ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠮᠠᠨ᠎ᠤ ᠤᠯᠤᠰ᠎ᠤᠨ ᠠᠩᠬᠠᠳᠠᠭ᠍ᠴᠢ ᠵᠠᠰᠠᠭ᠎ᠤᠨ ᠣᠷᠳᠣᠨ᠎ᠤ ᠵᠢᠯᠣᠭᠤᠳᠭᠤ ᠦᠨ᠎ᠡ᠎ᠶ᠋ᠢᠨ ᠲᠠᠷᠢᠬᠢᠨ ᠮᠠᠱᠢᠨ᠎ᠤ ᠵᠠᠯᠭ᠋ᠠᠭ᠋ᠠᠳᠠᠰᠤ᠎ᠶ᠋ᠢᠨ ᠮᠡᠰᠡ ᠵᠠᠰᠠᠯ᠎ᠢ ᠦᠬᠠᠨ᠎ᠳᠤ ᠬᠡᠷᠡᠭᠵᠢᠭᠦᠯᠪᠡ
ᠨᠡᠶ᠋ᠢᠲᠡᠯᠡᠭᠰᠡᠨ ᠴᠠᠭ᠄ 2025-12-05

 

 

ᠲᠦᠩ ᠵᠶ᠋ᠢ ᠡᠮᠨᠡᠯᠭᠡ᠎ᠶᠢᠨ ᠬᠣᠷᠢᠶᠠᠨ᠎ᠤ᠋ ᠪᠦᠯᠬᠦᠮ ᠮᠡᠰᠡ ᠵᠠᠰᠠᠯ ᠬᠢᠬᠦ᠌᠎ᠡᠴᠡ ᠡᠮᠦᠨ᠎ᠡ ᠨᠠᠷᠢᠯᠢᠭ ᠣᠨᠣᠪᠴᠢᠲᠠᠢ ᠪᠠᠢᠷᠢ ᠲᠣᠭ᠍ᠲᠠᠭᠠᠬᠤ ᠪᠠ ᠮᠡᠰᠡ ᠵᠠᠰᠠᠯ ᠬᠢᠬᠦ᠌ ᠲᠥᠰᠦᠯ᠎ᠢ᠋ ᠲᠣᠭ᠍ᠲᠠᠭᠠᠪᠠ᠃  ( ᠬᠤᠪᠧᠢ᠎ᠶ᠋ᠢᠨ ᠡᠳᠦᠷ᠎ᠤᠨ ᠰᠣᠨᠢᠨ᠎ᠤ ᠮᠡᠳᠡᠭᠡᠯᠡᠭᠴᠢ   ᠴᠢ ᠵᠢᠶᠠᠨ ᠳ᠋ᠦᠩ ᠰᠡᠭᠦᠳᠡᠷᠯᠡᠪᠡ )

 

  ᠬᠤᠪᠧᠢ ᠮᠣᠵᠢ᠎ᠶᠢᠨ ᠡᠳᠦᠷ᠎ᠦ᠋ᠨ ᠰᠣᠨᠢᠨ᠎ᠤ᠋ ᠮᠡᠳᠡᠭᠡ ( ᠰᠤᠷᠪᠤᠯᠵᠢᠯᠠᠭ᠍ᠴᠢ ᠯᠦᠩ ᠬᠤᠸᠠ᠂ ᠮᠡᠳᠡᠭᠡᠯᠡᠭᠴᠢ ᠲᠦᠩ ᠰᠢᠤᠸᠠᠨ ) 11 ᠳ᠋ᠤᠭᠡᠷ ᠰᠠᠷ᠎ᠠ᠎ᠶᠢᠨ 26 ᠎ᠤ᠋ ᠡᠳᠦᠷ᠂ ᠬᠤᠸᠠ ᠵᠦᠩ ᠰᠢᠨᠵᠢᠯᠡᠬᠦ ᠤᠬᠠᠭᠠᠨ ᠮᠡᠷᠭᠡᠵᠢᠯ᠎ᠦ᠋ᠨ ᠶᠡᠬᠡ ᠰᠤᠷᠭᠠᠭᠤᠯᠢ᠎ᠶᠢᠨ ᠲᠦᠩ ᠵᠶ᠋ᠢ ᠡᠮᠨᠡᠯᠭᠡ᠎ᠶᠢᠨ ᠳᠡᠭᠡᠳᠦ ᠰᠤᠷᠭᠠᠭᠤᠯᠢ᠎ᠶᠢᠨ ᠬᠠᠷᠢᠶᠠᠲᠤ ᠲᠦᠩ ᠵᠶ᠋ᠢ ᠡᠮᠨᠡᠯᠭᠡ᠎ᠶᠢᠨ ᠬᠣᠷᠢᠶ᠎ᠠ᠎ᠳ᠋ᠤ᠂ 31 ᠨᠠᠰᠤᠲᠠᠢ ᠨᠤᠭᠤᠰᠤ ᠭᠡᠮᠲᠦᠭ᠌ᠰᠡᠨ ᠡᠪᠡᠳᠴᠢᠲᠡᠨ ᠰᠢᠶᠤᠤ ᠯᠢᠦ ( ᠨᠢᠭᠤᠴᠠᠯᠠᠭᠰᠠᠨ ᠨᠡᠷ᠎ᠡ ) ᠮᠡᠰᠡ ᠵᠠᠰᠠᠯ ᠬᠢᠬᠦ᠌᠎ᠪᠡᠷ ᠳᠠᠮᠵᠢᠨ ᠲᠦᠷᠢᠮᠡᠯ ᠮᠠᠶᠢᠭ᠎ᠤᠨ ᠲᠠᠷᠢᠬᠢᠨ ᠮᠠᠰᠢᠨ᠎ᠤ᠋ ᠵᠠᠯᠭ᠋ᠠᠭ᠋ᠠᠳᠠᠰᠤ᠎ᠶᠢᠨ ᠲᠥᠬᠥᠭᠡᠷᠦᠮᠵᠢ᠎ᠶᠢ ᠲᠠᠷᠢᠵᠤ ᠣᠷᠣᠭᠤᠯᠵᠠᠢ᠂ ᠡᠨᠡ ᠪᠣᠯ ᠮᠠᠨ᠎ᠤ᠋ ᠤᠯᠤᠰ᠎ᠤ᠋ᠨ ᠠᠩᠬᠠᠳᠠᠭ᠍ᠴᠢ ᠵᠠᠰᠠᠭ᠎ᠤ᠋ᠨ ᠣᠷᠳᠣᠨ᠎ᠠ᠋ᠴᠠ ᠬᠢᠨᠠᠨ ᠲᠣᠭ᠍ᠲᠠᠭᠠᠭ᠍ᠰᠠᠨ ᠡᠮᠴᠢᠯᠡᠭᠡᠨ᠎ᠦ᠌ ᠦᠢᠯᠡᠴᠢᠯᠡᠭᠡᠨ᠎ᠦ᠌ ᠦᠨ᠎ᠡ᠎ᠶᠢᠨ ᠲᠥᠷᠥᠯ ᠵᠦᠢᠯ᠎ᠢᠶᠠᠷ ᠯᠠᠪᠯᠠᠯᠲᠠ ᠪᠣᠯᠭᠠᠵᠤ ᠬᠡᠷᠡᠭ᠌ᠵᠢᠭᠦᠯᠦᠭ᠌ᠰᠡᠨ ᠲᠠᠷᠢᠬᠢᠨ ᠮᠠᠰᠢᠨ᠎ᠤ᠋ ᠵᠠᠯᠭ᠋ᠠᠭ᠋ᠠᠳᠠᠰᠤ᠎ᠶᠢᠨ ᠡᠮᠴᠢᠯᠡᠭᠡᠨ᠎ᠦ᠌ ᠠᠵᠢᠯᠯᠠᠭ᠎ᠠ ᠪᠣᠯᠤᠨ᠎ᠠ᠃

  ᠭᠤᠷᠪᠠᠨ ᠵᠢᠯ᠎ᠦ᠋ᠨ ᠡᠮᠦᠨ᠎ᠡ᠂ ᠰᠢᠶᠤᠤ ᠯᠢᠦ ᠰᠠᠨᠠᠭᠠᠨ᠎ᠠ᠋ᠴᠠ ᠭᠠᠳᠠᠭᠤᠷ ᠥᠨᠳᠥᠷ ᠪᠠᠢ᠌ᠷᠢᠲᠤ ᠳᠣᠣᠷ᠎ᠠ ᠪᠡᠶ᠎ᠡ᠎ᠶᠢᠨ ᠰᠠ ᠡᠪᠡᠳᠴᠢᠨ ᠣᠯᠵᠤ᠂ ᠲᠠᠷᠢᠬᠢᠨ ᠮᠠᠰᠢᠨ᠎ᠤ᠋ ᠵᠠᠯᠭ᠋ᠠᠭ᠋ᠠᠳᠠᠰᠤ ᠮᠡᠷᠭᠡᠵᠢᠯ᠎ᠦ᠋ᠨ ᠡᠭᠦᠰᠦᠯ ᠨᠢ ᠲᠡᠭᠦᠨ᠎ᠦ ᠬᠦᠰᠡᠯ ᠡᠷᠡᠮᠡᠯᠵᠡᠯ᠎ᠢ᠋ ᠳᠠᠬᠢᠨ ᠨᠣᠴᠣᠭᠠᠭ᠍ᠰᠠᠨ ᠪᠠᠢᠨ᠎ᠠ᠃ ᠪᠠᠢᠳᠠᠯ᠎ᠢ ᠭᠦᠢᠴᠡᠳ ᠣᠢᠯᠠᠭᠠᠭ᠍ᠰᠠᠨ ᠤᠷᠢᠲᠠᠯ ᠳᠣᠤᠷ᠎ᠠ᠂ ᠱᠢᠶᠤᠤ ᠯᠢᠦ ᠵᠢᠴᠢ ᠭᠡᠷ ᠪᠦᠯᠢ᠎ᠶ᠋ᠢᠨ᠎ᠬᠢᠨ ᠲᠦᠩ ᠵᠢᠶ ᠡᠮᠨᠡᠯᠭᠡ᠎ᠶ᠋ᠢᠨ ᠬᠤᠷᠢᠶᠠᠨ᠎ᠳᠤ ᠮᠡᠰᠡ ᠵᠠᠰᠠᠯ ᠬᠢᠵᠦ ᠡᠮᠨᠡᠭᠦᠯᠬᠦ᠎ᠶ᠋ᠢ ᠰᠣᠩᠭᠤᠪᠠ᠃ ᠲᠦᠩ ᠵᠶ᠋ᠢ ᠡᠮᠨᠡᠯᠭᠡ᠎ᠶᠢᠨ ᠬᠣᠷᠢᠶᠠᠨ᠎ᠤ᠋ ᠨᠠᠮ᠎ᠤ᠋ᠨ ᠬᠣᠷᠢᠶᠠᠨ᠎ᠤ᠋ ᠱᠦᠵᠢ᠂ ᠮᠡᠳᠡᠷᠡᠯ᠎ᠦ᠋ᠨ ᠳᠣᠲᠣᠷ ᠰᠠᠯᠠᠭᠠᠨ᠎ᠤ᠋ ᠫᠷᠣᠹᠧᠰᠰᠣᠷ ᠳᠠᠩ ᠵᠧᠦ ᠫᠢᠩ ᠮᠡᠰᠡ ᠵᠠᠰᠠᠯ ᠬᠢᠬᠦ᠎ᠡᠴᠡ ᠡᠮᠦᠨ᠎ᠡ ᠣᠨᠣᠪᠴᠢᠲᠠᠢ ᠣᠷᠣᠨ ᠪᠠᠢᠷᠢ ᠲᠣᠭ᠍ᠲᠠᠭᠠᠬᠤ ᠪᠠ ᠮᠡᠰᠡ ᠵᠠᠰᠠᠯ᠎ᠤ᠋ᠨ ᠲᠥᠰᠦᠯ᠎ᠢ᠋ ᠲᠣᠭ᠍ᠲᠠᠭᠠᠭᠰᠠᠨ᠎ᠤ᠋᠎ᠪᠠᠨ ᠳᠠᠷᠠᠭ᠎ᠠ᠂ ᠮᠡᠳᠡᠷᠡᠯ᠎ᠦ᠋ᠨ ᠭᠠᠳᠠᠷ ᠰᠠᠯᠠᠭᠠᠨ᠎ᠤ᠋ ᠱᠤ᠌ ᠺᠠᠢ ᠫᠷᠣᠹᠧᠰᠰᠣᠷ᠎ᠤ᠋ᠨ ᠪᠦᠯᠬᠦᠮ ᠲᠡᠭᠦᠨ᠎ᠳ᠋ᠦ᠍ ᠲᠠᠷᠢᠬᠤ ᠮᠠᠶᠢᠭ᠎ᠤ᠋ᠨ ᠲᠠᠷᠢᠬᠢᠨ ᠮᠠᠰᠢᠨ᠎ᠤ᠋ ᠵᠠᠯᠭ᠋ᠠᠭ᠋ᠠᠳᠠᠰᠤ᠎ᠶᠢᠨ ᠮᠡᠰᠡ ᠵᠠᠰᠠᠯ ᠬᠢᠵᠦ᠍ ᠥᠭ᠌ᠴᠡᠢ᠂ ᠲᠤᠰ ᠤᠳᠠᠭᠠᠨ᠎ᠤ᠋ ᠮᠡᠰᠡ ᠵᠠᠰᠠᠯ᠎ᠢ᠋ ᠦᠬᠠᠨ᠎ᠤ᠋ ᠵᠦᠩ ᠬᠤᠸᠠ ᠲᠠᠷᠢᠬᠢᠨ᠎ᠤ ᠮᠠᠰᠢᠨ᠎ᠤ᠋ ᠦᠢᠯᠡᠳᠪᠦᠷᠢᠯᠡᠭ᠌ᠰᠡᠨ ᠲᠠᠷᠢᠬᠤ ᠮᠠᠶᠢᠭ᠎ᠤᠨ ᠲᠠᠷᠢᠬᠢᠨ ᠮᠠᠰᠢᠨ᠎ᠤ᠋ ᠵᠠᠯᠭ᠋ᠠᠭ᠋ᠠᠳᠠᠰᠤ᠎ᠶᠢᠨ ᠲᠥᠬᠥᠭᠡᠷᠦᠮᠵᠢ ᠪᠠᠢᠵᠤ᠂ ᠲᠡᠷᠡ ᠨᠢ 64 ᠨᠡᠪᠲᠡᠷᠡᠬᠦ᠌ ᠵᠠᠮ᠎ᠤ᠋ᠨ ᠥᠨᠳᠥᠷ ᠨᠡᠪᠲᠡᠷᠡᠬᠦ᠌ ᠬᠡᠮᠵᠢᠶᠡᠨ᠎ᠦ᠌ ᠤᠶᠠᠨ ᠬᠠᠳᠠᠨ ᠴᠢᠨᠠᠷ᠎ᠲᠠᠢ ᠴᠠᠬᠢᠯᠭᠠᠨ ᠲᠤᠢᠯ ᠪᠠᠢᠵᠤ᠂ ᠶᠡᠬᠡ ᠲᠠᠷᠢᠬᠢᠨ᠎ᠤ᠋ ᠭᠠᠷ᠎ᠤᠨ ᠬᠡᠰᠡᠭ᠎ᠦ᠋ᠨ ᠬᠥᠳᠡᠯᠭᠡᠭᠡᠨ ᠪᠠ ᠰᠠᠷᠠᠯ᠎ᠤ᠋ᠨ ᠣᠷᠣᠨ ᠪᠦᠰᠡ᠎ᠶᠢᠨ ᠲᠠᠷᠢᠬᠢᠨ ᠴᠠᠬᠢᠯᠭᠠᠨ ᠳᠣᠬᠢᠶ᠎ᠠ᠎ᠶᠢ ᠨᠠᠷᠢᠨ ᠣᠨᠣᠪᠴᠢᠲᠠᠢ ᠬᠢᠨᠠᠨ ᠬᠡᠮᠵᠢᠪᠡ᠃ ᠮᠡᠰᠡ ᠵᠠᠰᠠᠯ᠎ᠤ᠋ᠨ ᠶᠠᠪᠤᠴᠠ ᠤᠷᠤᠭ᠍ᠱᠢᠲᠠᠢ᠂ ᠰᠢᠶᠤᠤ ᠯᠢᠦ ᠮᠡᠰᠡ ᠵᠠᠰᠠᠯ᠎ᠦ᠋ᠨ ᠳᠠᠷᠠᠭᠠᠬᠢ ᠪᠠᠢᠳᠠᠯ ᠲᠣᠭ᠍ᠲᠠᠭᠤᠨ ᠪᠠᠢᠨ᠎ᠠ᠃

  2025 ᠣᠨ᠎ᠤ 3 ᠳ᠋ᠤᠭ᠋ᠠᠷ ᠰᠠᠷ᠎ᠠ᠎ᠳᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠶ᠋ᠢᠨ ᠵᠢᠯᠣᠭᠤᠳᠣᠯᠭ᠎ᠠ ᠳᠣᠤᠷ᠎ᠠ᠂ ᠬᠤᠪᠸᠢ ᠮᠤᠵᠢ᠎ᠶ᠋ᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ ᠪᠥᠬᠦ᠌ ᠤᠯᠤᠰ᠎ᠤᠨ ᠠᠩᠬᠠᠳᠠᠭ᠍ᠴᠢ ᠳᠠᠷᠢᠬᠢᠨ ᠮᠠᠱᠢᠨ᠎ᠤ ᠵᠠᠯᠭ᠋ᠠᠭ᠋ᠠᠳᠠᠰᠤ᠎ᠶ᠋ᠢᠨ ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ᠎ᠢ ᠨᠡᠢᠲᠡᠯᠡᠵᠦ᠍᠂ ᠲᠦᠷᠢᠮᠡᠯ ᠮᠠᠶᠢᠭ᠎ᠤᠨ ᠲᠠᠷᠢᠬᠢᠨ ᠮᠠᠱᠢᠨ᠎ᠤ ᠵᠠᠯᠭ᠋ᠠᠭ᠋ᠠᠳᠠᠰᠤ᠎ᠶ᠋ᠢᠨ ᠭᠠᠷᠭ᠋ᠠᠨ ᠠᠪᠬᠤ ᠵᠠᠷᠤᠳᠠᠯ᠎ᠨᠢ 6552 ᠲᠥᠭᠦᠷᠢᠭ / ᠤᠳᠠᠭ᠎ᠠ᠂ ᠲᠦᠷᠡᠮᠡᠯ ᠪᠤᠰᠤ ᠮᠠᠶᠢᠭ᠎ᠤᠨ ᠲᠠᠷᠢᠬᠢᠨ ᠮᠠᠱᠢᠨ᠎ᠤ ᠵᠠᠯᠭ᠋ᠠᠭ᠋ᠠᠳᠠᠰᠤ᠎ᠶ᠋ᠢᠨ ᠭᠠᠷᠭ᠋ᠠᠨ ᠠᠪᠬᠤ ᠵᠠᠷᠤᠳᠠᠯ᠎ᠨᠢ 3139 ᠲᠥᠭᠦᠷᠢᠭ / ᠤᠳᠠᠭ᠎ᠠ᠂ ᠲᠦᠷᠢᠮᠡᠯ ᠪᠤᠰᠤ ᠮᠠᠶᠢᠭ᠎ᠤᠨ ᠲᠠᠷᠢᠬᠢᠨ᠎ᠤ ᠮᠠᠱᠢᠨ᠎ᠤ ᠵᠠᠯᠭ᠋ᠠᠭ᠋ᠠᠳᠠᠰᠤ᠎ᠶ᠋ᠢᠨ ᠲᠣᠬᠢᠷᠠᠭᠤᠯᠬᠤ ᠵᠠᠷᠤᠳᠠᠯ᠎ᠨᠢ 966 ᠲᠥᠭᠦᠷᠢᠭ / ᠤᠳᠠᠭ᠎ᠠ ᠪᠠᠢᠵᠤ᠂ ᠮᠡᠷᠭᠡᠵᠢᠯ᠎ᠤᠨ ᠲᠣᠭ᠍ᠲᠠᠭᠠᠯ᠎ᠳᠤ ᠨᠡᠢᠴᠡᠬᠦ᠂ ᠡᠵᠡᠮᠳᠡᠵᠦ᠍ ᠪᠣᠯᠬᠤ ᠭᠠᠵᠠᠷ᠎ᠲᠤ ᠡᠮᠴᠢᠯᠡᠭᠡᠨ᠎ᠳᠤ ᠣᠷᠣᠭᠤᠯᠬᠤ᠎ᠳᠤ ᠲᠦᠷᠢᠮ᠎ᠤᠨ ᠪᠠᠲᠤᠯᠠᠭ᠎ᠠ ᠬᠠᠩᠭᠠᠪᠠ᠃

  ᠲᠦᠩ ᠵᠶ᠋ᠢ ᠡᠮᠨᠡᠯᠭᠡ᠎ᠶ᠋ᠢᠨ ᠬᠤᠷᠢᠶᠠᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠌᠎ᠳᠤ᠎ᠪᠠᠨ᠂ ᠣᠲᠣ ᠲᠠᠷᠢᠬᠢᠨ ᠮᠠᠱᠢᠨ᠎ᠤ ᠵᠠᠯᠭ᠋ᠠᠭ᠋ᠠᠳᠠᠰᠤ᠎ᠶ᠋ᠢᠨ ᠮᠡᠷᠭᠡᠵᠢᠯ ᠴᠥᠮ ᠡᠮᠴᠢᠯᠡᠭᠡᠨ᠎ᠤ ᠰᠤᠳᠤᠯᠭᠠᠨ᠎ᠤ ᠱᠠᠲᠤᠨ᠎ᠳᠤ ᠬᠠᠷᠢᠶᠠᠯᠠᠭ᠍ᠳᠠᠨ᠎ᠠ᠂ ᠪᠠᠰᠠ ᠵᠠᠬ᠎ᠠ ᠳᠡᠯᠭᠡᠭᠦᠷ᠎ᠲᠤ ᠣᠷᠣᠵᠤ ᠬᠡᠷᠡᠭ᠌ᠯᠡᠭᠡᠳᠦᠢ ᠪᠠᠢᠨ᠎ᠠ᠂ ᠡᠢᠮᠦ᠍᠎ᠠᠴᠠ ᠱᠢᠶᠤᠤ ᠯᠢᠦ᠍᠎ᠶ᠋ᠢᠨ ᠮᠡᠰᠡ ᠵᠠᠰᠠᠯ᠎ᠤᠨ ᠵᠠᠷᠤᠳᠠᠯ᠎ᠢ ᠰᠤᠳᠤᠯᠭᠠᠨ᠎ᠤ ᠵᠠᠷᠤᠳᠠᠯ᠎ᠠᠴᠠ ᠡᠭᠦᠷᠭᠡᠯᠡᠨ᠎ᠡ ᠭᠡᠪᠡ᠃

  ᠠᠵᠢᠯ ᠨᠢᠭᠡᠲᠡᠨ᠎ᠤ ᠳᠣᠲᠣᠷᠠᠬᠢ ᠲᠤᠰᠭᠠᠶ ᠮᠡᠷᠭᠡᠵᠢᠯᠲᠡᠨ᠂ ᠡᠨᠡ ᠬᠦ᠌ ᠮᠡᠰᠡ ᠵᠠᠰᠠᠯ᠎ᠤᠨ ᠠᠴᠢ ᠬᠤᠯᠪᠣᠭ᠍ᠳᠠᠯ᠎ᠨᠢ ᠮᠡᠷᠭᠡᠵᠢᠯ᠎ᠤᠨ ᠳᠠᠪᠬᠤᠷᠭ᠎ᠠ᠎ᠠᠴᠠ ᠬᠤᠯᠠ ᠳᠠᠪᠠᠪᠠ᠄ ᠨᠢᠭᠡ ᠵᠦᠢᠯ᠎ᠤᠨ ᠬᠣᠰᠢᠭᠤᠴᠢ ᠮᠡᠷᠭᠡᠵᠢᠯ ᠲᠤᠷᠱᠢᠯᠲᠠ᠎ᠶ᠋ᠢᠨ ᠲᠠᠰᠤᠭ᠎ᠠᠴᠠ ᠡᠮᠴᠢᠯᠡᠭᠡ᠂ ᠡᠮᠴᠢᠯᠡᠭᠡ᠎ᠠᠴᠠ ᠨᠡᠢᠳᠡᠮ ᠠᠱᠢᠭ ᠬᠦᠷᠲᠡᠬᠦ᠌ ᠲᠡᠢᠰᠢ ᠤᠷᠤᠭ᠍ᠰᠢᠯᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠡᠮᠴᠢᠯᠡᠭᠡᠨ᠎ᠤ ᠦᠷᠭᠦᠯᠵᠢᠯᠡᠨ ᠱᠢᠪᠲᠤᠯᠤᠯᠲᠠ ᠬᠢᠬᠦ᠌ ᠴᠢᠬᠤᠯᠠᠲᠠᠶ ᠮᠥᠷᠲᠡᠭᠡᠨ ᠪᠠᠰᠠ ᠱᠢᠨᠵᠢᠯᠡᠬᠦ᠌ ᠤᠬᠠᠭᠠᠨᠴᠢ ᠵᠦᠶ ᠵᠣᠬᠢᠰᠲᠠᠶ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠠ ᠦᠨ᠎ᠡ ᠬᠠᠩᠰᠢ᠎ᠶ᠋ᠢᠨ ᠵᠢᠯᠣᠭᠤᠳᠣᠯᠭ᠎ᠠ᠎ᠠᠴᠠ ᠰᠠᠯᠵᠤ ᠴᠢᠳᠠᠬᠤ ᠥᠬᠡᠶ᠃ ᠲᠣᠰ ᠤᠳᠠᠭᠠᠨ᠎ᠤ ᠮᠡᠰᠡ ᠵᠠᠰᠠᠯ ᠪᠣᠯ 《 ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ 》᠎ᠶ᠋ᠢ ᠪᠡᠶᠡᠯᠡᠭᠦᠯᠬᠦ᠌᠎ᠶ᠋ᠢᠨ ᠵᠠᠩᠭᠢᠯᠠᠭ᠎ᠠ᠎ᠶ᠋ᠢᠨ ᠨᠢᠭᠡ ᠠᠯᠬᠤᠮ ᠪᠣᠯᠤᠨ᠎ᠠ᠂ ᠮᠡᠷᠭᠡᠵᠢᠯ᠎ᠤᠨ ᠪᠣᠯᠪᠠᠰᠤᠷᠠᠩᠭᠤᠶ ᠬᠡᠮᠵᠢᠶ᠎ᠡ᠎ᠶ᠋ᠢᠨ ᠳᠡᠭᠡᠭ᠌ᠰᠢᠯᠡᠯᠲᠡ ᠪᠠ ᠡᠮᠴᠢᠯᠡᠭᠡᠨ᠎ᠤ ᠭᠡᠷᠡᠴᠢ ᠪᠠᠷᠢᠮᠲᠠ᠎ᠶ᠋ᠢᠨ ᠬᠤᠷᠠᠮᠳᠤᠭᠤᠯᠬᠤ᠎ᠶ᠋ᠢ ᠳᠠᠭᠠᠯᠳᠤᠨ᠂ ᠢᠷᠡᠭᠡᠳᠦᠶ᠎ᠳᠤ ᠨᠠᠩ ᠣᠯᠠᠨ ᠡᠪᠡᠳᠴᠢᠲᠡᠨ ᠵᠢᠷᠤᠮᠵᠢᠭ᠍ᠰᠠᠨ ᠣᠨᠣᠱᠢᠯᠠᠨ ᠡᠮᠨᠡᠬᠦ᠌ ᠶᠠᠪᠤᠴᠠ᠎ᠳᠤ ᠪᠤᠰᠤᠳ ᠮᠡᠳᠡᠷᠡᠯ᠎ᠤᠨ ᠭᠠᠳᠠᠷ ᠰᠠᠯᠠᠭ᠋ᠠᠨ᠎ᠤ ᠮᠡᠰᠡ ᠵᠠᠰᠠᠯ ᠬᠢᠬᠦ᠌᠎ᠲᠠᠢ ᠠᠳᠠᠯᠢ᠎ᠪᠠᠷ ᠲᠠᠷᠢᠬᠢᠨ ᠮᠠᠱᠢᠨ᠎ᠤ ᠵᠠᠯᠭ᠋ᠠᠭ᠋ᠠᠳᠠᠰᠤ᠎ᠶ᠋ᠢᠨ ᠮᠡᠷᠭᠡᠵᠢᠯ᠎ᠤᠨ ᠬᠠᠪᠰᠤᠷᠤᠯᠭ᠎ᠠ ᠭᠥᠷᠳᠡᠬᠦ᠌ ᠪᠣᠯᠤᠨ᠎ᠠ ᠭᠡᠵᠦ ᠦᠨᠡᠯᠡᠪᠡ᠃

ᠢᠷᠡᠯᠲᠡ᠄ ᠬᠤᠪᠧᠶ᠎ᠶ᠋ᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            