ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠲᠡᠮᠦᠷ᠎ᠢ ᠠᠳᠭᠤᠪᠠᠯ ᠣᠷᠣᠮ᠎ᠲᠠᠢ᠂ ᠴᠢᠯᠠᠭᠤᠨ ᠳᠡᠭᠡᠷ᠎ᠡ ᠭᠢᠰᠭᠢᠪᠡᠯ ᠮᠥᠷ᠎ᠲᠠᠢ  ᠳᠤᠮᠳᠠᠳᠤ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠠᠷᠠᠳ᠎ᠲᠤ ᠠᠱᠢᠭ ᠬᠦᠷᠲᠡᠭᠡᠵᠦ ᠬᠠᠭᠠᠰ ᠠᠯᠬᠤᠮ᠎ᠢ ᠬᠤᠷᠠᠮᠳᠤᠭᠤᠯᠵᠤ᠂ ᠠᠯᠤᠰ ᠢᠷᠡᠭᠡᠳᠦᠢ᠎ᠳᠤ ᠬᠦᠷᠬᠦ ( ᠭᠤᠷᠪᠠ )᠄ ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡ ᠪᠥᠬᠦ᠌ ᠤᠯᠤᠰ᠎ᠤᠨ ᠡᠷᠡᠭᠦᠯ ᠮᠡᠨᠳᠦ᠍᠎ᠶ᠋ᠢᠨ 《 ᠨᠢᠭᠡ ᠬᠠᠭᠤᠳᠠᠰᠤ ᠲᠣᠣᠷ 》᠎ᠢ ᠰᠦᠯᠵᠢᠪᠡ
ᠨᠡᠶ᠋ᠢᠲᠡᠯᠡᠭᠰᠡᠨ ᠴᠠᠭ᠄ 2025-12-25

  ᠥᠩᠭᠡᠷᠡᠭ᠌ᠰᠡᠨ᠎ᠳᠦ᠂ ᠵᠤᠵᠠᠭᠠᠨ ᠹᠢᠯᠢᠮ ᠨᠢ ᠡᠮᠨᠡᠯᠭᠡ ᠠᠯᠤᠰᠯᠠᠨ ᠡᠪᠡᠳᠴᠢᠨ ᠦᠵᠡᠭᠦᠯᠬᠦ᠂ ᠣᠨᠳᠣᠤ ᠭᠠᠵᠠᠷ᠎ᠲᠤ ᠡᠪᠡᠳᠴᠢᠨ ᠦᠵᠡᠭᠦᠯᠬᠦ᠌᠎ᠶ᠋ᠢᠨ 《 ᠪᠠᠷᠢᠮᠵᠢᠶ᠎ᠠ ᠲᠣᠬᠢᠷᠠᠭᠤᠯᠤᠯᠲᠠ 》 ᠪᠣᠯᠤᠨ᠎ᠠ᠃ ᠡᠳᠦᠭᠡ᠂ ᠨᠢᠭ᠍ᠲᠠ ᠨᠢᠭᠤᠴᠠᠯᠠᠭ᠍ᠰᠠᠨ ᠵᠢᠷᠤᠮᠠᠭ᠎ᠤᠨ ᠳ᠋ᠠᠢᠲ᠋ᠠ᠎ᠶᠢ ᠶᠠᠭ 《 ᠡᠭᠦᠯᠡᠨ ᠦᠵᠦᠭᠦᠷ 》 ᠎ᠲᠤ ᠲᠤᠬᠠᠢ᠎ᠶᠢᠨ ᠴᠠᠭ᠎ᠲᠤ ᠬᠠᠮᠲᠤ ᠡᠳ᠋ᠯᠡᠵᠦ᠍ ᠪᠤᠢ᠃ ᠡᠨᠡ ᠬᠦ᠌ ᠬᠤᠪᠢᠷᠠᠯᠲᠠ᠎ᠨᠢ ᠵᠢᠷᠤᠮᠠᠭ᠎ᠤᠨ ᠠᠴᠢᠶᠠᠯᠠᠪᠤᠷᠢ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠲᠦᠭ ᠲᠦᠮᠡᠨ ᠣᠯᠠᠨ ᠲᠦᠮᠡᠨ᠎ᠤ ᠡᠪᠡᠳᠴᠢᠨ ᠦᠵᠡᠭᠦᠯᠬᠦ᠌ ᠥᠩᠭᠡᠷᠡᠯᠲᠡ ᠪᠣᠯᠤᠨ᠎ᠠ᠃ ᠠᠷᠤ ᠲᠠᠯ᠎ᠠ᠎ᠳᠤ ᠨᠢ᠂ 《 ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡ 》 ᠭᠡᠬᠦ᠌ ᠱᠢᠰᠲ᠋ᠧᠮᠲᠦ ᠢᠨᠵᠧᠨᠧᠷᠢᠩ ᠪᠠᠢᠵᠤ᠂ ᠶᠠᠭ ᠯᠠᠪᠳᠠᠭᠤᠨ ᠪᠠᠲᠤᠲᠠᠶ ᠱᠢᠰᠲ᠋ᠧᠮ᠎ᠲᠠᠢ ᠪᠠᠢᠷᠢᠱᠢᠭᠤᠯᠬᠤ᠎ᠪᠠᠷ ᠳᠠᠮᠵᠢᠭᠤᠯᠤᠨ᠂ ᠪᠥᠬᠦ᠌ ᠤᠯᠤᠰ᠎ᠲᠤ ᠪᠥᠬᠦ᠌ ᠠᠷᠠᠳ᠎ᠲᠤ ᠠᠱᠢᠭ ᠬᠦᠷᠲᠡᠭᠡᠬᠦ᠌ ᠡᠷᠡᠭᠦᠯ ᠮᠡᠨᠳᠦ᠍᠎ᠶ᠋ᠢᠨ ᠳ᠋ᠠᠢᠲ᠋ᠠ᠎ᠶ᠋ᠢᠨ ᠥᠨᠳᠥᠷ ᠬᠤᠷᠳᠤᠴᠠᠲᠤ ᠵᠠᠮ᠎ᠢ ᠠᠯᠬᠤᠮ ᠠᠯᠬᠤᠮ᠎ᠢᠶᠠᠷ ᠨᠡᠭᠡᠭᠡᠵᠦ᠍ ᠪᠣᠢ᠃

  ᠨᠢᠭᠡ᠂ ᠡᠬᠢᠯᠡᠯᠲᠡ᠎ᠶ᠋ᠢᠨ ᠴᠡᠭ᠄ ᠨᠠᠨᠵᠢᠩ᠎ᠤᠨ ᠭᠦ᠋ ᠯᠧᠦ ᠡᠮᠨᠡᠯᠭᠡ᠎ᠶ᠋ᠢᠨ ᠬᠤᠷᠢᠶᠠᠨ᠎ᠤ 《 ᠨᠢᠭᠡᠳᠦᠭᠡᠷ ᠪᠦᠯᠦᠭ ᠳ᠋ᠠᠢᠲ᠋ᠠ 》

  ᠶᠠᠮᠠᠷᠪᠠ ᠠᠤᠭ᠎ᠠ ᠶᠡᠬᠡ ᠬᠤᠪᠢᠰᠤᠯᠲᠠ ᠴᠥᠮ ᠨᠢᠭᠡᠨ ᠪᠠᠲᠤ ᠴᠢᠩᠭ᠎ᠠ ᠡᠬᠢᠯᠡᠯᠳᠡ ᠪᠠᠢᠬᠤ ᠬᠡᠷᠡᠭ᠌ᠲᠡᠢ᠃ 2024 ᠣᠨ᠎ᠤ 12 ᠳ᠋ᠤᠭ᠋ᠠᠷ ᠰᠠᠷ᠎ᠠ᠎ᠶ᠋ᠢᠨ 1 ᠎ᠤ ᠡᠳᠦᠷ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠢ ᠬᠠᠮᠲᠤ ᠪᠠᠷ ᠡᠳ᠋ᠯᠡᠬᠦ᠌ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠨᠠᠨᠵᠢᠩ᠎ᠤᠨ ᠭᠦ᠋ ᠯᠧᠦ ᠡᠮᠨᠡᠯᠭᠡ᠎ᠶ᠋ᠢᠨ ᠬᠤᠷᠢᠶᠠᠨ᠎ᠳᠤ ᠵᠢᠩᠬᠢᠨᠢ᠎ᠪᠠᠷ ᠡᠬᠢᠯᠡᠭᠦᠯᠪᠡ᠃ ᠶᠣᠰᠣᠯᠠᠯ᠎ᠤᠨ ᠠᠬᠤᠶ ᠲᠠᠯᠠᠪᠠᠶ᠎ᠳᠤ᠂ ᠡᠮᠴᠢ ᠨᠢᠭᠡ ᠤᠳᠠᠭᠠᠨ᠎ᠤ ᠮᠢᠩᠭᠠᠨ ᠭᠠᠵᠠᠷ᠎ᠢ ᠭᠡᠲᠦᠯᠦᠭᠰᠡᠨ ᠦᠵᠡᠭᠦᠯᠭᠡ ᠬᠢᠵᠦ᠄ ᠰᠢᠨ᠎ᠡ᠎ᠪᠡᠷ ᠪᠠᠢ᠌ᠭᠤᠯᠤᠭᠰᠠᠨ ᠬᠠᠮᠲᠤ ᠡᠳ᠋ᠯᠡᠬᠦ ᠵᠠᠮ᠎ᠢᠶᠠᠷ ᠳᠠᠮᠵᠢᠨ᠂ ᠨᠠᠨᠵᠢᠩ᠎ᠤᠨ ᠡᠮᠴᠢᠯᠡᠭᠡᠨ᠎ᠦ ᠲᠠᠰᠤᠭ ᠭᠦᠢ᠍ᠵᠸᠦ᠎ᠡᠴᠡ ᠢᠷᠡᠭᠰᠡᠨ ᠨᠢᠭᠡᠨ ᠡᠪᠡᠳᠴᠢᠲᠡᠨ᠎ᠦ ᠬᠦᠵᠦᠭᠦᠨ᠎ᠦ ᠬᠡᠰᠡᠭ᠎ᠦᠨ ᠴᠦᠮ᠎ᠡ᠎ᠶᠢᠨ ᠰᠣᠷᠢᠨᠵᠢᠨ ᠤᠭ ᠲᠦᠷᠰᠦ᠎ᠶᠢ ᠲᠤᠬᠠᠢ᠎ᠶᠢᠨ ᠴᠠᠭ᠎ᠲᠤ ᠨᠢ ᠰᠢᠯᠵᠢᠭᠦᠯᠦᠨ ᠦᠵᠡᠪᠡ᠃ ᠡᠨᠡ ᠬᠦ᠌ ᠭᠦᠢ᠍ᠵᠸᠦ᠎ᠡᠴᠡ 《 ᠨᠢᠰᠦᠭᠡᠳ 》 ᠨᠠᠨᠵᠢᠩ᠎ᠳᠤ ᠢᠷᠡᠭᠰᠡᠨ ᠳ᠋ᠠᠢ᠌ᠲ᠋ᠠ᠎ᠶᠢᠨ ᠤᠷᠤᠰᠬᠠᠯ ᠨᠢ ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡᠨ ᠲᠠᠪᠴᠠᠩ᠎ᠤᠨ ᠰᠢᠯᠵᠢᠭᠦᠯᠦᠨ ᠦᠵᠡᠭᠰᠡᠨ 《 ᠨᠢᠭᠡᠳᠦᠭᠡᠷ ᠪᠦᠯᠦᠭ ᠳ᠋ᠠᠢᠲ᠋ᠠ 》 ᠪᠣᠯᠵᠤ᠂ ᠠᠨᠠᠭᠠᠬᠤ ᠤᠬᠠᠭᠠᠨ᠎ᠤ᠋ ᠵᠢᠷᠤᠮᠠᠭ᠎ᠶᠢ ᠮᠣᠵᠢ ᠠᠯᠤᠰᠯᠠᠨ ᠬᠠᠷᠢᠯᠴᠠᠨ ᠮᠡᠳᠡᠷᠡᠬᠦ᠌ ᠵᠢᠷᠤᠭ ᠲᠥᠰᠥᠪ᠎ᠢ᠋ ᠪᠣᠳᠠᠲᠠᠢ ᠪᠡᠶᠡᠯᠡᠭᠦᠯᠦᠭ᠌ᠰᠡᠨ᠎ᠢ᠋ ᠬᠠᠷᠠᠭᠤᠯᠪᠠ᠃

  ᠬᠤᠶᠠᠷ᠂ ᠰᠠᠭᠤᠷᠢ ᠴᠣᠭ᠍ᠴᠠᠯᠠᠬᠤ᠄ ᠳᠡᠭᠡᠳᠦ ᠳᠠᠪᠬᠤᠷᠭ᠎ᠠ᠎ᠶ᠋ᠢᠨ ᠲᠥᠯᠥᠪᠯᠡᠭᠡ ᠬᠢᠭᠡᠳ ᠨᠢᠭᠡᠳᠦᠯᠲᠡᠢ ᠪᠠᠷᠢᠮᠵᠢᠶ᠎ᠠ᠎ᠶ᠋ᠢᠨ 《 ᠬᠤᠣᠰ ᠬᠦᠷᠳᠦᠲᠦ ᠬᠥᠳᠡᠯᠭᠡᠭᠦᠷ 》

