ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠡᠪᠡᠳᠴᠢᠨ᠎ᠤ ᠵᠦᠢ᠎ᠶ᠋ᠢᠨ ᠪᠠᠢᠴᠠᠭᠠᠯᠲᠠ᠎ᠶ᠋ᠢᠨ ᠣᠨᠣᠱᠢᠯᠠᠬᠤ ᠦᠨ᠎ᠡ᠎ᠶᠢᠨ ᠰᠡᠳᠦᠪ ᠲᠣᠭᠲᠠᠭ᠋ᠠᠬᠤ᠎ᠶ᠋ᠢ ᠨᠠᠷᠢᠵᠢᠭᠵᠢᠭᠤᠯᠤᠨ᠎ᠠ
ᠨᠡᠶ᠋ᠢᠲᠡᠯᠡᠭᠰᠡᠨ ᠴᠠᠭ᠄ 2025-12-19

  ᠡᠪᠡᠳᠴᠢᠨ᠎ᠤ ᠵᠦᠢ᠎ᠶᠢ ᠠᠨᠠᠭᠠᠬᠤ ᠤᠬᠠᠭᠠᠨ᠎ᠤ ᠤᠨᠤᠱᠢᠯᠠᠯᠳᠠ᠎ᠶ᠋ᠢᠨ 《 ᠠᠯᠳᠠᠨ ᠪᠠᠷᠢᠮᠵᠢᠶ᠎ᠠ 》ᠭᠡᠵᠦ᠍ ᠦᠵᠡᠳᠡᠭ᠂ ᠡᠰ᠎ᠤᠨ ᠡᠪᠡᠳᠴᠢᠨ᠎ᠤ ᠵᠦᠢ᠂ ᠵᠣᠬᠢᠶᠠᠨ ᠪᠠᠢ᠌ᠭᠤᠯᠤᠯᠲᠠ᠎ᠶᠢᠨ ᠡᠪᠡᠳᠴᠢᠨ᠎ᠤ ᠵᠦᠢ ᠵᠢᠴᠢ ᠮᠤᠯᠧᠺᠦ᠋ᠯ᠎ᠤᠨ ᠡᠪᠡᠳᠴᠢᠨ᠎ᠤ ᠵᠦᠢ ᠵᠡᠷᠭᠡ ᠮᠡᠷᠭᠡᠵᠢᠯ᠎ᠤᠨ ᠲᠡᠪᠴᠡᠩ᠎ᠳᠤ ᠲᠦᠱᠢᠭ᠌ᠯᠡᠨ᠂ ᠡᠪᠡᠳᠴᠢᠨ᠎ᠤ ᠬᠤᠪᠢᠷᠠᠯᠳᠠ᠎ᠶ᠋ᠢᠨ ᠵᠤᠬᠢᠶᠠᠨ ᠪᠠᠢᠭᠤᠯᠤᠯᠳᠠ ᠪᠤᠯᠤᠨ ᠡᠰ᠎ᠤᠨ ᠨᠠᠷᠢᠯᠢᠭ ᠵᠠᠳᠠᠯᠤᠯᠳᠠ᠎ᠪᠠᠷ ᠲᠠᠮᠵᠢᠨ᠂ ᠡᠪᠡᠳᠴᠢᠨ ᠡᠮᠭᠡᠭ᠎ᠤᠨ ᠲᠦᠷᠦᠯ ᠵᠦᠢᠯ᠂ ᠬᠠᠪᠤᠳᠠᠷ᠎ᠤᠨ ᠬᠡᠯᠪᠡᠷᠢ ᠬᠤᠪᠢᠶᠠᠬᠤ ᠵᠢᠴᠢ ᠵᠠᠩᠬᠢᠯᠠᠭ᠎ᠠ᠎ᠶ᠋ᠢᠨ ᠭᠧᠨ᠎ᠤ ᠬᠡᠨᠡᠳᠳᠡ᠎ᠶ᠋ᠢᠨ ᠬᠤᠪᠢᠷᠠᠯᠳᠠ᠎ᠶ᠋ᠢ ᠲᠤᠳᠤᠷᠬᠠᠢ ᠪᠤᠯᠭᠠᠵᠦ᠍᠂ ᠡᠬᠦᠨ᠎ᠤ ᠤᠯᠠᠮ᠎ᠠᠴᠠ ᠡᠮᠴᠢᠯᠡᠭᠡᠨ᠎ᠤ ᠤᠨᠤᠱᠢᠯᠠᠬᠤ ᠲᠦᠰᠦᠯ᠎ᠢ ᠲᠤᠭ᠍ᠳᠠᠭᠠᠬᠤ᠎ᠳᠤ ᠵᠠᠩᠬᠢᠯᠠᠭ᠎ᠠ᠎ᠶ᠋ᠢᠨ ᠦᠨᠳᠦᠰᠦᠯᠡᠯ ᠬᠠᠩᠭᠠᠵᠦ᠍᠂ ᠪᠤᠳᠠᠭᠠᠯᠢ ᠪᠡᠶ᠎ᠡ᠎ᠶ᠋ᠢᠨ ᠤᠨᠤᠪᠴᠢᠳᠠᠢ ᠵᠠᠰᠠᠯᠳᠠ ᠬᠢᠬᠦ᠌᠎ᠶ᠋ᠢ ᠠᠬᠢᠭᠤᠯᠪᠠ᠃

  ᠣᠢᠷ᠎ᠠ᠎ᠳᠤ᠂ ᠤᠯᠤᠰ᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠲᠣᠪᠴᠢᠶ᠎ᠠ 《 ᠡᠪᠡᠳᠴᠢᠨ᠎ᠤ ᠵᠦᠶ᠎ᠶ᠋ᠢᠨ ᠲᠥᠷᠥᠯ᠎ᠤᠨ ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠰᠡᠳᠦᠪ ᠲᠣᠭ᠍ᠲᠠᠭᠠᠬᠤ ᠵᠦᠭ᠌ᠯᠡᠭᠦᠷ ( ᠲᠤᠷᠱᠢᠨ ᠬᠡᠷᠡᠭ᠌ᠵᠢᠭᠦᠯᠬᠦ᠌ )》 ( ᠳᠣᠷᠣᠭ᠍ᠰᠢ 《 ᠰᠡᠳᠦᠪ ᠲᠣᠭ᠍ᠲᠠᠭᠠᠬᠤ ᠵᠦᠭ᠌ᠯᠡᠭᠦᠷ 》 ᠭᠡᠵᠦ᠍ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠵᠤ᠂ ᠣᠲᠣ᠎ᠶ᠋ᠢᠨ ᠪᠠᠢᠭ᠎ᠠ ᠡᠪᠡᠳᠴᠢᠨ᠎ᠤ ᠵᠦᠶ᠎ᠶ᠋ᠢᠨ ᠲᠥᠷᠥᠯ᠎ᠤᠨ ᠦᠨ᠎ᠡ ᠬᠠᠩᠰᠢ᠎ᠶ᠋ᠢᠨ ᠲᠥᠷᠥᠯ ᠵᠦᠢᠯ᠎ᠢ ᠱᠢᠰᠲ᠋ᠧᠮᠲᠦ ᠴᠢᠨᠠᠷᠲᠠᠶ᠎ᠪᠠᠷ ᠳᠠᠬᠢᠨ ᠱᠤᠭᠤᠵᠤ᠂ ᠠᠮᠢᠳᠤ ᠨᠡᠬᠡᠳᠡᠰᠦ᠎ᠶᠢᠨ ᠪᠠᠢ᠌ᠴᠠᠭ᠋ᠠᠯᠲᠠ᠎ᠶᠢᠨ ᠦᠯᠢᠭᠡᠷ ᠠᠪᠬᠤ᠂ ᠥᠯᠢᠭᠡᠷ᠎ᠢ ᠰᠢᠢ᠍ᠳᠪᠦᠷᠢᠯᠡᠬᠦ᠂ ᠭᠡᠷᠴᠢᠮᠡᠯ᠎ᠢ ᠬᠠᠭᠤᠯᠪᠤᠷᠢᠯᠠᠬᠤ᠂ ᠡᠪᠡᠳᠴᠢᠨ᠎ᠤ ᠵᠦᠶ᠎ᠶ᠋ᠢᠨ ᠪᠣᠳᠣᠭᠯᠠᠬᠤ᠂ ᠡᠪᠡᠳᠴᠢᠨ᠎ᠤ ᠵᠦᠶ᠎ᠶ᠋ᠢᠨ ᠣᠨᠣᠱᠢᠯᠠᠯᠲᠠ ᠵᠡᠷᠭᠡ ᠭᠤᠭ᠍ᠴᠤᠭ᠎ᠠ᠎ᠳᠤ ᠦᠨ᠎ᠡ ᠬᠠᠩᠰᠢ᠎ᠶᠢᠨ ᠲᠥᠷᠥᠯ ᠵᠦᠢ᠍ᠯ ᠲᠣᠬᠢᠷᠠᠭᠤᠯᠵᠤ᠂ 28 ᠵᠦᠢᠯ᠎ᠤᠨ ᠦᠨ᠎ᠡ ᠬᠠᠩᠰᠢ᠎ᠶ᠋ᠢᠨ ᠲᠥᠷᠥᠯ ᠵᠦᠢᠯ᠂ 3 ᠵᠦᠢᠯ᠎ᠤᠨ ᠨᠡᠮᠡᠵᠦ᠍ ᠬᠤᠷᠢᠶᠠᠬᠤ ᠵᠦᠢᠯ᠂ 2 ᠵᠦᠢᠯ᠎ᠤᠨ ᠥᠷᠭᠡᠳᠭᠡᠭ᠌ᠰᠡᠨ ᠵᠦᠢᠯ᠎ᠢ ᠪᠣᠶ ᠪᠣᠯᠭᠠᠵᠤ᠂ ᠰᠡᠳᠦᠪ ᠲᠣᠭ᠍ᠲᠠᠭᠠᠵᠤ ᠦᠨ᠎ᠡ ᠲᠣᠭ᠍ᠲᠠᠭᠠᠬᠤ᠎ᠶ᠋ᠢ ᠡᠪᠡᠳᠴᠢᠨ᠎ᠤ ᠵᠦᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠳᠥᠯᠭᠢᠨ ᠠᠬᠢᠭᠤᠯᠵᠤ᠂ ᠮᠥᠨ ᠴᠦ᠍ ᠵᠣᠬᠢᠶᠠᠮᠠᠯ ᠣᠶᠤᠨᠴᠢ ᠲᠤᠰᠠᠯᠠᠬᠤ ᠮᠡᠷᠭᠡᠵᠢᠯ᠎ᠤᠨ ᠬᠡᠷᠡᠭ᠌ᠯᠡᠯᠲᠡ᠎ᠳᠤ ᠰᠢᠨ᠎ᠡ ᠪᠠᠢᠳᠠᠯ ᠪᠣᠶ ᠪᠣᠯᠭᠠᠪᠠ᠃

 

ᠡᠪᠡᠳᠴᠢᠨ᠎ᠤ ᠵᠦᠢ᠎ᠶ᠋ᠢᠨ ᠳ᠋ᠢᠭᠢᠲᠴᠢᠯᠡᠭᠰᠡᠨ ᠬᠡᠷᠴᠢᠮᠡᠯ ᠬᠤᠷᠢᠶᠠᠬᠤ ᠰᠦᠢᠳᠭᠡᠯ᠎ᠢ ᠵᠢᠷᠤᠮᠵᠢᠭᠤᠯᠵᠤ᠂ ᠱᠢᠨ᠎ᠡ ᠠᠬᠤᠢ ᠪᠠᠢᠳᠠᠯ᠎ᠢ ᠶᠡᠭᠡ ᠬᠡᠪᠴᠢᠶ᠎ᠡ᠎ᠪᠠᠷ ᠬᠡᠷᠡᠭ᠌ᠯᠡᠬᠦ᠌ ᠳ᠋ᠠᠢ᠌ᠲ᠋ᠠ᠎ᠶ᠋ᠢᠨ ᠰᠠᠭᠤᠷᠢ᠎ᠶ᠋ᠢ ᠪᠠᠲᠤᠳᠬᠠᠨ᠎ᠠ

  ᠡᠮᠴᠢᠯᠡᠭᠡᠨ᠎ᠦ ᠪᠠᠢᠴᠠᠭᠠᠯᠲᠠ ᠳᠤᠮᠳᠠ᠂ ᠵᠢᠷᠤᠮᠠᠭ᠂ ᠰᠢᠯᠭ᠋ᠠᠨ ᠪᠠᠢᠴᠠᠭᠠᠬᠤ᠂ ᠡᠪᠡᠳᠴᠢᠨ᠎ᠦ ᠵᠦᠢ ᠨᠢ ᠡᠪᠡᠳᠴᠢᠲᠡᠨ᠎ᠦ ᠦᠷᠭᠦᠯᠵᠢ ᠣᠢᠷᠠᠲᠤᠬᠤ ᠭᠤᠷᠪᠠᠨ ᠲᠥᠷᠥᠯ᠎ᠦᠨ ᠪᠠᠢᠴᠠᠭᠠᠯᠲᠠ᠎ᠶ᠋ᠢᠨ ᠠᠷᠭ᠎ᠠ ᠬᠡᠯᠪᠡᠷᠢ ᠪᠣᠯᠤᠨ᠎ᠠ᠃ ᠵᠢᠷᠤᠮᠠᠭ᠎ᠤᠨ ᠪᠠᠢᠴᠠᠭᠠᠯᠲᠠ ᠨᠢ ᠡᠪᠡᠳᠴᠢᠨ᠎ᠦ᠌ ᠬᠤᠪᠢᠷᠠᠯᠲᠠ᠎ᠶᠢᠨ ᠣᠷᠣᠨ ᠪᠠᠢᠷᠢ ᠪᠠ ᠬᠡᠯᠪᠡᠷᠢ ᠪᠠᠢᠳᠠᠯ᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠰᠢᠯᠭ᠋ᠠᠨ ᠪᠠᠢᠴᠠᠭᠠᠬᠤ᠎ᠪᠠᠷ ᠭᠣᠣᠯᠳᠠᠯᠭ᠎ᠠ ᠪᠣᠯᠭᠠᠨ ᠡᠪᠡᠳᠴᠢᠲᠡᠨ᠎ᠦ᠌ ᠹᠢᠽᠢᠣᠯᠣᠭᠢ᠎ᠶᠢᠨ ᠭᠦᠢᠴᠡᠳᠭᠡᠯ ᠲᠣᠭ᠎ᠠ᠎ᠶᠢ ᠪᠠᠢᠴᠠᠭᠠᠨ ᠬᠡᠮᠵᠢᠵᠦ᠍᠂ ᠡᠪᠡᠳᠴᠢᠨ᠎ᠦ᠌ ᠵᠦᠢ᠎ᠶᠢᠨ ᠪᠠᠢᠴᠠᠭᠠᠯᠲᠠ ᠨᠢ ᠡᠪᠡᠳᠴᠢᠨ᠎ᠦ᠌ ᠬᠤᠪᠢᠷᠠᠯᠲᠠ᠎ᠶᠢᠨ ᠰᠢᠨᠵᠢ ᠴᠢᠨᠠᠷ᠂ ᠲᠥᠷᠥᠯ ᠵᠦᠢᠯ᠎ᠢ᠋ ᠲᠣᠭ᠍ᠲᠠᠭᠠᠬᠤ᠎ᠶᠢ ᠴᠢᠬᠤᠯᠠᠴᠢᠯᠠᠵᠤ᠂ ᠪᠠᠰᠠ ᠭᠡᠨᠡᠳᠲᠡ᠎ᠶᠢᠨ ᠬᠤᠪᠢᠷᠠᠯᠲᠠ᠎ᠶᠢᠨ ᠭᠧᠨ ᠪᠠ ᠤᠭᠤᠷᠠᠭ᠎ᠢ᠋ ᠤᠯᠠᠮ ᠨᠢᠭᠡ ᠠᠯᠬᠤᠮ ᠪᠠᠢᠴᠠᠭᠠᠨ ᠬᠡᠮᠵᠢᠵᠦ᠍᠂ ᠣᠨᠣᠰᠢᠯᠠᠨ ᠡᠮᠨᠡᠬᠦ᠌ ᠲᠥᠰᠦᠯ ᠲᠣᠭ᠍ᠲᠠᠭᠠᠬᠤ ᠪᠠ ᠡᠮ ᠬᠡᠷᠡᠭ᠌ᠯᠡᠬᠦ᠌ ᠰᠣᠩᠭᠣᠯᠲᠠ᠎ᠳ᠋ᠤ ᠵᠠᠩᠭᠢᠯᠠᠭ᠎ᠠ᠎ᠶᠢᠨ ᠵᠢᠯᠣᠭᠣᠳᠤᠯᠭ᠎ᠠ ᠬᠠᠩᠭᠠᠵᠤ ᠴᠢᠳᠠᠨ᠎ᠠ᠃ ᠶᠠᠭ ᠡᠪᠡᠳᠴᠢᠨ᠎ᠦ ᠵᠦᠢ᠎ᠶ᠋ᠢᠨ ᠣᠨᠣᠱᠢᠯᠠᠯᠲᠠ᠎ᠶ᠋ᠢᠨ ᠡᠷᠬᠡ ᠰᠦᠷᠲᠦ ᠴᠢᠨᠠᠷ ᠪᠠ ᠣᠨᠴᠠᠭᠠᠶ ᠴᠢᠨᠠᠷ ᠪᠠᠢᠵᠤ᠂ ᠡᠮᠴᠢᠯᠡᠭᠡᠨ᠎ᠦ ᠲᠠᠯ᠎ᠠ᠎ᠪᠠᠷ ᠡᠪᠡᠳᠴᠢᠨ᠎ᠦ ᠵᠦᠢ᠎ᠶ᠋ᠢᠨ ᠦᠯᠢᠭᠡᠷ᠎ᠢ ᠬᠠᠳᠠᠭᠠᠯᠠᠬᠤ ᠪᠠ ᠡᠪᠡᠳᠴᠢᠨ᠎ᠦ ᠵᠦᠢ᠎ᠶ᠋ᠢᠨ ᠣᠨᠣᠱᠢᠯᠠᠯᠲᠠ᠎ᠶ᠋ᠢᠨ ᠮᠡᠷᠭᠡᠵᠢᠯ᠎ᠳᠦ ᠴᠤ᠌ ᠨᠡᠩ ᠥᠨᠳᠥᠷ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃

  ᠣᠢᠷ᠎ᠠ᠎ᠶ᠋ᠢᠨ ᠵᠢᠯ᠎ᠤᠨ ᠲᠤᠷᠰᠢ᠂ ᠮᠡᠳᠡᠭᠡ ᠵᠠᠩᠭᠢᠵᠢᠯᠲᠠ᠎ᠶ᠋ᠢᠨ ᠮᠡᠷᠭᠡᠵᠢᠯ᠎ᠤᠨ ᠨᠢᠰᠭᠦ ᠮᠡᠲᠦ ᠲᠦᠷᠭᠡᠨ ᠬᠥᠭ᠌ᠵᠢᠯᠲᠡ᠎ᠶ᠋ᠢ ᠳᠠᠭᠠᠯᠳᠤᠨ᠂ ᠥᠨᠳᠥᠷ ᠣᠨᠣᠪᠴᠢ᠎ᠶ᠋ᠢᠨ ᠱᠢᠷᠪᠢᠯᠲᠡ᠎ᠨᠢ ᠪᠣᠳᠠᠲᠤ ᠴᠣᠭ᠍ᠴᠠ᠎ᠶ᠋ᠢᠨ ᠡᠪᠡᠳᠴᠢᠨ᠎ᠤ ᠵᠦᠢ᠎ᠶ᠋ᠢᠨ ᠬᠡᠷᠴᠢᠮᠡᠯ᠎ᠢ ᠳ᠋ᠢᠭᠢᠲᠴᠢᠯᠡᠭᠰᠡᠨ ᠵᠢᠷᠤᠮᠠᠭ ᠪᠣᠯᠭᠠᠨ ᠬᠤᠪᠢᠷᠠᠭᠤᠯᠵᠤ᠂ ᠣᠷᠳᠣ ᠬᠤᠭᠤᠴᠠᠭ᠎ᠠ᠎ᠪᠠᠷ ᠬᠠᠳᠠᠭᠠᠯᠠᠬᠤ᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠳᠤ ᠠᠱᠢᠭ᠍ᠲᠠᠶ ᠪᠣᠯᠵᠣ᠂ ᠭᠠᠵᠠᠷ ᠣᠷᠣᠨ ᠠᠯᠤᠰᠯᠠᠭ᠍ᠰᠠᠨ ᠪᠠᠢᠭᠤᠯᠤᠮᠵᠢ ᠠᠯᠤᠰᠯᠠᠨ ᠣᠨᠣᠱᠢᠯᠠᠬᠤ᠎ᠶ᠋ᠢ ᠪᠡᠶᠡᠯᠡᠭᠦᠯᠪᠡ᠃ ᠡᠪᠡᠳᠴᠢᠨ᠎ᠤ ᠵᠦᠢ᠎ᠶ᠋ᠢᠨ ᠳ᠋ᠢᠭᠢᠲᠴᠢᠯᠡᠭᠰᠡᠨ ᠭᠡᠷᠴᠢᠮᠡᠯ᠎ᠢ ᠳᠡᠯᠭᠡᠷᠡᠭᠦᠯᠬᠦ᠌᠎ᠶ᠋ᠢᠨ ᠬᠠᠮᠲᠤ ᠡᠪᠡᠳᠴᠢᠨ᠎ᠤ ᠵᠦᠢ᠎ᠶ᠋ᠢᠨ ᠳ᠋ᠠᠢᠲ᠋ᠠ᠎ᠶ᠋ᠢᠨ ᠡᠬᠢ ᠪᠠᠶᠠᠯᠢᠭ᠎ᠤᠨ ᠬᠡᠪᠴᠢᠶᠡᠵᠢᠯ᠎ᠤᠨ ᠴᠤᠭ᠍ᠯᠠᠷᠠᠯ᠎ᠢ ᠠᠬᠢᠭᠤᠯᠵᠤ᠂ ᠵᠣᠬᠢᠶᠠᠮᠠᠯ ᠣᠶᠤᠨᠴᠢ ᠲᠤᠰᠠᠯᠠᠬᠤ ᠣᠨᠣᠱᠢᠯᠠᠯᠲᠠ᠎ᠶ᠋ᠢᠨ ᠮᠡᠷᠭᠡᠵᠢᠯ᠎ᠤᠨ ᠡᠪᠡᠳᠴᠢᠨ᠎ᠤ ᠵᠦᠢ᠎ᠶ᠋ᠢᠨ ᠬᠦᠷᠢᠶᠡᠨ᠎ᠳᠠᠬᠢ ᠰᠤᠳᠤᠯᠤᠨ ᠨᠡᠭᠡᠭᠡᠯᠲᠡ ᠪᠠ ᠵᠠᠭ᠍ᠪᠤᠷ᠎ᠤᠨ ᠪᠣᠯᠪᠠᠰᠤᠷᠠᠯ᠎ᠳᠤ ᠲᠣᠮᠣ ᠳ᠋ᠠᠢᠲ᠋ᠠ᠎ᠶ᠋ᠢᠨ ᠰᠠᠭᠤᠷᠢ ᠬᠠᠩᠭᠠᠵᠤ᠂ ᠵᠣᠬᠢᠶᠠᠮᠠᠯ ᠣᠶᠤᠨᠴᠢ + ᠶᠡᠭᠡ ᠬᠡᠪᠴᠢᠶᠡᠨ᠎ᠤ ᠬᠡᠷᠡᠭ᠌ᠯᠡᠯᠲᠡ᠎ᠶ᠋ᠢᠨ ᠱᠢᠨ᠎ᠡ ᠪᠠᠢᠳᠠᠯ ᠪᠣᠯᠣᠨ᠎ᠠ᠃

  ᠡᠭᠦᠨ᠎ᠤ ᠰᠠᠭᠤᠷᠢᠨ ᠳᠡᠭᠡᠷ᠎ᠡ᠂ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ᠎ᠨᠢ 《 ᠡᠪᠡᠳᠴᠢᠨ᠎ᠤ ᠵᠦᠢ᠎ᠶ᠋ᠢᠨ ᠭᠡᠷᠴᠢᠮᠡᠯ᠎ᠤᠨ ᠳ᠋ᠢᠭᠢᠲᠴᠢᠯᠡᠭᠰᠡᠨ ᠵᠢᠷᠤᠮᠠᠭ ᠬᠠᠩᠭᠠᠬᠤ 》᠎ᠶ᠋ᠢ ᠡᠪᠡᠳᠴᠢᠨ᠎ᠤ ᠵᠦᠢ᠎ᠶ᠋ᠢᠨ ᠥᠯᠢᠭᠡᠷ ᠪᠤᠳᠤᠭ᠍ᠯᠠᠬᠤ ᠪᠠᠢᠴᠠᠭᠠᠯᠲᠠ᠂ ᠤᠭ ᠣᠷᠣᠨ᠎ᠤ ᠡᠷᠯᠢᠰᠡᠵᠢᠭᠦᠯᠦᠯᠲᠡ᠂ ᠬᠡᠷᠴᠢᠮᠡᠯ᠎ᠢ ᠬᠠᠭᠤᠯᠪᠤᠷᠢᠯᠠᠬᠤ ᠵᠡᠷᠭᠡ ᠡᠪᠡᠳᠴᠢᠨ᠎ᠤ ᠵᠦᠢ᠎ᠶ᠋ᠢᠨ ᠦᠢᠯᠡᠴᠢᠯᠡᠭᠡᠨ᠎ᠤ ᠭᠦᠢᠴᠡᠳᠭᠡᠪᠡᠰᠦ ᠵᠣᠬᠢᠬᠤ ᠵᠦᠢᠯᠡᠰ ᠪᠣᠯᠭᠠᠵᠤ᠂ ᠵᠣᠬᠢᠬᠤ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠦᠨ᠎ᠡ ᠬᠠᠩᠰᠢ᠎ᠶ᠋ᠢᠨ ᠪᠦᠷᠢᠯᠳᠦᠯ᠎ᠳᠤ ᠣᠷᠣᠭᠤᠯᠤᠨ᠂ ᠦᠨ᠎ᠡ ᠲᠣᠭ᠍ᠲᠠᠭᠠᠬᠤ ᠲᠠᠯ᠎ᠠ᠎ᠪᠠᠷ ᠡᠬᠢ ᠪᠠᠶᠠᠯᠢᠭ᠎ᠤᠨ ᠬᠤᠷᠣᠭ᠍ᠳᠠᠯ᠎ᠤᠨ ᠥᠪᠡᠷ᠎ᠤᠨ ᠥᠷᠲᠡᠭ᠎ᠢ ᠭᠦᠢᠴᠡᠳ ᠢᠯᠡᠷᠡᠭᠦᠯᠬᠦ᠌ ᠬᠡᠷᠡᠭ᠌ᠲᠡᠢ᠃ ᠡᠮᠴᠢᠯᠡᠭᠡᠨ᠎ᠤ ᠪᠠᠢᠭᠤᠯᠤᠮᠵᠢ ᠵᠣᠬᠢᠴᠠᠩᠭᠤᠶ ᠡᠮᠴᠢᠯᠡᠭᠡᠨ᠎ᠤ ᠦᠢᠯᠡᠴᠢᠯᠡᠭᠡ ᠬᠠᠩᠭᠠᠬᠤ ᠦᠶ᠎ᠡ᠎ᠳᠤ᠂ ᠱᠠᠭᠠᠷᠳᠠᠯᠭ᠎ᠠ ᠶᠣᠰᠣᠭᠠᠷ ᠡᠪᠡᠳᠴᠢᠨ᠎ᠤ ᠵᠦᠢ᠎ᠶ᠋ᠢᠨ ᠬᠡᠷᠴᠢᠮᠡᠯ᠎ᠤᠨ ᠳ᠋ᠢᠭᠢᠲᠴᠢᠯᠡᠭᠰᠡᠨ ᠵᠢᠷᠤᠮᠠᠭ᠎ᠢ ᠮᠡᠳᠡᠭᠡ ᠵᠠᠩᠭᠢ᠎ᠶ᠋ᠢᠨ ᠡᠭᠦᠯᠡᠨ ᠲᠠᠪᠴᠠᠩ᠎ᠳᠤ ᠳᠠᠮᠵᠢᠭᠤᠯᠵᠤ᠂ ᠬᠡᠷᠪᠡ ᠵᠣᠬᠢᠴᠠᠩᠭᠤᠶ ᠦᠢᠯᠡᠴᠢᠯᠡᠭᠡ ᠬᠠᠩᠭᠠᠵᠤ ᠳᠡᠢᠯᠦᠭ᠌ᠰᠡᠨ ᠥᠬᠡᠶ ᠪᠠᠢᠪᠠᠯ᠂ ᠬᠠᠰᠤᠵᠤ ᠬᠤᠷᠢᠶᠠᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠬᠠᠰᠤᠵᠤ ᠬᠤᠷᠢᠶᠠᠬᠤ ᠪᠠᠷᠢᠮᠵᠢᠶ᠎ᠠ ᠨᠢ ᠭᠡᠷᠴᠢᠮᠡᠯ ᠪᠦᠷᠢ 5 ᠲᠥᠭᠦᠷᠢᠭ ᠪᠠᠢ᠌ᠵᠤ᠂ ᠭᠠᠭᠴᠠ ᠤᠳᠠᠭ᠎ᠠ᠎ᠶ᠋ᠢᠨ ᠪᠠᠢᠴᠠᠭᠠᠯᠲᠠ ᠪᠤᠶᠤ ᠣᠯᠠᠨ ᠬᠡᠷᠴᠢᠮᠡᠯ ᠬᠠᠭᠤᠯᠪᠤᠷᠢᠯᠠᠭᠰᠠᠨ᠎ᠢ ᠬᠠᠮᠤᠭ᠎ᠤᠨ ᠥᠨᠳᠥᠷ᠎ᠲᠤ᠎ᠪᠠᠨ 15 ᠲᠥᠭᠦᠷᠢᠭ᠎ᠠᠴᠠ ᠳᠠᠪᠠᠭᠤᠯᠬᠤ ᠥᠬᠡᠶ᠃ ᠡᠭᠦᠨ᠎ᠤ ᠬᠠᠮᠲᠤ᠌᠂ 《 ᠡᠪᠡᠳᠴᠢᠨ᠎ᠤ ᠵᠦᠢ᠎ᠶ᠋ᠢᠨ ᠣᠨᠣᠱᠢᠯᠠᠯᠲᠠ᠎ᠶ᠋ᠢᠨ ᠮᠡᠳᠡᠭᠦᠯᠦᠯᠲᠡ᠎ᠶ᠋ᠢ ᠳᠠᠮᠵᠢᠭᠤᠯᠬᠤ 》᠎ᠶ᠋ᠢ ᠡᠪᠡᠳᠴᠢᠨ᠎ᠤ ᠵᠦᠢ᠎ᠶ᠋ᠢᠨ ᠣᠨᠣᠱᠢᠯᠠᠯᠲᠠ᠎ᠶ᠋ᠢᠨ ᠠᠵᠢᠯ᠎ᠤᠨ ᠭᠦᠢᠴᠡᠳᠭᠡᠪᠡᠰᠦ ᠵᠣᠬᠢᠬᠤ ᠵᠦᠢᠯᠡᠰ ᠪᠣᠯᠭᠠᠵᠤ᠂ ᠦᠨ᠎ᠡ ᠬᠠᠩᠰᠢ᠎ᠶ᠋ᠢᠨ ᠪᠦᠷᠢᠯᠳᠦᠯ᠎ᠳᠤ ᠣᠷᠣᠭᠤᠯᠵᠤ᠂ ᠬᠡᠷᠪᠡ ᠵᠣᠬᠢᠴᠠᠩᠭᠤᠢ ᠦᠢᠯᠡᠴᠢᠯᠡᠭᠡ ᠬᠠᠩᠭᠠᠵᠤ ᠴᠢᠳᠠᠭ᠍ᠰᠠᠨ ᠦᠭᠡᠢ ᠪᠠᠢᠪᠠᠯ᠂ ᠠᠳᠠᠯᠢᠬᠠᠨ᠎ᠢᠶᠠᠷ 5 ᠲᠥᠭᠦᠷᠢᠭ ᠬᠠᠰᠤᠨ᠎ᠠ᠃ ᠳᠡᠭᠡᠷ᠎ᠡ ᠳᠤᠷᠠᠳᠤᠭ᠍ᠰᠠᠨ ᠡᠪᠡᠳᠴᠢᠨ ᠵᠦᠢ᠎ᠶ᠋ᠢᠨ ᠭᠡᠷᠴᠢᠮᠡᠯ ᠪᠠ ᠣᠨᠣᠱᠢᠯᠠᠬᠤ᠎ᠳᠤ ᠬᠠᠨᠳᠤᠭᠤᠯᠤᠭ᠍ᠰᠠᠨ ᠳ᠋ᠢᠭᠢᠲᠴᠢᠯᠡᠭᠰᠡᠨ ᠰᠦᠢᠳᠭᠡᠯ ᠬᠤᠷᠢᠶᠠᠬᠤ ᠲᠦᠷᠦ᠍᠎ᠶ᠋ᠢᠨ ᠪᠤᠳᠤᠯᠭ᠎ᠠ᠎ᠨᠢ᠂ ᠦᠨ᠎ᠡ ᠬᠠᠩᠰᠢ᠎ᠶ᠋ᠢᠨ ᠲᠦᠷᠦ᠍᠎ᠶ᠋ᠢᠨ ᠪᠤᠳᠤᠯᠭ᠎ᠠ᠎ᠪᠠᠷ ᠳᠠᠮᠵᠢᠭᠤᠯᠤᠨ ᠡᠮᠴᠢᠯᠡᠭᠡᠨ᠎ᠤ ᠪᠠᠢᠭᠤᠯᠤᠮᠵᠢ᠎ᠶ᠋ᠢ ᠬᠦᠳᠦᠯᠦᠨ ᠵᠢᠯᠣᠭᠤᠳᠴᠤ᠌ ᠪᠠᠢᠭᠠᠳ ᠮᠡᠷᠭᠡᠵᠢᠯ᠎ᠦᠨ ᠰᠣᠯᠢᠭᠳᠠᠯ᠎ᠳᠤ ᠵᠣᠬᠢᠴᠠᠭᠤᠯᠤᠨ᠂ ᠡᠪᠡᠳᠴᠢᠨ᠎ᠤ ᠵᠦᠢ᠎ᠶ᠋ᠢᠨ ᠭᠡᠷᠴᠢᠮᠡᠯ᠎ᠢ 《 ᠪᠣᠳᠠᠲᠤ ᠴᠣᠭ᠍ᠴᠠ᠎ᠶ᠋ᠢᠨ ᠬᠠᠳᠠᠭᠠᠯᠠᠯᠲᠠ 》᠎ᠠᠴᠠ 《 ᠳ᠋ᠢᠭᠢᠲᠴᠢᠯᠡᠭᠰᠡᠨ ᠬᠠᠳᠠᠭᠠᠯᠠᠯᠲᠠ ᠪᠠ ᠬᠠᠮᠲᠤ ᠪᠠᠷ ᠡᠳ᠋ᠯᠡᠬᠦ᠌ 》 ᠲᠡᠢ᠌ᠰᠢ ᠬᠤᠪᠢᠷᠠᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ ᠶᠤᠮ᠃

  ᠡᠪᠡᠳᠴᠢᠨ᠎ᠦ ᠵᠦᠢ᠎ᠶ᠋ᠢᠨ ᠪᠠᠢᠴᠠᠭᠠᠯᠲᠠ ᠬᠢᠭᠡᠳ ᠣᠨᠣᠱᠢᠯᠠᠯᠲᠠ᠎ᠶ᠋ᠢᠨ ᠳ᠋ᠠᠢ᠌ᠲ᠋ᠠ᠎ᠶ᠋ᠢᠨ ᠱᠢᠰᠲ᠋ᠧᠮ᠎ᠦᠨ ᠬᠤᠷᠠᠮᠳᠤᠯ ᠨᠢ ᠡᠪᠡᠳᠴᠢᠲᠡᠨ᠂ ᠡᠮᠴᠢᠯᠡᠭᠡᠨ᠎ᠦ ᠪᠠᠢᠭᠤᠯᠤᠮᠵᠢ᠂ ᠬᠠᠮᠢᠶ᠎ᠠ ᠪᠦᠬᠦᠢ ᠠᠵᠤ ᠠᠬᠤᠢᠯᠠᠯ᠎ᠤᠨ ᠣᠯᠠᠨ ᠲᠠᠯ᠎ᠠ᠎ᠪᠠᠷ ᠠᠱᠢᠭ ᠬᠦᠷᠲᠡᠬᠦ᠌᠎ᠶ᠋ᠢ ᠪᠡᠶᠡᠯᠡᠭᠦᠯᠬᠦ᠌ ᠪᠣᠯᠤᠮᠵᠢ᠎ᠲᠠᠢ᠃ ᠨᠢᠭᠡ᠎ᠳᠤ᠂ ᠡᠪᠡᠳᠴᠢᠲᠡᠨ ᠨᠠᠩ ᠳᠥᠭᠦᠮ ᠳᠥᠲᠡ ᠭᠡᠷᠴᠢᠮᠡᠯ᠎ᠢ ᠬᠠᠭᠤᠯᠪᠤᠷᠢᠯᠠᠬᠤ ᠦᠢᠯᠡᠴᠢᠯᠡᠭᠡ ᠬᠦᠷᠲᠡᠵᠦ᠂ ᠭᠠᠵᠠᠷ ᠣᠷᠣᠨ ᠠᠯᠤᠰᠯᠠᠭ᠍ᠰᠠᠨ ᠪᠠᠢᠭᠤᠯᠤᠮᠵᠢ ᠠᠯᠤᠰᠯᠠᠭ᠍ᠰᠠᠨ ᠡᠪᠡᠳᠴᠢᠨ᠎ᠤ ᠵᠦᠶ᠎ᠶ᠋ᠢᠨ ᠣᠨᠣᠱᠢᠯᠠᠯᠲᠠ᠎ᠶ᠋ᠢ ᠠᠬᠢᠭᠤᠯᠵᠤ᠂ ᠦᠨᠳᠦᠰᠦᠨ ᠱᠠᠲᠤᠨ᠎ᠤ ᠡᠪᠡᠳᠴᠢᠲᠡᠨ ᠬᠡᠷ᠎ᠤᠨ ᠡᠭᠦᠳᠡᠨ᠎ᠳᠤ᠎ᠪᠠᠨ ᠭᠠᠳᠠᠷ ᠣᠷᠣᠨ᠎ᠤ ᠲᠤᠰᠭᠠᠶ ᠮᠡᠷᠭᠡᠵᠢᠯᠲᠡᠨ᠎ᠤ ᠣᠨᠣᠱᠢᠯᠠᠯᠲᠠ᠎ᠶ᠋ᠢᠨ ᠦᠢᠯᠡᠴᠢᠯᠡᠭᠡ ᠣᠯᠵᠤ ᠪᠣᠯᠤᠨ᠎ᠠ; ᠬᠤᠶᠠᠷ᠎ᠲᠤ᠌᠂ ᠡᠪᠡᠳᠴᠢᠨ᠎ᠤ ᠵᠦᠢ᠎ᠶ᠋ᠢᠨ ᠳ᠋ᠢᠭᠢᠲᠴᠢᠯᠡᠭᠰᠡᠨ ᠤᠶᠤᠨᠴᠢᠯᠠᠯᠲᠠ ᠨᠢ ᠡᠮᠴᠢᠯᠡᠭᠡᠨ᠎ᠤ ᠪᠠᠢᠭᠤᠯᠤᠮᠵᠢ᠎ᠶ᠋ᠢᠨ ᠣᠨᠣᠱᠢᠯᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ᠎ᠶ᠋ᠢ ᠪᠦᠲᠦᠮᠵᠢᠲᠡᠢ ᠳᠡᠭᠡᠭ᠌ᠰᠢᠯᠡᠭᠦᠯᠵᠦ᠍ ᠴᠢᠳᠠᠨ᠎ᠠ᠂ ᠣᠬᠤᠷᠬᠠᠨ ᠬᠤᠭᠤᠴᠠᠭᠠᠨ᠎ᠳᠤ ᠡᠪᠡᠳᠴᠢᠨ᠎ᠤ ᠵᠦᠢ᠎ᠶ᠋ᠢᠨ ᠡᠮᠴᠢ ᠳᠤᠲᠠᠭ᠍ᠳᠠᠵᠤ ᠪᠠᠢᠭ᠎ᠠ ᠳᠠᠷᠤᠯᠲᠠ᠎ᠶ᠋ᠢ ᠨᠠᠮᠳᠠᠭᠤᠯᠵᠤ᠂ ᠢᠯᠠᠩᠭᠤᠶ᠎ᠠ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ ᠪᠣᠯᠤᠨ ᠨᠡᠩ ᠳᠡᠭᠡᠳᠦ ᠲᠡᠰ᠎ᠤᠨ ᠡᠮᠴᠢᠯᠡᠭᠡᠨ᠎ᠤ ᠪᠠᠢᠭᠤᠯᠤᠮᠵᠢ᠎ᠶ᠋ᠢ ᠵᠣᠯᠭᠠᠭᠤᠯᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠦᠨ᠎ᠡ; ᠭᠤᠷᠪᠠ᠎ᠳᠤ᠂ ᠡᠪᠡᠳᠴᠢᠨ᠎ᠤ ᠵᠦᠢ᠎ᠶ᠋ᠢᠨ ᠪᠠᠢᠴᠠᠭᠠᠯᠲᠠ ᠪᠣᠯᠤᠨ ᠣᠨᠣᠱᠢᠯᠠᠯᠲᠠ᠎ᠶ᠋ᠢᠨ ᠳ᠋ᠠᠢ᠌ᠲ᠋ᠠ᠎ᠶ᠋ᠢ ᠨᠢᠭ᠍ᠲᠠᠷᠠᠭᠤᠯᠬᠤ᠎ᠪᠠᠷ ᠳᠠᠮᠵᠢᠭᠤᠯᠤᠨ᠂ ᠡᠮ ᠡᠮᠨᠡᠯᠭᠡ᠎ᠶ᠋ᠢᠨ ᠠᠵᠤ ᠠᠬᠤᠢᠯᠠᠯ᠎ᠤᠨ ᠳᠠᠯᠳᠠ ᠡᠮ᠎ᠤᠨ ᠰᠡᠳᠦᠪ᠎ᠢ ᠣᠨᠣᠪᠴᠢᠲᠠᠢ ᠱᠢᠭ᠌ᠰᠢᠨ ᠰᠣᠩᠭᠤᠬᠤ᠎ᠳᠤ ᠬᠦᠴᠦ᠍ ᠨᠡᠮᠡᠷᠢᠯᠡᠵᠦ᠍᠂ ᠲᠤᠷᠱᠢᠯᠲᠠ᠎ᠶ᠋ᠢᠨ ᠵᠢᠷᠤᠭ ᠲᠥᠯᠥᠪᠯᠡᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠱᠢᠯᠢᠳᠡᠭ᠌ᠵᠢᠭᠦᠯᠵᠦ᠍᠂ ᠬᠠᠪᠤᠳᠠᠷ᠎ᠢ ᠡᠰᠡᠷᠭᠦᠴᠡᠬᠦ᠌ ᠵᠡᠷᠭᠡ ᠡᠮ᠎ᠤᠨ ᠵᠦᠢᠯᠡᠰ᠎ᠤᠨ ᠱᠢᠨ᠎ᠡ᠎ᠶ᠋ᠢ ᠡᠭᠦᠳᠴᠦ᠍ ᠰᠤᠳᠤᠯᠤᠨ ᠨᠡᠭᠡᠭᠡᠬᠦ᠌ ᠠᠬᠢᠴᠠ᠎ᠶ᠋ᠢ ᠠᠬᠢᠭᠤᠯᠵᠤ ᠴᠢᠳᠠᠨ᠎ᠠ᠃

