ᠳᠦᠷᠰᠦᠯᠡᠨ ᠪᠣᠳᠣᠵᠣ ᠦᠵᠡᠭᠡᠷᠡᠢ ᠶᠠᠭ ᠨᠠᠶᠠ ᠭᠠᠷᠤᠭ᠍ᠰᠠᠨ ᠨᠠᠰᠤᠲᠠᠨ ᠡᠪᠡᠳᠴᠢᠨ᠎ᠢᠶᠠᠷ ᠬᠡᠪᠲᠡᠷᠢ᠎ᠳᠦ ᠣᠷᠤᠵᠤ᠂ ᠬᠠᠵᠠᠭᠤ᠎ᠳᠤᠨᠢ ᠮᠥᠨ ᠯᠠ ᠠᠳᠠᠯᠢᠬᠠᠨ ᠴᠠᠭ᠋ᠠᠨ ᠪᠤᠭᠤᠷᠤᠯ ᠦᠰᠦ ᠲᠠᠢ ᠡᠪᠦᠭᠡᠨ ᠬᠦᠴᠢᠷᠳᠡᠯᠲᠡᠢ᠎ᠪᠠᠷ ᠬᠠᠷᠠᠭᠠᠯᠵᠠᠨ ᠠᠰᠠᠷᠠᠵᠤ ᠪᠠᠢ᠌ᠨ᠎ᠠ; ᠳᠤᠮᠳᠠ ᠨᠠᠰᠤᠨ᠎ᠤ ᠬᠥᠮᠥᠨ ᠭᠡᠨᠡᠳᠲᠡ᠎ᠪᠠᠷ ᠴᠢᠳᠠᠪᠤᠷᠢ᠎ᠪᠠᠨ ᠠᠯᠳᠠᠵᠤ᠂ ᠬᠠᠨᠢ ᠨᠥᠬᠦᠷ᠎ᠨᠢ ᠡᠮᠨᠡᠯᠭᠡ᠎ᠶ᠋ᠢᠨ ᠬᠤᠷᠢᠶ᠎ᠠ᠂ ᠭᠡᠷ ᠪᠦᠯᠢ ᠪᠣᠯᠤᠨ ᠠᠵᠢᠯ᠎ᠤᠨ ᠪᠠᠢ᠌ᠷᠢ᠎ᠶᠢᠨ ᠬᠤᠭᠤᠷᠣᠨᠳᠣ ᠭᠦᠶᠦᠨ ᠰᠡᠳᠭᠢᠯ ᠵᠢᠷᠦᠬᠡ᠎ᠪᠠᠨ ᠵᠦᠳᠡᠷᠡᠭᠡᠵᠦ ᠪᠠᠢᠨ᠎ᠠ; ᠶᠠᠭ ᠵᠠᠯᠠᠭᠤ ᠨᠠᠰᠤᠨ᠎ᠳᠤ᠎ᠪᠠᠨ ᠪᠠᠢ᠌ᠭ᠎ᠠ ᠵᠠᠯᠠᠭᠤ ᠬᠦᠮᠦᠰ ᠡᠪᠡᠳᠴᠢᠨ᠎ᠠᠴᠠ ᠪᠣᠯᠵᠤ ᠠᠮᠢᠳᠤᠷᠠᠯ᠎ᠢᠶᠠᠨ ᠠᠷᠭ᠋ᠠᠴᠠᠭ᠋ᠠᠵᠤ ᠳᠡᠢᠯᠬᠦ᠌ ᠦᠭᠡᠢ ᠪᠣᠯᠵᠤ᠂ ᠥᠲᠡᠯᠦᠭᠡ ᠨᠠᠰᠤ᠎ᠪᠠᠨ ᠲᠠᠢ᠌ᠪᠤᠩ ᠥᠩᠭᠡᠷᠡᠭᠦᠯᠬᠦ ᠪᠠᠢ᠌ᠭᠰᠠᠨ ᠡᠴᠢᠭᠡ ᠡᠬᠡ᠎ᠨᠢ ᠡᠳᠦᠷ ᠰᠥᠨᠢ ᠦᠭᠡᠢ ᠵᠢᠳᠬᠦᠨ ᠴᠢᠷᠮᠠᠢ᠌ᠵᠤ ᠁
ᠡᠳᠡᠭᠡᠷ ᠦᠨᠡᠨ ᠪᠣᠳᠠᠲᠠᠢ ᠪᠠᠢᠳᠠᠯ᠎ᠤ᠋ᠨ ᠠᠷᠤᠳ᠋ᠤ ᠂ ᠮᠠᠨ᠎ᠤ᠋ ᠤᠯᠤᠰ᠎ᠤ᠋ᠨ 4000 ᠲᠦᠮᠡᠨ ᠴᠢᠳᠠᠪᠤᠷᠢ᠎ᠪᠠᠨ ᠠᠯᠳᠠᠭ᠍ᠰᠠᠨ ᠨᠠᠰᠤᠲᠠᠨ᠎ᠢ᠋ ᠠᠰᠠᠷᠠᠬᠤ ᠬᠦᠴᠢᠷᠳᠡᠯ ᠮᠥᠨ᠃ 60 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠤᠨ ᠬᠥᠮᠦᠨ ᠠᠮᠠ 3.1 ᠳ᠋ᠦᠩᠱᠢᠭᠤᠷ᠎ᠢ ᠳᠠᠪᠠᠬᠤ ᠦᠶᠡᠰ᠂ ᠭᠡᠷ ᠪᠦᠯᠢ᠎ᠶ᠋ᠢᠨ 《 421》 ᠪᠦᠲᠦᠴᠡ ᠡᠩ᠎ᠤᠨ ᠪᠠᠢᠳᠠᠯ ᠲᠠᠢ ᠪᠣᠯᠵᠤ᠂ ᠤᠯᠠᠮᠵᠢᠯᠠᠯᠲᠤ 《 ᠬᠡᠤᠬᠡᠳ ᠬᠦᠮᠦᠵᠢᠭᠦᠯᠵᠦ ᠥᠲᠡᠯᠬᠦ᠎ᠶᠢ ᠰᠡᠷᠭᠡᠢᠯᠡᠬᠦ᠌ 》 ᠬᠠᠷᠠᠭᠠᠯᠵᠠᠨ ᠬᠠᠮᠠᠭᠠᠯᠠᠬᠤ ᠵᠠᠭ᠍ᠪᠤᠷ᠎ᠨᠢ ᠨᠢᠭᠡᠨᠲᠡ ᠪᠣᠳᠠᠲᠤ ᠳᠠᠷᠤᠯᠲᠠ᠎ᠶ᠋ᠢ ᠳᠠᠭᠠᠭᠠᠬᠤ᠎ᠳᠤ ᠪᠡᠷᠬᠡ ᠪᠣᠯᠵᠤ᠂ 《 ᠨᠢᠭᠡ ᠬᠥᠮᠦᠨ ᠴᠢᠳᠠᠪᠤᠷᠢ᠎ᠪᠠᠨ ᠠᠯᠳᠠᠪᠠᠯ᠂ ᠪᠦᠬᠦ᠌ ᠭᠡᠷ ᠲᠡᠩᠴᠡᠭᠦᠷᠢ᠎ᠪᠠᠨ ᠠᠯᠳᠠᠬᠤ 》᠎ᠶ᠋ᠢ ᠪᠠᠴᠢᠮ ᠱᠢᠢᠳᠪᠦᠷᠢᠯᠡᠬᠦ᠌ ᠴᠢᠬᠤᠯᠠᠲᠠᠢ ᠨᠡᠢᠭᠡᠮ᠎ᠤᠨ ᠡᠪᠡᠲᠦᠯ ᠴᠡᠭ ᠪᠣᠯᠤᠭ᠍ᠰᠠᠨ ᠪᠠᠢᠨ᠎ᠠ᠃
ᠮᠠᠨ᠎ᠤ ᠤᠯᠤᠰ᠎ᠤᠨ ᠱᠢᠨ᠎ᠡ ᠴᠠᠭ ᠦᠶ᠎ᠡ᠎ᠶ᠋ᠢᠨ ᠬᠥᠮᠥᠨ ᠠᠮᠠ᠎ᠶ᠋ᠢᠨ ᠨᠠᠰᠤᠵᠢᠯ᠎ᠢ ᠠᠷᠭᠠᠴᠠᠭᠠᠬᠤ ᠴᠢᠬᠤᠯᠠ ᠶᠡᠭᠡ ᠳᠦᠷᠢᠮ᠎ᠤᠨ ᠲᠣᠬᠢᠷᠠᠭᠤᠯᠤᠯᠲᠠ ᠪᠣᠯᠤᠭ᠍ᠰᠠᠨ᠎ᠤ ᠬᠤᠪᠢ᠎ᠳᠤ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠨᠢ ( ᠳᠣᠷᠣᠭᠰᠢ 《 ᠤᠷᠲᠤ ᠰᠣᠪᠢᠯᠠᠯᠲᠠ᠎ᠶᠢᠨ ᠳᠠᠭ᠋ᠠᠳᠬᠠᠯ 》 ᠭᠡᠵᠦ ᠲᠣᠪᠴᠢᠯᠠᠨ᠎ᠠ ) 《 ᠵᠢᠷᠭᠤᠳᠤᠭᠠᠷ ᠳᠠᠭᠠᠳᠭᠠᠯ 》᠎ᠤᠨ ᠪᠠᠢᠷᠢ ᠲᠣᠭ᠍ᠲᠠᠭᠠᠯᠲᠠ᠎ᠪᠠᠷ ᠤᠯᠤᠰ᠎ᠤᠨ ᠪᠡᠶ᠎ᠡ᠎ᠪᠠᠨ ᠳᠠᠭᠠᠭᠠᠭ᠍ᠰᠠᠨ ᠨᠡᠢᠭᠡᠮ᠎ᠤᠨ ᠳᠠᠭᠠᠳᠭᠠᠯ᠎ᠤᠨ ᠱᠢᠨ᠎ᠡ ᠳᠠᠭᠠᠳᠭᠠᠯ᠎ᠤᠨ ᠲᠥᠷᠥᠯ ᠪᠣᠯᠤᠭ᠍ᠰᠠᠨ ᠪᠠᠢᠨ᠎ᠠ᠃ ᠡᠨᠡ ᠬᠦ᠌ ᠲᠦᠷᠢᠮ᠎ᠨᠢ ᠵᠠᠰᠠᠭ᠎ᠤᠨ ᠣᠷᠳᠣᠨ᠎ᠢᠶᠠᠷ ᠭᠤᠤᠯᠯᠠᠭᠤᠯᠤᠭ᠍ᠰᠠᠨ ᠬᠠᠷᠢᠭᠤᠴᠠᠯᠭ᠎ᠠ᠎ᠶ᠋ᠢ ᠬᠠᠮᠲᠤ᠎ᠪᠠᠷ ᠡᠭᠦᠷᠭᠡᠯᠡᠬᠦ᠌ ᠲᠣᠭ᠍ᠲᠠᠴᠠ᠎ᠪᠠᠷ ᠳᠠᠮᠵᠢᠭᠤᠯᠤᠨ᠂ ᠬᠡᠷ ᠪᠦᠯᠢ᠎ᠶ᠋ᠢᠨ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ᠎ᠶ᠋ᠢ ᠨᠡᠢᠭᠡᠮᠴᠢᠯᠡᠭ᠌ᠰᠡᠨ ᠬᠠᠷᠢᠯᠴᠠᠨ ᠲᠤᠰᠠᠯᠠᠯᠴᠠᠬᠤ ᠪᠣᠯᠭᠠᠨ ᠥᠷᠭᠡᠳᠭᠡᠵᠦ᠍᠂ ᠣᠯᠠᠨ ᠲᠠᠯ᠎ᠠ᠎ᠶ᠋ᠢᠨ ᠡᠬᠢ ᠪᠠᠶᠠᠯᠢᠭ᠎ᠲᠤ ᠲᠦᠱᠢᠭ᠌ᠯᠡᠨ ᠬᠠᠮᠵᠢᠯᠴᠠᠵᠤ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠵᠤ᠂ ᠴᠢᠳᠠᠪᠤᠷᠢ᠎ᠪᠠᠨ ᠠᠯᠳᠠᠭ᠍ᠰᠠᠨ ᠮᠢᠩᠭᠠᠨ ᠲᠦᠮᠡᠨ ᠬᠡᠷ ᠪᠦᠯᠢ᠎ᠳᠤ ᠠᠮᠢ ᠨᠠᠰᠤᠨ᠎ᠤ ᠨᠡᠷ᠎ᠡ ᠬᠦᠨᠳᠦ᠍᠎ᠶ᠋ᠢ ᠡᠷᠭᠦᠨ ᠲᠤᠰᠠᠯᠠᠬᠤ ᠪᠠᠲᠤᠯᠠᠭ᠎ᠠ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠵᠤ ᠥᠭ᠌ᠪᠡ᠃
ᠲᠤᠰᠭᠠᠶ ᠮᠡᠷᠭᠡᠵᠢᠯᠲᠡᠨ ᠺᠣᠳ᠋ ᠲᠠᠢ᠌ᠯᠬᠤ᠄ ᠤᠷᠲᠤ ᠰᠣᠪᠢᠯᠠᠯᠲᠠ᠎ᠶᠢᠨ ᠳᠠᠭ᠋ᠠᠳᠬᠠᠯ ᠨᠢ ᠰᠣᠶᠣᠯ᠎ᠤᠨ ᠭᠧᠨ᠎ᠢ ᠳᠦᠷᠢᠮ᠎ᠦᠨ ᠴᠢᠰᠤᠨ ᠰᠤᠳᠠᠰᠤ᠎ᠳᠦ ᠠᠭᠤᠰᠤᠨ᠎ᠠ
ᠶᠠᠭᠤ᠎ᠶ᠋ᠢ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ ᠭᠡᠬᠦ᠌ ᠪᠤᠢ? 《 ᠴᠢᠳᠠᠪᠤᠷᠢ᠎ᠪᠠᠨ ᠠᠯᠳᠠᠭ᠍ᠰᠠᠨ ᠬᠥᠮᠥᠰ᠎ᠤᠨ ᠠᠮᠢᠳᠤᠷᠠᠯ᠎ᠢ ᠶᠠᠰᠤ ᠴᠢᠨᠠᠷᠲᠠᠢ ᠪᠣᠯᠭᠠᠵᠤ᠂ ᠴᠢᠳᠠᠪᠤᠷᠢ᠎ᠪᠠᠨ ᠠᠯᠳᠠᠭ᠍ᠰᠠᠨ ᠭᠡᠷ ᠪᠦᠯᠢ᠎ᠶ᠋ᠢᠨ ᠳᠠᠷᠤᠭᠠᠰᠤ᠎ᠶ᠋ᠢ ᠬᠥᠩᠭᠡᠯᠡᠵᠦ ᠵᠣᠪᠠᠨᠢᠯ᠎ᠢ᠎ᠨᠢ ᠲᠠᠢ᠌ᠯᠤᠨ᠎ᠠ 》 ᠭᠡᠬᠦ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠰᠤᠳᠤᠯᠭᠠᠨ᠎ᠤ ᠬᠦᠷᠢᠶᠡᠯᠡᠩ᠎ᠤᠨ ᠭᠦᠢᠴᠡᠳᠭᠡᠬᠦ᠌ ᠳᠠᠷᠤᠭ᠎ᠠ ᠶᠢᠩ ᠶᠠ ᠵᠧᠨᠤ ᠡᠨᠡ ᠬᠦ᠌ ᠥᠭᠦᠯᠡᠪᠦᠷᠢ᠎ᠶᠢᠨ ᠲᠠᠢ᠌ᠯᠪᠤᠷᠢᠯᠠᠯᠲᠠ ᠨᠢ᠂ ᠤᠷᠲᠤ ᠰᠤᠪᠢᠯᠠᠯᠲᠠ᠎ᠶᠢᠨ ᠳᠠᠭ᠋ᠠᠳᠬᠠᠯ᠎ᠨᠢ ᠮᠠᠨ᠎ᠤ ᠤᠯᠤᠰ᠎ᠤᠨ ᠲᠤᠰᠠᠭᠠᠷ ᠵᠢᠷᠤᠭ ᠲᠥᠯᠥᠪᠯᠡᠭᠡ᠎ᠶ᠋ᠢᠨ 《 ᠵᠢᠷᠭᠤᠳᠤᠭᠠᠷ ᠳᠠᠭᠠᠳᠭᠠᠯ 》᠎ᠤᠨ ᠭᠤᠣᠯ ᠥᠷᠲᠡᠭ ᠪᠣᠯᠬᠤ᠎ᠶ᠋ᠢ ᠲᠣᠳᠣᠷᠬᠠᠢᠯᠠᠪᠠ᠃
ᠡᠨᠡ ᠬᠦ᠌ ᠦᠷᠳᠡᠭ᠎ᠤᠨ ᠪᠠᠢᠷᠢ ᠲᠣᠭ᠍ᠲᠠᠭᠠᠯᠲᠠ᠎ᠨᠢ ᠤᠢ᠍ᠢᠷ᠎ᠠ᠎ᠶ᠋ᠢᠨ ᠡᠳᠦᠷ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ 》᠎ᠳᠠᠬᠢ 《 ᠤᠷᠳᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠢ ᠬᠡᠷᠡᠭ᠌ᠵᠢᠭᠦᠯᠬᠦ᠌ 》 ᠲᠦᠷᠦ᠍᠎ᠶ᠋ᠢᠨ ᠪᠤᠳᠤᠯᠭ᠎ᠠ᠎ᠶ᠋ᠢᠨ ᠴᠢᠭ᠌ᠯᠡᠯ᠎ᠲᠠᠢ ᠳᠡᠭᠡᠳᠦ ᠬᠡᠮᠵᠢᠶ᠎ᠡ᠎ᠪᠠᠷ ᠨᠡᠢᠴᠡᠵᠦ᠍ ᠪᠠᠢᠨ᠎ᠠ᠃ ᠨᠠᠰᠤᠵᠢᠯᠲᠠ᠎ᠶᠢᠨ ᠨᠡᠢᠭᠡᠮ᠎ᠦ᠋ᠨ ᠴᠢᠳᠠᠪᠤᠷᠢ᠎ᠪᠠᠨ ᠠᠯᠳᠠᠭ᠍ᠰᠠᠨ ᠪᠠ ᠤᠯᠠᠮᠵᠢᠯᠠᠯᠲᠤ ᠭᠡᠷ ᠪᠦᠯᠢ᠎ᠶᠢ ᠬᠠᠷᠠᠭᠠᠯᠵᠠᠨ ᠠᠰᠠᠷᠠᠬᠤ ᠴᠢᠳᠠᠪᠤᠷᠢ ᠳᠣᠷᠣᠢᠲᠠᠭ᠍ᠰᠠᠨ ᠵᠥᠷᠢᠴᠡᠯ ᠡᠳᠦᠷ ᠢᠷᠡᠬᠦᠶ᠎ᠡ ᠳᠣᠪᠣᠢᠮ᠎ᠠ ᠪᠣᠯᠵᠤ᠂ ᠤᠷᠲᠤ ᠬᠤᠭᠤᠴᠠᠭᠠᠨ᠎ᠤ᠋ ᠰᠤᠪᠢᠯᠠᠯᠲᠠ᠎ᠶᠢᠨ ᠳᠠᠭᠠᠳᠭᠠᠯ ᠨᠢ 《 ᠨᠡᠢᠭᠡᠮ᠎ᠦ᠋ᠨ ᠳᠠᠭᠠᠳᠭᠠᠯ 》᠎ᠤ᠋ᠨ ᠳᠦᠷᠢᠮ᠎ᠦ᠋ᠨ ᠬᠡᠯᠪᠡᠷᠢ ᠪᠠᠢᠳᠠᠯ᠎ᠢᠶᠠᠷ 《 ᠥᠪᠡᠷ᠎ᠦᠨ ᠠᠬᠠᠮᠠᠳ ᠨᠠᠰᠤᠲᠠᠨ᠎ᠢᠶᠠᠨ ᠬᠠᠷᠠᠭ᠋ᠠᠯᠵᠠᠨ ᠠᠰᠠᠷᠠᠬᠤ᠎ᠳᠤ ᠪᠤᠰᠤᠳ ᠴᠢᠰᠤᠨ ᠬᠠᠷᠢᠴᠠᠭ᠎ᠠ ᠦᠭᠡᠢ ᠨᠠᠰᠤᠲᠠᠨ᠎ᠢ ᠪᠤᠤ ᠮᠠᠷᠲᠠᠭ᠋ᠠᠷᠠᠢ 》 ᠭᠡᠬᠦ ᠰᠣᠶᠣᠯ᠎ᠤ᠋ᠨ ᠶᠣᠰᠣ ᠰᠤᠷᠲᠠᠬᠤᠨᠢ᠋ ᠠᠵᠢᠯᠯᠠᠵᠤ ᠪᠣᠯᠬᠤ ᠨᠡᠢᠭᠡᠮ᠎ᠦ᠋ᠨ ᠬᠠᠷᠢᠯᠴᠠᠨ ᠲᠤᠰᠠᠯᠠᠯᠴᠠᠬᠤ ᠲᠣᠭ᠍ᠲᠠᠴᠠ ᠪᠣᠯᠭᠠᠨ ᠬᠤᠪᠢᠷᠠᠭᠤᠯᠪᠠ᠃