  ᠡᠨᠡ ᠬᠦ᠌ ᠢᠨᠵᠧᠨᠧᠷᠢᠩ᠎ᠢ ᠦᠳᠲᠡᠷ ᠲᠦᠷᠭᠡᠨ ᠠᠬᠢᠭᠤᠯᠤᠭ᠍ᠰᠠᠨ᠎ᠨᠢ ᠳᠡᠭᠡᠳᠦ ᠳᠠᠪᠬᠤᠷᠭ᠎ᠠ᠎ᠶ᠋ᠢᠨ ᠣᠨᠣᠪᠴᠢᠲᠠᠢ ᠵᠢᠷᠤᠭ ᠲᠥᠯᠥᠪᠯᠡᠭᠡ ᠪᠠ ᠬᠠᠮᠵᠢᠯᠴᠠᠨ ᠬᠦᠴᠦᠯᠡᠭ᠌ᠰᠡᠨ᠎ᠠᠴᠠ ᠪᠣᠯᠤᠭ᠍ᠰᠠᠨ ᠶᠤᠮ᠃ 2024 ᠣᠨ᠎ᠤ 11 ᠳ᠋ᠤᠭᠡᠷ ᠰᠠᠷ᠎ᠠ᠎ᠳᠤ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠵᠡᠷᠭᠡ ᠨᠠᠢ᠍ᠮᠠᠨ ᠰᠠᠯᠠᠭ᠎ᠠ ᠮᠥᠴᠢᠷ ᠬᠠᠮᠲᠤᠷᠠᠨ 《 ᠡᠮᠴᠢᠯᠡᠭᠡᠨ᠎ᠤ ᠪᠠᠢᠭᠤᠯᠤᠮᠵᠢ᠎ᠶ᠋ᠢᠨ ᠪᠠᠢᠴᠠᠭᠠᠨ ᠱᠢᠯᠭᠠᠭ᠍ᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ᠌᠎ᠶ᠋ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠵᠢᠯᠣᠭᠤᠳᠭᠤ ᠰᠠᠨᠠᠯ 》᠎ᠢ ᠳᠠᠷᠤᠮᠠᠯᠯᠠᠨ ᠲᠠᠷᠬᠠᠭᠠᠵᠤ᠂ ᠪᠠᠢᠴᠠᠭᠠᠨ ᠱᠢᠯᠭᠠᠭ᠍ᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠵᠦ᠍ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠬᠤ ᠲᠤᠬᠠᠶ ᠪᠠᠢᠷᠢᠯᠠᠭᠤᠯᠤᠯᠲᠠ ᠬᠢᠭ᠌ᠰᠡᠨ ᠪᠥᠭᠡᠳ ᠡᠮᠴᠢᠯᠡᠭᠡᠨ᠎ᠦ ᠪᠠᠲᠤᠯᠠᠭ᠎ᠠ᠎ᠶᠢᠨ ᠢᠵᠢ ᠪᠥᠷᠢᠳᠦᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ 《 ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡ 》 ᠵᠡᠷᠭᠡ ᠬᠠᠮᠲᠤ᠎ᠪᠠᠷ ᠡᠳ᠋ᠯᠡᠬᠦ᠌ ᠵᠠᠭ᠍ᠪᠤᠷ᠎ᠤᠨ ᠪᠥᠲᠥᠭᠡᠨ ᠪᠠᠢᠭᠤᠯᠤᠯᠲᠠ᠎ᠳᠤ ᠳᠡᠭᠡᠳᠦ ᠳᠠᠪᠬᠤᠷᠭ᠎ᠠ᠎ᠶ᠋ᠢᠨ ᠲᠥᠯᠥᠪᠯᠡᠭᠡ᠎ᠶ᠋ᠢᠨ ᠲᠤᠯᠭᠠᠭᠤᠷᠢᠯᠠᠯ ᠬᠠᠩᠭ᠋ᠠᠪᠠ᠃ ᠡᠭᠦᠨ᠎ᠤ ᠬᠠᠮᠲᠤ᠌᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ 《 ᠰᠠᠴᠤᠷᠠᠭ ᠪᠠᠢᠴᠠᠭᠠᠯᠲᠠ᠎ᠶ᠋ᠢᠨ ᠲᠥᠷᠥᠯ᠎ᠤᠨ ᠡᠮᠴᠢᠯᠡᠭᠡᠨ᠎ᠦ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠰᠡᠳᠦᠪ ᠲᠣᠭ᠍ᠲᠠᠭᠠᠬᠤ ᠵᠦᠭ᠌ᠯᠡᠭᠦᠷ ( ᠲᠤᠷᠱᠢᠨ ᠬᠡᠷᠡᠭ᠌ᠵᠢᠭᠦᠯᠬᠦ᠌ )》᠎ᠢ ᠨᠡᠢᠲᠡᠯᠡᠵᠦ᠍᠂ ᠪᠣᠳᠠᠲᠤ ᠴᠣᠭ᠍ᠴᠠ᠎ᠶ᠋ᠢᠨ ᠹᠢᠯᠢᠮ᠎ᠢ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠪᠦᠷᠢᠯᠳᠦᠯ᠎ᠠᠴᠠ ᠰᠠᠯᠭᠠᠵᠤ᠂ ᠳ᠋ᠢᠭᠢᠲᠴᠢᠯᠡᠭᠰᠡᠨ ᠵᠢᠷᠤᠮᠠᠭ᠎ᠢᠶᠠᠷ ᠱᠢᠢᠳᠪᠦᠷᠢᠯᠡᠬᠦ᠎ᠪᠠᠷ ᠣᠷᠣᠯᠠᠵᠤ᠂ ᠳᠡᠭᠡᠭ᠌ᠰᠢ ᠳᠠᠮᠵᠢᠭᠤᠯᠬᠤ ᠪᠠ ᠡᠭᠦᠯᠡᠨ ᠬᠠᠳᠠᠭᠠᠯᠠᠯᠲᠠ᠎ᠶ᠋ᠢ ᠰᠠᠴᠤᠷᠠᠭ ᠪᠠᠢᠴᠠᠭᠠᠯᠲᠠ᠎ᠳᠤ ᠣᠷᠣᠭᠤᠯᠤᠭ᠍ᠰᠠᠨ ᠦᠨ᠎ᠡ ᠬᠠᠩᠰᠢ᠎ᠶ᠋ᠢᠨ ᠪᠦᠷᠢᠯᠳᠦᠯ᠂ ᠲᠤᠬᠠᠢᠯᠠᠪᠠᠯ ᠡᠮᠨᠡᠯᠭᠡ᠎ᠶ᠋ᠢᠨ ᠬᠤᠷᠢᠶ᠎ᠠ᠎ᠳᠤ ᠤᠳᠠᠭ᠎ᠠ ᠪᠦᠷᠢ᠎ᠶ᠋ᠢᠨ ᠵᠢᠷᠤᠮᠠᠭ᠎ᠤᠨ ᠦᠢᠯᠡᠴᠢᠯᠡᠭᠡᠨ᠎ᠤ ᠣᠷᠣᠯᠭ᠎ᠠ᠎ᠶ᠋ᠢ ᠲᠣᠭ᠍ᠲᠠᠭᠠᠭ᠍ᠰᠠᠨ ᠤᠷᠢᠲᠠᠯ ᠳᠣᠤᠷ᠎ᠠ ( ᠵᠢᠱ᠌ᠢᠶᠡᠯᠡᠪᠡᠯ ᠡᠩ᠎ᠤᠨ CT ᠤᠳᠠᠭ᠎ᠠ ᠪᠦᠷᠢ᠎ᠶ᠋ᠢᠨ ᠰᠦᠢᠳᠭᠡᠯ ᠬᠤᠷᠢᠶᠠᠬᠤ ᠬᠡᠮᠵᠢᠶ᠎ᠡ᠎ᠨᠢ ᠪᠠᠷᠤᠭ 300 ᠲᠥᠭᠦᠷᠢᠭ )᠂ ᠡᠭᠦᠨ᠎ᠤ ᠳᠣᠲᠣᠷᠠᠬᠢ ᠹᠢᠯᠢᠮ᠎ᠤᠨ ᠥᠪᠡᠷ᠎ᠤᠨ ᠥᠷᠲᠡᠭ᠎ᠨᠢ ᠪᠠᠷᠤᠭ 15 ᠲᠥᠭᠦᠷᠢᠭ᠎ᠤᠨ ᠤᠯᠠᠮᠵᠢᠯᠠᠯᠲᠤ ᠹᠢᠯᠢᠮ᠎ᠢ 5 ᠲᠥᠭᠦᠷᠢᠭ᠎ᠤᠨ ᠡᠭᠦᠯᠡᠨ ᠵᠢᠷᠤᠮᠠᠭ ᠪᠣᠯᠭᠠᠨ ᠰᠣᠯᠢᠵᠤ᠂ ᠡᠮᠨᠡᠯᠭᠡ᠎ᠶ᠋ᠢᠨ ᠬᠤᠷᠢᠶᠠᠨ᠎ᠤ ᠥᠪᠡᠷ᠎ᠤᠨ ᠥᠷᠲᠡᠭ᠎ᠢ ᠪᠠᠭᠠᠰᠭᠠᠵᠤ᠂ ᠡᠮᠨᠡᠯᠭᠡ᠎ᠶ᠋ᠢᠨ ᠬᠤᠷᠢᠶᠠᠨ᠎ᠤ ᠠᠱᠢᠭ ᠣᠯᠵᠠᠪᠤᠷᠢ᠎ᠶ᠋ᠢ ᠨᠡᠮᠡᠭ᠌ᠳᠡᠭᠦᠯᠵᠡᠶ᠃

  ᠬᠠᠮᠲᠤ ᠡᠳ᠋ᠯᠡᠬᠦ᠌ ᠎ᠶ᠋ᠢᠨ ᠤᠷᠢᠲᠠᠯ ᠪᠤᠯ 《 ᠠᠳᠠᠯᠢ ᠨᠢᠭᠡᠨ ᠦᠭᠡ ᠶᠠᠷᠢᠶ᠎ᠠ᠎ᠢ ᠬᠡᠯᠡᠬᠦ 》 ᠪᠣᠯᠣᠨ᠎ᠠ᠃ ᠨᠢᠭᠡ ᠢᠵᠢ ᠴᠢᠩᠭ᠎ᠠ ᠨᠢᠮᠪᠠᠢ ᠮᠡᠷᠭᠡᠵᠢᠯ᠎ᠤᠨ ᠪᠠᠷᠢᠮᠵᠢᠶ᠎ᠠ᠎ᠶ᠋ᠢᠨ ᠲᠣᠭᠲᠠᠯᠴᠠᠭ᠎ᠠ᠎ᠨᠢ ᠰᠠᠯᠤᠯ ᠦᠭᠡᠢ ᠳᠠᠭᠠᠵᠤ ᠲᠦᠷᠭᠡᠨ ᠨᠤᠲᠤᠭᠰᠢᠪᠠ᠄

  2025 ᠣᠨ᠎ᠤ 2 ᠳ᠋ᠤᠭ᠋ᠠᠷ ᠰᠠᠷ᠎ᠠ᠎ᠳᠤ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ 《〈 ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡᠨ ᠬᠡᠯᠬᠢᠶᠡᠰᠦ 〉᠎ᠶ᠋ᠢ ᠬᠡᠷᠡᠭ᠌ᠵᠢᠭᠦᠯᠬᠦ᠌ ᠲᠤᠬᠠᠶ ᠠᠯᠪᠠᠨ ᠵᠠᠷ 》᠎ᠢ ᠨᠡᠢᠲᠡᠯᠡᠵᠦ᠍᠂ 《 ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡᠨ ᠬᠡᠯᠬᠢᠶᠡᠰᠦ 》᠎ᠶ᠋ᠢ ᠨᠠᠢᠷᠠᠭᠤᠯᠤᠨ ᠵᠣᠬᠢᠶᠠᠬᠤ ᠰᠠᠨᠠᠭᠤᠯᠭ᠎ᠠ᠎ᠶ᠋ᠢ ᠢᠯᠡ᠎ᠪᠠᠷ ᠴᠤᠭ᠍ᠯᠠᠭᠤᠯᠵᠤ᠂ ᠣᠶᠤᠨ ᠤᠬᠠᠭᠠᠨ᠎ᠢ ᠥᠷᠭᠡᠨ᠎ᠢᠶᠠᠷ ᠣᠷᠣᠭᠤᠯᠪᠠ᠃ 

