9 ᠳ᠋ᠦ᠍ᠭᠡᠷ ᠰᠠᠷ᠎ᠠ᠎ᠶᠢᠨ 3᠎ᠤ ᠡᠳᠦᠷ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ ᠲᠠᠶ᠋ᠢᠨ ᠵᠢᠴᠢ ᠳᠡᠯᠡᠬᠡᠶ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠤᠭᠰᠠᠨ 80 ᠵᠢᠯ᠎ᠤᠨ ᠣᠶ᠎ᠶᠢᠨ ᠳᠤᠷᠠᠰᠬᠠᠯ᠎ᠤᠨ ᠡᠳᠦᠷ ᠪᠣᠯᠤᠨ᠎ᠠ ᠂ ᠦᠳᠡ᠎ᠶᠢᠨ ᠡᠮᠦᠨᠡᠬᠢ 9 ᠴᠠᠭ᠎ᠲᠤ ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ ᠨᠢ ᠪᠥᠬᠦ ᠨᠠᠮ᠎ᠤᠨ ᠭᠡᠰᠢᠭᠦᠨ ᠂ ᠺᠠᠳ᠋ᠷᠴᠤᠳ᠎ᠢ ᠵᠣᠬᠢᠶᠠᠨ ᠪᠠᠶ᠋ᠢᠭᠤᠯᠵᠤ ᠨᠢᠭᠡ ᠲᠠᠩᠬᠢᠮ᠎ᠳᠤ ᠴᠤᠭᠯᠠᠷᠠᠭᠤᠯᠵᠤ ᠂ ᠬᠦᠨᠳᠦᠳᠬᠡᠨ ᠪᠢᠰᠢᠷᠡᠬᠦ ᠪᠠ ᠤᠷᠠᠮᠰᠢᠭᠤᠯᠬᠤ ᠰᠡᠳᠬᠢᠯᠭᠡ᠎ᠪᠠᠷ ᠦᠪᠡᠳᠡᠭᠰᠢ ᠶᠡᠭᠡ ᠴᠡᠷᠢᠭ ᠠᠩᠭᠢ᠎ᠶᠢ ᠰᠢᠯᠭᠠᠨ ᠦᠵᠡᠬᠦ ᠰᠢᠭᠤᠳ ᠨᠡᠪᠲᠡᠷᠡᠭᠦᠯᠭᠡ᠎ᠶᠢ ᠲᠥᠪᠯᠡᠷᠡᠭᠦᠯᠦᠨ ᠦᠵᠡᠵᠦ ᠂ ᠡᠨᠡ ᠬᠦ᠌ ᠲᠡᠤᠬᠡ᠎ᠶᠢ ᠪᠠᠲᠤ ᠴᠡᠭᠡᠵᠢᠯᠡᠵᠦ ᠂ ᠪᠠᠭᠠᠲᠤᠷᠴᠤᠳ᠎ᠲᠤ ᠬᠦᠨᠳᠦᠳᠬᠡᠯ᠎ᠢᠶᠠᠨ ᠳᠡᠪᠰᠢᠭᠦᠯᠵᠦ ᠂ ᠢᠷᠡᠭᠡᠳᠦᠶ᠎ᠪᠠᠨ ᠢᠯᠡᠷᠬᠡᠶ᠋ᠢᠯᠡᠬᠦ ᠲᠥᠪ ᠴᠢᠩᠭ᠎ᠠ ᠴᠠᠭ ᠮᠥᠴᠡ᠎ᠶᠢ ᠬᠠᠮᠲᠤ᠎ᠪᠠᠷ ᠭᠡᠷᠡᠴᠢᠯᠡᠪᠡ ᠃