 

ᠲᠤᠬᠢᠷᠠᠮᠵᠢᠲᠠᠢ ᠬᠡᠯᠪᠡᠷᠢ᠎ᠪᠠᠷ ᠵᠣᠬᠢᠶᠠᠮᠠᠯ ᠣᠶᠤᠨᠴᠢ ᠲᠤᠰᠠᠯᠠᠬᠤ ᠰᠦᠢᠳᠭᠡᠯ ᠬᠤᠷᠢᠶᠠᠬᠤ ᠬᠦᠰᠡᠯ ᠱᠠᠭᠠᠷᠳᠠᠯᠭ᠎ᠠ᠎ᠳᠤ ᠬᠠᠷᠢᠭᠤ ᠦᠭ᠌ᠬᠦ᠎ᠶ᠋ᠢ ᠰᠦᠪᠡᠭ᠌ᠴᠢᠯᠡᠵᠦ᠍᠂ ᠵᠣᠬᠢᠶᠠᠮᠠᠯ ᠣᠶᠤᠨᠴᠢ + ᠡᠪᠡᠳᠴᠢᠨ᠎ᠤ ᠵᠦᠢ᠎ᠶ᠋ᠢᠨ ᠬᠦᠷᠢᠶ᠎ᠡ ᠴᠠᠷᠠᠭ᠎ᠠ᠎ᠳᠤ ᠤᠷᠢᠳ᠎ᠢᠶᠡᠷ ᠬᠡᠷᠡᠭ᠌ᠯᠡᠬᠦ᠌᠎ᠶ᠋ᠢ ᠠᠬᠢᠭᠤᠯᠤᠨ᠎ᠠ

  ᠤᠷᠢᠳᠴᠢᠯᠠᠨ ᠮᠡᠳᠡᠵᠦ ᠪᠣᠯᠬᠤ ᠨᠢ᠂ ᠡᠪᠡᠳᠴᠢᠨ᠎ᠦ᠌ ᠵᠦᠢ᠎ᠶᠢᠨ ᠭᠡᠷᠴᠢᠮᠡᠯ᠎ᠦᠨ ᠳ᠋ᠢᠭᠢᠲᠴᠢᠯᠡᠭᠰᠡᠨ ᠵᠢᠷᠤᠮᠠᠭ᠎ᠤᠨ ᠶᠡᠬᠡ ᠬᠡᠮᠵᠢᠶᠡᠨ᠎ᠦ᠌ ᠴᠤᠭ᠍ᠯᠠᠷᠠᠭ᠍ᠰᠠᠨ᠎ᠠ᠋ᠴᠠ ᠪᠣᠯᠵᠤ᠂ ᠡᠪᠡᠳᠴᠢᠨ᠎ᠦ᠌ ᠵᠦᠢ᠎ᠶᠢᠨ ᠬᠦᠷᠢᠶᠡᠨ᠎ᠦ᠌ ᠵᠣᠬᠢᠶᠠᠮᠠᠯ ᠣᠶᠤᠨᠴᠢ ᠲᠤᠰᠠᠯᠠᠨ ᠣᠨᠣᠰᠢᠯᠠᠬᠤ ᠨᠢ ᠥᠷᠭᠡᠨ ᠠᠭᠤᠳᠠᠮ ᠬᠡᠷᠡᠭ᠌ᠯᠡᠭᠡᠨ᠎ᠦ᠌ ᠢᠷᠡᠭᠡᠳᠦᠢ᠎ᠶᠢ ᠤᠭ᠍ᠲᠤᠨ ᠠᠪᠴᠢᠷᠠᠵᠤ᠂ ᠵᠣᠬᠢᠶᠠᠮᠠᠯ ᠣᠶᠤᠨᠴᠢ ᠲᠤᠰᠠᠯᠠᠨ ᠣᠨᠣᠰᠢᠯᠠᠬᠤ ᠵᠠᠭ᠍ᠪᠤᠷ ᠨᠢ ᠴᠦ᠍ ᠶᠡᠬᠡ ᠬᠡᠪᠴᠢᠶᠡᠨ᠎ᠦ᠌ ᠪᠣᠯᠪᠠᠰᠤᠷᠠᠯ᠎ᠢ᠋ ᠣᠯᠵᠤ᠂ ᠲᠦᠷᠭᠡᠨ ᠰᠢᠯᠢᠳᠡᠭᠵᠢᠭᠦᠯᠦᠨ ᠳᠡᠰ ᠳᠡᠪᠰᠢᠭᠦᠯᠬᠦ᠎ᠶᠢ ᠪᠡᠶᠡᠯᠡᠭᠦᠯᠵᠦ᠍᠂ ᠡᠷᠬᠡ ᠰᠦᠷᠲᠦ ᠲᠤᠰᠭᠠᠢ ᠮᠡᠷᠭᠡᠵᠢᠯᠲᠡᠨ᠎ᠦ᠌ ᠣᠨᠣᠰᠢᠯᠠᠬᠤ ᠲᠤᠷᠰᠢᠯᠭ᠎ᠠ᠎ᠶᠢ ᠨᠡᠩ ᠢᠯᠡᠭᠦᠦ ᠠᠰᠢᠭᠲᠠᠢ ᠪᠣᠳᠣᠬᠤ ᠠᠷᠭ᠎ᠠ᠎ᠶᠢᠨ ᠵᠠᠭ᠍ᠪᠤᠷ ᠪᠣᠯᠭᠠᠨ ᠬᠤᠪᠢᠷᠠᠭᠤᠯᠵᠤ᠂ ᠡᠩ᠎ᠦ᠋ᠨ ᠡᠪᠡᠳᠴᠢᠨ᠎ᠦ᠌ ᠵᠦᠢ᠎ᠶᠢᠨ ᠣᠨᠣᠰᠢᠯᠠᠯᠲᠠ᠎ᠳ᠋ᠤ ᠨᠡᠩ ᠨᠠᠢᠳᠠᠪᠤᠷᠢᠲᠠᠢ ᠯᠠᠪᠯᠠᠯᠲᠠ᠎ᠶᠢᠨ ᠳ᠋ᠦᠩᠨᠡᠯᠲᠡ ᠬᠠᠩᠭᠠᠬᠤ ᠪᠣᠯᠤᠨ᠎ᠠ᠃

  ᠡᠭᠦᠨ᠎ᠦ ᠲᠤᠯᠠ᠂ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ᠎ᠨᠢ 《 ᠵᠣᠬᠢᠶᠠᠮᠠᠯ ᠣᠶᠤᠨᠴᠢ ᠲᠤᠰᠠᠯᠠᠬᠤ ᠣᠨᠣᠱᠢᠯᠠᠯᠲᠠ 》᠎ᠶ᠋ᠢ ᠡᠪᠡᠳᠴᠢᠨ᠎ᠤ ᠵᠦᠢ᠎ᠶ᠋ᠢᠨ ᠣᠨᠣᠰᠢᠯᠠᠯᠲᠠ᠎ᠶ᠋ᠢᠨ ᠥᠷᠭᠡᠳᠭᠡᠭ᠌ᠰᠡᠨ ᠵᠦᠢᠯ᠎ᠳᠤ ᠵᠢᠭ᠍ᠰᠠᠭᠠᠬᠤ᠎ᠶ᠋ᠢᠨ ᠬᠠᠮᠲᠤ᠌᠂ ᠵᠣᠬᠢᠶᠠᠮᠠᠯ ᠣᠶᠤᠨᠴᠢ ᠲᠤᠰᠠᠯᠠᠮᠵᠢ᠎ᠶ᠋ᠢ ᠡᠪᠡᠳᠴᠢᠨ᠎ᠤ ᠵᠦᠢ᠎ᠶ᠋ᠢᠨ ᠲᠥᠷᠥᠯ ᠵᠦᠢᠯ᠎ᠤᠨ ᠦᠨ᠎ᠡ ᠬᠠᠩᠰᠢ᠎ᠶ᠋ᠢᠨ ᠪᠦᠷᠢᠯᠳᠦᠯ᠎ᠳᠤ ᠣᠷᠣᠭᠤᠯᠵᠤ᠂ ᠡᠯ᠎ᠡ ᠭᠠᠵᠠᠷ᠎ᠤᠨ᠎ᠬᠢᠨ᠎ᠢ ᠵᠢᠯᠣᠭᠤᠳᠤᠨ ᠦᠨ᠎ᠡ ᠬᠠᠩᠰᠢ ᠲᠣᠭ᠍ᠲᠠᠭᠠᠬᠤ᠎ᠳᠤ᠎ᠪᠠᠨ ᠵᠣᠬᠢᠶᠠᠮᠠᠯ ᠣᠶᠤᠨᠴᠢ᠎ᠶ᠋ᠢᠨ ᠲᠤᠰᠠᠯᠠᠬᠤ ᠣᠨᠣᠱᠢᠯᠠᠯᠲᠠ᠎ᠶ᠋ᠢᠨ ᠬᠠᠮᠢᠶ᠎ᠠ ᠪᠦᠬᠦᠢ ᠡᠬᠢ ᠪᠠᠶᠠᠯᠢᠭ᠎ᠤᠨ ᠣᠷᠣᠭᠤᠯᠤᠯᠲᠠ᠎ᠶ᠋ᠢᠨ ᠥᠪᠡᠷ᠎ᠤᠨ ᠥᠷᠲᠡᠭ᠎ᠢ ᠠᠩᠬᠠᠷᠴᠤ᠌᠂ ᠦᠨ᠎ᠡ ᠬᠠᠩᠰᠢ᠎ᠶ᠋ᠢᠨ ᠬᠢᠷᠢ ᠲᠦᠪᠱᠢᠨ᠎ᠤ ᠲᠠᠯ᠎ᠠ᠎ᠪᠠᠷ ᠪᠦᠬᠦᠯᠢ ᠴᠣᠭ᠍ᠴᠠ᠎ᠪᠠᠷ᠎ᠨᠢ ᠲᠣᠬᠢᠷᠠᠭᠤᠯᠬᠤ ᠪᠠ ᠬᠥᠲᠥᠯᠥᠨ ᠵᠢᠯᠣᠭᠤᠳᠴᠤ᠌᠂ ᠵᠣᠬᠢᠶᠠᠮᠠᠯ ᠣᠶᠤᠨᠴᠢ ᠲᠤᠰᠠᠯᠠᠬᠤ ᠮᠡᠷᠭᠡᠵᠢᠯ᠎ᠤᠨ ᠬᠡᠷᠡᠭ᠌ᠯᠡᠯᠲᠡ᠎ᠳᠤ ᠰᠦᠢᠳᠭᠡᠯ ᠬᠤᠷᠢᠶᠠᠬᠤ ᠠᠷᠭ᠎ᠠ ᠵᠠᠮ᠎ᠢ ᠱᠢᠯᠤᠭᠤᠳᠭᠠᠵᠤ ᠥᠭ᠌ᠪᠡ᠃ ᠡᠮᠴᠢᠯᠡᠭᠡᠨ᠎ᠤ ᠪᠠᠢᠭᠤᠯᠤᠮᠵᠢ᠎ᠨᠢ ᠵᠣᠬᠢᠶᠠᠮᠠᠯ ᠣᠶᠤᠨᠴᠢ᠎ᠶ᠋ᠢᠨ ᠲᠤᠰᠠᠯᠠᠬᠤ ᠣᠨᠣᠱᠢᠯᠠᠯᠲᠠ ᠮᠡᠷᠭᠡᠵᠢᠯ᠎ᠢ ᠰᠣᠩᠭᠤᠨ ᠬᠡᠷᠡᠭ᠌ᠯᠡᠬᠦ᠌ ᠡᠰᠡᠬᠦ᠌᠎ᠶ᠋ᠢ ᠥᠪᠡᠰᠦᠪᠡᠨ ᠲᠣᠭ᠍ᠲᠠᠭᠠᠵᠤ᠂ ᠠᠯᠢ ᠠᠵᠤ ᠠᠬᠤᠢᠯᠠᠯ᠎ᠤᠨ ᠦᠢᠯᠡᠳᠬᠦᠨ᠎ᠢ ᠰᠣᠩᠭᠤᠨ ᠬᠡᠷᠡᠭ᠌ᠯᠡᠬᠦ᠌᠎ᠶ᠋ᠢ ᠥᠪᠡᠰᠦᠪᠡᠨ ᠲᠣᠭ᠍ᠲᠠᠭᠠᠵᠤ ᠪᠣᠯᠤᠨ᠎ᠠ᠂ ᠪᠣᠳᠠᠲᠠᠶ ᠠᠱᠢᠭ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢ ᠡᠮᠴᠢᠯᠡᠭᠡᠨ᠎ᠤ ᠪᠠᠢᠭᠤᠯᠤᠮᠵᠢ ᠬᠢᠭᠡᠳ ᠠᠵᠤ ᠠᠬᠤᠢᠯᠠᠯ ᠥᠪᠡᠰᠦᠪᠡᠨ ᠵᠥᠪᠳᠡᠯᠴᠡᠵᠦ᠍ ᠪᠠᠢᠭᠠᠳ ᠲᠣᠭ᠍ᠲᠠᠭᠠᠨ᠎ᠠ᠃