  2025 ᠣᠨ᠎ᠤ 4 ᠳ᠋ᠤᠭᠡᠷ ᠰᠠᠷ᠎ᠠ᠎ᠳᠤ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ 《 ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡᠨ ᠬᠡᠯᠬᠢᠶᠡᠰᠦ᠎ᠶ᠋ᠢ ᠳᠡᠭᠡᠭ᠌ᠰᠢ ᠳᠠᠮᠵᠢᠭᠤᠯᠬᠤ ᠲᠤᠷᠱᠢᠯᠲᠠ᠎ᠶ᠋ᠢᠨ ᠴᠡᠭ᠎ᠤᠨ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ 》 ᠵᠢᠴᠢ ᠤᠯᠤᠰ᠎ᠤᠨ ᠪᠠᠷᠢᠮᠵᠢᠶ᠎ᠠ᠎ᠶ᠋ᠢᠨ 《〈 ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡᠨ ᠬᠡᠯᠬᠢᠶᠡᠰᠦ 〉᠎ᠶ᠋ᠢᠨ ᠲᠥᠰᠦᠯ 》᠎ᠢ ᠵᠢᠩᠬᠢᠨᠢ᠎ᠪᠠᠷ ᠳᠠᠷᠤᠮᠠᠯᠯᠠᠨ ᠲᠠᠷᠬᠠᠭᠠᠵᠤ᠂ ᠵᠢᠷᠤᠮᠠᠭ ᠨᠢᠭᠡᠪᠦᠷᠢ᠎ᠳᠤ ᠴᠣᠷ᠎ᠤᠨ ᠭᠠᠭ᠍ᠴᠠ᠂ ᠮᠥᠷᠳᠡᠨ ᠨᠡᠬᠡᠮᠵᠢᠯᠡᠵᠦ᠍ ᠪᠣᠯᠬᠤ 《 ᠡᠯᠧᠺᠲᠷᠣᠨ ᠪᠡᠶ᠎ᠡ᠎ᠶ᠋ᠢᠨ ᠦᠨᠡᠮᠯᠡᠯ 》᠎ᠢ ᠣᠯᠭᠤᠵᠤ᠂ ᠡᠬᠢ ᠡᠭᠦᠰᠦᠯ᠎ᠠᠴᠠ᠎ᠨᠢ ᠳ᠋ᠠᠢᠲ᠋ᠠ᠎ᠶ᠋ᠢ ᠵᠣᠬᠢᠴᠠᠭᠤᠯᠬᠤ ᠬᠦᠴᠢᠷ ᠠᠰᠠᠭᠤᠳᠠᠯ᠎ᠢ ᠱᠢᠢᠳᠪᠦᠷᠢᠯᠡᠪᠡ᠃

  2025 ᠣᠨ᠎ᠤ 9 ᠳ᠋ᠦ᠍ᠭᠡᠷ ᠰᠠᠷ᠎ᠠ᠎ᠳᠤ᠂ ᠲᠤᠷᠱᠢᠯᠲᠠ᠎ᠶ᠋ᠢᠨ ᠴᠡᠭ᠎ᠤᠨ ᠠᠵᠢᠯ᠎ᠤᠨ ᠭᠦᠨᠵᠡᠭᠡᠢᠷᠡᠬᠦ᠌᠎ᠶ᠋ᠢ ᠳᠠᠭᠠᠯᠳᠤᠨ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ 《 ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡᠨ ᠲᠤᠷᠱᠢᠯᠲᠠ᠎ᠶ᠋ᠢᠨ ᠴᠡᠭ᠎ᠤᠨ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌ ᠲᠤᠬᠠᠶ ᠮᠡᠳᠡᠭ᠌ᠳᠡᠯ 》᠎ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ᠎ᠤᠨ  ᠳ᠋ᠠᠢᠲ᠋ᠠ᠎ᠶ᠋ᠢ ᠪᠥᠬᠦ᠌ ᠬᠡᠮᠵᠢᠶ᠎ᠡ᠎ᠪᠠᠷ᠂ ᠣᠨᠣᠪᠴᠢᠲᠠᠢ᠎ᠪᠠᠷ ᠳᠡᠭᠡᠭ᠌ᠰᠢ ᠳᠠᠮᠵᠢᠭᠤᠯᠬᠤ᠎ᠶ᠋ᠢ ᠵᠢᠯᠣᠭᠤᠳᠴᠤ᠌᠂ ᠡᠭᠦᠯᠡᠨ ᠦᠵᠦᠭᠦᠷ᠎ᠦᠨ ᠳ᠋ᠠᠢᠲ᠋ᠠ᠎ᠶ᠋ᠢᠨ ᠶᠠᠰᠤ ᠴᠢᠨᠠᠷ ᠬᠢᠭᠡᠳ ᠬᠡᠷᠡᠭ᠌ᠯᠡᠵᠦ᠍ ᠪᠣᠯᠬᠤᠢᠴᠠ ᠴᠢᠨᠠᠷ᠎ᠢ ᠦᠨᠡᠨ ᠬᠦ᠌ ᠪᠠᠲᠤᠯᠠᠪᠠ᠃

  2025 ᠣᠨ᠎ᠤ 12 ᠳ᠋ᠤᠭ᠋ᠠᠷ ᠰᠠᠷ᠎ᠠ᠎ᠳᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ 《 ᠡᠮᠴᠢᠯᠡᠭᠡᠨ᠎ᠤ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡᠨ ᠬᠡᠯᠬᠢᠶᠡᠰᠦ᠎ᠶ᠋ᠢᠨ ᠶᠠᠰᠤ ᠴᠢᠨᠠᠷ᠎ᠢ ᠡᠵᠡᠮᠳᠡᠬᠦ᠌ ᠯᠠᠪᠯᠠᠯᠲᠠ᠎ᠶ᠋ᠢᠨ ᠵᠢᠯᠣᠭᠤᠳᠤᠮᠵᠢ 》᠎ᠶ᠋ᠢ ᠳᠠᠷᠤᠮᠠᠯᠯᠠᠨ ᠲᠠᠷᠬᠠᠭᠠᠵᠤ᠂ ᠲᠠᠷᠠᠭᠠᠴᠢ᠎ᠶ᠋ᠢᠨ ᠡᠮᠴᠢᠯᠡᠭᠡᠨ᠎ᠤ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡᠨ ᠬᠡᠯᠬᠢᠶᠡᠰᠦ᠎ᠶ᠋ᠢᠨ ᠳ᠋ᠠᠢᠲ᠋ᠠ᠎ᠶ᠋ᠢᠨ ᠶᠠᠰᠤ ᠴᠢᠨᠠᠷ᠎ᠢ ᠦᠷᠭᠦᠯᠵᠢᠯᠡᠨ ᠱᠢᠯᠢᠳᠡᠭ᠌ᠵᠢᠭᠦᠯᠬᠦ᠌᠎ᠳᠤ ᠪᠠᠷᠢᠮᠵᠢᠶᠠᠵᠢᠭᠤᠯᠤᠭ᠍ᠰᠠᠨ ᠵᠢᠷᠤᠮᠵᠢᠯ ᠪᠠ ᠲᠣᠳᠣᠷᠬᠠᠶ ᠵᠢᠷᠤᠮᠯᠠᠯ ᠬᠠᠩᠭᠠᠵᠤ᠂ ᠵᠢᠷᠤᠮᠠᠭ᠎ᠤᠨ ᠡᠭᠦᠯᠡᠨ ᠲᠠᠪᠴᠠᠩ᠎ᠤᠨ ᠣᠷᠣᠨ ᠪᠦᠰᠡ ᠠᠯᠤᠰᠯᠠᠨ ᠱᠢᠯᠵᠢᠭᠦᠯᠦᠨ ᠦᠵᠡᠬᠦ᠌ ᠠᠵᠢᠯ᠎ᠢ ᠴᠢᠨᠠᠷ ᠰᠠᠢᠲᠠᠶ ᠳ᠋ᠠᠢᠲ᠋ᠠ᠎ᠳᠤ ᠲᠦᠱᠢᠭ᠌ᠯᠡᠨ ᠲᠣᠭ᠍ᠲᠠᠭᠤᠨ᠎ᠢᠶᠠᠷ ᠠᠬᠢᠭᠤᠯᠬᠤ᠎ᠶ᠋ᠢ ᠦᠨᠡᠨ ᠬᠦ᠌ ᠪᠠᠲᠤᠯᠠᠪᠠ᠃

 

 

  ᠲᠥᠪ ᠲᠧᠯᠸᠢᠰ᠎ᠤᠨ ᠰᠣᠨᠢᠨ ᠮᠡᠳᠡᠭᠡ 2025 ᠣᠨ᠎ᠤ 11 ᠳ᠋ᠦ᠍ᠭᠡᠷ ᠰᠠᠷ᠎ᠠ᠎ᠶ᠋ᠢᠨ 27 ᠎ᠤ ᠡᠳᠦᠷ᠎ᠤᠨ ᠮᠡᠳᠡᠭᠡᠯᠡᠯ᠄ ᠵᠢᠷᠤᠮᠠᠭ᠎ᠲᠤ 《 ᠡᠭᠦᠯᠡ 》᠎ᠶᠢ ᠭᠠᠷᠭᠠᠭ᠍ᠰᠠᠨ᠎ᠤ ᠳᠠᠷᠠᠭ᠎ᠠ ᠶᠠᠮᠠᠷ ᠶᠠᠮᠠᠷ ᠡᠮᠴᠢ ᠡᠪᠡᠳᠴᠢᠲᠡᠨ᠎ᠤ ᠱᠢᠨ᠎ᠡ ᠥᠩᠭᠡᠷᠡᠯᠲᠡ᠎ᠶ᠋ᠢ ᠠᠪᠴᠢᠷᠠᠬᠤ ᠪᠣᠶ?

