ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ᠎ᠶᠢᠨ ᠬᠤᠷᠠᠯ᠄ ᠦᠨᠳᠦᠰᠦᠨ ᠡᠮᠴᠢᠯᠡᠭᠡᠨ᠎ᠦ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠠᠬᠢᠭᠤᠯᠵᠤ᠂ ᠡᠮᠴᠢᠯᠡᠭᠡᠨ᠎ᠦ ᠳᠠᠭᠠᠳᠭᠠᠯ᠎ᠤᠨ ᠳᠦᠷᠢᠮ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠨᠡᠮᠡᠭᠳᠡᠭᠦᠯᠪᠡ
ᠨᠡᠶ᠋ᠢᠲᠡᠯᠡᠭᠰᠡᠨ ᠴᠠᠭ᠄ 2025-11-28

ᠯᠢ ᠴᠢᠶᠠᠩ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠡᠷᠦᠩᠬᠡᠢᠯᠡᠭ᠌ᠰᠡᠨ ᠰᠢᠪᠡᠳᠡᠨ ᠪᠠᠢᠴᠠᠭᠠᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌ ᠦᠨᠳᠦᠰᠦᠨ ᠡᠮᠴᠢᠯᠡᠭᠡᠨ᠎ᠦ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠢ ᠲᠥᠯᠥᠪᠵᠢᠭᠦᠯᠬᠦ᠌ ᠠᠵᠢᠯ᠎ᠢ ᠪᠠᠢᠷᠢᠯᠠᠭᠤᠯᠤᠨ ᠠᠬᠢᠭᠤᠯᠵᠤ 《 ᠪᠦᠬᠦ᠌ ᠠᠷᠠᠳ᠎ᠤᠨ ᠤᠩᠱᠢᠯᠭ᠎ᠠ᠎ᠶ᠋ᠢ ᠠᠬᠢᠭᠤᠯᠬᠤ ᠲᠦᠷᠢᠮ  ( ᠲᠥᠰᠦᠯ )》 ᠎ᠢ ᠬᠢᠨᠠᠨ ᠵᠥᠪᠯᠡᠵᠦ᠍ ᠪᠠᠲᠤᠯᠠᠨ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠩᠰᠠᠯᠠᠭᠤᠯᠤᠭ᠍ᠰᠠᠨ ᠨᠢᠭ᠍ᠲᠠᠯᠠᠨ ᠪᠤᠳᠤᠭ᠍ᠴᠢ᠎ᠶ᠋ᠢᠨ ᠬᠠᠤᠯᠢ ( ᠵᠠᠰᠠᠪᠤᠷᠢ ᠣᠷᠣᠭᠤᠯᠤᠭ᠍ᠰᠠᠨ ᠲᠥᠰᠦᠯ )》᠎ᠶ᠋ᠢ ᠶᠠᠷᠢᠯᠴᠠᠪᠠ

  ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠢᠳ ᠯᠢ ᠴᠢᠶᠠᠩ 11 ᠳ᠋ᠦ᠍ᠭᠡᠷ ᠰᠠᠷ᠎ᠠ᠎ᠶ᠋ᠢᠨ 27 ᠎ᠤ ᠡᠳᠦᠷ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠶᠡᠷᠦᠩᠬᠡᠢᠯᠡᠭ᠌ᠰᠡᠨ ᠰᠢᠪᠡᠳᠡᠨ ᠪᠠᠢᠴᠠᠭᠠᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠦᠨᠳᠦᠰᠦᠨ ᠡᠮᠴᠢᠯᠡᠭᠡᠨ᠎ᠤ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠵᠢᠭᠦᠯᠬᠦ ᠠᠵᠢᠯ᠎ᠢ ᠪᠠᠢᠷᠢᠯᠠᠭᠤᠯᠤᠨ ᠠᠬᠢᠭᠤᠯᠵᠤ᠂ 《 ᠪᠦᠬᠦ᠌ ᠠᠷᠠᠳ᠎ᠤᠨ ᠤᠩᠱᠢᠯᠭ᠎ᠠ᠎ᠶ᠋ᠢ ᠠᠬᠢᠭᠤᠯᠬᠤ ᠲᠦᠷᠢᠮ ( ᠲᠥᠰᠦᠯ )》 ᠎ᠢ ᠬᠢᠨᠠᠨ ᠵᠥᠪᠯᠡᠵᠦ᠍ ᠪᠠᠲᠤᠯᠠᠨ᠂ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠩᠰᠠᠯᠠᠭᠤᠯᠤᠭ᠍ᠰᠠᠨ ᠨᠢᠭ᠍ᠲᠠᠯᠠᠨ ᠪᠤᠳᠤᠭ᠍ᠴᠢ᠎ᠶ᠋ᠢᠨ ᠬᠠᠤᠯᠢ  ( ᠵᠠᠰᠠᠪᠤᠷᠢ ᠣᠷᠣᠭᠤᠯᠤᠭ᠍ᠰᠠᠨ ᠲᠥᠰᠦᠯ )》 ᠎ᠶ᠋ᠢ ᠶᠠᠷᠢᠯᠴᠠᠪᠠ᠃

  ᠬᠤᠷᠠᠯ᠎ᠠᠴᠠ᠂ ᠡᠨᠡ ᠤᠳᠠᠭ᠎ᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠡᠷᠦᠩᠬᠡᠢᠯᠡᠭ᠌ᠰᠡᠨ ᠰᠢᠪᠡᠳᠡᠨ ᠪᠠᠢᠴᠠᠭᠠᠯᠲᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠣᠭᠤᠷᠢᠨ᠎ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠠᠵᠢᠯ᠎ᠢ ᠨᠡᠩ ᠯᠠᠪᠳᠠᠭᠤᠨ ᠪᠠᠲᠤᠲᠠᠢ ᠰᠠᠢᠲᠤᠷ ᠬᠢᠬᠦ᠌᠎ᠶ᠋ᠢ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠤᠯᠪᠠ᠃ ᠶᠡᠷᠦᠩᠬᠡᠢᠯᠡᠭ᠌ᠰᠡᠨ ᠰᠢᠪᠡᠳᠡᠨ ᠪᠠᠢᠴᠠᠭᠠᠭ᠍ᠰᠠᠨ ᠦᠷ᠎ᠡ ᠪᠦᠲᠦᠭᠡᠯ᠎ᠢ ᠦᠨᠡᠨ ᠬᠦ᠌ ᠰᠠᠢᠲᠤᠷ ᠬᠡᠷᠡᠭ᠌ᠯᠡᠵᠦ᠍᠂ ᠰᠢᠪᠡᠳᠡᠨ ᠪᠠᠢᠴᠠᠭᠠᠵᠤ ᠢᠯᠡᠷᠡᠭᠦᠯᠦᠭ᠌ᠰᠡᠨ ᠭᠤᠣᠯ ᠠᠰᠠᠭᠤᠳᠠᠯ᠎ᠳᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ ᠪᠣᠯᠣᠨ ᠣᠷᠣᠨ ᠨᠤᠲᠤᠭ᠎ᠢ ᠰᠢᠪᠡᠳᠡᠨ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠵᠦᠢᠯ ᠳᠠᠷᠠᠭᠠᠯᠠᠨ ᠰᠠᠢᠲᠤᠷ ᠠᠳᠭᠤᠬᠤ ᠬᠡᠷᠡᠭ᠌ᠲᠡᠢ᠃ ᠳᠤᠷᠠᠳᠤᠭ᠍ᠰᠠᠨ ᠰᠢᠪᠡᠳᠡᠨ ᠭᠦᠢᠴᠡᠳᠭᠡᠬᠦ᠌ ᠰᠠᠨᠠᠯ ᠪᠣᠯᠤᠨ ᠲᠥᠷᠥ᠎ᠶ᠋ᠢᠨ ᠪᠣᠳᠣᠯᠭ᠎ᠠ᠎ᠶ᠋ᠢᠨ ᠰᠠᠨᠠᠭᠤᠯᠭ᠎ᠠ᠎ᠶ᠋ᠢ ᠭᠦᠨᠵᠡᠭᠡᠶ ᠬᠠᠷᠢᠴᠠᠭᠤᠯᠤᠨ ᠵᠠᠳᠠᠯᠵᠤ᠂ ᠲᠥᠷᠥ᠎ᠶ᠋ᠢᠨ ᠪᠣᠳᠣᠯᠭ᠎ᠠ᠎ᠶ᠋ᠢ ᠴᠠᠭ ᠲᠤᠬᠠᠶ᠎ᠳᠤ ᠨᠢ ᠲᠡᠭᠦᠯᠳᠡᠷᠵᠢᠭᠦᠯᠦᠨ᠂ ᠠᠵᠢᠯ᠎ᠢᠶᠠᠨ ᠰᠠᠢᠵᠢᠷᠠᠭᠤᠯᠬᠤ ᠬᠡᠷᠡᠭ᠌ᠲᠡᠶ᠃ ᠭᠤᠣᠯᠳᠠᠯᠭ᠎ᠠ᠎ᠲᠠᠢ ᠬᠦᠷᠢᠶᠡᠨ᠎ᠤ ᠪᠠᠭᠤᠷᠠᠢ ᠭᠤᠭ᠍ᠴᠤᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ᠎ᠠᠴᠠ ᠵᠦᠢᠴᠢᠯᠡᠵᠦ᠍ ᠨᠦᠬᠦᠭᠡ᠎ᠶ᠋ᠢ ᠮᠡᠳᠡᠬᠦ ᠥᠪᠡᠷ᠎ᠢ᠎ᠪᠠᠨ ᠪᠠᠢᠴᠠᠭᠠᠵᠤ ᠥᠪᠡᠷ᠎ᠢ᠎ᠪᠠᠨ ᠵᠠᠯᠠᠷᠠᠭᠤᠯᠬᠤ᠎ᠶ᠋ᠢ ᠥᠷᠨᠢᠭᠦᠯᠵᠦ᠍᠂ ᠨᠢᠭᠡ ᠠᠰᠠᠭᠤᠳᠠᠯ᠎ᠢ ᠱᠢᠢᠳᠪᠦᠷᠢᠯᠡᠵᠦ᠍ ᠪᠠᠢᠭ᠍ᠰᠠᠨ᠎ᠠᠴᠠ ᠨᠢᠭᠡ ᠲᠦᠷᠦᠯ᠎ᠤᠨ ᠠᠰᠠᠭᠤᠳᠠᠯ᠎ᠢ ᠱᠢᠢᠳᠪᠦᠷᠢᠯᠡᠬᠦ᠌ ᠲᠡᠢ᠌ᠰᠢ ᠤᠷᠲᠤᠳᠭᠠᠵᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠠᠳᠭᠤᠵᠤ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠬᠢᠵᠢᠭᠦᠯᠦᠨ ᠲᠡᠭᠦᠯᠳᠡᠷᠵᠢᠭᠦᠯᠬᠦ᠌ ᠬᠡᠷᠡᠭ᠌ᠲᠡᠢ ᠭᠡᠵᠦ ᠵᠢᠭ᠋ᠠᠵᠤ ᠭᠠᠷᠭ᠋ᠠᠪᠠ᠃

  ᠬᠤᠷᠠᠯ᠎ᠠᠴᠠ᠂ ᠦᠨᠳᠦᠰᠦᠨ ᠡᠮᠴᠢᠯᠡᠭᠡᠨ᠎ᠦ ᠳᠠᠭᠠᠳᠭᠠᠯ᠎ᠢ ᠮᠤᠵᠢ᠎ᠶ᠋ᠢᠨ ᠱᠠᠲᠤᠨ᠎ᠠᠴᠠ ᠨᠢᠭᠡᠳᠦᠯᠲᠡᠢ ᠲᠥᠯᠥᠪᠵᠢᠭᠦᠯᠬᠦ᠌᠎ᠶ᠋ᠢ ᠠᠬᠢᠭᠤᠯᠬᠤ ᠪᠣᠯ ᠪᠦᠬᠦ᠌ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠲᠦᠷᠢᠮ᠎ᠢ ᠪᠦᠷᠢᠨᠱᠢᠬᠦᠯᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠳᠠᠭᠠᠳᠭᠠᠯ᠎ᠤᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠷᠠᠭᠠᠯᠵᠠᠬᠤ ᠳᠠᠪᠠᠭᠤᠯᠢᠭ᠎ᠢ ᠨᠡᠩ ᠰᠠᠢᠲᠤᠷ ᠪᠠᠳᠠᠷᠠᠭᠤᠯᠵᠤ᠂ ᠡᠮᠴᠢᠯᠡᠭᠡᠨ᠎ᠦ ᠳᠠᠭᠠᠳᠭᠠᠯ᠎ᠤᠨ ᠲᠦᠷᠢᠮ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠬᠤ᠎ᠳᠤ ᠠᠱᠢᠭ᠍ᠲᠠᠢ ᠶᠤᠮ᠃ ᠡᠯ᠎ᠡ ᠭᠠᠵᠠᠷ᠎ᠤᠨ ᠭᠠᠵᠠᠷ ᠣᠷᠣᠨ᠎ᠤ ᠪᠠᠢᠳᠠᠯ᠎ᠳᠦ᠎ᠪᠡᠨ ᠲᠣᠬᠢᠷᠠᠭᠤᠯᠤᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠵᠢᠯᠣᠭᠤᠳᠴᠤ᠌᠂ ᠮᠤᠵᠢ᠎ᠶ᠋ᠢᠨ ᠱᠠᠲᠤᠨ᠎ᠤ ᠨᠢᠭᠡᠳᠦᠯᠲᠡᠶ ᠲᠥᠯᠥᠪᠯᠡᠬᠦ᠌ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠢ ᠵᠦᠶ ᠵᠣᠬᠢᠰᠲᠠᠶ ᠲᠣᠭ᠍ᠲᠠᠭᠠᠵᠤ᠂ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠮᠤᠵᠢ᠎ᠶ᠋ᠢᠨ ᠱᠠᠲᠤᠨ᠎ᠤ ᠨᠢᠭᠡᠳᠦᠯᠲᠡᠶ ᠲᠥᠯᠥᠪᠯᠡᠬᠦ᠌ ᠪᠠ ᠱᠠᠲᠤ ᠬᠤᠪᠢᠶᠠᠨ ᠣᠨᠣᠱᠢᠯᠠᠨ ᠡᠮᠨᠡᠬᠦ᠌ ᠲᠦᠷᠢᠮ᠎ᠤᠨ ᠪᠠᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠤ᠂ ᠴᠢᠨᠠᠷ ᠰᠠᠢᠲᠠᠶ ᠡᠮᠴᠢᠯᠡᠭᠡᠨ᠎ᠤ ᠡᠬᠢ ᠪᠠᠶᠠᠯᠢᠭ᠎ᠤᠨ ᠲᠡᠩᠴᠡᠭᠦᠷᠢᠲᠡᠶ ᠪᠠᠢᠷᠢᠱᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠦᠨᠳᠦᠰᠦᠨ ᠱᠠᠲᠤᠨ᠎ᠤ ᠡᠮᠴᠢᠯᠡᠭᠡᠨ᠎ᠤ ᠦᠶ᠋ᠯᠡᠴᠢᠯᠡᠭᠡᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠡᠮᠴᠢᠯᠡᠭᠡᠨ᠎ᠤ ᠳᠠᠭᠠᠳᠭᠠᠯ᠎ᠤᠨ ᠵᠠᠷᠤᠴᠠᠭᠤᠯᠬᠤ ᠪᠠ ᠦᠶ᠋ᠯᠡᠴᠢᠯᠡᠭᠡᠨ᠎ᠤ ᠦᠨ᠎ᠡ ᠬᠠᠩᠰᠢ᠎ᠶ᠋ᠢ ᠲᠣᠬᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠣᠯᠠᠨ ᠲᠦᠮᠡᠨ᠎ᠤ ᠡᠪᠡᠳᠴᠢᠨ ᠦᠵᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠲᠤᠷ ᠬᠠᠩᠭᠠᠬᠤ ᠬᠡᠷᠡᠭ᠌ᠲᠡᠶ ᠭᠡᠵᠦ ᠵᠢᠭ᠋ᠠᠵᠤ ᠭᠠᠷᠭ᠋ᠠᠪᠠ᠃

  ᠬᠤᠷᠠᠯ᠎ᠠᠴᠠ᠂ ᠬᠠᠤᠯᠢ ᠴᠠᠭᠠᠵᠠ᠎ᠶ᠋ᠢᠨ ᠲᠠᠯ᠎ᠠ᠎ᠠᠴᠠ ᠪᠦᠬᠦ᠌ ᠠᠷᠠᠳ᠎ᠤᠨ ᠤᠩᠱᠢᠯᠭ᠎ᠠ᠎ᠳᠤ ᠪᠠᠲᠤᠯᠠᠭ᠎ᠠ ᠬᠠᠩᠭᠠᠵᠤ᠂ ᠠᠷᠠᠳ ᠤᠯᠠᠨ᠎ᠤ ᠤᠩᠱᠢᠯᠭ᠎ᠠ᠎ᠪᠠᠷ ᠳᠠᠮᠵᠢᠨ ᠮᠡᠳᠡᠯᠭᠡ᠎ᠶ᠋ᠢ ᠲᠠᠰᠤᠷᠠᠯᠳᠠ ᠦᠭᠡᠢ ᠣᠯᠵᠤ᠂ ᠤᠶᠤᠨ ᠤᠬᠠᠭᠠᠨ᠎ᠢ ᠨᠡᠮᠡᠭ᠌ᠳᠡᠭᠦᠯᠬᠦ᠌ ᠬᠡᠷᠡᠭ᠌ᠲᠡᠢ᠃ ᠴᠢᠨᠠᠷ ᠰᠠᠢᠲᠠᠶ ᠠᠭᠤᠯᠭ᠎ᠠ᠎ᠶ᠋ᠢᠨ ᠬᠠᠩᠭᠠᠯᠭ᠎ᠠ᠎ᠶ᠋ᠢ ᠴᠢᠩᠭᠠᠳᠭᠠᠵᠤ᠂ ᠪᠥᠬᠦ᠌ ᠠᠷᠠᠳ᠎ᠤᠨ ᠤᠩᠱᠢᠯᠭ᠎ᠠ᠎ᠶ᠋ᠢᠨ ᠲᠥᠬᠦᠭᠡᠷᠦᠮᠵᠢ᠎ᠶ᠋ᠢ ᠰᠠᠢᠲᠤᠷ ᠪᠥᠲᠥᠭᠡᠨ ᠪᠠᠢᠭᠤᠯᠵᠤ᠂ ᠵᠠᠯᠠᠭᠤᠴᠤᠳ ᠪᠠᠭᠠᠴᠤᠳ᠂ ᠨᠠᠰᠤᠲᠠᠢᠴᠤᠳ ᠵᠡᠷᠭᠡ ᠠᠳᠠᠯᠢ ᠪᠤᠰᠤ ᠬᠥᠮᠦᠰ᠎ᠤᠨ ᠤᠩᠱᠢᠯᠭ᠎ᠠ᠎ᠶ᠋ᠢᠨ ᠦᠢᠯᠡᠴᠢᠯᠡᠭᠡ᠎ᠶ᠋ᠢ ᠲᠡᠭᠦᠯᠳᠡᠷᠵᠢᠭᠦᠯᠵᠦ᠍᠂ ᠪᠥᠬᠦ᠌ ᠠᠷᠠᠳ᠎ᠤᠨ ᠤᠩᠱᠢᠯᠭ᠎ᠠ᠎ᠶ᠋ᠢ ᠠᠬᠢᠭᠤᠯᠬᠤ ᠱᠢᠨ᠎ᠡ ᠮᠡᠷᠭᠡᠵᠢᠯ᠂ ᠱᠢᠨ᠎ᠡ ᠠᠴᠢᠶᠠᠯᠠᠪᠤᠷᠢ᠂ ᠱᠢᠨ᠎ᠡ ᠲᠥᠬᠦᠭᠡᠷᠦᠮᠵᠢ ᠵᠡᠷᠭᠡ᠎ᠶ᠋ᠢ ᠨᠡᠭᠡᠭᠡᠨ ᠬᠥᠭ᠌ᠵᠢᠭᠦᠯᠵᠦ᠍ ᠬᠡᠷᠡᠭ᠌ᠯᠡᠬᠦ᠌᠎ᠶ᠋ᠢ ᠵᠣᠷᠢᠭ᠍ᠵᠢᠭᠤᠯᠤᠨ ᠠᠬᠢᠭᠤᠯᠵᠤ᠂ ᠪᠠᠶᠠᠯᠢᠭ ᠣᠯᠠᠨ ᠶᠠᠩᠵᠤ᠎ᠶ᠋ᠢᠨ ᠤᠩᠱᠢᠯᠭ᠎ᠠ᠎ᠶ᠋ᠢ ᠳᠡᠯᠭᠡᠷᠡᠭᠦᠯᠬᠦ᠌ ᠠᠵᠢᠯᠯᠠᠭ᠎ᠠ᠎ᠶ᠋ᠢ ᠱᠢᠨ᠎ᠡ᠎ᠶ᠋ᠢ ᠡᠭᠦᠳᠦᠨ ᠥᠷᠨᠢᠭᠦᠯᠵᠦ᠍᠂ ᠪᠥᠬᠦ᠌ ᠦᠨᠳᠦᠰᠦᠲᠡᠨ᠎ᠤ ᠦᠵᠡᠯ ᠰᠠᠨᠠᠭ᠎ᠠ ᠶᠣᠰᠣ ᠮᠣᠷᠠᠯ᠎ᠤᠨ ᠬᠡᠪ ᠴᠢᠨᠠᠷ ᠪᠠ ᠱᠢᠨᠵᠢᠯᠡᠬᠦ᠌ ᠤᠬᠠᠭᠠᠨ ᠰᠣᠶᠣᠯ᠎ᠤᠨ ᠬᠡᠪ ᠪᠣᠯᠪᠠᠰᠤᠷᠠᠯ᠎ᠢ ᠴᠢᠩᠭᠠᠳᠭᠠᠵᠤ᠂ ᠪᠥᠬᠦ᠌ ᠨᠡᠢᠭᠡᠮ᠎ᠤᠨ ᠪᠣᠯᠪᠠᠰᠤᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠦᠴᠦᠷᠬᠡᠭ ᠶᠡᠭᠡ ᠣᠶᠤᠨ ᠰᠠᠨᠠᠭᠠᠨ᠎ᠤ ᠬᠦᠴᠦᠨ᠎ᠢ ᠨᠡᠮᠡᠷᠢᠯᠡᠬᠦ᠌ ᠬᠡᠷᠡᠭ᠌ᠲᠡᠶ ᠭᠡᠵᠦ ᠵᠢᠭ᠋ᠠᠵᠤ ᠭᠠᠷᠭ᠋ᠠᠪᠠ᠃

  ᠬᠣᠷᠠᠯ ᠡᠴᠠ 《 ᠪᠦᠭᠦᠳᠡ ᠨᠠᠢ᠌ᠷᠠᠮᠲᠠᠬᠤ ᠳᠣᠮᠲᠠᠲᠤ ᠠᠷᠠᠣᠠ ᠤᠯᠤᠰ᠎ᠤᠨ ᠳᠠᠩᠰᠠᠯᠠᠭᠤᠯᠤᠭ᠍ᠰᠠᠨ ᠨᠢᠬ᠍ᠲᠠᠯᠠᠨ ᠪᠤᠲᠣᠬ᠍ᠴᠢ᠎ᠶ᠋ᠢᠨ ᠬᠠᠣᠯᠢ  ( ᠵᠠᠰᠠᠪᠤᠷᠢ ᠣᠷᠣᠭᠣᠯᠣᠬ᠍ᠰᠠᠨ ᠲᠥᠰᠥᠯ )》᠎ᠶᠢ ᠶᠠᠷᠢᠯᠴᠠᠬ᠍ᠰᠠᠨ ᠪᠥᠭᠡᠳ ᠵᠠᠷᠴᠢᠮ᠎ᠤᠨ ᠲᠠᠯ᠎ᠠ ᠪᠡᠷ ᠪᠠᠲᠣᠯᠠᠵᠤ᠂ ᠲᠥᠰᠥᠯ᠎ᠢ ᠪᠦᠬᠦ ᠤᠯᠤᠰ᠎ᠤᠨ ᠠᠷᠠᠣᠠ᠎ᠤᠨ ᠲᠥᠯᠥᠭᠡᠯᠡᠭᠴᠢᠳ᠎ᠤᠨ ᠶᠠᠭᠡ ᠬᠣᠷᠠᠯ᠎ᠤᠨ ᠪᠠᠢ᠌ᠩᠭᠤ᠎ᠶ᠋ᠢᠨ ᠬᠣᠷᠢᠶᠠᠨ᠎ᠳᠤ ᠲᠠᠪᠱᠢᠭᠦᠯᠵᠤ ᠬᠢᠨᠠᠨ ᠶᠠᠷᠢᠯᠴᠠᠭᠣᠯᠬᠤ ᠪᠡᠷ ᠲᠣᠭᠲᠠᠪᠠ᠃ ᠬᠤᠷᠠᠯ᠎ᠠᠴᠠ᠂ ᠬᠠᠤᠯᠢ ᠴᠠᠭᠠᠵᠠ᠎ᠶ᠋ᠢᠨ ᠬᠢᠵᠠᠭᠠᠷᠯᠠᠯ᠎ᠢ ᠴᠢᠩᠭᠠᠳᠭᠠᠵᠤ᠂ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠪᠣᠯᠤᠨ ᠡᠳ᠋᠎ᠤᠨ ᠶᠠᠪᠤᠳᠠᠯ᠎ᠤᠨ ᠬᠢᠨᠠᠯᠲᠠ᠎ᠶ᠋ᠢ ᠴᠢᠨᠠᠭ᠍ᠰᠢᠳᠠ ᠴᠢᠩᠭᠠᠳᠭᠠᠵᠤ᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠳᠠᠩᠰᠠᠯᠠᠭᠤᠯᠤᠭ᠍ᠰᠠᠨ ᠨᠢᠭ᠍ᠲᠠᠯᠠᠨ ᠪᠤᠳᠤᠭ᠍ᠴᠢ᠎ᠶ᠋ᠢᠨ ᠦᠨᠡᠨᠴᠢ ᠢᠲᠡᠭᠡᠮᠵᠢᠲᠡᠢ᠂ ᠬᠠᠤᠯᠢ ᠶᠣᠰᠣᠭᠠᠷ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠠᠬᠢᠭᠤᠯᠵᠤ᠂ ᠳᠠᠩᠰᠠᠯᠠᠭᠤᠯᠤᠭ᠍ᠰᠠᠨ ᠨᠢᠭ᠍ᠲᠠᠯᠠᠨ ᠪᠤᠳᠤᠭ᠍ᠴᠢ᠎ᠶ᠋ᠢᠨ ᠠᠵᠢᠯ ᠲᠦᠷᠦᠯ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠡᠮᠬᠢ ᠳᠢᠭ᠌ᠯᠢᠮ᠎ᠢ ᠬᠠᠮᠠᠭᠠᠯᠠᠬᠤ᠂ ᠪᠡᠯᠡ ᠣᠷᠣᠭᠤᠯᠤᠭ᠍ᠴᠢ᠎ᠶ᠋ᠢᠨ ᠡᠷᠬᠡ ᠠᠱᠢᠭ᠎ᠢ ᠬᠠᠮᠠᠭᠠᠯᠠᠬᠤ᠂ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠦᠵᠡᠭᠦᠯᠪᠡᠰᠦ ᠵᠣᠬᠢᠬᠤ ᠦᠢᠯᠡᠳᠦᠯ᠎ᠢᠶᠠᠨ ᠪᠠᠳᠠᠷᠠᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

  ᠬᠤᠷᠠᠯ᠎ᠠᠴᠠ ᠪᠠᠰᠠ ᠪᠤᠰᠤᠳ ᠵᠦᠢᠯ᠎ᠢ ᠰᠣᠳᠣᠯᠪᠠ᠃

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
            