ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠦᠨᠳᠦᠰᠦᠨ ᠱᠠᠲᠤᠨ᠎ᠤ 《 ᠡᠮ 》᠎ᠢ ᠰᠠᠢᠲᠤᠷ ᠠᠳᠭᠤᠵᠤ ᠠᠷᠠᠳ ᠣᠯᠠᠨ᠎ᠤ 《 ᠰᠡᠳᠭᠢᠯ 》᠎ᠢ ᠳᠤᠯᠠᠭ᠋ᠠᠴᠠᠭᠤᠯᠤᠨ᠎ᠠ
ᠨᠡᠶ᠋ᠢᠲᠡᠯᠡᠭᠰᠡᠨ ᠴᠠᠭ᠄ 2025-12-02

  《 ᠥᠩᠭᠡᠷᠡᠭ᠌ᠰᠡᠨ᠎ᠳᠤ ᠣᠷᠳᠣ ᠬᠤᠭᠤᠴᠠᠭ᠎ᠠ᠎ᠪᠠᠷ ᠡᠮ ᠢᠳᠡᠵᠦ᠂ ᠲᠣᠰᠭᠤᠨ ᠳᠡᠭᠡᠷ᠎ᠡ ᠴᠥᠮ ᠬᠤᠳᠠᠯᠳᠤᠨ ᠠᠪᠴᠤ᠌ ᠳᠡᠢᠯᠬᠦ᠌ ᠥᠬᠡᠶ᠂ ᠤᠳᠠᠭ᠎ᠠ ᠪᠦᠷᠢ ᠲᠡᠷᠭᠡᠨ᠎ᠳᠤ ᠰᠠᠭᠤᠵᠤ ᠱᠢᠶᠠᠨ᠎ᠤ ᠲᠥᠪ᠎ᠲᠦ ᠣᠴᠢᠳᠠᠭ᠂ ᠨᠢᠭᠡ ᠤᠳᠠᠭ᠎ᠠ ᠢᠷᠡᠵᠦ ᠶᠠᠪᠤᠬᠤ᠎ᠳᠤ ᠨᠢᠭᠡ ᠪᠦᠬᠦᠯᠢ ᠡᠳᠦᠷ ᠵᠠᠷᠤᠴᠠᠭᠤᠯᠵᠤ᠂ ᠵᠥᠪᠬᠡᠨ ᠵᠠᠮ᠎ᠤᠨ ᠵᠠᠷᠤᠳᠠᠯ ᠬᠡᠳᠦᠨ ᠠᠷᠪᠠᠨ ᠲᠥᠭᠦᠷᠢᠭ ᠵᠠᠷᠤᠨ᠎ᠠ 》 ᠭᠡᠵᠦ ᠱᠠᠨᠰᠢ ᠮᠤᠵᠢ᠎ᠶ᠋ᠢᠨ ᠠᠨᠺᠠᠩ ᠬᠤᠲᠠ᠎ᠶ᠋ᠢᠨ ᠨᠢᠩᠱᠠᠨ ᠱᠢᠶᠠᠨ᠎ᠤ ᠯᠦᠩ ᠸᠠᠩ ᠪᠠᠯᠭᠠᠰᠤᠨ᠎ᠤ ᠶᠦᠩ ᠬᠤᠩ ᠲᠣᠰᠭᠤᠨ᠎ᠤ ᠠᠷᠠᠳ ᠼᠤᠤ ᠳ᠋ᠧ ᠫᠢᠩ ᠠᠮᠵᠢᠯᠲᠠᠲᠠᠢ ᠤᠳᠠᠭᠠᠨ ᠴᠢᠨᠠᠷᠲᠠᠶ ᠵᠢᠷᠦᠬᠡᠨ᠎ᠦ ᠬᠦᠴᠦᠨ᠎ᠦ ᠮᠠᠭᠤᠵᠢᠷᠠᠯ᠎ᠤᠨ ᠡᠮ᠎ᠢ ᠠᠪᠤᠭᠰᠠᠨ᠎ᠳᠤ ᠴᠢᠷᠠᠢ ᠳᠦᠭᠦᠷᠡᠩ ᠢᠨᠢᠶᠡᠮᠰᠦᠭ᠌ᠯᠡᠨ᠎ᠡ᠃ ᠡᠮ᠎ᠤᠨ ᠵᠦᠢᠯᠡᠰ᠎ᠤᠨ ᠬᠠᠩᠭᠠᠯᠭ᠎ᠠ᠎ᠶ᠋ᠢ ᠱᠢᠭᠤᠳ ᠦᠨᠳᠦᠰᠦᠨ ᠱᠠᠲᠤᠨ᠎ᠳᠤ ᠬᠦᠷᠭᠡᠵᠦ᠍᠂ ᠡᠪᠡᠳᠴᠢᠨ ᠦᠵᠡᠭᠦᠯᠵᠦ᠍ ᠡᠮ ᠠᠪᠬᠤ᠎ᠳᠤ ᠲᠤᠲᠠᠭᠤ ᠴᠠᠭ ᠵᠠᠷᠤᠴᠠᠭᠤᠯᠵᠤ ᠰᠠᠨᠠᠭ᠎ᠠ ᠠᠮᠤᠷ ᠪᠣᠯᠵᠤ᠂ ᠶᠠᠭ ᠱᠠᠨᠰᠢ᠎ᠶ᠋ᠢᠨ ᠨᠢᠩᠱᠠᠨ ᠱᠢᠶᠠᠨ᠎ᠤ ᠦᠨᠳᠦᠰᠦᠨ ᠱᠠᠲᠤᠨ᠎ᠤ ᠡᠮ᠎ᠤᠨ ᠵᠦᠢᠯᠡᠰ᠎ᠤᠨ ᠬᠤᠯᠪᠣᠭᠠᠯᠠᠨ ᠬᠥᠳᠡᠯᠦᠯᠴᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠭ᠌ᠰᠡᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃

  ᠵᠢᠵᠢᠭ ᠬᠠᠪᠲᠠᠭ᠋ᠠᠢ ᠡᠮ ᠨᠢ ᠠᠷᠠᠳ᠎ᠤ᠋ᠨ ᠠᠮᠢᠳᠤᠷᠠᠯ᠎ᠢ ᠠᠴᠢᠶᠠᠯᠠᠵᠤ ᠪᠤᠢ᠃ ᠰᠢᠶᠠᠨ᠎ᠤ ᠴᠠᠷᠠᠭ᠋ᠠᠨ᠎ᠳᠠᠬᠢ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ᠎ᠤᠨ ᠵᠦᠢᠯ᠎ᠤᠨ ᠲᠥᠷᠥᠯ ᠵᠦᠢᠯ ᠬᠦᠷᠦᠯᠴᠡᠬᠦ᠌ ᠥᠬᠡᠶ᠂ ᠬᠠᠩᠭᠠᠯᠭ᠎ᠠ᠎ᠶ᠋ᠢᠨ ᠠᠷᠭ᠎ᠠ ᠵᠠᠮ ᠲᠠᠷᠠᠬᠠᠶ ᠪᠤᠲᠠᠷᠬᠠᠶ᠂ ᠱᠢᠶᠠᠨ ᠱᠢᠶᠠᠩ ᠲᠣᠰᠭᠤᠨ ᠭᠤᠷᠪᠠᠨ ᠱᠠᠲᠤᠨ᠎ᠤ ᠡᠮ ᠬᠡᠷᠡᠭ᠌ᠯᠡᠬᠦ᠌᠎ᠶ᠋ᠢ ᠵᠣᠯᠭᠠᠯᠳᠤᠭᠤᠯᠤᠭ᠍ᠰᠠᠨ ᠪᠠᠢᠳᠠᠯ ᠱᠢᠯᠤᠭᠤᠨ ᠪᠤᠰᠤ ᠵᠡᠷᠭᠡ ᠲᠣᠪᠤᠢᠮ᠎ᠠ ᠠᠰᠠᠭᠤᠳᠠᠯ᠎ᠳᠤ ᠴᠢᠭ᠌ᠯᠡᠭᠦᠯᠦᠨ᠂ ᠨᠢᠩᠱᠠᠨ ᠱᠢᠶᠠᠨ᠎ᠤ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠬᠠᠷᠠᠯᠲᠠ᠎ᠶ᠋ᠢᠨ ᠴᠢᠭ᠌ᠯᠡᠯ᠎ᠢᠶᠠᠷ ᠬᠦᠴᠦᠯᠡᠵᠦ᠍᠂ 《 ᠨᠢᠩᠱᠠᠨ ᠱᠢᠶᠠᠨ᠎ᠤ ᠦᠨᠳᠦᠰᠦᠨ ᠱᠠᠲᠤᠨ᠎ᠤ ᠡᠮ᠎ᠤᠨ ᠵᠦᠢᠯ᠎ᠤᠨ ᠬᠤᠯᠪᠣᠭᠠᠯᠠᠨ ᠬᠥᠳᠡᠯᠦᠯᠴᠡᠬᠦ᠌ ᠬᠠᠮᠢᠶᠠᠷᠤᠯᠲᠠ᠎ᠶ᠋ᠢ ᠠᠬᠢᠭᠤᠯᠵᠤ ᠱᠢᠶᠠᠨ᠎ᠤ ᠬᠡᠪᠴᠢᠶᠡᠨ᠎ᠳᠤ ᠡᠮ ᠬᠠᠩᠭᠠᠬᠤ ᠡᠮ ᠬᠡᠷᠡᠭ᠌ᠯᠡᠬᠦ᠌ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠬᠤ ᠠᠵᠢᠯ᠎ᠤᠨ ᠲᠥᠰᠦᠯ 》᠎ᠢ ᠨᠡᠢᠲᠡᠯᠡᠵᠦ᠍᠂ 《 ᠨᠠᠢ᠍ᠮᠠ᠎ᠶ᠋ᠢ ᠨᠢᠭᠡᠳᠭᠡᠬᠦ᠌ 》 ᠬᠠᠮᠢᠶᠠᠷᠤᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠬᠦ᠌᠎ᠪᠠᠷ ᠳᠠᠮᠵᠢᠭᠤᠯᠤᠨ᠂ ᠱᠢᠶᠠᠨ᠎ᠤ ᠬᠡᠪᠴᠢᠶᠡᠨ᠎ᠤ ᠡᠮ᠎ᠤᠨ ᠵᠦᠢᠯ᠎ᠤᠨ 《 ᠠᠳᠠᠯᠢ ᠬᠤᠲᠠ᠎ᠳᠤ ᠠᠳᠠᠯᠢ ᠢᠷᠡᠯᠳᠡ᠎ᠲᠠᠢ᠂ ᠠᠳᠠᠯᠢ ᠶᠠᠰᠤ ᠴᠢᠨᠠᠷ᠎ᠲᠠᠢ ᠠᠳᠠᠯᠢ ᠦᠨ᠎ᠡ᠎ᠲᠠᠢ᠂ ᠠᠳᠠᠯᠢ ᠪᠠᠷᠢᠮᠵᠢᠶ᠎ᠠ᠎ᠪᠠᠷ ᠬᠠᠮᠢᠶᠠᠷᠬᠤ 》᠎ᠶ᠋ᠢ ᠪᠡᠶᠡᠯᠡᠭᠦᠯᠪᠡ᠃

  ᠨᠢᠭᠡ᠎ᠳᠤ᠂ ᠬᠡᠷᠡᠭ᠌ᠯᠡᠬᠦ᠌ ᠡᠮ᠎ᠤᠨ ᠭᠠᠷᠴᠠᠭ᠎ᠶᠢ ᠨᠢᠭᠡᠳᠬᠡᠵᠦ᠂ 《 ᠪᠣᠳᠠᠲᠠᠶ᠎ᠳᠤ ᠣᠢᠷᠠᠳᠭᠤ᠂ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠲᠡᠷᠢᠭᠦᠨ᠎ᠳᠤ ᠲᠠᠯᠪᠢᠬᠤ᠂ ᠦᠨᠳᠦᠰᠦᠨ ᠡᠮ᠎ᠢ ᠤᠷᠢᠳ᠎ᠢᠶᠠᠷ ᠪᠣᠳᠣᠯᠬᠢᠯᠠᠬᠤ 》 ᠵᠠᠷᠴᠢᠮ ᠶᠣᠰᠣᠭᠠᠷ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ᠎ᠤᠨ ᠲᠣᠬᠢᠷᠠᠭᠤᠯᠤᠯᠲᠠ᠎ᠶ᠋ᠢ ᠬᠥᠳᠡᠯᠦᠩᠭᠦᠶ᠎ᠪᠠᠷ ᠱᠢᠯᠢᠳᠡᠭ᠌ᠵᠢᠭᠦᠯᠦᠨ ᠳᠣᠭᠢᠷᠠᠭᠤᠯᠵᠤ᠂ ᠤᠳᠠᠭᠠᠨ ᠴᠢᠨᠠᠷᠲᠠᠶ ᠡᠪᠡᠳᠴᠢᠨ᠂ ᠬᠡᠤᠬᠡᠳ᠎ᠤᠨ ᠬᠡᠷᠡᠭ᠌ᠯᠡᠬᠦ᠌ ᠡᠮ᠎ᠤᠨ ᠳᠤᠮᠳᠠᠴᠢ ᠲᠣᠭᠲᠠᠭᠰᠠᠨ ᠲᠤᠭ᠎ᠠ 17 ᠵᠦᠶ᠋ᠯ ᠪᠠᠢᠭ᠍ᠰᠠᠨ᠎ᠠᠴᠠ᠎ᠪᠠᠨ 42 ᠵᠦᠶ᠋ᠯ ᠪᠣᠯᠵᠣ᠂ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠶ᠋ᠯ ᠨᠡᠮᠡᠭ᠌ᠳᠡᠭᠡᠳ 463 ᠵᠦᠶ᠋ᠯ ᠪᠣᠯᠵᠣ᠂ ᠦᠨᠳᠦᠰᠦᠨ ᠡᠮ ᠨᠠᠢᠷᠠᠭᠤᠯᠬᠤ ᠨᠣᠷᠮ᠎ᠠ᠎ᠨᠢ 84.4%᠎ᠳᠤ ᠬᠦᠷᠪᠡ᠃

  ᠬᠤᠶᠠᠷ᠎ᠲᠤ᠌᠂ ᠬᠤᠳᠠᠯᠳᠤᠨ ᠠᠪᠬᠤ ᠶᠠᠪᠤᠴᠠ᠎ᠶᠢ ᠨᠢᠭᠡᠳᠬᠡᠵᠦ᠂ ᠡᠮᠴᠢᠯᠡᠭᠡᠨ᠎ᠤ ᠬᠠᠮᠲᠤ᠎ᠶ᠋ᠢᠨ ᠴᠣᠭ᠍ᠴᠠ᠎ᠶ᠋ᠢᠨ ᠡᠮ᠎ᠤᠨ ᠵᠦᠢᠯ᠎ᠤᠨ ᠬᠠᠩᠭᠠᠯᠭ᠎ᠠ᠎ᠶ᠋ᠢᠨ ᠬᠠᠮᠢᠶᠠᠷᠤᠯᠲᠠ᠎ᠶ᠋ᠢᠨ ᠲᠠᠪᠴᠠᠩ᠎ᠳᠤ ᠲᠦᠱᠢᠭ᠌ᠯᠡᠨ᠂ 《 ᠪᠠᠯᠭᠠᠰᠤ ᠣᠷᠣᠯᠠᠨ ᠬᠤᠳᠠᠯᠳᠤᠨ ᠠᠪᠬᠤ + ᠶᠡᠷᠦᠩᠬᠡᠶ ᠬᠤᠷᠢᠶ᠎ᠠ ᠬᠢᠨᠠᠨ ᠬᠠᠷᠭᠤᠭᠤᠯᠵᠤ  ᠨᠢᠭᠡ ᠳᠠᠷᠤᠪᠴᠢ᠎ᠪᠠᠷ ᠬᠠᠭᠤᠳᠠᠰᠤ ᠲᠠᠷᠬᠠᠭᠠᠬᠤ 》 ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠡᠮ᠎ᠤᠨ ᠵᠦᠢᠯ᠎ᠤᠨ ᠰᠦᠯᠵᠢᠶᠡᠨ᠎ᠦ ᠬᠤᠳᠠᠯᠳᠤᠨ ᠠᠪᠬᠤ ᠨᠣᠷᠮ᠎ᠠ᠎ᠶ᠋ᠢ 90% ᠎ᠠᠴᠠ ᠳᠡᠭᠡᠭ᠌ᠰᠢ᠎ᠳᠤ ᠬᠦᠷᠦᠭᠦᠯᠵᠦ᠍᠂ ᠬᠤᠳᠠᠯᠳᠤᠨ ᠠᠪᠬᠤ ᠦᠨ᠎ᠡ ᠬᠠᠩᠰᠢ ᠨᠢ ᠨᠠᠩ ᠢᠯᠡ ᠲᠣᠳᠣ᠂ ᠵᠦᠶ ᠵᠣᠬᠢᠰᠲᠠᠶ᠃

  ᠭᠤᠷᠪᠠ᠎ᠳᠤ᠂ ᠳᠣᠭᠢᠷᠠᠭᠤᠯᠤᠨ ᠬᠦᠷᠭᠡᠬᠦ᠌ ᠬᠠᠮᠢᠶᠠᠷᠤᠯᠲᠠ᠎ᠶ᠋ᠢ ᠨᠢᠭᠡᠳᠬᠡᠵᠦ᠂ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠢ ᠱᠢᠯᠢᠨ ᠰᠣᠩᠭᠤᠬᠤ ᠪᠠ ᠱᠢᠯᠭᠠᠨ ᠬᠢᠨᠠᠬᠤ ᠪᠠᠷᠢᠮᠵᠢᠶ᠎ᠠ᠎ᠶ᠋ᠢ ᠵᠢᠷᠤᠮᠵᠢᠭᠤᠯᠤᠨ᠂ ᠡᠮ᠎ᠤᠨ ᠵᠦᠢᠯ᠎ᠤᠨ ᠳᠤᠮᠳᠠᠴᠢ ᠳᠣᠭᠢᠷᠠᠭᠤᠯᠤᠨ ᠬᠦᠷᠭᠡᠬᠦ᠌ ᠦᠶᠡᠯᠡᠯ᠎ᠤᠨ ᠬᠤᠭᠤᠴᠠᠭ᠎ᠠ᠎ᠶ᠋ᠢ 9.7 ᠡᠳᠦᠷ᠎ᠠᠴᠠ 4.3 ᠡᠳᠦᠷ ᠪᠣᠯᠭᠠᠨ ᠪᠣᠭᠣᠨᠢᠰᠬᠠᠵᠤ᠂ ᠠᠵᠤ ᠠᠬᠤᠢᠯᠠᠯ᠎ᠤᠨ ᠬᠠᠩᠭᠠᠯᠭ᠎ᠠ᠎ᠶ᠋ᠢᠨ ᠴᠠᠭ ᠬᠤᠭᠤᠴᠠᠭᠠᠲᠤ ᠴᠢᠨᠠᠷ᠎ᠢ ᠳᠡᠭᠡᠭᠰᠢᠯᠡᠭᠦᠯᠪᠡ᠃

  ᠳᠥᠷᠪᠡ᠎ᠳᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠨᠢᠭᠡᠳᠭᠡᠵᠦ᠍᠂ ᠡᠮᠴᠢᠯᠡᠭᠡᠨ᠎ᠤ ᠬᠠᠮᠲᠤ᠎ᠶ᠋ᠢᠨ ᠳᠣᠲᠣᠭᠠᠳᠤ᠎ᠶ᠋ᠢᠨ ᠡᠮ᠎ᠤᠨ ᠵᠦᠢᠯ᠎ᠤᠨ ᠬᠥᠮᠥᠷᠭᠡ᠎ᠶ᠋ᠢᠨ ᠬᠠᠳᠠᠭᠠᠯᠠᠯᠲᠠ᠂ ᠬᠦᠴᠦᠨ᠎ᠲᠠᠢ ᠬᠤᠭᠤᠴᠠᠭ᠎ᠠ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠵᠦ᠍᠂ ᠬᠥᠮᠥᠷᠭᠡ᠎ᠶ᠋ᠢᠨ ᠬᠠᠳᠠᠭᠠᠯᠠᠯᠲᠠ᠎ᠶ᠋ᠢ ᠴᠠᠭ ᠲᠤᠬᠠᠢ᠎ᠳᠤ ᠨᠢ ᠨᠥᠬᠦᠪᠦᠷᠢᠯᠡᠵᠦ᠍᠂ ᠡᠮ᠎ᠤᠨ ᠵᠦᠢᠯ᠎ᠢ ᠬᠥᠳᠡᠯᠦᠩᠭᠦᠢ᠎ᠪᠠᠷ ᠨᠥᠭᠡᠴᠡᠯᠡᠨ᠎ᠡ᠃

  ᠲᠠᠪᠤ᠎ᠳᠤ᠂ ᠪᠠᠴᠢᠮ ᠪᠠᠢᠳᠠᠯ᠎ᠢ ᠠᠷᠭ᠋ᠠᠴᠠᠭ᠋ᠠᠬᠤ ᠪᠠᠲᠤᠯᠠᠭ᠎ᠠ᠎ᠶ᠋ᠢ ᠨᠢᠭᠡᠳᠭᠡᠵᠦ᠍᠂ ᠪᠠᠴᠢᠮ ᠡᠮ᠎ᠤᠨ ᠵᠦᠢᠯᠡᠰ᠎ᠢ ᠲᠦᠷᠭᠡᠨ ᠬᠠᠩᠭᠠᠬᠤ ᠲᠣᠭ᠍ᠲᠠᠴᠠ᠎ᠶ᠋ᠢ ᠪᠠᠢᠭᠤᠯᠵᠤ᠂ ᠪᠠᠴᠢᠮ ᠪᠠᠢᠳᠠᠯ ᠳᠣᠣᠷ᠎ᠠ 4 ᠴᠠᠭ᠎ᠤᠨ ᠳᠣᠲᠣᠷ᠎ᠠ ᠪᠠᠷᠠᠭ᠎ᠠ ᠣᠷᠣᠭᠤᠯᠬᠤ᠎ᠶ᠋ᠢ ᠪᠠᠲᠤᠯᠠᠵᠤ᠂ ᠪᠠᠴᠢᠮ ᠪᠠᠢᠳᠠᠯ᠎ᠢ ᠠᠷᠭ᠋ᠠᠴᠠᠭ᠋ᠠᠵᠤ ᠬᠤᠳᠠᠯᠳᠤᠨ ᠠᠪᠬᠤ 24 ᠴᠠᠭ᠎ᠤᠨ ᠳᠣᠲᠣᠷ᠎ᠠ ᠬᠦᠷᠭᠡᠵᠦ᠍᠂ ᠪᠠᠴᠢᠮ ᠪᠠᠢᠳᠠᠯ᠎ᠢ ᠠᠷᠭ᠋ᠠᠴᠠᠭ᠋ᠠᠵᠤ ᠡᠮ ᠬᠡᠷᠡᠭ᠌ᠯᠡᠬᠦ᠌ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠪᠠᠢᠭᠤᠯᠤᠨ᠎ᠠ᠃

  ᠵᠢᠷᠭᠤᠭ᠎ᠠ᠎ᠳᠤ᠂ ᠳ᠋ᠦᠩᠨᠡᠨ ᠪᠣᠳᠣᠬᠤ ᠬᠠᠮᠢᠶᠠᠷᠤᠯᠲᠠ᠎ᠶᠢ ᠨᠢᠭᠡᠳᠬᠡᠵᠦ᠂ ᠡᠮᠴᠢᠯᠡᠭᠡᠨ᠎ᠤ ᠬᠠᠮᠲᠤ᠎ᠶ᠋ᠢᠨ ᠴᠣᠭ᠍ᠴᠠ᠎ᠶ᠋ᠢᠨ ᠡᠮᠨᠡᠯᠭᠡ᠎ᠶ᠋ᠢᠨ ᠬᠤᠷᠢᠶ᠎ᠠ᠎ᠳᠤ 300 ᠲᠦᠮᠡᠨ ᠲᠥᠭᠦᠷᠢᠭ᠎ᠤᠨ ᠡᠮ᠎ᠤᠨ ᠵᠦᠢᠯ᠎ᠤᠨ ᠪᠠᠯᠠ ᠮᠥᠩᠭᠦ᠎ᠶ᠋ᠢᠨ ᠡᠷᠭᠢᠯᠲᠡ᠎ᠶ᠋ᠢᠨ ᠴᠥᠬᠥᠷᠥᠮ ᠪᠠᠢᠭᠤᠯᠵᠤ᠂ ᠡᠮ᠎ᠤᠨ ᠵᠦᠢᠯ᠎ᠢ ᠳ᠋ᠦᠩᠨᠡᠨ ᠪᠤᠳᠤᠬᠤ ᠠᠬᠢᠴᠠ᠎ᠶ᠋ᠢ ᠲᠦᠷᠭᠡᠳᠭᠡᠨ᠂ ᠠᠵᠤ ᠠᠬᠤᠢᠯᠠᠯ ᠬᠢᠭᠡᠳ ᠡᠮᠴᠢᠯᠡᠭᠡᠨ᠎ᠤ ᠴᠣᠭ᠍ᠴᠠ᠎ᠶ᠋ᠢᠨ ᠬᠠᠩᠭᠠᠯᠭ᠎ᠠ᠎ᠶ᠋ᠢᠨ ᠬᠠᠮᠲᠤᠷᠠᠯᠴᠠᠭᠠᠨ᠎ᠤ ᠬᠠᠷᠢᠴᠠᠭ᠎ᠠ᠎ᠶ᠋ᠢ ᠲᠣᠭ᠍ᠲᠠᠪᠤᠷᠢᠵᠢᠭᠤᠯᠤᠨ᠎ᠠ᠃

  ᠲᠤᠯᠤᠭ᠎ᠠ᠎ᠳᠤ᠂ ᠡᠮ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠨᠢᠭᠡᠳᠭᠡᠵᠦ᠍᠂ ᠡᠮᠴᠢᠯᠡᠭᠡᠨ᠎ᠤ ᠬᠠᠮᠲᠤ᠎ᠶ᠋ᠢᠨ ᠴᠣᠭ᠍ᠴᠠ᠎ᠶ᠋ᠢᠨ ᠥᠴᠦᠬᠡᠨ ᠴᠦ᠍ ᠵᠥᠷᠢᠶᠡᠲᠦ ᠦᠨ᠎ᠡ᠎ᠶ᠋ᠢᠨ ᠠᠷᠠᠳ᠎ᠲᠤ ᠲᠥᠬᠦᠮ ᠦᠵᠡᠭᠦᠯᠬᠦ᠌ ᠡᠮ᠎ᠤᠨ ᠳᠡᠯᠭᠡᠭᠦᠷ ᠪᠠ ᠵᠦᠶ ᠵᠣᠬᠢᠰᠲᠠᠶ ᠡᠮ ᠬᠡᠷᠡᠭ᠌ᠯᠡᠬᠦ᠌ ᠵᠢᠯᠣᠭᠤᠳᠭᠤ ᠲᠥᠪ᠎ᠢ ᠪᠠᠢᠭᠤᠯᠵᠤ᠂ ᠳᠡᠭᠡᠳᠦ ᠵᠡᠷᠭᠡ᠎ᠶ᠋ᠢᠨ ᠡᠮ ᠨᠠᠢ᠌ᠷᠠᠭᠤᠯᠤᠭᠴᠢ᠎ᠶ᠋ᠢᠨ ᠳᠠᠭᠠᠭᠤᠯᠤᠭ᠍ᠰᠠᠨ ᠡᠮ᠎ᠤᠨ ᠤᠬᠠᠭᠠᠨ᠎ᠤ ᠲᠤᠰᠭᠠᠶ ᠮᠡᠷᠭᠡᠵᠢᠯ᠎ᠤᠨ ᠪᠦᠯᠬᠦᠮ ᠨᠡᠢᠲᠡ᠎ᠶ᠋ᠢ ᠳᠣᠭᠢᠷᠠᠭᠤᠯᠵᠤ᠂ ᠣᠯᠠᠨ ᠲᠦᠮᠡᠨ᠎ᠳᠤ 《 ᠨᠢᠭᠡ ᠥᠷᠲᠡᠭᠡ       ᠮᠠᠶᠢᠭ 》᠎ᠤᠨ ᠡᠮ᠎ᠤᠨ ᠤᠬᠠᠭᠠᠨ᠎ᠤ ᠦᠢᠯᠡᠴᠢᠯᠡᠭᠡ ᠪᠠ ᠣᠨᠴᠠ ᠬᠡᠷᠡᠭ᠌ᠴᠡᠭᠡᠨ᠎ᠤ ᠡᠮ᠎ᠢ ᠳᠡᠩᠰᠡᠯᠡᠵᠦ᠍ ᠣᠷᠣᠯᠠᠨ ᠬᠤᠳᠠᠯᠳᠤᠨ ᠠᠪᠬᠤ ᠦᠢᠯᠡᠴᠢᠯᠡᠭᠡ ᠬᠠᠩᠭᠠᠵᠤ᠂ ᠡᠳᠦᠷ ᠪᠦᠷᠢ ᠳᠤᠮᠳᠠᠴᠢ᠎ᠪᠠᠷ 130 ᠭᠠᠷᠤᠶ ᠬᠥᠮᠦᠨ ᠤᠳᠠᠭ᠎ᠠ᠎ᠳᠤ ᠦᠢᠯᠡᠴᠢᠯᠡᠪᠡ᠃

  ᠨᠠᠢ᠍ᠮᠠ᠎ᠳᠤ᠂ ᠵᠣᠷ᠎ᠤᠨ ᠡᠷᠭᠢᠯᠲᠡ᠎ᠶ᠋ᠢ ᠨᠢᠭᠡᠳᠭᠡᠵᠦ᠍᠂ ᠡᠮᠴᠢᠯᠡᠭᠡᠨ᠎ᠤ ᠬᠠᠮᠲᠤ᠎ᠶ᠋ᠢᠨ ᠴᠣᠭ᠍ᠴᠠ᠎ᠶ᠋ᠢᠨ ᠵᠣᠷ᠎ᠤᠨ ᠡᠷᠭᠢᠯᠲᠡ᠎ᠶ᠋ᠢᠨ ᠲᠠᠪᠴᠠᠩ᠎ᠢ ᠪᠠᠢᠭᠤᠯᠵᠤ᠂ ᠪᠠᠯᠭᠠᠰᠤ ᠲᠣᠰᠭᠤᠨ᠎ᠤ ᠣᠯᠠᠨ ᠲᠦᠮᠡᠨ᠎ᠳᠤ ᠱᠢᠶᠠᠨ᠎ᠤ ᠱᠠᠲᠤᠨ᠎ᠤ ᠡᠮ᠎ᠤᠨ ᠵᠦᠢᠯ᠎ᠤᠨ ᠬᠠᠩᠭᠠᠯᠭ᠎ᠠ᠎ᠶ᠋ᠢ ᠬᠦᠷᠲᠡᠭᠡᠵᠦ᠍᠂ ᠲᠦᠷᠭᠡᠨ ᠪᠥᠭᠡᠳ ᠬᠢᠮᠲᠠ ᠡᠮ ᠲᠦᠭᠡᠭᠡᠵᠦ᠍ ᠥᠭ᠌ᠬᠦ ᠦᠢᠯᠡᠴᠢᠯᠡᠭᠡ᠎ᠶ᠋ᠢ ᠬᠠᠩᠭᠠᠵᠤ᠂ ᠪᠤᠢᠳᠠ ᠪᠥᠭ᠌ᠯᠡᠭᠦᠤ ᠭᠠᠵᠠᠷ ᠣᠷᠣᠨ᠎ᠤ ᠡᠪᠡᠳᠴᠢᠲᠡᠨ᠎ᠳᠤ ᠡᠮ᠎ᠤᠨ ᠵᠦᠢᠯ᠎ᠢ ᠨᠠᠷᠢᠯᠢᠭ ᠣᠨᠣᠴᠠᠲᠠᠶ᠎ᠪᠠᠷ ᠲᠣᠬᠢᠷᠠᠭᠤᠯᠤᠨ ᠬᠦᠷᠭᠡᠵᠦ᠍᠂ ᠣᠯᠠᠨ ᠲᠦᠮᠡᠨ᠎ᠳᠤ ᠬᠡᠷ᠎ᠤᠨ ᠡᠭᠦᠳᠡᠨ᠎ᠳᠤ ᠨᠢ ᠨᠠᠩ ᠴᠢᠨᠠᠷ ᠰᠠᠢᠲᠠᠶ᠂ ᠨᠠᠩ ᠳᠥᠭᠦᠮ ᠳᠥᠲᠡ᠂ ᠨᠠᠩ ᠠᠵᠤ ᠠᠬᠤᠶ᠎ᠶ᠋ᠢᠨ ᠡᠮ ᠬᠡᠷᠡᠭ᠌ᠯᠡᠬᠦ᠌ ᠪᠠᠲᠤᠯᠠᠭ᠎ᠠ᠎ᠶ᠋ᠢᠨ ᠦᠢᠯᠡᠴᠢᠯᠡᠭᠡ᠎ᠶ᠋ᠢ ᠬᠦᠷᠲᠡᠭᠡᠨ᠎ᠡ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            