ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ 《ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ》᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠪᠣᠳᠠᠲᠤ ᠲᠡᠮᠳᠡᠭᠯᠡᠯ
ᠨᠡᠶ᠋ᠢᠲᠡᠯᠡᠭᠰᠡᠨ ᠴᠠᠭ᠄ 2025-07-02

 

 

  2025 ᠣᠨ᠎ᠤ 7 ᠳ᠋ᠤᠭᠠᠷ ᠰᠠᠷ᠎ᠠ᠎ᠶᠢᠨ 1᠎ᠤ ᠡᠳᠦᠷ᠎ᠤᠨ ᠦᠳᠡ᠎ᠶᠢᠨ ᠡᠮᠦᠨ᠎ᠡ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ 《ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ》 ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ ᠃ ᠳᠣᠣᠷᠠᠬᠢ ᠪᠣᠯ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠪᠣᠳᠠᠲᠤ ᠲᠡᠮᠳᠡᠭᠯᠡᠯ ᠪᠣᠯᠤᠨ᠎ᠠ ᠃

 

 

  ᠵᠦ᠍ ᠶᠥᠩ ᠹᠧᠩ

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠠᠯᠪᠠᠨ ᠬᠡᠷ᠎ᠤᠨ ᠡᠷᠬᠢᠯᠡᠭᠴᠢ ᠵᠦ᠍ ᠶᠦᠩ ᠹᠧᠩ ᠄

  ᠵᠠᠭᠤᠴᠢᠯᠠᠭᠤᠷ᠎ᠤᠨ ᠨᠠᠶ᠋ᠢᠵᠠ ᠨᠠᠷ ᠡ ᠂ ᠲᠠ ᠪᠦᠬᠦᠨ᠎ᠳᠤ ᠦᠳᠡ᠎ᠶᠢᠨ ᠡᠮᠦᠨ᠎ᠡ᠎ᠶᠢᠨ ᠮᠡᠨᠳᠦ ᠬᠦᠷᠭᠡᠶ᠎ᠡ ! ᠰᠤᠷᠪᠤᠯᠵᠢᠯᠠᠬ᠍ᠴᠢ ᠨᠠᠶ᠋ᠢᠵᠠ ᠨᠠᠷ᠎ᠤᠨ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠬᠤ᠎ᠪᠠᠷ ᠢᠷᠡᠭᠰᠡᠨ᠎ᠢ ᠪᠠᠶᠠᠷᠯᠠᠨ ᠤᠭᠲᠤᠵᠤ ᠪᠠᠢᠨ᠎ᠠ ᠃ ᠰᠢᠨ᠎ᠡ ᠡᠭᠦᠳᠦᠯᠲᠡ᠎ᠶᠢᠨ ᠡᠮ᠎ᠨᠢ ᠥᠷᠭᠡᠨ ᠣᠯᠠᠨ ᠠᠷᠠᠳ ᠲᠦᠮᠡᠨ᠎ᠤ ᠡᠷᠡᠭᠦᠯ ᠮᠡᠨᠳᠦ᠎ᠶᠢᠨ ᠡᠷᠬᠡ ᠠᠰᠢᠭ᠋᠎ᠢ ᠨᠠᠩ ᠰᠠᠶ᠋ᠢᠨ ᠪᠠᠲᠤᠯᠠᠬᠤ᠎ᠳᠤ ᠬᠤᠯᠪᠣᠭᠳᠠᠵᠤ ᠂ ᠡᠮ ᠡᠮᠨᠡᠯᠭᠡ᠎ᠶᠢᠨ ᠠᠵᠢᠯ ᠲᠥᠷᠥᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠤᠯᠪᠣᠭᠳᠠᠵᠤ ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠥᠪᠡᠷ᠎ᠢ᠎ᠪᠠᠨ ᠬᠦᠴᠦᠷᠬᠡᠭᠵᠢᠭᠦᠯᠵᠦ ᠪᠡᠶ᠎ᠡ᠎ᠪᠠᠨ ᠳᠠᠭᠠᠭᠠᠬᠤ᠎ᠳᠤ ᠬᠣᠯᠪᠣᠭᠳᠠᠵᠤ ᠂ ᠨᠠᠮ᠎ᠤᠨ ᠲᠥᠪ ᠬᠤᠷᠢᠶ᠎ᠠ ᠂ ᠲᠥᠷᠥ᠎ᠶᠢᠨ ᠶᠠᠪᠤᠳᠠᠯ᠎ᠤᠨ ᠬᠤᠷᠢᠶ᠎ᠠ᠎ᠠᠴᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠣᠢ ᠂ ᠣᠶ᠋ᠢᠷ᠎ᠠ᠎ᠳᠤ ᠂ ᠲᠥᠷᠥ᠎ᠶᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠡᠳ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠲᠠᠢ ᠬᠠᠮᠲᠤᠷᠠᠨ 《ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭᠠᠪᠠ ᠃ ᠦᠳᠡ᠎ᠶᠢᠨ ᠡᠮᠦᠨ᠎ᠡ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠠᠯᠪᠠᠨ ᠰᠦᠯᠵᠢᠶ᠎ᠡ ᠪᠠ ᠠᠯᠪᠠᠨ᠎ᠤ ᠣᠯᠠᠨ ᠨᠡᠢᠲᠡ᠎ᠶᠢᠨ ᠸᠢᠴᠠᠲ ᠲᠠᠪᠴᠠᠩ᠎ᠳᠦ ᠨᠢᠭᠡᠨᠲᠡ 《ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠵᠡᠶ ᠃ ᠥᠨᠥᠳᠦᠷ᠎ᠤᠨ ᠨᠡᠶ᠋ᠢᠲᠡᠯᠡᠬᠦ ᠬᠤᠷᠠᠯ᠎ᠤᠨ ᠭᠤᠤᠯ ᠰᠡᠳᠦᠪ ᠪᠣᠯ ᠳᠠᠷᠤᠶ 《ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ》᠎ᠤᠨ ᠬᠤᠯᠪᠣᠭᠳᠠᠯ ᠪᠥᠬᠦᠶ ᠪᠠᠶ᠋ᠢᠳᠠᠯ᠎ᠢ ᠲᠠᠨᠢᠯᠴᠠᠭᠤᠯᠬᠤ ᠶᠠᠪᠤᠳᠠᠯ ᠪᠣᠯᠤᠨ᠎ᠠ ᠃

  ᠥᠨᠥᠳᠦᠷ᠎ᠤᠨ ᠨᠡᠶ᠋ᠢᠲᠡᠯᠡᠬᠦ ᠬᠤᠷᠠᠯ᠎ᠳᠤ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠡᠮ ᠡᠮᠨᠡᠯᠭᠡ᠎ᠶᠢᠨ ᠬᠠᠮᠢᠶᠠᠷᠤᠯᠲᠠ᠎ᠶᠢᠨ ᠵᠤᠷᠭᠠᠨ᠎ᠤ ᠳᠠᠷᠤᠭ᠎ᠠ ᠬᠤᠸᠠᠩ ᠰᠢᠨ ᠢᠦᠶ ᠠᠪᠤᠭᠠᠶ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠦᠨ᠎ᠡ ᠬᠠᠩᠰᠢ ᠬᠤᠳᠠᠯᠳᠤᠨ ᠠᠪᠬᠤ ᠵᠤᠷᠭᠠᠨ᠎ᠤ ᠳᠠᠷᠤᠭ᠎ᠠ ᠸᠠᠩ ᠰᠢᠶᠤᠤ ᠨᠢᠩ ᠠᠪᠤᠭᠠᠶ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠥᠪ᠎ᠤᠨ ᠳᠡᠳ᠋ ᠡᠷᠬᠢᠯᠡᠭᠴᠢ ᠸᠠᠩ ᠭᠦᠸᠧ ᠳ᠋ᠦᠩ ᠠᠪᠤᠭᠠᠢ ᠲᠤᠰ ᠲᠤᠰ ᠣᠷᠣᠯᠴᠠᠬᠤ ᠪᠣᠯᠣᠨ᠎ᠠ ᠃ ᠪᠢ ᠪᠤᠯ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠤᠪᠴᠢᠶᠠᠨ᠎ᠤ ᠠᠯᠪᠠᠨ ᠭᠡᠷ᠎ᠤᠨ ᠵᠦ᠍ ᠶᠥᠩ ᠹᠧᠩ ᠪᠣᠯᠣᠨ᠎ᠠ ᠃

  ᠳᠣᠣᠷ᠎ᠠ ᠪᠢᠳᠡ ᠵᠢᠩᠬᠢᠨᠢ᠎ᠪᠠᠷ ᠨᠡᠶ᠋ᠢᠲᠡᠯᠡᠬᠦ ᠱᠠᠲᠤᠨ᠎ᠳᠤ ᠣᠷᠣᠶ᠎ᠠ ᠃ ᠡᠩ ᠲᠡᠷᠢᠭᠦᠨ᠎ᠳᠤ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠡᠮ ᠡᠮᠨᠡᠯᠭᠡ᠎ᠶᠢᠨ ᠦᠢᠯᠡᠴᠢᠯᠡᠭᠡᠨ᠎ᠤ ᠬᠠᠮᠢᠶᠠᠷᠤᠯᠲᠠ᠎ᠶᠢᠨ ᠵᠤᠷᠭᠠᠨ᠎ᠤ ᠳᠠᠷᠤᠭ᠎ᠠ ᠬᠤᠸᠠᠩ ᠰᠢᠨ ᠢᠦᠶ ᠠᠪᠤᠭᠠᠶ᠎ᠶᠢ ᠤᠷᠢᠵᠤ ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ᠎ᠤᠨ ᠬᠤᠯᠪᠣᠭᠳᠠᠯ ᠪᠥᠬᠦᠶ ᠪᠠᠶ᠋ᠢᠳᠠᠯ᠎ᠳᠦ ᠲᠠᠨᠢᠯᠴᠠᠭᠤᠯᠭ᠎ᠠ ᠬᠢᠯᠭᠡᠶ᠎ᠡ ᠃

 

 

  ᠬᠤᠸᠠᠩ ᠰᠢᠨ ᠢᠦᠶ

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠡᠮ ᠡᠮᠨᠡᠯᠭᠡ᠎ᠶᠢᠨ ᠦᠢᠯᠡᠴᠢᠯᠡᠭᠡᠨ᠎ᠤ ᠬᠠᠮᠢᠶᠠᠷᠤᠯᠲᠠ᠎ᠶᠢᠨ ᠵᠤᠷᠭᠠᠨ᠎ᠤ ᠳᠠᠷᠤᠭ᠎ᠠ ᠬᠤᠸᠠᠩ ᠰᠢᠨ ᠢᠤᠢ ᠄

  ᠰᠤᠷᠪᠤᠯᠵᠢᠯᠠᠭ᠍ᠴᠢ ᠨᠠᠶ᠋ᠢᠵᠠ ᠨᠠᠷ ᠡ ᠂ ᠲᠠ ᠪᠦᠬᠦᠨ᠎ᠳᠦ ᠦᠳᠡ᠎ᠶᠢᠨ ᠡᠮᠦᠨ᠎ᠡ᠎ᠶᠢᠨ ᠮᠡᠨᠳᠦ ᠬᠦᠷᠭᠡᠶ᠎ᠡ ! ᠨᠡᠶ᠋ᠢᠭᠡᠮ᠎ᠤᠨ ᠡᠯ᠎ᠡ ᠡᠲᠡᠭᠡᠳ᠎ᠤᠨ ᠬᠢᠨ ᠪᠠ ᠵᠠᠭᠤᠴᠢᠯᠠᠭᠤᠷ᠎ᠤᠨ ᠨᠠᠶ᠋ᠢᠵᠠ ᠨᠠᠷ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠶ᠋ᠢᠨ᠎ᠠ ! ᠳᠣᠤᠷ᠎ᠠ ᠪᠢ ᠣᠯᠠᠨ᠎ᠳᠤ 《ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠨ ᠬᠡᠷᠡᠭᠵᠢᠭᠦᠯᠦᠭᠰᠡᠨ ᠬᠠᠮᠢᠶ᠎ᠠ ᠪᠦᠬᠦᠢ ᠪᠠᠶ᠋ᠢᠳᠠᠯ᠎ᠢ ᠲᠣᠪᠴᠢ ᠲᠠᠨᠢᠯᠴᠠᠭᠤᠯᠤᠶ᠎ᠠ ᠃

  ᠡᠮ᠎ᠤᠨ ᠦᠢᠯᠡᠰ᠎ᠤᠨ ᠰᠢᠨ᠎ᠡ ᠡᠭᠦᠳᠦᠯᠲᠡ᠎ᠶᠢ ᠵᠣᠷᠢᠭ᠍ᠵᠢᠭᠤᠯᠬᠤ ᠪᠣᠯ ᠡᠮᠴᠢᠯᠡᠭᠡᠨ᠎ᠳᠦ ᠡᠮ ᠬᠡᠷᠡᠭᠯᠡᠬᠦ ᠮᠡᠷᠭᠡᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠂ ᠠᠷᠠᠳ ᠣᠯᠠᠨ᠎ᠤ ᠡᠷᠡᠭᠦᠯ ᠮᠡᠨᠳᠦ᠎ᠶᠢ ᠰᠠᠢᠵᠢᠷᠠᠭᠤᠯᠬᠤ ᠴᠢᠬᠤᠯᠠ ᠠᠷᠭ᠎ᠠ ᠵᠠᠮ ᠮᠥᠨ ᠂ ᠪᠠᠰᠠ ᠴᠤ᠌ ᠮᠠᠨ᠎ᠤ ᠤᠯᠤᠰ᠎ᠤᠨ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠤᠨ ᠪᠡᠶ᠎ᠡ᠎ᠪᠠᠨ ᠳᠠᠭᠠᠭᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠶᠢ ᠳᠡᠮᠵᠢᠬᠦ ᠴᠢᠬᠤᠯᠠ ᠠᠷᠭ᠎ᠠ ᠪᠠᠷᠢᠯ ᠪᠣᠯᠣᠨ᠎ᠠ ᠃ ᠨᠠᠮ᠎ᠤᠨ ᠲᠥᠪ ᠬᠤᠷᠢᠶ᠎ᠠ ᠂ ᠲᠥᠷᠥ᠎ᠶᠢᠨ ᠶᠠᠪᠤᠳᠠᠯ᠎ᠤᠨ ᠬᠤᠷᠢᠶ᠎ᠠ᠎ᠠᠴᠠ ᠡᠮ ᠡᠮᠨᠡᠯᠭᠡ᠎ᠶᠢᠨ ᠰᠢᠨ᠎ᠡ ᠡᠭᠦᠳᠦᠯᠲᠡ᠎ᠶᠢᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ 2024 ᠣᠨ᠎ᠳᠤ ᠪᠥᠬᠦ ᠬᠡᠯᠬᠢᠶᠡᠨ᠎ᠦ ᠰᠢᠨ᠎ᠡ ᠡᠭᠦᠳᠦᠯᠲᠡ᠎ᠶᠢᠨ ᠡᠮ᠎ᠤᠨ ᠬᠥᠭᠵᠢᠯᠲᠡ᠎ᠶᠢ ᠳᠡᠮᠵᠢᠬᠦ ᠴᠢᠬᠤᠯᠠ ᠪᠠᠶ᠋ᠢᠷᠢᠯᠠᠭᠤᠯᠤᠯᠲᠠ ᠬᠢᠵᠦ ᠂ 2025 ᠣᠨ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠢ ᠪᠠᠶ᠋ᠢᠭᠤᠯᠬᠤ᠎ᠶᠢ ᠤᠯᠠᠮ ᠨᠢᠭᠡ ᠠᠯᠬᠤᠮ ᠳᠤᠷᠠᠳᠴᠤ ᠂ ᠰᠢᠨ᠎ᠡ ᠡᠭᠦᠳᠦᠯᠲᠡ᠎ᠶᠢᠨ ᠡᠮ᠎ᠤᠨ ᠬᠥᠭᠵᠢᠯᠲᠡ᠎ᠶᠢ       ᠳᠡᠮᠵᠢᠪᠡ ᠃ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶ᠎ᠠ ᠬᠤᠯᠪᠣᠭᠳᠠᠯ ᠪᠥᠬᠦᠶ ᠱᠠᠭᠠᠷᠳᠠᠯᠭ᠎ᠠ᠎ᠶᠢ ᠡᠷᠡᠰ ᠨᠠᠶ᠋ᠢᠳᠠᠪᠤᠷᠢᠵᠢᠭᠤᠯᠵᠤ ᠂ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ ᠂ ᠥᠷᠭᠡᠨ ᠣᠯᠠᠨ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠤ ᠦᠨᠳᠦᠰᠦᠨ ᠡᠮᠴᠢᠯᠡᠭᠡᠨ᠎ᠦ ᠡᠷᠬᠡ ᠠᠰᠢᠭ᠋᠎ᠢ ᠰᠠᠶ᠋ᠢᠲᠤᠷ ᠪᠠᠲᠤᠯᠠᠬᠤ᠎ᠶᠢᠨ ᠬᠠᠮᠲᠤ ᠂ ᠪᠦᠲᠦᠮᠵᠢᠲᠡᠶ ᠠᠷᠭ᠎ᠠ ᠬᠡᠮᠵᠢᠶ᠎ᠡ᠎ᠪᠡᠷ ᠰᠢᠨ᠎ᠡ ᠡᠭᠦᠳᠦᠯᠲᠡ᠎ᠶᠢᠨ ᠡᠮ᠎ᠤᠨ ᠬᠥᠭᠵᠢᠯᠲᠡ᠎ᠶᠢ ᠢᠳᠡᠪᠬᠢᠲᠡᠶ ᠳᠡᠮᠵᠢᠪᠡ ᠃

  ᠨᠢᠭᠡ᠎ᠳᠤ ᠂ ᠰᠢᠨ᠎ᠡ ᠡᠮ᠎ᠢ ᠵᠥᠪᠰᠢᠶᠡᠷᠡᠨ ᠣᠷᠣᠭᠤᠯᠬᠤ᠎ᠳᠤ ᠵᠣᠬᠢᠴᠠᠭᠰᠠᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠬᠥᠳᠡᠯᠦᠩᠭᠦᠶ ᠲᠣᠬᠢᠷᠠᠭᠤᠯᠤᠯᠲᠠ ᠬᠢᠬᠦ ᠲᠣᠭᠲᠠᠴᠠ᠎ᠶᠢ ᠪᠠᠶ᠋ᠢᠭᠤᠯᠪᠠ ᠃ ᠵᠢᠯ ᠪᠦᠷᠢ ᠨᠢᠭᠡ ᠤᠳᠠᠭ᠎ᠠ ᠲᠣᠬᠢᠷᠠᠭᠤᠯᠤᠯᠲᠠ ᠬᠢᠬᠦ ᠬᠥᠳᠡᠯᠦᠩᠭᠦᠶ ᠲᠣᠭᠲᠠᠴᠠ᠎ᠶᠢ ᠪᠠᠶ᠋ᠢᠭᠤᠯᠵᠤ ᠂ ᠲᠣᠬᠢᠷᠠᠭᠤᠯᠬᠤ ᠦᠶᠡᠯᠡᠯ᠎ᠤᠨ ᠬᠤᠭᠤᠴᠠᠭ᠎ᠠ᠎ᠶᠢ ᠡᠮᠦᠨᠡᠬᠢ ᠬᠠᠮᠤᠭ᠎ᠤᠨ ᠤᠷᠲᠤ᠎ᠳᠦ᠎ᠪᠡᠨ 8 ᠵᠢᠯ ᠪᠠᠢᠭᠰᠠᠨ᠎ᠢ 1 ᠵᠢᠯ ᠪᠣᠯᠭᠠᠨ ᠪᠣᠭᠤᠨᠢᠰᠬᠠᠪᠠ ᠃ ᠵᠥᠪᠰᠢᠶᠡᠷᠡᠨ ᠣᠷᠣᠭᠤᠯᠬᠤ ᠠᠷᠭ᠎ᠠ ᠮᠠᠶᠢᠭ᠋᠎ᠢ ᠲᠤᠰᠬᠠᠶ ᠮᠡᠷᠭᠡᠵᠢᠯᠲᠡᠨ᠎ᠢᠶᠠᠷ ᠰᠢᠯᠢᠨ ᠰᠣᠩᠭᠤᠵᠤ ᠠᠵᠤ ᠠᠬᠤᠶ᠋ᠢᠯᠠᠯ᠎ᠢᠶᠠᠷ ᠭᠤᠶᠤᠴᠢᠯᠠᠨ ᠮᠡᠳᠡᠭᠦᠯᠬᠦ ᠪᠣᠯᠭᠠᠨ ᠬᠤᠪᠢᠷᠠᠭᠤᠯᠵᠤ ᠂ ᠭᠤᠶᠤᠴᠢᠯᠠᠨ ᠮᠡᠳᠡᠭᠦᠯᠬᠦ ᠬᠡᠪᠴᠢᠶ᠎ᠡ᠎ᠶᠢ ᠭᠤᠤᠯᠳᠠᠭᠤ 5 ᠵᠢᠯ᠎ᠤᠨ ᠳᠣᠲᠣᠷ᠎ᠠ ᠰᠢᠨ᠎ᠡ᠎ᠪᠠᠷ ᠵᠠᠬ᠎ᠠ ᠳᠡᠯᠭᠡᠭᠦᠷ᠎ᠲᠤ ᠭᠠᠷᠭᠠᠭᠰᠠᠨ ᠡᠮ᠎ᠤᠨ ᠵᠦᠢᠯ᠎ᠳᠤ ᠲᠥᠪᠯᠡᠷᠡᠭᠦᠯᠪᠡ ᠃ 5 ᠵᠢᠯ᠎ᠤᠨ ᠳᠣᠲᠣᠷ᠎ᠠ ᠰᠢᠨ᠎ᠡ᠎ᠪᠠᠷ ᠵᠠᠬ᠎ᠠ ᠳᠡᠯᠭᠡᠭᠦᠷ᠎ᠲᠤ ᠭᠠᠷᠭᠠᠭᠰᠠᠨ ᠡᠮ᠎ᠤᠨ ᠵᠦᠢᠯ᠎ᠤᠨ ᠲᠤᠬᠠᠶ᠎ᠶᠢᠨ ᠵᠢᠯ᠎ᠤᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠰᠢᠨ᠎ᠡ᠎ᠪᠠᠷ ᠨᠡᠮᠡᠭᠳᠡᠭᠰᠡᠨ ᠲᠥᠷᠥᠯ ᠵᠦᠢᠯ᠎ᠤᠨ ᠡᠵᠡᠯᠡᠬᠦ ᠬᠠᠷᠢᠴᠠᠯ᠎ᠢ 2019 ᠣᠨ᠎ᠤ 32% ᠪᠠᠶ᠋ᠢᠭ᠍ᠰᠠᠨ᠎ᠠᠴᠠ 2024 ᠣᠨ᠎ᠤ 98% ᠪᠣᠯᠲᠠᠯ᠎ᠠ       ᠳᠡᠭᠡᠭᠰᠢᠯᠡᠭᠦᠯᠪᠡ ᠃ 2024 ᠣᠨ᠎ᠳᠤ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠰᠢᠨ᠎ᠡ᠎ᠪᠠᠷ ᠣᠷᠣᠭᠤᠯᠤᠭᠰᠠᠨ 91 ᠡᠮ᠎ᠤᠨ ᠵᠦᠢᠯ᠎ᠡᠴᠡ 31 ᠡᠮ᠎ᠦᠨ ᠵᠦᠢᠯ᠎ᠢ ᠨᠢ 《ᠲᠣᠰ ᠵᠢᠯ᠎ᠳᠤ᠎ᠪᠠᠨ ᠵᠥᠪᠰᠢᠶᠡᠷᠡᠭᠳᠡᠵᠦ ᠂ ᠲᠣᠰ ᠵᠢᠯ᠎ᠳᠤ᠎ᠪᠠᠨ ᠣᠷᠣᠭᠤᠯᠬᠤ》᠎ᠶᠢ ᠪᠡᠶᠡᠯᠡᠭᠦᠯᠪᠡ ᠃ ᠰᠢᠨ᠎ᠡ ᠡᠮ᠎ᠨᠢ ᠵᠠᠬ᠎ᠠ ᠳᠡᠯᠭᠡᠭᠦᠷ᠎ᠲᠤ ᠭᠠᠷᠭᠠᠬᠤ᠎ᠪᠠᠷ ᠵᠥᠪᠰᠢᠶᠡᠷᠡᠭᠳᠡᠭᠰᠡᠨ᠎ᠠᠴᠠ ᠡᠮᠴᠢᠯᠡᠭᠡᠨ᠎ᠤ ᠳᠠᠭᠠᠳᠬᠠᠯ᠎ᠤᠨ ᠭᠠᠷᠴᠠᠭ᠎ᠲᠤ ᠣᠷᠤᠵᠤ ᠲᠠᠩᠰᠠ ᠲᠠᠶ᠋ᠢᠯᠬᠤ ᠬᠦᠷᠲᠡᠯ᠎ᠡ ᠴᠠᠭ᠎ᠨᠢ ᠤᠤᠯ᠎ᠤᠨ 5 ᠵᠢᠯ ᠣᠷᠴᠢᠮ ᠪᠠᠢᠭᠰᠠᠨ᠎ᠠᠴᠠ 1 ᠵᠢᠯ ᠣᠷᠴᠢᠮ ᠪᠣᠯᠲᠠᠯ᠎ᠠ ᠪᠣᠭᠣᠨᠢᠰᠴᠤ ᠂ ᠪᠠᠷᠤᠭ 80%᠎ᠶᠢᠨ ᠰᠢᠨ᠎ᠡ ᠡᠭᠦᠳᠦᠯᠲᠡ᠎ᠶᠢᠨ ᠡᠮ᠎ᠨᠢ ᠵᠠᠬ᠎ᠠ ᠳᠡᠯᠭᠡᠭᠦᠷ᠎ᠲᠤ ᠭᠠᠷᠤᠭᠰᠠᠨ 2 ᠵᠢᠯ᠎ᠤᠨ ᠳᠣᠲᠣᠷ᠎ᠠ ᠡᠮᠴᠢᠯᠡᠭᠡᠨ᠎ᠤ ᠳᠠᠭᠠᠳᠬᠠᠯ᠎ᠤᠨ ᠲᠣᠭᠠᠴᠠᠭ᠎ᠠ ᠬᠢᠬᠦ ᠬᠡᠪᠴᠢᠶᠡᠨ᠎ᠳᠤ ᠣᠷᠣᠭᠤᠯᠵᠤ ᠪᠣᠯᠣᠨ᠎ᠠ ᠃