ᠣᠳᠣᠬᠠᠨ᠎ᠳᠤ᠂ ᠤᠷᠲᠤ ᠰᠤᠪᠢᠯᠠᠯᠲᠠ᠎ᠶᠢᠨ ᠳᠠᠭ᠋ᠠᠳᠬᠠᠯ ᠶᠠᠭ 《 ᠵᠠᠰᠠᠭ᠎ᠤᠨ ᠣᠷᠳᠣᠨ᠎ᠢᠶᠠᠷ ᠭᠤᠤᠯᠯᠠᠭᠤᠯᠵᠤ + ᠣᠯᠠᠨ ᠡᠱᠢᠲᠦ ᠪᠡᠯᠡ ᠬᠤᠷᠠᠮᠳᠤᠭᠤᠯᠬᠤ 》᠎ᠪᠠᠷ ᠳᠠᠮᠵᠢᠭᠤᠯᠤᠨ ᠬᠠᠷᠠᠭᠠᠯᠵᠠᠨ ᠠᠰᠠᠷᠠᠬᠤ ᠬᠦᠴᠢᠷ ᠠᠰᠠᠭᠤᠳᠠᠯ᠎ᠢ ᠱᠢᠢᠳᠪᠦᠷᠢᠯᠡᠵᠦ᠍ ᠪᠠᠢᠨ᠎ᠠ᠄ ᠪᠡᠯᠡ ᠬᠤᠷᠠᠮᠳᠤᠭᠤᠯᠬᠤ᠎ᠶ᠋ᠢ ᠠᠭᠤᠰᠤᠯᠴᠠᠭᠤᠯᠬᠤ ᠨᠢᠭᠡᠴᠢ᠂ ᠬᠤᠪᠢ ᠬᠥᠮᠦᠨ᠂ ᠵᠠᠰᠠᠭ᠎ᠤᠨ ᠣᠷᠳᠣᠨ᠂ ᠨᠡᠢᠭᠡᠮ ᠵᠡᠷᠭᠡ ᠣᠯᠠᠨ ᠡᠱᠢᠲᠦ ᠠᠷᠭ᠎ᠠ ᠵᠠᠮ᠎ᠢᠶᠠᠷ ᠳᠠᠮᠵᠢᠭᠤᠯᠬᠤ ᠮᠥᠨ ᠴᠢᠨᠠᠷ᠎ᠨᠢ ᠲᠦᠭ᠌ᠰᠢᠭᠦᠷᠢ᠎ᠶ᠋ᠢ ᠬᠠᠮᠲᠤ᠎ᠪᠠᠷ ᠬᠤᠪᠢᠶᠠᠨ ᠡᠭᠦᠷᠭᠡᠯᠡᠬᠦ᠌ ᠲᠣᠭ᠍ᠲᠠᠴᠠ᠎ᠶ᠋ᠢ ᠪᠠᠢᠭᠤᠯᠬᠤ ᠶᠠᠪᠤᠳᠠᠯ ᠪᠣᠯᠤᠨ᠎ᠠ᠃ 2024 ᠣᠨ᠎ᠤ ᠡᠴᠦᠰ ᠪᠣᠯᠲᠠᠯ᠎ᠠ᠂ ᠪᠥᠬᠦ᠌ ᠤᠯᠤᠰ᠎ᠤᠨ 49 ᠲᠤᠷᠱᠢᠯᠲᠠ᠎ᠶ᠋ᠢᠨ ᠴᠡᠭ ᠬᠤᠲᠠ ᠨᠢᠭᠡᠨᠲᠡ 1.9 ᠳ᠋ᠦᠩᠱᠢᠭᠤᠷ ᠳᠠᠭᠠᠳᠭᠠᠯ᠎ᠳᠤ ᠣᠷᠣᠯᠴᠠᠭ᠍ᠴᠢ᠎ᠶ᠋ᠢ ᠬᠠᠮᠤᠷᠴᠤ᠌᠂ ᠰᠠᠭᠤᠷᠢ ᠮᠥᠩᠭᠦ᠎ᠶ᠋ᠢᠨ ᠵᠠᠷᠤᠳᠠᠯ 850 ᠳ᠋ᠦᠩᠱᠢᠭᠤᠷ ᠲᠥᠭᠦᠷᠢᠭ᠎ᠢ ᠳᠠᠪᠠᠵᠤ᠂ ᠴᠡᠭ ᠲᠣᠭᠲᠠᠭ᠋ᠠᠭᠰᠠᠨ ᠦᠢᠯᠡᠴᠢᠯᠡᠭᠡᠨ᠎ᠤ ᠪᠠᠢᠭᠤᠯᠤᠮᠵᠢ 8800 ᠡᠷᠦᠬᠡ᠎ᠶ᠋ᠢ ᠳᠠᠪᠠᠵᠤ᠂ ᠬᠡᠷ᠎ᠲᠤ᠎ᠪᠠᠨ ᠰᠠᠭᠤᠵᠤ ᠰᠤᠪᠢᠯᠠᠬᠤ᠂ ᠨᠡᠢᠭᠡᠮ ᠲᠣᠭᠤᠷᠢᠭ᠎ᠤᠨ ᠰᠤᠪᠢᠯᠠᠯᠲᠠ᠂ ᠪᠠᠢᠭᠤᠯᠤᠮᠵᠢ᠎ᠶ᠋ᠢᠨ ᠰᠤᠪᠢᠯᠠᠯᠲᠠ᠎ᠶ᠋ᠢᠨ ᠣᠯᠠᠨ ᠡᠱᠢᠲᠦ ᠦᠢᠯᠡᠴᠢᠯᠡᠭᠡᠨ᠎ᠤ ᠲᠣᠭᠲᠠᠯᠴᠠᠭ᠎ᠠ᠎ᠶᠢ ᠪᠣᠶ ᠪᠣᠯᠭᠠᠪᠠ᠃ ᠴᠧᠩᠳᠦ᠍᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ᠋ ᠳᠠᠷᠤᠭ᠎ᠠ ᠯᠢᠦ ᠰᠢᠶᠤᠤ ᠮᠤᠤ᠂ ᠲᠤᠰ ᠳᠦᠷᠢᠮ ᠨᠢ ᠴᠢᠳᠠᠪᠤᠷᠢ᠎ᠪᠠᠨ ᠠᠯᠳᠠᠭ᠍ᠰᠠᠨ ᠬᠥᠮᠦᠰ᠎ᠢ᠋ ᠠᠰᠠᠷᠠᠨ ᠰᠤᠪᠢᠯᠠᠬᠤ ᠦᠢᠯᠡᠴᠢᠯᠡᠭᠡᠨ᠎ᠦ᠌ ᠶᠠᠰᠤ ᠴᠢᠨᠠᠷ᠎ᠢ᠋ ᠢᠯᠡᠳᠲᠡ ᠳᠡᠭᠡᠭ᠌ᠱᠢᠯᠡᠭᠦᠯᠬᠦ᠌ᠪᠡᠷ ᠪᠠᠷᠠᠬᠤ ᠥᠬᠡᠢ᠂ ᠨᠡᠩ ᠴᠤ᠌ ᠲᠤᠰᠭᠠᠢ ᠮᠡᠷᠭᠡᠵᠢᠯ᠎ᠢᠶᠠᠷ ᠭᠠᠷ ᠲᠦᠷᠦᠬᠦ᠌ ᠠᠷᠭ᠎ᠠ᠎ᠪᠠᠷ ᠴᠢᠳᠠᠪᠤᠷᠢ᠎ᠪᠠᠨ ᠠᠯᠳᠠᠬᠤ ᠠᠬᠢᠴᠠ᠎ᠶᠢ ᠪᠦᠲᠦᠮᠵᠢᠲᠡᠢ᠎ᠪᠡᠷ ᠤᠳᠠᠭ᠋ᠠᠰᠢᠷᠠᠭᠤᠯᠵᠤ᠂ ᠨᠠᠰᠤᠵᠢᠯ᠎ᠤ᠋ᠨ ᠠᠰᠠᠷᠠᠮᠵᠢ᠂ ᠡᠮᠴᠢᠯᠡᠭᠡᠲᠡᠢ ᠬᠠᠮᠲᠤ ᠪᠠᠷ ᠨᠠᠰᠤᠲᠠᠢᠴᠤᠳ᠎ᠤ᠋ᠨ ᠨᠡᠢᠭᠡᠮ᠎ᠦ᠋ᠨ ᠪᠠᠲᠤᠯᠠᠭ᠎ᠠ᠎ᠶᠢ ᠪᠦᠷᠢᠯᠳᠦᠭᠦᠯᠦᠭ᠌ᠰᠡᠨ ᠭᠤᠷᠪᠠᠨ ᠶᠡᠬᠡ ᠲᠤᠯᠭᠠᠭᠤᠷᠢ ᠪᠣᠯᠤᠨ᠎ᠠ ᠭᠡᠵᠦ ᠵᠢᠭ᠋ᠠᠵᠤ ᠭᠠᠷᠭ᠋ᠠᠪᠠ ᠃
ᠡᠢ᠌ᠮᠦᠷᠬᠦᠦ ᠲᠦᠷᠢᠮ᠎ᠤᠨ ᠱᠢᠨ᠎ᠡ᠎ᠶ᠋ᠢ ᠡᠭᠦᠳᠦᠭ᠌ᠰᠡᠨ ᠭᠦᠨ ᠳᠠᠪᠬᠤᠷᠭ᠎ᠠ᠎ᠶ᠋ᠢᠨ ᠯᠣᠭᠢᠭ ᠪᠣᠯ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠳᠠᠬᠢ 《 ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ 》ᠣᠨᠣᠯᠵᠢᠬᠤᠨ᠎ᠢ ᠤᠳᠤ ᠦᠶ᠎ᠡ᠎ᠶ᠋ᠢᠨ ᠨᠡᠢᠭᠡᠮ᠎ᠤᠨ ᠪᠠᠲᠤᠯᠠᠭ᠎ᠠ᠎ᠶ᠋ᠢᠨ ᠲᠣᠭᠲᠠᠯᠴᠠᠭ᠎ᠠ᠎ᠳᠤ ᠠᠭᠤᠰᠭᠠᠨ ᠤᠷᠤᠭᠤᠯᠬᠤ ᠶᠠᠪᠤᠳᠠᠯ ᠪᠣᠯᠤᠨ᠎ᠠ᠃ ᠤᠷᠲᠤ ᠰᠣᠪᠢᠯᠠᠯᠲᠠ᠎ᠶᠢᠨ ᠳᠠᠭ᠋ᠠᠳᠬᠠᠯ᠎ᠨᠢ ᠳᠠᠩ ᠭᠠᠭ᠍ᠴᠠ ᠠᠵᠤ ᠠᠬᠤᠢ᠎ᠶ᠋ᠢᠨ ᠨᠥᠬᠦᠪᠥᠷᠢ ᠪᠢᠰᠢ ᠮᠥᠷᠲᠡᠭᠡᠨ ᠪᠠᠰᠠ ᠳᠥᠭᠦᠮ ᠪᠤᠰᠤ ᠦᠢᠯᠡᠴᠢᠯᠡᠭᠡᠨ᠎ᠤ ᠬᠠᠩᠭᠠᠯᠭ᠎ᠠ ᠪᠢᠰᠢ᠂ ᠬᠠᠷᠢᠨ 《 ᠣᠯᠠᠨ ᠡᠱᠢᠲᠦ ᠪᠡᠯᠡ ᠬᠤᠷᠠᠮᠳᠤᠭᠤᠯᠬᠤ ᠴᠢᠳᠠᠪᠤᠷᠢ᠎ᠪᠠᠨ ᠠᠯᠳᠠᠭ᠍ᠰᠠᠨ᠎ᠢ ᠦᠨᠡᠯᠡᠨ ᠵᠢᠱ᠌ᠢᠬᠦ᠌ ᠦᠢᠯᠡᠴᠢᠯᠡᠭᠡᠨ᠎ᠤ ᠪᠠᠲᠤᠯᠠᠭ᠎ᠠ 》᠎ᠶ᠋ᠢᠨ ᠬᠠᠮᠵᠢᠯᠴᠠᠨ ᠠᠵᠢᠯᠯᠠᠬᠤ ᠲᠣᠭ᠍ᠲᠠᠴᠠ᠎ᠪᠠᠷ ᠳᠠᠮᠵᠢᠭᠤᠯᠤᠨ᠂ 《 ᠰᠣᠶᠣᠯ᠎ᠤᠨ ᠦᠷᠳᠡᠭ᠎ᠢ ᠳᠦᠷᠢᠮᠵᠢᠭᠦᠯᠵᠦ᠍᠂ ᠳᠦᠷᠢᠮ᠎ᠤᠨ ᠦᠢᠯᠡᠳᠦᠯ ᠴᠢᠳᠠᠪᠤᠷᠢ᠎ᠶ᠋ᠢ ᠨᠡᠢᠭᠡᠮᠴᠢᠯᠡᠬᠦ᠌ 》 ᠳᠠᠪᠬᠤᠷ ᠬᠠᠷᠠᠯᠲᠠ᠎ᠶ᠋ᠢ ᠪᠡᠶᠡᠯᠡᠭᠦᠯᠵᠦ᠍᠂ ᠪᠦᠬᠦ᠌ ᠪᠥᠮᠪᠥᠷᠴᠡᠭ᠎ᠤᠨ ᠨᠠᠰᠤᠵᠢᠯᠲᠠ᠎ᠶᠢᠨ ᠵᠠᠰᠠᠯᠲᠠ᠎ᠳᠤ ᠳᠤᠮᠳᠠᠳᠤ ᠤᠯᠤᠰ᠎ᠤᠨ ᠲᠥᠰᠦᠯ᠎ᠢ ᠬᠠᠩᠭᠠᠵᠠᠶ᠃
ᠤᠷᠲᠤ ᠰᠤᠪᠢᠯᠠᠯᠲᠠ᠎ᠶᠢᠨ ᠳᠠᠭ᠋ᠠᠳᠬᠠᠯ᠄ ᠴᠢᠳᠠᠪᠤᠷᠢ᠎ᠪᠠᠨ ᠠᠯᠳᠠᠭ᠍ᠰᠠᠨ ᠬᠡᠷ ᠪᠦᠯᠢ᠎ᠶ᠋ᠢᠨ ᠬᠠᠷᠠᠭ᠋ᠠᠯᠵᠠᠨ ᠠᠰᠠᠷᠠᠬᠤ ᠬᠠᠢᠷ᠎ᠠ ᠰᠡᠳᠭᠢᠯᠭᠡ
ᠯᠦᠸᠧ ᠶᠢᠩ ᠫᠢᠩ ᠨᠠᠰᠤᠲᠠᠨ᠎ᠤ ᠪᠠᠶᠠᠷ ᠪᠠᠶᠠᠰᠬᠤᠯᠠᠩ ᠲᠠᠢ ᠳᠠᠭᠤᠨ᠎ᠠᠴᠠ᠂ ᠪᠢᠳᠡ ᠤᠷᠲᠤ ᠰᠤᠪᠢᠯᠠᠯᠲᠠ᠎ᠶᠢᠨ ᠳᠠᠭ᠋ᠠᠳᠭ᠋ᠠᠯ ᠴᠢᠳᠠᠪᠤᠷᠢ᠎ᠪᠠᠨ ᠠᠯᠳᠠᠭᠰᠠᠨ ᠨᠠᠰᠤᠲᠠᠨ᠎ᠤ ᠭᠡᠷ ᠪᠦᠯᠢ᠎ᠳᠤ ᠠᠪᠴᠢᠷᠠᠭ᠍ᠰᠠᠨ ᠬᠠᠯᠠᠭᠤᠨ ᠳᠤᠯᠠᠭᠠᠨ ᠪᠠ ᠬᠦᠰᠡᠯ ᠡᠷᠡᠮᠡᠯᠵᠡᠯ᠎ᠢ ᠦᠨᠡᠨ ᠬᠦ᠌ ᠮᠡᠳᠡᠷᠡᠪᠡ᠃
ᠭᠠᠭᠴᠠᠭ᠋ᠠᠷ᠎ᠢᠶᠠᠨ ᠭᠡᠷ᠎ᠲᠤ᠎ᠪᠠᠨ ᠰᠠᠭᠤᠵᠤ ᠴᠢᠳᠠᠪᠤᠷᠢ᠎ᠪᠠᠨ ᠠᠯᠳᠠᠭᠰᠠᠨ ᠬᠥᠭᠰᠢᠨ᠎ᠢᠶᠡᠨ ᠬᠠᠷᠠᠭ᠋ᠠᠯᠵᠠᠨ ᠠᠰᠠᠷᠠᠭᠰᠠᠨ ᠡᠳᠦᠷ᠎ᠦᠳ᠎ᠲᠦ᠂ ᠯᠦᠸᠧ ᠡᠮᠡᠭᠡ ᠴᠦ᠍ ᠠᠷᠭ᠎ᠠ ᠪᠠᠷᠠᠭᠳᠠᠵᠠᠢ᠃ ᠬᠥᠭ᠌ᠰᠢᠨ᠎ᠨᠢ ᠡᠪᠡᠳᠴᠢᠨ᠎ᠢᠶᠠᠷ ᠬᠡᠪᠲᠡᠷᠢ᠎ᠳᠦ ᠣᠷᠣᠭᠰᠠᠨ᠎ᠤ ᠰᠡᠭᠦᠯᠡᠷ᠂ ᠦᠨᠳᠦᠰᠦᠨ᠎ᠳᠤ᠎ᠪᠠᠨ ᠪᠡᠶ᠎ᠡ᠎ᠪᠠᠨ ᠳᠠᠭᠠᠭᠠᠬᠤ ᠴᠢᠳᠠᠪᠤᠷᠢ᠎ᠪᠠᠨ ᠠᠯᠳᠠᠵᠤ᠂ ᠡᠳᠦᠷ ᠲᠤᠲᠤᠮ᠎ᠤᠨ ᠳᠠᠷᠤᠭᠠᠰᠤ᠎ᠶ᠋ᠢ ᠬᠦᠨᠳᠦᠷᠡᠭᠦᠯᠵᠦ᠍᠂ ᠤᠤᠯ᠎ᠤᠨ ᠡᠶᠡᠯᠳᠡᠭ ᠵᠥᠭᠡᠯᠡᠨ ᠵᠠᠩ ᠴᠢᠨᠠᠷ᠎ᠨᠢ ᠴᠤ᠌ ᠬᠤᠪᠢᠷᠠᠯᠲᠠ ᠭᠠᠷᠴᠤ᠌᠂ ᠦᠷᠭᠦᠯᠵᠢ ᠤᠷᠮ᠎ᠠ ᠵᠣᠷᠢᠭ ᠨᠢ ᠲᠣᠭᠲᠠᠪᠤᠷᠢ ᠦᠭᠡᠢ ᠪᠣᠯᠵᠤ᠂ ᠪᠠᠢ᠌ᠨ ᠳᠠᠬᠢᠨ ᠬᠡᠷᠡᠭ᠌ᠴᠡᠭᠡ ᠱᠠᠭᠠᠷᠳᠠᠯᠭ᠎ᠠ ᠳᠤᠷᠠᠳᠴᠤ᠌᠂ ᠵᠢᠱ᠌ᠢᠶᠡᠯᠡᠪᠡᠯ᠂ ᠤᠰᠤ ᠤᠤᠭᠤᠬᠤ᠂ ᠵᠣᠷᠯᠣᠩ᠎ᠳᠤ ᠣᠷᠣᠬᠤ ᠵᠡᠷᠭᠡ᠃ 80 ᠬᠦᠷᠬᠦ ᠣᠢ᠌ᠷᠠᠲᠤᠭᠰᠠᠨ ᠥᠨᠳᠥᠷ ᠨᠠᠰᠤᠲᠠᠶ ᠯᠦᠸᠧ ᠡᠮᠡᠭᠡ᠎ᠶ᠋ᠢᠨ ᠪᠡᠶ᠎ᠡ ᠮᠠᠭᠤ᠂ ᠵᠠᠯᠠᠭᠤ ᠨᠠᠰᠤᠨ᠎ᠤ ᠱᠢᠷᠭᠠᠭᠤ ᠬᠥᠳᠡᠯᠮᠦᠷᠢᠯᠡᠯᠨᠢ ᠲᠡᠭᠦᠨ᠎ᠢ ᠨᠢᠷᠤᠭᠤᠨ᠎ᠤ ᠡᠪᠡᠳᠴᠢᠨ᠎ᠲᠠᠢ ᠪᠣᠯᠭᠠᠵᠤ᠂ ᠪᠠᠰᠠ ᠡᠭᠦᠨ᠎ᠤ ᠲᠥᠯᠥᠭᠡ ᠮᠡᠰᠡ ᠵᠠᠰᠠᠯ ᠬᠢᠵᠦ᠍ ᠥᠩᠭᠡᠷᠡᠵᠡᠶ᠃ ᠡᠢᠮᠦ᠍᠎ᠡᠴᠡ ᠬᠥᠭ᠌ᠰᠢᠨ᠎ᠢᠶᠠᠨ ᠬᠠᠷᠠᠭᠠᠯᠵᠠᠬᠤ ᠦᠶ᠎ᠡ᠎ᠳᠦ᠂ ᠲᠡᠷᠡ ᠰᠡᠳᠬᠢᠯ ᠨᠢ ᠪᠠᠢ᠌ᠪᠠᠴᠤ ᠴᠢᠳᠠᠯ ᠨᠢ ᠬᠦᠷᠬᠦ ᠦᠭᠡᠢ ᠲᠥᠷᠥᠭᠳᠡᠯ ᠲᠠᠢ ᠪᠣᠯᠭ᠋ᠠᠵᠠᠢ᠃ ᠯᠦᠸᠧ ᠡᠮᠡᠭᠡ᠎ᠶᠢᠨ ᠥᠩᠭᠡᠷᠡᠭ᠌ᠰᠡᠨ᠎ᠤ ᠤᠴᠠᠷᠠᠯ᠂ ᠲᠣᠭ᠎ᠠ ᠦᠭᠡᠢ ᠣᠯᠠᠨ ᠴᠢᠳᠠᠪᠤᠷᠢ᠎ᠪᠠᠨ ᠠᠯᠳᠠᠭᠰᠠᠨ ᠭᠡᠷ ᠪᠦᠯᠢ᠎ᠶ᠋ᠢᠨ ᠬᠦᠴᠢᠷᠳᠡᠯ ᠪᠠ ᠠᠷᠭ᠎ᠠ ᠲᠦᠪᠡᠭᠳᠡᠬᠦ ᠪᠠᠢ᠌ᠳᠠᠯ᠎ᠢ ᠲᠤᠰᠬᠠᠵᠠᠢ᠃
ᠤᠷᠲᠤ ᠰᠤᠪᠢᠯᠠᠯᠲᠠ᠎ᠶ᠋ᠢᠨ ᠳᠠᠭ᠋ᠠᠳᠬᠠᠯ᠎ᠤᠨ ᠴᠢᠳᠠᠪᠤᠷᠢ᠎ᠪᠠᠨ ᠠᠯᠳᠠᠭᠰᠠᠨ᠎ᠢ ᠦᠨᠡᠯᠡᠨ ᠵᠢᠱ᠌ᠢᠬᠦ᠌᠎ᠪᠠᠷ ᠳᠠᠮᠵᠢᠨ ᠴᠢᠳᠠᠪᠤᠷᠢ᠎ᠪᠠᠨ ᠬᠦᠨᠳᠦ ᠠᠯᠳᠠᠭ᠍ᠰᠠᠨ ᠭᠡᠵᠦ᠍ ᠨᠤᠲᠠᠯᠠᠭ᠍ᠰᠠᠨ᠎ᠤ ᠳᠠᠷᠠᠭ᠎ᠠ᠂ ᠬᠥᠭ᠌ᠰᠢᠨ᠎ᠨᠢ ᠲᠤᠰᠭᠠᠶ ᠮᠡᠷᠭᠡᠵᠢᠯ᠎ᠤᠨ ᠡᠳᠦᠷ ᠲᠤᠲᠤᠮ᠎ᠤᠨ ᠬᠠᠷᠠᠭᠠᠯᠵᠠᠯ ᠬᠦᠷᠲᠡᠵᠦ᠍᠂ ᠲᠤᠬᠠᠶ᠎ᠶ᠋ᠢᠨ ᠦᠶ᠎ᠡ᠎ᠳᠤ ᠭᠠᠳᠠᠭᠠᠳᠤ ᠣᠷᠴᠢᠨ᠎ᠤ ᠬᠦᠷᠦᠯᠴᠡᠭᠡ᠎ᠨᠢ ᠴᠤ᠌ ᠨᠠᠰᠤᠲᠠᠨ᠎ᠤ ᠰᠡᠳᠭᠢᠯᠭᠡ᠎ᠶ᠋ᠢ ᠨᠠᠮᠳᠠᠭᠤᠯᠵᠤ᠂ ᠯᠦᠸᠧ ᠡᠮᠡᠭᠡ᠎ᠶᠢᠨ ᠳᠠᠷᠤᠭ᠋ᠠᠰᠤ ᠶᠡᠬᠡ ᠪᠠᠭᠤᠷᠠᠵᠠᠢ᠄ 《 ᠠᠰᠠᠷᠠᠭ᠍ᠴᠢ ᠨᠢᠭᠡ ᠤᠳᠠᠭ᠎ᠠ ᠢᠷᠡᠪᠡᠯ᠂ ᠪᠢ ᠬᠡᠳᠦᠨ ᠡᠳᠦᠷ ᠠᠮᠠᠷᠬᠠᠨ ᠪᠠᠢ᠌ᠵᠤ ᠪᠣᠯᠤᠨ᠎ᠠ᠃ ᠲᠡᠳᠡᠨ᠎ᠦ ᠣᠪᠣᠷ ᠨᠢ ᠡᠢ᠌ᠮᠦ ᠰᠠᠢ᠌ᠨ ᠪᠣᠯᠬᠣᠷ ᠮᠢᠨᠦ᠍ ᠳᠣᠲᠣᠷ᠎ᠠ ᠲᠣᠩ ᠶᠡᠬᠡ ᠰᠡᠳᠭᠢᠯ ᠬᠥᠳᠡᠯᠪᠡ᠃ ᠪᠢ ᠲᠠ ᠨᠠᠷ᠎ᠢᠶᠠᠨ ᠡᠭᠦᠷᠢᠳᠡ ᠴᠡᠭᠡᠵᠢᠯᠡᠵᠦ᠍᠂ ᠤᠯᠤᠰ᠎ᠤᠨ ᠲᠦᠷᠦ᠍᠎ᠶ᠋ᠢᠨ ᠪᠣᠳᠣᠯᠭ᠎ᠠ᠎ᠶ᠋ᠢ ᠡᠭᠦᠷᠢᠳᠡ ᠴᠡᠭᠡᠵᠢᠯᠡᠵᠦ᠍ ᠪᠠᠢᠨ᠎ᠠ 》᠃ ᠡᠨᠠ ᠭᠦ᠌ ᠳᠦᠷᠢᠮᠵᠢᠭᠦᠨ ᠡᠷᠭᠦᠨ ᠲᠤᠰᠠᠯᠠᠯᠲᠠ᠎ᠶ᠋ᠢᠨ ᠠᠷᠤ᠎ᠳᠤ ᠪᠤᠯ ᠶᠠᠭ ᠤᠷᠲᠤ ᠰᠣᠪᠢᠯᠠᠯᠲᠠ᠎ᠶᠢᠨ ᠳᠠᠭ᠋ᠠᠳᠬᠠᠯ᠎ᠤᠨ 《 ᠬᠡᠷ ᠪᠦᠯᠢ᠎ᠶ᠋ᠢᠨ ᠪᠡᠴᠢᠮ ᠪᠠᠢ᠌ᠲᠠᠯ᠎ᠢ ᠲᠠᠢ᠌ᠯᠬᠤ᠂ ᠠᠮᠢ ᠨᠠᠰᠣᠠᠤ ᠨᠠᠷᠠ ᠬᠦᠨᠳᠦ᠎ᠶ᠋ᠢ ᠡᠷᠭᠦᠬᠦ 》 ᠠᠮᠢᠳᠤᠯᠢᠭ ᠬᠤᠷᠢᠶᠠᠩᠭᠤᠢ ᠳᠦᠷᠰᠦ ᠪᠣᠯᠣᠨ᠎ᠠ ᠵᠠᠰᠠᠭ᠎ᠤᠨ ᠣᠷᠲᠣᠠ ᠵᠢᠠᠷ ᠭᠣᠣᠯᠯᠠᠭᠤᠯᠬᠤ ᠪᠠ ᠨᠠᠢ᠌ᠭᠡᠮ᠎ᠤᠨ ᠬᠠᠷᠢᠯᠴᠠᠨ ᠬᠠᠪᠰᠣᠷᠣᠠ ᠲᠠᠮᠵᠢᠭᠦ᠌ ᠡᠨᠠ ᠭᠦ᠌ ᠬᠠᠮᠲᠣᠷᠠᠬ᠍ᠰᠠᠨ ᠳᠣᠬ᠍ᠲᠠᠴᠠ ᠪᠡᠷ ᠲᠠᠮᠵᠢᠭᠣᠯᠣᠠ᠂ ᠤᠷᠲᠤ ᠰᠣᠪᠢᠯᠠᠯᠲᠠ᠎ᠶᠢᠨ ᠳᠠᠭ᠋ᠠᠳᠬᠠᠯ ᠨᠢ ᠪᠦᠬᠦ ᠤᠯᠤᠰ᠎ᠤᠨ 300 ᠲᠦᠮᠡ᠎ᠶᠢ ᠳᠠᠪᠠᠭᠰᠠᠨ ᠴᠢᠲᠠᠪᠤᠷᠢ᠎ᠪᠠᠨ ᠠᠯᠲᠠᠭ᠍ᠰᠠᠨ ᠬᠦᠮᠦᠰ᠎ᠲᠦ ᠦᠨᠳᠦᠰᠦᠨ ᠰᠣᠪᠢᠯᠠᠯᠲᠠ᠎ᠶᠢᠨ ᠪᠠᠲᠣᠯᠠᠭ᠎ᠠ᠎ᠶ᠋ᠢᠨ ᠳᠣᠣᠷᠢ ᠪᠤᠢ ᠪᠤᠯᠭᠠᠵᠠᠢ᠃
ᠯᠦᠸᠧ ᠡᠮᠡᠭᠡ ᠬᠡᠯᠡᠬᠦ᠎ᠳᠦ᠎ᠪᠡᠨ᠂ ᠣᠳᠣ ᠲᠡᠭᠦᠨ᠎ᠦ ᠰᠡᠳᠭᠢᠯ ᠰᠠᠨᠠᠭ᠎ᠠ ᠨᠢ ᠪᠠᠶᠠᠷ ᠵᠣᠪᠠᠨᠢᠯ ᠬᠣᠣᠰᠯᠠᠵᠤ ᠪᠠᠢ᠌ᠨ᠎ᠠ ᠬᠡᠪᠡ᠃ ᠵᠣᠪᠠᠨᠢᠯ ᠨᠢ ᠬᠥᠮᠦᠨ ᠥᠲᠡᠯᠦᠭᠡ ᠨᠠᠰᠤᠨ᠎ᠠ᠋ᠴᠠ ᠪᠣᠯᠵᠤ ᠡᠪᠡᠳᠴᠢᠨ ᠡᠮᠭᠡᠭ ᠬᠤᠭᠤᠴᠠᠭ᠎ᠠ ᠦᠭᠡᠢ ᠬᠦᠷᠴᠦ ᠢᠷᠡᠵᠦ ᠪᠤᠢ ; ᠪᠠᠶᠠᠷ ᠨᠢ ᠬᠦᠴᠢᠷ ᠪᠡᠷᠬᠡᠰᠢᠶᠡᠯᠲᠡᠢ ᠦᠶ᠎ᠡ᠎ᠳ᠋ᠦ᠍᠂ ᠤᠷᠲᠤ ᠰᠣᠪᠢᠯᠠᠯᠲᠠ᠎ᠶᠢᠨ ᠳᠠᠭ᠋ᠠᠳᠬᠠᠯ ᠡᠨᠡ ᠬᠦ᠌ ᠤᠯᠤᠰ᠎ᠤ᠋ᠨ ᠰᠢᠨ᠎ᠡ ᠳᠦᠷᠢᠮ᠎ᠢ᠋ ᠴᠠᠭ ᠲᠤᠬᠠᠢᠳ᠋ᠤ ᠨᠢ ᠡᠳ᠋ᠯᠡᠵᠦ᠍ ᠴᠢᠳᠠᠪᠠ᠃ ᠲᠥᠷᠥ᠎ᠶ᠋ᠢᠨ ᠪᠣᠳᠣᠯᠭ᠎ᠠ᠎ᠶ᠋ᠢᠨ ᠪᠣᠳᠠᠲᠤ ᠦᠷ᠎ᠡ ᠪᠦᠲᠦᠮᠵᠢ᠎ᠠᠴᠠ ᠦᠵᠡᠪᠡᠯ᠂ ᠣᠷᠳᠣ ᠰᠤᠪᠢᠯᠠᠯᠲᠠ᠎ᠶ᠋ᠢᠨ ᠳᠠᠭᠠᠳᠭᠠᠯ᠎ᠨᠢ 《 ᠪᠠᠯᠠ ᠬᠤᠷᠠᠮᠳᠤᠭᠤᠯᠬᠤ ᠦᠨᠡᠯᠡᠨ ᠵᠢᠱ᠌ᠢᠬᠦ᠌ ᠦᠶ᠋ᠯᠡᠴᠢᠯᠡᠭᠡ 》᠎ᠶ᠋ᠢᠨ ᠪᠢᠲᠡᠭᠦᠦ ᠴᠠᠭ᠋ᠠᠷᠢᠭ᠎ᠤᠨ ᠲᠣᠭᠲᠠᠯᠴᠠᠭ᠎ᠠ᠎ᠶᠢ ᠪᠠᠢᠭᠤᠯᠵᠤ᠂ 《 ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠴᠢᠳᠠᠪᠤᠷᠢ᠎ᠪᠠᠨ ᠠᠯᠳᠠᠭ᠍ᠰᠠᠨ ᠲᠠᠰ᠎ᠤᠨ ᠦᠨᠡᠯᠡᠨ ᠵᠢᠱ᠌ᠢᠬᠦ᠌ ᠪᠠᠷᠢᠮᠵᠢᠶ᠎ᠠ 》᠎ᠪᠠᠷ ᠮᠠᠭᠠᠳᠯᠠᠨ ᠲᠣᠭ᠍ᠲᠠᠭᠠᠭ᠍ᠰᠠᠨ ᠴᠢᠳᠠᠪᠤᠷᠢ᠎ᠪᠠᠨ ᠬᠦᠨᠳᠦ ᠠᠯᠳᠠᠭ᠍ᠰᠠᠨ ᠬᠥᠮᠦᠰ ᠦᠨᠳᠦᠰᠦᠨ ᠠᠮᠢᠳᠤᠷᠠᠯ᠎ᠤᠨ ᠬᠠᠷᠠᠭᠠᠯᠵᠠᠯ ᠪᠠ ᠲᠡᠭᠦᠨ᠎ᠲᠠᠢ ᠬᠤᠯᠪᠣᠭ᠍ᠳᠠᠬᠤ ᠡᠮᠴᠢᠯᠡᠭᠡᠨ᠎ᠤ ᠰᠤᠪᠢᠯᠠᠯᠲᠠ ᠵᠡᠷᠭᠡ ᠦᠶ᠋ᠯᠡᠴᠢᠯᠡᠭᠡ᠎ᠶ᠋ᠢ ᠭᠥᠷᠳᠡᠵᠦ᠍ ᠪᠣᠯᠤᠨ᠎ᠠ᠃ ᠡᠢᠮᠦᠷᠬᠦᠦ 《 ᠦᠨᠳᠦᠰᠦᠨ ᠠᠮᠢᠳᠤᠷᠠᠯ᠎ᠢ ᠪᠠᠲᠤᠯᠠᠬᠤ ᠬᠠᠷᠠᠭ᠋ᠠᠯᠵᠠᠨ ᠠᠰᠠᠷᠠᠬᠤ + ᠡᠮᠴᠢᠯᠡᠭᠡ ᠰᠤᠪᠢᠯᠠᠯᠲᠠ᠎ᠶᠢ ᠪᠠᠲᠤᠯᠠᠬᠤ 》 ᠵᠠᠭ᠍ᠪᠤᠷ᠎ᠨᠢ ᠴᠢᠳᠠᠪᠤᠷᠢ᠎ᠪᠠᠨ ᠠᠯᠳᠠᠭ᠍ᠰᠠᠨ ᠬᠦᠮᠦᠰ᠎ᠤᠨ ᠨᠡᠢᠯᠡᠮᠡᠯ ᠬᠡᠯᠪᠡᠷᠢ᠎ᠶ᠋ᠢᠨ ᠪᠠᠲᠤᠯᠠᠭ᠎ᠠ᠎ᠶ᠋ᠢᠨ ᠲᠣᠭᠲᠠᠯᠴᠠᠭ᠎ᠠ᠎ᠶ᠋ᠢ ᠪᠠᠢ᠌ᠭᠤᠯᠪᠠ᠃
ᠡᠷᠭᠦᠨ ᠲᠤᠰᠠᠯᠠᠭᠳᠠᠭᠴᠢ᠎ᠡᠴᠡ ᠡᠷᠭᠦᠨ ᠲᠤᠰᠠᠯᠠᠭᠴᠢ ᠬᠦᠷᠲᠡᠯ᠎ᠡ᠄ ᠠᠶᠤᠯ ᠶᠡᠬᠡᠲᠡᠢ ᠠᠮᠢ ᠨᠠᠰᠤᠨ᠎ᠤ ᠬᠦᠴᠦᠨ ᠵᠠᠯᠭ᠋ᠠᠬᠤ ᠪᠠ ᠠᠵᠢᠯ ᠮᠡᠷᠭᠡᠵᠢᠯ᠎ᠦᠨ ᠱᠢᠨ᠎ᠡ ᠠᠮᠢᠳᠤᠷᠠᠯ
《 ᠡᠳᠦᠷ ᠪᠣᠯᠭ᠋ᠠᠨ ᠨᠠᠰᠤᠲᠠᠢᠴᠤᠳ᠎ᠤᠨ ᠢᠨᠢᠶᠡᠮᠰᠦᠭ᠌ᠯᠡᠯᠢ ᠣᠯᠵᠤ ᠬᠠᠷᠠᠪᠠᠯ᠂ ᠪᠢ ᠳᠠᠷᠤᠶ ᠪᠠᠷᠢᠮᠲᠠᠯᠠᠵᠤ ᠳᠡᠢ᠌ᠯᠦᠨ᠎ᠡ ! 》᠃ 《 ᠬᠠᠷᠠᠭᠠᠯᠵᠠᠨ ᠠᠰᠠᠷᠠᠭᠴᠢᠳ᠎ᠤ᠋ᠨ ᠭᠡᠷ ᠪᠦᠯᠢ᠎ᠶᠢᠨ ᠬᠢᠨ 》ᠪᠠᠢᠭ᠍ᠰᠠᠨᠠ᠋ᠴᠠᠪᠠᠨ 《 ᠠᠵᠢᠯ ᠮᠡᠷᠭᠡᠵᠢᠯ᠎ᠦᠨ ᠬᠠᠷᠠᠭᠠᠯᠵᠠᠨ ᠠᠰᠠᠷᠠᠭᠴᠢ 》 ᠪᠣᠯᠵᠤ᠂ ᠯᠢ᠎ᠶᠢᠨ ᠹᠧᠩ ᠠᠪᠠᠬᠠᠢ ᠨᠢᠭᠡᠨᠲᠡ ᠮᠠᠰᠢ ᠣᠯᠠᠨ ᠴᠢᠳᠠᠪᠤᠷᠢ᠎ᠪᠠᠨ ᠠᠯᠳᠠᠭ᠍ᠰᠠᠨ ᠨᠠᠰᠤᠲᠠᠢᠴᠤᠳ᠎ᠤ᠋ᠨ 《 ᠪᠢᠴᠢᠬᠠᠨ ᠬᠥᠪᠥᠩ ᠬᠦᠷᠮ᠎ᠡ 》 ᠪᠣᠯᠵᠠᠢ᠃ ᠣᠯᠠᠨ ᠬᠥᠮᠥᠨ᠎ᠤ ᠬᠡᠯᠡᠬᠦ᠌᠎ᠪᠡᠷ᠂ ᠲᠡᠭᠦᠨ᠎ᠦ ᠥᠬᠢᠨ ᠨᠢ ᠱᠢᠭ ᠰᠠᠢ᠌ᠲᠤᠷ ᠬᠠᠷᠠᠭ᠋ᠠᠯᠵᠠᠵᠤ᠂ ᠲᠡᠳ᠋ᠡᠨ᠎ᠳᠦ ᠬᠠᠨᠢ ᠪᠣᠯᠵᠤ 《 ᠡᠳ᠋ᠦᠷ᠎ᠠᠴᠠ ᠡᠳᠦᠷ ᠰᠠᠢᠨ ᠪᠣᠯᠵᠠᠢ 》 ᠭᠡᠵᠡᠭᠡᠨ᠎ᠡ᠃
ᠯᠢ᠎ᠶ᠋ᠢᠨ ᠹᠧᠩ ᠪᠧᠨ ᠨᠢᠭᠡᠨ ᠨᠡᠯᠢᠶᠡᠳ ᠰᠠᠢᠨ ᠠᠵᠢᠯ᠎ᠲᠠᠢ ᠪᠠᠢᠵᠤ᠂ ᠲᠡᠭᠦᠨ᠎ᠤ ᠠᠵᠢᠯ᠎ᠤᠨ ᠵᠠᠮ ᠮᠥᠷ᠎ᠤᠨ ᠬᠤᠪᠢᠷᠠᠯᠲᠠ᠎ᠨᠢ ᠬᠤᠶᠠᠷ ᠤᠳᠠᠭ᠎ᠠ᠎ᠶᠢᠨ 《 ᠬᠥᠨᠳᠡᠭᠳᠡᠯ 》᠎ᠠᠴᠠ ᠪᠣᠯᠤᠭ᠍ᠰᠠᠨ ᠶᠤᠮ᠃ ᠠᠪᠤ᠎ᠶᠢᠨ ᠬᠢᠨᠢ ᠨᠠᠰᠤ ᠨᠥᠭ᠌ᠴᠢᠭ᠌ᠰᠡᠨ ᠬᠠᠷᠠᠮᠰᠠᠯ ᠨᠢ ᠲᠡᠭᠦᠨ᠎ᠦ᠌ ᠥᠩᠭᠡᠷᠡᠭ᠌ᠰᠡᠨᠳ᠋ᠦ᠍ ᠠᠵᠢᠯ᠎ᠳᠤ᠎ᠪᠠᠨ ᠶᠠᠭᠠᠷᠠᠨ᠂ ᠬᠠᠨᠢ ᠪᠣᠯᠬᠤ ᠴᠠᠭ ᠨᠢ ᠴᠥᠭᠡᠨ; ᠤᠷᠲᠤ ᠬᠤᠭᠤᠴᠠᠭ᠎ᠠ᠎ᠪᠠᠷ ᠡᠪᠡᠳᠴᠢᠯᠡᠭ᠌ᠰᠡᠨ ᠡᠵᠢ ᠨᠢ ᠤᠷᠲᠤ ᠰᠣᠪᠢᠯᠠᠯᠲᠠ᠎ᠶᠢᠨ ᠳᠠᠭ᠋ᠠᠳᠬᠠᠯ᠎ᠤᠨ ᠠᠰᠢᠭ ᠬᠦᠷᠲᠡᠭ᠌ᠴᠢ ᠪᠣᠯᠬᠤ ᠦᠶ᠎ᠡ᠎ᠳ᠋ᠤ᠂ ᠲᠤᠰᠭᠠᠢ ᠠᠰᠠᠷᠠᠭ᠍ᠴᠢ ᠨᠢ ᠰᠠᠢ᠌ᠲᠤᠷ ᠬᠠᠷᠠᠭ᠋ᠠᠯᠵᠠᠭᠰᠠᠨ᠎ᠡᠴᠡ ᠪᠣᠯᠵᠤ ᠪᠠᠰᠠ ᠲᠡᠭᠦᠨ᠎ᠦ᠌ ᠰᠡᠳᠭᠢᠯᠢ᠋ ᠬᠥᠳᠡᠯᠭᠡᠵᠡᠢ᠃ ᠬᠠᠷᠠᠮᠰᠠᠯᠢ ᠨᠥᠬᠦᠪᠦᠷᠢᠯᠡᠬᠦ ᠪᠠ ᠬᠠᠢᠷ᠎ᠠ ᠬᠠᠯᠠᠮᠵᠢ᠎ᠶ᠋ᠢ ᠳᠠᠮᠵᠢᠭᠤᠯᠬᠤ ᠬᠦᠰᠡᠯ ᠡᠷᠡᠮᠡᠯᠵᠡᠯ᠎ᠢ ᠡᠪᠦᠷᠯᠡᠵᠦ᠍᠂ ᠲᠡᠷᠡ ᠡᠷᠡᠰ ᠱᠢᠭᠤᠷᠬᠠᠢ᠎ᠪᠠᠷ ᠠᠵᠢᠯ ᠮᠡᠷᠭᠡᠵᠢᠯ᠎ᠤᠨ ᠰᠤᠪᠢᠯᠠᠯᠲᠠ᠎ᠶ᠋ᠢᠨ ᠡᠩᠨᠡᠭᠡᠨ᠎ᠳᠤ ᠣᠷᠣᠯᠴᠠᠵᠤ᠂ ᠲᠤᠰᠭᠠᠢ ᠮᠡᠷᠭᠡᠵᠢᠯ᠎ᠤᠨ ᠠᠰᠠᠷᠠᠨ ᠬᠠᠷᠠᠭᠠᠯᠵᠠᠬᠤ ᠤᠷ᠎ᠠ ᠴᠢᠳᠠᠪᠤᠷᠢ᠎ᠶ᠋ᠢ ᠰᠤᠷᠤᠯᠴᠠᠵᠤ᠂ ᠲᠤᠰᠭᠠᠢ ᠮᠡᠷᠭᠡᠵᠢᠯ᠎ᠤᠨ ᠠᠰᠠᠷᠠᠭ᠍ᠴᠢ᠎ᠶ᠋ᠢᠨ ᠬᠢᠷᠢ ᠬᠡᠮ᠎ᠤᠨ ᠦᠨᠡᠮᠯᠡᠯ᠎ᠢ ᠱᠢᠯᠭᠠᠨ ᠠᠪᠤᠪᠠ᠃
