ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠳᠠᠷᠤᠭ᠎ᠠ ᠴᠠᠩ ᠴᠢᠩ ᠤᠷᠢᠯᠭ᠎ᠠ᠎ᠪᠠᠷ ᠪᠤᠭᠤᠲᠤ ᠬᠤᠲᠠ᠎ᠳᠤ ᠬᠦᠷᠴᠦ᠍ ᠲᠤᠰᠭᠠᠶ ᠰᠡᠳᠦᠪᠲᠦ ᠬᠠᠪᠰᠤᠷᠤᠨ ᠵᠢᠯᠣᠭᠣᠳᠴᠤ ᠬᠢᠴᠢᠶᠡᠯ ᠣᠷᠣᠪᠠ
ᠨᠡᠶ᠋ᠢᠲᠡᠯᠡᠭᠰᠡᠨ ᠴᠠᠭ᠄ 2025-11-28

  11 ᠳ᠋ᠤᠭᠡᠷ ᠰᠠᠷ᠎ᠠ᠎ᠶ᠋ᠢᠨ 27 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠤᠷᠢᠯᠭ᠎ᠠ᠎ᠪᠠᠷ ᠪᠤᠭᠤᠲᠤ ᠬᠤᠲᠠ᠎ᠳᠤ ᠬᠦᠷᠴᠦ᠍᠂ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠲᠤᠰᠭᠠᠶ ᠰᠡᠳᠦᠪᠲᠦ ᠬᠠᠪᠰᠤᠷᠤᠨ ᠵᠢᠯᠣᠭᠣᠳᠴᠤ ᠬᠢᠴᠢᠶᠡᠯ ᠣᠷᠣᠪᠠ᠃ ᠪᠤᠭᠤᠲᠤ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠂ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠂ ᠬᠤᠲᠠ ᠱᠢᠶᠠᠨ ᠬᠤᠶᠠᠷ ᠱᠠᠲᠤᠨ᠎ᠤ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠮ ᠡᠮᠨᠡᠯᠭᠡ᠎ᠶ᠋ᠢᠨ ᠠᠵᠢᠯ ᠲᠥᠷᠥᠯ᠎ᠤᠨ ᠲᠥᠯᠥᠭᠡᠯᠡᠭ᠌ᠴᠢ ᠬᠤᠷᠠᠯ᠎ᠳᠤ ᠣᠷᠣᠯᠴᠠᠪᠠ᠃

  ᠲᠣᠪᠴᠢᠶ᠎ᠠ᠎ᠶ᠋ᠢᠨ ᠳᠠᠷᠤᠭ᠎ᠠ ᠴᠠᠩ ᠴᠢᠩ 《 ᠪᠦᠬᠦ᠌ ᠣᠷᠣᠨ᠎ᠤ ᠡᠮᠴᠢᠯᠡᠭᠡᠨ᠎ᠤ ᠳᠠᠭᠠᠳᠭᠠᠯ᠎ᠤᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠤᠯᠠᠨ ᠲᠦᠮᠡᠨ᠎ᠤ ᠡᠪᠡᠳᠴᠢᠨ ᠡᠮᠭᠡᠭ᠎ᠤᠨ ᠡᠮᠴᠢᠯᠡᠭᠡᠨ᠎ᠤ ᠬᠤᠢᠱᠢᠳᠠ᠎ᠶ᠋ᠢᠨ ᠵᠣᠪᠠᠨᠢᠯ᠎ᠢ ᠴᠢᠷᠮᠠᠢᠨ ᠠᠷᠢᠯᠭᠠᠶ᠎ᠠ 》 ᠭᠡᠬᠦ᠌ ᠰᠡᠳᠦᠪ᠎ᠢᠶᠠᠷ ᠡᠮᠴᠢᠯᠡᠭᠡᠨ᠎ᠤ ᠳᠠᠭᠠᠳᠭᠠᠯ᠎ᠤᠨ ᠲᠦᠷᠢᠮ᠎ᠤᠨ ᠬᠥᠭ᠌ᠵᠢᠯᠲᠡ᠎ᠶ᠋ᠢᠨ ᠰᠤᠳᠠᠰᠤ᠂ ᠱᠢᠨ᠎ᠡ ᠴᠠᠭ ᠦᠶ᠎ᠡ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠲᠤᠯᠭ᠋ᠠᠷᠠᠵᠤ ᠪᠠᠢ᠌ᠭ᠎ᠠ ᠥᠷᠢᠰᠥᠯᠳᠦᠭᠡᠨ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠪᠠᠢᠳᠠᠯ ᠪᠣᠯᠤᠨ ᠡᠭᠦᠷᠭᠡ᠂ ᠡᠮᠴᠢᠯᠡᠭᠡᠨ᠎ᠤ ᠳᠠᠭᠠᠳᠭᠠᠯ᠎ᠤᠨ ᠡᠮᠴᠢᠯᠡᠭᠡᠨ᠎ᠤ ᠪᠠᠢᠭᠤᠯᠤᠮᠵᠢ᠎ᠶ᠋ᠢᠨ ᠬᠥᠭ᠌ᠵᠢᠯᠲᠡ᠎ᠶ᠋ᠢ ᠳᠡᠮᠵᠢᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠪᠣᠳᠣᠯᠬᠢᠯᠠᠯ ᠪᠣᠯᠤᠨ ᠬᠡᠷᠡᠭ᠌ᠵᠢᠭᠦᠯᠬᠦ᠌ ᠠᠷᠭ᠎ᠠ ᠵᠠᠮ ᠵᠡᠷᠭᠡ ᠠᠭᠤᠯᠭ᠎ᠠ᠎ᠶ᠋ᠢᠨ ᠲᠣᠭᠤᠷᠢᠨ᠎ᠳᠤ ᠰᠢᠰᠲᠸᠮ ᠎ᠲᠠᠢ ᠠᠮᠢᠳᠤᠯᠢᠭ ᠲᠠᠢᠯᠤᠮᠵᠢ ᠬᠢᠪᠡ᠃