  ᠬᠤᠶᠠᠷ᠎ᠲᠤ ᠂ ᠰᠢᠨ᠎ᠡ ᠡᠭᠦᠳᠦᠯᠲᠡ᠎ᠶᠢᠨ ᠡᠮ᠎ᠢ ᠡᠮᠴᠢᠯᠡᠭᠡᠨ᠎ᠤ ᠳᠠᠭᠠᠳᠬᠠᠯ᠎ᠤᠨ ᠭᠠᠷᠴᠠᠭ᠎ᠲᠤ ᠣᠷᠣᠭᠤᠯᠬᠤ᠎ᠳᠤ ᠲᠥᠷᠥ᠎ᠶᠢᠨ ᠪᠣᠳᠣᠯᠭ᠎ᠠ᠎ᠶᠢᠨ ᠬᠠᠷᠠᠭᠠᠯᠵᠠᠯ ᠦᠵᠡᠭᠦᠯᠪᠡ ᠃ ᠭᠤᠶᠤᠴᠢᠯᠠᠨ ᠮᠡᠳᠡᠭᠦᠯᠬᠦ ᠂ ᠬᠢᠨᠠᠨ ᠲᠣᠭᠲᠠᠭᠠᠬᠤ ᠂ ᠲᠥᠰᠦᠭᠡᠯᠡᠨ ᠪᠤᠳᠤᠬᠤ ᠂ ᠬᠡᠯᠡᠯᠴᠡᠭᠡᠷ ᠬᠢᠬᠦ ᠵᠡᠷᠭᠡ ᠪᠥᠬᠦ ᠶᠠᠪᠤᠴᠠ᠎ᠶᠢᠨ ᠰᠢᠨ᠎ᠡ ᠡᠭᠦᠳᠦᠯᠲᠡ᠎ᠶᠢᠨ ᠡᠮ᠎ᠤᠨ ᠳᠡᠮᠵᠢᠯᠭᠡ᠎ᠶᠢᠨ ᠲᠣᠭᠲᠠᠴᠠ᠎ᠶᠢ ᠪᠠᠶ᠋ᠢᠭᠤᠯᠪᠠ ᠃ 2024 ᠣᠨ᠎ᠳᠤ 38 《ᠪᠥᠬᠦ ᠪᠥᠮᠪᠥᠷᠴᠡᠭ᠎ᠤᠨ ᠰᠢᠨ᠎ᠡ》 ᠰᠢᠨ᠎ᠡ ᠡᠭᠦᠳᠦᠯᠲᠡ᠎ᠶᠢᠨ ᠡᠮ᠎ᠢ ᠡᠮᠴᠢᠯᠡᠭᠡᠨ᠎ᠤ ᠳᠠᠭᠠᠳᠬᠠᠯ᠎ᠤᠨ ᠭᠠᠷᠴᠠᠭ᠎ᠲᠤ ᠣᠷᠣᠭᠤᠯᠵᠤ ᠂ ᠰᠢᠨ᠎ᠡ ᠡᠭᠦᠳᠦᠯᠲᠡ᠎ᠶᠢᠨ ᠡᠮ᠎ᠤᠨ ᠬᠡᠯᠡᠯᠴᠡᠭᠡᠷ ᠬᠢᠭᠡᠳ ᠠᠮᠵᠢᠯᠲᠠ ᠣᠯᠤᠭᠰᠠᠨ ᠨᠣᠷᠮ᠎ᠠ᠎ᠨᠢ ᠨᠡᠯᠢᠶᠡᠳ ᠶᠡᠷᠦᠩᠬᠡᠶ ᠠᠮᠵᠢᠯᠲᠠ ᠣᠯᠤᠭᠰᠠᠨ ᠨᠣᠷᠮ᠎ᠠ᠎ᠡᠴᠡ 16 ᠵᠠᠭᠤᠨ᠎ᠤ ᠴᠡᠭ ᠥᠨᠳᠥᠷᠵᠢᠪᠡ ᠃ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠢ ᠡᠮᠴᠢᠯᠡᠭᠡᠨ᠎ᠤ ᠳᠠᠭᠠᠳᠬᠠᠯ᠎ᠤᠨ ᠭᠠᠷᠴᠠᠭ᠎ᠲᠤ ᠣᠷᠣᠭᠤᠯᠤᠭᠰᠠᠨ᠎ᠤ ᠳᠠᠷᠠᠭ᠎ᠠ ᠂ ᠣᠯᠠᠩᠬᠢ᠎ᠨᠢ ᠪᠣᠷᠣᠯᠠᠭᠤᠯᠤᠭᠰᠠᠨ ᠬᠡᠮᠵᠢᠶ᠎ᠡ ᠪᠠ ᠪᠣᠷᠣᠯᠠᠭᠤᠯᠤᠭᠰᠠᠨ ᠵᠣᠭᠤᠰ᠎ᠤᠨ ᠲᠣᠭᠠᠨ᠎ᠤ ᠬᠤᠶᠠᠷ᠎ᠢ ᠵᠡᠷᠭᠡ᠎ᠪᠠᠷ ᠳᠡᠭᠡᠭᠰᠢᠯᠡᠭᠦᠯᠬᠦ᠎ᠶᠢ ᠪᠡᠶᠡᠯᠡᠭᠦᠯᠪᠡ ᠃

  ᠭᠤᠷᠪᠠ᠎ᠳᠤ ᠂ ᠰᠢᠨ᠎ᠡ ᠡᠭᠦᠳᠦᠯᠲᠡ᠎ᠶᠢᠨ ᠡᠮ᠎ᠤᠨ ᠬᠥᠭᠵᠢᠯᠲᠡ᠎ᠶᠢ ᠳᠡᠮᠵᠢᠬᠦ ᠬᠡᠯᠡᠯᠴᠡᠭᠡᠷ ᠬᠢᠬᠦ ᠪᠠ ᠦᠷᠭᠦᠯᠵᠢᠯᠡᠬᠦ ᠲᠦᠷᠢᠮ᠎ᠢ ᠲᠡᠭᠦᠯᠳᠡᠷᠵᠢᠭᠦᠯᠪᠡ ᠃ ᠦᠨ᠎ᠡ ᠬᠠᠩᠰᠢ᠎ᠶᠢᠨ ᠬᠡᠯᠡᠯᠴᠡᠭᠡᠷ ᠬᠢᠬᠦ ᠱᠠᠲᠤᠨ᠎ᠳᠤ ᠂ ᠡᠮ᠎ᠤᠨ ᠵᠦᠢᠯ᠎ᠤᠨ ᠦᠨ᠎ᠡ ᠥᠷᠲᠡᠭ᠎ᠢ ᠣᠯᠠᠨ ᠲᠠᠯ᠎ᠠ᠎ᠠᠴᠠ ᠶᠡᠷᠦᠩᠬᠡᠶ᠋ᠢᠯᠡᠨ ᠰᠤᠳᠤᠯᠤᠨ ᠮᠠᠭᠠᠳᠯᠠᠵᠤ ᠂ ᠡᠪᠡᠳᠴᠢᠲᠡᠨ᠎ᠤ ᠡᠮᠴᠢᠯᠡᠭᠡ᠎ᠳᠤ ᠠᠰᠢᠭ᠋ ᠬᠦᠷᠲᠡᠬᠦ᠎ᠪᠠᠷ ᠭᠤᠤᠯ ᠦᠨᠳᠦᠰᠦᠯᠡᠯ ᠪᠣᠯᠭᠠᠨ ᠬᠡᠯᠡᠯᠴᠡᠭᠡᠷ᠎ᠤᠨ ᠰᠠᠭᠤᠷᠢ ᠦᠨ᠎ᠡ᠎ᠶᠢ ᠲᠣᠭᠲᠠᠭᠠᠵᠤ ᠂ ᠦᠨ᠎ᠡ ᠥᠷᠲᠡᠭ᠎ᠢᠶᠠᠷ ᠬᠤᠳᠠᠯᠳᠤᠨ ᠠᠪᠬᠤ᠎ᠶᠢ ᠪᠡᠶᠡᠯᠡᠭᠦᠯᠦᠨ᠎ᠡ ᠃ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠣᠷᠣᠭᠤᠯᠤᠭᠰᠠᠨ᠎ᠤ ᠳᠠᠷᠠᠭᠠᠬᠢ ᠦᠷᠭᠦᠯᠵᠢᠯᠡᠨ ᠪᠣᠯᠵᠣᠬᠤ ᠱᠠᠲᠤᠨ᠎ᠳᠤ ᠂ ᠭᠡᠷ᠎ᠡ᠎ᠶᠢ ᠦᠷᠭᠦᠯᠵᠢᠯᠡᠭᠦᠯᠬᠦ ᠳᠦᠷᠢᠮ᠎ᠢ ᠰᠢᠯᠢᠳᠡᠭᠵᠢᠭᠦᠯᠦᠨ ᠂ ᠬᠡᠯᠡᠯᠴᠡᠭᠡᠷ᠎ᠤᠨ ᠬᠤᠭᠤᠴᠠᠭᠠᠨ᠎ᠳᠤ ᠡᠮ᠎ᠤᠨ ᠵᠦᠢᠯ᠎ᠤᠨ ᠦᠨ᠎ᠡ᠎ᠪᠠᠨ ᠪᠠᠭᠤᠷᠠᠭᠤᠯᠬᠤ ᠬᠡᠮᠵᠢᠶ᠎ᠡ᠎ᠶᠢ ᠵᠦᠢ ᠵᠣᠬᠢᠰᠲᠠᠶ ᠡᠵᠡᠮᠳᠡᠵᠦ ᠂ ᠰᠢᠨ᠎ᠡ ᠡᠮ᠎ᠤᠨ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠶᠢᠨ ᠬᠠᠮᠲᠤ ᠂ 1 ᠲᠥᠷᠥᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠦᠨ᠎ᠡ᠎ᠪᠠᠨ ᠪᠠᠭᠤᠷᠠᠭᠤᠯᠬᠤ ᠲᠣᠭᠲᠠᠴᠠ᠎ᠶᠢ ᠬᠥᠨᠳᠡᠭᠰᠡᠨ ᠪᠠᠶ᠋ᠢᠳᠠᠯ ᠳᠣᠤᠷ᠎ᠠ ᠳᠠᠬᠢᠨ ᠬᠡᠯᠡᠯᠴᠡᠭᠡᠷ᠎ᠢᠶᠠᠷ ᠭᠡᠷ᠎ᠡ᠎ᠪᠠᠨ ᠦᠷᠭᠦᠯᠵᠢᠯᠡᠭᠦᠯᠬᠦ᠎ᠶᠢ ᠵᠥᠪᠰᠢᠶᠡᠷᠡᠨ᠎ᠡ ᠃ 2024 ᠣᠨ᠎ᠳᠤ ᠳᠥᠭᠦᠮᠬᠡᠨ᠎ᠢᠶᠠᠷ ᠡᠮ᠎ᠤᠨ ᠵᠦᠢᠯ᠎ᠦᠨ ᠳᠤᠮᠳᠠᠴᠢ ᠪᠠᠭᠤᠷᠠᠯᠲᠠ᠎ᠨᠢ ᠵᠥᠪᠬᠡᠨ 1.2%᠎ᠢᠶᠠᠷ ᠪᠠᠭᠤᠷᠠᠵᠤ ᠂ ᠡᠭᠦᠨ᠎ᠳᠤ 80%᠎ᠨᠢ ᠤᠤᠯ᠎ᠤᠨ ᠦᠨ᠎ᠡ᠎ᠪᠠᠷ ᠦᠷᠭᠦᠯᠵᠢᠯᠡᠵᠦ ᠂ 93%᠎ᠶᠢᠨ ᠲᠥᠷᠥᠯ ᠵᠦᠢᠯ᠎ᠤᠨ ᠪᠠᠭᠤᠷᠠᠯᠲᠠ᠎ᠶᠢᠨ ᠬᠡᠮᠵᠢᠶ᠎ᠡ᠎ᠨᠢ 5%᠎ᠠᠴᠠ ᠳᠠᠪᠠᠭᠰᠠᠨ ᠥᠬᠡᠶ ᠃ ᠰᠢᠨ᠎ᠡ᠎ᠪᠡᠷ ᠲᠣᠬᠢᠷᠠᠬᠤ ᠡᠪᠡᠳᠴᠢᠨ᠎ᠢ ᠨᠡᠮᠡᠭᠰᠡᠨ ᠪᠥᠭᠡᠳ ᠭᠡᠷ᠎ᠡ᠎ᠶᠢ ᠳᠥᠭᠥᠮᠬᠡᠨ᠎ᠢᠶᠠᠷ ᠦᠷᠭᠦᠯᠵᠢᠯᠡᠭᠦᠯᠦᠭᠰᠡᠨ 18 ᠲᠥᠷᠥᠯ ᠵᠦᠢᠯ᠎ᠠᠴᠠ ᠵᠥᠪᠬᠡᠨ 5 ᠲᠥᠷᠥᠯ ᠵᠦᠢᠯ᠎ᠦᠨ ᠦᠨ᠎ᠡ᠎ᠶᠢ ᠪᠠᠭᠤᠷᠠᠭᠤᠯᠬᠤ ᠲᠣᠭᠲᠠᠴᠠ᠎ᠶᠢ ᠪᠤᠶ ᠪᠣᠯᠭᠠᠭᠰᠠᠨ ᠪᠠᠢᠨ᠎ᠠ ᠃  ᠡᠭᠦᠨ᠎ᠠᠴᠠ ᠭᠠᠳᠠᠨ᠎ᠠ ᠪᠠᠰᠠ ᠣᠯᠠᠨ ᠤᠯᠤᠰ᠎ᠤᠨ ᠨᠡᠶ᠋ᠢᠳᠡᠮ ᠬᠡᠷᠡᠭᠯᠡᠬᠦ ᠠᠷᠭ᠎ᠠ ᠬᠢᠳᠡᠯ᠎ᠢᠶᠠᠷ ᠯᠠᠪᠯᠠᠯᠲᠠ ᠪᠣᠯᠭᠠᠵᠤ ᠂ ᠨᠥᠬᠦᠴᠡᠯ᠎ᠳᠤ ᠨᠡᠶ᠋ᠢᠴᠡᠬᠦ ᠡᠮ᠎ᠤᠨ ᠵᠦᠢᠯ᠎ᠳᠤ ᠬᠡᠯᠡᠯᠴᠡᠭᠡᠷ ᠬᠢᠭᠰᠡᠨ᠎ᠤ ᠳᠠᠷᠠᠭᠠᠬᠢ ᠡᠮᠴᠢᠯᠡᠭᠡᠨ᠎ᠤ ᠳᠠᠭᠠᠳᠬᠠᠯ᠎ᠢᠶᠡᠷ ᠲᠣᠭᠠᠴᠠᠭ᠎ᠠ ᠬᠢᠬᠦ ᠪᠠᠷᠢᠮᠵᠢᠶ᠎ᠠ᠎ᠶᠢᠨ ᠨᠢᠭᠤᠴᠠ᠎ᠶᠢ ᠬᠠᠮᠠᠭᠠᠯᠠᠵᠤ ᠴᠢᠳᠠᠵᠠᠢ ᠃

  ᠶᠡᠷᠦᠩᠬᠡᠶ᠎ᠳᠦ ᠨᠢ ᠠᠪᠴᠤ ᠦᠵᠡᠪᠡᠯ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠪᠠᠶ᠋ᠢᠭᠤᠯᠤᠭᠳᠠᠭᠰᠠᠨ᠎ᠠᠴᠠ ᠨᠠᠭᠠᠰᠢ ᠂ ᠰᠢᠨ᠎ᠡ᠎ᠶᠢ ᠡᠭᠦᠳᠬᠦ᠎ᠪᠠᠷ ᠬᠥᠳᠡᠯᠭᠡᠭᠦᠷ ᠪᠣᠯᠭᠠᠬᠤ ᠪᠠᠶ᠋ᠢᠯᠳᠤᠬᠤ ᠪᠣᠳᠣᠯᠭ᠎ᠠ᠎ᠶᠢ ᠬᠢᠨᠠᠮᠠᠭᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠂ ᠪᠠᠶ᠋ᠢᠯᠳᠤᠬᠤ ᠪᠣᠳᠣᠯᠭ᠎ᠠ᠎ᠶᠢᠨ ᠬᠤᠳᠠᠯᠳᠤᠨ ᠠᠪᠬᠤ ᠂ ᠦᠨ᠎ᠡ ᠥᠷᠲᠡᠭ᠎ᠢᠶᠠᠷ ᠬᠤᠳᠠᠯᠳᠤᠨ ᠠᠪᠬᠤ᠎ᠪᠠᠷ ᠳᠠᠮᠵᠢᠭᠤᠯᠤᠨ ᠬᠡᠷᠡᠭᠰᠡᠬᠦ ᠲᠠᠯ᠎ᠠ᠎ᠶᠢᠨ᠎ᠬᠢᠨ᠎ᠢᠶᠠᠷ ᠬᠥᠲᠥᠯᠥᠨ ᠳᠠᠭᠠᠭᠤᠯᠬᠤ᠎ᠶᠢ ᠪᠡᠶᠡᠯᠡᠭᠦᠯᠵᠦ ᠂ ᠡᠮ ᠡᠮᠨᠡᠯᠭᠡ᠎ᠶᠢᠨ ᠬᠦᠷᠢᠶᠡᠨ᠎ᠳᠠᠬᠢ ᠰᠢᠨ᠎ᠡ ᠶᠠᠰᠤ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠥᠭᠵᠢᠯᠲᠡ᠎ᠶᠢ ᠬᠦᠴᠦᠲᠡᠶ ᠠᠬᠢᠭᠤᠯᠪᠠ ᠃ 2018 - 2024 ᠣᠨ᠎ᠳᠤ ᠮᠠᠨ᠎ᠤ ᠤᠯᠤᠰ᠎ᠤᠨ 1 ᠲᠥᠷᠥᠯ᠎ᠤᠨ ᠰᠢᠨ᠎ᠡ ᠡᠭᠦᠳᠦᠯᠲᠡ᠎ᠶᠢᠨ ᠡᠮ ᠵᠠᠬ᠎ᠠ ᠳᠡᠯᠭᠡᠭᠦᠷ᠎ᠲᠤ ᠭᠠᠷᠤᠭᠰᠠᠨ ᠲᠤᠭ᠎ᠠ ᠢᠯᠡᠳᠲᠡ ᠨᠡᠮᠡᠭᠳᠡᠬᠦ ᠬᠠᠨᠳᠤᠰᠢ᠎ᠲᠠᠢ ᠪᠠᠶ᠋ᠢᠨ᠎ᠠ ᠂ 2024 ᠣᠨ᠎ᠳᠤ ᠵᠥᠪᠰᠢᠶᠡᠷᠡᠭᠳᠡᠭᠰᠡᠨ ᠲᠤᠭ᠎ᠠ ᠬᠡᠮᠵᠢᠶ᠎ᠡ 48 ᠵᠦᠢᠯ᠎ᠳᠤ ᠬᠦᠷᠴᠦ ᠂ 2018 ᠣᠨ᠎ᠤ 5 ᠳᠠᠬᠢᠨ᠎ᠠᠴᠠ ᠳᠡᠭᠡᠭᠰᠢ ᠪᠣᠯᠵᠠᠢ ᠂ ᠡᠨᠡ ᠵᠢᠯ᠎ᠤᠨ ᠳᠡᠭᠡᠷ᠎ᠡ ᠬᠠᠭᠠᠰ ᠵᠢᠯ᠎ᠳᠤ ᠨᠢᠭᠡᠨᠲᠡ 40 ᠵᠦᠢᠯ᠎ᠤᠨ ᠰᠢᠬᠠᠮ ᠪᠣᠯᠪᠠ ᠃ ᠡᠭᠦᠨ᠎ᠤ ᠬᠠᠮᠲᠤ ᠂ ᠨᠠᠩ ᠣᠯᠠᠨ ᠰᠢᠨ᠎ᠡ ᠡᠭᠦᠳᠦᠯᠲᠡ᠎ᠶᠢᠨ ᠡᠮ᠎ᠢ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠣᠷᠣᠭᠤᠯᠬᠤ᠎ᠶᠢ ᠳᠠᠭᠠᠯᠳᠤᠨ ᠂ ᠮᠠᠨ᠎ᠤ ᠤᠯᠤᠰ᠎ᠤᠨ ᠡᠮᠴᠢᠯᠡᠭᠡᠨ᠎ᠳᠤ ᠬᠡᠷᠡᠭᠯᠡᠬᠦ ᠡᠮ᠎ᠤᠨ ᠪᠦᠲᠦᠴᠡ᠎ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠎ᠶᠢ ᠠᠬᠢᠭᠤᠯᠵᠤ ᠂ ᠣᠯᠠᠨ ᠲᠦᠮᠡᠨ᠎ᠤ ᠡᠮ ᠬᠡᠷᠡᠭᠯᠡᠬᠦ ᠪᠠᠲᠤᠯᠠᠭ᠎ᠠ᠎ᠶᠢᠨ ᠬᠢᠷᠢ ᠲᠦᠪᠰᠢᠨ᠎ᠢ ᠶᠡᠭᠡ᠎ᠪᠠᠷ ᠳᠡᠭᠡᠭᠰᠢᠯᠡᠭᠦᠯᠵᠦ ᠂ ᠢᠯᠡᠳᠲᠡ ᠠᠰᠢᠭ᠋ ᠭᠥᠷᠳᠡᠭᠰᠡᠨ ᠪᠠᠶ᠋ᠢᠨ᠎ᠠ ᠃ ᠳᠤᠮᠳᠠᠳᠤ ᠤᠯᠤᠰ᠎ᠤᠨ ᠥᠮᠡᠨ ᠡᠰᠡᠷᠭᠦᠴᠡᠬᠦ ᠨᠡᠶ᠋ᠢᠭᠡᠮᠯᠢᠭ᠎ᠤᠨ 2023 ᠣᠨ᠎ᠤ ᠡᠪᠡᠳᠴᠢᠨ᠎ᠤ ᠲᠡᠮᠳᠡᠭᠯᠡᠯ᠎ᠤᠨ ᠲᠤᠭ᠎ᠠ ᠪᠠᠷᠢᠮᠲᠠ᠎ᠶᠢᠨ ᠵᠠᠳᠠᠯᠤᠯᠲᠠ᠎ᠠᠴᠠ ᠦᠵᠡᠪᠡᠯ ᠂ ᠣᠳᠣᠬᠠᠨ᠎ᠳᠤ ᠮᠠᠨ᠎ᠤ ᠤᠯᠤᠰ᠎ᠤᠨ ᠬᠠᠪᠤᠳᠠᠷ᠎ᠤᠨ ᠡᠪᠡᠳᠴᠢᠲᠡᠨ᠎ᠤ ᠲᠠᠪᠤᠨ ᠵᠢᠯ᠎ᠤᠨ ᠠᠮᠢᠳᠤᠷᠠᠯ᠎ᠤᠨ ᠨᠣᠷᠮ᠎ᠠ ᠠᠷᠪᠠᠨ ᠵᠢᠯ᠎ᠤᠨ ᠡᠮᠦᠨᠡᠬᠢ 33.3% ᠪᠠᠶ᠋ᠢᠭ᠍ᠰᠠᠨ᠎ᠠᠴᠠ᠎ᠪᠠᠨ 2023 ᠣᠨ᠎ᠤ ᠡᠴᠦᠰ ᠪᠣᠯᠬᠤ᠎ᠳᠤ 43.7% ᠪᠣᠯᠣᠨ ᠳᠡᠭᠡᠭᠰᠢᠯᠡᠵᠦ ᠂ ᠵᠢᠯ ᠪᠦᠷᠢ 50 ᠲᠦᠮᠡᠨ ᠡᠪᠡᠳᠴᠢᠲᠡᠨ᠎ᠤ ᠠᠮᠢ ᠨᠠᠰᠤ᠎ᠶᠢ ᠠᠪᠤᠷᠠᠭᠰᠠᠨ᠎ᠲᠠᠢ ᠲᠡᠩᠴᠡᠨ᠎ᠡ ᠃

  ᠢᠳᠡᠪᠬᠢᠲᠡᠶ ᠦᠷ᠎ᠡ ᠪᠦᠲᠦᠮᠵᠢ ᠣᠯᠤᠭᠰᠠᠨ᠎ᠤ ᠬᠠᠮᠲᠤ ᠂ ᠪᠢᠳᠡ ᠪᠠᠰᠠ ᠮᠠᠨ᠎ᠤ ᠤᠯᠤᠰ᠎ᠤᠨ ᠰᠢᠨ᠎ᠡ ᠡᠭᠦᠳᠦᠯᠲᠡ᠎ᠶᠢᠨ ᠡᠮ᠎ᠤᠨ ᠬᠦᠷᠢᠶᠡᠨ᠎ᠳᠠᠬᠢ ᠠᠳᠠᠯᠢ ᠴᠢᠨᠠᠷᠲᠠᠶ ᠥᠷᠢᠰᠥᠯᠳᠦᠭᠡᠨ ᠬᠤᠷᠴᠠᠳᠤᠭᠰᠠᠨ ᠂ ᠡᠮ᠎ᠤᠨ ᠠᠵᠤ ᠠᠬᠤᠶ᠋ᠢᠯᠠᠯ᠎ᠤᠨ ᠦᠨ᠎ᠡ ᠬᠠᠩᠰᠢ᠎ᠶᠢᠨ ᠲᠠᠯ᠎ᠠ᠎ᠪᠠᠷ ᠰᠢᠨ᠎ᠡ᠎ᠶᠢ ᠡᠭᠦᠳᠦᠭᠰᠡᠨ ᠪᠠ ᠡᠮᠴᠢᠯᠡᠭᠡᠨ᠎ᠤ ᠳᠠᠭᠠᠳᠬᠠᠯ᠎ᠢᠶᠠᠷ ᠲᠣᠭᠠᠴᠠᠭ᠎ᠠ ᠬᠢᠬᠦ ᠴᠢᠳᠠᠪᠤᠷᠢ ᠪᠠᠰᠠ ᠪᠠᠭᠤᠷᠠᠶ ᠂ ᠣᠯᠠᠨ ᠡᠰᠢᠵᠢᠭᠰᠡᠨ ᠲᠣᠭᠠᠴᠠᠭ᠎ᠠ ᠬᠢᠬᠦ ᠴᠢᠳᠠᠪᠤᠷᠢ ᠪᠠᠭᠤᠷᠠᠶ ᠪᠠᠶ᠋ᠢᠬᠤ ᠵᠡᠷᠭᠡ ᠠᠰᠠᠭᠤᠳᠠᠯ ᠪᠠᠰᠠ ᠪᠦᠷᠢᠮᠦᠰᠦᠨ ᠡᠪᠳᠡᠭᠳᠡᠭᠡ ᠥᠬᠡᠶ ᠪᠠᠶ᠋ᠢᠬᠤ᠎ᠶᠢ ᠣᠯᠵᠤ ᠬᠠᠷᠠᠬᠤ ᠬᠡᠷᠡᠭᠲᠡᠶ ᠃ ᠬᠡᠷᠬᠢᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ 《ᠦᠨᠳᠦᠰᠦᠨ ᠵᠦᠢᠯ᠎ᠢ ᠪᠠᠲᠤᠯᠠᠬᠤ》 ᠰᠠᠭᠤᠷᠢᠨ ᠳᠡᠭᠡᠷ᠎ᠡ ᠰᠢᠨ᠎ᠡ ᠡᠭᠦᠳᠦᠯᠲᠡ᠎ᠶᠢᠨ ᠡᠮ᠎ᠤᠨ ᠬᠥᠭᠵᠢᠯᠲᠡ᠎ᠶᠢ ᠳᠡᠮᠵᠢᠬᠦ ᠂ ᠠᠷᠠᠳ ᠣᠯᠠᠨ᠎ᠤ ᠣᠯᠠᠨ ᠡᠰᠢᠵᠢᠭᠰᠡᠨ ᠣᠯᠠᠨ ᠲᠠᠰ ᠳᠠᠪᠬᠤᠷᠭ᠎ᠠ᠎ᠶᠢᠨ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠬᠤ ᠪᠣᠯ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ᠎ᠤᠨ ᠬᠠᠮᠲᠤ᠎ᠪᠠᠷ ᠲᠤᠯᠭᠠᠷᠠᠵᠤ ᠪᠠᠶ᠋ᠢᠭ᠎ᠠ ᠰᠢᠨ᠎ᠡ ᠥᠷᠢᠰᠥᠯᠳᠦᠭᠡᠨ ᠪᠣᠯᠤᠨ᠎ᠠ ᠃ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ᠎ᠠᠴᠠ 《ᠡᠮᠴᠢᠯᠡᠭᠡ ᠂ ᠡᠮᠴᠢᠯᠡᠭᠡᠨ᠎ᠤ ᠳᠠᠭᠠᠳᠬᠠᠯ ᠂ ᠡᠮ ᠡᠮᠨᠡᠯᠭᠡ᠎ᠶᠢᠨ ᠬᠠᠮᠵᠢᠯᠴᠠᠨ ᠬᠥᠭᠵᠢᠬᠦ᠎ᠶᠢ ᠠᠬᠢᠭᠤᠯᠬᠤ ᠪᠠ ᠵᠠᠰᠠᠬᠤ》᠎ᠳᠦ ᠂ ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠭᠲᠠᠯᠴᠠᠭ᠎ᠠ᠎ᠶᠢᠨ ᠪᠠᠶ᠋ᠢᠭᠤᠯᠤᠯᠲᠠ ᠂ ᠡᠮᠴᠢᠯᠡᠭᠡᠨ᠎ᠤ ᠳᠠᠭᠠᠳᠬᠠᠯ᠎ᠤᠨ ᠰᠠᠭᠤᠷᠢ ᠮᠥᠩᠭᠦ᠎ᠪᠡᠷ ᠲᠣᠭᠠᠴᠠᠭ᠎ᠠ ᠬᠢᠬᠦ ᠴᠢᠳᠠᠪᠤᠷᠢ ᠂ ᠣᠯᠠᠨ ᠲᠦᠮᠡᠨ᠎ᠤ ᠳᠠᠷᠤᠭᠠᠰᠤ᠎ᠶᠢᠨ ᠬᠢᠷᠢ ᠲᠦᠪᠰᠢᠨ ᠵᠡᠷᠭᠡ ᠪᠤᠰᠤᠳᠴᠢ ᠪᠣᠳᠠᠲᠤ ᠪᠠᠶ᠋ᠢᠳᠠᠯ᠎ᠳᠤ ᠰᠠᠭᠤᠷᠢᠯᠠᠨ ᠂ ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠳᠡᠮᠵᠢᠬᠦ ᠪᠣᠳᠠᠲᠠᠶ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠶ ᠭᠡᠵᠦ ᠲᠣᠳᠣᠷᠬᠠᠶ ᠳᠤᠷᠠᠳᠤᠨ ᠭᠠᠷᠭᠠᠪᠠ ᠃

  ᠡᠭᠦᠨ᠎ᠢ ᠦᠨᠳᠦᠰᠦᠯᠡᠪᠡᠯ ᠂ ᠲᠥᠷᠥ᠎ᠶᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠡᠳ ᠂ ᠤᠯᠤᠰ᠎ᠤᠨ ᠡᠮᠴᠢᠯᠡᠭᠡᠨ᠎ᠦ ᠲᠣᠪᠴᠢᠶ᠎ᠠ ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠬᠠᠮᠲᠤᠷᠠᠨ 《ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭᠠᠵᠤ ᠂ ᠪᠢᠴᠢᠭ ᠮᠠᠲᠧᠷᠢᠶᠠᠯ᠎ᠳᠤ ᠣᠳᠣᠬᠠᠨ᠎ᠤ ᠰᠢᠨ᠎ᠡ ᠡᠭᠦᠳᠦᠯᠲᠡ᠎ᠶᠢᠨ ᠡᠮ᠎ᠤᠨ ᠬᠥᠭᠵᠢᠯᠲᠡ᠎ᠳᠤ ᠲᠤᠯᠭᠠᠷᠠᠵᠤ ᠪᠠᠶ᠋ᠢᠭ᠎ᠠ ᠥᠷᠢᠰᠥᠯᠳᠦᠭᠡᠨ᠎ᠳᠤ ᠠᠩᠬᠠᠷᠤᠯ᠎ᠢᠶᠠᠨ ᠲᠥᠪᠯᠡᠷᠡᠭᠦᠯᠦᠨ ᠂ ᠡᠮᠴᠢᠯᠡᠭᠡ ᠂ ᠡᠮᠴᠢᠯᠡᠭᠡᠨ᠎ᠤ ᠳᠠᠭᠠᠳᠬᠠᠯ ᠂ ᠡᠮ ᠡᠮᠨᠡᠯᠭᠡ᠎ᠶᠢᠨ ᠬᠠᠮᠵᠢᠯᠴᠠᠨ ᠬᠥᠭᠵᠢᠬᠦ ᠪᠠ ᠵᠠᠰᠠᠬᠤ᠎ᠶᠢ ᠠᠬᠢᠭᠤᠯᠪᠠ ; ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ ᠂ 《ᠰᠢᠨ᠎ᠡ᠎ᠶᠢ ᠡᠭᠦᠳᠬᠦ᠎ᠶᠢ ᠦᠨᠡᠨ ᠬᠦ᠌ ᠳᠡᠮᠵᠢᠵᠦ ᠂ ᠦᠨᠡᠨ ᠰᠢᠨ᠎ᠡ᠎ᠶᠢ ᠡᠭᠦᠳᠬᠦ᠎ᠶᠢ ᠳᠡᠮᠵᠢᠵᠦ ᠂ ᠵᠦᠷᠢᠶᠡᠴᠢᠯᠡᠭᠰᠡᠨ ᠰᠢᠨ᠎ᠡ᠎ᠶᠢ ᠡᠭᠦᠳᠬᠦ᠎ᠶᠢ ᠳᠡᠮᠵᠢᠬᠦ》 ᠪᠠᠶ᠋ᠢᠷᠢᠰᠢᠯ᠎ᠢ ᠪᠣᠶ ᠪᠣᠯᠭᠠᠬᠤ᠎ᠶᠢ ᠠᠬᠢᠭᠤᠯᠪᠠ ; ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ᠎ᠶᠢ ᠪᠠᠷᠢᠮᠲᠠᠯᠠᠵᠤ ᠂ ᠣᠳᠣᠬᠠᠨ᠎ᠤ ᠡᠮ ᠡᠮᠨᠡᠯᠭᠡ᠎ᠶᠢᠨ ᠰᠢᠨ᠎ᠡ᠎ᠶᠢ ᠡᠭᠦᠳᠬᠦ ᠰᠠᠶ᠋ᠢᠨ ᠬᠥᠭᠵᠢᠯᠲᠡ᠎ᠶᠢᠨ ᠪᠠᠶ᠋ᠢᠳᠠᠯ᠎ᠢ ᠪᠠᠲᠤᠯᠠᠬᠤ᠎ᠶᠢ ᠴᠢᠬᠤᠯᠠᠴᠢᠯᠠᠵᠤ ᠂ ᠬᠠᠮᠲᠤ᠎ᠶᠢᠨ ᠲᠠᠨᠢᠯᠲᠠ᠎ᠶᠢ ᠨᠡᠩ ᠢᠯᠡᠭᠦᠦ ᠨᠢᠭ᠍ᠲᠠᠷᠠᠭᠤᠯᠵᠤ ᠂ ᠵᠢᠱ᠌ᠢᠯᠲᠡ᠎ᠶᠢ ᠲᠣᠭᠲᠠᠪᠤᠷᠢᠵᠢᠭᠤᠯᠪᠠ ; ᠦᠨᠡᠨ᠎ᠠᠴᠠ ᠵᠥᠪ᠎ᠢ ᠡᠷᠢᠬᠦ᠎ᠶᠢ ᠪᠠᠷᠢᠮᠲᠠᠯᠠᠵᠤ ᠂ ᠠᠳᠠᠯᠢ ᠪᠤᠰᠤ ᠪᠠᠲᠤᠯᠠᠭ᠎ᠠ᠎ᠶᠢᠨ ᠲᠦᠷᠢᠮ᠎ᠤᠨ ᠴᠢᠳᠠᠮᠵᠢ᠎ᠶᠢᠨ ᠪᠠᠶ᠋ᠢᠷᠢ ᠲᠣᠭᠲᠠᠭᠠᠯᠲᠠ ᠪᠠ ᠲᠣᠭᠠᠴᠠᠭ᠎ᠠ ᠬᠢᠬᠦ ᠴᠢᠳᠠᠪᠤᠷᠢ᠎ᠪᠠᠷ ᠤᠷᠢᠲᠠᠯ ᠪᠣᠯᠭᠠᠵᠤ ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠤ ᠳᠡᠮᠵᠢᠯᠭᠡ᠎ᠶᠢᠨ ᠦᠢᠯᠡᠳᠦᠯ᠎ᠢ ᠪᠠᠳᠠᠷᠠᠭᠤᠯᠵᠤ ᠂ ᠰᠢᠨ᠎ᠡ ᠡᠭᠦᠳᠦᠯᠲᠡ᠎ᠶᠢᠨ ᠡᠮ᠎ᠤᠨ ᠬᠥᠭᠵᠢᠯᠲᠡ᠎ᠳᠤ ᠨᠡᠩ ᠣᠯᠠᠨ ᠨᠡᠮᠡᠭᠳᠡᠯ᠎ᠤᠨ ᠡᠬᠢ ᠪᠠᠶᠠᠯᠢᠭ᠋ ᠪᠠ ᠬᠥᠭᠵᠢᠯᠲᠡ᠎ᠶᠢᠨ ᠣᠷᠣᠨ ᠵᠠᠢ᠎ᠶᠢ ᠲᠡᠮᠡᠴᠡᠨ ᠣᠯᠪᠠ ᠃

  《ᠠᠷᠭ᠎ᠠ ᠬᠡᠮᠵᠢᠶ᠎ᠡ᠎ᠨᠦᠭᠦᠳ》᠎ᠲᠤ ᠰᠢᠨ᠎ᠡ ᠡᠭᠦᠳᠦᠯᠲᠡ᠎ᠶᠢᠨ ᠡᠮ᠎ᠢ ᠰᠤᠳᠤᠯᠤᠨ ᠨᠡᠭᠡᠭᠡᠬᠦ᠎ᠶᠢ ᠳᠡᠮᠵᠢᠬᠦ ᠂ ᠰᠢᠨ᠎ᠡ ᠡᠭᠦᠳᠦᠯᠲᠡ᠎ᠶᠢᠨ ᠡᠮ᠎ᠤᠨ ᠡᠮᠴᠢᠯᠡᠭᠡᠨ᠎ᠤ ᠳᠠᠭᠠᠳᠬᠠᠯ᠎ᠤᠨ ᠭᠠᠷᠴᠠᠭ ᠪᠠ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠵᠦᠢᠯᠡᠰ᠎ᠤᠨ ᠭᠠᠷᠴᠠᠭ᠎ᠲᠤ ᠣᠷᠣᠬᠤ᠎ᠶᠢ ᠳᠡᠮᠵᠢᠬᠦ ᠂ ᠰᠢᠨ᠎ᠡ ᠡᠭᠦᠳᠦᠯᠲᠡ᠎ᠶᠢᠨ ᠡᠮ᠎ᠤᠨ ᠡᠮᠴᠢᠯᠡᠭᠡᠨ᠎ᠳᠤ ᠬᠡᠷᠡᠭᠯᠡᠬᠦ᠎ᠶᠢ ᠵᠣᠷᠢᠭ᠍ᠵᠢᠭᠤᠯᠬᠤ ᠂ ᠰᠢᠨ᠎ᠡ ᠡᠭᠦᠳᠦᠯᠲᠡ᠎ᠶᠢᠨ ᠡᠮ᠎ᠤᠨ ᠤᠯᠠᠨ ᠡᠰᠢᠲᠦ ᠲᠣᠭᠠᠴᠠᠭ᠎ᠠ ᠬᠢᠬᠦ ᠴᠢᠳᠠᠪᠤᠷᠢ᠎ᠶᠢ ᠳᠡᠭᠡᠭᠰᠢᠯᠡᠭᠦᠯᠬᠦ ᠂ ᠵᠣᠬᠢᠶᠠᠨ ᠪᠠᠶ᠋ᠢᠭᠤᠯᠤᠯᠲᠠ᠎ᠶᠢᠨ ᠪᠠᠲᠤᠯᠠᠭ᠎ᠠ᠎ᠶᠢ ᠴᠢᠩᠭᠠᠷᠠᠭᠤᠯᠬᠤ ᠵᠡᠷᠭᠡ 5 ᠲᠠᠯ᠎ᠠ᠎ᠶᠢᠨ 16 ᠵᠣᠷᠪᠣᠰ ᠠᠷᠭ᠎ᠠ ᠬᠡᠮᠵᠢᠶ᠎ᠡ᠎ᠶᠢ ᠳᠤᠷᠠᠳᠴᠤ ᠂ ᠢᠷᠡᠭᠡᠳᠦᠢ᠎ᠳᠤ ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠳᠡᠮᠵᠢᠬᠦ᠎ᠳᠤ ᠢᠳᠡᠪᠬᠢᠲᠡᠢ ᠬᠦᠴᠦᠨ ᠨᠡᠮᠡᠷᠢᠯᠡᠨ᠎ᠡ ᠃ ᠳᠡᠭᠡᠷᠡᠬᠢ ᠪᠣᠯ ᠳᠠᠷᠤᠢ ᠮᠢᠨᠦ ᠣᠯᠠᠨ᠎ᠳᠤ ᠲᠠᠨᠢᠯᠴᠠᠭᠤᠯᠤᠭᠰᠠᠨ ᠦᠨᠳᠦᠰᠦᠨ ᠪᠠᠶ᠋ᠢᠳᠠᠯ ᠪᠣᠯᠤᠨ᠎ᠠ ᠃

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠠᠯᠪᠠᠨ ᠬᠡᠷ᠎ᠤᠨ ᠡᠷᠬᠢᠯᠡᠭᠴᠢ ᠵᠦ᠍ ᠶᠦᠩ ᠹᠧᠩ ᠄

  ᠬᠤᠸᠠᠩ ᠰᠢᠨ ᠢᠦᠢ ᠵᠤᠷᠭᠠᠨ᠎ᠤ ᠳᠠᠷᠤᠭ᠎ᠠ᠎ᠶᠢᠨ ᠲᠠᠨᠢᠯᠴᠠᠭᠤᠯᠭ᠎ᠠ᠎ᠳᠤ ᠪᠠᠶᠠᠷᠯᠠᠯ᠎ᠠ ᠃ ᠳᠣᠣᠷ᠎ᠠ ᠠᠰᠠᠭᠤᠯᠲᠠ ᠠᠰᠠᠭᠤᠬᠤ ᠭᠤᠭᠴᠤᠭ᠎ᠠ᠎ᠳᠤ ᠣᠷᠣᠨ᠎ᠠ ᠂ ᠰᠤᠷᠪᠤᠯᠵᠢᠯᠠᠭ᠍ᠴᠢ ᠨᠠᠶ᠋ᠢᠵᠠ ᠨᠠᠷ ᠠᠰᠠᠭᠤᠯᠲᠠ ᠠᠰᠠᠭᠤᠬᠤ᠎ᠠᠴᠠ᠎ᠪᠠᠨ ᠡᠮᠦᠨ᠎ᠡ ᠂ ᠪᠠᠶ᠋ᠢᠭ᠎ᠠ ᠰᠣᠨᠢᠨ ᠮᠡᠳᠡᠭᠡᠨ᠎ᠤ ᠪᠠᠶ᠋ᠢᠭᠤᠯᠤᠮᠵᠢ᠎ᠳᠤ᠎ᠪᠠᠨ ᠤᠷᠢᠳ᠎ᠢᠶᠠᠷ ᠮᠡᠳᠡᠭᠳᠡᠬᠦ ᠪᠣᠯᠪᠠᠤ ᠃

 

 

  ᠰᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ᠎ᠶᠢᠨ ᠠᠰᠠᠭᠤᠯᠲᠠ

  ᠰᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠄

  ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ ᠪᠣᠯ ᠲᠣᠰ ᠪᠢᠴᠢᠭ ᠮᠠᠲᠧᠷᠢᠶᠠᠯ᠎ᠤᠨ ᠨᠢᠭᠡᠨ ᠶᠡᠭᠡ ᠬᠢᠯᠠᠰ ᠴᠡᠭ ᠪᠣᠯᠤᠨ᠎ᠠ ᠂ ᠡᠨᠡ ᠭᠠᠷᠴᠠᠭ᠎ᠨᠢ ᠳᠤᠮᠳᠠᠳᠤ ᠤᠯᠤᠰ᠎ᠤᠨ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠠᠵᠤ ᠦᠢᠯᠡᠰ᠎ᠤᠨ ᠬᠥᠭᠵᠢᠯᠲᠡ ᠪᠠ ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠭᠲᠠᠯᠴᠠᠭ᠎ᠠ᠎ᠳᠤ ᠶᠠᠮᠠᠷ ᠠᠴᠢ ᠬᠤᠯᠪᠣᠭᠳᠠᠯ᠎ᠲᠠᠢ ᠪᠣᠶ ? ᠰᠢᠨ᠎ᠡ ᠡᠭᠦᠳᠦᠯᠲᠡ᠎ᠶᠢᠨ ᠡᠮ᠎ᠨᠢ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ ᠪᠠ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠢ ᠬᠠᠮᠲᠤ᠎ᠳᠦ ᠨᠢ ᠭᠤᠶᠤᠴᠢᠯᠠᠨ ᠮᠡᠳᠡᠭᠦᠯᠵᠦ ᠪᠣᠯᠣᠨ᠎ᠠ ᠤᠤ ?

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠠᠯᠪᠠᠨ ᠬᠡᠷ᠎ᠤᠨ ᠡᠷᠬᠢᠯᠡᠭᠴᠢ ᠵᠦ᠍ ᠶᠦᠩ ᠹᠧᠩ ᠄

  ᠡᠨᠡ ᠠᠰᠠᠭᠤᠳᠠᠯ᠎ᠢ ᠬᠤᠸᠠᠩ ᠰᠢᠨ ᠢᠦᠶ ᠵᠤᠷᠭᠠᠨ᠎ᠤ ᠳᠠᠷᠤᠭ᠎ᠠ᠎ᠠᠴᠠ ᠬᠠᠷᠢᠭᠤᠯᠤᠨ᠎ᠠ ᠃

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠡᠮ ᠡᠮᠨᠡᠯᠭᠡ᠎ᠶᠢᠨ ᠦᠢᠯᠡᠴᠢᠯᠡᠭᠡᠨ᠎ᠤ ᠬᠠᠮᠢᠶᠠᠷᠤᠯᠲᠠ᠎ᠶᠢᠨ ᠵᠤᠷᠭᠠᠨ᠎ᠤ ᠳᠠᠷᠤᠭ᠎ᠠ ᠬᠤᠸᠠᠩ ᠰᠢᠨ ᠢᠤᠢ ᠄

  ᠲᠠᠨ᠎ᠤ ᠠᠰᠠᠭᠤᠯᠲᠠ ᠠᠰᠠᠭᠤᠭᠰᠠᠨ᠎ᠳᠤ ᠪᠠᠶᠠᠷᠯᠠᠯ᠎ᠠ ᠃

  ᠦᠨᠳᠦᠰᠦᠨ ᠡᠮᠴᠢᠯᠡᠭᠡᠨ᠎ᠦ ᠳᠠᠭᠠᠳᠬᠠᠯ ᠪᠣᠯᠤᠨ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ ᠪᠣᠯ ᠪᠦᠷ ᠮᠠᠨ᠎ᠤ ᠤᠯᠤᠰ᠎ᠤᠨ ᠣᠯᠠᠨ ᠳᠡᠰ ᠳᠠᠪᠬᠤᠷᠭ᠎ᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠭᠲᠠᠯᠴᠠᠭ᠎ᠠ᠎ᠶᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ ᠃ 2024 ᠣᠨ᠎ᠳᠤ ᠂ ᠦᠨᠳᠦᠰᠦᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 13.26 ᠳ᠋ᠦᠩᠰᠢᠭᠤᠷ ᠪᠠᠢᠵᠤ ᠂ ᠳᠠᠭᠠᠳᠬᠠᠯ᠎ᠳᠤ ᠣᠷᠣᠯᠴᠠᠭᠰᠠᠨ ᠨᠣᠷᠮ᠎ᠠ 95%᠎ᠳᠤ ᠲᠣᠭᠲᠠᠪᠤᠷᠢᠵᠢᠵᠤ ᠂ ᠲᠤᠬᠠᠶ᠎ᠶᠢᠨ ᠵᠢᠯ᠎ᠤᠨ ᠰᠠᠭᠤᠷᠢ ᠮᠥᠩᠭᠦ᠎ᠶᠢᠨ ᠶᠡᠷᠦᠩᠬᠡᠶ ᠵᠠᠷᠤᠯᠭ᠎ᠠ 2. 97 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ ᠂ ᠥᠷᠭᠡᠨ ᠣᠯᠠᠨ ᠠᠷᠠᠳ ᠲᠦᠮᠡᠨ᠎ᠤ ᠡᠪᠡᠳᠴᠢᠨ ᠦᠵᠡᠭᠦᠯᠵᠦ ᠡᠮᠨᠡᠭᠦᠯᠬᠦ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠥᠭᠡᠳ ᠪᠠᠰᠠ ᠡᠮᠴᠢᠯᠡᠭᠡᠨ᠎ᠤ ᠪᠠᠶ᠋ᠢᠭᠤᠯᠤᠮᠵᠢ᠎ᠶᠢᠨ ᠬᠥᠭᠵᠢᠯᠲᠡ ᠂ ᠡᠮ ᠡᠮᠨᠡᠯᠭᠡ᠎ᠶᠢᠨ ᠮᠡᠷᠭᠡᠵᠢᠯ᠎ᠤᠨ       ᠳᠠᠪᠰᠢᠯᠲᠠ ᠂ ᠠᠵᠤ ᠦᠢᠯᠡᠰ᠎ᠤᠨ ᠴᠢᠳᠠᠪᠤᠷᠢ᠎ᠶᠢᠨ ᠳᠡᠭᠡᠭᠰᠢᠯᠡᠯᠲᠡ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ       ᠪᠠᠶ᠋ᠢᠨ᠎ᠠ ᠃ ᠭᠡᠪᠡᠴᠦ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠶᠡᠷᠦᠩᠬᠡᠶ ᠪᠡᠯᠡ ᠴᠤᠭᠯᠠᠭᠤᠯᠬᠤ ᠬᠢᠷᠢ ᠬᠡᠮᠵᠢᠶ᠎ᠡ ᠥᠨᠳᠥᠷ ᠪᠢᠰᠢ ᠂ ᠢᠯᠠᠩᠭᠤᠶ᠎ᠠ 10 ᠳ᠋ᠦᠩᠰᠢᠭᠤᠷ ᠰᠢᠬᠠᠮ ᠬᠥᠮᠦᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠵᠤ ᠂ ᠬᠥᠮᠦᠨ ᠪᠦᠷᠢ᠎ᠡᠴᠡ ᠳᠤᠮᠳᠠᠴᠢ᠎ᠪᠠᠷ 1070 ᠲᠥᠭᠦᠷᠢᠭ᠎ᠤᠨ ᠪᠡᠯᠡ ᠮᠥᠩᠭᠦ ᠴᠤᠭᠯᠠᠭᠤᠯᠵᠤ ᠂ ᠡᠭᠦᠨ᠎ᠳᠤ ᠪᠠᠷᠤᠭ 2 /3 ᠪᠣᠯ ᠡᠯ᠎ᠡ ᠱᠠᠲᠤᠨ᠎ᠤ ᠡᠳ᠋᠎ᠤᠨ ᠵᠠᠰᠠᠭ᠎ᠤᠨ ᠨᠥᠬᠦᠪᠥᠷᠢ᠎ᠠᠴᠠ ᠢᠷᠡᠭᠰᠡᠨ ᠶᠤᠮ ᠂ ᠡᠶ᠋ᠢᠮᠦ᠎ᠠᠴᠠ ᠡᠷᠬᠡᠪᠰᠢ 《ᠦᠨᠳᠦᠰᠦᠨ ᠵᠦᠢᠯ᠎ᠢ ᠪᠠᠲᠤᠯᠠᠬᠤ》 ᠪᠠᠶ᠋ᠢᠷᠢ ᠲᠣᠭᠲᠠᠭᠠᠯᠲᠠ᠎ᠶᠢ ᠪᠠᠲᠤ ᠡᠵᠡᠮᠳᠡᠪᠡ ᠃ ᠡᠮ ᠡᠮᠨᠡᠯᠭᠡ᠎ᠶᠢᠨ ᠮᠡᠷᠭᠡᠵᠢᠯ᠎ᠤᠨ ᠰᠢᠨ᠎ᠡ᠎ᠶᠢ ᠡᠭᠦᠳᠦᠨ ᠬᠥᠭᠵᠢᠬᠦ ᠪᠠ ᠡᠮᠴᠢᠯᠡᠭᠡᠨ᠎ᠤ ᠦᠢᠯᠡᠴᠢᠯᠡᠭᠡᠨ᠎ᠤ ᠬᠢᠷᠢ ᠲᠦᠪᠰᠢᠨ᠎ᠤ ᠳᠡᠭᠡᠭᠰᠢᠯᠡᠬᠦ᠎ᠶᠢ ᠳᠠᠭᠠᠯᠳᠤᠨ ᠂ ᠦᠨᠡᠬᠡᠷ ᠪᠠᠭ᠎ᠠ ᠬᠡᠰᠡᠭ ᠡᠮᠴᠢᠯᠡᠭᠡᠨ᠎ᠤ ᠦᠷ᠎ᠡ ᠪᠦᠲᠦᠮᠵᠢ᠎ᠨᠢ ᠢᠯᠡᠷᠬᠡᠶ ᠂ ᠰᠢᠨ᠎ᠡ᠎ᠶᠢ ᠡᠭᠦᠳᠬᠦ ᠬᠡᠮᠵᠢᠶ᠎ᠡ᠎ᠨᠢ ᠥᠨᠳᠥᠷ ᠡᠮ᠎ᠤᠨ ᠵᠦᠢᠯᠡᠰ᠎ᠨᠢ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠪᠠᠲᠤᠯᠠᠭ᠎ᠠ᠎ᠶᠢᠨ ᠴᠢᠳᠠᠪᠤᠷᠢ᠎ᠠᠴᠠ ᠬᠡᠲᠦᠷᠡᠭᠰᠡᠨ᠎ᠠᠴᠠ ᠪᠣᠯᠵᠣ᠌ ᠲᠦᠷ ᠴᠠᠭ ᠪᠠᠲᠤᠯᠠᠭ᠎ᠠ᠎ᠶᠢᠨ ᠬᠡᠪᠴᠢᠶᠡᠨ᠎ᠳᠤ ᠣᠷᠣᠭᠤᠯᠬᠤ᠎ᠶᠢᠨ ᠠᠷᠭ᠎ᠠ ᠥᠬᠡᠶ ᠪᠠᠶ᠋ᠢᠨ᠎ᠠ ᠃

