ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠲᠥᠪ᠎ᠤᠨ ᠨᠠᠢ᠍ᠮᠠᠨ ᠵᠣᠷᠪᠣᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠠᠮ᠎ᠤᠨ ᠬᠢᠴᠢᠶᠡᠯ ᠣᠷᠣᠪᠠ
ᠨᠡᠶ᠋ᠢᠲᠡᠯᠡᠭᠰᠡᠨ ᠴᠠᠭ᠄ 2025-06-29

  ᠨᠠᠮ᠎ᠢ ᠪᠥᠬᠦ ᠲᠠᠯ᠎ᠠ᠎ᠪᠠᠷ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠠᠬᠢᠯᠭ᠎ᠠ ᠪᠠᠲᠤ ᠶᠣᠰᠣ ᠲᠦᠷᠢᠮ᠎ᠢ ᠤᠯᠠᠮ ᠨᠢᠭᠡ ᠠᠯᠬᠤᠮ ᠴᠢᠩᠳᠠᠯᠠᠨ᠂ ᠨᠠᠮ᠎ᠤᠨ ᠭᠡᠰᠢᠭᠦᠨ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠦᠵᠡᠯ ᠤᠬᠠᠮᠰᠠᠷ᠎ᠢ ᠴᠢᠩᠭ᠋ᠠᠷᠠᠭᠤᠯᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ 《ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠰᠡᠷᠡᠮᠵᠢᠯᠡᠬᠦ ᠵᠢ ᠮᠡᠳᠡᠬᠦ᠂ ᠬᠤᠷᠢᠭ᠎ᠠ ᠱᠤᠭᠤᠮ᠎ᠢ ᠰᠠᠬᠢᠵᠤ ᠡᠮᠴᠢᠯᠡᠭᠡᠨ᠎ᠤ ᠪᠠᠲᠤᠯᠠᠭ᠎ᠤᠨ ᠺᠠᠳ᠋ᠷ᠎ᠤᠨ ᠡᠩᠨᠡᠭᠡ ᠵᠢᠨ ᠳᠠᠶ᠋ᠢᠴᠢᠨ ᠬᠦᠴᠦᠨ᠎ᠢ ᠦᠨᠡᠨ ᠬᠦ᠌ ᠴᠢᠩᠭ᠋ᠠᠳᠬᠠᠬᠤ》 ᠭᠡᠬᠦ ᠰᠡᠳᠦᠪ ᠵᠶ᠋ᠠᠷ ᠪᠥᠬᠦ ᠨᠠᠮ᠎ᠤᠨ ᠭᠡᠰᠢᠭᠦᠨ᠂ ᠺᠠᠳ᠋ᠷᠴᠤᠳ᠎ᠲᠤ ᠰᠠᠬᠢᠯᠭ᠎ᠠ ᠪᠠᠲᠤ ᠣᠪᠣᠷ ᠰᠤᠷᠲᠠᠯ᠎ᠤᠨ ᠲᠤᠰᠬᠠᠶ ᠰᠡᠳᠦᠪᠲᠦ ᠨᠠᠮ᠎ᠤᠨ ᠬᠢᠴᠢᠶᠡᠯ ᠣᠷᠣᠪᠠ᠃

 

   

  ᠨᠠᠮ᠎ᠤᠨ ᠬᠢᠴᠢᠶᠡᠯ᠎ᠨᠢ 《ᠦᠨᠡᠨ ᠬᠦ᠌ ᠰᠤᠷᠤᠯᠴᠠᠵᠤ ᠭᠦᠨᠵᠡᠭᠡᠶ ᠰᠤᠷᠤᠯᠴᠠᠬᠤ ᠳᠤᠮᠳᠠ ᠪᠢᠰᠢᠷᠡᠨ ᠵᠢᠷᠦᠬᠡᠰᠢᠶᠡᠬᠦ ᠵᠢ ᠮᠡᠳᠡᠵᠦ᠂ ᠬᠦᠷᠦᠯᠴᠡᠬᠦ ᠦᠭᠡᠢ ᠲᠠᠯ᠎ᠠ᠎ᠪᠠᠨ ᠣᠶ᠋ᠢᠯᠠᠭ᠋ᠠᠵᠤ᠂ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠦᠷᠭᠦᠯᠵᠢᠯᠡᠨ ᠪᠡᠬᠢᠵᠢᠭᠦᠯᠬᠦ; ᠰᠡᠷᠡᠮᠵᠢᠯᠡᠭᠦᠯᠬᠦ ᠬᠥᠮᠦᠵᠢᠯ᠎ᠤᠨ ᠳᠤᠮᠳᠠ ᠰᠡᠷᠡᠮᠵᠢᠯᠡᠬᠦ᠂ ᠰᠡᠷᠡᠮᠵᠢ᠎ᠲᠠᠢ ᠪᠠᠶ᠋ᠢᠵᠤ᠂ ᠡᠯ᠎ᠡ ᠲᠥᠷᠥᠯ᠎ᠤᠨ ᠬᠠᠤᠯᠢ ᠰᠠᠬᠢᠯᠭ᠎ᠠ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠤᠣᠷ ᠬᠥᠨᠥᠭᠡᠯ᠎ᠢ ᠭᠦᠨᠵᠡᠭᠡᠢ ᠰᠢᠩᠭᠡᠭᠡᠨ ᠠᠪᠬᠤ; ᠠᠷᠠᠳ ᠲᠦᠮᠡᠨ᠎ᠳᠤ ᠦᠢ᠍ᠯᠡᠴᠢᠯᠡᠬᠦ ᠳᠤᠮᠳᠠ ᠬᠤᠷᠢᠭ᠎ᠠ ᠱᠤᠭᠤᠮ᠎ᠢ ᠰᠠᠬᠢᠵᠤ᠂ ᠰᠠᠬᠢᠯᠭ᠎ᠠ ᠪᠠᠲᠤ ᠵᠢ ᠲᠣᠳᠣᠷᠬᠠᠶ᠋ᠢᠯᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠠᠷᠢᠭᠤᠨ ᠴᠢᠬᠡᠴᠢ ᠰᠤᠷᠲᠠᠯ᠎ᠢ ᠪᠠᠲᠤ ᠪᠣᠶ ᠪᠣᠯᠭ᠋ᠠᠬᠤ》 ᠭᠤᠷᠪᠠᠨ ᠲᠠᠯ᠎ᠠ᠎ᠪᠠᠷ᠂ ᠲᠣᠪᠴᠢᠶᠠᠨ᠎ᠤ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶ᠋ᠢᠭ᠋ᠠᠳ ᠲᠥᠪ᠎ᠤᠨ ᠨᠠᠢ᠍ᠮᠠᠨ ᠵᠣᠷᠪᠣᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠴᠢᠬᠤᠯᠠ ᠠᠴᠢ ᠬᠤᠯᠪᠣᠭᠳᠠᠯ᠎ᠢ ᠤᠯᠠᠮ ᠨᠢᠭᠡ ᠠᠯᠬᠤᠮ ᠣᠶ᠋ᠢᠯᠠᠭ᠋ᠠᠭᠤᠯᠵᠤ᠂ ᠰᠡᠷᠡᠮᠵᠢᠯᠡᠭᠦᠯᠬᠦ ᠬᠥᠮᠦᠵᠢᠯ᠎ᠤᠨ ᠦᠷ᠎ᠡ ᠪᠦᠲᠦᠮᠵᠢ ᠵᠢ ᠴᠢᠩᠭ᠋ᠠᠷᠠᠭᠤᠯᠤᠨ᠂ ᠠᠵᠢᠯ᠎ᠤᠨ ᠰᠤᠷᠲᠠᠯ ᠵᠶ᠋ᠠᠨ ᠦᠨᠡᠨ ᠬᠦ᠌ ᠬᠤᠪᠢᠷᠠᠭᠤᠯᠵᠤ᠂ ᠰᠤᠷᠤᠯᠴᠠᠯᠭ᠎ᠠ ᠬᠥᠮᠦᠵᠢᠯ᠎ᠤᠨ ᠦᠢ᠍ᠯᠡᠳᠦᠯᠭᠡ ᠵᠢᠨ ᠱᠠᠭ᠋ᠠᠷᠳᠠᠯᠭ᠎ᠠ᠎ᠲᠠᠢ ᠬᠠᠷᠢᠴᠠᠭᠤᠯᠤᠨ᠂ ᠲᠡᠷᠢᠭᠦᠨ ᠴᠢᠬᠤᠯᠠ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠠᠲᠤ ᠡᠵᠡᠮᠳᠡᠵᠦ᠂ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃    

