᠎ᠤᠨ ᠦᠢᠯᠡᠳᠪᠦᠷᠢᠯᠡᠭ᠌ᠰᠡᠨ ᠡᠮ ᠡᠮᠨᠡᠯᠭᠡ᠎ᠶ᠋ᠢᠨ ᠪᠦᠲᠦᠭᠡᠭ᠌ᠳᠡᠬᠦᠨ᠎ᠤ ᠳᠡᠯᠡᠬᠡᠶ ᠳ᠋ᠠᠬᠢᠨ᠎ᠳᠤ ᠬᠠᠨᠳᠤᠬᠤ᠎ᠶ᠋ᠢ ᠳᠡᠮᠵᠢᠨ᠎ᠡ᠃

  ᠭᠤᠷᠪᠠ᠎ᠳᠤ᠂ ᠬᠠᠮᠢᠶᠠᠷᠤᠯᠲᠠ᠎ᠪᠠᠨ ᠱᠢᠯᠢᠳᠡᠭ᠌ᠵᠢᠬᠦᠯᠬᠦ᠂ ᠦᠢᠯᠡᠴᠢᠯᠡᠭᠡ᠎ᠪᠠᠨ ᠱᠢᠯᠢᠳᠡᠭ᠌ᠵᠢᠬᠦᠯᠬᠦ᠌᠎ᠶ᠋ᠢ ᠨᠡᠩ ᠴᠢᠬᠤᠯᠠᠴᠢᠯᠠᠨ᠎ᠠ᠃ ᠡᠮᠴᠢᠯᠡᠬᠡᠨ᠎ᠤ ᠲᠠᠭᠠᠳᠭᠠᠯ᠎ᠤᠨ ᠴᠡᠭ ᠲᠣᠠᠠᠳᠠᠭᠠᠨ ᠬᠠᠮᠢᠶᠠᠷᠬᠤ᠎ᠶ᠋ᠢ ᠴᠢᠩᠭᠠᠳᠭᠠᠵᠦ᠍᠂ ᠴᠡᠭ ᠲᠣᠠᠠᠳ᠋ᠬᠠᠰᠠᠨ ᠡᠮ ᠡᠮᠨᠡᠯᠬᠡ᠎ᠶ᠋ᠢᠨ ᠪᠠᠢᠭᠤᠯᠥᠮᠵᠢ᠎ᠶ᠋ᠢᠨ ᠡᠬᠢ ᠪᠠᠶᠠᠯᠢᠭ᠎ᠤᠨ ᠲᠣᠬᠢᠷᠡᠭᠤᠯᠥᠯᠳᠡ᠎ᠶ᠋ᠢᠨ ᠳᠥᠯᠥᠪᠵᠢᠬᠦᠯᠬᠡ᠎ᠶ᠋ᠢ ᠪᠦᠬᠦ᠌ ᠳᠡᠯ᠎ᠠ᠎ᠪᠠᠷ ᠦᠷᠨᠢᠬᠦᠯᠥᠨ᠎ᠠ᠃ ᠰᠠᠭᠤᠷᠢ ᠮᠥᠩᠭᠦᠨ᠎ᠤ ᠠᠵᠢᠯᠯᠠᠭᠠᠨ᠎ᠤ ᠬᠠᠮᠢᠶᠠᠷᠤᠯᠲᠠ᠎ᠶ᠋ᠢ ᠴᠢᠩᠭᠠᠳᠭᠠᠵᠤ᠂ ᠰᠠᠯᠠᠭ᠎ᠠ ᠮᠥᠴᠢᠷ᠂ ᠠᠵᠢᠯ ᠲᠥᠷᠥᠯ᠎ᠤᠨ ᠬᠤᠭᠤᠷᠣᠨᠳᠣᠬᠢ ᠳ᠋ᠠᠢ᠌ᠲ᠋ᠠ᠎ᠶ᠋ᠢᠨ ᠰᠣᠯᠢᠯᠴᠠᠭ᠎ᠠ᠎ᠶ᠋ᠢ ᠰᠠᠭᠠᠳ ᠦᠭᠡᠢ ᠨᠡᠪᠲᠡᠷᠡᠭᠦᠯᠵᠦ᠍᠂ ᠰᠠᠭᠤᠷᠢ ᠮᠥᠩᠭᠦᠨ᠎ᠤ ᠬᠢᠨᠠᠯᠲᠠ ᠬᠠᠮᠢᠶᠠᠷᠤᠯᠲᠠ᠎ᠶ᠋ᠢᠨ ᠪᠣᠷᠣ ᠲᠥᠯᠥᠪ᠎ᠢ ᠪᠦᠬᠦ᠌ ᠲᠠᠯ᠎ᠠ᠎ᠪᠠᠷ ᠪᠠᠢᠭᠤᠯᠤᠨ᠎ᠠ᠃ ᠨᠡᠩ ᠥᠨᠳᠥᠷ ᠬᠢᠷᠢ ᠲᠦᠪᠱᠢᠨ ᠪᠦᠬᠦᠢ ᠡᠮᠴᠢᠯᠡᠬᠡᠨ᠎ᠤ ᠳᠠᠭᠠᠳᠭᠠᠯ᠎ᠤᠨ ᠭᠠᠷᠲᠠᠨ ᠭᠦᠢᠴᠡᠳᠭᠡᠬᠦ᠌ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠤ ᠲᠣᠭᠲᠠᠯᠴᠠᠭ᠎ᠠ᠎ᠶᠢ ᠪᠠᠢᠭᠤᠯᠤᠨ᠎ᠠ᠃ ᠪᠥᠬᠦ᠌ ᠤᠯᠤᠰ᠎ᠤᠨ ᠨᠢᠭᠡᠳᠦᠯᠲᠡᠶ ᠡᠮᠴᠢᠯᠡᠭᠡᠨ᠎ᠤ ᠳᠠᠭᠠᠳᠭᠠᠯ᠎ᠤᠨ ᠮᠡᠳᠡᠭᠡ ᠵᠠᠩᠭᠢ᠎ᠶ᠋ᠢᠨ ᠲᠠᠪᠴᠠᠩ ᠪᠠ ᠡᠮᠴᠢᠯᠡᠭᠡᠨ᠎ᠤ ᠳᠠᠭᠠᠳᠭᠠᠯ᠎ᠤᠨ ᠲᠣᠮᠣ ᠳ᠋ᠠᠢᠲ᠋ᠠ᠎ᠶ᠋ᠢᠨ ᠰᠠᠭᠤᠷᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠭᠠᠷᠲᠠᠨ ᠭᠦᠢᠴᠡᠳᠭᠡᠬᠦ᠌ ᠦᠢᠯᠡᠴᠢᠯᠡᠭᠡᠨ᠎ᠤ ᠨᠡᠢᠯᠡᠮᠡᠯ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠤᠨ᠎ᠠ᠃