  ᠡᠭᠦᠨ᠎ᠤ ᠬᠠᠮᠲᠤ ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠶᠢ ᠳᠠᠭᠠᠯᠳᠤᠨ ᠂ ᠣᠶ᠋ᠢᠷ᠎ᠠ᠎ᠶᠢᠨ ᠵᠢᠯ᠎ᠠᠴᠠ ᠨᠠᠭᠠᠰᠢ ᠮᠠᠨ᠎ᠤ ᠤᠯᠤᠰ᠎ᠤᠨ ᠬᠤᠳᠠᠯᠳᠤᠭᠠᠨ᠎ᠤ ᠳᠠᠭᠠᠳᠬᠠᠯ᠎ᠤᠨ ᠵᠠᠬ᠎ᠠ ᠳᠡᠯᠭᠡᠭᠦᠷ ᠪᠠᠰᠠ ᠲᠦᠷᠭᠡᠨ ᠨᠡᠮᠡᠭᠳᠡᠬᠦ ᠬᠠᠨᠳᠤᠰᠢ ᠢᠯᠡᠷᠡᠵᠡᠶ ᠃ 2024 ᠣᠨ᠎ᠳᠤ ᠮᠠᠨ᠎ᠤ ᠤᠯᠤᠰ᠎ᠤᠨ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠣᠭ ᠳᠠᠭᠠᠳᠬᠠᠯ᠎ᠤᠨ ᠵᠠᠷᠤᠳᠠᠯ᠎ᠤᠨ ᠣᠷᠣᠯᠭ᠎ᠠ 9773 ᠳ᠋ᠦᠩᠰᠢᠭᠤᠷ ᠲᠥᠭᠦᠷᠢᠭ᠎ᠲᠤ ᠬᠦᠷᠴᠦ ᠂ ᠠᠳᠠᠯᠢ ᠬᠤᠭᠤᠴᠠᠭᠠᠨ᠎ᠤ᠎ᠬᠢ᠎ᠠᠴᠠ 8.2%᠎ᠢᠶᠠᠷ ᠨᠡᠮᠡᠭᠳᠡᠨ ᠂ ᠪᠠᠯᠠ ᠮᠥᠩᠭᠦ᠎ᠶᠢᠨ ᠬᠡᠪᠴᠢᠶ᠎ᠡ ᠨᠢᠭᠡᠨᠲᠡ ᠲᠣᠰ ᠵᠢᠯ᠎ᠤᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠬᠠᠯ᠎ᠤᠨ ᠪᠠᠯᠠ ᠴᠤᠭᠯᠠᠭᠤᠯᠬᠤ ᠶᠡᠷᠦᠩᠬᠡᠶ ᠬᠢᠷᠢ ᠲᠦᠪᠰᠢᠨ᠎ᠳᠤ ᠣᠶ᠋ᠢᠷᠠᠳᠪᠠ ᠃ ᠭᠡᠪᠡᠴᠦ ᠬᠤᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠬᠠᠯ 95%᠎ᠶᠢ ᠳᠠᠪᠠᠭᠰᠠᠨ ᠪᠠᠯᠠ ᠮᠥᠩᠭᠦ᠎ᠶᠢᠨ ᠬᠡᠷᠡᠭᠯᠡᠯᠲᠡ᠎ᠶᠢᠨ ᠨᠣᠷᠮ᠎ᠠ᠎ᠲᠠᠢ ᠬᠠᠷᠢᠴᠠᠭᠤᠯᠪᠠᠯ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ ᠨᠢ ᠪᠠᠲᠤᠯᠠᠭ᠎ᠠ᠎ᠶᠢᠨ ᠬᠢᠷᠢ ᠲᠦᠪᠰᠢᠨ ᠪᠠ ᠪᠠᠲᠤᠯᠠᠭ᠎ᠠ᠎ᠶᠢᠨ ᠬᠦᠴᠦᠨ ᠴᠢᠳᠠᠪᠤᠷᠢ᠎ᠶᠢᠨ ᠲᠠᠯ᠎ᠠ᠎ᠪᠠᠷ ᠪᠠᠰᠠ ᠨᠡᠯᠢᠶᠡᠳ ᠶᠡᠭᠡ ᠬᠥᠭᠵᠢᠯᠲᠡ᠎ᠶᠢᠨ ᠣᠷᠣᠨ ᠵᠠᠶ᠎ᠲᠠᠢ ᠪᠠᠶ᠋ᠢᠳᠠᠭ ᠃ ᠡᠭᠦᠨ᠎ᠳᠤ ᠂ 2025 ᠣᠨ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠪᠠ ᠬᠠᠮᠢᠶ᠎ᠠ ᠪᠥᠬᠦᠶ ᠪᠢᠴᠢᠭ ᠮᠠᠲᠧᠷᠢᠶᠠᠯ᠎ᠨᠢ ᠴᠥᠮ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠲᠣᠭᠲᠠᠴᠠ᠎ᠶᠢ ᠲᠡᠭᠦᠯᠳᠡᠷᠵᠢᠭᠦᠯᠵᠦ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠤᠨ ᠭᠠᠷᠴᠠᠭ᠎ᠢ ᠲᠣᠭᠲᠠᠭᠠᠨ ᠨᠡᠶ᠋ᠢᠲᠡᠯᠡᠵᠦ ᠂ ᠠᠷᠠᠳ ᠣᠯᠠᠨ᠎ᠤ ᠣᠯᠠᠨ ᠲᠠᠰ ᠳᠠᠪᠬᠤᠷᠭ᠎ᠠ᠎ᠶᠢᠨ ᠡᠮ ᠬᠡᠷᠡᠭᠯᠡᠬᠦ ᠪᠠᠲᠤᠯᠠᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠨᠠᠩ ᠰᠠᠶ᠋ᠢᠲᠤᠷ ᠬᠠᠩᠭᠠᠬᠤ ᠬᠡᠷᠡᠭᠲᠡᠶ ᠭᠡᠵᠦ ᠱᠠᠭᠠᠷᠳᠠᠪᠠ ᠃ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ ᠪᠣᠯ ᠦᠨᠳᠦᠰᠦᠨ ᠡᠮᠴᠢᠯᠡᠭᠡᠨ᠎ᠦ ᠳᠠᠭᠠᠳᠬᠠᠯ ᠪᠠ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠬᠥᠭᠵᠢᠯᠲᠡ᠎ᠶᠢ ᠨᠢᠭᠡᠳᠦᠯᠲᠡᠶ ᠲᠥᠯᠥᠪᠯᠡᠵᠦ ᠂ ᠣᠯᠠᠨ ᠲᠠᠰ ᠳᠠᠪᠬᠤᠷᠭ᠎ᠠ᠎ᠶᠢᠨ ᠡᠮ ᠬᠡᠷᠡᠭᠯᠡᠬᠦ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠪᠦᠷᠢᠨᠰᠢᠭᠦᠯᠦᠨ ᠂ ᠠᠷᠠᠳ ᠣᠯᠠᠨ᠎ᠤ ᠣᠯᠠᠨ ᠡᠰᠢᠵᠢᠭᠰᠡᠨ ᠡᠮ ᠬᠡᠷᠡᠭᠯᠡᠬᠦ ᠪᠠᠲᠤᠯᠠᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠨᠠᠩ ᠰᠠᠶ᠋ᠢᠲᠤᠷ ᠬᠠᠩᠭᠠᠬᠤ ᠠᠩᠬᠠᠨ᠎ᠤ ᠠᠯᠬᠤᠮ ᠪᠣᠯᠤᠨ᠎ᠠ ᠃

  ᠪᠢᠳᠡᠨ᠎ᠤ ᠦᠵᠡᠬᠦ᠎ᠪᠠᠷ ᠂ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠢ ᠪᠠᠶ᠋ᠢᠭᠤᠯᠬᠤ᠎ᠨᠢ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠪᠠᠲᠤᠯᠠᠭ᠎ᠠ᠎ᠶᠢᠨ ᠵᠠᠭᠠᠭ ᠬᠢᠵᠠᠭᠠᠷ᠎ᠢ ᠤᠯᠠᠮ ᠨᠢᠭᠡ ᠠᠯᠬᠤᠮ ᠲᠣᠳᠣᠷᠬᠠᠶ᠋ᠢᠯᠠᠵᠤ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠳᠤ ᠨᠠᠩ ᠣᠯᠠᠨ ᠬᠥᠭᠵᠢᠯᠲᠡ᠎ᠶᠢᠨ ᠣᠷᠣᠨ ᠵᠠᠶ ᠦᠯᠡᠳᠡᠭᠡᠨ᠎ᠡ ; ᠡᠮᠴᠢᠯᠡᠭᠡᠨ᠎ᠦ ᠳᠠᠭᠠᠳᠬᠠᠯ᠎ᠤᠨ ᠲᠤᠭ᠎ᠠ ᠪᠠᠷᠢᠮᠲᠠ ᠂ ᠲᠤᠰᠬᠠᠶ ᠮᠡᠷᠭᠡᠵᠢᠯᠲᠡᠨ ᠂ ᠬᠠᠮᠢᠶᠠᠷᠤᠯᠲᠠ ᠂ ᠲᠥᠷᠥ᠎ᠶᠢᠨ ᠪᠣᠳᠣᠯᠭ᠎ᠠ ᠵᠡᠷᠭᠡ ᠲᠠᠯ᠎ᠠ᠎ᠶᠢᠨ ᠳᠠᠪᠠᠭᠤᠯᠢᠭ᠋᠎ᠢ ᠪᠠᠳᠠᠷᠠᠭᠤᠯᠵᠤ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠳᠤ ᠣᠯᠠᠨ ᠨᠡᠶ᠋ᠢᠲᠡ᠎ᠶᠢᠨ ᠦᠢᠯᠡᠴᠢᠯᠡᠭᠡ ᠬᠠᠩᠭᠠᠬᠤ᠎ᠳᠤ ᠠᠰᠢᠭ᠍ᠲᠠᠶ ᠪᠠᠶ᠋ᠢᠨ᠎ᠠ ; ᠡᠮᠴᠢᠯᠡᠭᠡᠨ᠎ᠦ ᠳᠠᠭᠠᠳᠬᠠᠯ ᠪᠠ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠪᠠᠯᠠ ᠮᠥᠩᠭᠦ᠎ᠶᠢ ᠡᠮᠬᠢᠯᠡᠨ ᠨᠡᠶ᠋ᠢᠯᠡᠭᠦᠯᠵᠦ ᠂ ᠠᠷᠠᠳ ᠣᠯᠠᠨ᠎ᠤ ᠡᠷᠡᠭᠦᠯ ᠮᠡᠨᠳᠦ᠎ᠶᠢ ᠪᠠᠲᠤᠯᠠᠬᠤ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ᠎ᠳᠤ ᠠᠰᠢᠭ᠍ᠲᠠᠶ ᠪᠥᠭᠡᠳ ᠪᠠᠰᠠ ᠡᠮ᠎ᠤᠨ ᠬᠥᠭᠵᠢᠯᠲᠡ᠎ᠳᠤ ᠨᠠᠩ ᠭᠦᠢᠴᠡᠳ ᠠᠵᠤ ᠠᠬᠤᠶ᠎ᠶᠢᠨ ᠲᠤᠯᠭᠠᠭᠤᠷᠢᠯᠠᠯ ᠬᠠᠩᠭᠠᠨ᠎ᠠ ᠃ ᠡᠭᠦᠨ᠎ᠤ ᠬᠠᠮᠲᠤ ᠂ ᠪᠢᠳᠡ ᠡᠮᠴᠢᠯᠡᠭᠡᠨ᠎ᠦ ᠳᠠᠭᠠᠳᠬᠠᠯ᠎ᠤᠨ ᠡᠮ᠎ᠤᠨ ᠵᠦᠢᠯ᠎ᠤᠨ ᠭᠠᠷᠴᠠᠭ ᠪᠠ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠢ ᠰᠠᠶ᠋ᠢᠲᠤᠷ ᠵᠣᠯᠭᠠᠭᠤᠯᠵᠤ ᠂ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ ᠡᠮ᠎ᠤᠨ ᠵᠦᠢᠯ᠎ᠳᠤ ᠲᠣᠭᠲᠠᠭᠤᠨ ᠭᠠᠳᠠᠭᠠᠳᠤ ᠭᠠᠷᠭᠠᠯᠲᠠ᠎ᠶᠢ ᠬᠠᠩᠭᠠᠵᠤ ᠂ ᠠᠵᠤ ᠠᠬᠤᠶ᠋ᠢᠯᠠᠯ᠎ᠤᠨ ᠵᠢᠱ᠌ᠢᠯᠲᠡ᠎ᠶᠢ ᠨᠠᠩ ᠰᠠᠶ᠋ᠢᠲᠤᠷ ᠲᠣᠭᠲᠠᠪᠤᠷᠢᠵᠢᠭᠤᠯᠵᠤ ᠂ ᠡᠮ᠎ᠤᠨ ᠵᠦᠢᠯ᠎ᠤᠨ ᠳᠠᠭᠠᠭᠠᠨ ᠬᠦᠴᠦᠷᠡᠬᠦ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠃

  ᠲᠣᠭᠲᠠᠭᠠᠬᠤ ᠳᠡᠰ ᠳᠠᠷᠠᠭᠠᠯᠠᠯ᠎ᠠᠴᠠ ᠠᠪᠴᠤ ᠦᠵᠡᠪᠡᠯ ᠂ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠢ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠵᠣᠬᠢᠶᠠᠨ ᠪᠠᠶ᠋ᠢᠭᠤᠯᠤᠨ ᠲᠣᠭᠲᠠᠭᠠᠵᠤ ᠂ ᠪᠢᠳᠡ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠲᠤᠰᠬᠠᠶ ᠮᠡᠷᠭᠡᠵᠢᠯᠲᠡᠨ᠎ᠤ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ ᠂ ᠡᠮ ᠡᠮᠨᠡᠯᠭᠡ᠎ᠶᠢᠨ ᠠᠵᠤ ᠠᠬᠤᠶ᠋ᠢᠯᠠᠯ᠎ᠤᠨ ᠣᠯᠠᠨ ᠲᠠᠯ᠎ᠠ᠎ᠠᠴᠠ ᠮᠡᠳᠡᠭᠦᠯᠦᠭᠰᠡᠨ ᠬᠡᠷᠡᠭ ᠶᠠᠪᠤᠳᠠᠯ᠎ᠤᠨ ᠴᠢᠨᠠᠷᠲᠠᠶ ᠳᠠᠷᠤᠭᠠᠰᠤ᠎ᠶᠢ ᠬᠥᠩᠭᠡᠷᠡᠭᠦᠯᠵᠦ ᠂ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠠᠢ ᠵᠡᠷᠭᠡ᠎ᠪᠠᠷ ᠭᠤᠶᠤᠴᠢᠯᠠᠨ ᠮᠡᠳᠡᠭᠦᠯᠵᠦ ᠂ ᠵᠡᠷᠭᠡ᠎ᠪᠠᠷ ᠲᠣᠬᠢᠷᠠᠭᠤᠯᠵᠤ ᠂ ᠲᠠᠰ ᠳᠠᠷᠠᠭᠠᠯᠠᠯ᠎ᠨᠢ ᠦᠨᠳᠦᠰᠦᠨ᠎ᠳᠦ᠎ᠪᠡᠨ ᠨᠢᠭᠡᠳᠦᠯᠲᠡᠶ ᠪᠠᠶ᠋ᠢᠬᠤ᠎ᠶᠢ ᠪᠣᠳᠣᠯᠬᠢᠯᠠᠨ᠎ᠠ ᠃ ᠠᠵᠤ ᠠᠬᠤᠶ᠋ᠢᠯᠠᠯ᠎ᠤᠳ ᠪᠡᠶ᠎ᠡ᠎ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠎ᠶᠢ ᠡᠮᠴᠢᠯᠡᠭᠡᠨ᠎ᠤ ᠳᠠᠭᠠᠳᠬᠠᠯ᠎ᠤᠨ ᠭᠠᠷᠴᠠᠭ᠎ᠲᠤ ᠣᠷᠣᠭᠤᠯᠬᠤ ᠪᠤᠶᠤ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠲᠤ ᠣᠷᠣᠭᠤᠯᠵᠤ ᠪᠣᠯᠤᠨ᠎ᠠ ᠃ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ᠎ᠯᠦ᠍ᠭᠡ ᠠᠳᠠᠯᠢ ᠪᠤᠰᠤ ᠲᠠᠯ᠎ᠠ᠎ᠨᠢ ᠂ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠨᠢ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠺᠣᠮᠫᠠᠨᠢ᠎ᠶᠢᠨ ᠵᠠᠬ᠎ᠠ ᠳᠡᠯᠭᠡᠭᠦᠷ᠎ᠤᠨ ᠭᠤᠤᠯ ᠴᠣᠭᠴᠠ᠎ᠶᠢᠨ ᠪᠠᠶ᠋ᠢᠷᠢ ᠰᠠᠭᠤᠷᠢ᠎ᠶᠢ ᠭᠦᠢᠴᠡᠳ ᠬᠦᠨᠳᠦᠳᠬᠡᠵᠦ ᠂ ᠲᠥᠰᠦᠯ ᠲᠣᠭᠲᠠᠭᠠᠬᠤ ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ ᠂ ᠦᠨ᠎ᠡ ᠬᠠᠩᠰᠢ ᠵᠥᠪᠳᠡᠯᠴᠡᠬᠦ ᠵᠡᠷᠭᠡ ᠡᠯ᠎ᠡ ᠵᠠᠩᠭᠢᠯᠠᠭ᠎ᠠ᠎ᠶᠢᠨ ᠳᠠᠭᠠᠳᠬᠠᠯ᠎ᠤᠨ ᠺᠣᠮᠫᠠᠨᠢ ᠂ ᠠᠵᠢᠯ ᠲᠥᠷᠥᠯ᠎ᠤᠨ ᠲᠤᠰᠬᠠᠶ ᠮᠡᠷᠭᠡᠵᠢᠯᠲᠡᠨ ᠵᠡᠷᠭᠡ᠎ᠳᠤ ᠭᠦᠢᠴᠡᠳ ᠣᠷᠣᠯᠴᠠᠬᠤ ᠲᠣᠭᠲᠠᠴᠠ᠎ᠶᠢ ᠭᠦᠢᠴᠡᠳ ᠬᠦᠨᠳᠦᠳᠬᠡᠬᠦ ᠪᠣᠯᠤᠨ᠎ᠠ ᠃ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠲᠤᠰᠬᠠᠶ ᠮᠡᠷᠭᠡᠵᠢᠯᠲᠡᠨ ᠡᠮ᠎ᠤᠨ ᠵᠦᠢᠯ᠎ᠦᠨ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ ᠵᠢᠴᠢ ᠦᠨ᠎ᠡ ᠬᠠᠩᠰᠢ᠎ᠶᠢᠨ ᠵᠥᠪᠳᠡᠯᠴᠡᠭᠡ᠎ᠳᠤ ᠴᠢᠬᠤᠯᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ᠎ᠲᠠᠢ ᠃

  ᠬᠡᠯᠡᠯᠭᠡᠨ ᠦᠭᠡᠢ ᠂ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ ᠪᠣᠯ ᠨᠢᠭᠡ ᠵᠦᠢᠯ᠎ᠤᠨ ᠰᠢᠨ᠎ᠡ ᠬᠡᠷᠡᠭ ᠪᠣᠳᠠᠰ ᠮᠥᠨ ᠂ ᠦᠢᠯᠡᠳᠦᠯᠭᠡ᠎ᠶᠢᠨ ᠳᠤᠮᠳᠠ ᠤᠯᠠᠮ ᠨᠢᠭᠡ ᠠᠯᠬᠤᠮ ᠰᠦᠪᠡᠭᠴᠢᠯᠡᠨ ᠲᠡᠭᠦᠯᠳᠡᠷᠵᠢᠭᠦᠯᠬᠦ ᠴᠢᠬᠤᠯᠠᠲᠠᠢ ᠪᠠᠶ᠋ᠢᠳᠠᠭ ᠂ ᠠᠩᠬᠠᠨ᠎ᠤ ᠬᠤᠭᠤᠴᠠᠭᠠᠨ᠎ᠳᠤ ᠡᠮ ᠡᠮᠨᠡᠯᠭᠡ᠎ᠶᠢᠨ ᠮᠡᠷᠭᠡᠵᠢᠯ᠎ᠤᠨ ᠳᠠᠪᠰᠢᠯᠲᠠ ᠂ ᠡᠮᠴᠢᠯᠡᠭᠡᠨ᠎ᠤ ᠬᠡᠷᠡᠭᠴᠡᠭᠡ᠎ᠶᠢᠨ ᠬᠤᠪᠢᠷᠠᠯᠲᠠ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠬᠥᠭᠵᠢᠯᠲᠡ ᠵᠡᠷᠭᠡ ᠬᠦᠴᠦᠨ ᠵᠦᠢᠯ᠎ᠢ ᠦᠨᠳᠦᠰᠦᠯᠡᠨ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠬᠦ᠎ᠶᠢ ᠬᠡᠷᠡᠭᠵᠢᠭᠦᠯᠦᠨ᠎ᠡ ᠃ ᠠᠳᠡ ᠂ ᠪᠢᠳᠡ ᠪᠠᠰᠠ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠺᠣᠮᠫᠠᠨᠢ ᠂ ᠬᠠᠮᠢᠶ᠎ᠠ ᠪᠥᠬᠦᠶ ᠠᠵᠢᠯ ᠲᠥᠷᠥᠯ᠎ᠤᠨ ᠤᠬᠠᠭᠠᠨ᠎ᠤ ᠨᠡᠶ᠋ᠢᠭᠡᠮᠯᠢᠭ ᠪᠠ ᠲᠤᠰᠬᠠᠶ ᠮᠡᠷᠭᠡᠵᠢᠯᠲᠡᠳ᠎ᠤᠨ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠢ ᠲᠣᠭᠲᠠᠭᠠᠬᠤ ᠠᠵᠢᠯ᠎ᠳᠤ ᠢᠳᠡᠪᠬᠢᠲᠡᠶ ᠣᠷᠣᠯᠴᠠᠬᠤ᠎ᠶᠢ ᠪᠠᠶᠠᠷᠯᠠᠨ ᠤᠭᠲᠤᠵᠤ ᠪᠠᠶ᠋ᠢᠨ᠎ᠠ ᠃

 

 

  ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶᠠᠨ᠎ᠤ ᠰᠤᠷᠪᠤᠯᠵᠢᠯᠠᠭ᠍ᠴᠢ᠎ᠶᠢᠨ ᠠᠰᠠᠭᠤᠯᠲᠠ

  ᠲᠦᠪ᠎ᠤᠨ ᠷᠠᠳᠢᠣ᠋ ᠲᠧᠯᠸᠢᠰ᠎ᠤᠨ ᠶᠡᠷᠦᠩᠭᠡᠢ ᠬᠣᠷᠢᠶᠠᠨ᠎ᠤ ᠰᠤᠷᠪᠤᠯᠵᠢᠯᠠᠬ᠍ᠴᠢ ᠄

  ᠰᠢᠨ᠎ᠡ᠎ᠶᠢ ᠡᠭᠦᠳᠬᠦ᠎ᠶᠢ ᠦᠨᠡᠨ ᠬᠦ᠌ ᠳᠡᠮᠵᠢᠵᠦ ᠂ ᠵᠢᠩᠬᠢᠨᠢ ᠰᠢᠨ᠎ᠡ᠎ᠶᠢ ᠡᠭᠦᠳᠬᠦ᠎ᠶᠢ ᠳᠡᠮᠵᠢᠵᠦ ᠂ ᠵᠦᠷᠢᠶᠡᠴᠢᠯᠡᠭᠰᠡᠨ ᠰᠢᠨ᠎ᠡ᠎ᠶᠢ ᠡᠭᠦᠳᠬᠦ᠎ᠶᠢ ᠳᠡᠮᠵᠢᠬᠦ ᠲᠤᠬᠠᠶ ᠡᠮᠴᠢᠯᠡᠭᠡᠨ᠎ᠤ ᠪᠠᠲᠤᠯᠠᠭ᠎ᠠ᠎ᠳᠤ ᠶᠠᠮᠠᠷ ᠪᠣᠳᠣᠯᠬᠢᠯᠠᠯ᠎ᠲᠠᠢ ᠪᠠᠶ᠋ᠢᠬᠤ ᠪᠣᠢ ᠂ ᠶᠠᠭᠠᠬᠢᠵᠤ ᠬᠢᠬᠦ᠎ᠪᠠᠷ ᠪᠡᠯᠡᠳᠬᠡᠵᠦ ᠪᠠᠢᠭ᠎ᠠ ᠪᠤᠢ ?

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠠᠯᠪᠠᠨ ᠬᠡᠷ᠎ᠤᠨ ᠡᠷᠬᠢᠯᠡᠭᠴᠢ ᠵᠦ᠍ ᠶᠦᠩ ᠹᠧᠩ ᠄

  ᠡᠨᠡ ᠠᠰᠠᠭᠤᠯᠲᠠ᠎ᠶᠢ ᠸᠠᠩ ᠭᠦᠸᠧ ᠳ᠋ᠦᠩ ᠳᠡᠳ᠋ ᠡᠷᠬᠢᠯᠡᠭᠴᠢ᠎ᠠᠴᠠ ᠬᠠᠷᠢᠭᠤᠯᠤᠨ᠎ᠠ ᠃

 

 

  ᠸᠠᠩ ᠭᠥᠸᠧ ᠳ᠋ᠦᠩ

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠡᠮᠴᠢᠯᠡᠭᠡᠨ᠎ᠦ ᠪᠠᠳᠤᠯᠠᠭ᠎ᠠ᠎ᠶᠢᠨ ᠲᠥᠪ᠎ᠤᠨ ᠳᠡᠳ᠋ ᠡᠷᠬᠢᠯᠡᠭᠴᠢ ᠸᠠᠩ ᠭᠦᠸᠧ ᠳ᠋ᠦᠩ ᠄

  ᠲᠠᠨ᠎ᠤ ᠠᠰᠠᠭᠤᠯᠲᠠ ᠠᠰᠠᠭᠤᠭᠰᠠᠨ᠎ᠳᠤ ᠪᠠᠶᠠᠷᠯᠠᠯ᠎ᠠ ᠃

  ᠰᠢᠨ᠎ᠡ᠎ᠶᠢ ᠡᠭᠦᠳᠬᠦ᠎ᠶᠢ ᠳᠡᠮᠵᠢᠬᠦ ᠪᠣᠯ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠤᠨ ᠭᠤᠤᠯ ᠥᠷᠲᠡᠭ᠎ᠤᠨ ᠤᠳᠤᠷᠢᠳᠤᠮᠵᠢ ᠪᠣᠯᠤᠨ᠎ᠠ ᠃ ᠣᠶ᠋ᠢᠷ᠎ᠠ᠎ᠶᠢᠨ ᠵᠢᠯ᠎ᠤᠳ᠎ᠲᠤ ᠂ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠳᠤᠮᠳᠠ ᠢᠮᠠᠭᠲᠠ ᠠᠷᠠᠳ ᠣᠯᠠᠨ᠎ᠤ ᠡᠷᠡᠭᠦᠯ ᠮᠡᠨᠳᠦ᠎ᠪᠠᠷ ᠭᠤᠤᠯ ᠪᠣᠯᠭᠠᠵᠤ ᠂ ᠰᠢᠨ᠎ᠡ ᠡᠭᠦᠳᠦᠯᠲᠡ᠎ᠶᠢᠨ ᠡᠮ᠎ᠢ ᠡᠪᠡᠳᠴᠢᠲᠡᠨ᠎ᠳᠤ ᠪᠤᠶᠠᠨ ᠦᠢᠯᠡᠳᠬᠦ᠎ᠶᠢ ᠪᠥᠬᠦ ᠲᠠᠯ᠎ᠠ᠎ᠪᠠᠷ ᠳᠡᠮᠵᠢᠬᠦ ᠵᠥᠪᠰᠢᠶᠡᠷᠡᠨ ᠣᠷᠣᠭᠤᠯᠬᠤ ᠲᠣᠭᠲᠠᠴᠠ᠎ᠶᠢ ᠪᠠᠶ᠋ᠢᠭᠤᠯᠵᠤ ᠂ 14 ᠳ᠋ᠦᠩᠰᠢᠭᠤᠷ ᠬᠥᠮᠦᠨ᠎ᠢ ᠬᠠᠮᠤᠷᠤᠭᠰᠠᠨ ᠪᠥᠬᠦ ᠤᠯᠤᠰ᠎ᠤᠨ ᠨᠢᠭᠡᠳᠦᠯᠲᠡᠶ ᠲᠣᠮᠣ᠌ ᠵᠠᠬ᠎ᠠ ᠳᠡᠯᠭᠡᠭᠦᠷ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠵᠦ ᠂ ᠡᠮ᠎ᠤᠨ ᠵᠦᠢᠯ᠎ᠤᠨ ᠰᠢᠨ᠎ᠡ᠎ᠶᠢ ᠡᠭᠦᠳᠬᠦ ᠥᠷᠲᠡᠭ᠎ᠢ ᠦᠨᠡᠯᠡᠨ ᠵᠢᠱ᠌ᠢᠬᠦ ᠲᠣᠭᠲᠠᠴᠠ᠎ᠶᠢ ᠪᠠᠶ᠋ᠢᠭᠤᠯᠤᠨ ᠪᠦᠷᠢᠨᠰᠢᠭᠦᠯᠵᠦ ᠂ ᠰᠢᠨ᠎ᠡ ᠡᠭᠦᠳᠦᠯᠲᠡ᠎ᠶᠢᠨ ᠡᠮ᠎ᠤᠨ ᠬᠥᠭᠵᠢᠯᠲᠡ᠎ᠶᠢ ᠳᠡᠮᠵᠢᠬᠦ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠪᠡ ᠃ 2018 ᠣᠨ᠎ᠠᠴᠠ ᠨᠠᠭᠠᠰᠢ ᠂ ᠰᠢᠨ᠎ᠡ ᠡᠭᠦᠳᠦᠯᠲᠡ᠎ᠶᠢᠨ ᠡᠮ (ᠭᠤᠣᠯᠳᠠᠭᠤ 1 ᠲᠥᠷᠥᠯ᠎ᠤᠨ ᠰᠢᠨ᠎ᠡ ᠡᠭᠦᠳᠦᠯᠲᠡ᠎ᠶᠢᠨ ᠡᠮ)᠎ᠢ ᠡᠮᠴᠢᠯᠡᠭᠡᠨ᠎ᠤ ᠳᠠᠭᠠᠳᠬᠠᠯ᠎ᠤᠨ ᠭᠠᠷᠴᠠᠭ᠎ᠲᠤ ᠣᠷᠣᠭᠤᠯᠵᠤ ᠂ ᠰᠢᠨ᠎ᠡ᠎ᠪᠠᠷ ᠨᠡᠮᠡᠭᠳᠡᠭᠰᠡᠨ ᠡᠮ᠎ᠤᠨ ᠵᠦᠢᠯ᠎ᠤᠨ ᠲᠤᠭ᠎ᠠ ᠬᠡᠮᠵᠢᠶᠡᠨ᠎ᠦ 17%᠎ᠶᠢ ᠡᠵᠡᠯᠡᠪᠡ ᠃ ᠡᠨᠡ ᠵᠢᠯ᠎ᠤᠨ 5 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ ᠂ ᠬᠡᠯᠡᠯᠴᠡᠭᠡᠷ᠎ᠤᠨ ᠬᠤᠭᠤᠴᠠᠭᠠᠨ᠎ᠳᠤ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠵᠠᠷᠤᠯᠭ᠎ᠠ ᠨᠢᠭᠡᠨᠲᠡ 4100 ᠳ᠋ᠦᠩᠰᠢᠭᠤᠷ ᠲᠥᠭᠦᠷᠢᠭ᠎ᠲᠤ       ᠬᠦᠷᠴᠦ ᠂ ᠡᠮ᠎ᠤᠨ ᠵᠦᠢᠯ᠎ᠤᠨ ᠪᠣᠷᠣᠯᠠᠭᠤᠯᠭ᠎ᠠ᠎ᠶᠢᠨ ᠵᠣᠭᠤᠰ᠎ᠤᠨ ᠲᠤᠭ᠎ᠠ 6000 ᠳ᠋ᠦᠩᠰᠢᠭᠤᠷ ᠲᠥᠭᠦᠷᠢᠭ᠎ᠢ ᠳᠠᠪᠠᠪᠠ ᠃ 2024 ᠣᠨ᠎ᠳᠤ ᠲᠤᠬᠠᠢ᠎ᠶᠢᠨ ᠵᠢᠯ᠎ᠤᠨ ᠬᠡᠯᠡᠯᠴᠡᠭᠡᠷ᠎ᠤᠨ ᠬᠤᠭᠤᠴᠠᠭᠠᠨ᠎ᠳᠤ ᠬᠡᠯᠡᠯᠴᠡᠭᠡᠷ ᠬᠢᠬᠦ ᠡᠮ᠎ᠤᠨ ᠵᠦᠢᠯ᠎ᠤᠨ ᠰᠠᠭᠤᠷᠢ ᠮᠥᠩᠭᠦ᠎ᠶᠢᠨ ᠵᠠᠷᠤᠯᠭ᠎ᠠ᠎ᠶᠢ ᠨᠢᠭᠡᠨᠲᠡ 1000 ᠳ᠋ᠦᠩᠰᠢᠭᠤᠷ ᠲᠥᠭᠦᠷᠢᠭ᠎ᠠᠴᠠ ᠳᠠᠪᠠᠭᠤᠯᠪᠠ ᠂ ᠡᠮᠴᠢᠯᠡᠭᠡᠨ᠎ᠤ ᠳᠠᠭᠠᠳᠬᠠᠯ᠎ᠢ ᠵᠢᠩᠬᠢᠨᠢ ᠠᠯᠳᠠ ᠮᠥᠩᠭᠦ᠎ᠪᠠᠷ ᠰᠢᠨ᠎ᠡ᠎ᠶᠢ ᠡᠭᠦᠳᠬᠦ᠎ᠶᠢ ᠳᠡᠮᠵᠢᠵᠦ ᠪᠠᠶ᠋ᠢᠨ᠎ᠠ ᠭᠡᠵᠦ ᠬᠡᠯᠡᠵᠦ ᠪᠣᠯᠤᠨ᠎ᠠ ᠃

