ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ 《 ᠦᠨᠳᠦᠰᠦᠨ ᠬᠠᠤᠯᠢ᠎ᠶ᠋ᠢᠨ ᠤᠬᠠᠭᠤᠯᠭ᠎ᠠ᠎ᠶ᠋ᠢᠨ ᠭᠠᠷᠠᠭ 》᠎ᠤᠨ ᠱᠢᠷᠢᠰ ᠠᠵᠢᠯᠯᠠᠭ᠎ᠠ᠎ᠶ᠋ᠢ ᠡᠯᠪᠡᠭ ᠪᠠᠶᠠᠯᠢᠭ ᠣᠯᠠᠨ ᠶᠠᠩᠵᠤ᠎ᠶ᠋ᠢᠨ ᠬᠡᠯᠪᠡᠷᠢ᠎ᠪᠠᠷ ᠥᠷᠨᠢᠭᠦᠯᠪᠡ
ᠨᠡᠶ᠋ᠢᠲᠡᠯᠡᠭᠰᠡᠨ ᠴᠠᠭ᠄ 2025-12-05

  ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠤᠨ᠂ ᠦᠨᠳᠦᠰᠦᠨ ᠬᠠᠤᠯᠢ᠎ᠶ᠋ᠢᠨ ᠡᠷᠬᠡ ᠰᠦᠷ᠎ᠢ ᠬᠠᠮᠠᠭᠠᠯᠠᠬᠤ᠎ᠶ᠋ᠢᠨ ᠲᠥᠯᠥᠭᠡ᠂ ᠠᠷᠪᠠᠨ ᠬᠤᠶᠠᠳᠤᠭᠠᠷ ᠤᠯᠤᠰ᠎ᠤᠨ ᠦᠨᠳᠦᠰᠦᠨ ᠬᠠᠤᠯᠢ᠎ᠶ᠋ᠢᠨ ᠡᠳᠦᠷ ᠬᠦᠷᠴᠦ᠍ ᠢᠷᠡᠬᠦ᠌ ᠲᠠᠱᠢᠷᠠᠮ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠨᠠᠷᠢᠨ ᠨᠢᠮᠪᠠᠶ ᠵᠣᠬᠢᠶᠠᠨ ᠪᠠᠢᠭᠤᠯᠵᠤ᠂ ᠨᠠᠷᠢᠨ ᠨᠢᠮᠪᠠᠶ ᠪᠠᠢᠷᠢᠯᠠᠭᠤᠯᠵᠤ᠂ ᠣᠯᠠᠨ ᠵᠦᠢᠯ᠎ᠤᠨ ᠬᠡᠯᠪᠡᠷᠢ᠎ᠪᠠᠷ ᠦᠨᠳᠦᠰᠦᠨ ᠬᠠᠤᠯᠢ᠎ᠶ᠋ᠢᠨ ᠰᠤᠷᠤᠯᠴᠠᠯᠭ᠎ᠠ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠥᠷᠨᠢᠭᠦᠯᠵᠦ᠍᠂ ᠬᠠᠤᠯᠢ᠎ᠪᠠᠷ ᠵᠠᠰᠠᠬᠤ ᠵᠣᠷᠢᠭ ᠰᠠᠨᠠᠭ᠎ᠠ᠎ᠶ᠋ᠢ ᠡᠮᠴᠢᠯᠡᠭᠡᠨ᠎ᠤ ᠳᠠᠭᠠᠳᠭᠠᠯ᠎ᠤᠨ ᠱᠢᠰᠲ᠋ᠧᠮ᠎ᠳᠤ ᠦᠨᠳᠦᠰᠦᠯᠡᠭᠦᠯᠬᠦ᠌᠎ᠶ᠋ᠢ ᠠᠬᠢᠭᠤᠯᠪᠠ᠃

  ᠨᠢᠭᠡ᠎ᠳᠤ᠂ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠲᠠᠢᠯᠤᠮᠵᠢ ᠡᠷᠭᠢᠯᠡᠵᠦ᠍᠂ ᠣᠨᠣᠯ᠎ᠢᠶᠠᠷ ᠵᠡᠪᠰᠡᠭ᠌ᠯᠡᠬᠦ᠌᠎ᠶ᠋ᠢ ᠭᠦᠨᠵᠡᠭᠡᠢᠷᠡᠭᠦᠯᠪᠡ᠃ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠫᠷᠤᠹᠧᠰᠰᠤᠷ᠎ᠢ ᠤᠷᠢᠵᠤ 《 ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠬᠠᠤᠯᠢᠵᠢᠯ᠎ᠤᠨ ᠳᠤᠮᠳᠠᠳᠤ ᠤᠯᠤᠰ᠎ᠤᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠠᠬᠢᠭᠤᠯᠬᠤ 》᠎ᠶ᠋ᠢᠨ ᠲᠣᠭᠤᠷᠢᠨ᠎ᠳᠤ ᠲᠤᠰᠭᠠᠶ ᠰᠡᠳᠦᠪ᠎ᠢᠶᠠᠷ ᠬᠢᠴᠢᠶᠡᠯᠯᠡᠭᠦᠯᠵᠦ᠂ ᠪᠦᠬᠦ᠌ ᠲᠠᠯ᠎ᠠ᠎ᠶ᠋ᠢᠨ ᠺᠠᠳ᠋ᠷ ᠠᠵᠢᠯᠳᠠᠨ ᠠᠵᠢᠯᠴᠢᠨ᠎ᠤ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠡᠵᠡᠮᠳᠡᠬᠦ᠂ ᠬᠠᠤᠯᠢᠵᠢᠯ᠎ᠤᠨ ᠢᠲᠡᠭᠡᠯ ᠪᠢᠱᠢᠷᠡᠯ᠎ᠢ ᠪᠠᠲᠤ ᠴᠣᠭ᠍ᠴᠠᠯᠠᠬᠤ᠎ᠳᠤ ᠪᠠᠲᠤ ᠪᠠᠬᠢ ᠤᠨᠤᠯ᠎ᠤᠨ ᠲᠤᠯᠭᠠᠭᠤᠷᠢᠯᠠᠯ ᠬᠠᠩᠭᠠᠭ᠍ᠰᠠᠨ ᠪᠥᠭᠡᠳ ᠬᠠᠤᠯᠢᠵᠢᠯ᠎ᠤᠨ ᠰᠡᠳᠭᠢᠬᠦᠢ ᠪᠣᠯᠤᠨ ᠬᠠᠤᠯᠢᠵᠢᠯ᠎ᠤᠨ ᠠᠷᠭ᠎ᠠ ᠬᠡᠯᠪᠡᠷᠢ᠎ᠪᠠᠷ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠵᠢᠯᠤᠭᠤᠳᠤᠯᠭ᠎ᠠ ᠬᠠᠩᠭ᠋ᠠᠪᠠ᠃

  ᠬᠤᠶᠠᠷ᠎ᠲᠤ᠌᠂ ᠰᠦᠯᠵᠢᠶᠡᠨ ᠳᠡᠭᠡᠷᠡᠬᠢ ᠤᠬᠠᠭᠤᠯᠭ᠎ᠠ᠎ᠶ᠋ᠢᠨ ᠠᠷᠭ᠎ᠠ ᠵᠠᠮ᠎ᠢ ᠥᠷᠭᠡᠳᠭᠡᠵᠦ᠍᠂ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃ 《 ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ 》᠎ᠶ᠋ᠢᠨ ᠣᠯᠠᠨ ᠨᠡᠢ᠌ᠲᠡ᠎ᠶᠢᠨ ᠸᠢᠴᠠᠲ ᠲᠠᠪᠴᠠᠩ᠂ ᠲᠣᠪᠴᠢᠶ᠎ᠠ᠎ᠶ᠋ᠢᠨ ᠠᠯᠪᠠᠨ ᠰᠦᠯᠵᠢᠶ᠎ᠡ᠎ᠳᠤ ᠲᠦᠱᠢᠭ᠌ᠯᠡᠨ 《 ᠦᠨᠳᠦᠰᠦᠨ ᠬᠠᠤᠯᠢ᠎ᠶ᠋ᠢᠨ ᠤᠬᠠᠭᠤᠯᠭ᠎ᠠ 》᠎ᠶ᠋ᠢᠨ ᠲᠤᠰᠭᠠᠶ ᠪᠤᠯᠤᠩ ᠭᠠᠷᠭᠠᠵᠤ᠂ ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠸᠢᠳᠢᠣ᠋᠂ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠵᠢᠷᠤᠭ ᠪᠢᠴᠢᠭ᠎ᠤᠨ ᠲᠠᠢᠯᠤᠮᠵᠢ ᠵᠡᠷᠭᠡ ᠠᠭᠤᠯᠭ᠎ᠠ᠎ᠶ᠋ᠢ ᠦᠷᠭᠦᠯᠵᠢᠯᠡᠨ ᠳᠡᠯᠭᠡᠷᠡᠭᠦᠯᠵᠦ᠍᠂ 《 ᠬᠤᠷᠤᠭᠤᠨ ᠦᠵᠦᠭᠦᠷ 》᠎ᠤᠨ ᠬᠠᠤᠯᠢ ᠲᠦᠭᠡᠮᠡᠯᠵᠢᠭᠦᠯᠬᠦ᠌ ᠵᠢᠭ᠍ᠰᠠᠭᠠᠯ᠎ᠤᠨ ᠭᠠᠵᠠᠷ᠎ᠢ ᠪᠣᠶ ᠪᠣᠯᠭᠠᠵᠤ᠂ ᠤᠬᠠᠭᠤᠯᠭ᠎ᠠ᠎ᠶ᠋ᠢᠨ ᠬᠠᠮᠤᠷᠬᠤ ᠬᠡᠪᠴᠢᠶ᠎ᠡ ᠪᠠ ᠨᠡᠪᠴᠢᠬᠦ᠌ ᠬᠦᠴᠦᠨ᠎ᠢ ᠴᠢᠩᠭ᠋ᠠᠷᠠᠭᠤᠯᠪᠠ᠃

  ᠭᠤᠷᠪᠠ᠎ᠳᠤ᠂ ᠬᠠᠤᠯᠢ ᠴᠠᠭᠠᠵᠠ᠎ᠶ᠋ᠢᠨ ᠮᠡᠳᠡᠯᠭᠡ᠎ᠶ᠋ᠢᠨ ᠥᠷᠢᠰᠦᠯᠳᠦᠭᠡᠨ᠎ᠢ ᠥᠷᠨᠢᠭᠦᠯᠵᠦ᠍᠂ ᠬᠠᠤᠯᠢ᠎ᠶ᠋ᠢ ᠰᠤᠷᠤᠯᠴᠠᠬᠤ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠪᠥᠬᠦ᠌ ᠲᠠᠯ᠎ᠠ᠎ᠶ᠋ᠢ ᠵᠣᠬᠢᠶᠠᠨ ᠪᠠᠢᠭᠤᠯᠤᠨ ᠰᠦᠯᠵᠢᠶᠡᠨ ᠳᠡᠭᠡᠷ᠎ᠡ ᠬᠠᠤᠯᠢ ᠲᠦᠭᠡᠮᠡᠯᠵᠢᠭᠦᠯᠦᠨ ᠰᠡᠳᠦᠪ ᠬᠠᠷᠢᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠦᠨᠳᠦᠰᠦᠨ ᠬᠠᠤᠯᠢ᠎ᠶ᠋ᠢᠨ ᠮᠡᠳᠡᠯᠭᠡ᠎ᠪᠠᠷ ᠭᠤᠤᠯ ᠪᠣᠯᠭᠠᠨ᠂ 《 ᠢᠷᠭᠡᠨ᠎ᠤ ᠬᠠᠤᠯᠢ᠎ᠶ᠋ᠢᠨ ᠪᠢᠴᠢᠭ 》᠂ 《 ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠬᠠᠤᠯᠢ 》᠂ 《 ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠬᠠᠤᠯᠢ 》 ᠵᠢᠴᠢ ᠡᠮᠴᠢᠯᠡᠭᠡᠨ᠎ᠤ ᠪᠠᠲᠤᠯᠠᠭ᠎ᠠ᠎ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ᠎ᠳᠤ ᠣᠷᠭᠠᠨᠢᠭ᠎ᠢᠶᠠᠷ ᠠᠭᠤᠰᠤᠯᠴᠠᠭᠤᠯᠵᠤ᠂ ᠺᠠᠳ᠋ᠷ ᠠᠵᠢᠯᠲᠠᠨ ᠠᠵᠢᠯᠴᠢᠨ᠎ᠢ ᠬᠥᠲᠥᠯᠥᠨ ᠵᠢᠯᠣᠭᠤᠳᠴᠤ᠌ ᠪᠠᠢᠭᠠᠳ ᠣᠷᠣᠯᠴᠠᠬᠤ ᠳᠤᠮᠳᠠ ᠰᠤᠷᠤᠯᠴᠠᠭᠤᠯᠵᠤ᠂ ᠰᠡᠳᠦᠪ ᠬᠠᠷᠢᠭᠤᠯᠬᠤ ᠳᠤᠮᠳᠠ ᠪᠠᠬᠢᠵᠢᠭᠦᠯᠵᠦ᠍᠂ ᠬᠠᠤᠯᠢ ᠴᠠᠭᠠᠵᠠ᠎ᠶ᠋ᠢᠨ ᠬᠡᠪ ᠪᠣᠯᠪᠠᠰᠤᠷᠠᠯ ᠬᠢᠭᠡᠳ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠵᠦ᠍᠂ ᠦᠨᠳᠦᠰᠦᠨ ᠬᠠᠤᠯᠢ᠎ᠶ᠋ᠢ ᠬᠦᠨᠳᠦᠳᠭᠡᠬᠦ᠂ ᠦᠨᠳᠦᠰᠦᠨ ᠬᠠᠤᠯᠢ᠎ᠶ᠋ᠢ ᠰᠤᠷᠤᠯᠴᠠᠬᠤ᠂ ᠦᠨᠳᠦᠰᠦᠨ ᠬᠠᠤᠯᠢ᠎ᠶ᠋ᠢ ᠵᠢᠷᠤᠮᠯᠠᠬᠤ᠂ ᠦᠨᠳᠦᠰᠦᠨ ᠬᠠᠤᠯᠢ᠎ᠶ᠋ᠢ ᠬᠠᠮᠠᠭᠠᠯᠠᠬᠤ᠂ ᠦᠨᠳᠦᠰᠦᠨ ᠬᠠᠤᠯᠢ᠎ᠶ᠋ᠢ ᠬᠡᠷᠡᠭ᠌ᠯᠡᠬᠦ᠌ ᠨᠡᠢᠭᠡᠮ᠎ᠤᠨ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭᠡ ᠠᠯᠬᠤᠮ ᠨᠢᠭ᠍ᠲᠠᠷᠠᠭᠤᠯᠪᠠ᠃