 

ᠡᠪᠡᠳᠴᠢᠨ ᠵᠦᠢ᠎ᠶ᠋ᠢᠨ ᠣᠨᠤᠱᠢᠯᠠᠯᠲᠠ᠎ᠶ᠋ᠢᠨ ᠦᠨ᠎ᠡ ᠬᠠᠩᠰᠢ᠎ᠶ᠋ᠢᠨ ᠲᠦᠷᠦᠯ ᠵᠦᠢᠯ᠎ᠢ ᠳᠠᠩ᠎ᠢᠶᠠᠷ ᠲᠣᠬᠢᠷᠠᠭᠤᠯᠵᠤ᠂ ᠮᠡᠷᠭᠡᠵᠢᠯ᠎ᠤᠨ ᠬᠦᠳᠡᠯᠮᠦᠷᠢ ᠦᠢᠯᠡᠴᠢᠯᠡᠭᠡᠨ᠎ᠤ ᠦᠷᠲᠡᠭ᠎ᠢ  ᠳᠣᠪᠣᠢ᠌ᠯᠭ᠋ᠠᠨ᠎ᠠ

  ᠡᠪᠡᠳᠴᠢᠨ᠎ᠤ ᠵᠦᠶ᠎ᠶ᠋ᠢᠨ ᠪᠠᠢᠴᠠᠭᠠᠯᠲᠠ᠎ᠶ᠋ᠢᠨ ᠣᠨᠣᠱᠢᠯᠠᠯᠲᠠ᠎ᠶ᠋ᠢᠨ ᠬᠠᠷᠢᠴᠠᠭ᠎ᠠ᠎ᠶ᠋ᠢᠨ ᠲᠠᠷᠠᠭᠠᠴᠢ᠎ᠶ᠋ᠢᠨ ᠡᠮᠴᠢᠯᠡᠭᠡ ᠪᠠ ᠡᠮ ᠬᠡᠷᠡᠭ᠌ᠯᠡᠬᠦ᠌ ᠲᠥᠰᠦᠯ᠎ᠨᠢ ᠵᠠᠷᠤᠴᠠᠭᠤᠯᠬᠤ ᠴᠠᠭ᠎ᠨᠢ ᠣᠷᠳᠣ᠂ ᠱᠠᠭᠠᠷᠳᠠᠯᠭ᠎ᠠ᠎ᠨᠢ ᠥᠨᠳᠥᠷ ᠪᠠᠢᠵᠤ᠂ ᠲᠡᠭᠦᠨ᠎ᠤ ᠦᠶ᠋ᠯᠡᠴᠢᠯᠡᠭᠡ᠎ᠨᠢ ᠡᠪᠡᠳᠴᠢᠨ᠎ᠤ ᠵᠦᠶ᠎ᠶ᠋ᠢᠨ ᠪᠠᠢᠴᠠᠭᠠᠯᠲᠠ᠎ᠶ᠋ᠢᠨ ᠠᠵᠢᠯᠲᠠᠨ᠎ᠤ ᠮᠡᠷᠭᠡᠵᠢᠯ ᠬᠥᠳᠡᠯᠮᠦᠷᠢ ᠦᠢᠯᠡᠴᠢᠯᠡᠭᠡ᠎ᠪᠠᠷ ᠭᠤᠤᠯ ᠪᠣᠯᠭᠠᠨ᠂ ᠰᠡᠳᠦᠪ ᠲᠣᠭ᠍ᠲᠠᠭᠠᠬᠤ ᠵᠦᠭ᠌ᠯᠡᠭᠦᠷ᠎ᠨᠢ ᠣᠨᠣᠱᠢᠯᠠᠬᠤ ᠭᠤᠭ᠍ᠴᠤᠭ᠎ᠠ᠎ᠶ᠋ᠢ ᠡᠪᠡᠳᠴᠢᠨ᠎ᠤ ᠵᠦᠶ᠎ᠶ᠋ᠢᠨ ᠪᠠᠢᠴᠠᠭᠠᠯᠲᠠ᠎ᠶ᠋ᠢᠨ ᠪᠦᠬᠦᠯᠢ ᠴᠣᠭ᠍ᠴᠠ᠎ᠶ᠋ᠢᠨ ᠶᠠᠪᠤᠴᠠ᠎ᠠᠴᠠ ᠪᠡᠶ᠎ᠡ᠎ᠪᠠᠨ ᠳᠠᠭᠠᠭᠠᠨ ᠭᠠᠷᠭᠠᠵᠤ᠂ 《 ᠡᠪᠡᠳᠴᠢᠨ᠎ᠤ ᠵᠦᠶ᠎ᠶ᠋ᠢᠨ ᠣᠨᠣᠱᠢᠯᠠᠯᠲᠠ᠎ᠶ᠋ᠢᠨ ᠵᠠᠷᠤᠳᠠᠯ 》᠎ᠤᠨ ᠦᠨ᠎ᠡ ᠬᠠᠩᠰᠢ᠎ᠶ᠋ᠢᠨ ᠲᠥᠷᠥᠯ ᠵᠦᠶ᠋ᠯ ᠳᠠᠩ᠎ᠢᠶᠠᠷ ᠳᠣᠭᠢᠷᠠᠭᠤᠯᠤᠨ᠂ ᠡᠮᠴᠢᠯᠡᠭᠡᠨ᠎ᠤ ᠪᠠᠢᠭᠤᠯᠤᠮᠵᠢ᠎ᠨᠢ ᠲᠣᠰ ᠡᠮᠨᠡᠯᠭᠡ᠎ᠶ᠋ᠢᠨ ᠬᠤᠷᠢᠶᠠᠨ᠎ᠤ ᠥᠪᠡᠰᠦᠪᠡᠨ ᠵᠣᠬᠢᠶᠠᠭ᠍ᠰᠠᠨ ᠪᠤᠶᠤ ᠡᠪᠡᠳᠴᠢᠲᠡᠨ᠎ᠤ ᠥᠪᠡᠰᠦᠪᠡᠨ ᠠᠪᠴᠤ᠌ ᠶᠠᠪᠤᠭ᠎ᠠ ᠡᠪᠡᠳᠴᠢᠨ᠎ᠤ ᠵᠦᠶ᠎ᠶ᠋ᠢᠨ ᠵᠠᠭ᠍ᠪᠤᠷ᠎ᠲᠤ ᠰᠠᠭᠤᠷᠢᠯᠠᠨ ᠣᠨᠣᠱᠢᠯᠠᠬᠤ ᠦᠶ᠋ᠯᠡᠴᠢᠯᠡᠭᠡ ᠬᠠᠩᠭᠠᠭ᠍ᠰᠠᠨ ᠪᠠᠢᠪᠠᠯ᠂ ᠴᠥᠮ ᠲᠣᠰ ᠶᠣᠰᠣᠭᠠᠷ ᠰᠦᠶ᠋ᠳᠭᠡᠯ ᠬᠤᠷᠢᠶᠠᠵᠤ ᠪᠣᠯᠤᠨ᠎ᠠ᠃ 《 ᠡᠪᠡᠳᠴᠢᠨ᠎ᠤ ᠵᠦᠢ᠎ᠶ᠋ᠢᠨ ᠣᠨᠣᠱᠢᠯᠠᠯᠲᠠ᠎ᠶ᠋ᠢᠨ ᠵᠠᠷᠤᠳᠠᠯ ( ᠠᠯᠤᠰ )》᠎ᠢ ᠵᠡᠷᠭᠡ ᠪᠡᠷ ᠪᠠᠢᠷᠢᠯᠠᠭᠤᠯᠵᠤ᠂ ᠡᠪᠡᠳᠴᠢᠲᠡᠨ ᠱᠢᠤᠳᠠᠨ᠎ᠤ ᠵᠦᠢᠯ᠎ᠢ ᠢᠯᠡᠭᠡᠬᠦ᠂ ᠢᠨᠲ᠋ᠧᠷ ᠰᠦᠯᠵᠢᠶ᠎ᠡ᠎ᠪᠠᠷ ᠳᠠᠮᠵᠢᠭᠤᠯᠬᠤ ᠵᠡᠷᠭᠡ ᠠᠷᠭ᠎ᠠ ᠮᠠᠶᠢᠭ᠎ᠢᠶᠠᠷ ᠭᠡᠷᠴᠢᠮᠡᠯ᠎ᠦᠨ ᠮᠡᠳᠡᠭᠡ ᠵᠠᠩᠭᠢ᠎ᠶ᠋ᠢ ᠬᠠᠩᠭᠠᠵᠤ᠂ ᠡᠮᠴᠢᠯᠡᠭᠡᠨ᠎ᠤ ᠪᠠᠢᠭᠤᠯᠤᠮᠵᠢ ᠣᠨᠣᠱᠢᠯᠠᠭ᠍ᠰᠠᠨ ᠪᠠᠢᠪᠠᠯ᠂ ᠲᠣᠰ ᠶᠣᠰᠣᠭᠠᠷ ᠰᠦᠢᠳᠭᠡᠯ ᠬᠤᠷᠢᠶᠠᠵᠤ ᠪᠣᠯᠤᠨ᠎ᠠ᠃

  ᠮᠡᠰᠡ ᠵᠠᠰᠠᠯ᠎ᠤᠨ ᠳᠣᠲᠣᠷᠠᠬᠢ ᠬᠥᠯᠳᠡᠭᠡᠭ᠌ᠰᠡᠨ ᠡᠪᠡᠳᠴᠢᠨ᠎ᠤ ᠵᠦᠶ᠎ᠶ᠋ᠢᠨ ᠣᠨᠣᠱᠢᠯᠠᠯᠲᠠ᠎ᠶ᠋ᠢᠨ ᠱᠠᠭᠠᠷᠳᠠᠯᠭ᠎ᠠ᠎ᠶ᠋ᠢ ᠣᠬᠤᠷ ᠬᠤᠭᠤᠴᠠᠭᠠᠨ᠎ᠤ ᠳᠣᠲᠣᠷ᠎ᠠ ᠣᠨᠣᠱᠢᠯᠠᠯᠲᠠ᠎ᠶ᠋ᠢᠨ ᠦᠷ᠎ᠡ ᠳ᠋ᠦᠩ ᠬᠠᠩᠭᠠᠬᠤ᠎ᠶ᠋ᠢ ᠪᠣᠳᠣᠯᠬᠢᠯᠠᠵᠤ᠂ ᠡᠪᠡᠳᠴᠢᠨ᠎ᠤ ᠵᠦᠶ᠎ᠶ᠋ᠢᠨ ᠣᠨᠣᠱᠢᠯᠠᠯᠲᠠ᠎ᠶ᠋ᠢᠨ ᠮᠡᠷᠭᠡᠵᠢᠯ ᠪᠠ ᠲᠤᠷᠱᠢᠯᠭ᠎ᠠ᠎ᠶ᠋ᠢᠨ ᠱᠠᠭᠠᠷᠳᠠᠯᠭ᠎ᠠ᠎ᠨᠢ ᠨᠠᠩ ᠥᠨᠳᠥᠷ ᠪᠠᠢᠬᠤ᠎ᠶ᠋ᠢ ᠪᠣᠳᠣᠯᠬᠢᠯᠠᠵᠤ᠂ ᠡᠪᠡᠳᠴᠢᠨ᠎ᠤ ᠵᠦᠶ᠎ᠶ᠋ᠢᠨ ᠡᠮᠴᠢ᠎ᠶ᠋ᠢᠨ ᠲᠦᠷᠭᠡᠨ ᠪᠥᠭᠡᠳ ᠣᠨᠣᠪᠴᠢᠲᠠᠶ ᠬᠥᠯᠳᠡᠭᠡᠭ᠌ᠰᠡᠨ ᠡᠪᠡᠳᠴᠢᠨ᠎ᠤ ᠵᠦᠶ᠎ᠶ᠋ᠢᠨ ᠣᠨᠣᠱᠢᠯᠠᠯᠲᠠ᠎ᠶ᠋ᠢᠨ ᠦᠷ᠎ᠡ ᠳ᠋ᠦᠩ ᠬᠠᠩᠭᠠᠬᠤ᠎ᠶ᠋ᠢ ᠵᠣᠷᠢᠭ᠍ᠵᠢᠭᠤᠯᠬᠤ᠎ᠶ᠋ᠢᠨ ᠲᠥᠯᠥᠭᠡ᠂ ᠰᠡᠳᠦᠪ ᠲᠣᠭ᠍ᠲᠠᠭᠠᠬᠤ ᠵᠦᠭ᠌ᠯᠡᠭᠦᠷ᠎ᠲᠤ 《 ᠮᠡᠰᠡ ᠵᠠᠰᠠᠯ᠎ᠤᠨ ᠳᠤᠮᠳᠠᠬᠢ ᠬᠥᠯᠳᠡᠭᠡᠭ᠌ᠰᠡᠨ ᠡᠪᠡᠳᠴᠢᠨ᠎ᠤ ᠵᠦᠶ᠎ᠶ᠋ᠢᠨ ᠣᠨᠣᠱᠢᠯᠠᠯᠲᠠ 》 ᠨᠡᠮᠡᠵᠦ᠍ ᠬᠤᠷᠢᠶᠠᠬᠤ ᠵᠦᠢᠯ ᠭᠠᠷᠭᠠᠵᠤ᠂ ᠪᠣᠳᠠᠲᠠᠶ ᠨᠡᠮᠡᠵᠦ᠍ ᠬᠤᠷᠢᠶᠠᠬᠤ ᠵᠣᠭᠤᠰ᠎ᠤᠨ ᠲᠤᠭ᠎ᠠ᠎ᠶ᠋ᠢ ᠡᠯ᠎ᠡ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠠᠴᠠ ᠲᠣᠭ᠍ᠲᠠᠭᠠᠨ᠎ᠠ᠃ ᠡᠭᠦᠨ᠎ᠤ ᠬᠠᠮᠲᠤ᠌᠂ ᠠᠮᠢᠳᠤ ᠨᠡᠬᠡᠳᠡᠰᠦ᠎ᠶᠢᠨ ᠪᠠᠢ᠌ᠴᠠᠭ᠋ᠠᠯᠲᠠ ᠬᠢᠬᠦ᠂ ᠮᠡᠰᠡ ᠵᠠᠰᠠᠯ᠎ᠤᠨ ᠬᠤᠭᠤᠴᠠᠭ᠋ᠠᠨ᠎ᠳᠡᠬᠢ ᠭᠡᠷᠴᠢᠮᠡᠯ᠎ᠤᠨ ᠲᠤᠭ᠎ᠠ ᠬᠡᠮᠵᠢᠶ᠎ᠡ᠎ᠨᠢ ᠢᠯᠡᠳᠲᠡ ᠵᠥᠷᠢᠶ᠎ᠡ᠎ᠲᠠᠢ ᠪᠠᠢᠬᠤ᠎ᠶ᠋ᠢ ᠦᠨᠳᠦᠰᠦᠯᠡᠨ᠂ ᠡᠮᠴᠢᠯᠡᠭᠡᠨ᠎ᠤ ᠦᠨ᠎ᠡ ᠪᠤᠳᠤᠵᠤ ᠰᠦᠢᠳᠭᠡᠯ ᠬᠤᠷᠢᠶᠠᠬᠤ᠎ᠳᠤ ᠲᠥᠬᠦᠮ ᠪᠣᠯᠭᠠᠬᠤ᠎ᠶ᠋ᠢᠨ ᠲᠥᠯᠥᠭᠡ᠂ ᠰᠡᠳᠦᠪ ᠲᠣᠭ᠍ᠲᠠᠭᠠᠬᠤ ᠵᠦᠭ᠌ᠯᠡᠭᠦᠷ᠎ᠨᠢ ᠡᠪᠡᠳᠴᠢᠨ᠎ᠤ ᠵᠦᠶ᠎ᠶ᠋ᠢᠨ ᠣᠨᠣᠰᠢᠯᠠᠯᠲᠠ᠎ᠶ᠋ᠢᠨ 《 ᠡᠬᠢᠯᠡᠯᠲᠡ᠎ᠶ᠋ᠢᠨ ᠦᠨ᠎ᠡ + ᠥᠩᠭᠡᠷᠡᠯᠲᠡ᠎ᠶᠢᠨ ᠦᠨ᠎ᠡ 》᠎ᠶ᠋ᠢᠨ ᠠᠷᠭ᠎ᠠ ᠮᠠᠶᠢᠭ᠎ᠢᠶᠠᠷ ᠦᠨ᠎ᠡ ᠪᠣᠳᠣᠵᠤ ᠰᠦᠢᠳᠭᠡᠯ ᠬᠤᠷᠢᠶᠠᠬᠤ᠎ᠶ᠋ᠢ ᠲᠣᠳᠣᠷᠬᠠᠢᠯᠠᠵᠤ᠂ ᠭᠠᠭᠴᠠ ᠤᠳᠠᠭ᠎ᠠ ᠡᠪᠡᠳᠴᠢᠨ᠎ᠤ ᠵᠦᠶ᠎ᠶ᠋ᠢᠨ ᠣᠨᠣᠱᠢᠯᠠᠯᠲᠠ᠎ᠶ᠋ᠢ 10 ᠬᠠᠭᠤᠳᠠᠰᠤ ᠳᠣᠲᠣᠷᠠᠬᠢ ᠭᠡᠷᠴᠢᠮᠡᠯ᠎ᠢᠶᠡᠷ ᠰᠠᠭᠤᠷᠢ ᠪᠣᠯᠭᠠᠨ ᠦᠨ᠎ᠡ ᠪᠤᠳᠤᠵᠤ᠂ ᠬᠡᠲᠦᠷᠡᠭ᠌ᠰᠡᠨ ᠬᠡᠰᠡᠭ᠎ᠢ 10 ᠬᠠᠭᠤᠳᠠᠰᠤ ᠨᠡᠮᠡᠬᠦ᠌ ᠪᠦᠷᠢ ᠵᠣᠬᠢᠬᠤ ᠬᠠᠷᠢᠴᠠᠯ᠎ᠢᠶᠠᠷ ᠳᠠᠪᠬᠤᠷᠳᠠᠭᠤᠯᠵᠤ ᠦᠨ᠎ᠡ ᠪᠤᠳᠤᠵᠤ᠂ ᠡᠯ᠎ᠡ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠠᠴᠠ ᠵᠠᠷᠤᠳᠠᠯ᠎ᠤᠨ ᠳᠡᠭᠡᠳᠦ ᠬᠢᠵᠠᠭᠠᠷ᠎ᠢ ᠲᠣᠭ᠍ᠲᠠᠭᠠᠵᠤ᠂ ᠡᠪᠡᠳᠴᠢᠲᠡᠨ᠎ᠤ ᠡᠭᠦᠷᠭᠡᠯᠡᠵᠦ᠍ ᠪᠣᠯᠬᠤ᠎ᠶ᠋ᠢ ᠪᠠᠲᠤᠯᠠᠨ᠎ᠠ᠃ ᠡᠭᠦᠨ᠎ᠠᠴᠠ ᠭᠠᠳᠠᠨ᠎ᠠ᠂ ᠰᠡᠳᠦᠪ ᠲᠣᠭ᠍ᠲᠠᠭᠠᠬᠤ ᠵᠦᠭ᠌ᠯᠡᠭᠦᠷ᠎ᠨᠢ ᠡᠪᠡᠳᠴᠢᠨ᠎ᠤ ᠵᠦᠢ᠎ᠶ᠋ᠢᠨ ᠵᠠᠭ᠍ᠪᠤᠷ᠎ᠤᠨ ᠱᠢᠢᠳᠪᠦᠷᠢᠯᠡᠯᠲᠡ᠎ᠳᠤ 《 ᠴᠠᠭ ᠬᠢᠵᠠᠭᠠᠷᠯᠠᠨ ᠱᠢᠢᠳᠪᠦᠷᠢᠯᠡᠬᠦ᠌ 》 ᠵᠦᠢᠯ᠎ᠢ ᠨᠡᠮᠡᠵᠦ᠍᠂ ᠡᠮᠴᠢᠯᠡᠭᠡᠨ᠎ᠤ ᠪᠠᠢᠭᠤᠯᠤᠮᠵᠢ᠎ᠨᠢ 24 ᠴᠠᠭ᠎ᠤᠨ ᠳᠣᠲᠣᠷ᠎ᠠ ᠵᠠᠭ᠍ᠪᠤᠷ᠎ᠤᠨ ᠪᠦᠷᠢᠨ ᠪᠦᠲᠦᠨ ᠪᠠᠢᠴᠠᠭᠠᠯᠲᠠ᠎ᠶ᠋ᠢᠨ ᠣᠨᠣᠱᠢᠯᠠᠯᠲᠠ᠎ᠶ᠋ᠢ ᠪᠡᠶᠡᠯᠡᠭᠦᠯᠵᠦ᠍᠂ ᠡᠭᠦᠨ᠎ᠢᠶᠠᠷ ᠵᠣᠬᠢᠬᠤ ᠬᠡᠮᠵᠢᠶ᠎ᠡ᠎ᠪᠠᠷ ᠨᠡᠮᠡᠵᠦ᠍ ᠬᠤᠷᠢᠶᠠᠵᠤ ᠪᠣᠯᠤᠨ᠎ᠠ᠃

