12 ᠳ᠋ᠤᠭ᠋ᠠᠷ ᠰᠠᠷ᠎ᠠ᠎ᠶᠢᠨ 8 ᠤ ᠡᠳᠦᠷ᠂ 2025 ᠣᠨ᠎ᠤ ᠪᠦᠬᠦ᠌ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠤᠷᠤᠯᠳᠤᠭ᠋ᠠᠨ᠎ᠤ ᠱᠠᠩᠨᠠᠯ ᠣᠯᠭᠣᠬᠤ ᠶᠣᠰᠣᠯᠠᠯ ᠱᠠᠩᠬᠠᠢ᠎ᠶᠢᠨ ᠫᠦᠳᠦᠩᠳᠦ ᠶᠠᠪᠤᠭ᠍ᠳᠠᠪᠠ᠃ ᠱᠠᠩᠬᠠᠢ ᠬᠣᠲᠠ᠎ᠶᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ᠎ᠶᠢᠨ ᠳᠠᠷᠤᠭ᠎ᠠ ᠭᠦᠩ ᠵᠸᠩ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠭᠤ ᠳᠤᠭᠤᠢ᠌ᠯᠠᠩ᠎ᠤᠨ ᠱᠦᠵᠢ᠂ ᠲᠣᠪᠴᠢᠶ᠎ᠠ᠎ᠶᠢᠨ ᠳᠠᠷᠤᠭ᠎ᠠ ᠵᠠᠩ ᠺᠧ ᠠᠵᠢᠯᠯᠠᠭ᠎ᠠ᠎ᠳᠤ ᠣᠷᠣᠯᠴᠠᠪᠠ᠃ 2025 ᠣᠨ᠎ᠤ ᠪᠦᠬᠦ᠌ ᠤᠯᠤᠰ᠎ᠤᠨ ᠣᠶᠤᠨᠴᠢ ᠡᠮᠴᠢᠯᠡᠭᠡᠨ᠎ᠦ ᠪᠠᠲᠤᠯᠠᠭ᠎ᠠ᠎ᠶᠢᠨ ᠤᠷᠤᠯᠳᠤᠭ᠋ᠠᠨ᠎ᠢ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠪᠠ ᠱᠠᠩᠬᠠᠢ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠡᠴᠡ ᠬᠠᠮᠲᠤᠷᠠᠨ ᠡᠷᠬᠢᠯᠡᠵᠦ᠍᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠲᠣᠮᠣ ᠳ᠋ᠠᠢ᠌ᠲ᠋ᠠ᠎ᠶᠢᠨ ᠲᠥᠪ᠂ ᠱᠠᠩᠬᠠᠢ ᠬᠣᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠂ ᠱᠠᠩᠬᠠᠢ ᠬᠣᠲᠠ᠎ᠶᠢᠨ ᠳ᠋ᠠᠢ᠌ᠲ᠋ᠠ᠎ᠶᠢᠨ ᠲᠣᠪᠴᠢᠶ᠎ᠠ᠂ ᠫᠦᠳᠦᠩ ᠱᠢᠨ᠎ᠡ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ ᠬᠠᠮᠲᠤ᠎ᠪᠠᠷ ᠳᠠᠭ᠋ᠠᠭ᠋ᠠᠴᠢᠯᠠᠨ ᠡᠷᠬᠢᠯᠡᠵᠦ᠍᠂ ᠱᠢᠨ᠎ᠡ ᠨᠢᠭᠡ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠣᠶᠤᠨᠴᠢ ᠡᠮᠴᠢᠯᠡᠭᠡᠨ᠎ᠦ ᠪᠠᠲᠤᠯᠠᠭ᠎ᠠ᠎ᠶᠢᠨ ᠥᠭᠡᠷᠡᠴᠢᠯᠡᠯᠲᠡ᠎ᠳᠡᠬᠢ ᠱᠢᠨ᠎ᠡ᠎ᠶᠢ ᠡᠭᠦᠳᠬᠦ᠌ ᠠᠮᠢᠵᠢᠷᠠᠯ᠎ᠤᠨ ᠬᠦᠴᠦᠨ᠂ ᠬᠦᠴᠦᠨ ᠵᠦᠢ᠍ᠯ᠎ᠦᠨ ᠳᠠᠯᠳᠠ ᠬᠦᠴᠦᠨ ᠪᠠ ᠬᠥᠭ᠌ᠵᠢᠯᠲᠡ᠎ᠶᠢᠨ ᠣᠷᠣᠨ ᠵᠠᠢ᠎ᠶᠢ ᠭᠦᠢ᠍ᠴᠡᠳ ᠬᠥᠭ᠌ᠵᠢᠭᠡᠨ ᠪᠠᠳᠠᠷᠠᠭᠤᠯᠵᠤ᠂ ᠡᠮ ᠡᠮᠨᠡᠯᠭᠡ᠎ᠶᠢᠨ ᠠᠵᠢᠯ ᠲᠥᠷᠥᠯ᠎ᠦᠨ ᠱᠢᠨ᠎ᠡ᠎ᠶᠢ ᠡᠭᠦᠳᠬᠦ᠌ ᠬᠥᠭ᠌ᠵᠢᠯᠲᠡ᠎ᠶᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠣᠯᠠᠨ᠎ᠤ ᠡᠷᠡᠭᠦᠯ ᠮᠡᠨᠳᠦ᠎ᠶᠢ ᠪᠠᠲᠤᠯᠠᠬᠤ᠎ᠶᠢᠨ ᠲᠥᠯᠥᠭᠡ ᠶᠤᠮ᠃