  ᠱᠢᠷᠢᠰ ᠠᠵᠢᠯᠯᠠᠭ᠎ᠠ᠎ᠶ᠋ᠢᠨ ᠭᠤᠣᠯ ᠰᠡᠳᠦᠪ᠎ᠨᠢ ᠢᠯᠡ ᠲᠣᠳᠣ ᠪᠠᠢᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ᠎ᠶ᠋ᠢ ᠬᠠᠷᠢᠯᠴᠠᠨ ᠤᠶᠠᠯᠳᠤᠭᠤᠯᠬᠤ᠂ ᠰᠤᠷᠴᠤ᠌ ᠬᠡᠷᠡᠭ᠌ᠯᠡᠬᠦ᠌᠎ᠶ᠋ᠢ ᠵᠡᠷᠭᠡ ᠪᠡᠷ ᠴᠢᠬᠤᠯᠠᠴᠢᠯᠠᠬᠤ ᠵᠠᠭ᠍ᠪᠤᠷ᠎ᠢᠶᠠᠷ ᠳᠠᠮᠵᠢᠭᠤᠯᠤᠨ᠂ ᠦᠨᠳᠦᠰᠦᠨ ᠬᠠᠤᠯᠢ᠎ᠶ᠋ᠢᠨ ᠡᠷᠬᠡ ᠰᠦᠷ ᠪᠠ ᠬᠠᠤᠯᠢ᠎ᠪᠠᠷ ᠵᠠᠰᠠᠬᠤ ᠵᠣᠷᠢᠭ ᠰᠠᠨᠠᠭ᠎ᠠ᠎ᠶ᠋ᠢ ᠪᠣᠳᠠᠲᠠᠶ ᠪᠥᠭᠡᠳ ᠣᠢᠯᠠᠭᠠᠮᠵᠢᠲᠠᠶ ᠦᠢᠯᠡᠳᠦᠯᠭᠡ᠎ᠪᠠᠷ ᠳᠠᠮᠵᠢᠭᠤᠯᠤᠨ᠂ ᠡᠮᠴᠢᠯᠡᠭᠡᠨ᠎ᠤ ᠪᠠᠲᠤᠯᠠᠭ᠎ᠠ᠎ᠶᠢᠨ ᠵᠠᠰᠠᠯᠲᠠ᠎ᠶ᠋ᠢᠨ ᠡᠯ᠎ᠡ ᠭᠤᠭ᠍ᠴᠤᠭ᠎ᠠ᠎ᠳᠤ ᠭᠦᠨᠵᠡᠭᠡᠶ ᠠᠭᠤᠰᠤᠯᠴᠠᠵᠤ᠂ ᠦᠨᠳᠦᠰᠦᠨ ᠬᠠᠤᠯᠢ᠎ᠶ᠋ᠢᠨ ᠮᠡᠳᠡᠯᠭᠡ ᠪᠠ ᠡᠮᠴᠢᠯᠡᠭᠡᠨ᠎ᠤ ᠪᠠᠲᠤᠯᠠᠭ᠎ᠠ᠎ᠶᠢᠨ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠨᠠᠷᠢᠯᠢᠭ ᠣᠨᠣᠴᠠᠲᠠᠶ᠎ᠪᠠᠷ ᠳᠠᠮᠵᠢᠭᠤᠯᠬᠤ᠂ ᠲᠠᠷᠢᠬᠢ ᠲᠣᠯᠣᠭᠠᠶ᠎ᠳᠤ ᠬᠠᠳᠠᠩᠱᠢᠭᠤᠯᠬᠤ᠎ᠶ᠋ᠢ ᠪᠦᠲᠦᠮᠵᠢᠲᠡᠶ ᠠᠬᠢᠭᠤᠯᠵᠤ᠂ ᠬᠠᠤᠯᠢ᠎ᠪᠠᠷ ᠵᠠᠰᠠᠬᠤ ᠡᠮᠴᠢᠯᠡᠭᠡᠨ᠎ᠤ ᠪᠠᠲᠤᠯᠠᠭ᠎ᠠ᠎ᠦ ᠪᠠᠢᠭᠤᠯᠤᠯᠲᠠ᠎ᠳᠤ ᠰᠠᠢᠨ ᠰᠠᠢᠬᠠᠨ ᠣᠷᠴᠢᠨ ᠨᠥᠬᠦᠴᠡᠯ᠎ᠢ ᠪᠣᠶ ᠪᠣᠯᠭᠠᠵᠤ ᠥᠭ᠌ᠴᠡᠶ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            