  ᠲᠦᠷᠪᠡ᠎ᠳᠤ᠂ ᠰᠠᠭᠤᠷᠢ᠎ᠶ᠋ᠢ ᠪᠠᠲᠤᠳᠭᠠᠬᠤ᠂ ᠲᠤᠯᠭᠠᠭᠤᠷᠢᠯᠠᠯ᠎ᠢ ᠱᠢᠯᠢᠳᠡᠭ᠌ᠵᠢᠭᠦᠯᠬᠦ᠌᠎ᠶ᠋ᠢ ᠨᠡᠩ ᠴᠢᠬᠤᠯᠠᠴᠢᠯᠠᠨ᠎ᠠ᠃ ᠪᠥᠬᠦ᠌ ᠠᠷᠠᠳ᠎ᠤᠨ ᠡᠮᠴᠢᠯᠡᠬᠡᠨ᠎ᠤ ᠳᠠᠭᠠᠳᠭᠠᠯ᠎ᠤᠨ ᠳ᠋ᠠᠢᠲ᠋ᠠ᠎ᠶ᠋ᠢᠨ ᠲᠠᠪᠴᠠᠩ᠎ᠢ ᠪᠠᠢᠭᠤᠯᠵᠤ᠂ 《 ᠵᠣᠬᠢᠶᠠᠮᠠᠯ ᠣᠶᠤᠨ + ᠡᠮᠴᠢᠯᠡᠭᠡᠨ᠎ᠤ ᠪᠠᠲᠤᠯᠠᠭ᠎ᠠ 》᠎ᠶ᠋ᠢᠨ ᠪᠠᠢᠭᠤᠯᠤᠯᠲᠠ᠎ᠶ᠋ᠢᠨ ᠬᠡᠷᠡᠭ᠌ᠯᠡᠯᠲᠡ᠎ᠶ᠋ᠢ ᠳᠥᠯᠭᠢᠨ ᠠᠬᠢᠭᠤᠯᠵᠤ᠂ ᠡᠮᠴᠢᠯᠡᠭᠡᠨ᠎ᠤ ᠳᠠᠭᠠᠳᠭᠠᠯ᠎ᠤᠨ ᠭᠠᠷᠲᠠᠨ ᠭᠦᠢᠴᠡᠳᠭᠡᠬᠦ᠌ ᠣᠶᠤᠨᠴᠢᠯᠠᠭ᠍ᠰᠠᠨ ᠬᠡᠯᠪᠡᠷᠢ᠎ᠪᠠᠨ ᠬᠤᠪᠢᠷᠠᠭᠤᠯᠬᠤ᠎ᠶ᠋ᠢ ᠳᠥᠯᠭᠢᠨ ᠠᠬᠢᠭᠤᠯᠵᠤ᠂ ᠡᠮᠴᠢᠯᠡᠭᠡᠨ᠎ᠤ ᠳᠠᠭᠠᠳᠭᠠᠯ᠎ᠤᠨ ᠦᠢᠯᠡᠴᠢᠯᠡᠭᠡᠨ᠎ᠤ ᠱᠢᠨ᠎ᠡ ᠪᠠᠢᠳᠠᠯ᠎ᠢ ᠲᠠᠰᠤᠷᠠᠯᠲᠠ ᠥᠬᠡᠶ ᠪᠤᠢᠵᠢᠭᠤᠯᠤᠨ ᠬᠥᠭ᠌ᠵᠢᠭᠦᠯᠦᠨ᠎ᠡ᠃ ᠡᠮᠴᠢᠯᠡᠭᠡᠨ᠎ᠤ ᠳᠠᠭᠠᠳᠭᠠᠯ᠎ᠤᠨ ᠬᠠᠤᠯᠢ᠎ᠪᠠᠷ ᠵᠠᠰᠠᠬᠤ ᠲᠣᠭᠲᠠᠯᠴᠠᠭ᠎ᠠ᠎ᠶᠢ ᠲᠡᠭᠦᠯᠳᠡᠷᠵᠢᠭᠦᠯᠵᠦ᠍᠂ 《 ᠡᠮᠴᠢᠯᠡᠭᠡᠨ᠎ᠤ ᠪᠠᠲᠤᠯᠠᠭ᠎ᠠ᠎ᠶ᠋ᠢᠨ ᠬᠠᠤᠯᠢ 》᠎ᠶ᠋ᠢᠨ ᠬᠠᠤᠯᠢ ᠲᠣᠭ᠍ᠲᠠᠭᠠᠬᠤ ᠠᠵᠢᠯ᠎ᠢ ᠲᠦᠷᠭᠡᠪᠴᠢᠯᠡᠨ ᠠᠬᠢᠭᠤᠯᠤᠨ᠎ᠠ᠃ ᠡᠮᠴᠢᠯᠡᠭᠡᠨ᠎ᠤ ᠳᠠᠭᠠᠳᠭᠠᠯ᠎ᠤᠨ ᠪᠠᠷᠢᠮᠵᠢᠶᠠᠵᠢᠭᠤᠯᠬᠤ ᠪᠠᠢᠭᠤᠯᠤᠯᠲᠠ᠎ᠶ᠋ᠢ ᠴᠢᠩᠭᠠᠳᠭᠠᠨ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ᠂ ᠳᠡᠰ ᠳᠠᠪᠬᠤᠷᠭ᠎ᠠ ᠲᠣᠳᠣᠷᠬᠠᠶ᠂ ᠵᠣᠬᠢᠴᠠᠩᠭᠤᠶ ᠪᠥᠭᠡᠳ ᠨᠢᠭᠡᠳᠦᠯᠲᠡᠶ ᠡᠮᠴᠢᠯᠡᠭᠡᠨ᠎ᠤ ᠳᠠᠭᠠᠳᠭᠠᠯ᠎ᠤᠨ ᠤᠯᠤᠰ᠎ᠤᠨ ᠪᠠᠷᠢᠮᠵᠢᠶ᠎ᠠ᠎ᠶ᠋ᠢᠨ ᠲᠣᠭᠲᠠᠯᠴᠠᠭ᠎ᠠ᠎ᠶ᠋ᠢ ᠪᠤᠶ ᠪᠣᠯᠭᠠᠨ᠎ᠠ᠃

  ᠡᠮᠴᠢᠯᠡᠭᠡᠨ᠎ᠤ ᠳᠠᠭᠠᠳᠭᠠᠯ᠎ᠤᠨ ᠭᠤᠷᠪᠠᠨ ᠡᠮᠴᠢᠯᠡᠭᠡ᠎ᠶ᠋ᠢᠨ ᠬᠠᠮᠵᠢᠯᠴᠠᠭ᠎ᠠ᠎ᠶ᠋ᠢᠨ ᠳᠤᠮᠳᠠᠬᠢ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭ᠌ᠲᠡᠶ

  ᠠᠰᠠᠭᠤᠯᠲᠠ᠄ 《 ᠰᠠᠨᠠᠭᠤᠯᠭ᠎ᠠ 》᠎ᠳᠤ 《 ᠡᠮᠴᠢᠯᠡᠭᠡ᠂ ᠡᠮᠴᠢᠯᠡᠭᠡᠨ᠎ᠤ ᠳᠠᠭᠠᠳᠭᠠᠯ᠂ ᠡᠮ ᠡᠮᠨᠡᠯᠭᠡ᠎ᠶ᠋ᠢᠨ ᠬᠠᠮᠵᠢᠯᠴᠠᠨ ᠬᠥᠭ᠌ᠵᠢᠬᠦ᠌ ᠪᠠ ᠵᠠᠰᠠᠬᠤ ᠲᠣᠭ᠍ᠲᠠᠴᠠ᠎ᠶ᠋ᠢ ᠪᠦᠷᠢᠨᠱᠢᠭᠦᠯᠬᠦ᠌ 》᠎ᠶ᠋ᠢ ᠱᠠᠭᠠᠷᠳᠠᠵᠤ᠂ ᠡᠮᠴᠢᠯᠡᠭᠡᠨ᠎ᠤ ᠳᠠᠭᠠᠳᠭᠠᠯ᠎ᠨᠢ ᠶᠠᠮᠠᠷ ᠲᠠᠯ᠎ᠠ᠎ᠪᠠᠷ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠣᠶ?

