11 ᠳ᠋ᠦ᠍ᠭᠡᠷ ᠰᠠᠷ᠎ᠠ᠎ᠶᠢᠨ 19 ᠦ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠥᠷᠥ᠎ᠶᠢᠨ ᠪᠣᠳᠣᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠶᠢᠨ ᠠᠯᠪᠠᠨ ᠭᠡᠷ)᠎ᠤᠨ ᠳᠡᠳ᠋ ᠡᠷᠬᠢᠯᠡᠭᠴᠢ ᠶᠠᠩ ᠵᠢᠢ ᠵᠧᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯᠳᠤᠭᠠᠨ᠎ᠤ ᠵᠣᠷᠢᠭ᠋ ᠰᠠᠨᠠᠭ᠎ᠠ ᠯᠤᠭ᠎ᠠ ᠪᠦᠬᠦ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠠ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠣᠨᠣᠪᠴᠢᠲᠠᠢ ᠡᠵᠡᠮᠳᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠵᠡᠷᠭᠡ ᠲᠠᠯ᠎ᠠ᠎ᠪᠠᠷ ᠰᠢᠰᠲᠧᠮ᠎ᠲᠠᠢ ᠲᠠᠢᠯᠤᠮᠵᠢ ᠬᠢᠪᠡ᠃
ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶᠢᠨ ᠰᠡᠳᠦᠪ ᠲᠣᠳᠣ᠌᠂ ᠠᠭᠤᠯᠤᠭᠳᠠᠬᠤᠨ ᠪᠠᠶᠠᠯᠢᠭ᠋᠂ ᠭᠣᠣᠯᠳᠠᠯᠭ᠎ᠠ ᠲᠣᠪᠣᠢᠮ᠎ᠠ ᠪᠠᠢᠯ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠡ ᠵᠠᠩᠭᠢ ᠪᠠᠢᠴᠠᠭᠠᠨ ᠰᠤᠳᠤᠯᠬᠤ ᠭᠠᠵᠠᠷ᠎ᠤᠨ ᠳᠡᠳ᠋ ᠳᠠᠷᠤᠭ᠎ᠠ ᠰᠢᠦᠢ ᠪᠦ ᠴᠢᠶᠠᠩ ᠢᠯᠡᠷᠬᠡᠢᠯᠡᠬᠦ᠎ᠳᠤ᠎ᠪᠠᠨ᠂ ᠬᠣᠢᠰᠢᠳᠠ᠎ᠶᠢᠨ ᠠᠵᠢᠯ ᠳᠤᠮᠳᠠ᠎ᠪᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠠᠯᠪᠠᠨ ᠲᠢᠩᠬᠢᠮ᠎ᠦᠨ ᠠᠵᠢᠯ᠎ᠤᠨ ᠲᠤᠬᠠᠢ ᠶᠡᠷᠦᠩᠬᠡᠢ ᠱᠦᠵᠢ ᠰᠢ ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠵᠢᠯ᠎ᠤᠨ ᠭᠠᠷᠳᠠᠬᠤ ᠴᠡᠭ ᠪᠠ ᠬᠦᠴᠦᠯᠡᠬᠦ ᠴᠡᠭ᠎ᠢᠶᠡᠨ ᠣᠨᠣᠪᠴᠢᠲᠠᠶ ᠡᠷᠢᠵᠦ᠂ ᠵᠥᠪᠯᠡᠭᠴᠢ ᠪᠠ ᠬᠠᠪᠰᠤᠷᠤᠭ᠍ᠴᠢ᠎ᠶᠢᠨ ᠡᠭᠦᠷᠭᠡ ᠴᠢᠳᠠᠪᠤᠷᠢ᠎ᠪᠠᠨ ᠪᠦᠲᠦᠮᠵᠢᠲᠡᠶ ᠪᠠᠳᠠᠷᠠᠭᠤᠯᠵᠤ᠂ ᠠᠵᠢᠯ᠎ᠢᠶᠠᠨ ᠤᠬᠠᠮᠰᠠᠷ᠎ᠠᠴᠠ᠎ᠪᠠᠨ ᠶᠡᠬᠡ ᠲᠠᠯ᠎ᠠ᠎ᠳᠤ ᠬᠠᠨᠳᠤᠭᠤᠯᠵᠤ ᠰᠡᠳᠬᠢᠨ᠂ ᠪᠠᠢᠷᠢ᠎ᠪᠠᠨ ᠳᠣᠭᠲᠠᠭᠠᠨ ᠲᠣᠬᠢᠷᠠᠭᠤᠯᠵᠤ᠂ 《ᠨᠢᠭᠡᠳᠦᠭᠡᠷ ᠡᠩᠨᠡᠭᠡ》᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢᠶᠠᠨ ᠰᠠᠢᠲᠤᠷ ᠪᠠᠳᠠᠷᠠᠭᠤᠯᠤᠨ᠂ ᠥᠪᠥᠷ ᠮᠣᠩᠭᠣᠯ᠎ᠢᠶᠡᠨ ᠪᠥᠬᠥ ᠤᠯᠤᠰ ᠯᠤᠭ᠎ᠠ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠤ᠎ᠪᠠᠨ ᠪᠡᠶᠡᠯᠡᠭᠦᠯᠬᠦ᠎ᠶᠢᠨ ᠲᠥᠯᠥᠭᠡ ᠬᠠᠮᠲᠤ᠎ᠪᠠᠷ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠶᠢᠨ ᠲᠥᠯᠥᠭᠡ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ᠎ᠢᠶᠠᠨ ᠭᠠᠷᠭᠠᠵᠤ᠂ ᠬᠦᠴᠦᠨ ᠴᠢᠳᠠᠯ᠎ᠢᠶᠠᠨ ᠡᠷᠭᠦᠨ᠎ᠡ ᠭᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠯᠪᠠᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠱᠦᠵᠢ ᠮᠠ ᠵᠢᠶᠦ᠋ᠨ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠬᠤ》 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠭᠣᠣᠯ ᠠᠭᠤᠯᠭ᠎ᠠ᠎ᠶᠢ ᠰᠢᠰᠲᠧᠮ᠎ᠲᠠᠢ ᠡᠵᠡᠮᠰᠢᠬᠦ》 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠶ᠎ᠡ》 ᠭᠡᠬᠦ ᠵᠡᠷᠭᠡ ᠲᠠᠯ᠎ᠠ᠎ᠪᠠᠷ ᠭᠦᠨᠵᠡᠭᠡᠢ ᠲᠠᠢᠯᠤᠮᠵᠢ ᠬᠢᠪᠡ᠃
ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ᠎ᠶᠢᠨ ᠬᠡᠷᠡᠭ᠎ᠦᠨ ᠵᠢᠱ᠌ᠢᠶ᠎ᠡ ᠨᠢ ᠠᠮᠢᠳᠤᠯᠢᠭ᠋᠂ ᠲᠣᠭ᠎ᠠ ᠪᠠᠷᠢᠮᠲᠠ ᠨᠢ ᠨᠠᠷᠢᠨ ᠪᠣᠳᠠᠲᠠᠢ᠂ ᠤᠨᠤᠯ᠎ᠤᠨ ᠥᠨᠳᠥᠷᠴᠡ ᠲᠠᠢ ᠪᠥᠭᠡᠳ ᠦᠢᠯᠡᠳᠦᠯᠭᠡ᠎ᠶᠢᠨ ᠭᠦᠨᠴᠡ᠎ᠲᠠᠢ ᠪᠠᠢᠯ᠎ᠠ᠃ ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠯᠪᠠᠨ ᠲᠢᠩᠬᠢᠮ᠎ᠦᠨ ᠭᠡᠰᠢᠭᠦᠳ᠎ᠦᠨ ᠬᠣᠯᠪᠣᠭ᠎ᠠ ᠠᠪᠬᠤ ᠭᠠᠵᠠᠷ᠎ᠤᠨ ᠳᠠᠷᠤᠭ᠎ᠠ ᠹᠧᠩ ᠬᠣᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ ᠯᠦ᠍ᠭᠡ ᠵᠣᠬᠢᠴᠠᠭᠰᠠᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠎ᠦ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠦᠢᠯᠡᠴᠢᠯᠡᠬᠦ ᠬᠠᠮᠢᠶᠠᠷᠬᠤ ᠲᠣᠭᠲᠠᠴᠠ᠎ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠤᠰ ᠲᠥᠷᠥ᠎ᠶᠢᠨ ᠵᠥᠪᠯᠡᠯᠭᠡ ᠬᠢᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠵᠠᠰᠠᠭ᠎ᠤᠨ ᠶᠠᠪᠤᠳᠠᠯ᠎ᠳᠤ ᠣᠷᠣᠯᠴᠠᠨ ᠲᠥᠷᠥ᠎ᠶᠢᠨ ᠶᠠᠪᠤᠳᠠᠯ᠎ᠢ ᠵᠥᠪᠯᠡᠬᠦ ᠲᠠᠯ᠎ᠠ᠎ᠪᠠᠷ ᠬᠢ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠎ᠦ ᠭᠣᠣᠯ ᠴᠣᠭᠴᠠ᠎ᠶᠢᠨ ᠦᠢᠯᠡᠳᠦᠯ᠎ᠢᠶᠠᠨ ᠰᠠᠢᠲᠤᠷ ᠪᠠᠳᠠᠷᠠᠭᠤᠯᠤᠨ᠂ ᠬᠠᠮᠲᠤ᠎ᠶᠢᠨ ᠲᠠᠨᠢᠯᠲᠠ᠎ᠶᠢ ᠥᠷᠭᠡᠨ᠎ᠢᠶᠡᠷ ᠨᠢᠭ᠍ᠲᠠᠷᠠᠭᠤᠯᠵᠤ᠂ ᠪᠦᠯᠬᠦᠮᠳᠡᠯ ᠨᠢᠭᠡᠳᠦᠯ᠎ᠢᠶᠡᠨ ᠪᠠᠲᠤ ᠴᠢᠩᠭᠠᠳᠬᠠᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠨᠢᠭᠡᠳᠦᠭᠡᠷ ᠳᠡᠳ᠋ ᠵᠠᠬᠢᠷᠤᠯ ᠭᠣᠣ ᠽᠦ᠍ ᠬᠦᠶ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠪᠦᠭᠦᠳᠡ ᠬᠤᠷᠠᠯᠳᠤᠭᠠᠨ᠎ᠤ 《ᠰᠠᠨᠠᠭᠤᠯᠭ᠎ᠠ》᠎ᠶᠢᠨ ᠲᠣᠭᠣᠷᠢᠨ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠵᠡᠷᠭᠡ ᠲᠠᠯ᠎ᠠ᠎ᠪᠠᠷ ᠪᠦᠬᠦ ᠲᠠᠯ᠎ᠠ᠎ᠶᠢᠨ ᠰᠢᠰᠲᠸᠮ ᠲᠠᠢ ᠲᠠᠢᠯᠤᠮᠵᠢ ᠬᠢᠪᠡ᠃