ᠡᠨᠡ ᠤᠳᠠᠭᠠᠨ᠎ᠤ ᠴᠡᠷᠢᠭ ᠠᠩᠭᠢ᠎ᠶᠢ ᠰᠢᠯᠭᠠᠨ ᠦᠵᠡᠬᠦ ᠠᠵᠢᠯᠯᠠᠭ᠎ᠠ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠰᠢᠨ᠎ᠡ ᠠᠶᠠᠨ᠎ᠳᠤ ᠤᠷᠤᠬ᠍ᠰᠠᠨ ᠠᠩᠬᠠᠳᠠᠭ᠍ᠴᠢ ᠤᠳᠠᠭᠠᠨ᠎ᠤ ᠴᠡᠷᠢᠭ ᠠᠩᠭᠢ᠎ᠶᠢ ᠰᠢᠯᠭᠠᠨ ᠦᠵᠡᠬᠦ ᠶᠣᠰᠣᠯᠠᠯ ᠪᠠᠢᠵᠤ ᠂ ᠠᠷᠠᠳ᠎ᠤᠨ ᠴᠡᠷᠢᠭ ᠠᠩᠭᠢ᠎ᠠᠴᠠ ᠴᠡᠷᠢᠭ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ᠎ᠶᠢᠨ ᠴᠣ ᠰᠢᠨ᠎ᠡ ᠳᠦᠷᠢ ᠳᠦᠷᠬᠦ ᠪᠣᠯᠤᠨ᠎ᠠ ᠃ ᠳᠡᠯᠭᠡᠴᠡ ᠳᠡᠭᠡᠷ᠎ᠡ ᠂ ᠰᠦᠷ ᠵᠢᠪᠬᠤᠯᠠᠩᠲᠤ ᠵᠢᠭ᠍ᠰᠠᠭᠠᠯ᠎ᠤᠨ ᠠᠯᠬᠤᠭ᠎ᠠ ᠳᠦᠩᠭᠢᠨᠡᠵᠦ ᠂ ᠲᠡᠷᠢᠭᠦᠨ᠎ᠤ ᠲᠤᠨᠤᠭ ᠲᠥᠬᠦᠭᠡᠷᠦᠮᠵᠢ᠎ᠨᠢ ᠬᠥᠮᠦᠰ᠎ᠤᠨ ᠰᠡᠳᠬᠢᠯ᠎ᠢ ᠳᠣᠭᠳᠣᠯᠤᠭᠤᠯᠵᠤ ᠂ ᠨᠠᠷᠢᠨ ᠵᠦᠢᠯᠡᠰ ᠨᠢᠭᠡᠪᠦᠷᠢ᠎ᠨᠢ ᠴᠥᠮ ᠤᠯᠤᠰ᠎ᠤᠨ ᠬᠦᠴᠦᠷᠬᠡᠭᠵᠢᠯ ᠪᠠ ᠴᠡᠷᠢᠭ ᠠᠩᠭᠢ᠎ᠶᠢᠨ ᠢᠷᠠᠭᠤ ᠠᠯᠳᠠᠷ᠎ᠢ ᠢᠯᠡᠷᠡᠭᠦᠯᠵᠦ ᠪᠣᠢ ᠃ ᠦᠵᠡᠬᠦ ᠶᠠᠪᠤᠴᠠ᠎ᠳᠤ ᠂ ᠣᠯᠠᠨ᠎ᠤ ᠬᠠᠷᠠᠴᠠ ᠡᠷᠡᠰ ᠪᠠᠲᠤ ᠂ ᠰᠡᠳᠬᠢᠯ᠎ᠤᠨ ᠳᠠᠪᠠᠯᠭᠠᠨ ᠣᠷᠭᠢᠯᠣᠮ᠎ᠠ ᠪᠠᠢᠪᠠ ᠂ ᠡᠨᠡ ᠤᠳᠠᠭᠠᠨ᠎ᠤ ᠦᠪᠡᠳᠡᠭᠰᠢ ᠶᠣᠰᠣᠯᠠᠯ ᠨᠢ ᠬᠤᠪᠢᠰᠬᠠᠯ᠎ᠤᠨ ᠲᠡᠤᠬᠡ᠎ᠶᠢ ᠭᠦᠨᠵᠡᠭᠡᠶ ᠡᠷᠭᠢᠴᠡᠭᠦᠯᠵᠦ ᠪᠠᠶ᠋ᠢᠭ᠎ᠠ ᠶᠠᠪᠤᠳᠠᠯ ᠮᠥᠨ ᠂ ᠪᠢᠳᠡ ᠶᠠᠫᠣᠨ᠎ᠢ ᠡᠰᠡᠷᠭᠦᠴᠡᠬᠦ ᠲᠠᠶ᠋ᠢᠨ᠎ᠤ ᠣᠨ ᠵᠢᠯ᠎ᠤᠳ᠎ᠲᠤ ᠲᠤᠭ᠎ᠠ ᠲᠣᠮᠰᠢ ᠦᠭᠡᠢ ᠦᠷᠡᠭᠳᠡᠭᠰᠡᠨ ᠪᠠᠭᠠᠲᠤᠷᠴᠤᠳ᠎ᠤᠨ ᠦᠷᠡᠭᠳᠡᠯ ᠪᠠ ᠬᠤᠪᠢ ᠨᠡᠮᠡᠷᠢ᠎ᠶᠢ ᠳᠠᠬᠢᠨᠲᠠ ᠪᠠᠲᠤ ᠴᠡᠭᠡᠵᠢᠯᠡᠭᠦᠯᠵᠦ ᠪᠠᠢᠭ᠎ᠠ ᠶᠠᠪᠤᠳᠠᠯ ᠪᠣᠯᠣᠨ᠎ᠠ ; ᠨᠠᠩ ᠴᠤ᠌ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠳᠠᠬᠢ ᠲᠥᠪ ᠴᠢᠩᠭ᠎ᠠ ᠠᠰᠠᠭᠤᠯᠲᠠ ᠪᠠᠢᠵᠤ ᠂ ᠡᠮᠴᠢᠯᠡᠭᠡᠨ᠎ᠤ ᠪᠠᠲᠤᠯᠠᠭ᠎ᠠ᠎ᠶᠢᠨ ᠨᠠᠮ᠎ᠤᠨ ᠭᠡᠰᠢᠭᠦᠨ ᠺᠠᠳ᠋ᠷ ᠨᠢᠭᠡᠪᠦᠷᠢ᠎ᠶᠢ ᠬᠡᠷᠬᠢᠨ ᠰᠢᠨ᠎ᠡ ᠴᠠᠭ ᠦᠶ᠎ᠡ᠎ᠳᠤ ᠥᠪᠡᠷ᠎ᠤᠨ ᠬᠠᠷᠢᠭᠤᠴᠠᠯᠭ᠎ᠠ᠎ᠪᠠᠨ ᠡᠭᠦᠷᠭᠡᠯᠡᠬᠦ᠎ᠶᠢ ᠠᠬᠢᠭᠤᠯᠵᠤ ᠪᠣᠢ ᠃ ᠶᠠᠫᠣᠨ᠎ᠢ ᠡᠰᠡᠷᠭᠦᠴᠡᠬᠦ ᠲᠠᠶ᠋ᠢᠨ᠎ᠤ ᠦᠶ᠎ᠡ᠎ᠶᠢᠨ ᠡᠪ ᠬᠠᠮᠲᠤ ᠨᠠᠮ᠎ᠤᠨ ᠭᠡᠰᠢᠭᠦᠳ ᠡᠮᠦᠨ᠎ᠡ᠎ᠨᠢ ᠭᠠᠪᠰᠢᠭᠠᠶ᠋ᠢᠯᠠᠵᠤ ᠂ ᠰᠢᠨ᠎ᠡ ᠴᠠᠭ ᠦᠶ᠎ᠡ᠎ᠶᠢᠨ ᠴᠡᠷᠢᠭ ᠬᠥᠮᠦᠨ᠎ᠤ ᠤᠯᠤᠰ᠎ᠢᠶᠠᠨ ᠬᠠᠮᠠᠭᠠᠯᠠᠬᠤ ᠡᠷᠡᠰ ᠪᠠᠲᠤ ᠣᠪᠣᠷ ᠪᠠᠶ᠋ᠢᠳᠠᠯ᠎ᠠᠴᠠ ᠲᠠᠬᠢᠨ ᠡᠮᠴᠢᠯᠡᠭᠡᠨ᠎ᠦ ᠪᠠᠲᠤᠯᠠᠭ᠎ᠠ᠎ᠶᠢᠨ ᠺᠠᠳ᠋ᠷ᠎ᠤᠨ ᠡᠩᠨᠡᠭᠡᠨ᠎ᠦ ᠠᠷᠠᠳ᠎ᠤᠨ ᠠᠮᠢᠳᠤᠷᠠᠯ᠎ᠤᠨ ᠡᠮᠦᠨ᠎ᠡ ᠹᠷᠣᠨᠲ᠎ᠲᠤ ᠰᠠᠭᠤᠷᠢᠯᠠᠭᠰᠠᠨ ᠬᠤᠪᠢ ᠨᠡᠮᠡᠷᠢ᠎ᠶᠢᠨ ᠲᠦᠷᠢ ᠲᠥᠷᠬᠦ ᠬᠦᠷᠲᠡᠯ᠎ᠡ ∣ ᠠᠳᠠᠯᠢ ᠪᠤᠰᠤ ᠠᠵᠢᠯ᠎ᠤᠨ ᠪᠠᠶ᠋ᠢᠷᠢ᠎ᠶᠢ ᠠᠳᠠᠯᠢᠬᠠᠨ ᠪᠠᠲᠤ ᠰᠠᠬᠢᠵᠤ ᠂ ᠠᠳᠠᠯᠢ ᠪᠤᠰᠤ ᠲᠠᠶ᠋ᠢᠨ᠎ᠤ ᠲᠠᠯᠠᠪᠤᠷ᠎ᠲᠤ ᠠᠳᠠᠯᠢᠬᠠᠨ ᠦᠨᠡᠨᠴᠢ ᠰᠢᠳᠤᠷᠭᠤ ᠪᠠᠢᠪᠠ ᠃ ᠦᠶ᠎ᠡ ᠦᠶ᠎ᠡ᠎ᠶᠢᠨ ᠲᠡᠮᠡᠴᠡᠭᠴᠢ ᠢᠮᠠᠭᠲᠠ 《ᠠᠷᠠᠳ ᠲᠦᠮᠡᠨ᠎ᠳᠤ ᠦᠢᠯᠡᠴᠢᠯᠡᠬᠦ》 ᠴᠢᠭᠯᠡᠯ᠎ᠢᠶᠠᠷ ᠤᠷᠤᠭᠰᠢᠯᠠᠵᠤ ᠂ ᠲᠤᠰ ᠲᠤᠰ᠎ᠤᠨ᠎ᠢᠶᠠᠨ ᠬᠡᠪᠴᠢᠶᠡᠨ᠎ᠳᠦ ᠡᠭᠦᠷᠭᠡ ᠬᠠᠷᠢᠭᠤᠴᠠᠯᠭ᠎ᠠ᠎ᠶᠢᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠵᠦ ᠂ ᠡᠨᠡ ᠬᠦ᠌ ᠬᠦᠨᠳᠦ ᠨᠦᠰᠡᠷ ᠲᠠᠩᠭᠠᠷᠢᠭ᠋ ᠨᠢ ᠴᠠᠭ ᠣᠷᠣᠨ ᠵᠠᠢ᠎ᠶᠢ ᠲᠤᠭᠤᠯᠤᠨ ᠢᠷᠡᠵᠦ ᠂ ᠶᠠᠪᠤᠬᠤ ᠲᠤᠳᠤᠮ ᠪᠡᠬᠢᠵᠢᠵᠦ ᠪᠣᠢ ᠃