  ᠬᠠᠷᠢᠭᠤᠯᠲᠠ᠄ ᠤᠯᠤᠰ᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠲᠣᠪᠴᠢᠶ᠎ᠠ ᠨᠠᠮ᠎ᠤᠨ ᠲᠥᠪ ᠬᠤᠷᠢᠶ᠎ᠠ᠎ᠶ᠋ᠢᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠮᠴᠢᠯᠡᠭᠡᠨ᠎ᠤ ᠳᠠᠭᠠᠳᠭᠠᠯ᠎ᠤᠨ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠡᠮᠴᠢᠯᠡᠭᠡᠨ᠎ᠤ ᠪᠠᠳᠤᠯᠠᠭ᠎ᠠ᠎ᠶ᠋ᠢᠨ ᠬᠦᠷᠢᠶᠡᠨ᠎ᠳᠠᠬᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠭᠤᠷᠪᠠᠨ ᠡᠮᠴᠢᠯᠡᠭᠡ᠎ᠶ᠋ᠢᠨ ᠪᠠᠳᠤᠯᠠᠭ᠎ᠠ᠎ᠶ᠋ᠢᠨ ᠬᠠᠮᠵᠢᠯᠴᠠᠨ ᠬᠥᠭ᠌ᠵᠢᠬᠦ᠌ ᠪᠠ ᠵᠠᠰᠠᠬᠤ᠎ᠶ᠋ᠢ ᠠᠬᠢᠭᠤᠯᠤᠨ᠎ᠠ᠃

  ᠡᠮᠴᠢᠯᠡᠭᠡᠨ᠎ᠤ ᠳᠠᠭᠠᠳᠭᠠᠯ᠎ᠤᠨ ᠥᠭᠬᠦ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠎ᠡ᠃ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠳᠦᠷᠢᠮ᠎ᠤᠨ ᠵᠢᠷᠤᠭ ᠲᠥᠯᠥᠪᠯᠡᠭᠡ᠎ᠶ᠋ᠢ ᠲᠡᠭᠦᠯᠳᠡᠷᠵᠢᠭᠦᠯᠵᠦ᠍᠂ ᠶᠡᠷᠦᠩᠬᠡᠶ ᠲᠣᠭᠠᠨ᠎ᠤ ᠲᠥᠰᠦᠪ᠎ᠢᠶᠠᠷ ᠶᠡᠷᠦᠩᠬᠡᠢᠯᠡᠨ ᠵᠢᠯᠣᠭᠤᠳᠣᠭᠤᠯᠵᠤ᠂ ᠥᠷᠲᠡᠭ᠎ᠢᠶᠠᠷ ᠰᠦᠢᠳᠭᠡᠯ ᠲᠤᠱᠢᠶᠠᠬᠤ᠎ᠪᠠᠷ ᠤᠳᠤᠷᠢᠳᠤᠮᠵᠢ ᠪᠣᠯᠭᠠᠵᠤ᠂  ᠳ᠋ᠠᠢ᠌ᠲ᠋ᠠ᠎ᠪᠠᠷ ᠬᠥᠳᠡᠯᠭᠡᠭᠦᠷ ᠪᠣᠯᠭᠠᠬᠤ᠎ᠪᠠᠷ ᠲᠤᠯᠭᠠᠭᠤᠷᠢᠯᠠᠯ ᠪᠣᠯᠭᠠᠵᠤ᠂ ᠡᠮᠨᠡᠯᠭᠡ᠎ᠳᠤ ᠰᠠᠭᠤᠬᠤ ᠬᠢᠭᠡᠳ ᠡᠭᠦᠳᠡᠨ ᠡᠮᠨᠡᠯᠭᠡ᠂ ᠲᠣᠰ ᠭᠠᠵᠠᠷ ᠣᠷᠣᠨ ᠬᠢᠭᠡᠳ ᠣᠨᠳᠣᠤ ᠭᠠᠵᠠᠷ᠎ᠲᠤ ᠥᠭᠬᠦ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠦᠯᠡᠳᠡᠪᠦᠷᠢ ᠪᠡᠯᠡ ᠮᠥᠩᠭᠥ᠎ᠶ᠋ᠢ ᠬᠡᠷᠡᠭ᠌ᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠵᠦ᠍᠂ ᠡᠮᠴᠢᠯᠡᠭᠡᠨ᠎ᠦ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠬᠡᠪᠴᠢᠶ᠎ᠡ᠎ᠡᠴᠡ᠎ᠪᠡᠨ ᠥᠷᠭᠡᠵᠢᠨ ᠠᠭᠤᠯᠤᠭ᠍ᠳᠠᠬᠤᠨ ᠎ᠢ ᠬᠥᠭ᠌ᠵᠢᠭᠦᠯᠬᠦ᠌ ᠲᠡᠢ᠌ᠰᠢ ᠱᠢᠯᠵᠢᠭᠦᠯᠵᠦ᠍᠂ ᠵᠦᠢ ᠵᠣᠬᠢᠰᠲᠠᠶ ᠴᠠᠯᠢᠩ ᠬᠥᠯᠥᠰᠥ᠎ᠶ᠋ᠢᠨ ᠬᠤᠪᠢᠶᠠᠷᠢᠯᠠᠯᠲᠠ᠎ᠶ᠋ᠢᠨ ᠤᠳᠤᠷᠢᠳᠤᠮᠵᠢ᠎ᠶ᠋ᠢ ᠪᠤᠶ ᠪᠣᠯᠭᠠᠨ᠎ᠠ᠃ ᠦᠨᠳᠦᠰᠦᠨ ᠱᠠᠲᠤᠨ᠎ᠤ ᠡᠮᠴᠢᠯᠡᠭᠡᠨ᠎ᠤ ᠦᠢᠯᠡᠴᠢᠯᠡᠭᠡᠨ᠎ᠤ ᠲᠣᠭᠲᠠᠯᠴᠠᠭ᠎ᠠ᠎ᠶ᠋ᠢᠨ ᠪᠠᠢᠭᠤᠯᠤᠯᠲᠠ᠎ᠶ᠋ᠢ ᠳᠡᠮᠵᠢᠵᠦ᠍᠂ ᠴᠢᠨᠠᠷ ᠰᠠᠢᠲᠠᠢ ᠡᠬᠢ ᠪᠠᠶᠠᠯᠢᠭ᠎ᠢ ᠳᠣᠷᠣᠭ᠍ᠰᠢ ᠪᠠᠭᠤᠯᠭᠠᠬᠤ᠎ᠶ᠋ᠢ ᠠᠬᠢᠭᠤᠯᠤᠨ᠂ ᠨᠦᠬᠦᠴᠡᠯ᠎ᠳᠤ ᠨᠡᠢᠴᠡᠬᠦ᠌ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢ ᠡᠮᠴᠢᠯᠡᠭᠡᠨ᠎ᠤ ᠳᠠᠭᠠᠳᠭᠠᠯ᠎ᠤᠨ ᠴᠡᠭ ᠲᠣᠭ᠍ᠲᠠᠭᠠᠬᠤ᠎ᠳᠤ ᠣᠷᠤᠭᠤᠯᠵᠤ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠦᠩᠭᠦ᠎ᠶ᠋ᠢᠨ ᠬᠡᠷᠡᠭ᠌ᠯᠡᠯᠲᠡ᠎ᠶ᠋ᠢᠨ ᠡᠵᠡᠯᠡᠬᠦ᠌ ᠬᠠᠷᠢᠴᠠᠯ᠎ᠢ ᠳᠡᠭᠡᠭᠰᠢᠯᠡᠭᠦᠯᠦᠨ᠎ᠡ᠃

  ᠡᠮᠴᠢᠯᠡᠭᠡᠨ᠎ᠤ ᠦᠢᠯᠡᠴᠢᠯᠡᠭᠡᠨ᠎ᠦ ᠦᠨ᠎ᠡ ᠬᠠᠩᠰᠢ᠎ᠶ᠋ᠢᠨ ᠥᠭᠡᠷᠡᠴᠢᠯᠡᠯᠲᠡ᠎ᠶ᠋ᠢ ᠤᠯᠠᠮ ᠴᠢᠨᠠᠭ᠍ᠰᠢᠳᠠ ᠭᠦᠨᠵᠡᠭᠡᠢ᠌ᠷᠡᠭᠦᠯᠦᠨ᠎ᠡ᠃ ᠡᠮ ᠡᠮᠨᠡᠯᠭᠡ᠎ᠶ᠋ᠢᠨ ᠦᠨᠡᠨ ᠪᠣᠳᠠᠲᠠᠶ ᠶᠢᠷᠲᠢᠨᠴᠦ᠍᠎ᠶ᠋ᠢᠨ ᠳ᠋ᠠᠢ᠌ᠲ᠋ᠠ᠎ᠶ᠋ᠢ ᠴᠤᠭ᠍ᠯᠠᠭᠤᠯᠬᠤ ᠪᠠ ᠰᠤᠳᠤᠯᠤᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠤᠨ ᠳ᠋ᠦᠩᠨᠡᠯᠲᠡ ᠪᠠ ᠦᠨᠡᠯᠡᠯᠲᠡ᠎ᠶ᠋ᠢ ᠥᠷᠨᠢᠭᠦᠯᠵᠦ᠍᠂ ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠤᠨ ᠲᠤᠷᠱᠢᠯᠭ᠎ᠠ᠎ᠶ᠋ᠢ ᠪᠥᠬᠦ᠌ ᠲᠠᠯ᠎ᠠ᠎ᠪᠠᠷ ᠳ᠋ᠦᠩᠨᠡᠵᠦ᠍᠂ ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠥᠷᠨᠢᠭᠦᠯᠬᠦ᠌᠎ᠳᠤ ᠭᠦᠢᠴᠡᠳ ᠪᠡᠯᠡᠳᠭᠡᠯ ᠬᠢᠬᠦ᠌ ᠬᠡᠷᠡᠭ᠌ᠲᠡᠶ᠃ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ᠎ᠢ ᠨᠠᠢᠷᠠᠭᠤᠯᠤᠨ ᠵᠣᠬᠢᠶᠠᠬᠤ᠂ ᠵᠣᠯᠭᠠᠭᠤᠯᠤᠨ ᠨᠠᠢᠳᠠᠪᠤᠷᠢᠵᠢᠭᠤᠯᠬᠤ ᠠᠵᠢᠯ᠎ᠢ ᠪᠥᠬᠦ᠌ ᠲᠠᠯ᠎ᠠ᠎ᠪᠠᠷ ᠪᠡᠶᠡᠯᠡᠭᠦᠯᠦᠨ᠎ᠡ᠃

  ᠡᠮᠴᠢᠯᠡᠭᠡᠨ᠎ᠤ ᠳᠠᠭᠠᠳᠭᠠᠯ᠎ᠤᠨ ᠭᠠᠷᠴᠠᠭ᠎ᠤᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠡᠮ᠎ᠤᠨ ᠵᠦᠢᠯ᠎ᠤᠨ ᠡᠮᠴᠢᠯᠡᠭᠡᠨ᠎ᠤ ᠳᠠᠭᠠᠳᠭᠠᠯ᠎ᠤᠨ ᠶᠡᠷᠦᠩᠬᠡᠢᠯᠡᠭ᠌ᠰᠡᠨ ᠥᠷᠲᠡᠭ᠎ᠤᠨ ᠦᠨᠡᠯᠡᠯᠲᠡ᠎ᠶ᠋ᠢ ᠵᠣᠬᠢᠶᠠᠨ ᠪᠠᠢᠭᠤᠯᠵᠤ᠂ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠲᠤ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠵᠦ᠍᠂ ᠠᠵᠢᠯ᠎ᠤᠨ ᠲᠦᠷᠢᠮ ᠪᠠ ᠲᠠᠰ ᠳᠠᠷᠠᠭᠠᠯᠠᠯ᠎ᠢᠶᠠᠨ ᠱᠢᠯᠢᠳᠡᠭ᠌ᠵᠢᠭᠦᠯᠦᠨ᠂ ᠦᠨᠡᠨ ᠬᠦ᠌ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠂ ᠵᠦᠷᠢᠶᠡᠴᠢᠯᠡᠭ᠌ᠰᠡᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌ ᠢᠯᠡ ᠲᠣᠳᠣ ᠤᠳᠤᠷᠢᠳᠤᠮᠵᠢ᠎ᠶ᠋ᠢ ᠪᠠᠢᠭᠤᠯᠤᠨ᠎ᠠ᠃ ᠬᠤᠳᠠᠯᠳᠤᠭᠠᠨ᠎ᠤ ᠪᠠᠲᠤᠯᠠᠭ᠎ᠠ᠎ᠶ᠋ᠢᠨ ᠱᠢᠨ᠎ᠡ᠎ᠶ᠋ᠢ ᠡᠭᠦᠳᠬᠦ᠌ ᠡᠮ᠎ᠤᠨ ᠭᠠᠷᠴᠠᠭ ᠪᠠ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠎ᠠ᠃ ᠡᠮᠴᠢᠯᠡᠭᠡᠨ᠎ᠤ ᠳᠠᠭᠠᠳᠭᠠᠯ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ ᠪᠠ ᠡᠮᠴᠢᠯᠡᠭᠡᠨ᠎ᠤ ᠦᠢᠯᠡᠴᠢᠯᠡᠭᠡᠨ᠎ᠤ ᠲᠥᠷᠥᠯ ᠵᠦᠢᠯ᠎ᠤᠨ ᠬᠠᠮᠢᠶᠠᠷᠤᠯᠲᠠ᠎ᠶ᠋ᠢ ᠲᠡᠭᠦᠯᠳᠡᠷᠵᠢᠭᠦᠯᠦᠨ᠎ᠡ᠃ ᠪᠦᠬᠦ᠌ ᠣᠯᠥᠰ᠎ᠤᠨ ᠮᠤᠵᠢ ᠠᠯᠥᠰᠯᠬᠠᠰᠠᠨ ᠣᠨᠳᠣᠥ ᠭᠠᠵᠡᠷ ᠡᠮᠴᠢᠯᠡᠭᠡᠨ᠎ᠤ ᠲᠠᠭᠠᠳᠭᠠᠯ᠎ᠤᠨ ᠡᠮᠴᠢᠯᠡᠭᠡᠨ᠎ᠤ ᠬᠤᠷᠣᠠᠠᠳᠡᠯ ᠮᠠᠲ᠋ᠧᠷᠢᠶᠡᠯ᠎ᠤᠨ ᠮᠠᠲ᠋ᠧᠷᠢᠶᠡᠯ ᠪᠠ ᠡᠮᠴᠢᠯᠡᠬᠡᠨ᠎ᠤ ᠦᠢᠯᠡᠴᠢᠯᠡᠬᠡᠨ᠎ᠤ ᠳᠥᠷᠦᠯ ᠵᠦᠢᠯ᠎ᠤᠨ ᠨᠢᠭᠡᠳᠦᠯᠳᠡᠢ ᠭᠠᠷᠴᠠᠭ᠎ᠢ ᠰᠣᠳᠣᠯᠥᠨ ᠲᠣᠠᠠᠳᠠᠭᠠᠨ᠎ᠠ᠃