  ᠭᠤᠷᠪᠠ᠂ ᠲᠣᠣᠷᠵᠢᠯ᠄ 《 ᠣᠴᠢ᠎ᠶ᠋ᠢᠨ ᠭᠠᠯ 》᠎ᠠᠴᠠ 《 ᠴᠤᠷᠮᠠᠳᠠᠬᠤ ᠪᠠᠢᠳᠠᠯ 》 ᠬᠦᠷᠲᠡᠯ᠎ᠡ

  ᠨᠠᠨᠵᠢᠩ᠎ᠤᠨ ᠨᠢᠭᠡᠳᠦᠭᠡᠷ ᠪᠥᠯᠥᠭ ᠳ᠋ᠠᠢᠲ᠋ᠠ᠎ᠡᠴᠡ ᠡᠭᠦᠰᠴᠦ᠍᠂ ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡᠨ ᠪᠦᠲᠦᠭᠡᠨ ᠪᠠᠢ᠌ᠭᠤᠯᠤᠯᠲᠠ 2025 ᠣᠨ᠎ᠳᠤ ᠪᠥᠬᠦ᠌ ᠲᠠᠯ᠎ᠠ᠎ᠪᠠᠷ ᠬᠤᠷᠳᠤᠴᠠ᠎ᠪᠠᠨ ᠲᠦᠷᠭᠡᠳᠭᠡᠵᠦ᠍᠂ ᠴᠤᠷᠮᠠᠳᠠᠬᠤ ᠪᠠᠢᠳᠠᠯ ᠢᠯᠡᠷᠡᠪᠡ᠄

  ᠲᠤᠷᠱᠢᠯᠲᠠ᠎ᠶ᠋ᠢᠨ ᠴᠡᠭ᠎ᠦᠨ ᠱᠢᠪᠲᠤᠯᠤᠯᠲᠠ ( 4 ᠳ᠋ᠤᠭᠡᠷ ᠰᠠᠷ᠎ᠠ  6 ᠳ᠋ᠤᠭᠠᠷ ᠰᠠᠷ᠎ᠠ )᠄ ᠱᠠᠩᠬᠠᠶ᠂ ᠵᠢᠶᠠᠩᠰᠦ᠂ ᠠᠨᠾᠦ᠋ᠢ᠂ ᠱᠠᠨᠳᠦ᠋ᠩ᠂ ᠭᠦᠢᠵᠧᠦ ᠡᠩ ᠲᠡᠷᠢᠭᠦᠨ᠎ᠳᠦ ᠪᠠᠢᠷᠢᠯᠠᠭᠤᠯᠤᠯᠲᠠ ᠬᠢᠭ᠌ᠰᠡᠨ ᠪᠥᠭᠡᠳ ᠳ᠋ᠠᠢᠲ᠋ᠠ᠎ᠶ᠋ᠢ ᠳᠠᠮᠵᠢᠭᠤᠯᠪᠠ᠃

  ᠬᠦᠷᠢᠶ᠎ᠡ ᠬᠡᠪᠴᠢᠶᠡᠨ᠎ᠦ ᠥᠷᠭᠡᠳᠬᠡᠯ ᠲᠦᠷᠭᠡᠳᠬᠡᠯ ( 11 ᠳ᠋ᠦ᠍ᠭᠡᠷ ᠰᠠᠷ᠎ᠠ ᠬᠦᠷᠲᠡᠯ᠎ᠡ )᠄ ᠭᠦᠢᠵᠸᠦ ᠮᠤᠵᠢ᠎ᠨᠢ 2025 ᠣᠨ᠎ᠤ 8 ᠳ᠋ᠤᠭᠠᠷ ᠰᠠᠷ᠎ᠠ᠎ᠳᠤ ᠪᠥᠬᠦ᠌ ᠤᠯᠤᠰ᠎ᠤᠨ ᠠᠩᠬᠠᠳᠠᠭ᠍ᠴᠢ ᠮᠤᠵᠢ᠎ᠶ᠋ᠢᠨ ᠱᠠᠲᠤᠨ᠎ᠤ 《 ᠡᠭᠦᠯᠡᠨ ᠹᠢᠯᠢᠮ 》᠎ᠢ ᠲᠥᠪᠯᠡᠷᠡᠭᠦᠯᠦᠨ ᠬᠤᠳᠠᠯᠳᠤᠨ ᠠᠪᠴᠤ᠌᠂ ᠪᠥᠬᠦ᠌ ᠤᠯᠤᠰ᠎ᠤᠨ ᠵᠠᠮ᠎ᠢ ᠬᠠᠢᠪᠠ; ᠾᠧᠨᠠᠨ ᠮᠤᠵᠢ᠂ ᠨᠢᠩᠱᠢᠶᠠ᠎ᠶ᠋ᠢᠨ ᠬᠤᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠰᠠᠯᠤᠯ ᠦᠭᠡᠢ ᠳᠠᠭ᠋ᠠᠵᠤ᠂ ᠪᠤᠰᠤᠳ ᠮᠤᠵᠢ᠎ᠶ᠋ᠢᠨ ᠱᠠᠲᠤᠨ᠎ᠤ 《 ᠡᠭᠦᠯᠡᠨ ᠹᠢᠯᠢᠮ 》᠎ᠢ ᠲᠥᠪᠯᠡᠷᠡᠭᠦᠯᠦᠨ ᠬᠤᠳᠠᠯᠳᠤᠨ ᠠᠪᠬᠤ ᠠᠯᠪᠠᠨ ᠵᠠᠷ᠎ᠢ ᠲᠣᠰ ᠲᠣᠰ 10 ᠳ᠋ᠤᠭᠠᠷ ᠰᠠᠷ᠎ᠠ ᠪᠠ 11 ᠳ᠋ᠦ᠍ᠭᠡᠷ ᠰᠠᠷ᠎ᠠ᠎ᠳᠤ ᠨᠡᠢᠲᠡᠯᠡᠪᠡ᠃ ᠪᠦᠬᠦ᠌ ᠤᠯᠤᠰ᠎ᠢᠶᠠᠷ᠎ᠢᠶᠠᠨ ᠮᠤᠵᠢ᠎ᠳᠤ ᠵᠠᠯᠭ᠋ᠠᠨ ᠮᠠᠰᠢ ᠲᠦᠷᠭᠡᠨ᠎ᠢᠶᠠᠷ 20 ᠵᠦᠢᠯ ᠪᠣᠯᠭ᠋ᠠᠨ ᠥᠷᠭᠡᠳᠬᠡᠵᠦ᠂ ᠵᠢᠷᠤᠮᠠᠭ᠎ᠤᠨ ᠬᠡᠯᠬᠢᠶᠡᠰᠦ᠎ᠶ᠋ᠢ ᠴᠤᠭ᠍ᠯᠠᠭᠤᠯᠤᠨ 7000 ᠲᠦᠮᠡᠨ ᠵᠤᠷᠪᠤᠰ᠎ᠢ ᠳᠠᠪᠠᠵᠤ᠂ ᠤᠯᠤᠰ᠎ᠤᠨ ᠳᠡᠭᠡᠳᠦ ᠳᠠᠪᠬᠤᠷᠭ᠎ᠠ᠎ᠶ᠋ᠢᠨ ᠲᠥᠯᠥᠪᠯᠡᠭᠡ᠎ᠶ᠋ᠢᠨ ᠡᠳᠡᠭᠡᠷ ᠯᠠᠪᠳᠠᠭᠤᠨ ᠪᠠᠲᠤᠲᠠᠶ ᠭᠠᠵᠠᠷ ᠣᠷᠣᠨ᠎ᠤ ᠦᠢᠯᠡᠳᠦᠯᠭᠡ᠎ᠪᠠᠷ ᠳᠠᠮᠵᠢᠭᠤᠯᠤᠨ᠂ ᠪᠦᠬᠦ᠌ ᠤᠯᠤᠰ᠎ᠢ ᠬᠠᠮᠤᠷᠤᠭᠰᠠᠨ 《 ᠨᠢᠭᠡ ᠬᠠᠭᠤᠳᠠᠰᠤ ᠲᠣᠣᠷ 》 ᠪᠣᠯᠭᠠᠨ ᠬᠤᠪᠢᠷᠠᠭᠤᠯᠬᠤ᠎ᠶ᠋ᠢ ᠲᠦᠷᠭᠡᠳᠬᠡᠪᠡ᠃

 

 

