ᠡᠷᠡᠭᠦᠯ ᠡᠩᠬᠡ ᠳᠤᠮᠳᠠᠳᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠪᠠᠢᠭᠤᠯᠤᠯᠲᠠ᠎ᠪᠠᠷ ᠣᠯᠠᠨ ᠲᠦᠮᠡᠨ᠎ᠤ ᠪᠠᠢᠭᠤᠯᠤᠯᠲᠠ᠎ᠶ᠋ᠢ ᠳᠠᠢᠴᠢᠯᠠᠬᠤ᠂ ᠣᠯᠠᠨ ᠲᠦᠮᠡᠨ᠎ᠤ ᠪᠠᠢᠭᠤᠯᠤᠯᠲᠠ᠎ᠪᠠᠷ ᠨᠠᠮ᠎ᠤᠨ ᠪᠠᠢᠭᠤᠯᠤᠯᠲᠠ᠎ᠶ᠋ᠢ ᠠᠬᠢᠭᠤᠯᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠱᠢᠨ᠎ᠡ ᠰᠠᠯᠠᠭ᠎ᠠ ᠲᠠᠰᠤᠭ᠎ᠢ ᠳᠠᠬᠢᠨ ᠵᠣᠬᠢᠶᠠᠨ ᠪᠠᠢᠭᠤᠯᠤᠭ᠍ᠰᠠᠨ᠎ᠤ ᠳᠠᠷᠠᠭᠠᠬᠢ ᠪᠦᠯᠬᠦᠮ ᠨᠡᠢᠲᠡ᠎ᠶ᠋ᠢᠨ ᠬᠦᠴᠦᠨ᠎ᠢ ᠤᠯᠠᠮ ᠨᠢᠭᠡ ᠠᠯᠬᠤᠮ ᠨᠢᠭ᠍ᠲᠠᠷᠠᠭᠤᠯᠬᠤ᠎ᠶ᠋ᠢᠨ ᠲᠥᠯᠥᠭᠡ᠂ 12 ᠳ᠋ᠤᠭ᠋ᠠᠷ ᠰᠠᠷ᠎ᠠ᠎ᠶ᠋ᠢᠨ 10 ᠤ ᠡᠳᠦᠷ᠎ᠤᠨ ᠦᠳᠡ᠎ᠶ᠋ᠢᠨ ᠬᠤᠢᠨ᠎ᠠ᠂ ᠪᠠᠢᠭᠤᠯᠭ᠎ᠠ᠎ᠶ᠋ᠢᠨ ᠬᠦᠷᠢᠶᠡᠨ᠎ᠳᠤ 《 ᠰᠡᠳᠭᠢᠯ᠎ᠢᠶᠠᠨ ᠨᠢᠭᠡᠳᠭᠡᠨ ᠬᠦᠴᠦ᠍᠎ᠪᠠᠨ ᠬᠠᠮᠲᠤᠳᠭᠠᠵᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍ • ᠪᠦᠯᠬᠦᠮᠳᠡᠨ ᠲᠡᠮᠡᠴᠡᠵᠦ ᠱᠢᠨ᠎ᠡ ᠠᠶᠠᠨ᠎ᠳᠦ ᠡᠷᠡᠯᠬᠡᠭᠯᠡᠨ ᠤᠷᠤᠭᠰᠢᠯᠠᠶ᠎ᠠ 》 ᠡᠪᠦᠯ᠎ᠤᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠢ ᠡᠷᠭᠢᠯᠡᠵᠦ᠍᠂ ᠲᠥᠪ᠎ᠤᠨ ᠪᠥᠬᠦ᠌ ᠺᠠᠳ᠋ᠷ ᠠᠵᠢᠯᠲᠠᠨ ᠠᠵᠢᠯᠴᠢᠨ ᠢᠳᠡᠪᠬᠢᠲᠡᠶ᠎ᠪᠠᠷ ᠣᠷᠣᠯᠴᠠᠵᠠᠶ᠃