ᠲᠦᠳᠡᠭ ᠭᠠᠯ ᠬᠡᠳᠦᠢᠪᠡᠷ ᠥᠩᠭᠡᠷᠡᠴᠢᠬᠡᠭᠰᠡᠨ ᠪᠣᠯᠪᠠᠴᠤ ᠵᠣᠷᠢᠭ᠋ ᠰᠠᠨᠠᠭ᠎ᠠ ᠨᠢ ᠦᠨᠢᠲᠡ ᠪᠠᠯᠠᠷᠠᠰᠢ ᠦᠭᠡᠢ ᠃ ᠬᠤᠪᠢᠰᠬᠠᠯᠴᠢ ᠠᠬᠠᠮᠠᠳ ᠦᠶᠡᠶᠢᠨᠬᠢᠨᠤ ᠠᠷᠢᠭᠤᠨ ᠴᠢᠰᠤ ᠪᠠ ᠠᠮᠢ ᠨᠠᠰᠤ᠎ᠪᠠᠷ᠎ᠢᠶᠠᠨ ᠴᠣᠭᠴᠠᠯᠠᠨ ᠪᠠᠶ᠋ᠢᠭᠤᠯᠤᠭᠰᠠᠨ ᠢᠯᠠᠯᠲᠠ᠎ᠶᠢᠨ ᠬᠥᠰᠢᠶ᠎ᠡ ᠨᠢ ᠳᠤᠮᠳᠠᠳᠤᠴᠤᠳ᠎ᠤᠨ ᠰᠡᠳᠬᠢᠯ᠎ᠳᠤ ᠡᠭᠦᠷᠢᠳᠡ ᠰᠡᠬᠦ᠋ᠢᠨ ᠰᠦᠨᠳᠡᠷᠯᠡᠨ᠎ᠡ ᠃ ᠣᠯᠠᠨ᠎ᠢᠶᠠᠷ᠎ᠢᠶᠠᠨ ᠲᠣᠰ ᠤᠳᠠᠭᠠᠨ᠎ᠤ ᠰᠣᠨᠢᠷᠬᠠᠬᠤ ᠰᠤᠷᠤᠯᠴᠠᠯᠭ᠎ᠠ᠎ᠪᠠᠷ ᠰᠢᠨ᠎ᠡ ᠭᠠᠷᠤᠭ᠎ᠠ᠎ᠪᠠᠨ ᠪᠣᠯᠭᠠᠵᠤ ᠂ ᠳᠣᠲᠣᠭᠠᠳᠤ ᠰᠡᠳᠬᠢᠯ᠎ᠤᠨ ᠳᠣᠭᠳᠣᠯᠣᠯ ᠪᠠ ᠰᠡᠳᠬᠢᠯᠭᠡ᠎ᠶᠢᠨ ᠳᠣᠭᠳᠣᠯᠣᠯ᠎ᠢᠶᠡᠨ ᠯᠠᠪᠳᠠᠭᠤᠨ ᠪᠠᠲᠤᠲᠠᠶ ᠠᠵᠢᠯᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠠᠵᠢᠯ᠎ᠤᠨ ᠪᠠᠶ᠋ᠢᠷᠢᠳᠦᠪᠡᠨ ᠰᠠᠭᠤᠷᠢᠯᠠᠬᠤ ᠂ ᠬᠦᠴᠦᠯᠡᠨ ᠴᠢᠷᠮᠠᠶ᠋ᠢᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ ᠂ ᠰᠢᠨ᠎ᠡ ᠴᠠᠭ ᠦᠶ᠎ᠡ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠦᠢᠯᠡᠰ᠎ᠤᠨ ᠠᠶᠠᠨ᠎ᠳᠦ ᠡᠷᠡᠯᠬᠡᠭᠯᠡᠨ ᠤᠷᠤᠭᠰᠢᠯᠠᠬᠤ᠎ᠪᠠᠷ ᠵᠣᠷᠢᠭ᠋ ᠰᠢᠭᠤᠳᠬᠤ ᠪᠣᠯᠣᠨ᠎ᠠ ᠃