  ᠰᠠᠭᠤᠷᠢ ᠮᠥᠩᠭᠦ᠎ᠶ᠋ᠢᠨ ᠢᠯᠭᠠᠷᠠᠭᠤᠯᠤᠨ ᠪᠣᠳᠣᠵᠤ ᠳ᠋ᠦᠩᠨᠡᠨ ᠪᠤᠳᠤᠬᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠲᠦᠷᠭᠡᠳᠭᠡᠵᠦ᠍᠂ ᠡᠮ ᠡᠮᠨᠡᠯᠭᠡ᠎ᠶ᠋ᠢᠨ ᠦᠨ᠎ᠡ ᠬᠠᠩᠰᠢ᠎ᠶ᠋ᠢᠨ ᠬᠢᠨᠠᠨ ᠬᠡᠮᠵᠢᠯᠲᠡ᠎ᠶ᠋ᠢ ᠴᠢᠩᠭᠠᠳᠭᠠᠨ᠎ᠠ᠃ ᠣᠳᠣᠬᠠᠨ᠎ᠳᠤ᠂ ᠪᠥᠬᠦ᠌ ᠤᠯᠤᠰ᠎ᠤᠨ ᠪᠣᠶ ᠪᠥᠬᠦᠶ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ ᠨᠢᠭᠡᠨᠲᠡ ᠴᠥᠮ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢ ᠴᠠᠭ ᠲᠤᠬᠠᠶ᠎ᠳᠤ᠎ᠨᠢ ᠳ᠋ᠦᠩᠨᠡᠨ ᠪᠤᠳᠤᠬᠤ᠎ᠶ᠋ᠢ ᠪᠡᠶᠡᠯᠡᠭᠦᠯᠵᠦ᠍᠂ ᠪᠢᠳᠡ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠂ ᠴᠠᠭ ᠲᠤᠬᠠᠶ᠎ᠳᠤ᠎ᠨᠢ ᠳ᠋ᠦᠩᠨᠡᠨ ᠪᠤᠳᠤᠬᠤ ᠪᠠᠯᠠ ᠮᠥᠩᠭᠦ᠎ᠶ᠋ᠢᠨ ᠬᠡᠪᠴᠢᠶ᠎ᠡ ᠪᠠ ᠡᠮᠴᠢᠯᠡᠭᠡᠨ᠎ᠤ ᠪᠠᠢᠭᠤᠯᠤᠮᠵᠢ᠎ᠶ᠋ᠢᠨ ᠬᠠᠮᠤᠷᠬᠤ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠵᠦ᠍᠂ ᠡᠮᠴᠢᠯᠡᠭᠡᠨ᠎ᠤ ᠳᠠᠭᠠᠳᠭᠠᠯ᠎ᠤᠨ ᠪᠠᠯᠠ ᠮᠥᠩᠭᠦ᠎ᠶ᠋ᠢ ᠰᠠᠯᠭᠠᠨ ᠥᠭ᠌ᠬᠦ᠎ᠶ᠋ᠢ ᠦᠷᠭᠦᠯᠵᠢᠯᠡᠨ ᠲᠦᠷᠭᠡᠳᠭᠡᠬᠦ᠌ ᠪᠣᠯᠤᠨ᠎ᠠ᠃ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠬᠤᠪᠢ ᠬᠥᠮᠦᠨ᠎ᠦ ᠳᠠᠩᠰᠠᠨ ᠡᠷᠦᠬᠡ᠎ᠶ᠋ᠢ ᠮᠤᠵᠢ ᠠᠯᠤᠰᠯᠠᠨ ᠬᠠᠷᠢᠯᠴᠠᠨ ᠲᠤᠰᠠᠯᠠᠯᠴᠠᠵᠤ ᠬᠡᠷᠡᠭ᠌ᠯᠡᠬᠦ᠌᠎ᠶ᠋ᠢ ᠲᠦᠷᠭᠡᠳᠭᠡᠨ ᠪᠡᠶᠡᠯᠡᠭᠦᠯᠵᠦ᠍᠂ ᠣᠢᠷ᠎ᠠ ᠲᠥᠷᠥᠯ ᠰᠠᠳᠤᠨ᠎ᠤ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠬᠤ᠂ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ᠎ᠶ᠋ᠢ ᠳᠡᠮᠵᠢᠬᠦ᠌ ᠬᠡᠷᠡᠭ᠌ᠲᠡᠶ᠃ ᠡᠮ᠎ᠦᠨ ᠦᠨ᠎ᠡ ᠪᠠ ᠡᠮᠴᠢᠯᠡᠭᠡᠨ᠎ᠦ ᠦᠢᠯᠡᠴᠢᠯᠡᠭᠡ᠎ᠶ᠋ᠢᠨ ᠦᠨ᠎ᠡ ᠬᠠᠩᠰᠢ᠎ᠶ᠋ᠢᠨ 《 ᠦᠵᠡᠮᠦᠷᠢ ᠬᠦᠰᠦᠨᠦᠭ᠌ᠲᠦ 》᠎ᠶ᠋ᠢ ᠬᠥᠳᠡᠯᠦᠩᠭᠦᠶ᠎ᠪᠡᠷ ᠱᠢᠨᠡᠳᠭᠡᠨ᠎ᠡ᠃

  ᠪᠦᠬᠦ᠌ ᠠᠷᠠᠳ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠳᠦᠷᠢᠮ᠎ᠦᠨ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠤᠨ᠎ᠠ

  ᠠᠰᠠᠭᠤᠯᠲᠠ᠄ 《 ᠰᠠᠨᠠᠭᠤᠯᠭ᠎ᠠ 》᠎ᠳᠤ ᠳᠤᠷᠠᠳᠤᠭ᠍ᠰᠠᠨ᠎ᠨᠢ᠂ ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶ᠋ᠢ ᠪᠦᠷᠢᠨᠱᠢᠬᠦᠯᠵᠦ᠍᠂ ᠦᠨᠳᠦᠰᠦᠨ ᠡᠮᠴᠢᠯᠡᠭᠡᠨ᠎ᠤ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠳᠥᠯᠭᠢᠨ ᠠᠬᠢᠭᠤᠯᠵᠤ᠂ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ᠂ ᠡᠮᠴᠢᠯᠡᠭᠡᠨ᠎ᠤ ᠳᠠᠭᠠᠳᠭᠠᠯ᠎ᠤᠨ ᠥᠭᠬᠦ ᠪᠠ ᠦᠯᠡᠳᠡᠪᠦᠷᠢ ᠪᠠᠯᠠ ᠮᠥᠩᠭᠦ᠎ᠶ᠋ᠢ ᠬᠡᠷᠡᠭ᠌ᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠌ ᠬᠡᠷᠡᠭ᠌ᠲᠡᠶ᠃ ᠢᠷᠡᠭᠡᠳ᠋ᠦᠢ᠎ᠶ᠋ᠢ ᠬᠡᠷᠬᠢᠨ ᠨᠠᠢᠳᠠᠪᠤᠷᠢᠵᠢᠭᠤᠯᠬᠤ ᠪᠤᠢ?

  ᠬᠠᠷᠢᠭᠤᠯᠲᠠ᠄ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠤᠯᠤᠰ᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠲᠣᠪᠴᠢᠶ᠎ᠠ᠎ᠠᠴᠠ ᠡᠯ᠎ᠡ ᠲᠥᠷᠥᠯ᠎ᠤᠨ ᠪᠠᠲᠤᠯᠠᠭ᠎ᠠ᠎ᠶ᠋ᠢᠨ ᠲᠦᠷᠢᠮ᠎ᠤᠨ ᠵᠠᠭᠠᠭ ᠬᠢᠵᠠᠭᠠᠷ᠎ᠨᠢ ᠲᠣᠳᠣᠷᠬᠠᠶ᠂ ᠵᠣᠯᠭᠠᠭᠤᠯᠵᠤ ᠬᠠᠷᠢᠯᠴᠠᠨ ᠨᠥᠬᠦᠪᠥᠷᠢᠯᠡᠭ᠌ᠰᠡᠨ᠂ ᠴᠢᠳᠠᠮᠵᠢ᠎ᠨᠢ ᠬᠠᠮᠵᠢᠯᠴᠠᠭ᠍ᠰᠠᠨ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠤᠨ᠎ᠠ᠃ ᠪᠥᠬᠦ᠌ ᠤᠯᠤᠰ᠎ᠤᠨ ᠨᠢᠭᠡᠳᠦᠯᠲᠡᠶ ᠡᠮᠴᠢᠯᠡᠭᠡᠨ᠎ᠤ ᠳᠠᠭᠠᠳᠭᠠᠯ᠎ᠤᠨ ᠮᠡᠳᠡᠭᠡ ᠵᠠᠩᠭᠢ᠎ᠶ᠋ᠢᠨ ᠲᠠᠪᠴᠠᠩ᠎ᠢ ᠲᠡᠭᠦᠯᠳᠡᠷᠵᠢᠭᠦᠯᠵᠦ᠍᠂ ᠪᠥᠬᠦ᠌ ᠬᠥᠮᠦᠰ᠎ᠤᠨ ᠡᠷᠡᠭᠦᠯ ᠮᠡᠨᠳᠦ᠍᠎ᠶ᠋ᠢᠨ ᠳ᠋ᠠᠢ᠌ᠲ᠋ᠠ᠎ᠶ᠋ᠢᠨ ᠬᠦᠴᠦᠨ ᠵᠦᠶ᠋ᠯ᠎ᠢᠶᠠᠷ ᠭᠤᠤᠯ ᠪᠣᠯᠭᠠᠭ᠍ᠰᠠᠨ ᠰᠠᠭᠤᠷᠢ ᠦᠶ᠋ᠯᠡᠴᠢᠯᠡᠭᠡᠨ᠎ᠤ ᠪᠡᠯᠡᠳᠭᠡᠮᠵᠢ᠎ᠶ᠋ᠢ ᠪᠠᠢᠭᠤᠯᠵᠤ᠂ ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢᠨ ᠪᠠᠢᠭᠤᠯᠤᠯᠲᠠ᠎ᠳᠤ ᠰᠠᠭᠤᠷᠢ ᠴᠢᠨᠠᠷᠲᠠᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠲᠤᠯᠭᠠᠭᠤᠷᠢᠯᠠᠯ ᠬᠠᠩᠭᠠᠨ᠎ᠠ᠃ ᠡᠭᠦᠨ᠎ᠤ ᠬᠠᠮᠲᠤ᠌᠂ ᠦᠨᠳᠦᠰᠦᠨ ᠡᠮᠴᠢᠯᠡᠭᠡᠨ᠎ᠤ ᠳᠠᠭᠠᠳᠭᠠᠯ᠂ ᠬᠦᠨᠳᠦ ᠡᠪᠡᠳᠴᠢᠨ᠎ᠤ ᠳᠠᠭᠠᠳᠭᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠡᠷᠭᠡ᠎ᠶ᠋ᠢᠨ ᠪᠠᠲᠤᠯᠠᠭ᠎ᠠ᠎ᠶ᠋ᠢᠨ ᠴᠢᠳᠠᠮᠵᠢ᠎ᠶ᠋ᠢ ᠳᠡᠭᠡᠭ᠌ᠰᠢᠯᠡᠭᠦᠯᠵᠦ᠍᠂ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠂ ᠨᠢᠭᠦᠯᠡᠰᠦᠩᠭᠦᠶ᠂ ᠠᠵᠢᠯᠴᠢᠨ᠎ᠤ ᠡᠪᠯᠡᠯ ᠵᠡᠷᠭᠡ᠎ᠶ᠋ᠢᠨ ᠡᠮᠬᠢ ᠵᠢᠷᠤᠮ᠎ᠲᠠᠢ ᠬᠥᠭ᠌ᠵᠢᠨ ᠪᠤᠵᠠᠭᠠᠢᠷᠠᠬᠤ᠎ᠶ᠋ᠢ ᠳᠡᠮᠵᠢᠨ ᠬᠥᠲᠥᠯᠥᠨ ᠵᠢᠯᠣᠭᠤᠳᠤᠨ᠎ᠠ᠃

  ᠦᠨᠳᠦᠰᠦᠨ ᠡᠮᠴᠢᠯᠡᠭᠡᠨ᠎ᠤ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠠᠬᠢᠭᠤᠯᠬᠤ ᠲᠠᠯ᠎ᠠ᠎ᠪᠠᠷ᠂ ᠣᠳᠣᠬᠠᠨ᠎ᠳᠤ᠂ ᠪᠦᠬᠦ᠌ ᠤᠯᠤᠰ᠎ᠲᠤ ᠨᠢᠭᠡᠨᠲᠡ 20 ᠮᠤᠵᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠠᠬᠢᠭᠤᠯᠵᠤ ᠪᠠᠢᠨ᠎ᠠ᠃ ᠣᠢᠷ᠎ᠠ᠎ᠳ᠋ᠤ᠂ ᠲᠥᠷᠥ᠎ᠶᠢᠨ ᠶᠠᠪᠤᠳᠠᠯ᠎ᠤ᠋ᠨ ᠬᠣᠷᠢᠶᠠᠨ᠎ᠤ᠋ ᠪᠠᠢᠩᠭᠤ᠎ᠶᠢᠨ ᠬᠤᠷᠠᠯ᠎ᠠ᠋ᠴᠠ ᠦᠨᠳᠦᠰᠦᠨ ᠡᠮᠴᠢᠯᠡᠭᠡᠨ᠎ᠤ ᠳᠠᠭᠠᠳᠭᠠᠯ᠎ᠢ᠋ ᠮᠣᠵᠢ᠎ᠶᠢᠨ ᠱᠠᠲᠤᠨ᠎ᠤ᠋ ᠨᠢᠭᠡᠳᠦᠯᠲᠡᠢ ᠲᠥᠯᠥᠪᠯᠡᠬᠦ᠌᠎ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠨᠳᠦᠰᠦᠨ ᠡᠮᠴᠢᠯᠡᠭᠡᠨ᠎ᠤ ᠳᠠᠭᠠᠳᠭᠠᠯ᠎ᠢ᠋ ᠮᠣᠵᠢ᠎ᠶᠢᠨ ᠱᠠᠲᠤᠨ᠎ᠤ᠋ ᠨᠢᠭᠡᠳᠦᠯᠲᠡᠢ ᠲᠥᠯᠥᠪᠯᠡᠬᠦ᠌᠎ᠶᠢ ᠲᠦᠯᠬᠢᠨ ᠠᠬᠢᠭᠤᠯᠬᠤ ᠪᠣᠯ ᠪᠦᠬᠦ᠌ ᠠᠷᠠᠳ᠎ᠤ᠋ᠨ ᠡᠮᠴᠢᠯᠡᠭᠡᠨ᠎ᠤ ᠳᠠᠭᠠᠳᠭᠠᠯ᠎ᠤ᠋ᠨ ᠳᠦᠷᠢᠮ᠎ᠢ᠋ ᠲᠡᠭᠦᠯᠳᠡᠷᠵᠢᠭᠦᠯᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠭᠡᠵᠦ᠍ ᠵᠢᠭ᠋ᠠᠨ ᠭᠠᠷᠭ᠋ᠠᠵᠤ᠂ ᠳᠠᠭᠠᠳᠭᠠᠯ᠎ᠤ᠋ᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠷᠠᠭᠠᠯᠵᠠᠬᠤ ᠳᠠᠪᠠᠭᠤᠯᠢᠭ᠎ᠢ᠋ ᠨᠡᠩ ᠰᠠᠢᠨ ᠪᠠᠳᠠᠷᠠᠭᠤᠯᠵᠤ᠂ ᠡᠮᠴᠢᠯᠡᠭᠡᠨ᠎ᠤ ᠳᠠᠭᠠᠳᠭᠠᠯ᠎ᠤ᠋ᠨ ᠳᠦᠷᠢᠮ᠎ᠦ᠋ᠨ ᠪᠠᠲᠤᠯᠠᠭ᠎ᠠ᠎ᠶᠢᠨ ᠴᠢᠳᠠᠪᠤᠷᠢ᠎ᠶᠢ ᠳᠡᠭᠡᠭ᠌ᠱᠢᠯᠡᠭᠦᠯᠬᠦ᠌᠎ᠳ᠋ᠦ᠍ ᠠᠰᠢᠭᠲᠠᠢ ᠶᠤᠮ᠃ ᠡᠯ᠎ᠡ ᠭᠠᠵᠠᠷ᠎ᠤᠨ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠵᠢᠯᠣᠭᠤᠳᠴᠤ᠌᠂ ᠮᠤᠵᠢ᠎ᠶ᠋ᠢᠨ ᠱᠠᠲᠤᠨ᠎ᠤ ᠨᠢᠭᠡᠳᠦᠯᠲᠡᠶ ᠲᠥᠯᠥᠪᠯᠡᠬᠦ᠌ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠢ ᠵᠦᠶ ᠵᠣᠬᠢᠰᠲᠠᠶ ᠲᠣᠭ᠍ᠲᠠᠭᠠᠵᠤ᠂ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃

  ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠡᠬᠢ ᠪᠠᠶᠠᠯᠢᠭ᠎ᠢ ᠳᠣᠭᠢᠷᠠᠭᠤᠯᠬᠤ ᠲᠠᠯ᠎ᠠ᠎ᠪᠠᠷ᠂ ᠪᠢᠳᠡ ᠡᠯ᠎ᠡ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠢ ᠵᠢᠯᠣᠭᠤᠳᠴᠤ᠌ ᠪᠠᠢᠭᠠᠳ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤ ᠨᠢ ᠳᠣᠭᠢᠷᠠᠭᠤᠯᠤᠨ᠂ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠪᠠᠢᠷᠢᠱᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠪᠦᠲᠦᠴᠡ᠎ᠶ᠋ᠢ ᠨᠠᠩ ᠱᠢᠨᠵᠢᠯᠡᠬᠦ᠌ ᠤᠬᠠᠭᠠᠨᠴᠢ ᠪᠣᠯᠭᠠᠨ᠎ᠠ᠃ 2025 ᠣᠨ᠎ᠤ 4 ᠳ᠋ᠤᠭᠡᠷ ᠰᠠᠷ᠎ᠠ᠎ᠳᠤ᠂ ᠪᠥᠬᠦ᠌ ᠤᠯᠤᠰ᠎ᠤᠨ ᠬᠡᠪᠴᠢᠶᠡᠨ᠎ᠳᠤ ᠨᠢᠭᠡᠳᠦᠯᠲᠡᠶ ᠲᠥᠯᠥᠪᠯᠡᠬᠦ᠌ 54 ᠭᠠᠵᠠᠷ ᠣᠷᠣᠨ᠎ᠢ ᠰᠣᠩᠭᠤᠨ ᠲᠤᠷᠱᠢᠯᠲᠠ᠎ᠶ᠋ᠢᠨ ᠴᠡᠭ᠎ᠦᠨ ᠠᠵᠢᠯ ᠥᠷᠨᠢᠭᠦᠯᠵᠦ᠍᠂ ᠳᠡᠯᠭᠡᠷᠡᠭᠦᠯᠵᠦ᠍ ᠪᠣᠯᠬᠤ ᠲᠤᠷᠱᠢᠯᠭ᠎ᠠ ᠬᠢᠳᠡᠯ᠎ᠢ ᠪᠦᠷᠢᠯᠳᠦᠭᠦᠯᠵᠦ᠍᠂ 2026 ᠣᠨ᠎ᠳᠤ ᠲᠤᠷᠱᠢᠯᠲᠠ᠎ᠶ᠋ᠢᠨ ᠴᠡᠭ᠎ᠤᠨ ᠠᠵᠢᠯ᠎ᠤᠨ ᠪᠠᠢᠳᠠᠯ᠎ᠢ ᠦᠨᠳᠦᠰᠦᠯᠡᠨ ᠴᠠᠭ᠎ᠲᠤ ᠨᠢ ᠳᠣᠭᠢᠷᠠᠭᠤᠯᠤᠨ ᠪᠥᠬᠦ᠌ ᠲᠠᠯ᠎ᠠ᠎ᠪᠠᠷ ᠳᠡᠯᠭᠡᠷᠡᠭᠦᠯᠬᠦ᠌᠎ᠪᠠᠷ ᠪᠣᠶ᠃

  ᠡᠮᠴᠢᠯᠡᠭᠡᠨ᠎ᠤ ᠳᠠᠭᠠᠳᠭᠠᠯ᠎ᠤᠨ ᠥᠭᠬᠦ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠬᠦ᠌ ᠲᠠᠯ᠎ᠠ᠎ᠪᠠᠷ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠪᠢᠳᠡ ᠡᠮᠴᠢᠯᠡᠭᠡᠨ᠎ᠤ ᠳᠠᠭᠠᠳᠭᠠᠯ᠎ᠤᠨ ᠥᠭᠬᠦ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠶᠡᠷᠦᠩᠬᠡᠶ ᠲᠤᠭ᠎ᠠ᠎ᠶ᠋ᠢᠨ ᠲᠥᠰᠦᠪ᠎ᠤᠨ ᠬᠠᠮᠢᠶᠠᠷᠤᠯᠲᠠ᠎ᠶ᠋ᠢ ᠴᠢᠩᠭᠠᠳᠭᠠᠨ᠂ ᠡᠪᠡᠳᠴᠢᠨ᠎ᠤ ᠲᠥᠷᠥᠯ᠎ᠤᠨ ᠵᠠᠷᠤᠳᠠᠯ ᠲᠤᠱᠢᠶᠠᠬᠤ ᠭᠤᠤᠯ ᠡᠯᠧᠮᠧᠨ᠋ᠲ᠎ᠢ ᠲᠥᠰᠦᠭᠡᠯᠡᠨ ᠪᠤᠳᠤᠬᠤ᠎ᠶ᠋ᠢ ᠲᠡᠭᠦᠯᠳᠡᠷᠵᠢᠭᠦᠯᠵᠦ᠍᠂ ᠡᠮᠴᠢᠯᠡᠭᠡᠨ᠎ᠤ ᠳᠠᠭᠠᠳᠭᠠᠯ᠎ᠤᠨ ᠥᠭᠬᠦ ᠪᠠᠷᠢᠮᠵᠢᠶ᠎ᠠ᠎ᠶ᠋ᠢ ᠵᠦᠶ ᠵᠣᠬᠢᠰᠲᠠᠶ ᠲᠣᠭ᠍ᠲᠠᠭᠠᠨ᠂ ᠦᠯᠡᠳᠡᠪᠦᠷᠢ ᠦᠯᠡᠳᠡᠭᠡᠨ ᠬᠡᠷᠡᠭ᠌ᠯᠡᠬᠦ᠌᠎ᠶ᠋ᠢ ᠤᠷᠮᠠᠱᠢᠭᠤᠯᠬᠤ ᠲᠣᠭ᠍ᠲᠠᠴᠠ᠎ᠶ᠋ᠢ ᠨᠠᠢᠳᠠᠪᠤᠷᠢᠵᠢᠭᠤᠯᠬᠤ᠎ᠶ᠋ᠢ ᠪᠣᠳᠠᠲᠠᠶ ᠰᠠᠢᠲᠤᠷ ᠠᠳᠭᠤᠵᠤ᠂ ᠬᠠᠮᠢᠶᠠᠷᠤᠯᠲᠠ᠎ᠨᠢ ᠵᠢᠷᠤᠮᠵᠢᠭ᠍ᠰᠠᠨ᠂ ᠦᠶ᠋ᠯᠡᠴᠢᠯᠡᠭᠡ᠎ᠨᠢ ᠥᠨᠳᠥᠷ ᠪᠦᠲᠦᠮᠵᠢᠲᠡᠶ ᠡᠮᠴᠢᠯᠡᠭᠡᠨ᠎ᠤ ᠪᠠᠢᠭᠤᠯᠤᠮᠵᠢ᠎ᠶ᠋ᠢ ᠨᠠᠩ ᠬᠦᠴᠦᠲᠡᠶ ᠳᠡᠮᠵᠢᠨ᠎ᠡ᠃

  ᠴᠠᠭ ᠲᠤᠬᠠᠢ᠎ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ᠎ᠶ᠋ᠢᠨ ᠬᠦᠷᠢᠶ᠎ᠡ ᠬᠡᠪᠴᠢᠶ᠎ᠡ᠎ᠶ᠋ᠢ ᠥᠷᠭᠡᠳᠭᠡᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠲᠠᠯ᠎ᠠ᠎ᠪᠠᠷ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ ᠦᠷᠭᠦᠯᠵᠢᠯᠡᠨ ᠤᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠵᠦ᠍᠂ ᠴᠠᠭ ᠲᠤᠬᠠᠢ᠎ᠳᠤ ᠨᠢ ᠳ᠋ᠦᠩᠨᠡᠨ ᠪᠤᠳᠤᠬᠤ ᠰᠠᠭᠤᠷᠢ ᠮᠥᠩᠭᠦ᠌ ᠪᠠ ᠡᠮᠴᠢᠯᠡᠭᠡᠨ᠎ᠤ ᠪᠠᠢᠭᠤᠯᠤᠮᠵᠢ᠎ᠶ᠋ᠢᠨ ᠬᠠᠮᠤᠷᠬᠤ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠵᠦ᠍᠂ ᠡᠮᠴᠢᠯᠡᠭᠡᠨ᠎ᠤ ᠪᠠᠢᠭᠤᠯᠤᠮᠵᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ᠃ ᠰᠠᠭᠤᠷᠢ ᠮᠦᠩᠬᠦᠨ᠎ᠤ ᠢᠯᠭᠠᠷᠠᠭᠤᠯᠤᠨ ᠪᠤᠳᠣᠬᠤ᠎ᠶ᠋ᠢ ᠳᠦᠷᠭᠡᠳᠭᠡᠵᠦ᠍᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠥᠮᠵᠢ᠎ᠶ᠋ᠢᠨ ᠰᠠᠭᠤᠷᠢ ᠮᠦᠡᠭ᠌ᠬᠦ᠎ᠳᠤ ᠣᠷᠢᠳᠴᠢᠯᠡᠨ ᠦᠭ᠌ᠬᠦ ᠡᠷᠴᠢᠮ᠎ᠢ ᠴᠢᠩᠭᠠᠷᠡᠭᠤᠯᠥᠨ᠂ ᠲᠠᠭᠠᠳᠭᠠᠯ᠎ᠳᠤ ᠣᠷᠣᠯᠴᠬᠠᠰᠠᠳ᠎ᠤᠨ ᠡᠮᠨᠡᠬᠦᠯᠬᠦ᠌᠎ᠳᠤ 《 ᠨᠢᠭᠡ ᠺᠤᠳ᠋᠎ᠢᠶᠠᠷ ᠥᠭᠬᠦ 》᠂ 《 ᠱᠢᠯᠵᠢᠬᠦᠯᠥᠨ ᠦᠭ᠌ᠬᠦ 》 ᠪᠠ  《 ᠢᠳᠡᠭᠡᠮᠵᠢᠳᠦ ᠥᠭᠬᠦ 》᠎ᠶ᠋ᠢ ᠠᠬᠢᠭᠤᠯᠥᠨ᠎ᠠ᠃

  ᠡᠮ᠎ᠤᠨ ᠵᠦᠢᠯᠡᠰ᠎ᠢ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠦᠷᠭᠦᠯᠵᠢᠯᠡᠨ ᠱᠢᠯᠢᠳᠡᠭ᠌ᠵᠢᠭᠦᠯᠬᠦ᠌ ᠲᠠᠯ᠎ᠠ᠎ᠪᠠᠷ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠠᠴᠠ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠪᠠᠢᠩᠭᠤᠵᠢᠭᠤᠯᠤᠨ ᠳᠦᠷᠢᠮᠵᠢᠭᠦᠯᠦᠨ ᠠᠬᠢᠭᠤᠯᠵᠤ᠂ ᠤᠯᠤᠰ ᠪᠠ ᠣᠷᠣᠨ ᠨᠤᠲᠤᠭ᠎ᠤᠨ ᠡᠮ ᠡᠮᠨᠡᠯᠭᠡ᠎ᠶ᠋ᠢᠨ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠵᠢᠷᠤᠮᠵᠢᠭᠤᠯᠤᠨ ᠵᠣᠬᠢᠶᠠᠨ ᠪᠠᠢᠭᠤᠯᠬᠤ ᠬᠢᠷᠢ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠦᠨ᠎ᠡ᠃ ᠡᠮᠴᠢᠯᠡᠭᠡᠨ᠎ᠤ ᠳᠠᠭᠠᠳᠭᠠᠯ᠎ᠢ ᠡᠮ ᠡᠮᠨᠡᠯᠭᠡ᠎ᠶ᠋ᠢᠨ ᠠᠵᠤ ᠠᠬᠤᠢᠯᠠᠯ ᠎ᠯᠤᠭ᠎ᠠ ᠱᠢᠭᠤᠳ ᠳ᠋ᠦᠩᠨᠡᠨ ᠪᠤᠳᠤᠬᠤ᠎ᠶ᠋ᠢ ᠲᠦᠷᠭᠡᠳᠭᠡᠨ ᠠᠬᠢᠭᠤᠯᠵᠤ᠂ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠂ ᠠᠷᠠᠳ᠎ᠤᠨ ᠡᠵᠡᠩᠨᠡᠯᠲᠡ᠎ᠶ᠋ᠢᠨ ᠡᠮᠴᠢᠯᠡᠭᠡᠨ᠎ᠤ ᠪᠠᠢᠭᠤᠯᠤᠮᠵᠢ᠂ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠣᠷᠣᠭᠤᠯᠬᠤ᠎ᠶ᠋ᠢ ᠠᠬᠢᠭᠤᠯᠤᠨ᠎ᠠ᠃ ᠲᠥᠪᠯᠡᠷᠡᠭᠦᠯᠦᠨ ᠬᠤᠳᠠᠯᠳᠤᠨ ᠠᠪᠬᠤ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠡᠮᠴᠢᠯᠡᠭᠡᠨ᠎ᠤ ᠪᠣᠳᠠᠲᠠᠶ ᠬᠡᠷᠡᠭ᠌ᠴᠡᠭᠡ᠎ᠶ᠋ᠢ ᠨᠠᠩ ᠴᠢᠬᠤᠯᠠᠴᠢᠯᠠᠨ᠂ ᠶᠠᠰᠤ ᠴᠢᠨᠠᠷ ᠪᠠ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢ ᠨᠠᠩ ᠴᠢᠬᠤᠯᠠᠴᠢᠯᠠᠵᠤ᠂ ᠣᠯᠠᠨ ᠲᠦᠮᠡᠨ᠎ᠤ ᠡᠮ ᠬᠡᠷᠡᠭ᠌ᠯᠡᠬᠦ᠌᠎ᠶ᠋ᠢ ᠨᠠᠩ ᠰᠠᠨᠠᠭ᠎ᠠ ᠠᠮᠤᠷ ᠪᠣᠯᠭᠠᠨ᠎ᠠ᠃

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
 
            