ᠱᠠᠩᠨᠠᠯ ᠣᠯᠭᠣᠬᠣ ᠶᠣᠰᠣᠯᠠᠯ᠎ᠤᠨ ᠠᠬᠤᠢ ᠲᠠᠯᠠᠪᠠᠢ᠎ᠳᠤ᠂ ᠭᠦᠩ ᠵᠸᠩ ᠵᠠᠩ ᠺᠧ ᠲᠠᠢ ᠬᠠᠮᠲᠤ ᠤᠳᠠᠯ ᠦᠭᠡᠢ ᠱᠠᠩᠬᠠᠢ᠎ᠳᠤ ᠪᠠᠢ᠌ᠭᠤᠯᠤᠭᠳᠠᠬᠤ ᠭᠡᠵᠦ᠍ ᠪᠠᠢ᠌ᠭ᠎ᠠ ᠡᠮᠴᠢᠯᠡᠭᠡᠨ᠎ᠦ ᠪᠠᠲᠤᠯᠠᠭ᠎ᠠ ᠬᠦᠴᠦᠨ ᠨᠡᠮᠡᠷᠢᠯᠡᠵᠦ ᠱᠢᠨ᠎ᠡ᠎ᠶᠢ ᠡᠭᠦᠳᠬᠦ᠌ ᠬᠥᠭ᠌ᠵᠢᠯᠲᠡ᠎ᠶᠢᠨ ᠲᠣᠳᠣᠷᠬᠠᠢ᠌ᠯᠠᠯᠲᠠ᠎ᠶᠢᠨ ᠳ᠋ᠦᠩᠨᠡᠨ ᠪᠣᠳᠤᠬᠤ ᠲᠥᠪ ( ᠪᠡᠯᠡᠳᠭᠡᠭ᠌ᠰᠡᠨ ) ᠤᠨ ᠫᠠᠢ᠌ᠰᠠ ᠡᠯᠭᠦᠪᠡ᠃ ᠵᠠᠩ ᠺᠧ᠂ ᠲᠤᠰ ᠤᠳᠠᠭ᠋ᠠᠨ᠎ᠤ ᠤᠷᠤᠯᠳᠤᠭ᠋ᠠᠨ᠎ᠳᠤ ᠡᠯ᠎ᠡ ᠠᠵᠢᠯ ᠲᠥᠷᠥᠯ᠎ᠠᠴᠠ ᠢᠷᠡᠭ᠌ᠰᠡᠨ ᠱᠢᠨ᠎ᠡ᠎ᠶᠢ ᠡᠭᠦᠳᠬᠦ᠌ ᠴᠢᠳᠠᠪᠤᠷᠢᠲᠠᠨ᠎ᠢ ᠴᠤᠭ᠍ᠯᠠᠭᠤᠯᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠳ᠋ᠠᠢ᠌ᠲ᠋ᠠ ᠬᠦᠴᠦᠨ ᠨᠡᠮᠡᠷᠢᠯᠡᠵᠦ ᠣᠯᠠᠨ ᠵᠦᠢ᠍ᠯ᠎ᠦᠨ ᠠᠵᠢᠯ ᠦᠢ᠍ᠯᠡᠰ᠎ᠦᠨ ᠯᠤᠳᠤ ᠶᠡᠬᠡ ᠳᠠᠯᠳᠠ ᠬᠦᠴᠦᠨ ᠪᠠ ᠥᠷᠭᠡᠨ ᠠᠭᠤᠳᠠᠮ ᠠᠯᠤᠰ ᠢᠷᠡᠭᠡᠳᠦᠢ᠎ᠶᠢ ᠬᠦᠢ᠍ᠴᠡᠳ ᠢᠯᠡᠷᠡᠭᠦᠯᠪᠡ᠃ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠥᠨᠳᠥᠷ ᠥᠷᠲᠡᠭ ᠲᠠᠢ ᠡᠮᠴᠢᠯᠡᠭᠡᠨ᠎ᠦ ᠳ᠋ᠠᠢ᠌ᠲ᠋ᠠ᠎ᠶᠢᠨ ᠬᠡᠷᠡᠭ᠌ᠯᠡᠬᠦ᠌ ᠪᠠᠢ᠌ᠳᠠᠯ᠎ᠢ ᠦᠷᠭᠦᠯᠵᠢᠯᠡᠨ ᠠᠭᠤᠲᠠᠯᠬᠤ ᠪᠠ ᠪᠣᠢ᠌ᠵᠢᠭᠤᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠵᠠᠰᠠᠯᠲᠠ᠎ᠶᠢᠨ ᠳᠡᠭᠡᠭ᠌ᠰᠢᠯᠡᠯᠲᠡ᠂ ᠱᠢᠨᠵᠢᠯᠡᠬᠦ᠌ ᠤᠬᠠᠭ᠋ᠠᠨ ᠲᠸᠭᠨᠢᠭ ᠮᠡᠷᠭᠡᠵᠢᠯ᠎ᠦᠨ ᠱᠢᠨ᠎ᠡ᠎ᠶᠢ ᠡᠭᠦᠳᠬᠦ᠂ ᠠᠵᠤ ᠦᠢ᠍ᠯᠡᠰ᠎ᠦᠨ ᠬᠥᠭ᠌ᠵᠢᠯᠲᠡ᠎ᠶᠢᠨ ᠱᠠᠭ᠋ᠠᠷᠳᠠᠯᠭ᠎ᠠ ᠲᠠᠢ ᠨᠡᠩ ᠣᠨᠣᠪᠴᠢᠲᠠᠢ᠎ᠪᠠᠷ ᠵᠣᠯᠭ᠋ᠠᠭᠤᠯᠤᠨ᠎ᠠ ᠭᠡᠵᠦ᠍ ᠵᠢᠭ᠋ᠠᠵᠤ ᠭᠠᠷᠭ᠋ᠠᠪᠠ᠃ ᠱᠠᠩᠬᠠᠢ ᠬᠣᠲᠠ᠎ᠶᠢᠨ ᠳᠡᠳ᠋ ᠬᠣᠱᠢᠭᠤ ᠳᠠᠷᠤᠭ᠎ᠠ ᠴᠸᠨ ᠢᠦᠢ ᠵᠢᠶᠠᠨ᠂ ᠱᠠᠩᠬᠠᠢ ᠬᠣᠲᠠ᠎ᠶᠢᠨ ᠨᠠᠮ᠎ᠤᠨ ᠬᠣᠷᠢᠶ᠎ᠠ ᠬᠣᠲᠠ᠎ᠶᠢᠨ ᠵᠠᠰᠠᠭ᠎ᠤᠨ ᠣᠷᠳᠣᠨ ᠡᠮᠴᠢᠯᠡᠭᠡᠨ᠎ᠦ ᠪᠠᠲᠤᠯᠠᠭ᠎ᠠ᠎ᠶᠢᠨ ᠠᠵᠢᠯ ᠪᠠ ᠳ᠋ᠠᠢ᠌ᠲ᠋ᠠ᠎ᠶᠢᠨ ᠬᠦᠴᠦᠨ ᠵᠦᠢ᠍ᠯ᠎ᠦᠨ ᠨᠡᠭᠡᠭᠡᠨ ᠠᠱᠢᠭ᠍ᠯᠠᠬᠤ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠨ ᠡᠮᠴᠢᠯᠡᠭᠡᠨ᠎ᠦ ᠳ᠋ᠠᠢ᠌ᠲ᠋ᠠ᠎ᠶᠢᠨ ᠲᠣᠭᠲᠠᠭ᠋ᠠᠯ᠎ᠳᠤ ᠨᠡᠢ᠌ᠴᠡᠭᠦᠯᠦᠨ ᠡᠮᠬᠢ ᠵᠢᠷᠤᠮ ᠲᠠᠢ᠎ᠪᠠᠷ ᠨᠡᠭᠡᠭᠡᠨ ᠬᠥᠭ᠌ᠵᠢᠭᠦᠯᠬᠦ᠎ᠶᠢ ᠰᠥᠪᠡᠭ᠌ᠴᠢᠯᠡᠵᠬᠦᠶᠢᠨ ᠬᠠᠮᠲᠤ ᠣᠯᠠᠨ ᠲᠥᠷᠥᠯ᠎ᠦᠨ ᠠᠵᠢᠯ ᠦᠢ᠍ᠯᠡᠰ᠎ᠲᠦ ᠬᠦᠴᠦᠨ ᠨᠡᠮᠡᠷᠢᠯᠡᠬᠦ᠎ᠶᠢ ᠳᠡᠮᠵᠢᠨ᠎ᠡ ᠭᠡᠵᠦ᠍ ᠢᠯᠡᠷᠬᠡᠢ᠌ᠯᠡᠪᠡ᠃ ᠱᠠᠩᠬᠠᠢ ᠲᠤᠰ ᠤᠳᠠᠭ᠋ᠠᠨ᠎ᠤ ᠤᠷᠤᠯᠳᠤᠭ᠋ᠠᠨ᠎ᠳᠤ ᠴᠤᠯᠭᠤᠷᠠᠨ ᠭᠠᠷᠤᠭ᠍ᠰᠠᠨ ᠱᠢᠯᠢᠳᠡᠭ ᠲᠥᠷᠥᠯ ᠵᠦᠢ᠍ᠯ᠎ᠳᠤ ᠬᠤᠪᠢᠷᠠᠭᠤᠯᠬᠤ ᠪᠠ ᠰᠢᠯᠭ᠋ᠠᠨ ᠪᠠᠲᠤᠯᠠᠬᠤ ᠦᠢ᠍ᠯᠡᠴᠢᠯᠡᠭᠡ ᠬᠠᠩᠭ᠋ᠠᠵᠤ᠂ ᠤᠷᠤᠯᠳᠤᠭ᠋ᠠᠨ᠎ᠤ ᠦᠷ᠎ᠡ ᠪᠥᠲᠥᠭᠡᠯᠢ ᠨᠡᠩ ᠰᠠᠢ᠌ᠨ᠂ ᠨᠡᠩ ᠲᠦᠷᠭᠡᠨ᠎ᠢᠶᠡᠷ ᠪᠦᠬᠦ᠌ ᠤᠯᠤᠰ᠎ᠤᠨ ᠡᠯ᠎ᠡ ᠭᠠᠵᠠᠷ᠎ᠲᠤ ᠴᠡᠴᠡᠭ᠌ᠯᠡᠨ ᠵᠢᠮᠢᠰᠯᠡᠭᠦᠯᠪᠡ᠃ ᠳᠤᠮᠳᠠᠳᠤ ᠤᠯᠤᠰ᠎ᠤᠨ ᠱᠢᠨᠵᠢᠯᠡᠬᠦ᠌ ᠤᠬᠠᠭ᠋ᠠᠨ᠎ᠤ ᠬᠦᠷᠢᠶᠡᠯᠡᠩ᠎ᠦᠨ ᠠᠺᠠᠳ᠋ᠸᠮᠢᠴᠢ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭ᠋ᠠᠨ᠎ᠤ ᠬᠦᠷᠢᠶᠡᠯᠡᠩ᠎ᠦᠨ ᠲᠠᠷᠢᠬᠢᠨ᠎ᠤ ᠱᠢᠨᠵᠢᠯᠡᠬᠦ᠌ ᠤᠬᠠᠭ᠋ᠠᠨ ᠬᠢᠭᠡᠳ ᠣᠶᠤᠨᠴᠢ ᠮᠡᠷᠭᠡᠵᠢᠯ᠎ᠦᠨ ᠭᠠᠷᠮᠠᠭ᠋ᠠᠢ ᠱᠢᠨ᠎ᠡ᠎ᠶᠢ ᠡᠭᠦᠳᠬᠦ᠌ ᠲᠥᠪ᠎ᠦᠨ ᠡᠷᠳᠡᠮ ᠱᠢᠨᠵᠢᠯᠡᠭᠡᠨ᠎ᠦ ᠡᠷᠬᠢᠯᠡᠭ᠌ᠴᠢ ᠫᠦ᠋ ᠮᠦ᠍ ᠮᠢᠩ ᠲᠠᠷᠢᠬᠢᠨ᠎ᠤ ᠱᠢᠨᠵᠢᠯᠡᠬᠦ᠌ ᠤᠬᠠᠭ᠋ᠠᠨ ᠪᠠ ᠲᠠᠷᠢᠬᠢᠨ᠎ᠤ ᠲᠥᠷᠥᠯ᠎ᠦᠨ ᠣᠶᠤᠨ ᠴᠢᠳᠠᠪᠤᠷᠢ᠎ᠶᠢᠨ ᠢᠷᠡᠭᠡᠳᠦᠢ᠎ᠶᠢᠨ ᠣᠶᠤᠨᠴᠢ ᠡᠮᠴᠢᠯᠡᠭᠡ ᠵᠢᠴᠢ ᠡᠮᠴᠢᠯᠡᠭᠡᠨ᠎ᠦ ᠪᠠᠲᠤᠯᠠᠭ᠎ᠠ᠎ᠶᠢᠨ ᠳᠠᠯᠳᠠ ᠬᠣᠪᠢᠰᠤᠯᠲᠠ᠎ᠶᠢᠨ ᠲᠤᠬᠠᠢ ᠶᠠᠷᠢᠶ᠎ᠠ ᠲᠠᠯᠪᠢᠪᠠ᠃

ᠥᠨᠥ᠍ ᠵᠢᠯ᠎ᠦᠨ 8 ᠳ᠋ᠤᠭ᠋ᠠᠷ ᠰᠠᠷ᠎ᠠ᠎ᠳᠤ ᠡᠬᠢᠯᠡᠭ᠌ᠰᠡᠨ᠎ᠡᠴᠡ ᠨᠠᠭ᠋ᠠᠰᠢ᠂ 2025 ᠣᠨ᠎ᠤ ᠪᠦᠬᠦ᠌ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠤᠷᠤᠯᠳᠤᠭ᠋ᠠᠨ᠎ᠳᠤ ᠪᠦᠬᠦ᠌ ᠤᠯᠤᠰ᠎ᠤᠨ 802 ᠳᠤᠭᠤᠢ᠌ᠯᠠᠩ᠎ᠢ ᠢᠳᠡᠪᠬᠢᠲᠡᠢ ᠣᠷᠣᠯᠴᠠᠭᠤᠯᠪᠠ᠃ ᠲᠤᠰ ᠤᠳᠠᠭ᠋ᠠᠨ᠎ᠤ ᠤᠷᠤᠯᠳᠤᠭ᠋ᠠᠨ᠎ᠳᠤ ᠤᠷᠤᠯᠳᠤᠭ᠋ᠠᠨ᠎ᠤ ᠵᠠᠮ᠎ᠢ ᠲᠣᠬᠢᠷᠠᠭᠤᠯᠬᠤ ᠦᠭᠡᠢ᠂ ᠵᠥᠪᠬᠡᠨ ᠬᠦᠷᠢᠶ᠎ᠡ ᠴᠠᠷᠠᠭ᠎ᠠ ᠬᠤᠪᠢᠶᠠᠵᠤ᠂ ᠱᠢᠨ᠎ᠡ᠎ᠶᠢ ᠡᠭᠦᠳᠬᠦ᠌ ᠡᠮ᠎ᠦᠨ ᠵᠦᠢ᠍ᠯ᠎ᠦᠨ ᠰᠤᠳᠤᠯᠤᠨ ᠨᠡᠭᠡᠭᠡᠯᠲᠡ / ᠵᠠᠬ᠎ᠠ ᠳᠡᠯᠭᠡᠭᠦᠷ᠎ᠲᠦ ᠭᠠᠷᠤᠭ᠍ᠰᠠᠨ᠎ᠤ ᠳᠠᠷᠠᠭ᠋ᠠᠬᠢ ᠦᠨᠡᠨ ᠪᠣᠳᠠᠲᠤ ᠳᠡᠯᠡᠬᠡᠢ᠎ᠶᠢᠨ ᠰᠤᠳᠤᠯᠭ᠋ᠠᠨ / ᠡᠮ ᠪᠠ ᠪᠠᠭ᠋ᠠᠵᠢ ᠬᠡᠷᠡᠭ᠌ᠰᠡᠯ᠎ᠦᠨ ᠶᠡᠷᠦᠩᠬᠡᠢ᠌ᠯᠡᠭᠰᠡᠨ ᠥᠷᠲᠡᠭ᠎ᠦᠨ ᠦᠨᠡᠯᠡᠯᠲᠡ᠎ᠶᠢᠨ ᠬᠦᠷᠢᠶ᠎ᠡ ᠴᠠᠷᠠᠭ᠎ᠠ᠂ ᠡᠮᠴᠢᠯᠡᠭᠡ ᠡᠷᠡᠭᠦᠯ ᠮᠡᠨᠳᠦ᠎ᠶᠢᠨ ᠬᠦᠷᠢᠶ᠎ᠡ ᠴᠠᠷᠠᠭ᠎ᠠ᠂ ᠮᠥᠩᠭᠥᠨ ᠭᠦᠢ᠍ᠯᠭᠡᠭᠡ ᠳᠠᠭ᠋ᠠᠳᠬᠠᠯ ᠪᠠ ᠲᠠᠪᠴᠠᠩ᠎ᠤᠨ ᠠᠵᠤ ᠠᠬᠤᠢ᠎ᠶᠢᠨ ᠬᠦᠷᠢᠶ᠎ᠡ ᠴᠠᠷᠠᠭ᠎ᠠ ᠵᠡᠷᠭᠡ 11 ᠤᠷᠤᠯᠳᠤᠭ᠋ᠠᠨ᠎ᠤ ᠬᠦᠷᠢᠶ᠎ᠡ ᠴᠠᠷᠠᠭ᠎ᠠ᠎ᠶᠢ ᠲᠣᠬᠢᠷᠠᠭᠤᠯᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠳ᠋ᠠᠢ᠌ᠲ᠋ᠠ ᠬᠦᠴᠦᠨ ᠨᠡᠮᠡᠷᠢᠯᠡᠵᠦ ᠣᠯᠠᠨ ᠲᠥᠷᠥᠯ᠎ᠦᠨ ᠠᠵᠢᠯ ᠦᠢ᠍ᠯᠡᠰ᠎ᠢ ᠠᠬᠢᠭᠤᠯᠪᠠ᠃ ᠰᠦᠯᠵᠢᠶᠡᠨ ᠳᠡᠭᠡᠷᠡᠬᠢ ᠠᠩᠬᠠᠨ᠎ᠤ ᠤᠷᠤᠯᠳᠤᠭ᠋ᠠᠨ᠂ ᠰᠦᠯᠵᠢᠶᠡᠨ ᠭᠠᠳᠠᠭᠤᠷᠬᠢ ᠳᠠᠭᠤᠷᠢᠶᠠᠮᠠᠯ ᠪᠣᠳᠠᠲᠤ ᠠᠵᠢᠯ ᠪᠠ ᠱᠢᠢ᠍ᠳᠪᠦᠷᠢᠲᠦ ᠤᠷᠤᠯᠳᠤᠭ᠋ᠠᠨ᠎ᠤ ᠬᠠᠷᠢᠭᠤ ᠮᠠᠷᠭᠤᠬᠤ ᠬᠢᠨᠠᠨ ᠰᠢᠯᠭ᠋ᠠᠷᠠᠭᠤᠯᠤᠯᠲᠠ᠎ᠪᠠᠷ ᠳᠠᠮᠵᠢᠨ᠂ ᠪᠦᠬᠦ᠌ ᠤᠯᠤᠰ᠎ᠤᠨ ᠡᠯ᠎ᠡ ᠭᠠᠵᠠᠷ᠎ᠤᠨ 178 ᠳᠤᠭᠤᠢ᠌ᠯᠠᠩ ᠴᠤᠯᠭᠤᠷᠠᠨ ᠭᠠᠷᠴᠤ᠌᠂ ᠲᠤᠰ ᠲᠤᠰ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠦᠨ ᠱᠠᠩᠨᠠᠯ ᠬᠦᠷᠲᠡᠪᠡ᠃ ᠱᠠᠩᠨᠠᠯ ᠣᠯᠭᠣᠬᠣ ᠶᠣᠰᠣᠯᠠᠯ᠎ᠤᠨ ᠠᠬᠤᠢ ᠲᠠᠯᠠᠪᠠᠢ᠎ᠳᠤ᠂ ᠱᠠᠩᠬᠠᠢ ᠪᠠᠩᠬᠢ᠂ ᠵᠠᠩ ᠵᠢᠶᠠᠩ ᠪᠥᠯᠥᠭ᠌ᠯᠡᠯ᠂ ᠳᠤᠮᠳᠠᠳᠤ ᠤᠯᠤᠰ᠎ᠤᠨ ᠴᠢᠮᠡᠭᠡ ᠬᠣᠯᠪᠣᠭ᠋ᠠᠨ᠎ᠤ ᠬᠦᠷᠢᠶᠡᠯᠡᠩ᠎ᠤᠨ ᠱᠠᠩᠬᠠᠢ᠎ᠶᠢᠨ ᠠᠵᠤ ᠦᠢ᠍ᠯᠡᠳᠪᠦᠷᠢ᠎ᠶᠢᠨ ᠱᠢᠨ᠎ᠡ᠎ᠶᠢ ᠡᠭᠦᠳᠬᠦ᠌ ᠲᠥᠪ᠂ ᠳᠤᠮᠳᠠᠳᠤ ᠤᠯᠤᠰ᠎ᠤᠨ ᠴᠠᠬᠢᠯᠭ᠋ᠠᠨ ᠬᠣᠯᠪᠣᠭ᠋ᠠᠨ᠎ᠤ ᠺᠸᠡᠨ᠋ᠲᠦᠨ ᠱᠢᠨᠵᠢᠯᠡᠬᠦ᠌ ᠤᠬᠠᠭ᠋ᠠᠨ ᠲᠸᠭᠨᠢᠭ ᠮᠡᠷᠭᠡᠵᠢᠯ᠎ᠦᠨ ᠪᠥᠯᠥᠭ᠌ᠯᠡᠯ ᠵᠡᠷᠭᠡ ᠪᠠᠢ᠌ᠭᠤᠯᠤᠮᠵᠢ᠎ᠶᠢᠨ ᠲᠥᠯᠥᠭᠡᠯᠡᠭ᠌ᠴᠢ ᠪᠠ ᠱᠠᠩᠨᠠᠯ ᠬᠦᠷᠲᠡᠭ᠌ᠰᠡᠨ ᠳᠤᠭᠤᠢ᠌ᠯᠠᠩ᠎ᠤᠨ ᠲᠥᠯᠥᠭᠡᠯᠡᠭ᠌ᠴᠢ ᠬᠠᠮᠲᠤᠷᠠᠯᠴᠠᠭ᠋ᠠᠨ᠎ᠤ ᠰᠠᠨᠠᠮᠵᠢ᠎ᠳᠤ ᠭᠠᠷᠦᠨ ᠦᠰᠦᠭ ᠵᠢᠷᠤᠪᠠ᠃