  ᠵᠢᠩᠬᠢᠨᠢ᠎ᠪᠠᠷ ᠡᠬᠢᠯᠡᠭᠦᠯᠪᠡ᠄ 2025 ᠣᠨ᠎ᠤ 11 ᠳ᠋ᠦ᠍ᠭᠡᠷ ᠰᠠᠷ᠎ᠠ᠎ᠶ᠋ᠢᠨ 20 ᠎ᠤ ᠡᠳᠦᠷ᠂ ᠪᠥᠬᠦ᠌ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡᠨ ᠮᠤᠵᠢ ᠠᠯᠤᠰᠯᠠᠨ ᠱᠢᠯᠵᠢᠭᠦᠯᠦᠨ ᠦᠵᠡᠬᠦ᠌ ᠦᠢᠯᠡᠴᠢᠯᠡᠭᠡ᠎ᠶᠢ ᠵᠢᠩᠬᠢᠨᠢ᠎ᠪᠠᠷ ᠡᠬᠢᠯᠡᠭᠦᠯᠪᠡ᠃

 

 

  ᠪᠡᠭᠡᠵᠢᠩ ᠶᠡᠭᠡ ᠰᠤᠷᠭᠠᠭᠤᠯᠢ᠎ᠶ᠋ᠢᠨ ᠭᠤᠷᠪᠠᠳᠤᠭᠠᠷ ᠡᠮᠨᠡᠯᠭᠡ᠎ᠶ᠋ᠢᠨ ᠬᠤᠷᠢᠶᠠᠨ᠎ᠳᠤ᠂ ᠡᠮᠴᠢ ᠠᠬᠤᠢ ᠲᠠᠯᠠᠪᠠᠢ᠎ᠳᠤ ᠹᠦᠵᠢᠶᠠᠨ᠎ᠤ ᠰᠠᠨᠮᠢᠩ᠂ ᠾᠧᠪᠸᠢ᠎ᠶ᠋ᠢᠨ ᠱᠢᠶᠦ᠋ᠩ ᠠᠨ ᠱᠢᠨ᠎ᠡ ᠲᠣᠭᠤᠷᠢᠭ᠂ ᠾᠧᠨᠠᠨ᠎ᠤ ᠵᠧᠩᠵᠧᠤ᠂ ᠱᠠᠨᠰᠢ᠎ᠶ᠋ᠢᠨ ᠶᠠᠨ ᠠᠨ᠂ ᠨᠢᠩᠱᠢᠶᠠ᠎ᠶ᠋ᠢᠨ ᠭᠦ᠋ᠶᠤᠸᠠᠨ᠎ᠡᠴᠡ ᠢᠷᠡᠭᠦᠯᠦᠭᠰᠡᠨ ᠳᠠᠭᠠᠳᠭᠠᠯ᠎ᠳᠤ ᠣᠷᠣᠯᠴᠠᠭ᠍ᠰᠠᠳ᠎ᠤᠨ ᠡᠭᠦᠯᠡᠨ ᠦᠵᠦᠭᠦᠷ᠎ᠦᠨ ᠵᠢᠷᠤᠮᠠᠭ᠎ᠢ ᠠᠬᠤᠢ ᠲᠠᠯᠠᠪᠠᠢ᠎ᠳᠤ ᠱᠢᠯᠵᠢᠭᠦᠯᠦᠨ ᠦᠵᠡᠬᠦ᠎ᠶᠢ ᠪᠡᠶᠡᠯᠡᠭᠦᠯᠪᠡ᠃ ᠡᠭᠦᠨ᠎ᠦ ᠬᠠᠮᠲᠤ᠂ ᠱᠠᠩᠬᠠᠶ᠎ᠠᠴᠠ ᠹᠦᠵᠢᠶᠠᠨ᠎ᠢ ᠰᠢᠯᠵᠢᠭᠦᠯᠦᠨ ᠦᠵᠡᠵᠦ᠂ ᠰᠸᠴᠤᠸᠠᠨ᠎ᠠᠴᠠ ᠲᠥᠪᠡᠳ᠎ᠢ ᠰᠢᠯᠵᠢᠭᠦᠯᠦᠨ ᠦᠵᠡᠵᠦ᠂ ᠭᠤᠸᠠᠩᠳᠦ᠋ᠩ᠎ᠠᠴᠠ ᠵᠢᠶᠠᠩᠰᠢ᠎ᠶᠢ ᠰᠢᠯᠵᠢᠭᠦᠯᠦᠨ ᠦᠵᠡᠵᠦ᠂ ᠹᠦᠵᠧᠦ᠍᠎ᠡᠴᠡ ᠨᠢᠩᠳ᠋ᠧ᠎ᠶᠢ ᠰᠢᠯᠵᠢᠭᠦᠯᠦᠨ ᠦᠵᠡᠵᠦ᠂ ᠰᠢ ᠠᠨ᠎ᠡᠴᠡ ᠶᠠᠨ ᠠᠨ᠎ᠢ ᠰᠢᠯᠵᠢᠭᠦᠯᠦᠨ ᠦᠵᠡᠬᠦ᠌ ᠵᠡᠷᠭᠡ ᠠᠵᠢᠯᠯᠠᠭ᠎ᠠ ᠵᠡᠷᠭᠡ᠎ᠪᠡᠷ ᠠᠮᠵᠢᠯᠲᠠ᠎ᠲᠠᠶ ᠨᠡᠭᠡᠭᠡᠭᠳᠡᠪᠡ᠃ ᠡᠨᠡ᠎ᠨᠢ ᠤᠯᠤᠰ᠎ᠤᠨ ᠲᠠᠰ᠎ᠤᠨ ᠵᠢᠷᠤᠮᠠᠭ᠎ᠤᠨ ᠳ᠋ᠠᠢᠲ᠋ᠠ᠎ᠶ᠋ᠢᠨ ᠬᠠᠷᠢᠯᠴᠠᠨ ᠬᠤᠯᠪᠣᠯᠳᠤᠨ ᠬᠠᠷᠢᠯᠴᠠᠨ ᠨᠡᠪᠲᠡᠷᠡᠯᠴᠡᠬᠦ᠌᠎ᠶ᠋ᠢ ᠠᠩᠬ᠎ᠠ ᠤᠳᠠᠭ᠎ᠠ ᠬᠡᠪᠴᠢᠶᠡᠵᠢᠭᠦᠯᠦᠨ ᠱᠢᠯᠭᠠᠨ ᠪᠠᠲᠤᠯᠠᠬᠤ᠎ᠶ᠋ᠢ ᠪᠡᠶᠡᠯᠡᠭᠦᠯᠵᠦ᠂ 《 ᠹᠢᠯᠢᠮ᠎ᠢᠶᠠᠷ ᠣᠨᠳᠣᠤ ᠭᠠᠵᠠᠷ᠎ᠲᠤ ᠡᠮᠨᠡᠭᠦᠯᠬᠦ᠌ 》 ᠲᠡᠤᠬᠡ᠎ᠶ᠋ᠢ ᠶᠠᠭ ᠲᠦᠢᠯᠪᠤᠷᠢᠲᠠᠶ ᠥᠭᠡᠷᠡᠴᠢᠯᠡᠵᠦ᠍ ᠪᠠᠢᠬᠤ᠎ᠶ᠋ᠢ ᠬᠠᠷᠠᠭᠤᠯᠪᠠ᠃

  ᠪᠥᠬᠦ᠌ ᠲᠠᠯ᠎ᠠ᠎ᠪᠠᠷ ᠲᠣᠣᠷ ᠪᠦᠲᠦᠪᠡ ( 12 ᠳ᠋ᠤᠭᠠᠷ ᠰᠠᠷ᠎ᠠ᠎ᠶ᠋ᠢᠨ 24 ᠎ᠤ ᠡᠳᠦᠷ ᠬᠦᠷᠲᠡᠯ᠎ᠡ )᠄ ᠪᠥᠬᠦ᠌ ᠤᠯᠤᠰ᠎ᠤᠨ 28 ᠮᠤᠵᠢ ᠣᠷᠣᠨ ᠪᠣᠯᠤᠨ ᠱᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠳᠤ ᠪᠠᠢᠷᠢᠯᠠᠭᠤᠯᠤᠯᠲᠠ ᠬᠢᠵᠦ᠍᠂ ᠪᠥᠭᠡᠮᠨᠡᠷᠡᠭᠦᠯᠬᠦ ᠬᠡᠯᠬᠢᠶᠡᠰᠦ᠎ᠶ᠋ᠢᠨ ᠬᠡᠮᠵᠢᠶ᠎ᠡ ᠨᠡᠢᠲᠡ 2.5 ᠳ᠋ᠦᠩᠱᠢᠭᠤᠷ ᠵᠤᠷᠪᠤᠰ᠎ᠢ ᠳᠠᠪᠠᠵᠤ᠂ ᠨᠢᠭᠡ ᠬᠠᠭᠤᠳᠠᠰᠤ ᠪᠥᠬᠦ᠌ ᠤᠯᠤᠰ᠎ᠢ ᠬᠠᠮᠤᠷᠤᠭ᠍ᠰᠠᠨ ᠵᠢᠷᠤᠮᠠᠭ᠎ᠤᠨ ᠳ᠋ᠠᠢᠲ᠋ᠠ᠎ᠶ᠋ᠢᠨ ᠲᠣᠤᠷ ᠨᠢᠭᠡᠨᠲᠡ ᠠᠩᠬᠠᠨ᠎ᠤ ᠳᠦᠷᠰᠦ ᠪᠠᠢᠳᠠᠯ᠎ᠲᠠᠢ ᠪᠣᠯᠪᠠ᠃

 

 

  ᠳᠥᠷᠪᠡ᠂ ᠠᠯᠤᠰ ᠢᠷᠡᠭᠡᠳᠦᠢ ᠲᠡᠢ᠌ᠰᠢ᠄ ᠪᠥᠬᠦ᠌ ᠤᠯᠤᠰ᠎ᠤᠨ 《 ᠨᠢᠭᠡ ᠬᠠᠭᠤᠳᠠᠰᠤ ᠲᠣᠣᠷ 》᠎ᠤᠨ ᠡᠷᠡᠭᠦᠯ ᠰᠠᠷᠠᠭᠤᠯ ᠢᠷᠡᠭᠡᠳᠦᠢ ᠵᠦᠭ᠎ᠤᠨ ᠤᠷᠤᠭᠰᠢᠯᠠᠯᠲᠠ

  ᠨᠠᠨᠵᠢᠩ᠎ᠤᠨ ᠨᠢᠭᠡᠨ ᠡᠬᠢᠯᠡᠯᠲᠡ᠎ᠶ᠋ᠢᠨ ᠴᠡᠭ᠎ᠡᠴᠡ ᠪᠦᠬᠦ᠌ ᠤᠯᠤᠰ᠎ᠤᠨ 29 ᠮᠤᠵᠢ᠎ᠶᠢᠨ ᠰᠦᠷ ᠳᠠᠯᠠᠢᠴᠠᠲᠠᠶ ᠠᠶᠠᠨ ᠬᠦᠷᠲᠡᠯ᠎ᠡ; ᠨᠢᠭᠡᠳᠦᠭᠡᠷ ᠪᠥᠯᠥᠭ ᠳ᠋ᠠᠢ᠌ᠲ᠋ᠠ᠎ᠶ᠋ᠢ ᠰᠢᠯᠵᠢᠭᠦᠯᠦᠨ ᠦᠵᠡᠬᠦ᠌ ᠦᠵᠡᠭᠦᠯᠭᠡ᠎ᠡᠴᠡ ᠲᠦᠭ ᠲᠦᠮᠡᠨ ᠡᠪᠡᠳᠴᠢᠲᠡᠨ᠎ᠳᠦ᠍᠎ᠦᠢᠯᠡᠴᠢᠯᠡᠬᠦ᠌ ᠬᠦᠷᠲᠡᠯ᠎ᠡ᠂ ᠠᠯᠬᠤᠮ ᠪᠥᠷᠢ ᠨᠢ ᠯᠠᠪᠳᠠᠭᠤᠨ ᠪᠠᠲᠤᠲᠠᠶ᠎ᠪᠠᠷ ᠶᠠᠪᠤᠭᠳᠠᠪᠠ᠃ ᠡᠢᠮᠦᠷᠬᠦᠦ ᠦᠷ᠎ᠡ ᠪᠦᠲᠦᠮᠵᠢ᠎ᠨᠢ ᠡᠮᠴᠢᠯᠡᠭᠡᠨ᠎ᠦ ᠪᠠᠲᠤᠯᠠᠭ᠎ᠠ᠎ᠶᠢᠨ ᠬᠡᠯᠡᠪᠡᠯ ᠦᠭᠡ ᠬᠢᠰᠭᠢᠪᠡᠯ ᠭᠠᠵᠠᠷ᠂ ᠬᠢᠪᠡᠯ ᠵᠠᠪᠠᠯ ᠦᠷ᠎ᠡ ᠪᠦᠲᠦᠮᠵᠢ᠎ᠶᠢᠨ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ ᠲᠣᠳᠣᠷᠬᠠᠢᠯᠠᠭ᠍ᠰᠠᠨ᠎ᠢᠶᠠᠷ ᠪᠠᠷᠠᠬᠤ ᠦᠭᠡᠢ᠂ ᠪᠠᠰᠠ ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠨᠢ ᠡᠭᠦᠯᠡᠨ ᠠᠵᠢᠯᠯᠠᠭᠠᠨ᠎ᠤ ᠵᠠᠭ᠍ᠪᠤᠷ᠂ ᠮᠡᠷᠭᠡᠵᠢᠯ᠎ᠤᠨ ᠱᠤᠭᠤᠮ᠎ᠨᠢ ᠵᠦᠶ ᠵᠣᠬᠢᠰᠲᠠᠶ ᠪᠥᠭᠡᠳ ᠶᠠᠪᠤᠭ᠍ᠳᠠᠭᠤᠱᠢᠲᠠᠶ ᠪᠠᠢᠬᠤ᠎ᠶ᠋ᠢ ᠲᠣᠳᠣᠷᠬᠠᠢᠯᠠᠵᠤ᠂ ᠮᠠᠰᠢ ᠴᠢᠩᠭ᠎ᠠ ᠠᠮᠢᠵᠢᠷᠠᠯ᠎ᠤᠨ ᠬᠦᠴᠦᠨ᠎ᠲᠠᠢ᠂ ᠨᠠᠩ ᠴᠤ᠌ ᠠᠷᠠᠳ ᠣᠯᠠᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠲᠤᠬᠠᠢ ᠯᠤᠲᠤ ᠶᠡᠭᠡ ᠪᠥᠭᠡᠳ ᠲᠤᠯᠭᠠᠮ᠎ᠠ ᠱᠠᠭᠠᠷᠳᠠᠯᠭ᠎ᠠ ᠲᠠᠢ ᠪᠠᠢ᠌ᠬᠤ᠎ᠶ᠋ᠢ ᠬᠠᠷᠠᠭᠤᠯᠪᠠ᠃

 

 

  ᠲᠥᠪ ᠲᠧᠯᠸᠢᠰ᠎ᠤᠨ ᠰᠣᠨᠢᠨ ᠮᠡᠳᠡᠭᠡ 2025 ᠣᠨ᠎ᠤ 12 ᠳ᠋ᠤᠭᠠᠷ ᠰᠠᠷ᠎ᠠ᠎ᠶ᠋ᠢᠨ 20 ᠎ᠤ ᠡᠳᠦᠷ ᠮᠡᠳᠡᠭᠡᠯᠡᠯ᠄ 《 ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠡᠭᠦᠯᠡ 》 ᠱᠢᠷᠢᠰ ᠵᠢᠷᠤᠮᠵᠢᠯ᠎ᠲᠠᠢ᠎ᠪᠠᠷ ᠢᠯᠡ᠎ᠪᠠᠷ ᠰᠠᠨᠠᠯ ᠬᠤᠷᠢᠶᠠᠵᠤ   ᠢᠷᠡᠭᠡᠳᠦᠶ᠎ᠶ᠋ᠢᠨ ᠡᠯ᠎ᠡ ᠵᠦᠢᠯ᠎ᠤᠨ ᠪᠠᠢᠴᠠᠭᠠᠯᠲᠠ᠎ᠶ᠋ᠢᠨ ᠦᠷ᠎ᠡ ᠳ᠋ᠦᠩ᠎ᠢ ᠪᠥᠬᠦ᠌ ᠤᠯᠤᠰ᠎ᠲᠤ 《 ᠨᠡᠢᠳᠡᠮ ᠰᠢᠯᠵᠢᠭᠦᠯᠦᠨ ᠦᠵᠡᠭᠦᠯᠬᠦ 》 ᠪᠣᠯᠤᠨ᠎ᠠ