ᠢᠯᠡᠳᠬᠡᠯ ᠨᠢ ᠭᠣᠣᠯ ᠰᠡᠳᠦᠪ᠎ᠲᠠᠢ᠎ᠪᠠᠨ ᠨᠢᠭ᠍ᠲᠠ ᠤᠶᠠᠯᠳᠤᠵᠤ᠂ ᠯᠣᠭᠢᠭ ᠴᠢᠨᠠᠷ᠎ᠢᠶᠠᠷ ᠴᠢᠩᠭ᠎ᠠ᠂ ᠪᠦᠲᠦᠴᠡ ᠨᠢ ᠲᠣᠳᠣᠷᠬᠠᠢ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠤᠭᠣᠳᠬᠤ ᠴᠢᠨᠠᠷᠲᠠᠢ ᠪᠠᠢᠯ᠎ᠠ᠃ 《ᠡᠨᠡ ᠪᠣᠯ ᠨᠢᠭᠡ ᠴᠢᠨᠠᠷ ᠰᠠᠢᠲᠠᠢ ᠮᠡᠳᠡᠭᠦᠯᠦᠯᠲᠡ ᠪᠣᠯᠣᠨ᠎ᠠ᠂ ᠡᠭᠦᠨ᠎ᠢ ᠰᠣᠨᠣᠰᠤᠭᠠᠳ ᠶᠡᠬᠡᠳᠡ ᠵᠣᠷᠢᠭ᠍ᠵᠢᠵᠠᠢ》 ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶᠢᠨ ᠨᠢᠭᠡᠳᠦᠭᠡᠷ ᠪᠠᠢᠴᠠᠭᠠᠬᠤ ᠬᠡᠯᠲᠡᠰ᠎ᠦᠨ ᠳᠡᠳ᠋ ᠡᠷᠬᠢᠯᠡᠭᠴᠢ ᠸᠠᠩ ᠵᠢᠶᠦ᠋ᠨ ᠰᠡᠳᠬᠢᠯ ᠬᠥᠳᠡᠯᠦᠨ ᠬᠡᠯᠡᠬᠦ᠎ᠳᠦ᠎ᠪᠡᠨ᠄ 《ᠪᠢ ᠤᠬᠠᠮᠰᠠᠷ᠎ᠠᠴᠠ᠎ᠪᠠᠨ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠠᠢᠴᠠᠭᠠᠬᠤ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠪᠦᠬᠦ ᠶᠠᠪᠤᠴᠠ᠂ ᠡᠯ᠎ᠡ ᠲᠠᠯ᠎ᠠ᠎ᠳᠤ ᠠᠭᠤᠰᠬᠠᠵᠤ᠂ ᠠᠮᠤᠷ ᠲᠦᠪᠰᠢᠨ ᠲᠣᠭᠲᠠᠭᠤᠨ᠎ᠢ ᠬᠠᠮᠠᠭᠠᠯᠠᠬᠤ᠂ ᠠᠷᠠᠳ᠎ᠤᠨ ᠠᠮᠢᠳᠤᠷᠠᠯ ᠠᠷᠠᠳ᠎ᠤᠨ ᠠᠰᠢᠭ᠋ ᠲᠤᠰᠠ᠎ᠶᠢ ᠪᠠᠲᠤᠯᠠᠬᠤ᠂ ᠨᠡᠢᠭᠡᠮ᠎ᠦᠨ ᠵᠠᠰᠠᠯᠲᠠ᠎ᠶᠢᠨ ᠦᠷ᠎ᠡ ᠪᠦᠲᠦᠮᠵᠢ᠎ᠶᠢ ᠪᠠᠲᠤᠯᠠᠬᠤ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠠᠢᠴᠠᠭᠠᠬᠤ ᠠᠵᠢᠯ᠎ᠤᠨ ᠭᠠᠷᠳᠠᠬᠤ ᠴᠡᠭ ᠪᠠ ᠬᠦᠴᠦᠯᠡᠬᠦ ᠴᠡᠭ᠎ᠢ ᠣᠨᠣᠪᠴᠢᠲᠠᠢ ᠡᠷᠢᠨ ᠣᠯᠵᠤ᠂ ᠰᠤᠷᠤᠯᠴᠠᠭᠰᠠᠨ ᠦᠷ᠎ᠡ ᠪᠦᠲᠦᠭᠡᠯ᠎ᠢᠶᠡᠨ ᠴᠢᠨᠠᠷ ᠰᠠᠢᠲᠠᠢ ᠦᠷ᠎ᠡ ᠪᠦᠲᠦᠮᠵᠢᠲᠡᠢ᠎ᠪᠡᠷ ᠬᠠᠤᠯᠢ ᠴᠠᠭᠠᠵᠠ᠎ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠂ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠌᠎ᠶᠢ ᠬᠠᠮᠠᠭᠠᠯᠠᠬᠤ ᠠᠮᠢᠳᠤᠯᠢᠭ᠋ ᠦᠢᠯᠡᠳᠦᠯᠭᠡ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠪᠠᠢᠴᠠᠭᠠᠬᠤ ᠬᠦᠴᠦᠨ ᠴᠢᠳᠠᠯ᠎ᠢᠶᠠᠨ ᠨᠡᠮᠡᠷᠢᠯᠡᠨ᠎ᠡ》 ᠭᠡᠵᠡᠢ᠃