  ᠲᠠᠷᠠᠭᠠᠴᠢ᠎ᠶ᠋ᠢᠨ ᠠᠯᠬᠤᠮ᠎ᠳᠤ᠂ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠤᠳ 《 ᠡᠮᠴᠢᠯᠡᠭᠡ᠎ᠠᠴᠠ ᠢᠷᠡᠬᠦ᠂ ᠡᠮᠴᠢᠯᠡᠭᠡ᠎ᠶ᠋ᠢ ᠬᠦᠨᠳᠦᠳᠭᠡᠬᠦ᠂ ᠡᠮᠴᠢᠯᠡᠭᠡᠨ᠎ᠳᠤ ᠦᠢᠯᠡᠴᠢᠯᠡᠬᠦ᠂ ᠡᠮᠴᠢᠯᠡᠭᠡ᠎ᠶ᠋ᠢ ᠬᠥᠲᠥᠯᠦᠨ ᠵᠢᠯᠣᠭᠤᠳᠭᠤ 》 ᠣᠨᠣᠯᠵᠢᠬᠤᠨ᠎ᠢ ᠪᠠᠷᠢᠮᠲᠠᠯᠠᠨ᠂ ᠵᠠᠷᠤᠴᠠᠭᠤᠯᠬᠤ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠂ ᠰᠠᠭᠤᠷᠢ ᠮᠥᠩᠭᠦ᠎ᠶ᠋ᠢᠨ ᠳ᠋ᠦᠩᠨᠡᠨ ᠪᠤᠳᠤᠵᠤ ᠰᠠᠯᠭᠠᠨ ᠥᠭ᠌ᠬᠦ᠎ᠶ᠋ᠢ ᠱᠢᠯᠢᠳᠡᠭ᠌ᠵᠢᠭᠦᠯᠬᠦ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ ᠪᠠᠢᠴᠠᠭᠠᠯᠲᠠ᠎ᠶ᠋ᠢ ᠵᠢᠷᠤᠮᠵᠢᠭᠤᠯᠬᠤ᠂ ᠪᠠᠢᠩᠭᠤ᠎ᠶ᠋ᠢᠨ ᠳ᠋ᠠᠢ᠌ᠲ᠋ᠠ᠎ᠶ᠋ᠢ ᠬᠠᠮᠲᠤ᠎ᠪᠠᠷ ᠭᠥᠷᠳᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠦᠢᠯᠡᠴᠢᠯᠡᠭᠡᠨ᠎ᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠳᠡᠮᠵᠢᠨ᠎ᠡ᠃ ᠡᠭᠦᠨ᠎ᠤ ᠬᠠᠮᠲᠤ᠌᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠲᠣᠪᠤᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠡᠮᠴᠢᠯᠡᠭᠡᠨ᠎ᠤ ᠳᠠᠭᠠᠳᠭᠠᠯ᠎ᠤᠨ ᠮᠡᠳᠡᠭᠡ ᠵᠠᠩᠭᠢᠵᠢᠯᠲᠠ ᠪᠠ ᠳ᠋ᠠᠢ᠌ᠲ᠋ᠠ᠎ᠶ᠋ᠢᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠲᠣᠮᠣ ᠳ᠋ᠠᠢᠲ᠋ᠠ᠎ᠶ᠋ᠢᠨ ᠣᠶᠤᠨᠴᠢ ᠵᠠᠳᠠᠯᠤᠯᠲᠠ ᠬᠡᠷᠡᠭ᠌ᠯᠡᠯᠲᠡ᠎ᠶ᠋ᠢ ᠴᠢᠩᠭᠠᠳᠭᠠᠵᠤ᠂ ᠬᠢᠨᠠᠨ ᠬᠠᠮᠢᠶᠠᠷᠬᠤ ᠪᠣᠭᠤᠮᠲᠠ᠎ᠶ᠋ᠢ ᠤᠷᠤᠭ᠍ᠰᠢ ᠱᠢᠯᠵᠢᠭᠦᠯᠬᠦ᠌᠎ᠶ᠋ᠢ ᠠᠬᠢᠭᠤᠯᠤᠨ᠂ ᠠᠷᠠᠳ ᠣᠯᠠᠨ᠎ᠤ 《 ᠡᠪᠡᠳᠴᠢᠨ ᠦᠵᠡᠭᠦᠯᠬᠦ᠌ ᠵᠣᠭᠤᠰ 》᠂ 《ᠠᠮᠢ ᠠᠪᠤᠷᠠᠬᠤ ᠵᠣᠭᠤᠰ》᠎ᠢ ᠦᠨᠡᠨ ᠬᠦ᠌ ᠰᠠᠢᠲᠤᠷ ᠰᠠᠬᠢᠨ ᠬᠠᠮᠠᠭᠠᠯᠠᠨ᠎ᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            