ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠭ᠌ᠬᠦ ᠬᠠᠮᠢᠶᠠᠷᠤᠯᠲᠠ᠎ᠶᠢ ᠴᠢᠩᠭ᠋ᠠᠳᠬᠠᠵᠤ᠂ ᠬᠠᠮᠵᠢᠯᠴᠠᠨ ᠬᠥᠭ᠌ᠵᠢᠬᠦ᠎ᠶᠢ ᠠᠬᠢᠭᠤᠯᠤᠶ᠎ᠠ  ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠲᠠᠪᠤᠳᠤᠭ᠋ᠠᠷ ᠬᠤᠭᠤᠴᠠᠭ᠋ᠠᠨ᠎ᠤ 《 ᠠᠷᠠᠳ ᠲᠦᠮᠡᠨ ᠮᠢᠨᠤ ᠰᠡᠳᠭᠢᠯ᠎ᠳᠦ ᠪᠤᠢ 》 ᠭᠡᠬᠦ᠌ ᠡᠮᠴᠢᠯᠡᠭᠡᠨ᠎ᠦ ᠪᠠᠲᠤᠯᠠᠭ᠎ᠠ᠎ᠶᠢᠨ ᠵᠠᠯᠠᠭᠤᠴᠤᠳ᠎ᠤᠨ ᠰᠠᠯᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-12-12

  ᠪᠦᠬᠦ᠌ ᠲᠣᠪᠴᠢᠶᠠᠨ᠎ᠤ ᠵᠠᠯᠠᠭᠤ ᠺᠠᠳ᠋ᠷᠴᠤᠳ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠭᠣᠣᠯ ᠲᠤᠬᠠᠢ᠌ᠯᠠᠭᠰᠠᠨ ᠠᠵᠢᠯ᠎ᠤᠨ ᠣᠢ᠌ᠯᠠᠭ᠋ᠠᠯᠲᠠ᠎ᠶᠢ ᠭᠦᠨᠵᠡᠭᠡᠢ᠌ᠷᠡᠭᠦᠯᠵᠦ᠂ ᠲᠣᠪᠴᠢᠶ᠎ᠠ᠎ᠶᠢᠨ ᠳᠣᠲᠤᠭ᠋ᠠᠳᠤ᠎ᠳᠤ ᠬᠠᠷᠢᠯᠴᠠᠨ ᠰᠣᠯᠢᠯᠴᠠᠬᠤ ᠲᠠᠪᠴᠠᠩ᠎ᠢ ᠪᠠᠢ᠌ᠭᠤᠯᠬᠤ᠎ᠶᠢ ᠦᠷᠭᠦᠯᠵᠢᠯᠡᠨ ᠭᠦᠨᠵᠡᠭᠡᠢ᠌ᠷᠡᠭᠦᠯᠬᠦ᠎ᠶᠢᠨ ᠲᠥᠯᠥᠭᠡ᠂ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ ᠱᠢᠭᠤᠳ ᠬᠠᠷᠢᠶ᠎ᠠ ᠪᠠᠢ᠌ᠭᠤᠯᠭ᠎ᠠ᠎ᠶᠢᠨ ᠨᠠᠮ᠎ᠤᠨ ᠬᠣᠷᠢᠶ᠎ᠠ ᠪᠠᠢ᠌ᠩᠭᠤᠵᠢᠭᠰᠠᠨ 《 ᠠᠷᠠᠳ ᠲᠦᠮᠡᠨ ᠮᠢᠨᠤ ᠰᠡᠳᠭᠢᠯ᠎ᠳᠦ ᠪᠤᠢ 》 ᠭᠡᠬᠦ᠌ ᠡᠮᠴᠢᠯᠡᠭᠡᠨ᠎ᠦ ᠪᠠᠲᠤᠯᠠᠭ᠎ᠠ᠎ᠶᠢᠨ ᠵᠠᠯᠠᠭᠤᠴᠤᠳ᠎ᠤᠨ ᠰᠠᠯᠤᠨ ᠠᠵᠢᠯᠯᠠᠭ᠎ᠠ ᠥᠷᠨᠢᠭᠦᠯᠪᠡ᠃ 11  ᠳ᠋ᠤᠭᠡᠷ ᠰᠠᠷ᠎ᠠ᠎ᠶᠢᠨ 26 ᠎ᠦ ᠡᠳᠦᠷ᠂ ᠡᠮ ᠡᠮᠨᠡᠯᠭᠡ᠎ᠶᠢᠨ ᠬᠠᠮᠢᠶᠠᠷᠤᠯᠲᠠ᠎ᠶᠢᠨ ᠵᠤᠷᠭ᠋ᠠᠨ᠎ᠠᠴᠠ ᠳᠠᠭ᠋ᠠᠭ᠋ᠠᠴᠢᠯᠠᠨ ᠡᠷᠬᠢᠯᠡᠭ᠌ᠰᠡᠨ ᠲᠠᠪᠤᠳᠤᠭ᠋ᠠᠷ ᠬᠣᠭᠤᠴᠠᠭ᠋ᠠᠨ᠎ᠤ ᠰᠠᠯᠤᠨ ᠨᠢ 《 ᠥᠭ᠌ᠬᠦ ᠬᠠᠮᠢᠶᠠᠷᠤᠯᠲᠠ᠎ᠶᠢ ᠴᠢᠩᠭ᠋ᠠᠳᠬᠠᠵᠤ᠂ ᠬᠠᠮᠵᠢᠯᠴᠠᠨ ᠬᠥᠭ᠌ᠵᠢᠬᠦ᠎ᠶᠢ ᠠᠬᠢᠭᠤᠯᠤᠶ᠎ᠠ 》 ᠭᠡᠬᠦ ᠭᠣᠣᠯ ᠰᠡᠳᠦᠪ᠎ᠤᠨ ᠲᠣᠭᠣᠷᠢᠨ᠎ᠳᠤ ᠭᠦᠨᠵᠡᠭᠡᠢ ᠰᠣᠯᠢᠯᠴᠠᠭ᠎ᠠ ᠥᠷᠨᠢᠭᠦᠯᠪᠡ᠃ ᠲᠣᠪᠴᠢᠶ᠎ᠠ᠎ᠶᠢᠨ ᠨᠠᠮ᠎ᠤᠨ ᠤᠳᠤᠷᠢᠳᠭᠤ ᠳᠤᠭᠤᠢ᠌ᠯᠠᠩ᠎ᠤᠨ ᠭᠡᠱᠢᠭᠦᠨ᠂ ᠳᠡᠳ᠋ ᠲᠣᠪᠴᠢᠶ᠎ᠠ᠎ᠶᠢᠨ ᠳᠠᠷᠤᠭ᠎ᠠ ᠯᠢ ᠲᠣᠣ ᠨᠥᠬᠥᠷ ᠣᠷᠣᠯᠴᠠᠪᠠ᠃

 

 

  ᠲᠤᠰ ᠤᠳᠠᠭ᠋ᠠᠨ᠎ᠤ ᠠᠵᠢᠯᠯᠠᠭ᠎ᠠ ᠲᠥᠷᠥ᠎ᠶᠢᠨ ᠪᠣᠳᠣᠯᠭ᠎ᠠ᠎ᠶᠢᠨ ᠲᠠᠢ᠌ᠯᠤᠮᠵᠢ ᠪᠠ ᠰᠤᠳᠤᠯᠤᠨ ᠪᠠᠢ᠌ᠴᠠᠭ᠋ᠠᠯᠲᠠ᠎ᠶᠢᠨ ᠲᠥᠷᠥᠭ᠌ᠳᠡᠯ᠎ᠢᠶᠠᠨ ᠬᠤᠪᠢᠶᠠᠯᠴᠠᠬᠤ᠎ᠶᠢ ᠬᠠᠷᠢᠯᠴᠠᠨ ᠤᠶᠠᠯᠳᠤᠭᠤᠯᠬᠤ ᠠᠷᠭ᠎ᠠ᠎ᠪᠠᠷ ᠳᠠᠮᠵᠢᠭᠤᠯᠤᠨ᠂ ᠠᠵᠢᠯᠯᠠᠭ᠎ᠠ᠎ᠶᠢᠨ ᠬᠡᠯᠪᠡᠷᠢ᠎ᠶᠢᠨ ᠰᠢᠨ᠎ᠡ᠎ᠶᠢ ᠡᠭᠦᠳᠴᠦ᠂ ᠰᠣᠯᠢᠯᠴᠠᠭ᠎ᠠ᠎ᠶᠢᠨ ᠠᠭᠤᠯᠭ᠎ᠠ᠎ᠶᠢ ᠡᠯᠪᠡᠭ ᠪᠠᠶᠠᠯᠢᠭ ᠪᠣᠯᠭ᠋ᠠᠪᠠ᠃ ᠥᠭ᠌ᠬᠦ ᠬᠠᠮᠢᠶᠠᠷᠤᠯᠲᠠ᠎ᠶᠢᠨ ᠰᠣᠯᠢᠯᠴᠠᠭ᠋ᠠᠨ᠎ᠤ ᠬᠡᠰᠡᠭ᠎ᠲᠦ᠍᠂ ᠡᠮ ᠡᠮᠨᠡᠯᠭᠡ᠎ᠶᠢᠨ ᠬᠠᠮᠢᠶᠠᠷᠤᠯᠲᠠ᠎ᠶᠢᠨ ᠵᠤᠷᠭ᠋ᠠᠨ᠎ᠤ ᠬᠣᠶᠠᠷ ᠨᠥᠬᠥᠷ᠎ᠦᠨ ᠲᠤᠰ ᠲᠤᠰ ᠲᠠᠨᠢᠯᠴᠠᠭᠤᠯᠤᠭ᠍ᠰᠠᠨ ᠡᠮᠴᠢᠯᠡᠭᠡᠨ᠎ᠦ ᠪᠠᠲᠤᠯᠠᠭ᠎ᠠ᠎ᠶᠢᠨ ᠥᠭ᠌ᠬᠦ ᠠᠷᠭ᠎ᠠ ᠮᠠᠶᠢᠭ᠎ᠤᠨ ᠬᠠᠮᠢᠶᠠᠷᠤᠯᠲᠠ ᠲᠥᠷᠥ᠎ᠶᠢᠨ ᠪᠣᠳᠣᠯᠭ᠎ᠠ᠎ᠶᠢᠨ ᠪᠣᠷᠣ ᠲᠥᠯᠥᠪ ᠪᠠ ᠥᠭᠡᠷᠡᠴᠢᠯᠡᠯᠲᠡ᠎ᠶᠢᠨ ᠠᠬᠢᠴᠠ᠎ᠶᠢ ᠲᠠᠨᠢᠯᠴᠠᠭᠤᠯᠵᠤ᠂ ᠤᠷᠲᠤ ᠬᠤᠭᠤᠴᠠᠭ᠋ᠠᠨ᠎ᠤ ᠰᠤᠪᠢᠯᠠᠯᠲᠠ᠎ᠶᠢᠨ ᠳᠠᠭ᠋ᠠᠳᠬᠠᠯ᠎ᠤᠨ ᠰᠠᠭᠤᠷᠢ ᠮᠥᠩᠭᠥ᠌ ᠥᠭ᠌ᠬᠦ᠎ᠶᠢᠨ ᠬᠠᠮᠢᠶᠠᠷᠤᠯᠲᠠ᠎ᠶᠢᠨ ᠲᠣᠭ᠍ᠲᠠᠴᠠ ᠪᠠ ᠠᠵᠢᠯ᠎ᠤᠨ ᠭᠣᠣᠯᠳᠠᠯᠭ᠎ᠠ᠎ᠳᠦ ᠨᠠᠷᠢᠨ ᠲᠠᠢ᠌ᠯᠤᠮᠵᠢ ᠬᠢᠪᠡ᠃ ᠰᠤᠳᠤᠯᠤᠨ ᠪᠠᠢ᠌ᠴᠠᠭ᠋ᠠᠯᠲᠠ᠎ᠶᠢᠨ ᠲᠥᠷᠥᠭ᠌ᠳᠡᠯ᠎ᠢᠶᠠᠨ ᠬᠤᠪᠢᠶᠠᠯᠴᠠᠬᠤ ᠭᠣᠭ᠍ᠴᠣᠭ᠎ᠠ᠎ᠳᠤ᠂ ᠣᠢ᠌ᠷ᠎ᠠ᠎ᠳᠤ ᠤᠷᠲᠤ ᠬᠤᠭᠤᠴᠠᠭ᠋ᠠᠨ᠎ᠤ ᠰᠣᠪᠢᠯᠠᠭ᠍ᠴᠢ᠎ᠶᠢᠨ ᠬᠣᠶᠠᠳᠤᠭ᠋ᠠᠷ ᠤᠳᠠᠭ᠎ᠠ᠎ᠶᠢᠨ ᠮᠤᠵᠢ᠎ᠶᠢᠨ ᠬᠣᠭᠣᠷᠣᠨᠳᠣᠬᠢ ᠬᠠᠮᠲᠤᠷᠠᠭ᠍ᠰᠠᠨ ᠰᠢᠯᠭ᠋ᠠᠯᠲᠠ᠎ᠶᠢᠨ ᠲᠣᠭᠣᠷᠢᠨ ᠪᠠᠢ᠌ᠴᠠᠭ᠋ᠠᠬᠤ ᠰᠤᠳᠤᠯᠤᠯᠲᠠ᠎ᠶᠢᠨ ᠲᠣᠪᠴᠢᠶ᠎ᠠ᠎ᠶᠢᠨ ᠠᠯᠪᠠᠨ ᠭᠡᠷ᠂ ᠡᠳ᠋᠎ᠦᠨ ᠶᠠᠪᠤᠳᠠᠯ ᠬᠠᠤᠯᠢ  ᠲᠣᠭᠲᠠᠭ᠋ᠠᠯ᠎ᠤᠨ ᠵᠤᠷᠭ᠋ᠠᠨ᠎ᠤ ᠬᠣᠶᠠᠷ ᠵᠠᠯᠠᠭᠤ ᠺᠠᠳ᠋ᠷ ᠲᠥᠯᠥᠭᠡᠯᠡᠭ᠌ᠴᠢ᠂ ᠪᠣᠳᠠᠲᠤ ᠭᠠᠵᠠᠷ᠎ᠲᠤ ᠦᠵᠡᠵᠦ᠍ ᠰᠣᠨᠣᠰᠣᠭ᠍ᠰᠠᠨ ᠲᠠᠢ᠎ᠪᠠᠨ ᠤᠶᠠᠯᠳᠤᠭᠤᠯᠤᠨ᠂ ᠤᠷᠲᠤ ᠬᠤᠭᠤᠴᠠᠭ᠋ᠠᠨ᠎ᠤ ᠰᠤᠪᠢᠯᠠᠭ᠍ᠴᠢ᠎ᠶᠢᠨ ᠴᠢᠳᠠᠪᠤᠷᠢᠲᠠᠨ᠎ᠤ ᠳᠤᠭᠤᠢ᠌ᠯᠠᠩ ᠬᠦᠮᠦᠵᠢᠭᠦᠯᠬᠦ ᠠᠵᠢᠭ᠍ᠯᠠᠯᠲᠠ ᠪᠠ ᠰᠡᠳᠭᠢᠨ ᠪᠣᠳᠣᠯᠬᠢᠯᠠᠯᠲᠠ᠎ᠪᠠᠨ ᠬᠤᠪᠢᠶᠠᠯᠴᠠᠭ᠍ᠰᠠᠨ ᠮᠥᠷᠲᠡᠭᠡᠨ ᠠᠵᠢᠯ ᠣᠯᠭᠣᠯᠲᠠ᠎ᠶᠢᠨ ᠠᠷᠭ᠎ᠠ ᠵᠠᠮ᠎ᠤᠨ ᠪᠦᠲᠦᠭᠡᠨ ᠪᠠᠢ᠌ᠭᠤᠯᠤᠯᠲᠠ᠎ᠶᠢᠨ ᠴᠢᠨᠠᠷᠲᠠᠢ ᠰᠠᠨᠠᠯ ᠳᠤᠷᠠᠳᠪᠠ᠃

 

 

  ᠯᠢ ᠲᠣᠣ ᠨᠥᠬᠥᠷ᠂ ᠲᠤᠰ ᠤᠳᠠᠭ᠋ᠠᠨ᠎ᠤ ᠠᠵᠢᠯᠯᠠᠭ᠎ᠠ ᠨᠢ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠳᠥᠷᠪᠡᠳᠦᠭᠡᠷ ᠪᠥᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠴᠢᠨᠠᠷ ᠰᠠᠢ᠌ᠲᠠᠢ ᠬᠥᠭ᠌ᠵᠢᠯᠲᠡ᠎ᠶᠢᠨ ᠪᠣᠳᠠᠲᠠᠢ ᠠᠵᠢᠯᠯᠠᠭ᠋ᠠᠨ᠎ᠢ ᠠᠬᠢᠭᠤᠯᠵᠤ᠂ ᠪᠠᠰᠠ ᠴᠤ᠌ 《 ᠠᠷᠠᠳ ᠲᠦᠮᠡᠨ ᠮᠢᠨᠤ ᠰᠡᠳᠭᠢᠯ᠎ᠳᠦ ᠪᠤᠢ 》 ᠭᠡᠬᠦ ᠨᠠᠮ᠎ᠤᠨ ᠪᠦᠲᠦᠭᠡᠨ ᠪᠠᠢ᠌ᠭᠤᠯᠤᠯᠲᠠ᠎ᠶᠢᠨ ᠨᠡᠷᠡᠲᠦ ᠲᠡᠮᠳᠡᠭ᠌ᠲᠦ᠎ᠶᠢᠨ ᠠᠮᠢᠳᠤᠯᠢᠭ ᠢᠯᠡᠷᠡᠯ ᠪᠠᠢ᠌ᠵᠤ᠂ ᠵᠠᠯᠠᠭᠤ ᠺᠠᠳ᠋ᠷᠴᠤᠳ ᠡᠮᠴᠢᠯᠡᠭᠡᠨ᠎ᠦ ᠪᠠᠲᠤᠯᠠᠭ᠎ᠠ᠎ᠶᠢᠨ ᠠᠵᠢᠯ᠎ᠤᠨ ᠳᠤᠮᠳᠠᠬᠢ ᠠᠷᠠᠳ ᠲᠦᠮᠡᠨᠴᠢ ᠴᠢᠨᠠᠷ᠂ ᠲᠤᠰᠭᠠᠢ ᠮᠡᠷᠭᠡᠵᠢᠯᠲᠦ ᠴᠢᠨᠠᠷ᠂ ᠱᠢᠨ᠎ᠡ᠎ᠶᠢ ᠡᠭᠦᠳᠬᠦ᠌ ᠴᠢᠨᠠᠷ᠎ᠢ ᠭᠦᠨᠵᠡᠭᠡᠢ ᠣᠢ᠌ᠯᠠᠭ᠋ᠠᠵᠤ᠂ ᠠᠷᠠᠳ ᠲᠦᠮᠡᠨ᠎ᠦ ᠲᠥᠯᠥᠭᠡ ᠵᠢᠳᠬᠦᠬᠦ᠌ ᠰᠡᠳᠭᠢᠯᠭᠡ᠎ᠪᠡᠨ ᠡᠭᠦᠷᠢᠳᠡ ᠬᠠᠳᠠᠭ᠋ᠠᠯᠠᠵᠤ᠂ ᠲᠤᠰᠭᠠᠢ ᠮᠡᠷᠭᠡᠵᠢᠯ᠎ᠦᠨ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠱᠢᠨ᠎ᠡ᠎ᠶᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ ᠵᠠᠯᠠᠭᠤ ᠺᠠᠳ᠋ᠷᠴᠤᠳ᠎ᠤᠨ ᠲᠥᠯᠥᠭᠡᠯᠡᠭ᠌ᠴᠢ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠲᠤᠰ ᠪᠡᠶ᠎ᠡ᠎ᠶᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠪᠣᠯᠭ᠋ᠠᠨ ᠬᠤᠪᠢᠷᠠᠭᠤᠯᠵᠤ᠂ ᠠᠵᠢᠯ᠎ᠤᠨ ᠬᠦᠴᠢᠷ ᠰᠡᠳᠦᠪ᠎ᠢ ᠵᠠᠳᠠᠯᠬᠤ ᠪᠣᠳᠠᠲᠤ ᠠᠷᠭ᠎ᠠ ᠪᠠᠷᠢᠯ ᠪᠣᠯᠭ᠋ᠠᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠠᠵᠢᠯ ᠦᠢ᠍ᠯᠡᠰ᠎ᠦᠨ ᠥᠭᠡᠷᠡᠴᠢᠯᠡᠯᠲᠡ ᠬᠥᠭ᠌ᠵᠢᠯᠲᠡ᠎ᠳᠦ ᠵᠠᠯᠠᠭᠤ ᠨᠠᠰᠤᠨ᠎ᠤ ᠬᠦᠴᠦᠨ ᠴᠢᠳᠠᠪᠤᠷᠢ᠎ᠪᠠᠨ ᠬᠠᠨᠳᠢᠪᠯᠠᠨ᠎ᠠ ᠭᠡᠵᠦ᠍ ᠢᠯᠡᠷᠬᠡᠢ᠌ᠯᠡᠪᠡ᠃

  ᠲᠣᠪᠴᠢᠶ᠎ᠠ᠎ᠶᠢᠨ ᠳᠣᠲᠤᠭ᠋ᠠᠳᠤ᠎ᠶᠢᠨ ᠡᠯ᠎ᠡ ᠨᠢᠭᠡᠴᠢ᠎ᠶᠢᠨ ᠵᠠᠯᠠᠭᠤ ᠺᠠᠳ᠋ᠷᠴᠤᠳ᠎ᠤᠨ ᠲᠥᠯᠥᠭᠡᠯᠡᠭ᠌ᠴᠢ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            