ᠣᠳᠣᠬᠠᠨ᠎ᠳᠤ᠂ ᠯᠢ ᠠᠪᠠᠭ᠍ᠠᠶ᠎ᠶᠢᠨ ᠰᠡᠳᠬᠢᠯ᠎ᠳᠦ ᠬᠠᠢᠷ᠎ᠠ ᠪᠠ ᠬᠦᠴᠦᠨ ᠴᠢᠳᠠᠯ᠎ᠢᠶᠠᠷ ᠪᠢᠯᠬᠠᠵᠤ᠂ ᠡᠨᠡ ᠬᠦ᠌ ᠬᠠᠷᠠᠮ ᠦᠭᠡᠢ ᠰᠡᠳᠭᠢᠯᠭᠡ᠎ᠨᠢ ᠯᠢ᠎ᠶ᠋ᠢᠨ ᠹᠧᠩ᠎ᠤᠨ ᠪᠥᠬᠦ᠌ ᠰᠡᠳᠭᠢᠯ ᠪᠥᠬᠦ᠌ ᠵᠣᠷᠢᠭ᠎ᠢᠶᠠᠷ᠎ᠢᠶᠠᠨ ᠬᠠᠪᠰᠤᠷᠬᠤ ᠴᠢᠬᠤᠯᠠᠲᠠᠶ ᠴᠢᠳᠠᠪᠤᠷᠢ᠎ᠪᠠᠨ ᠠᠯᠳᠠᠭᠰᠠᠨ ᠬᠥᠮᠦᠨ ᠨᠢᠭᠡᠪᠦᠷᠢ᠎ᠶ᠋ᠢ ᠲᠤᠯᠭᠠᠭᠤᠷᠢᠯᠠᠵᠤ ᠪᠠᠢᠨ᠎ᠠ᠃ ᠤᠷᠲᠤ ᠰᠣᠪᠢᠯᠠᠯᠲᠠ᠎ᠶᠢᠨ ᠳᠠᠭ᠋ᠠᠳᠬᠠᠯ᠎ᠤᠨ ᠲᠠᠯᠠᠷᠬᠠᠯᠠ᠋ᠴᠠ ᠠᠰᠠᠷᠠᠨ ᠰᠤᠪᠢᠯᠠᠬᠤ ᠦᠢᠯᠡᠰ᠎ᠲᠦ᠍ ᠣᠷᠣᠯᠴᠠᠬᠤ ᠪᠣᠯᠤᠨ ᠴᠢᠳᠠᠪᠤᠷᠢ᠎ᠪᠠᠨ ᠠᠯᠳᠠᠭ᠍ᠰᠠᠨ ᠪᠤᠰᠤᠳ ᠭᠡᠷ ᠪᠦᠯᠢᠳ᠋ᠦ᠍ ᠬᠠᠢᠷ᠎ᠠ ᠬᠠᠯᠠᠮᠵᠢ ᠬᠦᠷᠭᠡᠬᠦ᠂ ᠯᠢ ᠠᠪᠠᠬᠠᠢ᠎ᠶᠢᠨ ᠦᠯᠢᠭᠡᠷ ᠪᠢᠳᠡᠨ᠎ᠳᠦ ᠳᠦᠷᠢᠮ ᠬᠦᠴᠦᠨ ᠨᠡᠮᠡᠷᠢᠯᠡᠵᠦ ᠬᠤᠪᠢ ᠬᠥᠮᠦᠨ᠎ᠦ᠌ ᠥᠷᠲᠡᠭ᠎ᠦᠨ ᠬᠤᠪᠢᠷᠠᠯᠲᠠ᠎ᠶᠢ ᠭᠡᠷᠡᠴᠢᠯᠡᠪᠡ᠃ ᠡᠨᠡ ᠨᠢ ᠶᠠᠭ ᠤᠷᠲᠤ ᠰᠣᠪᠢᠯᠠᠯᠲᠠ᠎ᠶᠢᠨ ᠳᠠᠭ᠋ᠠᠳᠬᠠᠯ ᠨᠢ ᠬᠠᠷᠠᠭ᠋ᠠᠯᠵᠠᠬᠤ ᠦᠢ᠍ᠯᠡᠴᠢᠯᠡᠭᠡ᠎ᠶᠢᠨ ᠲᠤᠰᠭᠠᠢᠵᠢᠯᠲᠠ᠂ ᠠᠵᠢᠯ ᠮᠡᠷᠭᠡᠵᠢᠯᠲᠡᠳ᠎ᠢ ᠠᠬᠢᠭᠤᠯᠬᠤ ᠬᠤᠷᠢᠶᠠᠩᠭᠤᠢ᠌ᠯᠠᠯ ᠮᠥ᠋ᠨ᠃
2024 ᠣᠨ᠎ᠤ 2 ᠳ᠋ᠤᠭ᠋ᠠᠷ ᠰᠠᠷ᠎ᠠ᠎ᠳᠤ᠂ 《 ᠤᠷᠳᠤ ᠬᠤᠭᠤᠴᠠᠭ᠋ᠠᠨ᠎ᠤ ᠬᠠᠷᠠᠭ᠋ᠠᠯᠵᠠᠨ ᠠᠰᠠᠷᠠᠭᠴᠢ 》᠎ᠶ᠋ᠢ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠮᠡᠷᠭᠡᠵᠢᠯ᠎ᠤᠨ ᠲᠦᠷᠦᠯ ᠬᠤᠪᠢᠶᠠᠭ᠍ᠰᠠᠨ ᠶᠡᠭᠡ ᠲᠤᠯᠢ 》᠎ᠳᠤ ᠵᠢᠩᠬᠢᠨᠢ᠎ᠪᠠᠷ ᠣᠷᠣᠭᠤᠯᠤᠭ᠍ᠰᠠᠨ᠎ᠨᠢ ᠡᠨᠡ ᠬᠦ᠌ ᠠᠵᠢᠯ ᠮᠡᠷᠭᠡᠵᠢᠯ᠎ᠤᠨ ᠲᠤᠰᠭᠠᠢᠵᠢᠭ᠍ᠰᠠᠨ᠂ ᠵᠢᠷᠤᠮᠵᠢᠭ᠍ᠰᠠᠨᠢ ᠬᠠᠷᠠᠭᠤᠯᠵᠤ ᠪᠠᠢᠨ᠎ᠠ᠃
ᠣᠢᠷ᠎ᠠ᠎ᠶ᠋ᠢᠨ ᠵᠢᠯ᠎ᠠᠴᠠ ᠨᠠᠭ᠋ᠠᠰᠢ᠂ ᠣᠷᠳᠣ ᠰᠤᠪᠢᠯᠠᠯᠲᠠ᠎ᠶ᠋ᠢᠨ ᠳᠠᠭᠠᠳᠭᠠᠯ 《 ᠴᠡᠭ ᠲᠣᠭᠲᠠᠭ᠋ᠠᠭᠰᠠᠨ ᠪᠠᠢᠭᠤᠯᠤᠮᠵᠢ᠎ᠶ᠋ᠢᠨ ᠬᠠᠮᠢᠶᠠᠷᠤᠯᠲᠠ + ᠠᠵᠢᠯ ᠮᠡᠷᠭᠡᠵᠢᠯ᠎ᠤᠨ ᠪᠣᠯᠪᠠᠰᠤᠷᠠᠯ 》᠎ᠤᠨ ᠬᠤᠤᠰ ᠬᠦᠷᠳᠦ᠍᠎ᠪᠠᠷ ᠬᠥᠳᠡᠯᠭᠡᠭᠦᠷ ᠪᠣᠯᠭᠠᠵᠤ᠂ ᠬᠠᠷᠠᠭᠠᠯᠵᠠᠨ ᠠᠰᠠᠷᠠᠬᠤ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠄ ᠨᠢᠭᠡ ᠲᠠᠯ᠎ᠠ᠎ᠪᠠᠷ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ 8000 ᠭᠠᠷᠤᠶ ᠴᠡᠭ ᠲᠣᠭᠲᠠᠭ᠋ᠠᠭᠰᠠᠨ ᠦᠢᠯᠡᠴᠢᠯᠡᠭᠡᠨ᠎ᠤ ᠪᠠᠢᠭᠤᠯᠤᠮᠵᠢ᠎ᠳᠤ ᠬᠡᠯᠡᠯᠴᠡᠭᠡᠷ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠦᠢᠯᠡᠴᠢᠯᠡᠭᠡᠨ᠎ᠤ ᠪᠠᠷᠢᠮᠵᠢᠶ᠎ᠠ᠎ᠶ᠋ᠢ ᠵᠢᠷᠤᠮᠵᠢᠭᠤᠯᠪᠠ; ᠨᠥᠭᠦᠭᠡ ᠲᠠᠯ᠎ᠠ᠎ᠪᠠᠷ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠲᠠᠢ ᠬᠠᠮᠲᠤᠷᠠᠨ 《 ᠡᠷᠡᠭᠦᠯ ᠮᠡᠨᠳᠦ᠍᠎ᠶ᠋ᠢᠨ ᠬᠠᠷᠠᠭ᠋ᠠᠯᠵᠠᠨ ᠠᠰᠠᠷᠠᠭᠴᠢ ( ᠣᠷᠳᠣ ᠬᠤᠭᠤᠴᠠᠭ᠋ᠠᠨ᠎ᠤ ᠬᠠᠷᠠᠭ᠋ᠠᠯᠵᠠᠨ ᠠᠰᠠᠷᠠᠭᠴᠢ ) ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ ( 2024 ᠣᠨ᠎ᠤ ᠬᠡᠪᠯᠡᠯ )》᠎ᠶ᠋ᠢ ᠨᠡᠢᠲᠡᠯᠡᠵᠦ᠍᠂ ᠲᠤᠰᠭᠠᠢᠵᠢᠭ᠍ᠰᠠᠨ ᠬᠠᠷᠠᠭ᠋ᠠᠯᠵᠠᠨ ᠠᠰᠠᠷᠠᠬᠤ ᠡᠩᠨᠡᠭᠡ᠎ᠶ᠋ᠢᠨ ᠬᠥᠮᠦᠵᠢᠯ᠎ᠢ ᠠᠬᠢᠭᠤᠯᠪᠠ᠃
