2025 ᠣᠨ᠎ᠤ 12 ᠳ᠋ᠤᠭ᠋ᠠᠷ ᠰᠠᠷ᠎ᠠ᠎ᠶ᠋ᠢᠨ 22 ᠤᠨ ᠡᠳᠦᠷ᠂ ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠰᠤᠳᠤᠯᠭᠠᠨ᠎ᠤ ᠨᠡᠢᠭᠡᠮᠯᠢᠭ᠂ ᠵᠧᠵᠢᠶᠠᠩ ᠮᠤᠵᠢ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠰᠤᠳᠤᠯᠭᠠᠨ᠎ᠤ ᠨᠡᠢᠭᠡᠮᠯᠢᠭ᠎ᠤᠨ ᠬᠠᠮᠲᠤᠷᠠᠨ ᠡᠷᠭᠢᠯᠡᠭ᠌ᠰᠡᠨ 2025 ᠣᠨ᠎ᠤ ᠪᠥᠬᠦ᠌ ᠤᠯᠤᠰ᠎ᠤᠨ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠭᠡ ᠬᠤᠷᠠᠯ ᠵᠧᠵᠢᠶᠠᠩ᠎ᠤᠨ ᠨᠢᠩᠪᠦ᠋ᠸᠧ᠎ᠳᠤ ᠠᠮᠵᠢᠯᠲᠠ᠎ᠲᠠᠢ ᠬᠤᠷᠠᠯᠳᠤᠪᠠ᠃ ᠲᠣᠰ ᠤᠳᠠᠭᠠᠨ᠎ᠤ ᠶᠡᠭᠡ ᠬᠤᠷᠠᠯ᠎ᠨᠢ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠦᠢ᠍ᠯᠡᠳᠦᠯᠭᠡ᠎ᠶ᠋ᠢᠨ ᠰᠥᠪᠡᠭ᠌ᠴᠢᠯᠡᠯᠲᠡ ᠪᠠ ᠲᠤᠷᠱᠢᠯᠭ᠎ᠠ᠎ᠶ᠋ᠢᠨ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠲᠦᠷᠢᠮ᠎ᠤᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠪᠠ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠦᠷ᠎ᠡ ᠪᠦᠲᠦᠮᠵᠢ᠎ᠶ᠋ᠢ ᠳᠡᠯᠭᠡᠷᠡᠭᠦᠯᠵᠦ᠍᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠠᠵᠤ ᠦᠢᠯᠡᠰ᠎ᠤᠨ ᠬᠡᠪᠴᠢᠶᠡᠵᠢᠭ᠌ᠰᠡᠨ᠂ ᠪᠠᠷᠢᠮᠵᠢᠶᠠᠵᠢᠭ᠍ᠰᠠᠨ᠂ ᠲᠤᠰᠭᠠᠢᠵᠢᠭ᠍ᠰᠠᠨ᠂ ᠳ᠋ᠢᠭᠢᠲᠴᠢᠯᠡᠭᠰᠡᠨ ᠴᠢᠭ᠌ᠯᠡᠯ᠎ᠢᠶᠠᠷ ᠯᠠᠪᠳᠠᠭᠤᠨ᠎ᠢᠶᠠᠷ ᠤᠷᠤᠭ᠍ᠰᠢᠯᠠᠬᠤ᠎ᠶ᠋ᠢ ᠠᠬᠢᠭᠤᠯᠬᠤ᠎ᠶ᠋ᠢᠨ ᠲᠥᠯᠥᠭᠡ ᠶᠤᠮ᠃ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠤᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶ᠎ᠠ᠎ᠶᠢᠨ ᠳᠠᠷᠤᠭ᠎ᠠ ᠵᠠᠩ ᠺᠧ ᠶᠡᠭᠡ ᠬᠤᠷᠠᠯ᠎ᠳᠤ ᠣᠷᠣᠯᠴᠠᠭ᠍ᠰᠠᠨ ᠪᠥᠭᠡᠳ ᠪᠠᠶᠠᠷ᠎ᠤᠨ ᠦᠭᠡ ᠬᠡᠯᠡᠵᠦ᠍᠂ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶ᠎ᠠ᠎ᠶᠢᠨ ᠳᠠᠷᠤᠭ᠎ᠠ ᠱ᠌ᠢ ᠽᠢ ᠬᠠᠢ ᠡᠬᠢᠯᠡᠯᠲᠡ᠎ᠶ᠋ᠢᠨ ᠶᠣᠰᠣᠯᠠᠯ᠎ᠢ ᠡᠷᠬᠢᠯᠡᠪᠡ᠃
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠂ ᠠᠷᠠᠳ᠎ᠤᠨ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠵᠡᠮᠳᠡᠭ᠌ᠴᠦᠳ᠎ᠤᠨ ᠬᠤᠯᠪᠣᠭ᠎ᠠ᠎ᠶ᠋ᠢᠨ ᠬᠠᠮᠢᠶ᠎ᠠ ᠪᠦᠬᠦᠢ ᠵᠤᠷᠭᠠᠨ ᠲᠣᠪᠴᠢᠶ᠎ᠠ᠂ ᠵᠧᠵᠢᠶᠠᠩ ᠮᠤᠵᠢ᠎ᠶ᠋ᠢᠨ ᠵᠠᠰᠠᠭ᠎ᠤᠨ ᠣᠷᠳᠣᠨ᠂ ᠨᠢᠩᠪᠦ᠋ᠸᠧ ᠬᠤᠲᠠ᠎ᠶ᠋ᠢᠨ ᠵᠠᠰᠠᠭ᠎ᠤᠨ ᠣᠷᠳᠣᠨ᠂ ᠡᠯ᠎ᠡ ᠮᠤᠵᠢ( ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ ) ᠪᠣᠯᠤᠨ ᠬᠡᠰᠡᠭ ᠲᠤᠰᠭᠠᠶ ᠣᠷᠣᠨ ᠬᠤᠲᠠ᠎ᠶ᠋ᠢᠨ ᠡᠮᠴᠢᠯᠡᠭᠡᠨ᠎ᠦ ᠪᠠᠳᠤᠯᠠᠭ᠎ᠠ᠎ᠶ᠋ᠢᠨ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠵᠢᠴᠢ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠮᠢᠶ᠎ᠠ ᠪᠦᠬᠦᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠳᠡᠭᠡᠳᠦ ᠰᠤᠷᠭᠠᠭᠤᠯᠢ᠂ ᠠᠵᠢᠯ ᠲᠥᠷᠥᠯ᠎ᠤᠨ ᠪᠠᠢᠭᠤᠯᠤᠮᠵᠢ᠂ ᠲᠤᠰᠠᠯᠠᠬᠤ ᠪᠠᠭᠠᠵᠢ ᠬᠡᠷᠡᠭ᠌ᠰᠡᠯ᠎ᠤᠨ ᠠᠵᠤ ᠠᠬᠤᠢᠯᠠᠯ᠎ᠤᠨ ᠲᠥᠯᠥᠭᠡᠯᠡᠭ᠌ᠴᠢ ᠲᠣᠰ ᠡᠳᠦᠷ᠎ᠤᠨ ᠬᠤᠷᠠᠯ᠎ᠳᠤ ᠣᠷᠣᠯᠴᠠᠪᠠ᠃