  ᠭᠡᠪᠡᠴᠦ ᠮᠠᠨ᠎ᠤ ᠤᠯᠤᠰ᠎ᠤᠨ ᠰᠢᠨ᠎ᠡ ᠡᠭᠦᠳᠦᠯᠲᠡ᠎ᠶᠢᠨ ᠡᠮ ᠬᠡᠳᠦ᠋ᠢᠪᠡᠷ ᠳᠡᠭᠡᠳᠦ ᠬᠤᠷᠳᠤᠴᠠ᠎ᠪᠠᠷ ᠬᠥᠭᠵᠢᠵᠦ ᠪᠠᠶ᠋ᠢᠭ᠎ᠠ ᠪᠣᠯᠪᠠᠴᠤ ᠂ ᠭᠠᠳᠠᠭᠠᠳᠤ᠎ᠶᠢᠨ BD ᠂ NewCo ᠬᠠᠯᠠᠭᠤᠨ ᠥᠷᠨᠢᠯᠲᠡ ᠭᠠᠷᠴᠤ ᠂ ᠰᠢᠨ᠎ᠡ ᠡᠮ᠎ᠤᠨ ᠰᠤᠳᠤᠯᠤᠨ ᠨᠡᠭᠡᠭᠡᠬᠦ ᠬᠤᠭᠤᠯᠠᠢ ᠱᠤᠭᠤᠮ ᠨᠡᠮᠡᠭᠳᠡᠭᠰᠡᠨ ᠪᠣᠯᠪᠠᠴᠤ ᠵᠠᠷᠢᠮ ᠬᠦᠷᠢᠶᠡᠨ᠎ᠳᠤ ᠪᠠᠰᠠ ᠰᠢᠨ᠎ᠡ᠎ᠶᠢ ᠡᠭᠦᠳᠬᠦ᠎ᠶᠢ ᠳᠠᠭᠠᠵᠤ ᠤᠯᠠᠰᠢᠷᠠᠭᠰᠠᠨ ᠂ ᠠᠳᠠᠯᠢ ᠴᠢᠨᠠᠷᠵᠢᠭ᠍ᠰᠠᠨ ᠬᠦᠨᠳᠦ ᠨᠣᠴᠢᠲᠠᠢ ᠂ ᠡᠮᠴᠢᠯᠡᠭᠡᠨ᠎ᠤ ᠦᠷᠳᠡᠭ᠎ᠤᠨ ᠳᠠᠪᠠᠭᠤᠯᠢᠭ᠋ ᠲᠣᠳᠣᠷᠬᠠᠢ ᠦᠭᠡᠢ ᠵᠡᠷᠭᠡ ᠠᠰᠠᠭᠤᠳᠠᠯ ᠣᠷᠣᠰᠢᠵᠤ ᠪᠠᠶ᠋ᠢᠬᠤ᠎ᠶᠢ ᠪᠢᠳᠡ ᠪᠠᠰᠠ ᠣᠯᠵᠤ ᠬᠠᠷᠠᠬᠤ ᠬᠡᠷᠡᠭᠲᠡᠢ ᠃ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠤᠨ ᠬᠥᠭᠵᠢᠯᠲᠡ᠎ᠶᠢᠨ ᠴᠢᠭᠯᠡᠯ᠎ᠢ ᠨᠠᠩ ᠰᠠᠶ᠋ᠢᠲᠤᠷ ᠬᠥᠲᠥᠯᠦᠨ ᠵᠢᠯᠣᠭᠤᠳᠴᠤ ᠂ ᠳᠣᠲᠣᠭᠠᠳᠤ ᠬᠤᠮᠢᠷᠠᠭ᠎ᠠ ᠥᠷᠢᠰᠥᠯᠳᠦᠭᠡᠨ᠎ᠠᠴᠠ ᠵᠠᠢᠯᠠᠰᠬᠢᠬᠤ᠎ᠶᠢᠨ ᠲᠥᠯᠥᠭᠡ ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠰᠢᠨ᠎ᠡ᠎ᠶᠢ ᠡᠭᠦᠳᠬᠦ᠎ᠶᠢ ᠦᠨᠡᠨ ᠬᠦ᠌ ᠳᠡᠮᠵᠢᠭᠰᠡᠨ ᠰᠠᠭᠤᠷᠢᠨ ᠳᠡᠭᠡᠷ᠎ᠡ ᠂ ᠦᠨᠡᠨ ᠬᠦ᠌ ᠰᠢᠨ᠎ᠡ᠎ᠶᠢ ᠡᠭᠦᠳᠬᠦ᠎ᠶᠢ ᠳᠡᠮᠵᠢᠵᠦ ᠂ ᠵᠦᠷᠢᠶᠡᠴᠢᠯᠡᠭᠰᠡᠨ ᠰᠢᠨ᠎ᠡ᠎ᠶᠢ ᠡᠭᠦᠳᠬᠦ᠎ᠶᠢ ᠳᠡᠮᠵᠢᠬᠦ᠎ᠶᠢ ᠤᠯᠠᠮ ᠨᠢᠭᠡ ᠠᠯᠬᠤᠮ ᠳᠤᠷᠠᠳᠤᠨ ᠭᠠᠷᠭᠠᠪᠠ ᠃ ᠠᠷᠭ᠎ᠠ ᠬᠡᠮᠵᠢᠶ᠎ᠡ᠎ᠨᠦᠭᠦᠳ᠎ᠲᠤ ᠡᠨᠡ᠎ᠨᠢ ᠪᠠᠰᠠ ᠲᠣᠬᠢᠷᠠᠭᠤᠯᠤᠯᠲᠠ ᠪᠠᠶ᠋ᠢᠵᠤ ᠂ ᠳᠣᠣᠷᠠᠬᠢ ᠬᠡᠳᠦᠨ ᠲᠠᠯ᠎ᠠ᠎ᠪᠠᠷ ᠢᠯᠡᠷᠡᠵᠦ ᠪᠠᠶ᠋ᠢᠨ᠎ᠠ ᠄

  ᠰᠤᠳᠤᠯᠤᠨ ᠨᠡᠭᠡᠭᠡᠬᠦ ᠲᠠᠯ᠎ᠠ᠎ᠪᠠᠷ ᠂ ᠲᠤᠭ᠎ᠠ ᠪᠠᠷᠢᠮᠲᠠ᠎ᠶᠢᠨ ᠠᠮᠤᠷ ᠲᠦᠪᠰᠢᠨ ᠂ ᠬᠠᠤᠯᠢ ᠲᠣᠭᠲᠠᠭᠠᠯ᠎ᠳᠤ ᠨᠡᠶ᠋ᠢᠴᠡᠬᠦ᠎ᠶᠢ ᠦᠨᠡᠨ ᠬᠦ᠌ ᠪᠠᠲᠤᠯᠠᠭᠰᠠᠨ ᠰᠠᠭᠤᠷᠢᠨ ᠳᠡᠭᠡᠷ᠎ᠡ ᠂ ᠰᠢᠨ᠎ᠡ ᠡᠭᠦᠳᠦᠯᠲᠡ᠎ᠶᠢᠨ ᠡᠮ᠎ᠤᠨ ᠰᠤᠳᠤᠯᠤᠨ ᠨᠡᠭᠡᠭᠡᠬᠦ᠎ᠳᠤ ᠴᠢᠬᠤᠯᠠ ᠪᠥᠬᠦᠶ ᠡᠮᠴᠢᠯᠡᠭᠡᠨ᠎ᠤ ᠳᠠᠭᠠᠳᠬᠠᠯ᠎ᠤᠨ ᠲᠤᠭ᠎ᠠ ᠪᠠᠷᠢᠮᠲᠠ᠎ᠶᠢᠨ ᠦᠢᠯᠡᠴᠢᠯᠡᠭᠡ ᠬᠠᠩᠭᠠᠬᠤ᠎ᠶᠢ ᠰᠦᠪᠡᠭᠴᠢᠯᠡᠵᠦ ᠂ ᠠᠵᠤ ᠠᠬᠤᠶ᠋ᠢᠯᠠᠯ ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠂ ᠡᠮᠴᠢᠯᠡᠭᠡᠨ᠎ᠤ ᠪᠠᠶ᠋ᠢᠭᠤᠯᠤᠮᠵᠢ ᠵᠡᠷᠭᠡ᠎ᠶᠢᠨ ᠡᠮᠴᠢᠯᠡᠭᠡᠨ᠎ᠤ ᠬᠡᠷᠡᠭᠴᠡᠭᠡ ᠱᠠᠭᠠᠷᠳᠠᠯᠭ᠎ᠠ᠎ᠳᠤ ᠴᠢᠭᠯᠡᠭᠦᠯᠦᠨ ᠰᠤᠳᠤᠯᠤᠨ ᠨᠡᠭᠡᠭᠡᠬᠦ ᠴᠢᠭᠯᠡᠯ᠎ᠢ ᠵᠦᠶ ᠵᠣᠬᠢᠰᠲᠠᠶ ᠲᠣᠭᠲᠠᠭᠠᠵᠤ ᠂ ᠰᠤᠳᠤᠯᠤᠨ ᠨᠡᠭᠡᠭᠡᠬᠦ ᠬᠤᠭᠤᠯᠠᠶ ᠱᠤᠭᠤᠮ᠎ᠢ ᠪᠠᠶ᠋ᠢᠷᠢᠰᠢᠭᠤᠯᠤᠨ ᠂ ᠰᠢᠨ᠎ᠡ᠎ᠶᠢ ᠡᠭᠦᠳᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ ᠂ ᠵᠦᠷᠢᠶᠡᠴᠢᠯᠡᠭᠰᠡᠨ ᠰᠢᠨ᠎ᠡ᠎ᠶᠢ ᠡᠭᠦᠳᠬᠦ ᠵᠠᠮ᠎ᠢᠶᠠᠷ ᠵᠠᠮᠨᠠᠬᠤ᠎ᠶᠢ ᠳᠡᠮᠵᠢᠨ᠎ᠡ ᠃

  ᠡᠮᠴᠢᠯᠡᠭᠡᠨ᠎ᠦ ᠳᠠᠭᠠᠳᠬᠠᠯ᠎ᠳᠦ ᠵᠥᠪᠰᠢᠶᠡᠷᠡᠨ ᠣᠷᠣᠭᠤᠯᠬᠤ ᠲᠠᠯ᠎ᠠ᠎ᠪᠠᠷ ᠂ ᠡᠮ᠎ᠤᠨ ᠵᠦᠢᠯ᠎ᠤᠨ ᠠᠵᠤ ᠠᠬᠤᠶ᠎ᠶᠢᠨ        ᠤᠬᠠᠭᠠᠨ ᠂ ᠡᠷᠡᠭᠦᠯ ᠬᠠᠮᠠᠭᠠᠯᠠᠯ᠎ᠤᠨ ᠮᠡᠷᠭᠡᠵᠢᠯ᠎ᠢ ᠦᠨᠡᠯᠡᠨ ᠵᠢᠱ᠌ᠢᠬᠦ ᠵᠡᠷᠭᠡ ᠮᠡᠷᠭᠡᠵᠢᠯ᠎ᠤᠨ ᠠᠷᠭ᠎ᠠ᠎ᠶᠢ ᠭᠦᠢᠴᠡᠳ ᠬᠡᠷᠡᠭᠯᠡᠵᠦ ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠳᠠᠭᠠᠭᠠᠬᠤ ᠴᠢᠳᠠᠪᠤᠷᠢ ᠂ ᠡᠮᠴᠢᠯᠡᠭᠡᠨ᠎ᠤ ᠬᠡᠷᠡᠭᠴᠡᠭᠡ ᠱᠠᠭᠠᠷᠳᠠᠯᠭ᠎ᠠ ᠂ ᠡᠪᠡᠳᠴᠢᠲᠡᠨ᠎ᠤ ᠠᠰᠢᠭ᠋ ᠬᠦᠷᠲᠡᠬᠦ ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ ᠂ ᠰᠤᠳᠤᠯᠤᠨ ᠨᠡᠭᠡᠭᠡᠬᠦ ᠣᠷᠣᠭᠤᠯᠤᠯᠲᠠ ᠵᠡᠷᠭᠡ ᠬᠦᠴᠦᠨ ᠵᠦᠢᠯ᠎ᠢ ᠶᠡᠷᠦᠩᠬᠡᠶ᠋ᠢᠯᠡᠨ ᠪᠣᠳᠣᠯᠬᠢᠯᠠᠵᠤ ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠠᠴᠠ ᠰᠢᠨ᠎ᠡ ᠡᠭᠦᠳᠦᠯᠲᠡ᠎ᠶᠢᠨ ᠡᠮ᠎ᠤᠨ ᠠᠵᠤ ᠠᠬᠤᠶ᠋ᠢᠯᠠᠯ᠎ᠯᠤᠭ᠎ᠠ ᠬᠡᠯᠡᠯᠴᠡᠭᠡᠷ ᠬᠢᠵᠦ ᠪᠠᠶ᠋ᠢᠭᠠᠳ ᠳᠤᠮᠳᠠᠳᠤ ᠤᠯᠤᠰ᠎ᠤᠨ ᠤᠯᠤᠰ᠎ᠤᠨ ᠪᠠᠶ᠋ᠢᠳᠠᠯ ᠪᠠ ᠵᠠᠬ᠎ᠠ ᠳᠡᠯᠭᠡᠭᠦᠷ᠎ᠤᠨ ᠪᠠᠶ᠋ᠢᠷᠢ ᠰᠠᠭᠤᠷᠢ᠎ᠲᠠᠢ ᠬᠠᠷᠢᠯᠴᠠᠨ ᠵᠣᠬᠢᠴᠠᠯᠳᠤᠭᠰᠠᠨ ᠂ ᠡᠮ᠎ᠤᠨ ᠵᠦᠢᠯ᠎ᠤᠨ ᠡᠮᠴᠢᠯᠡᠭᠡᠨ᠎ᠤ ᠥᠷᠲᠡᠭ᠎ᠲᠤ ᠨᠡᠶ᠋ᠢᠴᠡᠭᠰᠡᠨ ᠡᠮᠴᠢᠯᠡᠭᠡᠨ᠎ᠤ ᠳᠠᠭᠠᠳᠬᠠᠯ᠎ᠢᠶᠡᠷ ᠲᠣᠭᠠᠴᠠᠭ᠎ᠠ ᠬᠢᠬᠦ ᠪᠠᠷᠢᠮᠵᠢᠶ᠎ᠠ᠎ᠶᠢ ᠪᠣᠶ       ᠪᠣᠯᠭᠠᠨ᠎ᠠ ᠃ ᠡᠪᠡᠳᠴᠢᠲᠡᠨ᠎ᠤ ᠡᠷᠡᠭᠦᠯ ᠮᠡᠨᠳᠦ᠎ᠪᠠᠷ ᠠᠰᠢᠭ᠋ ᠭᠥᠷᠳᠡᠭᠡᠬᠦ᠎ᠪᠠᠷ ᠭᠤᠤᠯ ᠪᠣᠯᠭᠠᠭᠰᠠᠨ ᠣᠯᠠᠨ ᠲᠠᠯᠠᠲᠤ ᠥᠷᠲᠡᠭ᠎ᠢ ᠦᠨᠡᠯᠡᠨ ᠵᠢᠱ᠌ᠢᠬᠦ ᠲᠣᠭᠲᠠᠯᠴᠠᠭ᠎ᠠ᠎ᠶᠢ ᠪᠠᠶ᠋ᠢᠭᠤᠯᠬᠤ᠎ᠪᠠᠷ ᠳᠠᠮᠵᠢᠭᠤᠯᠤᠨ ᠂ ᠡᠮᠴᠢᠯᠡᠭᠡᠨ᠎ᠤ ᠳᠠᠭᠠᠳᠬᠠᠯ᠎ᠤᠨ ᠬᠡᠯᠡᠯᠴᠡᠭᠡᠷ᠎ᠢ ᠲᠥᠰᠦᠭᠡᠯᠡᠨ ᠪᠤᠳᠤᠬᠤ᠎ᠶᠢᠨ ᠲᠤᠰᠬᠠᠶ᠋ᠢᠵᠢᠭ᠍ᠰᠠᠨ ᠴᠢᠳᠠᠪᠤᠷᠢ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠵᠦ ᠂ ᠲᠥᠰᠦᠭᠡᠯᠡᠨ ᠪᠤᠳᠤᠬᠤ ᠠᠷᠭ᠎ᠠ᠎ᠶᠢ ᠲᠡᠭᠦᠯᠳᠡᠷᠵᠢᠭᠦᠯᠦᠨ ᠂ ᠡᠮ᠎ᠤᠨ ᠵᠦᠢᠯ᠎ᠤᠨ ᠡᠮᠴᠢᠯᠡᠭᠡᠨ᠎ᠤ ᠥᠷᠲᠡᠭ᠎ᠢ ᠨᠠᠩ ᠰᠠᠶ᠋ᠢᠲᠤᠷ ᠢᠯᠡᠷᠡᠭᠦᠯᠦᠨ᠎ᠡ ᠃ ᠦᠨᠡᠨ ᠪᠣᠳᠠᠲᠠᠢ ᠳᠡᠯᠡᠬᠡᠢ᠎ᠶᠢᠨ ᠲᠣᠭ᠎ᠠ ᠪᠠᠷᠢᠮᠲᠠ᠎ᠶᠢ ᠡᠮᠴᠢᠯᠡᠭᠡᠨ᠎ᠤ ᠳᠠᠭᠠᠳᠬᠠᠯ᠎ᠳᠤ ᠣᠷᠣᠬᠤ᠎ᠶᠢ ᠵᠥᠪᠰᠢᠶᠡᠷᠡᠬᠦ ᠂ ᠤᠷᠳᠤᠳᠬᠠᠬᠤ ᠵᠡᠷᠭᠡ ᠲᠠᠯ᠎ᠠ᠎ᠪᠠᠷ ᠬᠡᠷᠡᠭᠯᠡᠬᠦ᠎ᠶᠢ ᠰᠦᠪᠡᠭᠴᠢᠯᠡᠨ ᠠᠬᠢᠭᠤᠯᠤᠨ᠎ᠠ ᠃

  ᠡᠮᠴᠢᠯᠡᠭᠡᠨ᠎ᠤ ᠬᠡᠷᠡᠭᠯᠡᠭᠡᠨ᠎ᠤ ᠲᠠᠯ᠎ᠠ᠎ᠪᠠᠷ ᠂ ᠡᠮᠴᠢᠯᠡᠭᠡᠨ᠎ᠤ ᠳᠠᠭᠠᠳᠬᠠᠯ᠎ᠤᠨ ᠭᠠᠷᠴᠠᠭ᠎ᠲᠤ ᠰᠢᠨ᠎ᠡ ᠡᠭᠦᠳᠦᠯᠲᠡ᠎ᠶᠢᠨ ᠡᠮ᠎ᠢ ᠵᠦᠶ ᠵᠣᠬᠢᠰᠲᠠᠶ ᠬᠡᠷᠡᠭᠯᠡᠭᠰᠡᠨ ᠡᠪᠡᠳᠴᠢᠨ᠎ᠤ ᠵᠢᠱ᠌ᠢᠶ᠎ᠡ᠎ᠳᠤ ᠡᠪᠡᠳᠴᠢᠨ᠎ᠤ ᠲᠥᠷᠥᠯ᠎ᠤᠨ ᠪᠠᠷᠢᠮᠵᠢᠶ᠎ᠠ᠎ᠪᠠᠷ ᠲᠣᠭᠠᠴᠠᠭ᠎ᠠ ᠬᠢᠬᠦ᠎ᠳᠤ ᠳᠣᠭᠢᠷᠠᠬᠤ ᠥᠬᠡᠶ ᠪᠠᠶ᠋ᠢᠪᠠᠯ ᠂ ᠡᠮᠴᠢᠯᠡᠭᠡᠨ᠎ᠤ ᠪᠠᠶ᠋ᠢᠭᠤᠯᠤᠮᠵᠢ᠎ᠶᠢᠨ ᠪᠡᠶ᠎ᠡ᠎ᠪᠠᠨ ᠳᠠᠭᠠᠭᠠᠵᠤ ᠣᠨᠴᠠ ᠵᠢᠱ᠌ᠢᠶ᠎ᠡ ᠭᠤᠶᠤᠴᠢᠯᠠᠨ ᠮᠡᠳᠡᠭᠦᠯᠬᠦ᠎ᠶᠢ ᠳᠡᠮᠵᠢᠨ᠎ᠡ ᠃ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠢ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠥᠪᠡᠷ᠎ᠤᠨ ᠵᠠᠷᠤᠳᠠᠯ᠎ᠤᠨ ᠨᠣᠷᠮ᠎ᠠ᠎ᠶᠢᠨ ᠭᠦᠢᠴᠡᠳᠬᠡᠯ ᠲᠤᠭ᠎ᠠ ᠪᠠ ᠲᠥᠪᠯᠡᠷᠡᠭᠦᠯᠦᠨ ᠬᠤᠳᠠᠯᠳᠤᠨ ᠠᠪᠬᠤ ᠳᠣᠲᠣᠷ᠎ᠠ᠎ᠠᠴᠠ ᠰᠣᠩᠭᠤᠵᠤ ᠪᠣᠯᠬᠤ ᠲᠥᠷᠥᠯ ᠵᠦᠢᠯ᠎ᠢ ᠬᠢᠨᠠᠨ ᠬᠡᠮᠵᠢᠬᠦ ᠬᠡᠪᠴᠢᠶᠡᠨ᠎ᠳᠤ ᠪᠤᠳᠤᠵᠤ ᠣᠷᠣᠭᠤᠯᠬᠤ ᠥᠬᠡᠶ ᠂ ᠬᠤᠯᠪᠣᠭᠳᠠᠯ ᠪᠥᠬᠦᠶ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠪᠠᠲᠤᠯᠠᠭ᠎ᠠ᠎ᠶᠢᠨ ᠬᠡᠪᠴᠢᠶᠡᠨ ᠳᠣᠲᠣᠷᠠᠬᠢ ᠰᠢᠨ᠎ᠡ ᠡᠭᠦᠳᠦᠯᠲᠡ᠎ᠶᠢᠨ ᠡᠮ᠎ᠤᠨ ᠬᠡᠷᠡᠭᠯᠡᠭᠡᠨ᠎ᠤ ᠡᠪᠡᠳᠴᠢᠨ᠎ᠤ ᠵᠢᠱ᠌ᠢᠶ᠎ᠡ᠎ᠶᠢ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠰᠢᠶᠠᠬᠤ ᠬᠡᠪᠴᠢᠶᠡᠨ᠎ᠳᠤ ᠣᠷᠣᠭᠤᠯᠬᠤ ᠥᠬᠡᠶ ᠂ ᠬᠢᠨᠠᠨ ᠬᠠᠷᠭᠤᠭᠤᠯᠵᠤ ᠦᠨᠡᠯᠡᠬᠦ ᠳᠠᠷᠠᠭᠠᠯᠠᠯ᠎ᠤᠨ ᠳᠠᠷᠠᠭ᠎ᠠ ᠲᠣᠭᠠᠴᠠᠭ᠎ᠠ ᠬᠢᠨ᠎ᠡ ᠃

  ᠳᠥᠭᠦᠮᠬᠡᠨ᠎ᠢᠶᠠᠷ ᠬᠡᠯᠡᠪᠡᠯ ᠡᠮᠴᠢᠯᠡᠭᠡᠨ᠎ᠦ ᠳᠠᠭᠠᠳᠬᠠᠯ᠎ᠤᠨ ᠭᠠᠷᠴᠠᠭ ᠪᠠ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠨᠢ ᠰᠢᠨ᠎ᠡ᠎ᠶᠢ ᠡᠭᠦᠳᠬᠦ ᠬᠡᠮᠵᠢᠶ᠎ᠡ᠎ᠪᠠᠷ ᠥᠨᠳᠥᠷ ᠂ ᠡᠮᠴᠢᠯᠡᠭᠡᠨ᠎ᠤ ᠥᠷᠲᠡᠭ᠎ᠨᠢ ᠶᠡᠭᠡ ᠡᠮ᠎ᠤᠨ ᠪᠦᠲᠦᠭᠡᠭᠳᠡᠬᠦᠨ᠎ᠳᠤ ᠨᠠᠩ ᠣᠯᠠᠨ ᠳᠡᠮᠵᠢᠯᠭᠡ ᠦᠵᠡᠭᠦᠯᠵᠦ ᠂ ᠡᠮ ᠡᠮᠨᠡᠯᠭᠡ᠎ᠶᠢᠨ ᠠᠵᠢᠯ ᠲᠥᠷᠥᠯ᠎ᠢ ᠬᠥᠲᠥᠯᠦᠨ ᠵᠢᠯᠣᠭᠤᠳᠴᠤ ᠪᠠᠶ᠋ᠢᠭᠠᠳ ᠦᠨᠡᠨ ᠰᠢᠨ᠎ᠡ᠎ᠶᠢ ᠡᠭᠦᠳᠬᠦ ᠪᠠ ᠵᠦᠷᠢᠶᠡᠴᠢᠯᠡᠭᠰᠡᠨ ᠰᠢᠨ᠎ᠡ᠎ᠶᠢ ᠡᠭᠦᠳᠬᠦ᠎ᠶᠢ ᠣᠨᠢᠯᠠᠵᠤ ᠂ ᠨᠠᠩ ᠰᠠᠶ᠋ᠢᠨ ᠡᠮᠴᠢᠯᠡᠭᠡᠨ᠎ᠤ ᠥᠷᠲᠡᠭ᠎ᠢ ᠴᠢᠷᠮᠠᠶ᠋ᠢᠨ ᠡᠭᠦᠳᠦᠨ᠎ᠡ ᠃