ᠲᠤᠰ ᠤᠳᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠲᠥᠪ᠎ᠤᠨ ᠠᠵᠢᠯᠴᠢᠨ᠎ᠤ ᠡᠪᠯᠡᠯ᠎ᠠᠴᠠ ᠲᠦᠷᠦᠭᠦᠯᠡᠨ ᠵᠣᠬᠢᠶᠠᠨ ᠪᠠᠢᠭᠤᠯᠵᠤ᠂ ᠨᠠᠮ᠎ᠤᠨ ᠪᠠᠢᠭᠤᠯᠤᠯᠲᠠ᠎ᠪᠠᠷ ᠤᠯᠠᠨ ᠲᠦᠮᠡᠨ᠎ᠤ ᠪᠦᠯᠬᠦᠮ᠎ᠤᠨ ᠠᠵᠢᠯ᠎ᠢ ᠬᠦᠳᠦᠯᠦᠨ ᠳᠠᠭᠠᠭᠤᠯᠬᠤ ᠭᠤᠣᠯ ᠪᠣᠯᠬᠤ ᠠᠮᠢᠳᠤᠯᠢᠭ ᠦᠢᠯᠡᠳᠦᠯᠭᠡ ᠪᠣᠯᠤᠨ᠎ᠠ᠃ ᠬᠦᠳᠡᠯᠭᠡᠭᠡᠨ᠎ᠤ ᠳᠤᠮᠳᠠ ᠳᠡᠭᠡᠰᠦ ᠲᠠᠲᠠᠬᠤ᠂ ᠲᠡᠪᠡᠭ ᠢᠰᠭᠦᠯᠬᠦ᠂ ᠳᠡᠭᠡᠰᠦ ᠦᠰᠦᠷᠬᠦ᠌ ᠵᠡᠷᠭᠡ ᠥᠷᠢᠰᠦᠯᠳᠦᠭᠡᠨ᠎ᠤ ᠴᠢᠨᠠᠷᠲᠠᠢ ᠪᠠ ᠰᠣᠨᠢᠷᠬᠠᠯᠲᠤ ᠴᠢᠨᠠᠷᠲᠠᠢ ᠲᠥᠷᠥᠯ ᠵᠦᠢᠯ᠎ᠢ ᠲᠣᠬᠢᠷᠠᠭᠤᠯᠵᠤ᠂ ᠠᠵᠢᠯᠲᠠᠨ ᠠᠵᠢᠯᠴᠢᠨ᠎ᠤ ᠬᠥᠳᠡᠯᠭᠡᠭᠡᠨ᠎ᠤ ᠬᠡᠷᠡᠭ᠌ᠴᠡᠭᠡ᠎ᠳᠤ ᠭᠦᠢᠴᠡᠳ ᠨᠡᠢ᠌ᠴᠡᠭᠦᠯᠪᠡ᠃ ᠤᠷᠤᠯᠳᠤᠭᠠᠨ᠎ᠤ ᠲᠠᠯᠠᠪᠠᠢ᠎ᠳᠤ᠂ ᠤᠷᠤᠯᠳᠤᠭᠠᠨ᠎ᠳᠤ ᠣᠷᠣᠯᠴᠠᠭ᠍ᠰᠠᠨ ᠠᠵᠢᠯᠲᠠᠳ ᠪᠦᠯᠬᠦᠮᠳᠡᠨ ᠬᠠᠮᠵᠢᠯᠴᠠᠬᠤ᠂ ᠨᠤᠭᠤᠷᠠᠰᠢ ᠦᠭᠡᠢ ᠲᠡᠮᠡᠴᠡᠬᠦ᠌ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠰᠠᠢᠨ ᠰᠠᠢᠬᠠᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ; ᠤᠷᠤᠯᠳᠤᠭ᠋ᠠᠨ᠎ᠤ ᠲᠠᠯᠠᠪᠠᠢ᠎ᠶᠢᠨ ᠭᠠᠳᠠᠨ᠎ᠠ᠂ ᠬᠥᠭᠵᠢᠭᠡᠨ ᠳᠡᠮᠵᠢᠬᠦ ᠪᠠᠭ ᠬᠠᠯᠠᠭᠤᠨ ᠰᠡᠳᠬᠢᠯᠭᠡ᠎ᠪᠡᠷ ᠰᠦᠷ ᠬᠦᠴᠦᠨ ᠨᠡᠮᠡᠵᠦ᠂ ᠠᠬᠤᠢ ᠲᠠᠯᠠᠪᠠᠢ᠎ᠶᠢᠨ ᠠᠭᠤᠷ ᠠᠮᠢᠰᠬᠤᠯ ᠬᠥᠭᠵᠢᠶᠡᠨ ᠲᠠᠢ ᠡᠶ᠎ᠡ ᠨᠠᠢ᠌ᠷ ᠲᠠᠢ ᠪᠣᠯᠭ᠋ᠠᠪᠠ᠃
ᠲᠣᠰ ᠤᠳᠠᠭᠠᠨ᠎ᠤ ᠠᠵᠢᠯᠯᠠᠭ᠎ᠠ᠎ᠨᠢ ᠠᠵᠢᠯᠲᠠᠨ ᠠᠵᠢᠯᠴᠢᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠬᠥᠳᠡᠯᠭᠡᠭᠡᠨ᠎ᠢᠶᠠᠷ ᠬᠤᠯᠪᠣᠭᠠᠰᠤ ᠪᠣᠯᠭᠠᠨ ᠪᠦᠯᠬᠦᠮ ᠨᠡᠢᠲᠡ᠎ᠶ᠋ᠢᠨ ᠨᠢᠭ᠍ᠲᠠᠷᠠᠯ᠎ᠤᠨ ᠬᠦᠴᠦᠨ᠎ᠢ ᠴᠢᠩᠭᠠᠳᠭᠠᠵᠤ᠂ ᠨᠠᠮ᠎ᠤᠨ ᠪᠠᠢᠭᠤᠯᠤᠯᠲᠠ᠎ᠶ᠋ᠢᠨ ᠬᠥᠲᠥᠯᠦᠨ ᠳᠠᠭᠠᠭᠤᠯᠬᠤ ᠦᠢᠯᠡᠳᠦᠯ᠎ᠢ ᠦᠨᠡᠨ ᠬᠦ᠌ ᠣᠯᠠᠨ ᠲᠦᠮᠡᠨ᠎ᠤ ᠪᠦᠯᠬᠦᠮ᠎ᠤᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠪᠣᠯᠭᠠᠨ ᠬᠤᠪᠢᠷᠠᠭᠤᠯᠪᠠ᠃ ᠲᠠᠷᠠᠭᠠᠴᠢ᠎ᠶ᠋ᠢᠨ ᠠᠯᠬᠤᠮ᠎ᠳᠤ᠂ ᠲᠥᠪ᠎ᠠᠴᠠ ᠨᠠᠮ᠎ᠤᠨ ᠪᠠᠢᠭᠤᠯᠤᠯᠲᠠ᠎ᠪᠠᠷ ᠣᠯᠠᠨ ᠲᠦᠮᠡᠨ᠎ᠤ ᠪᠠᠢᠭᠤᠯᠤᠯᠲᠠ᠎ᠶ᠋ᠢ ᠳᠠᠢᠴᠢᠯᠠᠬᠤ ᠠᠵᠢᠯ᠎ᠤᠨ ᠲᠣᠭ᠍ᠲᠠᠴᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠣᠯᠠᠨ ᠲᠦᠮᠡᠨ᠎ᠤ ᠪᠦᠯᠬᠦᠮ᠎ᠤᠨ ᠠᠵᠢᠯᠯᠠᠭ᠎ᠠ᠎ᠶ᠋ᠢᠨ ᠬᠡᠯᠪᠡᠷᠢ᠎ᠶ᠋ᠢ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠠᠵᠢᠯᠲᠠᠨ ᠠᠵᠢᠯᠴᠢᠨ᠎ᠢ ᠬᠥᠲᠥᠯᠦᠨ ᠵᠢᠯᠣᠭᠤᠳᠴᠤ᠌ ᠪᠠᠢᠭᠠᠳ ᠤᠷᠤᠯᠳᠤᠭᠠᠨ᠎ᠤ ᠲᠠᠯᠠᠪᠠᠢ ᠳᠡᠭᠡᠷᠡᠬᠢ ᠡᠷᠡᠯᠬᠡᠭ᠌ᠯᠡᠨ ᠲᠡᠮᠡᠴᠡᠬᠦ᠌ ᠵᠣᠷᠢᠭ ᠰᠠᠨᠠᠭ᠎ᠠ᠎ᠶ᠋ᠢ ᠡᠮ ᠡᠮᠨᠡᠯᠭᠡ᠎ᠶ᠋ᠢᠨ ᠬᠤᠳᠠᠯᠳᠤᠨ ᠠᠪᠬᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ᠃