ᠱᠠᠩᠬᠠᠢ᠎ᠳᠤ ᠪᠠᠢ᠌ᠬᠤ ᠬᠤᠭᠤᠴᠠᠭ᠍ᠠᠨᠳᠤ᠂ ᠵᠠᠩ ᠺᠧ ᠨᠥᠬᠥᠷ ᠪᠠᠰᠠ ᠱᠠᠩᠬᠠᠢ᠎ᠶᠢᠨ ᠵᠠᠭ᠍ᠪᠤᠷ᠎ᠤᠨ ᠬᠤᠷᠳᠤᠴᠠ᠎ᠶᠢᠨ ᠣᠷᠣᠨ ᠵᠠᠢ᠎ᠶᠢᠨ ᠱᠢᠨ᠎ᠡ᠎ᠶᠢ ᠡᠭᠦᠳᠬᠦ᠌ ᠠᠮᠢ ᠠᠬᠤᠢ᠎ᠶᠢᠨ ᠨᠡᠢ᠌ᠭᠡᠮ ᠲᠣᠭᠣᠷᠢᠭ ᠪᠠ ᠱᠸᠨ ᠺᠠᠩ ᠡᠮᠨᠡᠯᠭᠡ᠎ᠶᠢᠨ ᠬᠣᠷᠢᠶᠠᠨ᠎ᠤ ᠬᠥᠭ᠌ᠵᠢᠯᠲᠡ᠎ᠶᠢᠨ ᠲᠥᠪ᠎ᠲᠤ ᠪᠠᠢ᠌ᠴᠠᠭ᠋ᠠᠨ ᠰᠤᠳᠤᠯᠤᠯᠲᠠ ᠬᠢᠵᠦ᠍᠂ ᠬᠢᠮᠡᠯ ᠣᠶᠤᠨᠴᠢ ᠡᠮᠴᠢᠯᠡᠭᠡᠨ᠎ᠦ ᠮᠡᠷᠭᠡᠵᠢᠯ᠎ᠦᠨ ᠬᠡᠷᠡᠭ᠌ᠯᠡᠯᠲᠡ᠂ ᠣᠨᠴᠠᠭ᠋ᠠᠢ ᠱᠢᠨᠵᠢᠯᠡᠬᠦ᠌ ᠤᠬᠠᠭ᠋ᠠᠨ ᠲᠸᠭᠨᠢᠭ ᠮᠡᠷᠭᠡᠵᠢᠯ᠎ᠦᠨ ᠪᠥᠲᠦᠭᠡᠭ᠌ᠳᠡᠬᠦᠨᠦ ᠦᠨᠡᠯᠡᠯᠲᠡ ᠵᠢᠴᠢ ᠬᠣᠲᠠ᠎ᠶᠢᠨ ᠱᠠᠲᠤᠨ᠎ᠤ ᠡᠮᠨᠡᠯᠭᠡ᠎ᠶᠢᠨ ᠬᠣᠷᠢᠶᠠᠨ᠎ᠤ ᠣᠶᠤᠨᠴᠢ ᠡᠮᠨᠡᠯᠭᠡ᠎ᠶᠢᠨ ᠬᠠᠮᠢᠶᠠᠷᠤᠯᠲᠠ᠎ᠶᠢᠨ ᠲᠠᠪᠴᠠᠩ᠎ᠤᠨ ᠠᠵᠢᠯᠯᠠᠭ᠋ᠠᠨ᠎ᠤ ᠪᠣᠳᠠᠲᠤ ᠪᠠᠢ᠌ᠳᠠᠯ᠎ᠢ ᠣᠢ᠌ᠯᠠᠭ᠋ᠠᠵᠤ᠂ ᠡᠮᠴᠢᠯᠡᠭᠡᠨ᠎ᠦ ᠪᠠᠲᠤᠯᠠᠭ᠎ᠠ ᠬᠦᠴᠦᠨ ᠨᠡᠮᠡᠷᠢᠯᠡᠵᠦ ᠡᠮ ᠡᠮᠨᠡᠯᠭᠡ᠎ᠶᠢᠨ ᠠᠵᠢᠯ ᠲᠥᠷᠥᠯ᠎ᠦᠨ ᠱᠢᠨ᠎ᠡ᠎ᠶᠢ ᠡᠭᠦᠳᠦᠨ ᠬᠥᠭ᠌ᠵᠢᠭᠦᠯᠬᠦ᠌ ᠦᠷ᠎ᠡ ᠪᠦᠲᠦᠭᠡᠯ᠎ᠢ ᠭᠦᠨᠵᠡᠭᠡᠢ ᠣᠢ᠌ᠯᠠᠭ᠋ᠠᠪᠠ᠃