 

 

  ᠳᠤᠮᠳᠠᠳᠤ ᠤᠯᠤᠰ᠎ᠤᠨ ᠰᠠᠭᠤᠷᠢ ᠮᠥᠩᠭᠦ᠎ᠶᠢᠨ ᠰᠣᠨᠢᠨ᠎ᠤ ᠰᠤᠷᠪᠤᠯᠵᠢᠯᠠᠭ᠍ᠴᠢ᠎ᠶᠢᠨ ᠠᠰᠠᠭᠤᠯᠲᠠ

  ᠳᠤᠮᠳᠠᠳᠤ ᠤᠯᠤᠰ᠎ᠤᠨ ᠰᠠᠭᠤᠷᠢ ᠮᠥᠩᠭᠥᠨ᠎ᠤ ᠰᠣᠨᠢᠨ᠎ᠤ ᠰᠣᠷᠪᠣᠯᠵᠢᠯᠠᠭ᠍ᠴᠢ ᠄

  ᠡᠨᠡ ᠵᠢᠯ᠎ᠠᠴᠠ ᠨᠠᠭᠠᠰᠢ ᠂ ᠳᠤᠮᠳᠠᠳᠤ ᠤᠯᠤᠰ᠎ᠤᠨ ᠵᠠᠷᠢᠮ ᠰᠢᠨ᠎ᠡ ᠡᠭᠦᠳᠦᠯᠲᠡ᠎ᠶᠢᠨ ᠡᠮ᠎ᠤᠨ ᠡᠮᠴᠢᠯᠡᠭᠡᠨ᠎ᠳᠠᠬᠢ ᠲᠤᠷᠰᠢᠯᠲᠠ ᠰᠠᠢᠨ ᠪᠠᠢᠵᠤ ᠂ ᠬᠡᠳᠦᠨ ᠠᠷᠪᠠᠨ ᠳ᠋ᠦᠩᠰᠢᠭᠤᠷ ᠳ᠋ᠣᠯᠯᠠᠷ᠎ᠤᠨ ᠶᠡᠬᠡ ᠠᠷᠠᠯᠵᠢᠶ᠎ᠠ ᠤᠳᠠᠭ᠎ᠠ ᠳᠠᠷᠠᠭᠠᠯᠠᠨ ᠢᠯᠡᠷᠡᠵᠦ ᠂ ᠵᠢᠴᠢ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠤᠨ ᠲᠥᠷᠥ᠎ᠶᠢᠨ ᠪᠣᠳᠣᠯᠭ᠎ᠠ ᠵᠡᠷᠭᠡ ᠨᠥᠯᠥᠭᠡ᠎ᠪᠠᠷ ᠠᠮᠢᠳᠤ ᠪᠣᠳᠠᠰ᠎ᠤᠨ ᠡᠮ ᠡᠮᠨᠡᠯᠭᠡ᠎ᠶᠢᠨ ᠬᠠᠪᠲᠠᠭᠠᠢ ᠬᠡᠰᠡᠭ᠎ᠤᠨ ᠪᠡᠯᠡ ᠣᠷᠣᠭᠤᠯᠤᠯᠲᠠ ᠬᠥᠭᠵᠢᠶᠡᠨᠲᠡᠢ ᠪᠠᠢᠵᠤ ᠂ ᠰᠢᠶᠠᠩᠭᠠᠩ᠎ᠤᠨ ᠰᠲ᠋ᠣᠺ᠎ᠤᠨ ᠵᠠᠬ᠎ᠠ ᠳᠡᠯᠭᠡᠭᠦᠷ᠎ᠤᠨ ᠰᠢᠨ᠎ᠡ ᠡᠭᠦᠳᠦᠯᠲᠡ᠎ᠶᠢᠨ ᠡᠮ᠎ᠤᠨ ᠬᠡᠰᠡᠭ᠎ᠤᠨ ᠥᠰᠦᠯᠲᠡ᠎ᠶᠢᠨ ᠬᠡᠮᠵᠢᠶ᠎ᠡ᠎ᠨᠢ ᠢᠯᠡᠷᠬᠡᠢ ᠪᠠᠢᠵᠤ ᠂ 《ᠠᠷᠭ᠎ᠠ ᠬᠡᠮᠵᠢᠶ᠎ᠡ᠎ᠨᠦᠭᠦᠳ》᠎ᠲᠤ ᠰᠢᠶᠠᠩᠭᠠᠩ ᠂ ᠣᠣᠮᠸᠨ᠎ᠤ ᠳᠠᠪᠠᠭᠤᠯᠢᠭ᠋᠎ᠢ ᠠᠰᠢᠭ᠍ᠯᠠᠨ ᠰᠢᠨ᠎ᠡ ᠡᠭᠦᠳᠦᠯᠲᠡ᠎ᠶᠢᠨ ᠡᠮ᠎ᠤᠨ ᠪᠦᠬᠦ ᠪᠥᠮᠪᠥᠷᠴᠡᠭ᠎ᠤᠨ ᠬᠥᠭᠵᠢᠯᠲᠡ᠎ᠶᠢ ᠠᠬᠢᠭᠤᠯᠵᠤ ᠂ ᠳᠤᠮᠳᠠᠳᠤ ᠤᠯᠤᠰ᠎ᠤᠨ ᠰᠢᠨ᠎ᠡ ᠡᠭᠦᠳᠦᠯᠲᠡ᠎ᠶᠢᠨ ᠡᠮ᠎ᠤᠨ ᠳᠡᠯᠡᠬᠡᠢ᠎ᠶᠢᠨ ᠬᠥᠭᠵᠢᠯᠲᠡ᠎ᠶᠢ ᠳᠡᠮᠵᠢᠬᠦ ᠲᠠᠯ᠎ᠠ᠎ᠪᠠᠷ ᠶᠠᠮᠠᠷ ᠪᠣᠳᠣᠯᠬᠢᠯᠠᠯ᠎ᠲᠠᠢ ᠪᠣᠢ ?

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠠᠯᠪᠠᠨ ᠬᠡᠷ᠎ᠤᠨ ᠡᠷᠬᠢᠯᠡᠭᠴᠢ ᠵᠦ᠍ ᠶᠦᠩ ᠹᠧᠩ ᠄

  ᠡᠨᠡ ᠠᠰᠠᠭᠤᠯᠲᠠ᠎ᠶᠢ ᠸᠠᠩ ᠰᠢᠶᠣᠤ ᠨᠢᠩ ᠳᠠᠷᠤᠭ᠎ᠠ᠎ᠠᠴᠠ ᠬᠠᠷᠢᠭᠤᠯᠤᠨ᠎ᠠ ᠃

 

 

  ᠸᠠᠩ ᠰᠢᠶᠣᠣ ᠨᠢᠩ

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠡᠮ ᠡᠮᠨᠡᠯᠭᠡ᠎ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠵᠤᠷᠭᠠᠨ᠎ᠤ ᠳᠠᠷᠤᠭ᠎ᠠ ᠸᠠᠩ ᠰᠢᠶᠤᠤ ᠨᠢᠩ ᠄

  ᠲᠠᠨ᠎ᠤ ᠠᠰᠠᠭᠤᠯᠲᠠ ᠠᠰᠠᠭᠤᠭᠰᠠᠨ᠎ᠳᠤ ᠪᠠᠶᠠᠷᠯᠠᠯ᠎ᠠ ᠃

  ᠤᠢ᠍ᠢᠷ᠎ᠠ᠎ᠶᠢᠨ ᠵᠢᠯ᠎ᠠᠴᠠ ᠂ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠤᠷᠢᠶᠠᠨ᠎ᠤ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ ᠂ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠵᠦ ᠰᠢᠨ᠎ᠡ᠎ᠶᠢ ᠡᠭᠦᠳᠬᠦ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ᠎ᠶᠢ ᠠᠬᠢᠭᠤᠯᠵᠤ ᠂ ᠳᠤᠮᠳᠠᠳᠤ ᠤᠯᠤᠰ᠎ᠤᠨ ᠰᠢᠨ᠎ᠡ ᠡᠭᠦᠳᠦᠯᠲᠡ᠎ᠶᠢᠨ ᠡᠮ᠎ᠤᠨ ᠠᠵᠤ ᠦᠢᠯᠡᠰ ᠨᠢᠭᠡᠨᠲᠡ 《ᠣᠷᠣᠭᠤᠯᠤᠨ ᠠᠪᠴᠢᠷᠠᠵᠤ ᠳᠠᠭᠤᠷᠢᠶᠠᠬᠤ》᠎ᠶᠢ 《ᠰᠢᠨ᠎ᠡ᠎ᠶᠢ ᠡᠭᠦᠳᠦᠨ ᠭᠠᠷᠭᠠᠬᠤ》 ᠲᠡᠶ᠋ᠢᠰᠢ ᠰᠢᠯᠵᠢᠭᠦᠯᠵᠦ ᠂ ᠤᠯᠠᠨ ᠤᠯᠤᠰ᠎ᠤᠨ ᠮᠠᠭᠲᠠᠭᠠᠯ ᠰᠠᠶ᠋ᠢᠰᠢᠶᠠᠯ᠎ᠢ ᠲᠠᠰᠤᠷᠠᠯᠳᠠ ᠦᠭᠡᠢ ᠣᠯᠵᠤ ᠂ ᠳᠡᠯᠡᠬᠡᠢ ᠳ᠋ᠠᠬᠢᠨ᠎ᠳᠤ ᠠᠮᠢ ᠨᠠᠰᠤ ᠡᠷᠡᠭᠦᠯ ᠮᠡᠨᠳᠤ᠎ᠶᠢ ᠬᠠᠮᠠᠭᠠᠯᠠᠬᠤ 《ᠳᠤᠮᠳᠠᠳᠤ ᠤᠯᠤᠰ᠎ᠤᠨ ᠲᠥᠰᠦᠯ》᠎ᠢ ᠬᠠᠩᠭᠠᠵᠤ ᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠬᠤ ᠂ ᠬᠥᠮᠦᠨ ᠲᠥᠷᠥᠯᠬᠢᠲᠡᠨ᠎ᠤ ᠡᠷᠡᠭᠦᠯ ᠮᠡᠨᠳᠤ᠎ᠶᠢᠨ ᠠᠵᠠ ᠵᠢᠷᠭᠠᠯ᠎ᠢ ᠪᠦᠲᠦᠮᠵᠢᠲᠡᠢ ᠳᠡᠭᠡᠭᠰᠢᠯᠡᠭᠦᠯᠬᠦ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠃ ᠪᠦᠷᠢᠳᠬᠡᠯ᠎ᠠᠴᠠ ᠦᠵᠡᠪᠡᠯ ᠂ 2024 ᠣᠨ᠎ᠳᠤ ᠮᠠᠨ᠎ᠤ ᠤᠯᠤᠰ᠎ᠤᠨ ᠡᠮ᠎ᠤᠨ ᠠᠵᠤ ᠠᠬᠤᠶ᠋ᠢᠯᠠᠯ ᠭᠠᠳᠠᠭᠠᠳᠤ᠎ᠳᠤ 90 ᠡᠷᠬᠡ ᠣᠯᠭᠤᠭᠰᠠᠨ ᠠᠷᠠᠯᠵᠢᠶ᠎ᠠ᠎ᠶᠢ ᠪᠡᠶᠡᠯᠡᠭᠦᠯᠵᠦ ᠂ ᠶᠡᠷᠦᠩᠬᠡᠢ ᠠᠷᠠᠯᠵᠢᠶᠠᠨ᠎ᠤ ᠵᠣᠭᠤᠰ᠎ᠤᠨ ᠲᠤᠭ᠎ᠠ᠎ᠨᠢ 500 ᠳ᠋ᠦᠩᠰᠢᠭᠤᠷ ᠳ᠋ᠣᠯᠯᠠᠷ᠎ᠢ ᠳᠠᠪᠠᠵᠠᠢ ᠃ ᠠᠷᠭ᠎ᠠ ᠬᠡᠮᠵᠢᠶ᠎ᠡ᠎ᠨᠦᠭᠦᠳ᠎ᠲᠤ ᠳᠡᠯᠡᠬᠡᠢ᠎ᠶᠢᠨ ᠵᠠᠬ᠎ᠠ ᠵᠡᠭᠡᠯᠢ᠎ᠶᠢᠨ ᠰᠢᠨ᠎ᠡ ᠡᠷᠢᠯᠬᠢᠯᠡᠯᠯ᠎ᠢ ᠠᠬᠢᠭᠤᠯᠬᠤ ᠬᠡᠷᠡᠭᠲᠡᠢ ᠭᠡᠵᠦ ᠳᠤᠷᠠᠳᠤᠭᠰᠠᠨ ᠪᠠᠶ᠋ᠢᠨ᠎ᠠ ᠃

  ᠨᠢᠭᠡ᠎ᠳᠤ ᠂ ᠲᠠᠪᠴᠠᠩ ᠪᠠᠶ᠋ᠢᠭᠤᠯᠵᠤ ᠂ ᠭᠠᠳᠠᠭᠠᠳᠤ᠎ᠶᠢᠨ ᠵᠠᠬ᠎ᠠ ᠳᠡᠯᠭᠡᠭᠦᠷ᠎ᠢ ᠥᠷᠭᠡᠳᠬᠡᠬᠦ᠎ᠳᠤ ᠬᠦᠴᠦᠨ ᠨᠡᠮᠡᠷᠢᠯᠡᠪᠡ ᠃ ᠡᠨᠡ ᠵᠢᠯ᠎ᠤᠨ 1 ᠳ᠋ᠦ᠍ᠭᠡᠷ ᠰᠠᠷ᠎ᠠ᠎ᠳᠤ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠭᠤᠸᠠᠩᠰᠢ᠎ᠶᠢ ᠳᠤᠮᠳᠠᠳᠤ ᠤᠯᠤᠰ - ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭᠠᠨ᠎ᠤ ᠡᠮ ᠡᠮᠨᠡᠯᠭᠡ᠎ᠶᠢᠨ ᠣᠷᠣᠨ ᠪᠦᠰᠡ᠎ᠶᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠳᠤ ᠲᠦᠰᠢᠭᠯᠡᠨ ᠂ ᠤᠯᠤᠰ᠎ᠲᠤ᠎ᠪᠠᠨ ᠦᠢᠯᠡᠳᠪᠦᠷᠢᠯᠡᠭᠰᠡᠨ ᠡᠮ᠎ᠤᠨ ᠵᠦᠢᠯ ᠂ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠵᠡᠭᠦᠨ ᠡᠮᠦᠨᠡᠲᠦ ᠠᠽᠢᠶ᠎ᠠ᠎ᠶᠢᠨ ᠬᠤᠯᠪᠣᠭᠠᠨ᠎ᠤ ᠤᠯᠤᠰ᠎ᠤᠳ᠎ᠲᠤ ᠣᠷᠣᠭᠤᠯᠬᠤ᠎ᠶᠢ ᠢᠳᠡᠪᠬᠢᠲᠡᠶ ᠠᠬᠢᠭᠤᠯᠬᠤ᠎ᠶᠢᠨ ᠬᠠᠮᠲᠤ ᠤᠯᠤᠰ᠎ᠤᠨ ᠳᠣᠲᠣᠭᠠᠳᠤ᠎ᠶᠢᠨ ᠭᠠᠳᠠᠨ᠎ᠠ᠎ᠠᠴᠠ ᠡᠮ ᠬᠤᠳᠠᠯᠳᠤᠨ ᠠᠪᠬᠤ᠎ᠳᠤ ᠳᠥᠭᠦᠮ ᠳᠥᠲᠡ ᠦᠢᠯᠡᠴᠢᠯᠡᠭᠡᠨ᠎ᠤ ᠨᠡᠪᠲᠡᠷᠡᠬᠦ ᠵᠠᠮ᠎ᠤᠨ ᠰᠢᠨ᠎ᠡ᠎ᠶᠢ ᠡᠭᠦᠳᠦᠨ ᠪᠠᠶ᠋ᠢᠭᠤᠯᠤᠭᠰᠠᠨ᠎ᠨᠢ ᠡᠮ ᠡᠮᠨᠡᠯᠭᠡ᠎ᠶᠢᠨ ᠲᠥᠪᠯᠡᠷᠡᠭᠦᠯᠦᠨ ᠬᠤᠳᠠᠯᠳᠤᠨ ᠠᠪᠬᠤ ᠬᠦᠷᠢᠶᠡᠨ᠎ᠳᠠᠬᠢ ᠬᠢᠯᠢ ᠠᠯᠤᠰᠯᠠᠭᠰᠠᠨ ᠰᠣᠯᠢᠯᠴᠠᠭ᠎ᠠ ᠬᠠᠮᠲᠤᠷᠠᠯᠴᠠᠭ᠎ᠠ᠎ᠶᠢᠨ ᠮᠥᠨ ᠴᠢᠨᠠᠷ᠎ᠤᠨ ᠨᠢᠭᠡ ᠠᠯᠬᠤᠮ᠎ᠢ ᠠᠯᠬᠤᠭᠰᠠᠨ᠎ᠢ ᠬᠠᠷᠠᠭᠤᠯᠵᠤ ᠪᠠᠶ᠋ᠢᠨ᠎ᠠ ᠃ ᠵᠠᠯᠭᠠᠭᠠᠳ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠨᠠᠩ ᠣᠯᠠᠨ ᠨᠥᠬᠦᠴᠡᠯ᠎ᠲᠠᠢ ᠭᠠᠵᠠᠷ ᠣᠷᠣᠨ᠎ᠤ ᠣᠷᠣᠨ ᠪᠠᠶ᠋ᠢᠷᠢ᠎ᠶᠢᠨ ᠳᠠᠪᠠᠭᠤᠯᠢᠭ᠋᠎ᠢᠶᠠᠨ ᠪᠠᠳᠠᠷᠠᠭᠤᠯᠬᠤ᠎ᠶᠢ ᠳᠡᠮᠵᠢᠵᠦ ᠂ ᠰᠢᠨ᠎ᠡ ᠡᠭᠦᠳᠦᠯᠲᠡ᠎ᠶᠢᠨ ᠡᠮ᠎ᠤᠨ ᠠᠷᠠᠯᠵᠢᠶᠠᠨ᠎ᠤ ᠲᠠᠪᠴᠠᠩ᠎ᠢ ᠪᠠᠶ᠋ᠢᠭᠤᠯᠵᠤ ᠂ ᠣᠯᠠᠨ ᠤᠯᠤᠰ᠎ᠲᠤ ᠳᠡᠯᠭᠡᠷᠡᠭᠦᠯᠬᠦ᠎ᠶᠢ ᠴᠢᠩᠭᠠᠳᠬᠠᠨ᠎ᠠ ᠃

  ᠬᠤᠶᠠᠷ᠎ᠲᠤ ᠂ ᠰᠡᠳᠬᠢᠮᠵᠢ᠎ᠪᠡᠨ ᠥᠷᠭᠡᠳᠬᠡᠵᠦ ᠂ ᠰᠢᠨ᠎ᠡ ᠡᠭᠦᠳᠦᠯᠲᠡ᠎ᠶᠢᠨ ᠬᠡᠯᠪᠡᠷᠢ᠎ᠶᠢᠨ ᠠᠵᠤ ᠠᠬᠤᠶ᠋ᠢᠯᠠᠯ᠎ᠤᠨ ᠲᠦᠷᠭᠡᠨ ᠬᠥᠭᠵᠢᠯᠲᠡ᠎ᠳᠤ ᠬᠦᠴᠦᠨ ᠨᠡᠮᠡᠷᠢᠯᠡᠪᠡ ᠃ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠢᠯ ᠲᠥᠷᠥᠯ᠎ᠢ ᠰᠤᠳᠤᠯᠤᠨ ᠨᠡᠭᠡᠭᠡᠬᠦ ᠦᠶᠡᠯᠡᠯ᠎ᠤᠨ ᠬᠤᠭᠤᠴᠠᠭ᠎ᠠ᠎ᠨᠢ ᠤᠷᠲᠤ ᠂ ᠣᠷᠣᠭᠤᠯᠤᠯᠲᠠ᠎ᠨᠢ ᠶᠡᠬᠡ ᠪᠣᠯᠬᠣᠷ ᠂ 《ᠠᠷᠭ᠎ᠠ ᠬᠡᠮᠵᠢᠶ᠎ᠡ᠎ᠨᠦᠭᠦᠳ》 ᠎ᠲᠤ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠪᠡᠯᠡ ᠣᠷᠣᠭᠤᠯᠤᠯᠲᠠ᠎ᠶᠢᠨ ᠬᠡᠪᠴᠢᠶᠡᠵᠢᠯ᠎ᠢ ᠥᠷᠭᠡᠳᠭᠡᠬᠦ᠎ᠶᠢ ᠵᠣᠷᠢᠭ᠍ᠵᠢᠭᠤᠯᠤᠨ ᠂ ᠰᠢᠨ᠎ᠡ ᠡᠭᠦᠳᠦᠯᠲᠡ᠎ᠶᠢᠨ ᠡᠮ᠎ᠤᠨ ᠬᠦᠯᠢᠴᠡᠩᠭᠦᠢ ᠬᠥᠷᠥᠩᠭᠡ᠎ᠶᠢ ᠪᠣᠢ᠍ᠵᠢᠭᠤᠯᠬᠤ ᠬᠡᠷᠡᠭᠲᠡᠢ ᠭᠡᠵᠦ ᠳᠤᠷᠠᠳᠪᠠ ᠃ ᠪᠢᠳᠡ ᠪᠠᠰᠠ ᠰᠢᠨ᠎ᠡ ᠡᠭᠦᠳᠦᠯᠲᠡ᠎ᠶᠢᠨ ᠡᠮ᠎ᠤᠨ ᠠᠵᠤ ᠠᠬᠤᠶ᠋ᠢᠯᠠᠯ᠎ᠤᠨ ᠰᠢᠶᠠᠩᠭᠠᠩ ᠂ ᠣᠣᠮᠧᠨ᠎ᠤ ᠬᠠᠮᠢᠶ᠎ᠠ ᠪᠥᠬᠦᠶ ᠳᠠᠪᠠᠭᠤᠯᠢᠭ᠋᠎ᠢ ᠠᠰᠢᠭ᠍ᠯᠠᠨ ᠂ ᠳᠤᠮᠳᠠᠳᠤ ᠤᠯᠤᠰ᠎ᠤᠨ ᠰᠢᠨ᠎ᠡ ᠡᠭᠦᠳᠦᠯᠲᠡ᠎ᠶᠢᠨ ᠡᠮ᠎ᠤᠨ ᠳᠡᠯᠡᠬᠡᠶ ᠳ᠋ᠠᠬᠢᠨ᠎ᠳᠤ ᠬᠠᠨᠳᠤᠬᠤ᠎ᠶᠢ ᠠᠬᠢᠭᠤᠯᠤᠨ᠎ᠠ ᠃

  ᠭᠤᠷᠪᠠ᠎ᠳᠤ ᠂ ᠦᠨ᠎ᠡ ᠬᠠᠩᠰᠢ᠎ᠶᠢᠨ ᠳᠡᠮᠵᠢᠯᠭᠡ ᠬᠠᠩᠭᠠᠵᠤ ᠂ ᠰᠢᠨ᠎ᠡ ᠡᠭᠦᠳᠦᠯᠲᠡ᠎ᠶᠢᠨ ᠡᠮ᠎ᠢ ᠳᠠᠯᠠᠢ᠎ᠳᠤ ᠭᠠᠷᠭᠠᠬᠤ᠎ᠳᠤ ᠬᠦᠴᠦᠨ ᠨᠡᠮᠡᠷᠢᠯᠡᠪᠡ ᠃ ᠬᠡᠰᠡᠭ ᠰᠢᠨ᠎ᠡ ᠡᠭᠦᠳᠦᠯᠲᠡ᠎ᠶᠢᠨ ᠡᠮ᠎ᠢ ᠭᠠᠳᠠᠭᠠᠳᠤ᠎ᠶᠢᠨ ᠵᠠᠬ᠎ᠠ ᠳᠡᠯᠭᠡᠭᠦᠷ᠎ᠲᠤ ᠭᠠᠷᠭᠠᠬᠤ᠎ᠶᠢ ᠳᠡᠮᠵᠢᠵᠦ ᠂ ᠣᠯᠠᠨ ᠤᠯᠤᠰ᠎ᠤᠨ ᠠᠷᠭ᠎ᠠ ᠬᠢᠳᠡᠯ᠎ᠢᠶᠠᠷ ᠲᠣᠯᠢ ᠪᠣᠯᠭᠠᠵᠤ ᠂ ᠠᠵᠤ ᠠᠬᠤᠶ᠋ᠢᠯᠠᠯ᠎ᠤᠨ ᠰᠠᠶ᠋ᠢᠨ ᠳᠤᠷ᠎ᠠ᠎ᠶᠢᠨ ᠵᠠᠷᠴᠢᠮ ᠶᠣᠰᠣᠭᠠᠷ ᠬᠡᠯᠡᠯᠴᠡᠭᠡᠷ ᠬᠢᠵᠦ ᠦᠨ᠎ᠡ ᠬᠠᠩᠰᠢ᠎ᠶᠢᠨ ᠨᠢᠭᠤᠴᠠ᠎ᠶᠢ ᠬᠠᠮᠠᠭᠠᠯᠠᠬᠤ᠎ᠶᠢ ᠬᠡᠷᠡᠭᠵᠢᠭᠦᠯᠬᠦ᠎ᠶᠢᠨ ᠲᠥᠯᠥᠭᠡ ᠂ ᠬᠤᠳᠠᠯᠳᠤᠭᠠᠨ᠎ᠤ ᠪᠠᠲᠤᠯᠠᠭ᠎ᠠ ᠪᠠ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ ᠡᠮ᠎ᠤᠨ ᠵᠦᠢᠯᠡᠰ᠎ᠤᠨ ᠦᠨ᠎ᠡ ᠬᠠᠩᠰᠢ᠎ᠶᠢᠨ ᠨᠢᠭᠤᠴᠠ᠎ᠶᠢ ᠬᠠᠮᠠᠭᠠᠯᠠᠬᠤ ᠨᠡᠩ ᠴᠢᠩᠭ᠎ᠠ ᠲᠣᠭᠲᠠᠴᠠ᠎ᠶᠢ ᠬᠠᠶ᠋ᠢᠨ ᠰᠦᠪᠡᠭᠴᠢᠯᠡᠪᠡ ᠃ ᠢᠷᠡᠭᠡᠳᠦᠶ᠎ᠳᠤ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠨᠠᠩ ᠪᠣᠳᠠᠲᠠᠶ ᠠᠷᠭ᠎ᠠ ᠬᠡᠮᠵᠢᠶ᠎ᠡ ᠠᠪᠴᠤ ᠂ ᠦᠨ᠎ᠡ ᠬᠠᠩᠰᠢ᠎ᠶᠢᠨ ᠲᠠᠯ᠎ᠠ᠎ᠪᠠᠷ ᠡᠮ᠎ᠤᠨ ᠵᠦᠢᠯ᠎ᠦᠨ 《ᠭᠠᠳᠠᠭ᠍ᠰᠢ ᠭᠠᠷᠬᠤ》᠎ᠳᠤ ᠨᠠᠩ ᠣᠯᠠᠨ ᠳᠡᠮᠵᠢᠯᠭᠡ ᠦᠵᠡᠭᠦᠯᠦᠨ᠎ᠡ ᠃

 

 

  21 ᠳ᠋ᠤᠭᠡᠷ ᠵᠠᠭᠤᠨ᠎ᠤ ᠠᠵᠤ ᠠᠬᠤᠶ᠎ᠶᠢᠨ ᠮᠡᠳᠡᠭᠡᠯᠡᠯ᠎ᠤᠨ ᠰᠤᠷᠪᠤᠯᠵᠢᠯᠠᠭ᠍ᠴᠢ᠎ᠶᠢᠨ ᠠᠰᠠᠭᠤᠯᠲᠠ

  21 ᠳ᠋ᠤᠭᠡᠷ ᠵᠠᠭᠤᠨ᠎ᠤ ᠠᠵᠤ ᠠᠬᠤᠶ᠎ᠶᠢᠨ ᠮᠡᠳᠡᠭᠡᠯᠡᠯ᠎ᠤᠨ ᠰᠤᠷᠪᠤᠯᠵᠢᠯᠠᠭ᠍ᠴᠢ ᠄

  ᠣᠳᠣᠬᠠᠨ᠎ᠳᠤ ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠭᠲᠠᠯᠴᠠᠭ᠎ᠠ ᠡᠯ᠎ᠡ ᠲᠠᠯ᠎ᠠ᠎ᠶᠢᠨ᠎ᠬᠢᠨ᠎ᠤ ᠴᠢᠬᠤᠯᠠᠴᠢᠯᠠᠯ᠎ᠢ ᠣᠯᠵᠤ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ ᠵᠡᠷᠭᠡ ᠲᠠᠯ᠎ᠠ᠎ᠪᠠᠷ ᠤᠯᠠᠮ᠎ᠠᠴᠠ ᠤᠯᠠᠮ ᠴᠢᠬᠤᠯᠠ ᠦᠢᠯᠡᠳᠦᠯ ᠦᠵᠡᠭᠦᠯᠬᠦ᠎ᠶᠢ ᠬᠠᠷᠠᠭᠤᠯᠵᠤ ᠪᠠᠶ᠋ᠢᠨ᠎ᠠ ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠠᠴᠠ ᠦᠨᠳᠦᠰᠦᠨ ᠡᠮᠴᠢᠯᠡᠭᠡᠨ᠎ᠤ ᠳᠠᠭᠠᠳᠬᠠᠯ ᠪᠠ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠬᠠᠮᠵᠢᠯᠴᠠᠭ᠎ᠠ᠎ᠶᠢ ᠬᠡᠷᠬᠢᠨ ᠰᠠᠶ᠋ᠢᠲᠤᠷ ᠬᠢᠬᠦ ᠲᠤᠬᠠᠶ ᠶᠠᠮᠠᠷ ᠪᠣᠳᠣᠯᠬᠢᠯᠠᠯ᠎ᠲᠠᠢ ᠪᠣᠶ ?

