ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠮᠠᠨ᠎ᠤ ᠣᠷᠣᠨ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠣᠳᠣᠯᠲᠠ ᠵᠢ ᠱᠠᠲᠤ ᠬᠤᠪᠢᠶᠠᠨ ᠬᠠᠮᠢᠶᠠᠷᠬᠤ ᠵᠢ ᠬᠡᠷᠡᠭᠵᠢᠭᠦᠯᠪᠡ
ᠨᠡᠶ᠋ᠢᠲᠡᠯᠡᠭᠰᠡᠨ ᠴᠠᠭ᠄ 2025-07-01

 

  ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠤ 《ᠡᠪᠡᠳᠴᠢᠨ ᠦᠵᠡᠭᠦᠯᠬᠦ ᠵᠣᠭᠤᠰ》 《ᠠᠮᠢ ᠠᠪᠤᠷᠠᠬᠤ ᠵᠣᠭᠤᠰ》᠎ᠢ ᠦᠨᠡᠨ ᠬᠦ᠌ ᠰᠠᠬᠢᠨ ᠬᠠᠮᠠᠭ᠋ᠠᠯᠠᠬᠤ ᠵᠢᠨ ᠲᠦᠯᠦᠭᠡ᠂ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠮᠠᠨ᠎ᠤ ᠣᠷᠣᠨ ᠨᠢᠭᠡᠳᠦᠭᠡᠷ ᠱᠠᠲᠤ ᠵᠢᠴᠢ ᠲᠡᠭᠦᠨ᠎ᠠᠴᠠ ᠳᠣᠷᠣᠭᠰᠢᠬᠢ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠪᠠ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠣᠳᠣᠯᠲᠠ ᠵᠢ ᠱᠠᠲᠤ ᠬᠤᠪᠢᠶᠠᠨ ᠬᠠᠮᠢᠶᠠᠷᠬᠤ ᠠᠵᠢᠯ᠎ᠢ ᠥᠷᠨᠢᠭᠦᠯᠪᠡ᠃ ᠱᠠᠲᠤ ᠬᠤᠪᠢᠶᠠᠨ ᠬᠠᠮᠢᠶᠠᠷᠬᠤ᠎ᠨᠢ ᠵᠥᠪᠬᠡᠨ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠤᠳᠤᠬᠤ ᠬᠡᠪᠴᠢᠶᠡᠨ᠎ᠳᠤ ᠬᠤᠯᠪᠣᠭᠳᠠᠵᠤ᠂ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠤ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠬᠤᠪᠢᠷᠠᠬᠤ ᠥᠬᠡᠶ᠃ 

  ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠤᠳᠤᠬᠤ ᠲᠥᠷᠥᠯ ᠢᠯᠭ᠋ᠠᠯ᠎ᠢ A᠂ B᠂ C ᠭᠤᠷᠪᠠᠨ ᠲᠠᠰ ᠬᠤᠪᠢᠶᠠᠵᠤ᠂ A ᠲᠠᠰ᠎ᠲᠤ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢ ᠳ᠋ᠦᠩᠨᠡᠨ ᠪᠤᠳᠤᠬᠤ ᠦᠢ᠍ᠯᠡᠴᠢᠯᠡᠭᠡ ᠵᠢ ᠨᠡᠪᠲᠡᠷᠡᠭᠦᠯᠦᠨ᠎ᠡ; B ᠳᠡᠰ᠎ᠲᠤ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠴᠢ ᠡᠭᠦᠳᠡᠨ ᠡᠮᠨᠡᠯᠭᠡ ᠵᠢ ᠨᠢᠭᠡᠳᠦᠯᠲᠡᠶ ᠲᠥᠯᠥᠪᠯᠡᠨ ᠳ᠋ᠦᠩᠨᠡᠨ ᠪᠤᠳᠤᠬᠤ ᠦᠢ᠍ᠯᠡᠴᠢᠯᠡᠭᠡ ᠵᠢ ᠨᠡᠪᠲᠡᠷᠡᠭᠦᠯᠦᠨ᠎ᠡ; C ᠳᠡᠰ᠎ᠲᠤ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠂ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ᠂ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠᠭ᠋ᠠᠢ ᠡᠪᠡᠳᠴᠢᠨ᠂ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ ᠡᠮ᠂ ᠰᠠᠭᠤᠭ᠋ᠠᠯᠢ ᠠᠷᠠᠳ᠎ᠤᠨ 《ᠬᠤᠶᠠᠷ ᠡᠪᠡᠳᠴᠢᠨ》 (ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ) ᠵᠡᠷᠭᠡ ᠵᠢ ᠳ᠋ᠦᠩᠨᠡᠨ ᠪᠤᠳᠤᠬᠤ ᠦᠢ᠍ᠯᠡᠴᠢᠯᠡᠭᠡ ᠵᠢ ᠨᠡᠪᠲᠡᠷᠡᠭᠦᠯᠦᠨ᠎ᠡ᠃ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠎ᠳᠤ᠂ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠤᠳᠤᠬᠤ ᠵᠡᠷᠭᠡ ᠳᠡᠰ᠎ᠢ ᠦᠨᠳᠦᠰᠦᠯᠡᠨ ᠬᠤᠪᠢ ᠬᠥᠮᠦᠨ᠎ᠤ ᠲᠠᠩᠰᠠᠨ ᠡᠷᠦᠬᠡ᠂ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ᠂ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠᠭ᠋ᠠᠢ ᠡᠪᠡᠳᠴᠢᠨ ᠵᠡᠷᠭᠡ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠢ ᠭᠥᠷᠳᠡᠵᠦ ᠪᠣᠯᠤᠨ᠎ᠠ᠃ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠵᠣᠬᠢᠬᠤ ᠲᠠᠰ᠎ᠤᠨ ᠨᠡᠭᠡᠭᠡᠬᠦ ᠨᠥᠬᠦᠴᠡᠯ᠎ᠢ ᠪᠦᠷᠢᠯᠳᠦᠭᠦᠯᠦᠭᠰᠡᠨ ᠥᠬᠡᠶ ᠪᠤᠶᠤ ᠬᠠᠤᠯᠢ ᠲᠣᠭᠲᠠᠭ᠋ᠠᠯ᠎ᠠᠴᠠ ᠵᠥᠷᠢᠴᠡᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠢ᠌ᠪᠠᠯ᠂ ᠬᠠᠷᠠᠭ᠋ᠠᠯᠵᠠᠭᠰᠠᠨ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠤᠳᠤᠬᠤ ᠬᠢᠷᠢ ᠬᠡᠮ᠎ᠢ ᠣᠯᠵᠤ ᠳᠡᠢ᠌ᠯᠬᠦ ᠥᠬᠡᠶ᠃    

  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠬᠠᠮᠢᠶ᠎ᠠ ᠪᠥᠬᠦᠶ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠤ᠎ᠪᠠᠨ᠂ ᠡᠯ᠎ᠡ ᠠᠶ᠋ᠢᠮᠠᠭ ᠬᠤᠲᠠ ᠬᠠᠷᠢᠶ᠎ᠠ ᠭᠠᠵᠠᠷ᠎ᠲᠤ᠎ᠪᠠᠨ ᠬᠠᠮᠢᠶᠠᠷᠤᠭᠤᠯᠬᠤ ᠵᠠᠷᠴᠢᠮ ᠶᠣᠰᠣᠭ᠋ᠠᠷ᠂ ᠪᠣᠳᠠᠲᠠᠶ᠎ᠲᠠᠢ᠎ᠪᠠᠨ ᠤᠶᠠᠯᠳᠤᠭᠤᠯᠤᠨ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠣᠳᠣᠯᠲᠠ ᠵᠢ ᠱᠠᠲᠤ ᠬᠤᠪᠢᠶᠠᠨ ᠬᠠᠮᠢᠶᠠᠷᠬᠤ ᠵᠢ ᠥᠷᠨᠢᠭᠦᠯᠵᠦ᠂ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ ᠲᠤᠬᠠᠶ ᠵᠢᠨ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠨᠡᠶ᠋ᠢᠲᠡᠯᠡᠭᠰᠡᠨ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠲᠠᠰ᠎ᠢ ᠦᠨᠳᠦᠰᠦᠯᠡᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠵᠢ ᠰᠣᠩᠭᠤᠵᠤ ᠪᠣᠯᠤᠨ᠎ᠠ ᠭᠡᠵᠡᠢ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
       ᠪᠠᠢᠩᠭᠤ᠎ᠶᠢᠨ    ᠲᠥᠪ ᠬᠣᠲᠠ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ 《ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ》᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠪᠣᠳᠠᠲᠤ ᠲᠡᠮᠳᠡᠭᠯᠡᠯ
 
            