  ᠲᠥᠯᠥᠪᠵᠢᠭᠦᠯᠭᠡ᠎ᠶ᠋ᠢ ᠦᠨᠳᠦᠰᠦᠯᠡᠪᠡᠯ᠂ ᠡᠨᠡ ᠬᠦ᠌ ᠢᠨᠵᠧᠨᠧᠷᠢᠩ᠎ᠢ 2027 ᠣᠨ᠎ᠤ ᠡᠴᠦᠰ᠎ᠠᠴᠠ ᠡᠮᠦᠨ᠎ᠡ ᠪᠥᠬᠦ᠌ ᠲᠠᠯ᠎ᠠ᠎ᠪᠠᠷ ᠪᠠᠢᠭᠤᠯᠤᠨ ᠳᠠᠭᠤᠰᠭᠠᠵᠤ᠂ ᠡᠴᠦᠰ᠎ᠲᠤ᠎ᠪᠠᠨ ᠪᠥᠬᠦ᠌ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠲᠤ ᠡᠭᠦᠯᠡᠨ 《 ᠨᠢᠭᠡ ᠬᠠᠭᠤᠳᠠᠰᠤ ᠲᠣᠣᠷ 》᠎ᠢ ᠪᠡᠶᠡᠯᠡᠭᠦᠯᠬᠦ᠌ ᠪᠣᠯᠤᠨ᠎ᠠ᠃ ᠲᠤᠬᠠᠶ᠎ᠶ᠋ᠢᠨ ᠦᠶ᠎ᠡ᠎ᠳᠤ᠂ ᠶᠠᠮᠠᠷ ᠭᠠᠵᠠᠷ ᠪᠠᠢᠭ᠍ᠰᠠᠨ ᠴᠤ᠌ ᠳᠠᠭᠠᠳᠭᠠᠯ᠎ᠳᠤ ᠣᠷᠣᠯᠴᠠᠭ᠍ᠴᠢ᠎ᠶ᠋ᠢᠨ ᠬᠢᠷᠢ ᠲᠡᠩᠴᠡᠭ᠌ᠰᠡᠨ ᠠᠨᠠᠭᠠᠬᠤ ᠤᠬᠠᠭᠠᠨ᠎ᠤ ᠵᠢᠷᠤᠮᠠᠭ᠎ᠨᠢ ᠴᠥᠮ ᠠᠮᠤᠷ ᠲᠦᠪᠱᠢᠨ᠂ ᠴᠠᠭ ᠲᠤᠬᠠᠶ᠎ᠳᠤ ᠨᠢ ᠬᠥᠮᠦᠨ᠎ᠢ ᠳᠠᠭᠠᠵᠤ ᠡᠷᠭᠢᠯᠲᠡ᠎ᠳᠤ ᠣᠷᠣᠵᠤ᠂ ᠡᠷᠡᠭᠦᠯ ᠮᠡᠨᠳᠦ᠍᠎ᠶ᠋ᠢᠨ ᠳ᠋ᠠᠢ᠌ᠲ᠋ᠠ᠎ᠶ᠋ᠢ ᠬᠠᠮᠲᠤ᠎ᠪᠠᠷ ᠡᠳ᠋ᠯᠡᠬᠦ᠌ 《 ᠡᠴᠦᠰ᠎ᠤᠨ ᠨᠢᠭᠡ ᠺᠢᠯᠣᠮᠧᠲᠷ 》᠎ᠢ ᠲᠦᠢᠯᠪᠤᠷᠢᠲᠠᠶ ᠨᠡᠪᠲᠡᠷᠡᠭᠦᠯᠵᠦ᠍᠂ 《 ᠡᠪᠡᠳᠴᠢᠲᠡᠨ ᠦᠵᠡᠵᠦ᠍ ᠪᠣᠯᠬᠤ᠂ ᠢᠵᠢᠯᠢ ᠲᠥᠷᠥᠯ᠎ᠦᠨ ᠪᠠᠢᠴᠠᠭᠠᠵᠤ ᠪᠣᠯᠬᠤ᠂ ᠡᠮᠴᠢᠯᠡᠭᠡᠨ᠎ᠤ ᠳᠠᠭᠠᠳᠭᠠᠯ᠎ᠢ ᠬᠠᠷᠭᠤᠭᠤᠯᠵᠤ ᠪᠣᠯᠬᠤ 》 ᠭᠤᠤᠯ ᠬᠠᠷᠠᠯᠲᠠ᠎ᠶ᠋ᠢ ᠦᠨᠡᠨ ᠬᠦ᠌ ᠪᠡᠶᠡᠯᠡᠭᠦᠯᠦᠨ᠎ᠡ᠃

  ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠎ᠨᠢ ᠮᠡᠷᠭᠡᠵᠢᠯ᠎ᠤᠨ ᠱᠢᠨᠡᠴᠢᠯᠡᠯᠲᠡ᠎ᠪᠠᠷ ᠳᠠᠮᠵᠢᠨ ᠡᠪᠡᠳᠴᠢᠨ ᠦᠵᠡᠭᠦᠯᠬᠦ᠌ ᠭᠤᠭ᠍ᠴᠤᠭ᠎ᠠ ᠨᠢᠭᠡᠪᠦᠷᠢ᠎ᠶ᠋ᠢ ᠱᠢᠯᠢᠳᠡᠭ᠌ᠵᠢᠭᠦᠯᠬᠦ᠌᠎ᠳᠤ ᠪᠠᠢᠨ᠎ᠠ; ᠠᠯᠤᠰ ᠬᠡᠲᠦ᠍᠎ᠶ᠋ᠢ ᠪᠣᠳᠣᠯᠬᠢᠯᠠᠬᠤ᠎ᠨᠢ ᠡᠷᠡᠭᠦᠯ ᠡᠩᠬᠡ ᠳᠤᠮᠳᠠᠳᠤ ᠤᠯᠤᠰ᠎ᠢ ᠴᠣᠭ᠍ᠴᠠᠯᠠᠬᠤ᠎ᠳᠤ ᠪᠠᠲᠤ ᠪᠠᠬᠢ᠂ ᠣᠶᠤᠨᠴᠢ ᠳ᠋ᠢᠭᠢᠲᠴᠢᠯᠡᠭᠰᠡᠨ ᠰᠠᠭᠤᠷᠢ ᠮᠥᠨ᠃ ᠡᠮᠴᠢᠯᠡᠭᠡᠨ᠎ᠦ ᠪᠠᠲᠤᠯᠠᠭ᠎ᠠ᠎ᠶᠢᠨ ᠵᠢᠷᠤᠮᠠᠭ᠎ᠤᠨ ᠪᠦᠲᠦᠭᠡᠨ ᠪᠠᠢᠭᠤᠯᠤᠯᠲᠠ ᠪᠣᠯ ᠶᠠᠭ ᠳᠤᠮᠳᠠᠳᠤ ᠤᠯᠤᠰ᠎ᠤ᠋ᠨ ᠡᠮᠴᠢᠯᠡᠭᠡᠨ᠎ᠦ ᠪᠠᠲᠤᠯᠠᠭ᠎ᠠ᠎ᠶᠢᠨ 《 ᠬᠠᠭᠠᠰ ᠠᠯᠬᠤᠮ᠎ᠢ ᠬᠤᠷᠠᠮᠳᠤᠭᠤᠯᠬᠤ 》 ᠵᠢᠳᠬᠦᠯ᠎ᠢᠶᠡᠷ᠂ 《 ᠠᠯᠤᠰ ᠢᠷᠡᠭᠡᠳᠦᠢ᠎ᠳ᠋ᠦ᠍ ᠬᠦᠷᠬᠦ᠌ 》 ᠢᠷᠡᠭᠡᠳᠦᠢ᠎ᠶᠢᠨ ᠠᠮᠢᠳᠤᠯᠢᠭ ᠦᠢᠯᠡᠳᠦᠯᠭᠡ ᠪᠣᠯᠤᠨ᠎ᠠ᠃ ᠡᠨᠡ ᠬᠦ᠌ ᠳ᠋ᠠᠢ᠌ᠲ᠋ᠠ᠎ᠶ᠋ᠢ ᠢᠯᠡᠭᠦᠬᠡᠨ ᠭᠦᠶᠦᠯᠭᠡᠵᠦ᠍᠂ ᠣᠯᠠᠨ ᠲᠦᠮᠡᠨ᠎ᠢ ᠳᠤᠲᠠᠭᠤ ᠭᠦᠶᠦᠯᠭᠡᠭ᠌ᠰᠡᠨ ᠡᠷᠡᠭᠦᠯ ᠮᠡᠨᠳᠦ᠍᠎ᠶ᠋ᠢᠨ ᠳᠡᠭᠡᠳᠦ ᠬᠤᠷᠳᠤᠨ ᠵᠠᠮ᠎ᠨᠢ ᠠᠮᠢ ᠨᠠᠰᠤᠨ᠎ᠤ ᠤᠳᠠᠭ᠎ᠠ ᠪᠦᠷᠢ᠎ᠶᠢᠨ ᠰᠤᠳᠠᠯ᠎ᠤᠨ ᠯᠤᠭᠰᠢᠯᠲᠠ᠎ᠶ᠋ᠢ ᠨᠡᠩ ᠴᠠᠭ ᠲᠤᠬᠠᠶ᠎ᠳᠤ ᠨᠢ᠂ ᠨᠠᠩ ᠣᠨᠣᠪᠴᠢᠲᠠᠶ ᠬᠠᠮᠠᠭᠠᠯᠠᠬᠤ ᠪᠣᠯᠤᠨ᠎ᠠ ᠭᠡᠳᠡᠭ᠎ᠢ ᠪᠢᠳᠡ ᠪᠠᠲᠤ ᠢᠲᠡᠭᠡᠵᠦ᠍ ᠪᠠᠢᠨ᠎ᠠ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            