ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠥᠪ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠮᠡᠳᠡᠭᠦᠯᠦᠯᠲᠡ᠎ᠶ᠋ᠢᠨ ᠬᠤᠷᠠᠯ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠳᠤ ᠶᠠᠪᠤᠭ᠍ᠳᠠᠪᠠ
ᠨᠡᠶ᠋ᠢᠲᠡᠯᠡᠭᠰᠡᠨ ᠴᠠᠭ᠄ 2025-10-31

  ᠱᠢᠨᠬᠤᠸᠠ ᠬᠤᠷᠢᠶᠠᠨ᠎ᠤ ᠪᠡᠭᠡᠵᠢᠩ᠎ᠤᠨ 10 ᠳ᠋ᠤᠭ᠋ᠠᠷ ᠰᠠᠷ᠎ᠠ᠎ᠶ᠋ᠢᠨ 30᠎ᠤ ᠴᠠᠬᠢᠯᠭᠠᠨ ᠮᠡᠳᠡᠭᠡ ᠲᠥᠪ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠭᠡᠰᠢᠭᠦᠨ᠂ ᠨᠠᠮ᠎ᠤᠨ ᠲᠥᠪ ᠬᠤᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠬᠡᠢ ᠰᠠᠢᠳ ᠯᠢᠦ ᠭᠦᠸᠧ ᠵᠦᠩ 30᠎ᠤ ᠡᠳᠦᠷ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠳᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

  ᠯᠢᠦ ᠭᠦᠸᠧ ᠵᠦᠩ ᠶᠡᠷᠦᠩᠬᠡᠶ ᠱᠦᠵᠢ ᠰᠢ᠎ᠶ᠋ᠢᠨ ᠫᠢᠩ᠎ᠤᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ 《ᠰᠠᠨᠠᠭᠤᠯᠭ᠎ᠠ》 ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠎ᠲᠠᠢ ᠨᠢᠭ᠍ᠲᠠ ᠤᠶᠠᠯᠳᠤᠭᠤᠯᠤᠨ᠂ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠴᠢᠬᠤᠯᠠ ᠴᠠᠭ ᠦᠶ᠎ᠡ᠎ᠶ᠋ᠢᠨ ᠠᠴᠢ ᠬᠤᠯᠪᠣᠭ᠍ᠳᠠᠯ᠎ᠢ ᠭᠦᠢᠴᠡᠳ ᠲᠠᠨᠢᠬᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠴᠢᠬᠤᠯᠠ ᠶᠡᠭᠡ ᠠᠮᠵᠢᠯᠲᠠ ᠪᠦᠲᠦᠮᠵᠢ᠎ᠶ᠋ᠢ ᠭᠦᠨᠵᠡᠭᠡᠶ ᠣᠢᠯᠠᠭᠠᠬᠤ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭᠠᠨ᠎ᠤ ᠴᠢᠬᠤᠯᠠ ᠪᠠᠢᠷᠢ ᠰᠠᠭᠤᠷᠢ᠎ᠶ᠋ᠢ ᠣᠨᠣᠪᠴᠢᠲᠠᠶ ᠡᠵᠡᠮᠳᠡᠬᠦ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭᠠᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠵᠢᠯᠣᠭᠤᠳᠭᠤ ᠦᠵᠡᠯ ᠰᠠᠨᠠᠭ᠎ᠠ᠂ ᠴᠢᠬᠤᠯᠠ ᠶᠡᠭᠡ ᠵᠠᠷᠴᠢᠮ᠂ ᠭᠤᠤᠯ ᠬᠠᠷᠠᠯᠲᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠢᠯᠠᠭᠠᠬᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠦᠨᠳᠦᠰᠦᠨ ᠪᠠᠲᠤᠯᠠᠭ᠎ᠠ ᠵᠡᠷᠭᠡ ᠲᠠᠯ᠎ᠠ᠎ᠪᠠᠷ ᠭᠦᠨᠵᠡᠭᠡᠶ ᠣᠢᠯᠠᠭᠠᠬᠤ ᠬᠡᠷᠡᠭ᠌ᠲᠡᠶ ᠭᠡᠵᠡᠢ᠃

  ᠯᠢᠦ ᠭᠦᠸᠧ ᠵᠦᠩ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠰᠠᠢᠲᠤᠷ ᠲᠤᠭᠤᠱᠢᠯᠠᠭᠤᠯᠬᠤ ᠪᠣᠯ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠪᠦᠬᠦ᠌ ᠨᠠᠮ ᠪᠦᠬᠦ᠌ ᠤᠯᠤᠰ᠎ᠤᠨ ᠴᠢᠬᠤᠯᠠ ᠶᠡᠭᠡ ᠤᠯᠤᠰ ᠲᠦᠷᠦ᠍᠎ᠶ᠋ᠢᠨ ᠡᠭᠦᠷᠭᠡ ᠪᠣᠯᠤᠨ᠎ᠠ᠃ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠤᠰ ᠬᠦᠷᠢᠶᠡᠨ᠎ᠤ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠢ ᠣᠷᠭᠠᠨᠢᠭ᠎ᠢᠶᠠᠷ ᠤᠶᠠᠯᠳᠤᠭᠤᠯᠵᠤ᠂ ᠠᠭᠤᠰᠤᠯᠴᠠᠭᠤᠯᠤᠨ ᠨᠡᠪᠲᠡᠷᠡᠭᠦᠯᠵᠦ᠍᠂ 《ᠬᠤᠶᠠᠷ᠎ᠢ ᠲᠣᠭ᠍ᠲᠠᠭᠠᠬᠤ》 ᠎ᠶ᠋ᠢᠨ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠵᠦ᠍᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ 《ᠰᠠᠨᠠᠭᠤᠯᠭ᠎ᠠ》 ᠎ᠲᠠᠢ ᠪᠠᠷᠢᠮᠵᠢᠶᠠᠯᠠᠨ ᠬᠠᠷᠭᠤᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭᠠᠨ᠎ᠤ ᠬᠤᠯᠪᠣᠭ᠍ᠳᠠᠯ ᠪᠦᠬᠦᠢ ᠲᠥᠯᠥᠪᠵᠢᠭᠦᠯᠭᠡ᠎ᠶ᠋ᠢ ᠱᠠᠯᠠᠪᠳᠠᠨ ᠲᠣᠭ᠍ᠲᠠᠭᠠᠵᠤ᠂ ᠡᠯ᠎ᠡ ᠵᠦᠢᠯ᠎ᠤᠨ ᠭᠤᠣᠯᠳᠠᠯᠭ᠎ᠠ᠎ᠲᠠᠢ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

  ᠮᠡᠳᠡᠭᠦᠯᠦᠯᠲᠡ᠎ᠶ᠋ᠢᠨ ᠬᠤᠷᠠᠯ᠎ᠢ ᠸᠢᠳᠢᠣ᠋ ᠬᠤᠷᠠᠯ᠎ᠤᠨ ᠬᠡᠯᠪᠡᠷᠢ᠎ᠪᠠᠷ ᠬᠤᠷᠠᠯᠳᠤᠭᠤᠯᠵᠤ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ᠂ ᠤᠯᠤᠰ᠎ᠤᠨ ᠬᠢᠲᠠᠳ ᠡᠮ ᠡᠮᠨᠡᠯᠭᠡ᠎ᠶ᠋ᠢᠨ ᠲᠣᠪᠴᠢᠶ᠎ᠠ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠂ ᠳᠤᠮᠳᠠᠳᠤ ᠤᠯᠤᠰ᠎ᠤᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠤᠨ ᠶᠡᠷᠦᠩᠬᠡᠶ ᠡᠪᠯᠡᠯ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠶ᠋ᠢᠨ ᠨᠠᠮ᠎ᠤᠨ ᠭᠡᠱᠢᠭᠦᠨ ᠺᠠᠳ᠋ᠷᠴᠤᠳ ᠲᠣᠰ ᠲᠣᠰ ᠭᠤᠤᠯ ᠬᠤᠷᠠᠯ᠎ᠤᠨ ᠲᠠᠯᠠᠪᠠᠶ ᠪᠣᠯᠤᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
 
            