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠠᠯᠪᠠᠨ ᠬᠡᠷ᠎ᠤᠨ ᠡᠷᠬᠢᠯᠡᠭᠴᠢ ᠵᠦ᠍ ᠶᠦᠩ ᠹᠧᠩ ᠄

  ᠡᠨᠡ ᠠᠰᠠᠭᠤᠯᠲᠠ᠎ᠶᠢ ᠬᠤᠸᠠᠩ ᠰᠢᠨ ᠢᠦᠶ ᠵᠤᠷᠭᠠᠨ᠎ᠤ ᠳᠠᠷᠤᠭ᠎ᠠ᠎ᠡᠴᠡ ᠬᠠᠷᠢᠭᠤᠯᠤᠨ᠎ᠠ ᠃

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠡᠮ ᠡᠮᠨᠡᠯᠭᠡ᠎ᠶᠢᠨ ᠦᠢᠯᠡᠴᠢᠯᠡᠭᠡᠨ᠎ᠤ ᠬᠠᠮᠢᠶᠠᠷᠤᠯᠲᠠ᠎ᠶᠢᠨ ᠵᠤᠷᠭᠠᠨ᠎ᠤ ᠳᠠᠷᠤᠭ᠎ᠠ ᠬᠤᠸᠠᠩ ᠰᠢᠨ ᠢᠤᠢ ᠄

  ᠲᠠᠨ᠎ᠤ ᠠᠰᠠᠭᠤᠯᠲᠠ ᠠᠰᠠᠭᠤᠭᠰᠠᠨ᠎ᠳᠤ ᠪᠠᠶᠠᠷᠯᠠᠯ᠎ᠠ ᠃

  《ᠡᠮᠴᠢᠯᠡᠭᠡᠨ᠎ᠦ ᠪᠠᠲᠤᠯᠠᠭ᠎ᠠ᠎ᠶᠢᠨ ᠲᠦᠷᠢᠮ᠎ᠤᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ᠎ᠶᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠳᠤ ᠂ 2030 ᠣᠨ ᠪᠣᠯᠬᠤ᠎ᠳᠤ ᠂ ᠦᠨᠳᠦᠰᠦᠨ ᠡᠮᠴᠢᠯᠡᠭᠡᠨ᠎ᠦ ᠳᠠᠭᠠᠳᠬᠠᠯ᠎ᠢᠶᠠᠷ ᠭᠤᠤᠯ ᠴᠣᠭᠴᠠ ᠪᠣᠯᠭᠠᠵᠤ ᠂ ᠡᠮ ᠡᠮᠨᠡᠯᠭᠡ᠎ᠶᠢᠨ ᠠᠪᠤᠷᠠᠨ ᠲᠤᠰᠠᠯᠠᠯᠲᠠ᠎ᠪᠠᠷ ᠰᠠᠭᠤᠷᠢ ᠪᠣᠯᠭᠠᠵᠤ ᠂ ᠡᠮᠴᠢᠯᠡᠭᠡᠨ᠎ᠦ ᠳᠠᠭᠠᠳᠬᠠᠯ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ ᠂ ᠨᠢᠭᠦᠯᠡᠰᠦᠩᠭᠦᠶ᠎ᠶᠢᠨ ᠬᠠᠨᠳᠢᠪᠯᠠᠨ ᠬᠦᠷᠭᠡᠬᠦ ᠂ ᠡᠮ ᠡᠮᠨᠡᠯᠭᠡ᠎ᠶᠢᠨ ᠬᠠᠷᠢᠯᠴᠠᠨ ᠬᠠᠪᠰᠤᠷᠤᠯᠴᠠᠨ ᠬᠠᠮᠲᠤ᠎ᠪᠠᠷ ᠬᠥᠭᠵᠢᠬᠦ ᠡᠮ ᠡᠮᠨᠡᠯᠭᠡ᠎ᠶᠢᠨ ᠪᠠᠲᠤᠯᠠᠭ᠎ᠠ᠎ᠶᠢᠨ ᠲᠦᠷᠢᠮ᠎ᠤᠨ ᠲᠣᠭᠲᠠᠯᠴᠠᠭ᠎ᠠ᠎ᠶᠢ ᠪᠥᠬᠦ ᠲᠠᠯ᠎ᠠ᠎ᠪᠠᠷ ᠪᠠᠶ᠋ᠢᠭᠤᠯᠤᠨ᠎ᠠ ᠃ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠶᠠᠭ ᠰᠠᠶᠢᠬᠠᠨ 《1 + 3 + N》 ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠪᠦᠷᠢᠨᠰᠢᠭᠦᠯᠬᠦ᠎ᠶᠢ ᠲᠦᠷᠭᠡᠳᠬᠡᠨ ᠠᠬᠢᠭᠤᠯᠵᠤ ᠪᠣᠢ ᠂ ᠡᠭᠦᠨ᠎ᠳᠤ 《1》 ᠭᠡᠳᠡᠭ ᠨᠢ ᠲᠤᠬᠠᠶ᠋ᠢᠯᠠᠪᠠᠯ ᠪᠥᠬᠦ ᠤᠯᠤᠰ᠎ᠤᠨ ᠨᠢᠭᠡᠳᠦᠯᠲᠡᠶ ᠡᠮᠴᠢᠯᠡᠭᠡᠨ᠎ᠦ ᠳᠠᠭᠠᠳᠬᠠᠯ᠎ᠤᠨ ᠮᠡᠳᠡᠭᠡ ᠵᠠᠩᠭᠢ᠎ᠶᠢᠨ ᠲᠠᠪᠴᠠᠩ ᠪᠠ ᠡᠮᠴᠢᠯᠡᠭᠡᠨ᠎ᠦ ᠳᠠᠭᠠᠳᠬᠠᠯ᠎ᠤᠨ ᠲᠣᠮᠣ᠌ ᠳ᠋ᠠᠶ᠋ᠢᠲ᠋ᠠ᠎ᠪᠠᠷ ᠭᠤᠤᠯ ᠪᠣᠯᠭᠠᠭᠰᠠᠨ ᠡᠮᠴᠢᠯᠡᠭᠡᠨ᠎ᠦ ᠳᠠᠭᠠᠳᠬᠠᠯ᠎ᠤᠨ ᠰᠠᠭᠤᠷᠢ ᠪᠡᠯᠡᠳᠬᠡᠮᠵᠢ ᠵᠢᠴᠢ ᠦᠢᠯᠡᠴᠢᠯᠡᠭᠡᠨ᠎ᠤ ᠴᠢᠳᠠᠪᠤᠷᠢ᠎ᠶᠢ ᠪᠠᠶ᠋ᠢᠭᠤᠯᠵᠤ ᠂ ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠪᠠᠶ᠋ᠢᠭᠤᠯᠤᠨ ᠪᠦᠷᠢᠨᠰᠢᠭᠦᠯᠬᠦ᠎ᠳᠤ ᠮᠡᠳᠡᠭᠡ ᠵᠠᠩᠭᠢᠴᠢᠯᠠᠯᠲᠠ ᠂ ᠲᠤᠭ᠎ᠠ ᠪᠠᠷᠢᠮᠲᠠ᠎ᠶᠢᠨ ᠲᠤᠯᠭᠠᠭᠤᠷᠢᠯᠠᠯ ᠬᠠᠩᠭᠠᠨ᠎ᠠ ; 《3》 ᠭᠡᠳᠡᠭ ᠨᠢ ᠲᠤᠬᠠᠶ᠋ᠢᠯᠠᠪᠠᠯ ᠦᠨᠳᠦᠰᠦᠨ ᠡᠮᠴᠢᠯᠡᠭᠡᠨ᠎ᠦ ᠳᠠᠭᠠᠳᠬᠠᠯ ᠂ ᠬᠦᠨᠳᠦ ᠡᠪᠡᠳᠴᠢᠨ᠎ᠤ ᠳᠠᠭᠠᠳᠬᠠᠯ ᠂ ᠡᠮ ᠡᠮᠨᠡᠯᠭᠡ᠎ᠶᠢᠨ ᠠᠪᠤᠷᠠᠨ ᠲᠤᠰᠠᠯᠠᠯᠲᠠ᠎ᠶᠢᠨ ᠭᠤᠷᠪᠠᠨ ᠳᠠᠪᠬᠤᠷ ᠳᠠᠪᠬᠤᠷ ᠳᠠᠷᠤᠭᠠᠰᠤ᠎ᠶᠢ ᠬᠥᠩᠭᠡᠷᠡᠭᠦᠯᠬᠦ ᠦᠨᠳᠦᠰᠦᠨ ᠡᠮᠴᠢᠯᠡᠭᠡᠨ᠎ᠦ ᠪᠠᠲᠤᠯᠠᠭ᠎ᠠ᠎ᠶᠢᠨ ᠲᠦᠷᠢᠮ᠎ᠤᠨ ᠲᠣᠭᠲᠠᠯᠴᠠᠭ᠎ᠠ᠎ᠶᠢ ᠲᠡᠭᠦᠯᠳᠡᠷᠵᠢᠭᠦᠯᠵᠦ ᠂ ᠡᠮᠴᠢᠯᠡᠭᠡᠨ᠎ᠦ ᠳᠠᠭᠠᠳᠬᠠᠯ᠎ᠤᠨ ᠭᠤᠷᠪᠠᠨ ᠪᠠᠲᠤᠯᠠᠭ᠎ᠠ᠎ᠶᠢᠨ ᠦᠢᠯᠡᠳᠦᠯ ᠴᠢᠳᠠᠪᠤᠷᠢ᠎ᠶᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ ; 《N》ᠭᠡᠳᠡᠭ ᠨᠢ ᠲᠤᠬᠠᠶ᠋ᠢᠯᠠᠪᠠᠯ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ ᠂ ᠨᠢᠭᠦᠯᠡᠰᠦᠩᠭᠦᠶ᠎ᠶᠢᠨ ᠬᠠᠨᠳᠢᠪᠯᠠᠨ ᠬᠦᠷᠭᠡᠬᠦ ᠂ ᠠᠵᠢᠯᠴᠢᠨ᠎ᠤ ᠡᠪᠯᠡᠯ ᠬᠠᠷᠢᠯᠴᠠᠨ ᠬᠠᠪᠰᠤᠷᠤᠯᠴᠠᠬᠤ ᠵᠡᠷᠭᠡ ᠪᠤᠰᠤᠳ ᠪᠠᠲᠤᠯᠠᠭ᠎ᠠ᠎ᠶᠢᠨ ᠬᠦᠴᠦᠨ᠎ᠤ ᠦᠢᠯᠡᠳᠦᠯ᠎ᠢᠶᠠᠨ ᠪᠠᠳᠠᠷᠠᠭᠤᠯᠬᠤ᠎ᠶᠢ ᠬᠥᠲᠥᠯᠥᠨ ᠵᠢᠯᠣᠭᠤᠳᠴᠤ ᠂ ᠲᠡᠳᠡᠨ᠎ᠤ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠪᠠᠶ᠋ᠢᠷᠢ ᠰᠣᠯᠪᠢᠴᠠᠨ ᠬᠥᠭᠵᠢᠬᠦ᠎ᠶᠢ ᠠᠬᠢᠭᠤᠯᠵᠤ ᠂ ᠬᠠᠮᠵᠢᠯᠴᠠᠬᠤ ᠪᠠᠲᠤᠯᠠᠭ᠎ᠠ᠎ᠶᠢ ᠨᠠᠩ ᠰᠠᠶ᠋ᠢᠲᠤᠷ ᠪᠠᠳᠠᠷᠠᠭᠤᠯᠤᠨ᠎ᠠ ᠃ ᠡᠨᠡ ᠬᠦ᠌ ᠰᠠᠭᠤᠷᠢᠨ ᠳᠡᠭᠡᠷ᠎ᠡ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠬᠥᠭᠵᠢᠯᠲᠡ᠎ᠶᠢᠨ ᠶᠠᠪᠤᠴᠠ᠎ᠳᠤ ᠲᠤᠯᠭᠠᠷᠠᠵᠤ ᠪᠠᠶ᠋ᠢᠭ᠎ᠠ ᠵᠠᠷᠢᠮ ᠬᠦᠴᠢᠷᠳᠡᠯ᠎ᠳᠤ ᠴᠢᠭᠯᠡᠭᠦᠯᠦᠨ ᠂ ᠡᠮᠴᠢᠯᠡᠭᠡᠨ᠎ᠤ ᠳᠠᠭᠠᠳᠬᠠᠯ ᠪᠠ ᠬᠤᠳᠠᠯᠳᠤᠭᠠᠨ᠎ᠤ ᠳᠠᠭᠠᠳᠬᠠᠯ᠎ᠨᠢ ᠳᠣᠤᠷᠠᠬᠢ ᠲᠠᠯ᠎ᠠ᠎ᠪᠠᠷ ᠬᠠᠮᠵᠢᠯᠴᠠᠬᠤ᠎ᠶᠢ ᠰᠠᠶ᠋ᠢᠲᠤᠷ ᠬᠢᠵᠦ ᠂ ᠰᠢᠨ᠎ᠡ ᠡᠭᠦᠳᠦᠯᠲᠡ᠎ᠶᠢᠨ ᠡᠮ᠎ᠤᠨ ᠬᠥᠭᠵᠢᠯᠲᠡ᠎ᠶᠢ ᠬᠠᠮᠲᠤ᠎ᠪᠠᠷ ᠳᠡᠮᠵᠢᠨ᠎ᠡ ᠃

  ᠨᠢᠭᠡ᠎ᠳᠤ ᠂ ᠪᠠᠲᠤᠯᠠᠭ᠎ᠠ᠎ᠶᠢᠨ ᠬᠡᠪᠴᠢᠶ᠎ᠡ᠎ᠶᠢ ᠬᠠᠮᠵᠢᠯᠴᠠᠭᠤᠯᠪᠠ ᠃ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ ᠬᠢᠭᠡᠳ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠣᠷᠣᠨ ᠪᠠᠶ᠋ᠢᠷᠢ ᠰᠣᠯᠪᠢᠴᠠᠭᠤᠯᠤᠨ ᠬᠥᠭᠵᠢᠭᠦᠯᠬᠦ᠎ᠶᠢ ᠰᠦᠪᠡᠭᠴᠢᠯᠡᠨ ᠳᠡᠮᠵᠢᠵᠦ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠢᠶᠠᠷ ᠭᠠᠷᠳᠠᠨ ᠬᠢᠬᠦ ᠴᠡᠭ ᠪᠣᠯᠭᠠᠨ ᠂ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠪᠠᠲᠤᠯᠠᠭ᠎ᠠ᠎ᠶᠢᠨ ᠵᠠᠭᠠᠭ ᠬᠢᠵᠠᠭᠠᠷ᠎ᠢ ᠤᠯᠠᠮ ᠨᠢᠭᠡ ᠠᠯᠬᠤᠮ ᠲᠣᠳᠣᠷᠬᠠᠶ᠋ᠢᠯᠠᠨ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠪᠠᠲᠤᠯᠠᠭ᠎ᠠ᠎ᠶᠢᠨ ᠴᠢᠳᠠᠪᠤᠷᠢ᠎ᠶᠢᠨ ᠲᠠᠯ᠎ᠠ᠎ᠪᠠᠷ ᠦᠨᠳᠦᠰᠦᠨ ᠡᠮᠴᠢᠯᠡᠭᠡᠨ᠎ᠤ ᠳᠠᠭᠠᠳᠬᠠᠯ᠎ᠯᠤᠭ᠎ᠠ ᠤᠯᠠᠮ ᠨᠢᠭᠡ ᠠᠯᠬᠤᠮ ᠵᠣᠯᠭᠠᠭᠤᠯᠬᠤ ᠪᠠ ᠬᠠᠮᠵᠢᠯᠴᠠᠭᠤᠯᠬᠤ᠎ᠶᠢ ᠳᠡᠮᠵᠢᠵᠦ ᠂ ᠪᠠᠲᠤᠯᠠᠭ᠎ᠠ᠎ᠶᠢᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ ᠃

  ᠬᠤᠶᠠᠷ᠎ᠲᠤ ᠂ ᠲᠣᠭ᠎ᠠ ᠪᠠᠷᠢᠮᠲᠠ᠎ᠶᠢ ᠬᠠᠮᠵᠢᠯᠴᠠᠭᠤᠯᠪᠠ ᠃ ᠲᠤᠭ᠎ᠠ ᠪᠠᠷᠢᠮᠲᠠ᠎ᠶᠢᠨ ᠠᠮᠤᠷ ᠲᠦᠪᠰᠢᠨ ᠪᠠ ᠨᠢᠭᠤᠴᠠ᠎ᠶᠢ ᠬᠠᠮᠠᠭᠠᠯᠠᠬᠤ ᠰᠠᠭᠤᠷᠢᠨ ᠳᠡᠭᠡᠷ᠎ᠡ ᠂ ᠡᠮᠴᠢᠯᠡᠭᠡᠨ᠎ᠤ ᠳᠠᠭᠠᠳᠬᠠᠯ᠎ᠤᠨ ᠲᠤᠭ᠎ᠠ ᠪᠠᠷᠢᠮᠲᠠ᠎ᠳᠦ ᠬᠦᠴᠦᠨ ᠨᠡᠮᠡᠷᠢᠯᠡᠬᠦ ᠪᠠ ᠬᠤᠳᠠᠯᠳᠤᠭᠠᠨ᠎ᠤ ᠳᠠᠭᠠᠳᠬᠠᠯ᠎ᠢ ᠰᠦᠪᠡᠭᠴᠢᠯᠡᠨ ᠠᠬᠢᠭᠤᠯᠵᠤ ᠂ ᠡᠮᠴᠢᠯᠡᠭᠡᠨ᠎ᠤ ᠳᠠᠭᠠᠳᠬᠠᠯ᠎ᠤᠨ ᠲᠤᠭ᠎ᠠ ᠪᠠᠷᠢᠮᠲᠠ᠎ᠶᠢᠨ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠬᠦᠷᠢᠶᠡᠨ᠎ᠳᠠᠬᠢ ᠬᠡᠷᠡᠭᠯᠡᠯᠲᠡ᠎ᠶᠢ ᠲᠦᠷᠭᠡᠳᠬᠡᠨ ᠠᠬᠢᠭᠤᠯᠵᠤ ᠂ ᠬᠤᠳᠠᠯᠳᠤᠭᠠᠨ᠎ᠤ ᠳᠠᠭᠠᠳᠬᠠᠯ᠎ᠤᠨ ᠲᠦᠷᠭᠡᠨ ᠳᠠᠭᠠᠳᠬᠠᠯ᠎ᠤᠨ ᠲᠥᠯᠥᠪᠦᠷᠢ᠎ᠶᠢ ᠳᠡᠮᠵᠢᠵᠦ ᠂ ᠨᠠᠩ ᠣᠯᠠᠨ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠨᠡᠷᠡᠳᠬᠦᠨ᠎ᠢ ᠨᠡᠭᠡᠭᠡᠨ ᠬᠥᠭᠵᠢᠭᠦᠯᠬᠦ᠎ᠶᠢ ᠳᠡᠮᠵᠢᠵᠦ ᠂ 《ᠡᠷᠡᠭᠦᠯ ᠬᠦᠮᠦᠨ᠎ᠦ ᠬᠠᠮᠠᠭᠠᠯᠠᠭ᠍ᠴᠢ》᠎ᠠᠴᠠ 《ᠡᠷᠡᠭᠦᠯ ᠮᠡᠨᠳᠦ᠎ᠶᠢᠨ ᠬᠠᠮᠠᠭᠠᠯᠠᠭ᠍ᠴᠢ》 ᠪᠣᠯᠭᠠᠨ ᠬᠤᠪᠢᠷᠠᠭᠤᠯᠬᠤ᠎ᠶᠢ ᠪᠡᠶᠡᠯᠡᠭᠦᠯᠦᠨ᠎ᠡ ᠃

  ᠭᠤᠷᠪᠠ᠎ᠳᠤ ᠂ ᠳ᠋ᠦᠩᠨᠡᠨ ᠪᠣᠳᠤᠯᠲᠠ᠎ᠶᠢ ᠬᠠᠮᠵᠢᠯᠴᠠᠭᠤᠯᠪᠠ ᠃ ᠦᠨᠳᠦᠰᠦᠨ ᠡᠮᠴᠢᠯᠡᠭᠡᠨ᠎ᠤ ᠳᠠᠭᠠᠳᠬᠠᠯ ᠪᠠ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠢ ᠵᠡᠷᠭᠡ᠎ᠳᠤ᠎ᠨᠢ ᠳ᠋ᠦᠩᠨᠡᠨ ᠪᠤᠳᠤᠬᠤ᠎ᠶᠢ ᠰᠦᠪᠡᠭᠴᠢᠯᠡᠨ ᠠᠬᠢᠭᠤᠯᠵᠤ ᠂ ᠲᠤᠭ᠎ᠠ ᠪᠠᠷᠢᠮᠲᠠ᠎ᠶᠢ ᠬᠠᠮᠲᠤ᠎ᠪᠠᠷ ᠬᠦᠷᠲᠡᠬᠦ᠎ᠪᠠᠷ ᠳᠠᠮᠵᠢᠭᠤᠯᠤᠨ ᠂ ᠵᠣᠬᠢᠴᠠᠩᠭᠤᠶ ᠪᠦᠬᠦᠢ ᠬᠤᠳᠠᠯᠳᠤᠭᠠᠨ᠎ᠤ ᠳᠠᠭᠠᠳᠬᠠᠯ᠎ᠢ ᠬᠤᠳᠠᠯᠳᠤᠨ ᠠᠪᠤᠭᠰᠠᠨ ᠡᠪᠡᠳᠴᠢᠲᠡᠨ᠎ᠢ ᠡᠮᠴᠢᠯᠡᠭᠡᠨ᠎ᠤ ᠪᠠᠶ᠋ᠢᠭᠤᠯᠤᠮᠵᠢ᠎ᠳᠤ ᠵᠡᠷᠭᠡ᠎ᠳᠤ᠎ᠨᠢ ᠳ᠋ᠦᠩᠨᠡᠨ ᠪᠤᠳᠤᠬᠤ ᠂ ᠮᠡᠳᠡᠭᠡ ᠵᠠᠩᠭᠢ᠎ᠶᠢ ᠢᠯᠡᠭᠦᠤ ᠭᠦᠶᠦᠯᠭᠡᠵᠦ ᠂ ᠡᠪᠡᠳᠴᠢᠲᠡᠨ᠎ᠢ ᠳᠤᠲᠠᠭᠤ ᠭᠦᠶᠦᠯᠭᠡᠬᠦ᠎ᠶᠢ ᠪᠡᠶᠡᠯᠡᠭᠦᠯᠪᠡ ᠃ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠲᠤ ᠡᠮ᠎ᠤᠨ ᠵᠦᠢᠯ᠎ᠳᠤ 《ᠭᠤᠷᠪᠠ᠎ᠶᠢ ᠥᠯᠥ ᠪᠠᠭᠲᠠᠭᠠᠬᠤ》ᠳᠡᠮᠵᠢᠯᠭᠡ ᠣᠯᠭᠣᠪᠠ ᠂ ᠲᠤᠬᠠᠶ᠋ᠢᠯᠠᠪᠠᠯ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠥᠪᠡᠷ᠎ᠤᠨ ᠵᠠᠷᠤᠳᠠᠯ᠎ᠤᠨ ᠨᠣᠷᠮ᠎ᠠ᠎ᠶᠢᠨ ᠬᠦᠢᠴᠡᠳᠭᠡᠯ ᠲᠤᠭ᠎ᠠ᠎ᠳᠤ ᠣᠷᠣᠭᠤᠯᠬᠤ ᠥᠬᠡᠶ ᠂ ᠲᠥᠪᠯᠡᠷᠡᠭᠦᠯᠦᠨ ᠬᠤᠳᠠᠯᠳᠤᠨ ᠠᠪᠬᠤ ᠳᠤᠮᠳᠠ᠎ᠠᠴᠠ ᠣᠷᠣᠯᠠᠭᠤᠯᠵᠤ ᠪᠣᠯᠬᠤ ᠲᠥᠷᠥᠯ ᠵᠦᠢᠯ᠎ᠤᠨ ᠬᠢᠨᠠᠨ ᠬᠡᠮᠵᠢᠯᠲᠡ᠎ᠳᠤ ᠣᠷᠣᠭᠤᠯᠬᠤ ᠥᠬᠡᠶ ᠂ ᠬᠠᠮᠢᠶ᠎ᠠ ᠪᠥᠬᠦᠶ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠪᠠᠲᠤᠯᠠᠭ᠎ᠠ᠎ᠶᠢᠨ ᠬᠡᠪᠴᠢᠶᠡᠨ᠎ᠳᠡᠬᠢ ᠰᠢᠨ᠎ᠡ ᠡᠭᠦᠳᠦᠯᠲᠡ᠎ᠶᠢᠨ ᠡᠮ᠎ᠤᠨ ᠬᠡᠷᠡᠭᠯᠡᠭᠡᠨ᠎ᠤ ᠡᠪᠡᠳᠴᠢᠨ᠎ᠤ ᠵᠢᠱ᠌ᠢᠶ᠎ᠡ᠎ᠶᠢ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠰᠢᠶᠠᠬᠤ ᠬᠡᠪᠴᠢᠶᠡᠨ᠎ᠳᠤ ᠣᠷᠣᠭᠤᠯᠬᠤ ᠥᠬᠡᠶ ᠪᠠᠶ᠋ᠢᠵᠤ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠪᠠᠲᠤᠯᠠᠭ᠎ᠠ᠎ᠶᠢᠨ ᠬᠦᠷᠢᠶ᠎ᠡ ᠬᠡᠪᠴᠢᠶ᠎ᠡ᠎ᠶᠢ ᠥᠷᠭᠡᠳᠬᠡᠬᠦ ᠂ ᠦᠢᠯᠡᠴᠢᠯᠡᠭᠡ᠎ᠶᠢ ᠰᠢᠯᠢᠳᠡᠭᠵᠢᠭᠦᠯᠬᠦ᠎ᠳᠤ ᠲᠤᠯᠭᠠᠭᠤᠷᠢᠯᠠᠯ ᠬᠠᠩᠭᠠᠨ᠎ᠠ ᠃

