ᠨᠢᠭᠡ᠂ ᠵᠢᠯ᠎ᠤᠨ ᠡᠬᠢᠨ᠎ᠳᠤ ᠤᠷᠢᠳᠴᠢᠯᠠᠨ ᠥᠭ᠌ᠴᠦ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠴᠢᠨᠠᠷ ᠰᠠᠢᠲᠠᠶ ᠦᠢᠯᠡᠴᠢᠯᠡᠭᠡ ᠬᠠᠩᠭᠠᠬᠤ᠎ᠶ᠋ᠢ ᠵᠣᠷᠢᠭᠵᠢᠭᠤᠯᠪᠠ
ᠱᠠᠩᠬᠠᠢ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠪᠣᠯᠤᠨ ᠬᠤᠲᠠ᠎ᠶ᠋ᠢᠨ ᠡᠳ᠋᠎ᠤᠨ ᠵᠠᠰᠠᠭ᠎ᠤᠨ ᠲᠣᠪᠴᠢᠶ᠎ᠠ ᠬᠠᠮᠲᠤᠷᠠᠨ 《 ᠲᠣᠰ ᠬᠤᠲᠠ᠎ᠶ᠋ᠢᠨ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠦᠡᠭ᠌ᠬᠦ᠎ᠶ᠋ᠢ ᠤᠷᠢᠳᠴᠢᠯᠠᠨ ᠥᠭ᠌ᠬᠦ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ 》᠎ᠢ ᠳᠠᠷᠤᠮᠠᠯᠯᠠᠨ ᠲᠠᠷᠬᠠᠭᠠᠵᠤ᠂ ᠶᠡᠷᠦᠩᠬᠡᠶ ᠲᠤᠭ᠎ᠠ᠎ᠶ᠋ᠢᠨ ᠪᠤᠰᠤ ᠤᠷᠢᠳᠴᠢᠯᠠᠨ ᠥᠭ᠌ᠬᠦ ᠬᠠᠮᠢᠶᠠᠷᠤᠯᠲᠠ᠎ᠶ᠋ᠢᠨ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ᠎ᠳᠤ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠦᠡᠭ᠌ᠬᠦ᠎ᠶ᠋ᠢᠨ ᠤᠷᠢᠳᠴᠢᠯᠠᠨ ᠥᠭ᠌ᠬᠦ ᠮᠥᠩᠭᠦ᠎ᠶ᠋ᠢᠨ ᠲᠦᠷᠢᠮ᠎ᠢ ᠪᠠᠢᠭᠤᠯᠵᠤ᠂ ᠡᠮ᠎ᠤᠨ ᠵᠦᠢᠯ ᠪᠣᠯᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ ᠬᠤᠳᠠᠯᠳᠤᠨ ᠠᠪᠬᠤ ᠵᠡᠷᠭᠡ ᠡᠮᠴᠢᠯᠡᠭᠡᠨ᠎ᠤ ᠵᠠᠷᠤᠳᠠᠯ᠎ᠤᠨ ᠡᠷᠭᠢᠯᠲᠡ᠎ᠶ᠋ᠢᠨ ᠵᠠᠷᠤᠳᠠᠯ᠎ᠳᠤ ᠬᠡᠷᠡᠭ᠌ᠯᠡᠵᠦ᠍᠂ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠪᠠᠯᠠ ᠮᠥᠩᠭᠦ᠎ᠶ᠋ᠢᠨ ᠡᠷᠭᠢᠯᠲᠡ᠎ᠶ᠋ᠢᠨ ᠳᠠᠷᠤᠯᠲᠠ᠎ᠶ᠋ᠢ ᠬᠥᠩᠭᠡᠷᠡᠭᠦᠯᠵᠦ᠍᠂ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ᠎ᠢ ᠭᠦᠢᠴᠡᠳ ᠳᠠᠢᠴᠢᠯᠠᠨ᠂ ᠥᠷᠭᠡᠨ ᠣᠯᠠᠨ ᠳᠠᠭᠠᠳᠭᠠᠯ᠎ᠳᠤ ᠣᠷᠣᠯᠴᠠᠭ᠍ᠰᠠᠳ᠎ᠲᠤ ᠨᠠᠩ ᠰᠠᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠴᠢᠯᠡᠭᠡ ᠬᠠᠩᠭ᠋ᠠᠪᠠ᠃ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠦᠡᠭ᠌ᠬᠦ᠎ᠶ᠋ᠢᠨ ᠣᠷᠢᠳᠴᠢᠯᠡᠨ ᠦᠭ᠌ᠬᠦ ᠮᠦᠡᠭ᠌ᠬᠦ᠎ᠶ᠋ᠢᠨ ᠳᠥᠷᠥ᠎ᠶ᠋ᠢᠨ ᠪᠤᠳᠣᠯᠭ᠎ᠠ᠎ᠶ᠋ᠢ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠴᠢᠯᠡᠭᠡᠨ᠎ᠤ ᠭᠡᠯᠡᠯᠴᠡᠭᠡᠷ ᠭᠡᠷᠡᠭ᠌ᠵᠢᠬᠦᠯᠬᠦ᠌᠎ᠶ᠋ᠢ ᠱᠢᠯᠭᠠᠨ ᠬᠢᠨᠠᠬᠤ ᠠᠵᠢᠯ ᠯᠤᠭ᠎ᠠ ᠬᠤᠯᠪᠤᠬᠤ᠎ᠶ᠋ᠢ ᠢᠳᠡᠪᠬᠢᠳᠡᠢ᠎ᠪᠠᠷ ᠠᠬᠢᠭᠤᠯᠵᠦ᠍᠂ ᠭᠡᠷ᠎ᠠ᠎ᠪᠠᠨ ᠬᠦᠢᠴᠡᠳᠭᠡᠬᠦ᠌᠎ᠶ᠋ᠢ ᠱᠢᠯᠭᠠᠨ ᠬᠢᠨ᠋ᠬᠠᠰᠠᠨ ᠦᠷ᠎ᠠ ᠳ᠋ᠦᠡᠭ᠎ᠢ A ᠳᠡᠰ᠎ᠢᠶᠠᠷ ᠣᠷᠢᠳᠴᠢᠯᠡᠨ ᠦᠭ᠌ᠬᠦ ᠮᠦᠡᠭ᠌ᠬᠦ᠎ᠶᠢ ᠭᠤᠶᠤᠴᠢᠯᠠᠨ ᠮᠡᠳᠡᠭᠦᠯᠬᠦ ᠨᠦᠬᠦᠴᠡᠯ ᠪᠤᠯᠭᠠᠵᠦ᠍᠂ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠥᠮᠵᠢ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠴᠢᠯᠡᠭᠡᠨ᠎ᠤ ᠭᠡᠯᠡᠯᠴᠡᠭᠡᠷ ᠲᠣᠠᠠᠳᠠᠨ ᠪᠤᠯᠵᠤᠬᠤ᠎ᠶ᠋ᠢ ᠦᠨᠡᠨ ᠬᠦ᠌ ᠬᠦᠢᠴᠡᠳᠭᠡᠬᠦ᠌᠎ᠶ᠋ᠢ ᠵᠣᠷᠢᠠᠠᠵᠢᠭᠤᠯᠥᠨ᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠦᠡᠭ᠌ᠬᠦ᠎ᠶ᠋ᠢᠨ ᠭᠡᠷᠡᠭ᠌ᠯᠡᠬᠦ᠌ ᠦᠷ᠎ᠠ ᠪᠦᠳᠦᠮᠵᠢ᠎ᠶ᠋ᠢ ᠳᠡᠭᠡᠭ᠌ᠰᠢᠯᠡᠬᠦᠯᠵᠦ᠍᠂ ᠴᠡᠭ ᠲᠣᠠᠠᠳ᠋ᠬᠠᠰᠠᠨ ᠡᠮᠴᠢᠯᠡᠭᠡᠨ᠎ᠤ ᠪᠠᠢᠭᠤᠯᠥᠮᠵᠢ᠎ᠶ᠋ᠢᠨ ᠦᠷᠬᠦᠯᠵᠢᠯᠡᠨ ᠡᠷᠡᠬᠦᠯ᠎ᠢᠶᠠᠷ ᠵᠢᠷᠦᠮᠵᠢᠭᠤᠨ ᠬᠦᠭ᠌ᠵᠢᠬᠦ᠌᠎ᠶ᠋ᠢ ᠠᠬᠢᠭᠤᠯᠪᠠ᠃
ᠬᠤᠶᠠᠷ᠂ ᠰᠠᠷ᠎ᠠ᠎ᠪᠠᠷ ᠤᠷᠢᠳᠴᠢᠯᠠᠨ ᠰᠠᠯᠭᠠᠨ ᠥᠭ᠌ᠬᠦ᠎ᠶ᠋ᠢ ᠬᠡᠷᠡᠭ᠌ᠵᠢᠭᠦᠯᠵᠦ᠍᠂ ᠡᠮᠴᠢᠯᠡᠭᠡᠨ᠎ᠤ ᠪᠠᠢᠭᠤᠯᠤᠮᠵᠢ ᠦᠷᠭᠦᠯᠵᠢᠯᠡᠨ ᠡᠷᠡᠭᠦᠯ᠎ᠢᠶᠠᠷ ᠬᠥᠭᠵᠢᠬᠦ᠎ᠳᠦ ᠬᠦᠴᠦᠨ ᠨᠡᠮᠡᠷᠢᠯᠡᠪᠡ
ᠰᠠᠷ᠎ᠠ᠎ᠪᠠᠷ ᠤᠷᠢᠳᠴᠢᠯᠠᠨ ᠰᠠᠯᠭᠠᠨ ᠥᠭ᠌ᠬᠦ ᠲᠤᠬᠠᠢ᠂ ᠹᠦᠳᠠᠨ ᠶᠡᠭᠡ ᠰᠤᠷᠭᠠᠭᠤᠯᠢ᠎ᠶ᠋ᠢᠨ ᠬᠠᠷᠢᠶᠠᠲᠤ ᠵᠦᠩ ᠱᠠᠨ ᠡᠮᠨᠡᠯᠭᠡ᠎ᠶ᠋ᠢᠨ ᠬᠤᠷᠢᠶᠠᠨ᠎ᠤ ᠴᠢᠶᠠᠨ ᠵᠢᠤᠢ ᠶᠢᠩ ᠳᠡᠳ᠋ ᠬᠤᠷᠢᠶᠠᠨ ᠳᠠᠷᠤᠭ᠎ᠠ ᠭᠦᠨ ᠲᠥᠷᠥᠭ᠌ᠳᠡᠯ᠎ᠲᠠᠢ ᠪᠠᠢᠵᠤ᠂ 《 ᠱᠠᠩᠬᠠᠢ ᠬᠤᠳᠠ᠎ᠳᠤ ᠤᠷᠢᠳᠴᠢᠯᠠᠨ ᠰᠠᠯᠭᠠᠨ ᠥᠭ᠌ᠴᠦ ᠤᠷᠢᠳᠴᠢᠯᠠᠨ ᠥᠭ᠌ᠬᠦ ᠲᠦᠷᠢᠮ᠎ᠢ ᠬᠡᠷᠡᠭ᠌ᠵᠢᠭᠦᠯᠦᠭ᠌ᠰᠡᠨ ᠤᠯᠠᠨ ᠵᠢᠯ᠎ᠤᠨ ᠦᠷ᠎ᠡ ᠪᠦᠲᠦᠮᠵᠢ ᠢᠯᠡᠷᠬᠡᠢ ᠪᠠᠢᠵᠤ᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠦᠡᠭ᠌ᠬᠦ᠎ᠶ᠋ᠢ ᠰᠠᠯᠭᠠᠨ ᠥᠭ᠌ᠬᠦ ᠠᠷᠭ᠎ᠠ ᠬᠡᠯᠪᠡᠷᠢ᠎ᠶ᠋ᠢ ᠱᠢᠯᠢᠳᠡᠭ᠌ᠵᠢᠭᠦᠯᠬᠦ᠌᠎ᠪᠠᠷ ᠳᠠᠮᠵᠢᠭᠤᠯᠵᠤ᠂ ᠡᠮᠨᠡᠯᠭᠡ᠎ᠶ᠋ᠢᠨ ᠬᠤᠷᠢᠶᠠᠨ᠎ᠤ ᠡᠵᠡᠩᠨᠡᠯᠲᠡ ᠬᠠᠮᠢᠶᠠᠷᠤᠯᠲᠠ᠂ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠠ ᠪᠦᠲᠦᠴᠡ᠎ᠶ᠋ᠢᠨ ᠴᠢᠨᠠᠷᠲᠠᠢ᠎ᠪᠠᠷ ᠱᠢᠯᠢᠳᠡᠭ᠌ᠵᠢᠭᠦᠯᠬᠦ᠌᠎ᠳᠤ ᠱᠢᠰᠲ᠋ᠧᠮᠲᠦ ᠴᠢᠨᠠᠷᠲᠠᠢ ᠨᠥᠯᠥᠭᠡ ᠦᠵᠡᠭᠦᠯᠵᠦ᠍᠂ ᠡᠮᠨᠡᠯᠭᠡ᠎ᠶ᠋ᠢᠨ ᠬᠤᠷᠢᠶᠠᠨ᠎ᠤ ᠬᠥᠭ᠌ᠵᠢᠯᠲᠡ᠎ᠶ᠋ᠢᠨ ᠪᠡᠯᠡ ᠮᠥᠩᠭᠦ᠎ᠶ᠋ᠢᠨ ᠪᠣᠭᠤᠮᠢ᠎ᠶ᠋ᠢ ᠪᠦᠲᠦᠮᠵᠢᠲᠡᠢ ᠱᠢᠢᠳᠪᠦᠷᠢᠯᠡᠭ᠌ᠰᠡᠨ᠎ᠢᠶᠠᠷ ᠪᠠᠷᠠᠬᠤ ᠦᠭᠡᠢ᠂ ᠡᠮᠨᠡᠯᠭᠡ᠎ᠶ᠋ᠢᠨ ᠬᠤᠷᠢᠶᠠᠨ᠎ᠤ ᠦᠢᠯᠡᠴᠢᠯᠡᠭᠡᠨ᠎ᠤ ᠠᠮᠢᠵᠢᠷᠠᠯ᠎ᠤᠨ ᠬᠦᠴᠦᠨ᠎ᠢ ᠨᠡᠩ ᠬᠥᠭ᠌ᠵᠢᠭᠡᠵᠦ᠍᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠴᠢᠨᠠᠷ ᠰᠠᠢᠲᠠᠢ ᠬᠥᠭ᠌ᠵᠢᠯᠲᠡ᠎ᠳᠤ ᠦᠷᠭᠦᠯᠵᠢᠯᠡᠬᠦ᠌ ᠬᠥᠳᠡᠯᠭᠡᠬᠦ᠌ ᠬᠦᠴᠦᠨ ᠪᠠ ᠴᠢᠬᠤᠯᠠ ᠲᠤᠯᠭᠠᠭᠤᠷᠢᠯᠠᠯ ᠬᠠᠩᠭᠠᠪᠠ 》᠃ ᠱᠠᠩᠬᠠᠢ ᠬᠣᠲᠠ 2011 ᠣᠨ᠎ᠠ᠋ᠴᠠ ᠡᠬᠢᠯᠡᠵᠦ᠍ ᠶᠡᠷᠦᠩᠬᠡᠢ ᠲᠣᠭ᠋ᠠᠨ᠎ᠤ ᠤᠷᠢᠳᠴᠢᠯᠠᠨ ᠥᠭ᠌ᠬᠦ ᠬᠠᠮᠢᠶᠠᠷᠤᠯᠲᠠ᠎ᠶᠢ ᠬᠡᠷᠡᠭ᠌ᠵᠢᠭᠦᠯᠵᠦ᠍ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠥ᠎ᠶᠢ ᠰᠠᠷ᠎ᠠ᠎ᠪᠡᠷ ᠤᠷᠢᠳᠴᠢᠯᠠᠨ ᠰᠠᠯᠭ᠋ᠠᠨ ᠥᠭᠪᠡ᠃ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠳ ᠰᠠᠷ᠎ᠠ ᠪᠦᠷᠢ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢᠨ ᠣᠨ᠎ᠤ ᠲᠥᠰᠦᠪ ᠶᠣᠰᠣᠭᠠᠷ᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠥ᠎ᠶ᠋ᠢ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠳᠤ ᠤᠷᠢᠳᠴᠢᠯᠠᠨ ᠰᠠᠯᠭᠠᠨ ᠥᠭ᠌ᠴᠦ᠂ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢ ᠬᠠᠪᠰᠤᠷᠤᠨ ᠡᠮᠴᠢᠯᠡᠭᠡᠨ᠎ᠦ ᠵᠠᠷᠤᠳᠠᠯ᠎ᠤᠨ ᠣᠷᠣᠯᠠᠨ ᠥᠭ᠌ᠬᠦ ᠳᠠᠷᠤᠯᠲᠠ᠎ᠶ᠋ᠢ ᠨᠢ ᠨᠠᠮᠳᠠᠭᠤᠯᠪᠠ᠃ 2025 ᠣᠨ᠎ᠤ 11 ᠳ᠋ᠤᠭᠡᠷ ᠰᠠᠷ᠎ᠠ ᠪᠣᠯᠲᠠᠯ᠎ᠠ᠂ 《 ᠰᠠᠷ᠎ᠠ᠎ᠪᠠᠷ ᠤᠷᠢᠳᠴᠢᠯᠠᠨ ᠰᠠᠯᠭᠠᠨ ᠥᠭ᠌ᠬᠦ 》᠎ᠶᠢ ᠬᠡᠷᠡᠭᠵᠢᠭᠦᠯᠦᠭᠰᠡᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ ( ᠨᠡᠢᠭᠡᠮ ᠲᠣᠭᠤᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠥᠷᠲᠡᠭᠡ ᠪᠠ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ ᠪᠠᠭ᠍ᠲᠠᠨ᠎ᠠ ) 2453 ᠪᠠᠢ᠌ᠵᠤ᠂ ᠪᠥᠬᠦ᠌ ᠬᠤᠲᠠ᠎ᠶ᠋ᠢᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ 72.8% ᠶ᠋ᠢ ᠡᠵᠡᠯᠡᠪᠡ;ᠤᠷᠢᠳᠴᠢᠯᠠᠨ ᠰᠠᠯᠭᠠᠨ ᠥᠭ᠌ᠬᠦ ᠰᠠᠭᠤᠷᠢ ᠮᠥᠩᠭᠦ᠎ᠶ᠋ᠢᠨ ᠬᠡᠪᠴᠢᠶ᠎ᠡ 970.18 ᠳ᠋ᠦᠩᠱᠢᠭᠤᠷ ᠲᠥᠭᠦᠷᠢᠭ ᠪᠠᠢ᠌ᠵᠤ᠂ ᠪᠥᠬᠦ᠌ ᠬᠤᠲᠠ᠎ᠶ᠋ᠢᠨ ᠶᠡᠷᠦᠩᠬᠡᠶ ᠲᠣᠭ᠋ᠠᠨ᠎ᠤ ᠲᠥᠰᠦᠪ᠎ᠤᠨ ᠬᠠᠮᠢᠶᠠᠷᠤᠯᠲᠠ᠎ᠶ᠋ᠢᠨ ᠵᠠᠷᠤᠳᠠᠯ᠎ᠤᠨ 83.6% ᠶ᠋ᠢ ᠡᠵᠡᠯᠡᠪᠡ᠃
