ᠢᠨᠲ᠋ᠧᠷ ᠰᠦᠯᠵᠢᠶᠡᠨ᠎ᠤ ᠮᠡᠷᠭᠡᠵᠢᠯ ᠪᠠ ᠮᠡᠳᠡᠭᠡ ᠵᠠᠩᠭᠢᠴᠢᠯᠠᠯᠲᠠ ᠵᠢᠨ ᠠᠷᠭ᠎ᠠ ᠪᠠᠷᠢᠯ᠎ᠢ ᠭᠦᠢ᠍ᠴᠡᠳ ᠬᠡᠷᠡᠭᠯᠡᠨ᠂ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ ᠵᠢ ᠰᠠᠶ᠋ᠢᠵᠢᠷᠠᠭᠤᠯᠵᠤ᠂ ᠨᠠᠩ ᠳᠥᠭᠦᠮ ᠳᠥᠲᠡ ᠥᠨᠳᠥᠷ ᠪᠦᠲᠦᠮᠵᠢᠲᠡᠶ ᠰᠦᠯᠵᠢᠶᠡᠨ᠎ᠤ ᠰᠤᠷᠤᠯᠴᠠᠯᠭ᠎ᠠ ᠵᠢᠨ ᠵᠢᠭᠰᠠᠭ᠋ᠠᠯ᠎ᠤᠨ ᠭᠠᠵᠠᠷ᠎ᠢ ᠪᠠᠶ᠋ᠢᠭᠤᠯᠤᠨ᠂ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠎ᠲᠠᠢ ᠢᠳᠡᠪᠬᠢᠲᠡᠶ ᠵᠣᠯᠭ᠋ᠠᠭᠤᠯᠵᠤ᠂ ᠵᠠᠰᠠᠭ᠎ᠤᠨ ᠶᠠᠪᠤᠳᠠᠯ᠎ᠤᠨ ᠳᠣᠲᠣᠭ᠋ᠠᠳᠤ ᠰᠦᠯᠵᠢᠶᠡᠨ᠎ᠳᠤ ᠲᠦᠰᠢᠭᠯᠡᠨ ᠥᠪᠥᠷ ᠮᠣᠩᠭᠤᠯ᠎ᠤᠨ ᠵᠠᠰᠠᠭ᠎ᠤᠨ ᠶᠠᠪᠤᠳᠠᠯ᠎ᠢ ᠰᠠᠭ᠋ᠠᠳ ᠦᠭᠡᠢ ᠨᠡᠪᠲᠡᠷᠡᠭᠦᠯᠬᠦ ᠨᠠᠮ᠎ᠤᠨ ᠪᠠᠶ᠋ᠢᠭᠤᠯᠤᠯᠲᠠ ᠵᠢᠨ ᠰᠢᠰᠲ᠋ᠧᠮ᠎ᠢ ᠨᠡᠪᠲᠡᠷᠡᠭᠦᠯᠦᠨ ᠬᠡᠷᠡᠭᠯᠡᠪᠡ᠃

6 ᠳ᠋ᠤᠭ᠋ᠠᠷ ᠰᠠᠷ᠎ᠠ ᠵᠢᠨ 27᠎ᠤ ᠡᠳᠦᠷ᠎ᠤᠨ ᠦᠳᠡ ᠵᠢᠨ ᠬᠤᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ᠎ᠤᠨ ᠢᠨᠵᠧᠨᠧᠷ᠎ᠢ ᠤᠷᠢᠵᠤ ᠰᠢᠰᠲ᠋ᠧᠮ᠎ᠤᠨ ᠠᠵᠢᠯᠯᠠᠭ᠎ᠠ ᠵᠢᠴᠢ ᠡᠷᠬᠡ ᠮᠡᠳᠡᠯ᠎ᠤᠨ ᠬᠡᠪᠴᠢᠶᠡᠨ᠎ᠤ ᠬᠠᠮᠢᠶᠠᠷᠤᠯᠲᠠ ᠵᠡᠷᠭᠡ ᠠᠭᠤᠯᠭ᠎ᠠ ᠵᠢᠨ ᠲᠣᠭᠤᠷᠢᠨ᠎ᠳᠤ ᠪᠥᠬᠦ ᠨᠠᠮ᠎ᠤᠨ ᠭᠡᠰᠢᠭᠦᠳ᠎ᠲᠤ ᠲᠤᠬᠠᠶ ᠵᠢᠨ ᠲᠠᠯᠠᠪᠤᠷ᠎ᠤᠨ ᠪᠣᠯᠪᠠᠰᠤᠷᠠᠯ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠰᠢᠰᠲ᠋ᠧᠮ᠎ᠤᠨ ᠬᠡᠷᠡᠭᠯᠡᠯᠲᠡ ᠳᠤᠮᠳᠠᠬᠢ ᠪᠣᠳᠠᠲᠠᠶ ᠠᠵᠢᠯᠯᠠᠭ᠋ᠠᠨ᠎ᠤ ᠬᠦᠴᠢᠷ ᠠᠰᠠᠭᠤᠳᠠᠯ᠎ᠢ ᠣᠨᠣᠪᠴᠢᠲᠠᠶ ᠰᠢᠢ᠍ᠳᠪᠦᠷᠢᠯᠡᠨ᠂ ᠣᠯᠠᠨ᠎ᠢ ᠬᠠᠪᠰᠤᠷᠤᠨ ᠶᠠᠪᠤᠴᠠ ᠵᠢ ᠨᠠᠩ ᠲᠦᠷᠭᠡᠨ ᠣᠶ᠋ᠢᠯᠠᠭ᠋ᠠᠭᠤᠯᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠨᠠᠩ ᠰᠠᠶ᠋ᠢᠲᠤᠷ ᠳᠡᠭᠡᠭᠰᠢᠯᠡᠭᠦᠯᠦᠨ᠂ ᠴᠢᠨᠠᠷ ᠰᠠᠶ᠋ᠢᠲᠠᠶ ᠨᠠᠮ᠎ᠤᠨ ᠪᠠᠶ᠋ᠢᠭᠤᠯᠤᠯᠲᠠ᠎ᠪᠠᠷ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠠᠷᠠᠯᠲᠠ ᠵᠢ ᠴᠢᠷᠮᠠᠶ᠋ᠢᠨ ᠪᠡᠶᠡᠯᠡᠭᠦᠯᠪᠡ᠃