ᠡᠢ᠌ᠮᠦᠷᠬᠦᠦ 《 ᠲᠦᠷᠢᠮ ᠠᠵᠢᠯ ᠮᠡᠷᠭᠡᠵᠢᠯ᠎ᠳᠤ ᠬᠦᠴᠦᠨ ᠨᠡᠮᠡᠷᠢᠯᠡᠵᠦ᠂ ᠠᠵᠢᠯ ᠮᠡᠷᠭᠡᠵᠢᠯ᠎ᠢᠶᠠᠷ ᠠᠷᠠᠳ᠎ᠤᠨ ᠠᠮᠢᠳᠤᠷᠠᠯ᠎ᠢ ᠲᠡᠳᠬᠦᠬᠦ᠌ 》 ᠣᠷᠴᠢᠯ᠎ᠨᠢ ᠴᠢᠳᠠᠪᠤᠷᠢ᠎ᠪᠠᠨ ᠠᠯᠳᠠᠭ᠍ᠰᠠᠨ ᠭᠡᠷ ᠪᠦᠯᠢ᠎ᠳᠤ ᠲᠤᠰᠭᠠᠶ ᠮᠡᠷᠭᠡᠵᠢᠯ᠎ᠤᠨ ᠬᠠᠷᠠᠭ᠋ᠠᠯᠵᠠᠨ ᠠᠰᠠᠷᠠᠬᠤ ᠬᠦᠴᠦᠨ ᠴᠢᠳᠠᠯ ᠬᠦᠷᠭᠡᠵᠦ᠍ ᠥᠭ᠌ᠭᠦᠭ᠌ᠰᠡᠨ᠎ᠢᠶᠠᠷ ᠪᠠᠷᠠᠬᠤ ᠥᠬᠡᠶ ᠪᠠᠰᠠ ᠠᠵᠢᠯ ᠮᠡᠷᠭᠡᠵᠢᠯ᠎ᠤᠨ ᠬᠥᠭ᠌ᠵᠢᠯᠲᠡ᠎ᠶ᠋ᠢ ᠬᠦᠴᠦᠲᠡᠶ ᠠᠬᠢᠭᠤᠯᠵᠤ᠂ ᠨᠡᠢᠭᠡᠮ᠎ᠤᠨ ᠮᠡᠳᠡᠷᠡᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠪᠡ᠃ ᠤᠯᠠᠮ᠎ᠠᠴᠠ ᠤᠯᠠᠮ ᠤᠯᠠᠨ ᠠᠵᠢᠯ ᠡᠷᠬᠢᠯᠡᠭ᠌ᠴᠢᠳ ᠣᠷᠣᠯᠴᠠᠵᠤ᠂ ᠤᠷᠳᠤ ᠰᠣᠪᠢᠯᠠᠯᠲᠠ᠎ᠶ᠋ᠢᠨ ᠳᠠᠭᠠᠳᠭᠠᠯ᠎ᠨᠢ ᠶᠠᠭ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠲᠣᠭᠲᠠᠯᠴᠠᠭ᠎ᠠ᠎ᠪᠠᠷ 《 ᠴᠢᠳᠠᠪᠤᠷᠢ᠎ᠪᠠᠨ ᠠᠯᠳᠠᠭ᠍ᠰᠠᠳ ᠨᠡᠷ᠎ᠡ ᠬᠦᠨᠳᠦ᠍᠎ᠲᠠᠢ᠂ ᠬᠠᠷᠠᠭᠠᠯᠵᠠᠨ ᠠᠰᠠᠷᠠᠭᠴᠢᠳ ᠦᠨ᠎ᠡ ᠦᠷᠳᠡᠭ᠎ᠲᠠᠢ 》 ᠠᠷᠠᠳ᠎ᠤᠨ ᠠᠮᠢᠳᠤᠷᠠᠯ᠎ᠤᠨ ᠬᠠᠷᠠᠯᠲᠠ᠎ᠶ᠋ᠢ ᠪᠡᠶᠡᠯᠡᠭᠦᠯᠪᠡ᠃
ᠲᠡᠭᠦᠰᠭᠡᠯ
《 ᠶᠣᠰᠣᠯᠠᠯ᠎ᠤᠨ ᠲᠡᠮᠳᠡᠭ᠌ᠯᠡᠯ 》᠎ᠳᠤ 《 ᠨᠠᠰᠤᠲᠠᠨ᠎ᠢ ᠠᠰᠠᠷᠠᠮᠵᠢ᠎ᠲᠠᠢ ᠪᠣᠯᠭ᠋ᠠᠬᠤ 》 ᠮᠢᠩᠭᠠᠨ ᠵᠢᠯ᠎ᠤᠨ ᠬᠦᠰᠡᠯᠡᠩ᠎ᠠᠴᠠ ᠤᠷᠲᠤ ᠰᠣᠪᠢᠯᠠᠯᠲᠠ᠎ᠶᠢᠨ ᠳᠠᠭ᠋ᠠᠳᠬᠠᠯ ᠬᠦᠷᠲᠡᠯ᠎ᠡ ᠤᠯᠤᠰ᠎ᠤᠨ ᠳᠦᠷᠢᠮ᠎ᠤᠨ ᠬᠡᠯᠪᠡᠷᠢ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠡᠭᠦᠨ᠎ᠤ ᠭᠤᠣᠯᠯᠠᠭ᠍ᠴᠢ ᠦᠷᠳᠡᠭ᠎ᠨᠢ ᠨᠢᠭᠡᠨᠲᠡ ᠤᠯᠠᠮᠵᠢᠯᠠᠯᠲᠤ ᠨᠠᠰᠤᠵᠢᠯ᠎ᠤᠨ ᠠᠰᠠᠷᠠᠮᠵᠢ᠎ᠶ᠋ᠢᠨ ᠪᠠᠲᠤᠯᠠᠭ᠎ᠠ᠎ᠠᠴᠠ᠂ ᠴᠢᠳᠠᠪᠤᠷᠢ᠎ᠪᠠᠨ ᠠᠯᠳᠠᠭ᠍ᠰᠠᠨ ᠬᠥᠮᠥᠨ ᠨᠢᠭᠡᠪᠦᠷᠢ᠎ᠶ᠋ᠢᠨ ᠨᠡᠷ᠎ᠡ ᠬᠦᠨᠳᠦ᠍᠎ᠶ᠋ᠢ ᠪᠠᠲᠤᠯᠠᠵᠤ᠂ ᠬᠠᠷᠠᠭ᠋ᠠᠯᠵᠠᠨ ᠠᠰᠠᠷᠠᠭᠴᠢ᠎ᠪᠠᠷ ᠲᠤᠯᠭᠠᠭᠤᠷᠢᠯᠠᠭᠤᠯᠤᠭ᠍ᠰᠠᠨ ᠨᠡᠢᠭᠡᠮ᠎ᠤᠨ ᠠᠮᠠᠯᠠᠯᠲᠠ᠎ᠪᠠᠨ ᠥᠷᠭᠡᠳᠭᠡᠬᠦ᠌ ᠬᠡᠷᠡᠭ᠌ᠲᠡᠢ᠃
ᠮᠠᠨ᠎ᠤ ᠤᠯᠤᠰ᠎ᠤᠨ 《 ᠪᠤᠭᠤᠷᠤᠯᠴᠤᠳ᠎ᠤᠨ ᠳᠠᠪᠠᠯᠭᠠᠨ 》᠎ᠢ ᠠᠷᠭᠠᠴᠠᠭᠠᠬᠤ ᠴᠢᠬᠤᠯᠠ ᠳᠦᠷᠢᠮ᠎ᠤᠨ ᠲᠣᠬᠢᠷᠠᠭᠤᠯᠤᠯᠲᠠ ᠪᠣᠯᠤᠭ᠍ᠰᠠᠨ᠎ᠤ ᠬᠤᠪᠢ᠎ᠳᠤ᠂ ᠤᠷᠲᠤ ᠰᠤᠪᠢᠯᠠᠯᠲᠠ᠎ᠶᠢᠨ ᠳᠠᠭ᠋ᠠᠳᠬᠠᠯ᠎ᠢ ᠶᠠᠭ ᠨᠢᠭᠡ ᠬᠣᠣᠰ ᠮᠢᠩᠭᠠᠨ ᠲᠦᠮᠡᠨ ᠭᠡᠷ ᠪᠦᠯᠢ ᠲᠡᠢ᠌ᠰᠢ ᠰᠤᠨᠵᠢᠷᠠᠭ᠍ᠰᠠᠨ ᠬᠠᠯᠠᠭᠤᠨ ᠳᠤᠯᠠᠭ᠋ᠠᠨ ᠭᠠᠷ ᠮᠡᠲᠦ᠂ 《 ᠨᠢᠭᠡ ᠬᠥᠮᠥᠨ ᠴᠢᠳᠠᠪᠤᠷᠢ᠎ᠪᠠᠨ ᠠᠯᠳᠠᠪᠠᠯ᠂ ᠪᠦᠬᠦ᠌ ᠭᠡᠷ ᠲᠡᠩᠴᠡᠭᠦᠷᠢ᠎ᠪᠠᠨ ᠠᠯᠳᠠᠬᠤ 》 ᠪᠣᠳᠠᠲᠤ ᠳᠠᠷᠤᠯᠲᠠ᠎ᠶ᠋ᠢ ᠠᠷᠢᠯᠭᠠᠬᠤ᠎ᠪᠠᠷ ᠴᠢᠷᠮᠠᠢᠨ᠎ᠠ᠃ ᠲᠤᠰᠭᠠᠶ ᠮᠡᠷᠭᠡᠵᠢᠯ᠎ᠤᠨ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠬᠤ᠎ᠪᠠᠷ ᠳᠠᠮᠵᠢᠭᠤᠯᠤᠨ ᠭᠡᠷ ᠪᠦᠯᠢ᠎ᠶ᠋ᠢᠨ ᠬᠠᠷᠠᠭᠠᠯᠵᠠᠨ ᠠᠰᠠᠷᠠᠬᠤ ᠳᠠᠷᠤᠭᠠᠰᠤ᠎ᠶ᠋ᠢ ᠪᠦᠲᠦᠮᠵᠢᠲᠡᠶ ᠬᠥᠩᠭᠡᠷᠡᠭᠦᠯᠵᠦ᠍᠂ ᠬᠠᠷᠠᠭᠠᠯᠵᠠᠨ ᠠᠰᠠᠷᠠᠬᠤ ᠴᠢᠬᠤᠯᠠᠲᠠᠶ ᠴᠢᠳᠠᠪᠤᠷᠢ᠎ᠪᠠᠨ ᠠᠯᠳᠠᠭ᠍ᠰᠠᠨ ᠬᠦᠮᠦᠰ᠎ᠢ ᠲᠦᠷᠢᠮ᠎ᠤᠨ ᠡᠷᠭᠦᠨ ᠲᠤᠰᠠᠯᠠᠯᠲᠠ ᠳᠣᠣᠷ᠎ᠠ ᠬᠦᠨᠳᠦᠳᠭᠡᠵᠦ᠍ ᠬᠠᠯᠠᠮᠵᠢᠯᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