ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠳᠣᠮᠲᠠᠲᠤ ᠣᠯᠣᠰ᠎ᠤᠨ ᠡᠮ᠎ᠦᠨ ᠵᠤᠢ᠌ᠯ᠎ᠤᠨ ᠦᠨ᠎ᠡ ᠬᠠᠩᠰᠢ᠎ᠶᠢᠨ ᠳᠠᠩᠰᠠᠯᠠᠯᠲᠠ᠎ᠶᠢᠨ ᠱᠢᠰᠲ᠋ᠧᠮ ᠵᠢᠩᠬᠢᠨᠢ᠎ᠪᠡᠷ ᠰᠦᠯᠵᠢᠶᠡᠨ᠎ᠳᠦ ᠭᠠᠷᠪᠠ
ᠨᠡᠶ᠋ᠢᠲᠡᠯᠡᠭᠰᠡᠨ ᠴᠠᠭ᠄ 2025-12-02

  2025 ᠣᠨ᠎ᠤ 12 ᠳ᠋ᠤᠭ᠋ᠠᠷ ᠰᠠᠷ᠎ᠠ᠎ᠶ᠋ᠢᠨ 2 ᠎ᠤᠨ ᠡᠳᠦᠷ᠎ᠤᠨ ᠦᠳᠡ᠎ᠶ᠋ᠢᠨ ᠡᠮᠦᠨ᠎ᠡ᠂ ᠤᠯᠤᠰ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠲᠣᠪᠴᠢᠶ᠎ᠠ ᠬᠢᠭᠡᠳ ᠪᠡᠭᠡᠵᠢᠩ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠭᠤᠤᠯᠯᠠᠨ ᠡᠷᠭᠢᠯᠡᠵᠦ᠍᠂ ᠪᠡᠭᠡᠵᠢᠩ ᠬᠤᠲᠠ᠎ᠶ᠋ᠢᠨ ᠰᠢᠴᠧᠩ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ ᠳᠠᠭᠠᠭᠠᠴᠢᠯᠠᠨ ᠡᠷᠭᠢᠯᠡᠭ᠌ᠰᠡᠨ 《 ᠳᠤᠮᠳᠠᠳᠤ ᠤᠯᠤᠰ᠎ᠤᠨ ᠡᠮ᠎ᠤᠨ ᠵᠦᠢᠯ᠎ᠤᠨ ᠦᠨ᠎ᠡ ᠬᠠᠩᠰᠢ᠎ᠶ᠋ᠢᠨ ᠳᠡᠩᠰᠡᠯᠡᠯᠲᠡ᠎ᠶ᠋ᠢᠨ ᠱᠢᠰᠲ᠋ᠧᠮ᠎ᠤᠨ ᠨᠡᠢᠲᠡᠯᠡᠬᠦ᠌      ᠠᠵᠢᠯᠯᠠᠭ᠎ᠠ 》 ᠱᠢᠨ᠎ᠡ ᠬᠥᠳᠡᠯᠭᠡᠬᠦ᠌ ᠬᠦᠴᠦᠨ᠎ᠤ ᠮᠥᠩᠭᠦᠨ ᠭᠦᠢᠯᠭᠡᠭᠡᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠥᠪ᠎ᠲᠤ ᠦᠪᠡᠳᠡᠭ᠌ᠰᠢ ᠶᠡᠭᠡ᠎ᠪᠠᠷ ᠶᠠᠪᠤᠭ᠍ᠳᠠᠵᠤ᠂ ᠪᠡᠭᠡᠵᠢᠩ ᠬᠤᠲᠠ᠎ᠶ᠋ᠢᠨ ᠳᠠᠷᠤᠭ᠎ᠠ ᠶᠢᠨ ᠶᠦᠩ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶ᠋ᠢᠨ ᠳᠠᠷᠤᠭ᠎ᠠ ᠵᠠᠩ ᠺᠧ ᠣᠷᠣᠯᠴᠠᠵᠤ᠂ ᠪᠡᠭᠡᠵᠢᠩ ᠬᠤᠲᠠ᠎ᠶ᠋ᠢᠨ ᠳᠡᠳ᠋ ᠳᠠᠷᠤᠭ᠎ᠠ ᠴᠠᠩ᠎ᠶ᠋ᠢᠨ ᠸᠧᠶ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠤᠨ ᠲᠣᠪᠴᠢᠶ᠎ᠠ᠎ᠶ᠋ᠢᠨ ᠳᠡᠳ᠋ ᠳᠠᠷᠤᠭ᠎ᠠ ᠱ᠌ᠢ ᠽᠢ ᠬᠠᠶ ᠪᠠᠶᠠᠷ᠎ᠤᠨ ᠦᠭᠡ ᠬᠡᠯᠡᠵᠡᠶ᠃

  ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠢ᠎ᠳᠤ᠂ ᠤᠯᠤᠰ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠲᠣᠪᠴᠢᠶ᠎ᠠ  《 ᠡᠮ᠎ᠤᠨ ᠵᠦᠢᠯ᠎ᠤᠨ ᠦᠨ᠎ᠡ ᠬᠠᠩᠰᠢ᠎ᠶ᠋ᠢ ᠳᠡᠩᠰᠡᠯᠡᠨ ᠯᠠᠪᠯᠠᠬᠤ ᠦᠢᠯᠡᠴᠢᠯᠡᠭᠡ ᠥᠷᠨᠢᠭᠦᠯᠬᠦ᠌ ᠲᠤᠬᠠᠶ ᠵᠠᠷᠯᠠᠯ 》᠎ᠢ ᠵᠢᠩᠬᠢᠨᠢ᠎ᠪᠠᠷ ᠨᠡᠢᠲᠡᠯᠡᠬᠦ᠌᠎ᠶ᠋ᠢᠨ ᠬᠠᠮᠲᠤ ᠪᠡᠭᠡᠵᠢᠩ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤ᠎ᠪᠠᠷ ᠳᠤᠮᠳᠠᠳᠤ ᠤᠯᠤᠰ᠎ᠤᠨ ᠡᠮ᠎ᠤᠨ ᠵᠦᠢᠯ᠎ᠤᠨ ᠦᠨ᠎ᠡ ᠬᠠᠩᠰᠢ᠎ᠶ᠋ᠢ ᠳᠡᠩᠰᠡᠯᠡᠨ ᠲᠡᠮᠳᠡᠭ᠌ᠯᠡᠬᠦ᠌ ᠱᠢᠰᠲ᠋ᠧᠮ᠎ᠢ ᠡᠬᠢᠯᠡᠭᠦᠯᠵᠦ᠍᠂ ᠰᠢᠴᠸᠩ ᠲᠣᠭᠤᠷᠢᠭ᠎ᠤᠨ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶ᠋ᠢᠨ ᠠᠵᠤ ᠠᠬᠤᠢᠯᠠᠯ᠎ᠳᠤ ᠨᠠᠢᠳᠠᠵᠤ ᠨᠡᠢᠭᠡᠮᠴᠢᠯᠡᠭ᠌ᠰᠡᠨ ᠡᠵᠡᠩᠨᠡᠯᠲᠡ᠎ᠶ᠋ᠢᠨ ᠵᠠᠭ᠍ᠪᠤᠷ᠎ᠢ ᠬᠡᠷᠡᠭ᠌ᠯᠡᠵᠦ᠍᠂ 《 ᠨᠢᠭᠡ ᠭᠠᠵᠠᠷ᠎ᠲᠤ ᠭᠥᠯᠢᠶᠡᠨ ᠠᠪᠴᠤ᠌ ᠰᠢᠢ᠍ᠳᠪᠣᠷᠢᠯᠡᠪᠡᠯ᠂ ᠪᠥᠬᠦ᠌ ᠤᠯᠤᠰ᠎ᠲᠤ ᠬᠠᠮᠲᠤ᠎ᠪᠠᠷ ᠡᠳ᠋ᠯᠡᠵᠦ᠂ ᠪᠥᠬᠦ᠌ ᠪᠥᠮᠪᠥᠷᠴᠡᠭ᠎ᠲᠤ ᠢᠯᠡ ᠪᠣᠯᠭᠠᠬᠤ 》 ᠭᠠᠷᠲᠠᠨ ᠭᠦᠢᠴᠡᠳᠭᠡᠬᠦ᠌ ᠵᠠᠷᠴᠢᠮ ᠶᠣᠰᠣᠭᠠᠷ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ ᠎ᠪᠡᠷ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠡᠮ ᠡᠮᠨᠡᠯᠭᠡ᠎ᠶ᠋ᠢᠨ ᠠᠵᠤ ᠠᠬᠤᠢᠯᠠᠯ᠎ᠳᠤ ᠡᠮ᠎ᠤᠨ ᠵᠦᠢᠯ᠎ᠤᠨ ᠦᠨ᠎ᠡ ᠬᠠᠩᠰᠢ᠎ᠶ᠋ᠢ ᠳᠡᠩᠰᠡᠯᠡᠨ ᠯᠠᠪᠯᠠᠬᠤ ᠦᠢᠯᠡᠴᠢᠯᠡᠭᠡ ᠬᠠᠩᠭᠠᠪᠠ᠃ ᠡᠮ ᠡᠮᠨᠡᠯᠭᠡ᠎ᠶ᠋ᠢᠨ ᠠᠵᠦ᠍ ᠠᠬᠤᠢᠯᠠᠯ᠎ᠨᠢ ᠬᠦᠭ᠌ᠵᠢᠯᠳᠡ᠎ᠶ᠋ᠢᠨ ᠭᠡᠷᠡᠭ᠌ᠴᠡᠭᠡ᠎ᠪᠠᠨ ᠦᠨᠳᠣᠰᠣᠯᠡᠨ᠂ ᠡᠮ᠎ᠤᠨ ᠵᠦᠢᠯ᠎ᠤᠨ ᠦᠨ᠎ᠠ ᠬᠠᠨᠭ᠌ᠰᠢ᠎ᠶ᠋ᠢ ᠡᠵᠡᠨ ᠮᠡᠳᠡᠵᠦ᠍ ᠭᠣᠶᠣᠴᠢᠯᠠᠨ ᠮᠡᠳᠡᠬᠦᠯᠥᠨ ᠳᠡᠩᠰᠡᠯᠡᠭᠤᠯᠬᠤ᠎ᠶ᠋ᠢᠨ ᠬᠠᠮᠳᠣ᠂ ᠦᠨᠡᠨ ᠪᠤᠳᠡᠳᠣ ᠴᠢᠨᠡᠷ᠎ᠲᠤ ᠬᠠᠷᠢᠭᠤᠴᠠᠵᠦ᠍᠂ ᠡᠵᠡᠩᠨᠡᠵᠦ᠍ ᠪᠠᠢᠭ᠎ᠠ ᠨᠢᠭᠡᠴᠢ᠎ᠨᠢ ᠳᠠᠩᠰᠠᠯᠠᠵᠤ ᠭᠤᠶᠤᠴᠢᠯᠠᠨ ᠮᠡᠳᠡᠬᠦᠯᠬᠦ᠌᠎ᠶ᠋ᠢ ᠬᠦᠯᠢᠶᠡᠨ ᠠᠪᠴᠥ᠍ ᠱᠢᠢᠳᠪᠦᠷᠢᠯᠡᠨ᠂ ᠠᠵᠦ᠍ ᠠᠬᠤᠢᠯᠠᠯ᠎ᠤᠨ ᠦᠢᠯᠡᠳᠬᠦᠨ᠎ᠤ ᠪᠤᠳᠡᠳᠡᠢ ᠦᠨ᠎ᠠ ᠬᠠᠨᠭ᠌ᠰᠢ᠎ᠶ᠋ᠢᠨ ᠬᠢᠷᠢ ᠭᠡᠮᠵᠢᠶ᠎ᠠ᠎ᠳᠤ ᠭᠠᠷ ᠳᠦᠷᠦᠬᠦ᠌ ᠦᠭᠡᠢ᠃ ᠳᠠᠩᠰᠠᠯᠠᠭᠤᠯᠤᠭ᠍ᠰᠠᠨ ᠦᠨ᠎ᠡ ᠬᠠᠩᠰᠢ ᠨᠢ ᠠᠵᠤ ᠠᠬᠤᠢᠯᠠᠯ ᠪᠣᠯᠤᠨ ᠪᠦᠬᠦ᠌ ᠪᠥᠮᠪᠥᠷᠴᠡᠭ᠎ᠲᠦ ᠬᠠᠨᠳᠤᠭᠤᠯᠤᠭ᠍ᠰᠠᠨ ᠪᠠᠢᠴᠠᠭᠠᠨ ᠯᠠᠪᠯᠠᠯᠭ᠎ᠠ᠂ ᠡᠮ᠎ᠦᠨ ᠵᠦᠢᠯ᠎ᠢ ᠵᠠᠬ᠎ᠠ ᠳᠡᠯᠭᠡᠭᠦᠷ᠎ᠲᠦ ᠭᠠᠷᠭᠠᠬᠤ ᠵᠥᠪᠱᠢᠶᠡᠷᠡᠯ᠎ᠦᠨ ᠡᠵᠡᠮᠱᠢᠭ᠌ᠴᠢ ᠨᠢ ᠳᠠᠩᠰᠠᠯᠠᠭᠤᠯᠤᠭ᠍ᠰᠠᠨ ᠦᠨ᠎ᠡ ᠬᠠᠩᠰᠢ᠎ᠶ᠋ᠢᠨ ᠣᠯᠠᠨ ᠲᠥᠷᠥᠯ᠎ᠦᠨ ᠪᠠᠢᠴᠠᠭᠠᠨ ᠯᠠᠪᠯᠠᠬᠤ ᠭᠡᠷᠡᠴᠢ ᠪᠠᠷᠢᠮᠲᠠ ᠣᠯᠵᠤ᠂ ᠡᠮ᠎ᠦᠨ ᠵᠦᠢᠯ᠎ᠦᠨ ᠦᠨ᠎ᠡ ᠬᠠᠩᠰᠢ᠎ᠶ᠋ᠢ ᠳᠠᠩᠰᠠᠯᠠᠬᠤ ᠬᠦᠴᠦᠨ ᠪᠦᠬᠦᠢ ᠭᠡᠷᠡᠴᠢ ᠪᠣᠯᠭᠠᠵᠤ ᠪᠣᠯᠤᠨ᠎ᠠ᠃ ᠳᠤᠮᠳᠠᠳᠤ ᠤᠯᠤᠰ᠎ᠤᠨ ᠡᠮ ᠡᠮᠨᠡᠯᠭᠡ᠂ ᠲᠦᠩ ᠷᠧᠨ ᠲᠠᠩ᠂ ᠪᠠᠢ ᠵᠶ᠋ᠢ ᠱᠧᠨ ᠵᠧᠦ᠂ ᠺᠠᠩ ᠹᠠᠩ ᠠᠮᠢᠳᠤ ᠪᠣᠳᠠᠰ᠂ ᠢ ᠹᠠᠨ ᠡᠮ ᠡᠮᠨᠡᠯᠭᠡ᠂ ᠯᠦᠸᠧ ᠣᠪᠣᠭ᠍ᠲᠤ᠎ᠶ᠋ᠢᠨ ᠡᠮ ᠦᠢᠯᠡᠳᠬᠦ᠂  ᠶᠤᠤ ᠮᠢᠩ ᠵᠢᠤᠢ ᠨᠦᠸᠸ᠂ ᠨᠠᠨᠵᠢᠩ᠎ᠤᠨ ᠰᠢᠶᠦ᠋ᠨ ᠯᠦ᠍᠂ ᠾᠧᠩ ᠷᠦᠢ ᠡᠮ ᠡᠮᠨᠡᠯᠭᠡ ᠵᠡᠷᠭᠡ ᠶᠢᠰᠦᠨ ᠨᠡᠷᠡᠲᠦ ᠡᠮ ᠡᠮᠨᠡᠯᠭᠡ᠎ᠶ᠋ᠢᠨ ᠠᠵᠤ ᠠᠬᠤᠢᠯᠠᠯ ᠲᠤᠬᠠᠶ᠎ᠶ᠋ᠢᠨ ᠲᠠᠯᠠᠪᠠᠢ᠎ᠳᠤ ᠡᠮ᠎ᠤᠨ ᠵᠦᠢ᠍ᠯ᠎ᠦᠨ ᠦᠨ᠎ᠡ ᠬᠠᠩᠰᠢ᠎ᠶ᠋ᠢᠨ ᠲᠦᠷᠦᠭᠦᠤ ᠪᠦᠯᠦᠭ᠎ᠤᠨ ᠳᠡᠩᠰᠡᠯᠡᠯᠲᠡ ᠬᠢᠪᠡ᠃

  ᠡᠮ ᠡᠮᠨᠡᠯᠭᠡ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌᠎ᠨᠢ ᠠᠷᠠᠳ ᠤᠯᠠᠨ᠎ᠤ ᠡᠷᠡᠭᠦᠯ ᠮᠡᠨᠳᠤ ᠠᠵᠠ ᠵᠢᠷᠭ᠋ᠠᠯ᠎ᠳᠤ ᠬᠤᠯᠪᠣᠭ᠍ᠳᠠᠵᠤ᠂ ᠤᠯᠤᠰ᠎ᠤᠨ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠢᠯᠡᠰ᠎ᠤᠨ ᠦᠷᠭᠦᠯᠵᠢᠯᠡᠨ ᠬᠥᠭ᠌ᠵᠢᠬᠦ᠌᠎ᠲᠠᠢ ᠬᠤᠯᠪᠣᠭ᠍ᠳᠠᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠡᠴᠡ ᠡᠷᠡᠭᠦᠯ ᠡᠩᠬᠡ ᠳᠤᠮᠳᠠᠳᠤ ᠤᠯᠤᠰ᠎ᠢ ᠲᠦᠷᠭᠡᠳᠭᠡᠨ ᠪᠠᠢᠭᠤᠯᠵᠤ᠂ ᠡᠮ᠎ᠦᠨ ᠰᠢᠨ᠎ᠡ᠎ᠶᠢ ᠡᠭᠦᠳᠬᠦ ᠪᠠ ᠡᠮᠴᠢᠯᠡᠭᠡᠨ᠎ᠦ ᠪᠠᠭᠠᠵᠢ ᠵᠡᠪᠰᠡᠭ᠎ᠦᠨ ᠬᠦᠭᠵᠢᠯᠲᠡ᠎ᠶᠢ ᠳᠡᠮᠵᠢᠵᠦ᠍᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠦᠷᠢᠶᠡᠨ᠎ᠦ ᠬᠠᠮᠲᠤᠷᠠᠯᠴᠠᠭᠠᠨ᠎ᠤ  ᠰᠢᠨ᠎ᠡ ᠣᠷᠣᠨ ᠵᠠᠢ᠎ᠶᠢ ᠥᠷᠭᠡᠳᠭᠡᠬᠦ᠌ ᠬᠡᠷᠡᠭᠲᠡᠢ ᠭᠡᠵᠦ ᠳᠣᠷᠠᠳᠣᠨ ᠭᠠᠷᠭ᠋ᠠᠪᠠ᠃ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠤᠪᠴᠢᠶ᠎ᠠ ᠡᠮ ᠡᠮᠨᠡᠯᠭᠡ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠲᠤᠭ ᠲᠡᠮᠳᠡᠭ ᠲᠣᠳᠣᠷᠬᠠᠢ᠎ᠪᠠᠷ ᠳᠡᠮᠵᠢᠵᠦ᠍᠂ ᠱᠢᠨ᠎ᠡ᠎ᠶ᠋ᠢ ᠡᠭᠦᠳᠬᠦ ᠡᠮ᠎ᠤᠨ ᠪᠦᠬᠦ᠌ ᠳᠡᠯᠡᠬᠡᠢ᠎ᠶ᠋ᠢᠨ ᠵᠠᠬ᠎ᠠ ᠳᠡᠯᠭᠡᠭᠦᠷ᠎ᠤᠨ ᠬᠥᠭ᠌ᠵᠢᠯᠲᠡ᠎ᠶ᠋ᠢ ᠠᠬᠢᠭᠣᠯᠪᠠ᠃ ᠡᠮ᠎ᠤᠨ ᠰᠢᠨ᠎ᠡ᠎ᠶᠢ ᠡᠭᠦᠳᠬᠦ ᠳᠡᠯᠡᠬᠡᠢᠵᠢᠭ᠌ᠰᠡᠨ ᠬᠥᠭ᠌ᠵᠢᠯᠲᠡ ᠳᠤᠮᠳᠠ᠂ ᠳᠤᠮᠳᠠᠳᠤ ᠤᠯᠤᠰ᠎ᠤᠨ ᠬᠡᠲᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠪᠥᠬᠦ᠌ ᠪᠥᠮᠪᠥᠷᠴᠡᠭ᠎ᠤᠨ ᠡᠮ ᠡᠮᠨᠡᠯᠭᠡ᠎ᠶ᠋ᠢᠨ ᠪᠠᠢᠷᠢᠱᠢᠯ ᠳᠤᠮᠳᠠᠬᠢ ᠴᠢᠬᠤᠯᠠ ᠴᠢᠨᠠᠷ ᠲᠠᠰᠤᠷᠠᠯᠲᠠ ᠥᠬᠡᠶ ᠳᠡᠭᠡᠭ᠌ᠰᠢᠯᠡᠵᠦ᠍᠂ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠤᠨ ᠦᠵᠦᠭᠦᠷᠯᠢᠭ ᠦᠨ᠎ᠡ ᠬᠠᠩᠰᠢ᠎ᠶ᠋ᠢᠨ ᠯᠠᠪᠯᠠᠯᠲᠠ᠎ᠶ᠋ᠢᠨ ᠥᠷᠲᠡᠭ ᠡᠳᠦᠷ ᠢᠷᠡᠬᠦᠶ᠎ᠡ ᠲᠣᠪᠤᠢᠮ᠎ᠠ ᠪᠣᠯᠵᠣ᠂ ᠡᠮ ᠡᠮᠨᠡᠯᠭᠡ᠎ᠶ᠋ᠢᠨ ᠦᠨ᠎ᠡ ᠬᠠᠩᠰᠢ᠎ᠶ᠋ᠢᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌᠎ᠳᠤ ᠪᠠᠰᠠ ᠨᠠᠩ ᠥᠨᠳᠥᠷ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃

  ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠣᠯᠠᠨ ᠤᠯᠤᠰ᠎ᠤᠨ ᠬᠢᠳᠡᠯ᠎ᠢᠶᠠᠷ ᠲᠣᠯᠢ ᠪᠣᠯᠭᠠᠵᠤ᠂ ᠳᠤᠮᠳᠠᠳᠤ ᠤᠯᠤᠰ᠎ᠤᠨ ᠡᠮ᠎ᠤᠨ ᠵᠦᠢᠯ᠎ᠤᠨ ᠦᠨ᠎ᠡ ᠬᠠᠩᠰᠢ᠎ᠶ᠋ᠢᠨ ᠳᠡᠩᠰᠡᠯᠡᠯᠲᠡ᠎ᠶ᠋ᠢᠨ ᠱᠢᠰᠲ᠋ᠧᠮ ( ᠳᠣᠷᠣᠭ᠍ᠰᠢ 《 ᠳᠤᠮᠳᠠᠳᠤ ᠤᠯᠤᠰ᠎ᠤᠨ ᠡᠮ ᠳᠠᠩᠰᠠᠯᠠᠯᠲᠠ 》chinamedreg.com.cn ᠭᠡᠵᠦ᠍  ᠲᠣᠪᠴᠢᠯᠠᠪᠠ )᠎ᠢ ᠡᠭᠦᠰᠭᠡᠨ ᠪᠠᠢᠭᠤᠯᠬᠤ᠎ᠨᠢ ᠡᠮ ᠡᠮᠨᠡᠯᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠠᠯᠤᠰ ᠬᠡᠲᠦ᠍᠎ᠶ᠋ᠢᠨ ᠨᠥᠯᠥᠭᠡ ᠪᠠ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠳᠤᠮᠳᠠᠳᠤ ᠤᠯᠤᠰ᠎ᠤᠨ ᠡᠮ᠎ᠤᠨ ᠵᠦᠢᠯ᠎ᠤᠨ ᠳᠠᠩᠰᠠᠯᠠᠯᠲᠠ᠎ᠨᠢ ᠡᠯ᠎ᠡ ᠮᠤᠵᠢ᠎ᠶ᠋ᠢᠨ ᠱᠠᠲᠤᠨ᠎ᠤ ᠡᠮ ᠡᠮᠨᠡᠯᠭᠡ᠎ᠶ᠋ᠢᠨ ᠬᠤᠳᠠᠯᠳᠤᠨ ᠠᠪᠬᠤ ᠲᠠᠪᠴᠠᠩ᠎ᠳᠤ ᠪᠡᠶ᠎ᠡ᠎ᠪᠠᠨ ᠳᠠᠭᠠᠭᠠᠭ᠍ᠰᠠᠨ ᠪᠠᠢᠵᠤ᠂ ᠠᠵᠤ ᠠᠬᠤᠢᠯᠠᠯ᠎ᠤᠨ ᠨᠡᠩ ᠪᠦᠬᠦ᠌ ᠲᠠᠯ᠎ᠠ᠎ᠶ᠋ᠢᠨ ᠳᠡᠯᠡᠬᠡᠢᠵᠢᠭ᠌ᠰᠡᠨ ᠡᠮ᠎ᠤᠨ ᠵᠦᠢᠯ᠎ᠤᠨ ᠦᠨ᠎ᠡ ᠬᠠᠩᠰᠢ᠎ᠶ᠋ᠢᠨ ᠲᠣᠭᠲᠠᠯᠴᠠᠭ᠎ᠠ᠎ᠶᠢ ᠪᠠᠢᠭᠤᠯᠬᠤ᠎ᠳᠤ ᠠᠱᠢᠭ᠍ᠲᠠᠢ ᠪᠥᠭᠡᠳ ᠡᠮ᠎ᠤᠨ ᠵᠦᠢᠯ᠎ᠤᠨ ᠦᠨ᠎ᠡ ᠬᠠᠩᠰᠢ᠎ᠶ᠋ᠢᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠳᠤ ᠴᠤ᠌ ᠠᠱᠢᠭ᠍ᠲᠠᠢ ᠶᠤᠮ᠃ ᠳᠠᠩᠰᠠᠯᠠᠭᠤᠯᠬᠤ ᠦᠨ᠎ᠡ ᠬᠠᠩᠰᠢ ᠨᠢ ᠳᠠᠭᠠᠳᠭᠠᠯ᠎ᠳᠤ ᠣᠷᠣᠯᠴᠠᠬᠤ ᠪᠠ ᠳᠠᠭᠠᠳᠭᠠᠯ᠎ᠳᠤ ᠣᠷᠣᠯᠴᠠᠬᠤ ᠪᠤᠰᠤ ᠣᠯᠠᠨ ᠲᠦᠮᠡᠨ᠎ᠦ ᠡᠮ ᠬᠡᠷᠡᠭ᠌ᠯᠡᠬᠦ᠌ ᠦᠨ᠎ᠡ ᠬᠠᠩᠰᠢ᠎ᠶ᠋ᠢᠨ ᠬᠢᠷᠢ ᠬᠡᠮᠵᠢᠶ᠎ᠡ᠎ᠶ᠋ᠢ ᠬᠤᠪᠢᠷᠠᠭᠤᠯᠬᠤ ᠦᠭᠡᠶ᠃ ᠳᠤᠮᠳᠠᠳᠤ ᠤᠯᠤᠰ᠎ᠤᠨ ᠡᠮ᠎ᠤᠨ ᠵᠤᠢ᠌ᠯ᠎ᠤᠨ ᠳᠠᠩᠰᠠᠯᠠᠯᠲᠠ ᠪᠣᠯ ᠡᠮ ᠡᠮᠨᠡᠯᠭᠡ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠳᠤ ᠵᠣᠬᠢᠴᠠᠬᠤ ᠴᠣ ᠱᠢᠨ᠎ᠡ ᠰᠦᠪᠡᠭ᠌ᠴᠢᠯᠡᠯᠲᠡ ᠮᠥᠨ᠂ ᠠᠵᠤ ᠠᠬᠤᠢᠯᠠᠯ᠎ᠤᠨ ᠳᠡᠯᠡᠬᠡᠢᠴᠢᠯᠡᠭ᠌ᠰᠡᠨ ᠣᠯᠠᠨ ᠡᠱᠢᠵᠢᠭ᠌ᠰᠡᠨ ᠡᠮ᠎ᠤᠨ ᠵᠦᠢᠯ᠎ᠤᠨ ᠦᠨ᠎ᠡ ᠬᠠᠩᠰᠢ᠎ᠶ᠋ᠢᠨ ᠲᠣᠭᠲᠠᠯᠴᠠᠭ᠎ᠠ᠎ᠶᠢ ᠪᠠᠢᠭᠤᠯᠬᠤ ᠳᠡᠯᠭᠡᠨ ᠦᠵᠡᠭᠦᠯᠬᠦ᠌ ᠲᠠᠪᠴᠠᠩ ᠮᠥᠨ᠂ ᠠᠵᠤ ᠠᠬᠤᠢᠯᠠᠯ᠎ᠳᠤ ᠬᠠᠨᠳᠤᠭᠤᠯᠵᠤ ᠪᠥᠬᠦ᠌ ᠪᠥᠮᠪᠥᠷᠴᠡᠭ᠎ᠲᠤ ᠬᠠᠨᠳᠤᠭᠤᠯᠤᠭ᠍ᠰᠠᠨ ᠡᠷᠬᠡ ᠰᠦᠷ᠎ᠲᠠᠢ᠂ ᠵᠢᠷᠤᠮᠵᠢᠭ᠍ᠰᠠᠨ᠂ ᠢᠯᠡ ᠲᠣᠳᠣ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠶ᠋ᠢᠨ ᠳᠡᠩᠰᠡᠯᠡᠨ ᠯᠠᠪᠯᠠᠬᠤ ᠦᠢᠯᠡᠴᠢᠯᠡᠭᠡ ᠬᠠᠩᠭᠠᠬᠤ᠎ᠠᠴᠠ ᠪᠣᠳᠣᠯᠬᠢᠯᠠᠨ᠂ ᠳᠤᠮᠳᠠᠳᠤ ᠤᠯᠤᠰ᠎ᠤᠨ ᠱᠢᠨ᠎ᠡ᠎ᠶ᠋ᠢ ᠡᠭᠦᠳᠬᠦ ᠡᠮ᠎ᠤᠨ 《 ᠭᠠᠳᠠᠭ᠍ᠰᠢ ᠭᠠᠷᠬᠤ 》 ᠎ᠳᠤ ᠠᠱᠢᠭ᠍ᠲᠠᠶ ᠮᠥᠷᠲᠡᠭᠡᠨ ᠪᠠᠰᠠ ᠨᠠᠩ ᠣᠯᠠᠨ ᠤᠯᠤᠰ᠎ᠤᠨ ᠭᠠᠳᠠᠭᠠᠳᠤ᠎ᠶ᠋ᠢᠨ ᠴᠢᠨᠠᠷ ᠰᠠᠢᠲᠠᠶ ᠱᠢᠨ᠎ᠡ ᠡᠮ᠎ᠢ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠤ ᠣᠷᠣᠭᠤᠯᠵᠤ᠂ ᠳᠤᠮᠳᠠᠳᠤ ᠤᠯᠤᠰ᠎ᠤᠨ ᠡᠪᠡᠳᠴᠢᠲᠡᠨ᠎ᠳᠤ ᠠᠱᠢᠭ ᠬᠦᠷᠲᠡᠭᠡᠵᠦ᠍᠂ ᠱᠢᠨ᠎ᠡ᠎ᠶ᠋ᠢ ᠡᠭᠦᠳᠬᠦ᠌ ᠡᠮ᠎ᠤᠨ ᠪᠥᠬᠦ᠌ ᠳᠡᠯᠡᠬᠡᠶ᠎ᠶ᠋ᠢᠨ ᠵᠠᠬ᠎ᠠ ᠳᠡᠯᠭᠡᠭᠦᠷ᠎ᠤᠨ ᠬᠥᠭ᠌ᠵᠢᠯᠲᠡ᠎ᠶ᠋ᠢ ᠠᠬᠢᠭᠤᠯᠬᠤ᠎ᠳᠤ ᠠᠱᠢᠭ᠍ᠲᠠᠶ ᠶᠤᠮ᠃

  ᠤᠯᠤᠰ᠎ᠤᠨ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ᠎ᠶ᠋ᠢᠨ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠲᠢᠶᠠᠨᠵᠢᠨ ᠾᠧᠪᠸᠢ᠎ᠶ᠋ᠢᠨ ᠡᠮᠴᠢᠯᠡᠭᠡᠨ᠎ᠦ ᠪᠠᠲᠣᠯᠠᠭ᠎ᠠ᠎ᠶᠢᠨ ᠲᠣᠪᠴᠢᠶ᠎ᠠ᠎ᠶ᠋ᠢᠨ ᠬᠠᠷᠢᠭᠤᠴᠠᠯᠭᠠᠲᠠᠨ᠂ ᠰᠢᠴᠸᠩ ᠲᠣᠭᠤᠷᠢᠭ᠎ᠤᠨ ᠨᠠᠮ᠎ᠤᠨ ᠬᠤᠷᠢᠶ᠎ᠠ᠎ᠶ᠋ᠢᠨ ᠵᠠᠰᠠᠭ᠎ᠤᠨ ᠣᠷᠳᠣᠨ᠎ᠤ ᠭᠤᠣᠯ ᠬᠠᠷᠢᠭᠤᠴᠠᠯᠭᠠᠲᠠᠨ᠂ ᠡᠮ ᠡᠮᠨᠡᠯᠭᠡ᠎ᠶ᠋ᠢᠨ ᠨᠡᠢᠭᠡᠮᠯᠢᠭ᠂ ᠠᠵᠤ ᠠᠬᠤᠢᠯᠠᠯ᠂ ᠲᠤᠰᠭᠠᠢ ᠮᠡᠷᠭᠡᠵᠢᠯᠲᠡᠨ᠎ᠤ ᠲᠥᠯᠥᠭᠡᠯᠡᠭ᠌ᠴᠢ ᠵᠢᠴᠢ ᠪᠡᠯᠡ ᠣᠷᠣᠭᠤᠯᠤᠯᠲᠠ᠎ᠶ᠋ᠢᠨ ᠪᠠᠢᠭᠤᠯᠤᠮᠵᠢ᠂ ᠡᠮᠴᠢᠯᠡᠭᠡᠨ᠎ᠤ ᠳ᠋ᠠᠢ᠌ᠲ᠋ᠠ᠎ᠶ᠋ᠢᠨ ᠪᠠᠢᠭᠤᠯᠤᠮᠵᠢ᠎ᠶ᠋ᠢᠨ ᠲᠥᠯᠥᠭᠡᠯᠡᠭ᠌ᠴᠢ ᠨᠠᠷ ᠨᠡᠢᠲᠡᠯᠡᠬᠦ᠌ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            