2025 ᠣᠨ᠎ᠤ 12 ᠳ᠋ᠤᠭ᠋ᠠᠷ ᠰᠠᠷ᠎ᠠ᠎ᠶᠢᠨ 8 ᠤ ᠡᠳᠦᠷ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ ᠡᠷᠬᠢᠯᠡᠭ᠌ᠰᠡᠨ 2025 ᠣᠨ᠎ᠤ ᠪᠦᠬᠦ᠌ ᠤᠯᠤᠰ᠎ᠤᠨ ᠣᠶᠣᠨᠴᠢ ᠡᠮᠴᠢᠯᠡᠭᠡᠨ᠎ᠦ ᠪᠠᠲᠤᠯᠠᠭ᠎ᠠ᠎ᠶᠢᠨ ᠤᠷᠤᠯᠳᠤᠭ᠋ᠠᠨ᠎ᠤ ᠱᠠᠩᠨᠠᠯ ᠣᠯᠭᠣᠬᠤ ᠶᠣᠰᠣᠯᠠᠯ ᠱᠠᠩᠬᠠᠢ ᠬᠣᠲᠠ᠎ᠳᠤ ᠶᠠᠪᠤᠭ᠍ᠳᠠᠪᠠ᠃ ᠮᠠᠨ᠎ᠤ ᠲᠣᠪᠴᠢᠶ᠎ᠠ᠎ᠶᠢᠨ ᠲᠠᠨᠢᠯᠴᠠᠭᠤᠯᠤᠭ᠍ᠰᠠᠨ ᠤᠷᠤᠯᠳᠤᠭ᠋ᠠᠨ᠎ᠳᠤ ᠣᠷᠣᠯᠴᠠᠬᠤ 《 ᠡᠮᠴᠢᠯᠡᠭᠡᠨ᠎ᠦ ᠪᠠᠲᠤᠯᠠᠭ᠎ᠠ᠎ᠶᠢᠨ ᠥᠭ᠌ᠬᠦ ᠣᠶᠤᠨᠴᠢ ᠲᠠᠰᠤᠯᠤᠯ ᠣᠨᠴᠠ ᠵᠢᠱ᠌ᠢᠶ᠎ᠡ᠎ᠶᠢᠨ ᠳᠠᠩ ᠵᠥᠪᠯᠡᠬᠦ᠌ ᠪᠠᠷᠢᠮᠵᠢᠶᠠᠵᠢᠭ᠍ᠰᠠᠨ ᠬᠥᠳᠡᠯᠭᠡᠭᠦᠷ 》᠎ᠤᠨ ᠲᠥᠷᠥᠯ ᠵᠦᠢ᠍ᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠮᠡᠳᠡᠭᠡ ᠵᠠᠩᠭᠢ᠎ᠶᠢᠨ ᠲᠠᠪᠴᠠᠩ᠎ᠳᠦ ᠲᠦᠰᠢᠭᠯᠡᠨ ᠣᠷᠣᠨ ᠨᠤᠲᠤᠭ᠎ᠤᠨ ᠦᠢ᠍ᠯᠡᠳᠦᠯᠭᠡ ᠲᠠᠢ ᠤᠶᠠᠯᠳᠤᠭᠤᠯᠤᠨ᠂ ᠥᠭ᠌ᠬᠦ ᠠᠷᠭ᠎ᠠ ᠮᠠᠶᠢᠭ᠎ᠤᠨ ᠥᠭᠡᠷᠡᠴᠢᠯᠡᠯᠲᠡ᠎ᠶᠢᠨ ᠣᠨᠴᠠ ᠵᠢᠱ᠌ᠢᠶ᠎ᠡ᠎ᠶᠢᠨ ᠳᠠᠩ ᠵᠥᠪᠯᠡᠬᠦ᠌ ᠲᠣᠭ᠍ᠲᠠᠴᠠ᠎ᠶᠢ ᠭᠦᠨᠵᠡᠭᠡᠢ ᠠᠭᠤᠲᠠᠯᠵᠤ᠂ ᠪᠦᠬᠦ᠌ ᠤᠯᠤᠰ᠎ᠤᠨ 735 ᠲᠥᠷᠥᠯ ᠵᠦᠢ᠍ᠯ᠎ᠤᠨ ᠳᠣᠲᠤᠷ᠎ᠠ᠎ᠠᠴᠠ ᠴᠤᠯᠭᠤᠷᠠᠨ ᠭᠠᠷᠴᠤ᠌᠂ ᠪᠦᠬᠦ᠌ ᠤᠯᠤᠰ᠎ᠤᠨ 《 ᠨᠢᠭᠡᠳᠦᠭᠡᠷ ᠳᠡᠰ᠎ᠦᠨ ᠱᠠᠩᠨᠠᠯ 》᠎ᠢ ᠬᠦᠷᠲᠡᠪᠡ᠃

ᠣᠨᠴᠠ ᠵᠢᠱ᠌ᠢᠶ᠎ᠡ᠎ᠶᠢᠨ ᠳᠠᠩ ᠵᠥᠪᠯᠡᠬᠦ᠌ ᠪᠠᠷᠢᠮᠵᠢᠶᠠᠵᠢᠭ᠍ᠰᠠᠨ ᠬᠥᠳᠡᠯᠭᠡᠭᠦᠷ᠎ᠢ ᠭᠣᠣᠯᠳᠠᠭᠤ ᠡᠮᠴᠢᠯᠡᠭᠡᠨ᠎ᠦ ᠪᠠᠲᠤᠯᠠᠭ᠎ᠠ᠎ᠶᠢᠨ ᠪᠠᠢ᠌ᠭᠤᠯᠤᠮᠵᠢ᠎ᠳᠤ ᠬᠠᠨᠳᠤᠭᠤᠯᠤᠨ᠂ ᠣᠨᠴᠠ ᠵᠢᠱ᠌ᠢᠶ᠎ᠡ᠎ᠶᠢᠨ ᠳᠠᠩ ᠵᠥᠪᠯᠡᠬᠦ᠌ ᠪᠦᠬᠦ᠌ ᠶᠠᠪᠤᠴᠠ᠎ᠶᠢ ᠰᠦᠯᠵᠢᠶᠡᠨ ᠳᠡᠭᠡᠷ᠎ᠡ ᠬᠠᠮᠢᠶᠠᠷᠬᠤ᠎ᠶᠢ ᠪᠡᠶᠡᠯᠡᠭᠦᠯᠬᠦ᠌ ᠪᠠᠷ ᠭᠣᠣᠯ ᠬᠠᠷᠠᠯᠲᠠ ᠪᠣᠯᠭ᠋ᠠᠵᠤ᠂ ᠤᠯᠤᠰ᠎ᠤᠨ ᠨᠢᠭᠡᠳᠦᠯᠲᠡᠢ ᠲᠠᠪᠴᠠᠩ ᠪᠠ ᠪᠠᠷᠢᠮᠵᠢᠶ᠎ᠠ ᠳᠦᠷᠢᠮ᠎ᠤᠨ ᠪᠠᠢ᠌ᠭᠤᠯᠤᠯᠲᠠ᠎ᠶᠢᠨ ᠱᠠᠭ᠋ᠠᠷᠳᠠᠯᠭ᠎ᠠ ᠶᠣᠰᠣᠭ᠋ᠠᠷ᠂ ᠳᠤᠭᠤᠢ᠌ᠯᠠᠩ ᠬᠤᠪᠢᠶᠠᠨ ᠵᠠᠷᠤᠳᠠᠯ ᠲᠤᠱᠢᠶᠠᠬᠤ ᠲᠥᠪ᠎ᠲᠦ ᠰᠠᠭᠤᠷᠢᠯᠠᠵᠤ᠂ ᠲᠤᠰᠭᠠᠢ ᠮᠡᠷᠭᠡᠵᠢᠯᠲᠡᠨ᠎ᠦ ᠵᠢᠷᠤᠭ ᠳᠦᠷᠰᠦ᠂ ᠲᠤᠰᠭᠠᠢ ᠮᠡᠷᠭᠡᠵᠢᠯᠲᠡᠨ᠎ᠦ 《 ᠨᠡᠷ᠎ᠡ ᠪᠢᠴᠢᠬᠦ᠌ ᠦᠭᠡᠢ ᠬᠢᠨᠠᠨ ᠲᠣᠭᠲᠠᠭ᠋ᠠᠯᠲᠠ 》᠂ ᠣᠶᠤᠨᠴᠢ ᠬᠢᠨᠠᠨ ᠲᠣᠭᠲᠠᠭ᠋ᠠᠯᠲᠠ᠂ AI ᠬᠦᠴᠦᠨ ᠨᠡᠮᠡᠷᠢᠯᠡᠬᠦ᠂ ᠨᠡᠷ᠎ᠡ ᠪᠤᠷᠤᠭᠤᠯᠠᠨ ᠬᠤᠪᠢ ᠲᠣᠭᠲᠠᠭ᠋ᠠᠬᠤ᠂ ᠭᠠᠷᠤᠨ ᠦᠰᠦᠭ ᠵᠢᠷᠤᠵᠤ ᠭᠡᠷᠡᠴᠢᠯᠡᠬᠦ᠌ ᠵᠡᠷᠭᠡ ᠴᠢᠳᠠᠮᠵᠢ᠎ᠶᠢ ᠪᠠᠢ᠌ᠭᠤᠯᠬᠤ᠎ᠪᠡᠷ ᠳᠠᠮᠵᠢᠨ᠂ ᠣᠨᠴᠠ ᠵᠢᠱ᠌ᠢᠶ᠎ᠡ᠎ᠶᠢᠨ ᠳᠠᠩ ᠵᠥᠪᠯᠡᠬᠦ᠎ᠶᠢᠨ 《 ᠬᠣᠣᠰ ᠨᠡᠷ᠎ᠡ ᠪᠢᠴᠢᠬᠦ᠌ ᠦᠭᠡᠢ 》 ᠬᠢᠨᠠᠨ ᠬᠠᠷᠭᠤᠭᠤᠯᠬᠤ᠎ᠶᠢ ᠪᠡᠶᠡᠯᠡᠭᠦᠯᠵᠦ᠍᠂ ᠪᠦᠬᠦ᠌ ᠶᠠᠪᠤᠴᠠ᠎ᠶᠢ ᠰᠦᠯᠵᠢᠶᠡᠨ ᠳᠡᠭᠡᠷ᠎ᠡ ᠬᠢᠨᠠᠨ ᠲᠣᠭᠲᠠᠭ᠋ᠠᠬᠤ᠂ ᠰᠦᠯᠵᠢᠶᠡᠨ ᠳᠡᠭᠡᠷ᠎ᠡ ᠰᠠᠯᠭ᠋ᠠᠨ ᠥᠭ᠌ᠬᠦ᠎ᠶᠢ ᠪᠡᠶᠡᠯᠡᠭᠦᠯᠵᠦ᠍᠂ ᠣᠨᠴᠠ ᠵᠢᠱ᠌ᠢᠶ᠎ᠡ᠎ᠶᠢᠨ ᠳᠠᠩ ᠵᠥᠪᠯᠡᠬᠦ᠌ ᠬᠢᠨᠠᠨ ᠲᠣᠭᠲᠠᠭ᠋ᠠᠯᠲᠠ᠎ᠶᠢᠨ ᠲᠥᠪ ᠭᠣᠣᠯᠴᠢ᠂ ᠢᠯᠡ ᠲᠣᠳᠣ ᠪᠠᠢ᠌ᠬᠤ᠎ᠶᠢ ᠪᠠᠲᠤᠯᠠᠪᠠ᠃
ᠮᠠᠨ᠎ᠤ ᠣᠷᠣᠨ 2022 ᠣᠨ᠎ᠳᠤ DIP ᠥᠭ᠌ᠬᠦ ᠠᠷᠭ᠎ᠠ ᠮᠠᠶᠢᠭ᠎ᠤᠨ ᠥᠭᠡᠷᠡᠴᠢᠯᠡᠯᠲᠡ᠎ᠶᠢ ᠥᠷᠨᠢᠭᠦᠯᠦᠭ᠌ᠰᠡᠨ᠎ᠡᠴᠡ ᠨᠠᠭ᠋ᠠᠰᠢ᠂ ᠪᠦᠬᠦ᠌ ᠣᠷᠣᠨ᠎ᠤ ᠡᠪᠡᠳᠴᠢᠨ᠎ᠦ ᠲᠥᠷᠥᠯ᠎ᠦᠨ ᠭᠠᠷᠴᠠᠭ᠎ᠤᠨ ᠬᠥᠮᠥᠷᠭᠡ᠂ ᠬᠤᠪᠢ᠎ᠶᠢᠨ ᠥᠷᠲᠡᠭ᠂ ᠳ᠋ᠦᠩᠨᠡᠨ ᠪᠣᠳᠣᠬᠤ ᠲᠥᠷᠥ᠎ᠶᠢᠨ ᠪᠣᠳᠣᠯᠭ᠎ᠠ᠂ ᠢᠯᠭ᠋ᠠᠷᠠᠭᠤᠯᠤᠨ ᠪᠣᠳᠤᠬᠤ ᠲᠦᠷᠢᠮ᠂ ᠮᠡᠳᠡᠭᠡ ᠵᠠᠩᠭᠢ᠎ᠶᠢᠨ ᠰᠢᠰᠲᠸᠮ᠎ᠤᠨ 《 ᠲᠠᠪᠤ᠎ᠶᠢ ᠨᠢᠭᠡᠳᠭᠡᠬᠦ᠌ 》᠎ᠶᠢ ᠠᠯᠬᠤᠮ ᠠᠯᠬᠤᠮ᠎ᠢᠶᠡᠷ ᠠᠬᠢᠭᠤᠯᠪᠠ᠃ ᠲᠤᠰ ᠤᠳᠠᠭ᠎ᠠ ᠪᠦᠬᠦ᠌ ᠤᠯᠤᠰ᠎ᠤᠨ ᠨᠢᠭᠡᠳᠦᠭᠡᠷ ᠳᠡᠰ᠎ᠦᠨ ᠱᠠᠩᠨᠠᠯ ᠬᠦᠷᠲᠡᠭ᠌ᠰᠡᠨ ᠶᠠᠪᠤᠳᠠᠯ ᠪᠣᠯ ᠮᠠᠨ᠎ᠤ ᠣᠷᠣᠨ᠎ᠤ ᠥᠭ᠌ᠬᠦ ᠠᠷᠭ᠎ᠠ ᠮᠠᠶᠢᠭ᠎ᠤᠨ ᠥᠭᠡᠷᠡᠴᠢᠯᠡᠯᠲᠡ᠎ᠶᠢ ᠭᠦᠨᠵᠡᠭᠡᠢ᠌ᠷᠡᠭᠦᠯᠬᠦ ᠶᠠᠪᠤᠴᠠ᠎ᠳᠤ ᠦᠷᠭᠦᠯᠵᠢᠯᠡᠨ ᠭᠦᠨᠵᠡᠭᠡᠢ᠂ ᠪᠣᠳᠠᠲᠠᠢ᠎ᠶᠢ ᠡᠷᠬᠢᠮᠯᠡᠵᠦ᠍ ᠱᠢᠨ᠎ᠡ᠎ᠶᠢ ᠡᠭᠦᠳᠦᠭ᠌ᠰᠡᠨ ᠦᠷ᠎ᠡ ᠪᠥᠲᠦᠭᠡᠯ᠎ᠦᠨ ᠢᠯᠡᠷᠡᠯ ᠪᠣᠯᠣᠨ᠎ᠠ᠃ ᠳᠠᠷᠠᠭ᠋ᠠᠴᠢ᠎ᠶᠢᠨ ᠠᠯᠬᠤᠮ᠎ᠳᠤ᠂ ᠪᠢᠳᠡ ᠲᠤᠰ ᠤᠳᠠᠭ᠋ᠠᠨ᠎ᠤ ᠤᠷᠤᠯᠳᠤᠭ᠋ᠠᠨ᠎ᠢᠶᠠᠷ ᠠᠵᠠ ᠲᠣᠬᠢᠶᠠᠯ ᠪᠣᠯᠭ᠋ᠠᠵᠤ᠂ ᠪᠦᠬᠦ᠌ ᠣᠷᠣᠨ᠎ᠤ ᠬᠡᠪᠴᠢᠶᠡᠨ᠎ᠳᠦ ᠡᠮᠴᠢᠯᠡᠭᠡᠨ᠎ᠦ ᠪᠠᠲᠤᠯᠠᠭ᠎ᠠ᠎ᠶᠢᠨ ᠣᠶᠤᠨᠴᠢ ᠡᠯ᠎ᠡ ᠪᠠᠢ᠌ᠳᠠᠯ᠎ᠳᠤ 《 ᠲᠤᠩᠬᠠᠭ᠍ᠯᠠᠨ ᠨᠡᠢ᠌ᠲᠡᠯᠡᠵᠦ ᠮᠠᠩᠯᠠᠢ᠌ᠯᠠᠭᠤᠯᠬᠤ 》ᠠᠵᠢᠯᠯᠠᠭ᠎ᠠ ᠥᠷᠨᠢᠭᠦᠯᠵᠦ᠍᠂ ᠱᠢᠯᠢᠳᠡᠭ ᠲᠥᠷᠥᠯ ᠵᠦᠢ᠍ᠯ᠎ᠦᠨ ᠦᠷ᠎ᠡ ᠪᠥᠲᠥᠭᠡᠯᠢ ᠢᠳᠡᠪᠬᠢᠲᠡᠢ᠎ᠪᠡᠷ ᠰᠢᠩᠭᠡᠭᠡᠨ ᠠᠪᠴᠤ᠌᠂ ᠪᠣᠳᠠᠲᠠᠢ ᠲᠠᠢ᠎ᠪᠡᠨ ᠤᠶᠠᠯᠳᠤᠭᠤᠯᠤᠨ ᠬᠡᠷᠡᠭ᠌ᠯᠡᠭᠡ᠎ᠪᠡᠨ ᠭᠦᠨᠵᠡᠭᠡᠢ᠌ᠷᠡᠭᠦᠯᠵᠦ᠂ ᠣᠶᠤᠨᠴᠢᠯᠠᠯᠲᠠ᠂ ᠳ᠋ᠢᠭᠢᠲᠴᠢᠯᠡᠯᠲᠡᠪᠡᠷ ᠮᠠᠨ᠎ᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠦᠢ᠍ᠯᠡᠰ᠎ᠤᠨ ᠴᠢᠨᠠᠷ ᠰᠠᠢ᠍ᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ᠃