  ᠴᠠᠩ ᠴᠢᠩ ᠨᠥᠬᠦᠷ ᠲᠣᠪᠴᠢᠶᠠᠨ᠎ᠤ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠢ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠠᠬᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠦᠵᠡᠯ ᠰᠠᠨᠠᠭ᠋ᠠᠨ᠎ᠤ ᠳᠠᠪᠲᠠᠯᠲᠠ ᠪᠠ ᠠᠷᠢᠭᠤᠳᠬᠠᠯ ᠵᠶ᠋ᠠᠨ ᠴᠢᠩᠭ᠋ᠠᠳᠬᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠂ ᠨᠠᠶ᠋ᠢᠷ ᠲᠠᠯ᠎ᠠ ᠵᠢᠨ ᠶᠠᠪᠤᠯᠴᠠᠭ᠎ᠠ ᠵᠢᠨ ᠣᠪᠣᠷ ᠵᠶ᠋ᠠᠨ ᠲᠥᠪ ᠪᠣᠯᠭ᠋ᠠᠬᠤ ᠬᠡᠷᠡᠭᠲᠡᠢ; ᠰᠤᠳᠤᠯᠭ᠋ᠠᠨ᠎ᠤ ᠬᠡᠯᠪᠡᠷᠢ ᠵᠢᠨ ᠺᠠᠳ᠋ᠷ ᠪᠣᠯᠬᠤ᠎ᠪᠠᠷ ᠴᠢᠷᠮᠠᠶ᠋ᠢᠵᠤ᠂ ᠡᠮᠴᠢᠯᠡᠭᠡᠨ᠎ᠤ ᠪᠠᠲᠤᠯᠠᠭ᠎ᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠰᠠᠭᠤᠷᠢ ᠴᠢᠨᠠᠷᠲᠠᠢ᠂ ᠪᠠᠷᠠᠯᠬᠢᠯᠠᠯᠲᠤ ᠴᠢᠨᠠᠷᠲᠠᠢ ᠠᠵᠢᠯ᠎ᠢ ᠪᠣᠳᠠᠲᠠᠢ ᠬᠢᠬᠦ ᠬᠡᠷᠡᠭᠲᠡᠢ; ᠠᠵᠢᠯ᠎ᠤᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠴᠢᠨᠠᠷ ᠰᠠᠶ᠋ᠢᠲᠠᠢ ᠠᠬᠢᠭᠤᠯᠬᠤ ᠬᠡᠷᠡᠭᠲᠡᠢ; ᠤᠷᠳᠤ ᠬᠤᠭᠤᠴᠠᠭ᠎ᠠ᠎ᠪᠠᠷ ᠪᠣᠭᠤᠮᠲᠠ ᠰᠢᠪᠲᠤᠯᠵᠤ᠂ ᠰᠢᠨᠵᠢᠯᠡᠬᠦ ᠤᠬᠠᠭ᠋ᠠᠨᠴᠢᠯᠠᠭᠰᠠᠨ᠂ ᠬᠠᠤᠯᠢ᠎ᠪᠠᠷ ᠵᠠᠰᠠᠬᠤ᠎ᠪᠠᠷ ᠡᠮᠴᠢᠯᠡᠭᠡᠨ᠎ᠤ ᠪᠠᠲᠤᠯᠠᠭ᠎ᠠ ᠵᠢᠨ ᠥᠭᠡᠷᠡᠴᠢᠯᠡᠯᠲᠡ ᠵᠢᠨ ᠯᠠᠪᠳᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠰᠤᠷᠭᠠᠭᠤᠯᠢ᠎ᠶ᠋ᠢᠨ ᠶᠠᠪᠤᠳᠠᠯ᠎ᠤᠨ ᠵᠥᠪᠯᠡᠯ᠎ᠦᠨ ᠥᠷᠭᠡᠳᠭᠡᠭ᠌ᠰᠡᠨ ᠬᠤᠷᠠᠯ᠎ᠢ ᠡᠷᠭᠢᠯᠡᠨ ᠬᠤᠷᠠᠯᠳᠤᠭᠤᠯᠪᠠ
7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠮᠠᠨ᠎ᠤ ᠣᠷᠣᠨ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠣᠳᠣᠯᠲᠠ ᠵᠢ ᠱᠠᠲᠤ ᠬᠤᠪᠢᠶᠠᠨ ᠬᠠᠮᠢᠶᠠᠷᠬᠤ ᠵᠢ ᠬᠡᠷᠡᠭᠵᠢᠭᠦᠯᠪᠡ
       ᠪᠠᠢᠩᠭᠤ᠎ᠶᠢᠨ    ᠲᠥᠪ ᠬᠣᠲᠠ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ 《ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ》᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠪᠣᠳᠠᠲᠤ ᠲᠡᠮᠳᠡᠭᠯᠡᠯ
 
            