 

ᠲᠤᠰᠠᠭ᠋ᠠᠷᠯᠠᠭᠤᠯᠬᠤ ᠡᠪᠡᠳᠴᠢᠨ᠎ᠤ ᠵᠦᠶ᠎ᠶ᠋ᠢᠨ ᠥᠯᠢᠭᠡᠷ ᠡᠳ᠋᠎ᠢ ᠪᠠᠢᠴᠠᠭᠠᠨ ᠱᠢᠯᠭᠠᠬᠤ ᠦᠨ᠎ᠡ ᠬᠠᠩᠰᠢ᠎ᠶ᠋ᠢᠨ ᠲᠥᠷᠥᠯ ᠵᠤᠢᠯ᠎ᠳᠤ ᠨᠠᠷᠢᠯᠢᠭ ᠣᠨᠣᠪᠴᠢᠲᠠᠢ᠎ᠪᠠᠷ ᠡᠮ ᠬᠡᠷᠡᠭ᠌ᠯᠡᠬᠦ᠌᠎ᠶ᠋ᠢ ᠳᠡᠮᠵᠢᠨ᠎ᠠ

  ᠣᠨᠣᠪᠴᠢᠲᠠᠢ ᠠᠨᠠᠭᠠᠬᠤ ᠤᠬᠠᠭᠠᠨ᠎ᠤ ᠬᠥᠭ᠌ᠵᠢᠯᠲᠡ᠎ᠶ᠋ᠢ ᠳᠠᠭᠠᠯᠳᠤᠨ᠂ ᠡᠪᠡᠳᠴᠢᠨ᠎ᠤ ᠵᠦᠶ᠎ᠶ᠋ᠢᠨ ᠣᠨᠣᠱᠢᠯᠠᠯᠲᠠ᠎ᠨᠢ ᠡᠪᠡᠳᠴᠢᠨ ᠡᠮᠭᠡᠭ᠎ᠤᠨ ᠱᠢᠨᠵᠢ ᠴᠢᠨᠠᠷ᠎ᠢ ᠲᠣᠳᠣᠷᠬᠠᠶ ᠲᠣᠭ᠍ᠲᠠᠭᠠᠵᠤ ᠴᠢᠳᠠᠬᠤ᠎ᠪᠠᠷ ᠪᠠᠷᠠᠬᠤ ᠥᠬᠡᠶ᠂ ᠡᠮ ᠬᠡᠷᠡᠭ᠌ᠯᠡᠬᠦ᠌ ᠬᠠᠨᠳᠤᠯᠭᠠᠲᠤ ᠴᠢᠨᠠᠷ᠎ᠢ ᠵᠢᠯᠣᠭᠤᠳᠭᠤ ᠲᠠᠯ᠎ᠠ᠎ᠪᠠᠷ ᠪᠠᠰᠠ ᠴᠢᠬᠤᠯᠠ ᠵᠢᠯᠣᠭᠤᠳᠭᠤ ᠦᠢᠯᠡᠳᠦᠯ ᠦᠵᠡᠭᠦᠯᠦᠭ᠌ᠰᠡᠨ ᠪᠠᠢᠨ᠎ᠠ᠃ 《 ᠡᠭᠡᠯᠢᠯᠡᠭᠡ᠎ᠶᠢᠨ ᠨᠡᠬᠡᠳᠡᠰᠦ᠎ᠶᠢᠨ ᠬᠢᠮᠢ᠎ᠶᠢᠨ ᠪᠤᠳᠤᠭᠯᠠᠬᠤ 》᠎ᠪᠠᠷ ᠵᠢᠱ᠌ᠢᠶ᠎ᠡ ᠪᠣᠯᠭᠠᠵᠤ᠂ ᠥᠲᠦᠭᠡᠭᠴᠢ  ᠳᠠᠭ᠋ᠠᠭ᠋ᠠᠭᠴᠢ᠎ᠶᠢᠨ ᠥᠪᠡᠷᠮᠢᠴᠡ ᠱᠢᠨᠵᠢ᠎ᠶ᠋ᠢ ᠤᠶᠠᠯᠳᠤᠭᠤᠯᠬᠤ᠎ᠪᠠᠷ ᠳᠠᠮᠵᠢᠭᠤᠯᠵᠤ᠂ ᠥᠪᠡᠷᠮᠢᠴᠡ ᠤᠭᠤᠷᠠᠭ᠎ᠤᠨ ᠢᠯᠡᠳᠭᠡᠬᠦ᠌ ᠲᠦᠪᠱᠢᠨ᠎ᠢ ᠦᠨᠡᠯᠡᠨ᠂ ᠭᠡᠨᠡᠳᠲᠡ᠎ᠶ᠋ᠢᠨ ᠭᠧᠨ᠎ᠦ ᠪᠠᠢᠷᠢ᠎ᠶ᠋ᠢ ᠲᠣᠭ᠍ᠲᠠᠭᠠᠵᠤ᠂ ᠡᠮ ᠬᠡᠷᠡᠭ᠌ᠯᠡᠬᠦ᠌ ᠰᠣᠩᠭᠣᠯᠲᠠ᠎ᠳᠤ ᠦᠨᠳᠦᠰᠦ ᠪᠠᠷᠢᠮᠲᠠ ᠬᠠᠩᠭᠠᠵᠤ ᠴᠢᠳᠠᠨ᠎ᠠ᠃

  ᠰᠡᠳᠦᠪ ᠲᠣᠭ᠍ᠲᠠᠭᠠᠬᠤ ᠵᠦᠭ᠌ᠯᠡᠭᠦᠷ᠎ᠨᠢ ᠡᠪᠡᠳᠴᠢᠨ᠎ᠤ ᠵᠦᠢ᠎ᠶ᠋ᠢᠨ ᠵᠠᠭ᠍ᠪᠤᠷ᠎ᠤᠨ ᠤᠭ ᠪᠠᠢᠷᠢ᠎ᠶ᠋ᠢᠨ ᠪᠥᠭᠡᠮ ᠬᠦᠴᠢᠯ᠎ᠤᠨ ᠡᠷᠯᠢᠰᠡᠵᠢᠭᠦᠯᠦᠯᠲᠡ᠂ ᠪᠥᠭᠡᠮ ᠬᠦᠴᠢᠯ᠎ᠤᠨ ᠵᠢᠭᠰᠠᠭ᠋ᠠᠯ᠎ᠢ ᠬᠡᠮᠵᠢᠬᠦ ᠵᠡᠷᠭᠡ ᠬᠠᠮᠢᠶ᠎ᠠ ᠪᠥᠬᠦᠶ ᠦᠨ᠎ᠡ ᠬᠠᠩᠰᠢ᠎ᠶ᠋ᠢᠨ ᠲᠥᠷᠥᠯ ᠵᠦᠢᠯ᠎ᠢ ᠪᠠᠢᠭᠤᠯᠵᠤ᠂ ᠡᠮᠴᠢᠯᠡᠭᠡᠨ᠎ᠤ ᠪᠠᠢᠭᠤᠯᠤᠮᠵᠢ᠎ᠨᠢ ᠡᠯ᠎ᠡ ᠲᠦᠷᠦᠯ᠎ᠤᠨ ᠪᠠᠢᠴᠠᠭᠠᠨ ᠱᠢᠯᠭᠠᠬᠤ ᠠᠷᠭ᠎ᠠ ᠮᠠᠶᠢᠭ᠎ᠢ ᠠᠱᠢᠭ᠍ᠯᠠᠨ᠂ ᠡᠪᠡᠳᠴᠢᠨ ᠡᠮᠭᠡᠭ᠎ᠲᠠᠢ ᠬᠤᠯᠪᠣᠭ᠍ᠳᠠᠬᠤ ᠬᠡᠪ᠎ᠤᠨ ᠪᠤᠰᠤ ᠭᠧᠨ᠂ ᠤᠭᠤᠷᠠᠭ᠂ ᠡᠪᠡᠳᠴᠢᠲᠡᠨ᠎ᠢ ᠵᠦᠢ ᠵᠣᠬᠢᠰᠲᠠᠶ᠎ᠪᠠᠷ ᠡᠮ ᠬᠡᠷᠡᠭ᠌ᠯᠡᠬᠦ᠌᠎ᠶ᠋ᠢ ᠵᠢᠯᠣᠭᠤᠳᠴᠤ᠌᠂ ᠲᠣᠭ᠍ᠲᠠᠭᠠᠯ ᠶᠣᠰᠣᠭᠠᠷ ᠪᠣᠳᠠᠲᠠᠶ ᠪᠠᠢᠳᠠᠯ᠎ᠢ ᠦᠨᠳᠦᠰᠦᠯᠡᠨ ᠰᠦᠢᠳᠭᠡᠯ ᠬᠤᠷᠢᠶᠠᠵᠤ᠂ ᠦᠨ᠎ᠡ ᠬᠠᠩᠰᠢ᠎ᠶ᠋ᠢᠨ ᠲᠣᠭ᠍ᠲᠠᠴᠠ᠎ᠶ᠋ᠢᠨ ᠲᠠᠯ᠎ᠠ᠎ᠠᠴᠠ ᠡᠪᠡᠳᠴᠢᠨ᠎ᠤ ᠵᠦᠢ᠎ᠶ᠋ᠢᠨ ᠱᠢᠨᠵᠢᠯᠡᠭᠡᠨ᠎ᠤ ᠰᠠᠯᠠᠭ᠎ᠠ᠎ᠶ᠋ᠢᠨ ᠨᠠᠷᠢᠯᠢᠭ ᠣᠨᠣᠪᠴᠢᠲᠠᠢ᠎ᠪᠠᠷ ᠡᠮᠨᠡᠨ ᠵᠠᠰᠠᠬᠤ ᠳᠤᠮᠳᠠ ᠨᠠᠩ ᠶᠡᠭᠡ ᠦᠢᠯᠡᠳᠦᠯ ᠪᠠᠳᠠᠷᠠᠭᠤᠯᠬᠤ᠎ᠶ᠋ᠢ ᠳᠡᠮᠵᠢᠨ᠎ᠡ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            