ᠭᠤᠷᠪᠠ᠂ ᠳ᠋ᠦᠩᠨᠡᠨ ᠪᠤᠳᠤᠬᠤ ᠵᠠᠭ᠍ᠪᠤᠷ᠎ᠢ ᠲᠡᠭᠦᠯᠳᠡᠷᠵᠢᠭᠦᠯᠵᠦ᠍᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠦᠡᠭ᠌ᠬᠦ᠎ᠶ᠋ᠢᠨ ᠳ᠋ᠦᠩᠨᠡᠨ ᠪᠤᠳᠤᠬᠤ ᠴᠠᠭ᠎ᠢ ᠪᠣᠭᠣᠨᠢᠰᠬᠠᠪᠠ
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠎ᠤᠨ ᠭᠠᠷᠲᠠᠨ ᠭᠦᠢᠴᠡᠳᠭᠡᠬᠦ᠌ ᠱᠢᠰᠲ᠋ᠧᠮ᠎ᠤᠨ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠬᠦ᠌᠎ᠲᠠᠢ ᠤᠶᠠᠯᠳᠤᠭᠤᠯᠤᠨ᠂ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢᠨ ᠡᠮᠴᠢᠯᠡᠭᠡᠨ᠎ᠦ ᠳᠠᠭᠠᠳᠭᠠᠯ᠎ᠤᠨ ᠵᠠᠷᠤᠳᠠᠯ᠎ᠢ ᠳ᠋ᠦᠩᠨᠡᠨ ᠪᠤᠳᠤᠬᠤ᠎ᠶ᠋ᠢ ᠭᠤᠶᠤᠴᠢᠯᠠᠨ ᠮᠡᠳᠡᠭᠦᠯᠵᠦ᠍ ᠪᠠᠢᠭ᠍ᠰᠠᠨ᠎ᠠᠴᠠ ᠨᠤᠲᠠᠯᠠᠬᠤ ᠲᠡᠢ᠌ᠰᠢ ᠬᠤᠪᠢᠷᠠᠭᠤᠯᠬᠤ᠎ᠶ᠋ᠢ ᠢᠳᠡᠪᠬᠢᠲᠡᠶ ᠠᠬᠢᠭᠤᠯᠵᠤ᠂ ᠡᠮᠴᠢᠯᠡᠭᠡᠨ᠎ᠦ ᠳᠠᠭᠠᠳᠭᠠᠯ᠎ᠤᠨ ᠵᠠᠷᠤᠳᠠᠯ᠎ᠢ ᠳ᠋ᠦᠩᠨᠡᠨ ᠪᠤᠳᠤᠬᠤ ᠵᠠᠭ᠍ᠪᠤᠷ᠎ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠦᠨ᠂ ᠡᠮᠴᠢᠯᠡᠭᠡᠨ᠎ᠦ ᠳᠠᠭᠠᠳᠭᠠᠯ᠎ᠤᠨ ᠵᠠᠷᠤᠳᠠᠯ᠎ᠢ ᠬᠢᠨᠠᠨ ᠬᠠᠷᠭᠤᠭᠤᠯᠬᠤ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ ᠳ᠋ᠦᠩᠨᠡᠨ ᠪᠤᠳᠤᠵᠤ ᠰᠠᠯᠭᠠᠨ ᠥᠭ᠌ᠬᠦ ᠴᠠᠭ᠎ᠢ ᠤᠯᠠᠮ ᠨᠢᠭᠡ ᠠᠯᠬᠤᠮ ᠪᠣᠭᠣᠨᠢᠰᠬᠠᠪᠠ᠃ 《 ᠡᠮᠴᠢᠯᠡᠭᠡᠨ᠎ᠤ ᠳᠠᠭᠠᠳᠭᠠᠯ᠎ᠤᠨ ᠵᠠᠷᠤᠳᠠᠯ᠎ᠢ ᠳ᠋ᠦᠩᠨᠡᠨ ᠪᠤᠳᠤᠬᠤ᠎ᠪᠠᠷ ᠭᠤᠶᠤᠴᠢᠯᠠᠨ ᠮᠡᠳᠡᠭᠦᠯᠬᠦ᠌᠎ᠠᠴᠠ ᠨᠤᠲᠠᠯᠠᠬᠤ ᠲᠡᠢ᠌ᠰᠢ ᠬᠤᠪᠢᠷᠠᠭᠤᠯᠵᠤ᠂ ᠰᠠᠷ᠎ᠠ᠎ᠪᠠᠷ ᠭᠤᠶᠤᠴᠢᠯᠠᠨ ᠮᠡᠳᠡᠭᠦᠯᠵᠦ᠍ ᠳ᠋ᠦᠩᠨᠡᠨ ᠪᠤᠳᠤᠬᠤ ᠶᠠᠪᠤᠴᠠ᠎ᠶ᠋ᠢ ᠱᠢᠯᠢᠳᠡᠭ᠌ᠵᠢᠭᠦᠯᠦᠨ᠂ ᠡᠮᠴᠢᠯᠡᠭᠡᠨ᠎ᠤ ᠳᠠᠭᠠᠳᠭᠠᠯ᠎ᠤᠨ ᠪᠠᠯᠠ ᠮᠥᠩᠭᠦ᠎ᠶ᠋ᠢ ᠭᠤᠶᠤᠴᠢᠯᠠᠨ ᠮᠡᠳᠡᠭᠦᠯᠵᠦ᠍ ᠳ᠋ᠦᠩᠨᠡᠨ ᠪᠤᠳᠤᠬᠤ ᠴᠠᠭ᠎ᠢ 50%᠎ᠠᠴᠠ ᠳᠡᠭᠡᠭ᠌ᠰᠢ ᠪᠣᠭᠤᠨᠢᠰᠭᠠᠵᠤ᠂ ᠨᠡᠢᠭᠡᠮ ᠲᠣᠭᠤᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠲᠥᠪ᠎ᠤᠨ ᠥᠪᠡᠷ᠎ᠤᠨ ᠥᠷᠲᠡᠭ᠎ᠢ ᠶᠡᠭᠡ᠎ᠪᠠᠷ ᠪᠠᠭᠤᠷᠠᠭᠤᠯᠵᠤ᠂ ᠡᠮᠴᠢ ᠰᠤᠪᠢᠯᠠᠭ᠍ᠴᠢ᠎ᠶ᠋ᠢ ᠡᠮᠴᠢᠯᠡᠭᠡᠨ᠎ᠤ ᠦᠢᠯᠡᠴᠢᠯᠡᠭᠡ᠎ᠳᠤ ᠨᠠᠩ ᠢᠯᠡᠭᠦᠦ ᠠᠩᠬᠠᠷᠤᠯ᠎ᠢᠶᠠᠨ ᠲᠥᠪᠯᠡᠷᠡᠭᠦᠯᠵᠦ᠍᠂ ᠪᠠᠯᠠ ᠮᠥᠩᠭᠦ᠎ᠶ᠋ᠢᠨ ᠪᠠᠲᠤᠯᠠᠭ᠎ᠠ᠂ ᠦᠢᠯᠡᠴᠢᠯᠡᠭᠡ᠎ᠶ᠋ᠢ ᠳᠡᠭᠡᠭ᠌ᠰᠢᠯᠡᠭᠦᠯᠬᠦ᠂ ᠵᠠᠭ᠍ᠪᠤᠷ᠎ᠢ ᠱᠢᠯᠢᠳᠡᠭ᠌ᠵᠢᠭᠦᠯᠬᠦ᠌ ᠪᠠ ᠬᠠᠮᠢᠶᠠᠷᠤᠯᠲᠠ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠦᠨᠡᠨ ᠪᠣᠳᠠᠲᠠᠶ ᠬᠠᠪᠰᠤᠷᠤᠯᠭ᠎ᠠ ᠪᠠ ᠠᠱᠢᠭ ᠲᠤᠰᠠ᠎ᠶ᠋ᠢ ᠠᠪᠴᠢᠷᠠᠪᠠ 》 ᠭᠡᠵᠦ ᠱᠠᠩᠬᠠᠢ ᠬᠣᠲᠠ᠎ᠶᠢᠨ ᠫᠦ ᠲᠦᠸᠧ ᠲᠣᠭᠣᠷᠢᠭ᠎ᠤ᠋ᠨ ᠴᠠᠩ ᠱᠧᠦ ᠨᠡᠢᠭᠡᠮ ᠲᠣᠭᠣᠷᠢᠭ᠎ᠤ᠋ᠨ ᠡᠷᠡᠭᠦᠯ ᠬᠠᠮᠠᠭᠠᠯᠠᠯ᠎ᠤ᠋ᠨ ᠦᠢᠯᠡᠴᠢᠯᠡᠭᠡᠨ᠎ᠦ᠌ ᠲᠥᠪ᠎ᠦ᠋ᠨ ᠯᠢ ᠮᠢ ᠴᠢᠶᠦ᠋ᠩ ᠡᠷᠬᠢᠯᠡᠭ᠌ᠴᠢ ᠦᠨᠡᠨ ᠰᠡᠳᠭᠢᠯ᠎ᠡᠴᠡ᠎ᠪᠡᠨ ᠢᠯᠡᠳᠬᠡᠪᠡ᠃