  ᠲᠦᠷᠪᠡ᠎ᠳᠤ ᠂ ᠬᠢᠨᠠᠯᠲᠠ ᠬᠠᠮᠢᠶᠠᠷᠤᠯᠲᠠ᠎ᠶᠢ ᠬᠠᠮᠵᠢᠯᠴᠠᠭᠤᠯᠪᠠ ᠃ ᠡᠮᠴᠢᠯᠡᠭᠡᠨ᠎ᠤ ᠳᠠᠭᠠᠳᠬᠠᠯ᠎ᠤᠨ ᠣᠶᠤᠨᠴᠢ ᠬᠢᠨᠠᠨ ᠬᠠᠮᠢᠶᠠᠷᠬᠤ ᠲᠠᠪᠴᠠᠩ ᠪᠠ ᠬᠢᠨᠠᠨ ᠬᠠᠮᠢᠶᠠᠷᠬᠤ ᠴᠢᠳᠠᠪᠤᠷᠢ᠎ᠶᠢ ᠭᠦᠢᠴᠡᠳ ᠬᠠᠮᠲᠤ᠎ᠳᠤ᠎ᠪᠠᠨ ᠬᠦᠷᠲᠡᠵᠦ ᠂ ᠡᠮᠴᠢᠯᠡᠭᠡᠨ᠎ᠤ ᠳᠠᠭᠠᠳᠬᠠᠯ ᠪᠠ ᠬᠤᠳᠠᠯᠳᠤᠭᠠᠨ᠎ᠤ ᠳᠠᠭᠠᠳᠬᠠᠯ᠎ᠤᠨ ᠬᠢᠨᠠᠯᠲᠠ ᠬᠠᠮᠢᠶᠠᠷᠤᠯᠲᠠ᠎ᠶᠢ ᠠᠯᠬᠤᠮ ᠠᠯᠬᠤᠮ᠎ᠢᠶᠠᠷ ᠪᠡᠶᠡᠯᠡᠭᠦᠯᠦᠨ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠪᠡᠯᠡ ᠮᠥᠩᠭᠦ᠎ᠶᠢ ᠵᠦᠢ ᠵᠣᠬᠢᠰᠲᠠᠢ ᠬᠡᠷᠡᠭᠯᠡᠬᠦ᠎ᠶᠢ ᠪᠠᠲᠤᠯᠠᠵᠤ ᠂ ᠲᠣᠭᠲᠠᠭᠤᠨ᠎ᠢᠶᠠᠷ ᠠᠵᠢᠯᠯᠠᠬᠤ᠎ᠶᠢ ᠦᠨᠡᠨ ᠬᠦ᠌ ᠪᠠᠲᠤᠯᠠᠨ᠎ᠠ ᠃

 

 

  ᠡᠷᠡᠭᠦᠯ ᠮᠡᠨᠳᠦ ᠰᠣᠨᠢᠨ᠎ᠤ ᠰᠤᠷᠪᠤᠯᠵᠢᠯᠠᠭ᠍ᠴᠢ᠎ᠶᠢᠨ ᠠᠰᠠᠭᠤᠯᠲᠠ

  ᠡᠷᠡᠭᠦᠯ ᠮᠡᠨᠳᠦ ᠰᠣᠨᠢᠨ᠎ᠤ ᠰᠤᠷᠪᠤᠯᠵᠢᠯᠠᠭ᠍ᠴᠢ ᠄

  ᠰᠢᠨ᠎ᠡ ᠡᠭᠦᠳᠦᠯᠲᠡ᠎ᠶᠢᠨ ᠡᠮ᠎ᠢ ᠡᠮᠨᠡᠯᠭᠡ᠎ᠳᠤ ᠣᠷᠣᠭᠤᠯᠬᠤ᠎ᠨᠢ ᠢᠮᠠᠭᠲᠠ ᠡᠮ᠎ᠤᠨ ᠬᠥᠭᠵᠢᠯᠲᠡ᠎ᠶᠢᠨ ᠰᠢᠨ᠎ᠡ᠎ᠶᠢ ᠡᠭᠦᠳᠬᠦ ᠴᠢᠬᠤᠯᠠ ᠭᠤᠭᠴᠤᠭ᠎ᠠ ᠪᠣᠯᠤᠭᠰᠠᠭᠠᠷ ᠢᠷᠡᠵᠡᠢ ᠂ ᠰᠢᠨ᠎ᠡ ᠡᠭᠦᠳᠦᠯᠲᠡ᠎ᠶᠢᠨ ᠡᠮ᠎ᠤᠨ ᠡᠮᠴᠢᠯᠡᠭᠡ᠎ᠳᠤ ᠬᠡᠷᠡᠭᠯᠡᠬᠦ᠎ᠶᠢ ᠳᠡᠮᠵᠢᠬᠦ ᠲᠠᠯ᠎ᠠ᠎ᠪᠠᠷ ᠶᠠᠮᠠᠷ ᠪᠣᠳᠣᠯᠬᠢᠯᠠᠯ᠎ᠲᠠᠢ ᠪᠤᠢ ?

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠠᠯᠪᠠᠨ ᠬᠡᠷ᠎ᠤᠨ ᠡᠷᠬᠢᠯᠡᠭᠴᠢ ᠵᠦ᠍ ᠶᠦᠩ ᠹᠧᠩ ᠄

  ᠡᠨᠡ ᠠᠰᠠᠭᠤᠯᠲᠠ᠎ᠶᠢ ᠸᠠᠩ ᠭᠦᠸᠧ ᠳ᠋ᠦᠩ ᠳᠡᠳ᠋ ᠡᠷᠬᠢᠯᠡᠭᠴᠢ᠎ᠠᠴᠠ ᠬᠠᠷᠢᠭᠤᠯᠤᠨ᠎ᠠ ᠃

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠡᠮᠴᠢᠯᠡᠭᠡᠨ᠎ᠦ ᠪᠠᠳᠤᠯᠠᠭ᠎ᠠ᠎ᠶᠢᠨ ᠲᠥᠪ᠎ᠤᠨ ᠳᠡᠳ᠋ ᠡᠷᠬᠢᠯᠡᠭᠴᠢ ᠸᠠᠩ ᠭᠦᠸᠧ ᠳ᠋ᠦᠩ ᠄

  ᠲᠠᠨ᠎ᠤ ᠠᠰᠠᠭᠤᠭᠰᠠᠨ ᠠᠰᠠᠭᠤᠯᠲᠠ᠎ᠳᠤ ᠪᠠᠶᠠᠷᠯᠠᠯ᠎ᠠ ᠃

  ᠰᠢᠨ᠎ᠡ ᠡᠭᠦᠳᠦᠯᠲᠡ᠎ᠶᠢᠨ ᠡᠮ᠎ᠤᠨ ᠵᠠᠬ᠎ᠠ ᠳᠡᠯᠭᠡᠭᠦᠷ᠎ᠲᠤ ᠭᠠᠷᠭᠠᠬᠤ ᠬᠤᠷᠳᠤᠴᠠ᠎ᠶᠢᠨ ᠲᠦᠷᠭᠡᠳᠬᠦ᠎ᠶᠢ ᠳᠠᠭᠠᠯᠳᠤᠨ ᠂ ᠤᠯᠠᠮ᠎ᠠᠴᠠ ᠤᠯᠠᠮ ᠣᠯᠠᠨ ᠡᠮ᠎ᠤᠨ ᠵᠦᠢᠯ᠎ᠨᠢ ᠤᠷᠢᠳ᠎ᠢᠶᠠᠷ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠣᠷᠣᠵᠤ ᠳᠠᠷᠠᠭ᠎ᠠ᠎ᠨᠢ ᠰᠠᠶᠢ ᠡᠮᠨᠡᠯᠭᠡ᠎ᠳᠤ ᠣᠷᠣᠪᠠ ᠂ ᠡᠨᠡ᠎ᠨᠢ ᠡᠮᠴᠢᠯᠡᠭᠡᠨ᠎ᠦ ᠳᠠᠭᠠᠳᠬᠠᠯ᠎ᠤᠨ ᠬᠠᠮᠢᠶᠠᠷᠤᠯᠲᠠ ᠪᠠ ᠡᠮᠴᠢᠯᠡᠭᠡᠨ᠎ᠤ ᠪᠠᠶ᠋ᠢᠭᠤᠯᠤᠮᠵᠢ᠎ᠶᠢᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠡᠷᠭᠡ᠎ᠳᠤ ᠨᠠᠩ ᠥᠨᠳᠥᠷ ᠱᠠᠭᠠᠷᠳᠠᠯᠭ᠎ᠠ ᠳᠤᠷᠠᠳᠪᠠ ᠃ 《ᠠᠷᠭ᠎ᠠ ᠬᠡᠮᠵᠢᠶ᠎ᠡ᠎ᠨᠦᠭᠦᠳ》᠎ᠨᠢ ᠡᠮ ᠲᠣᠬᠢᠷᠠᠭᠤᠯᠬᠤ ᠰᠢᠨ᠎ᠡ᠎ᠶᠢ ᠡᠭᠦᠳᠬᠦ ᠠᠰᠠᠭᠤᠳᠠᠯ᠎ᠳᠤ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶ᠋ᠢᠨ᠎ᠠ ᠄

  ᠨᠢᠭᠡ᠎ᠳᠤ ᠂ ᠰᠢᠨ᠎ᠡ ᠡᠭᠦᠳᠦᠯᠲᠡ᠎ᠶᠢᠨ ᠡᠮ᠎ᠢ ᠲᠣᠭᠲᠠᠭᠰᠠᠨ ᠴᠡᠭ᠎ᠤᠨ ᠡᠮ ᠡᠮᠨᠡᠯᠭᠡ᠎ᠶᠢᠨ ᠪᠠᠶ᠋ᠢᠭᠤᠯᠤᠮᠵᠢ᠎ᠳᠤ ᠲᠦᠷᠭᠡᠨ ᠣᠷᠣᠭᠤᠯᠬᠤ᠎ᠶᠢ ᠠᠬᠢᠭᠤᠯᠪᠠ ᠃ ᠡᠮᠴᠢᠯᠡᠭᠡᠨ᠎ᠤ ᠳᠠᠭᠠᠳᠬᠠᠯ᠎ᠤᠨ ᠲᠣᠭᠲᠠᠭᠰᠠᠨ ᠴᠡᠭ᠎ᠦᠨ ᠡᠮᠴᠢᠯᠡᠭᠡᠨ᠎ᠤ ᠪᠠᠶ᠋ᠢᠭᠤᠯᠤᠮᠵᠢ᠎ᠶᠢ ᠵᠣᠷᠢᠭ᠍ᠵᠢᠭᠤᠯᠵᠤ ᠪᠠᠶ᠋ᠢᠭᠠᠳ ᠴᠠᠭ ᠲᠤᠬᠠᠶ᠎ᠳᠦ ᠨᠢ ᠡᠮ᠎ᠤᠨ ᠠᠵᠢᠯ᠎ᠤᠨ ᠬᠤᠷᠠᠯ ᠬᠤᠷᠠᠯᠳᠤᠭᠤᠯᠵᠤ ᠂ ᠬᠡᠷᠡᠭᠴᠡᠭᠡ᠎ᠪᠠᠨ ᠦᠨᠳᠦᠰᠦᠯᠡᠨ ᠡᠮ᠎ᠤᠨ ᠵᠦᠢᠯ᠎ᠢ ᠲᠣᠬᠢᠷᠠᠭᠤᠯᠬᠤ ᠪᠤᠶᠤ ᠲᠦᠷ ᠴᠠᠭ ᠬᠤᠳᠠᠯᠳᠤᠨ ᠠᠪᠬᠤ ᠰᠠᠭᠠᠳ ᠥᠬᠡᠶ ᠨᠡᠪᠲᠡᠷᠡᠬᠦ ᠵᠠᠮ᠎ᠢ ᠪᠠᠶ᠋ᠢᠭᠤᠯᠵᠤ ᠂ ᠡᠮᠴᠢᠯᠡᠭᠡᠨ᠎ᠤ ᠣᠨᠣᠰᠢᠯᠠᠨ ᠡᠮᠨᠡᠬᠦ ᠬᠡᠷᠡᠭᠴᠡᠭᠡ ᠱᠠᠭᠠᠷᠳᠠᠯᠭ᠎ᠠ ᠪᠠ ᠡᠪᠡᠳᠴᠢᠲᠡᠨ᠎ᠤ ᠵᠦᠶ ᠵᠣᠬᠢᠰᠲᠠᠶ ᠡᠮ ᠬᠡᠷᠡᠭᠯᠡᠬᠦ ᠡᠷᠬᠡ ᠠᠰᠢᠭ᠋᠎ᠢ ᠪᠠᠲᠤᠯᠠᠪᠠ ᠃ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠡᠮᠴᠢᠯᠡᠭᠡᠨ᠎ᠤ ᠪᠠᠶ᠋ᠢᠭᠤᠯᠤᠮᠵᠢ᠎ᠶᠢᠨ ᠡᠮ ᠬᠡᠷᠡᠭᠯᠡᠬᠦ ᠭᠠᠷᠴᠠᠭ᠎ᠤᠨ ᠲᠤᠭ᠎ᠠ ᠬᠡᠮᠵᠢᠶ᠎ᠡ ᠂ ᠡᠮ᠎ᠤᠨ ᠡᠵᠡᠯᠡᠬᠦ ᠬᠠᠷᠢᠴᠠᠯ ᠵᠡᠷᠭᠡ᠎ᠪᠠᠷ ᠰᠢᠯᠲᠠᠭ ᠪᠣᠯᠭᠠᠵᠤ ᠰᠢᠨ᠎ᠡ ᠡᠭᠦᠳᠦᠯᠲᠡ᠎ᠶᠢᠨ ᠡᠮ᠎ᠢ ᠲᠣᠬᠢᠷᠠᠭᠤᠯᠤᠨ ᠬᠡᠷᠡᠭᠯᠡᠬᠦ᠎ᠶᠢ ᠨᠥᠯᠥᠭᠡᠯᠡᠵᠦ ᠪᠣᠯᠬᠤ ᠦᠭᠡᠢ ᠃ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠠᠬᠢ ᠬᠡᠯᠡᠯᠴᠡᠭᠡᠷ᠎ᠤᠨ ᠡᠮ᠎ᠤᠨ ᠵᠦᠢᠯ ᠪᠠ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠤᠨ ᠭᠠᠷᠴᠠᠭ᠎ᠲᠤ ᠡᠮ᠎ᠤᠨ ᠵᠦᠢᠯ᠎ᠳᠤ 《ᠨᠢᠭᠡ ᠦᠢᠯᠡᠳᠭᠦᠨ ᠬᠤᠶᠠᠷ ᠲᠣᠭᠲᠠᠭᠠᠯ》᠎ᠳᠤ ᠬᠢᠵᠠᠭᠠᠷᠯᠠᠭᠳᠠᠬᠤ ᠥᠬᠡᠶ ᠪᠠᠶ᠋ᠢᠵᠤ ᠪᠣᠯᠤᠨ᠎ᠠ ᠃ ᠡᠭᠦᠨ᠎ᠳᠤ ᠵᠠᠷᠢᠮ ᠲᠥᠷᠥ᠎ᠶᠢᠨ ᠪᠣᠳᠣᠯᠭ᠎ᠠ᠎ᠨᠢ ᠨᠢᠭᠡᠨᠲᠡ ᠪᠣᠳᠠᠲᠠᠶ ᠦᠢᠯᠡᠳᠦᠯᠭᠡ᠎ᠲᠠᠢ ᠪᠣᠯᠵᠠᠶ ᠂ ᠬᠡᠷᠪᠡ 2020 ᠣᠨ᠎ᠳᠤ ᠨᠡᠮᠡᠯᠲᠡ ᠂ ᠥᠭᠡᠷᠡᠴᠢᠯᠡᠯᠲᠡ ᠣᠷᠣᠭᠤᠯᠤᠭᠰᠠᠨ ᠭᠤᠷᠪᠠᠳᠤᠭᠠᠷ ᠳᠡᠰ᠎ᠤᠨ ᠡᠮᠨᠡᠯᠭᠡ᠎ᠶᠢᠨ ᠬᠤᠷᠢᠶ᠎ᠠ᠎ᠶᠢ ᠬᠢᠨᠠᠨ ᠲᠣᠭᠲᠠᠭᠠᠬᠤ ᠪᠠᠷᠢᠮᠵᠢᠶ᠎ᠠ᠎ᠳᠤ ᠂ ᠡᠮ᠎ᠤᠨ ᠵᠦᠢᠯ᠎ᠦᠨ ᠲᠥᠷᠥᠯ ᠵᠦᠢᠯ᠎ᠦᠨ ᠲᠣᠭᠲᠠᠭᠠᠯ ᠲᠤᠭ᠎ᠠ᠎ᠶᠢᠨ ᠱᠠᠭᠠᠷᠳᠠᠯᠭ᠎ᠠ᠎ᠶᠢ ᠬᠠᠰᠤᠭᠠᠳ ᠪᠠᠶ᠋ᠢᠨ᠎ᠠ ᠂ ᠣᠳᠣᠬᠠᠨ᠎ᠳᠤ ᠤᠯᠤᠰ᠎ᠤᠨ ᠳᠠᠪᠬᠤᠷᠭ᠎ᠠ᠎ᠳᠤ ᠨᠢᠭᠡᠨᠲᠡ ᠬᠤᠯᠪᠣᠭᠳᠠᠯ ᠪᠥᠬᠦᠶ ᠲᠥᠷᠥ᠎ᠶᠢᠨ ᠪᠣᠳᠣᠯᠭ᠎ᠠ᠎ᠶᠢᠨ ᠬᠢᠵᠠᠭᠠᠷᠯᠠᠯ ᠣᠷᠣᠰᠢᠬᠤ ᠥᠬᠡᠶ ᠪᠣᠯᠵᠠᠶ ᠃

  ᠬᠤᠶᠠᠷ᠎ᠲᠤ ᠂ ᠡᠮᠴᠢᠯᠡᠭᠡ᠎ᠳᠤ ᠬᠡᠷᠡᠭᠯᠡᠬᠦ ᠰᠢᠨ᠎ᠡ ᠡᠭᠦᠳᠦᠯᠲᠡ᠎ᠶᠢ ᠡᠮ᠎ᠤᠨ ᠴᠢᠳᠠᠪᠤᠷᠢ᠎ᠶᠢ ᠳᠡᠭᠡᠭᠰᠢᠯᠡᠭᠦᠯᠪᠡ ᠃ ᠰᠢᠨ᠎ᠡ ᠡᠭᠦᠳᠦᠯᠲᠡ᠎ᠶᠢᠨ ᠡᠮ᠎ᠢ ᠰᠤᠳᠤᠯᠤᠨ ᠨᠡᠭᠡᠭᠡᠭᠰᠡᠨ᠎ᠤ ᠲᠠᠷᠠᠭ᠎ᠠ ᠂ ᠡᠪᠡᠳᠴᠢᠲᠡᠨ᠎ᠳᠤ ᠡᠮᠴᠢᠯᠡᠭᠡᠨ᠎ᠦ ᠠᠰᠢᠭ᠋᠎ᠢ ᠮᠡᠳᠡᠭᠳᠡᠮ᠎ᠡ ᠬᠦᠷᠲᠡᠭᠡᠵᠦ ᠂ ᠡᠮᠴᠢᠯᠡᠭᠡᠨ᠎ᠤ ᠡᠮᠴᠢ᠎ᠶᠢᠨ ᠵᠢᠷᠤᠮᠵᠢᠯ᠎ᠲᠠᠢ ᠵᠦᠢ ᠵᠣᠬᠢᠰᠲᠠᠢ ᠬᠡᠷᠡᠭᠯᠡᠯᠲᠡ ᠪᠣᠯ ᠵᠠᠩᠭᠢᠯᠠᠭ᠎ᠠ ᠪᠣᠯᠤᠨ᠎ᠠ ᠃ 《ᠠᠷᠭ᠎ᠠ ᠬᠡᠮᠵᠢᠶ᠎ᠡ᠎ᠨᠦᠭᠦᠳ》᠎ᠲᠤ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠶ᠋ᠢᠭᠤᠯᠤᠮᠵᠢ᠎ᠶᠢ ᠵᠢᠯᠣᠭᠤᠳᠤᠨ ᠡᠮ ᠬᠡᠷᠡᠭᠯᠡᠬᠦ ᠴᠢᠳᠠᠪᠤᠷᠢ᠎ᠶᠢᠨ ᠪᠠᠶ᠋ᠢᠭᠤᠯᠤᠯᠲᠠ᠎ᠶᠢ ᠴᠢᠩᠭᠠᠳᠬᠠᠬᠤ ᠬᠡᠷᠡᠭᠲᠡᠶ ᠭᠡᠵᠦ ᠳᠤᠷᠠᠳᠤᠨ ᠭᠠᠷᠭᠠᠪᠠ ᠃ ᠪᠢᠳᠡ ᠪᠠᠰᠠ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠂ ᠠᠵᠢᠯ ᠲᠥᠷᠥᠯ᠎ᠤᠨ ᠤᠬᠠᠭᠠᠨ᠎ᠤ ᠨᠡᠶ᠋ᠢᠭᠡᠮᠯᠢᠭ᠎ᠤᠨ᠎ᠬᠢᠨ ᠰᠢᠨ᠎ᠡ ᠡᠭᠦᠳᠦᠯᠲᠡ᠎ᠶᠢᠨ ᠡᠮ᠎ᠢ ᠬᠡᠷᠡᠭᠯᠡᠭᠰᠡᠨ ᠲᠤᠷᠰᠢᠯᠭ᠎ᠠ᠎ᠪᠠᠨ ᠳ᠋ᠦᠩᠨᠡᠵᠦ ᠂ ᠰᠢᠨ᠎ᠡ ᠡᠭᠦᠳᠦᠯᠲᠡ᠎ᠶᠢᠨ ᠡᠮ᠎ᠢ ᠡᠮᠴᠢᠯᠡᠭᠡᠨ᠎ᠳᠤ ᠬᠡᠷᠡᠭᠯᠡᠬᠦ ᠵᠡᠷᠭᠡ ᠲᠠᠯ᠎ᠠ᠎ᠶᠢᠨ ᠪᠣᠯᠪᠠᠰᠤᠷᠠᠯ᠎ᠢ ᠥᠷᠨᠢᠭᠦᠯᠦᠨ ᠂ ᠬᠡᠷᠡᠭᠴᠡᠭᠡ ᠶᠣᠰᠣᠭᠠᠷ ᠵᠦᠶ ᠵᠣᠬᠢᠰᠲᠠᠶ ᠬᠡᠷᠡᠭᠯᠡᠵᠦ ᠂ ᠡᠮᠴᠢᠯᠡᠭᠡᠨ᠎ᠳᠤ ᠬᠡᠷᠡᠭᠯᠡᠬᠦ ᠡᠮ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠎ᠶᠢ ᠬᠦᠰᠡᠵᠦ ᠪᠠᠶ᠋ᠢᠨ᠎ᠠ ᠃

  ᠭᠤᠷᠪᠠ᠎ᠳᠤ ᠂ ᠡᠮᠴᠢᠯᠡᠭᠡᠨ᠎ᠦ ᠳᠠᠭᠠᠳᠬᠠᠯ᠎ᠢᠶᠠᠷ ᠲᠣᠭᠠᠴᠠᠭ᠎ᠠ ᠬᠢᠬᠦ ᠪᠠᠷᠢᠮᠵᠢᠶ᠎ᠠ᠎ᠶᠢ ᠲᠡᠭᠦᠯᠳᠡᠷᠵᠢᠭᠦᠯᠪᠡ ᠃ DRG/DIP᠎ᠶᠢᠨ ᠲᠣᠭᠠᠴᠠᠭ᠎ᠠ ᠬᠢᠬᠦ ᠠᠷᠭ᠎ᠠ ᠮᠠᠶᠢᠭ᠋᠎ᠤᠨ ᠥᠭᠡᠷᠡᠴᠢᠯᠡᠯᠲᠡ᠎ᠶᠢ ᠪᠥᠬᠦ ᠲᠠᠯ᠎ᠠ᠎ᠪᠠᠷ       ᠨᠠᠶ᠋ᠢᠳᠠᠪᠤᠷᠢᠵᠢᠭᠤᠯᠵᠤ ᠂ ᠡᠮᠴᠢᠯᠡᠭᠡᠨ᠎ᠤ ᠳᠠᠭᠠᠳᠬᠠᠯ᠎ᠢᠶᠠᠷ ᠲᠣᠭᠠᠴᠠᠭ᠎ᠠ ᠬᠢᠬᠦ ᠳ᠋ᠦᠩᠨᠡᠨ ᠪᠣᠳᠣᠯᠲᠠ᠎ᠶᠢ ᠨᠠᠩ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠣᠯᠭᠠᠵᠤ ᠂ ᠣᠯᠠᠨ ᠲᠦᠮᠡᠨ᠎ᠤ ᠳᠠᠷᠤᠭᠠᠰᠤ᠎ᠶᠢ ᠬᠥᠩᠭᠡᠷᠡᠭᠦᠯᠬᠦ ᠂ ᠰᠠᠭᠤᠷᠢ ᠮᠥᠩᠭᠦ᠎ᠶᠢᠨ ᠬᠡᠷᠡᠭᠯᠡᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠂ ᠡᠮᠴᠢᠯᠡᠭᠡᠨ᠎ᠤ ᠪᠠᠶ᠋ᠢᠭᠤᠯᠤᠮᠵᠢ᠎ᠶᠢᠨ ᠠᠵᠢᠯᠯᠠᠭ᠎ᠠ᠎ᠶᠢ ᠵᠢᠷᠤᠮᠵᠢᠭᠤᠯᠬᠤ ᠲᠠᠯ᠎ᠠ᠎ᠪᠠᠷ ᠢᠳᠡᠪᠬᠢᠲᠡᠶ ᠦᠷ᠎ᠡ ᠪᠦᠲᠦᠮᠵᠢ ᠣᠯᠪᠠ ᠂ ᠲᠣᠰ ᠤᠳᠠᠭᠠᠨ᠎ᠤ 《ᠠᠷᠭ᠎ᠠ ᠬᠡᠮᠵᠢᠶ᠎ᠡ᠎ᠨᠦᠭᠦᠳ》᠎ᠲᠤ ᠂ ᠡᠮᠴᠢᠯᠡᠭᠡᠨ᠎ᠤ ᠳᠠᠭᠠᠳᠬᠠᠯ᠎ᠤᠨ ᠭᠠᠷᠴᠠᠭ᠎ᠲᠤ ᠰᠢᠨ᠎ᠡ ᠡᠭᠦᠳᠦᠯᠲᠡ᠎ᠶᠢᠨ ᠡᠮ᠎ᠢ ᠵᠦᠶ ᠵᠣᠬᠢᠰᠲᠠᠶ ᠬᠡᠷᠡᠭᠯᠡᠬᠦ ᠡᠪᠡᠳᠴᠢᠨ᠎ᠤ ᠵᠢᠱ᠌ᠢᠶ᠎ᠡ᠎ᠳᠤ ᠡᠪᠡᠳᠴᠢᠨ᠎ᠤ ᠲᠥᠷᠥᠯ᠎ᠤᠨ ᠪᠠᠷᠢᠮᠵᠢᠶ᠎ᠠ᠎ᠪᠠᠷ ᠲᠣᠭᠠᠴᠠᠭ᠎ᠠ ᠬᠢᠬᠦ᠎ᠳᠤ ᠳᠣᠭᠢᠷᠠᠬᠤ ᠥᠬᠡᠶ ᠭᠡᠵᠦ ᠳᠤᠷᠠᠳᠪᠠ ᠃ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠨ᠎ᠬᠢᠨ ᠣᠨᠴᠠᠭᠠᠢ ᠵᠢᠱ᠌ᠢᠶᠡᠴᠢ ᠬᠠᠭᠤᠳᠠᠰᠤ᠎ᠶᠢᠨ ᠳᠠᠷᠠᠭᠠᠯᠠᠯ᠎ᠢ ᠰᠢᠯᠢᠳᠡᠭᠵᠢᠭᠦᠯᠵᠦ ᠡᠮᠴᠢᠯᠡᠭᠡᠨ᠎ᠦ ᠪᠠᠢᠭᠤᠯᠤᠮᠵᠢ᠎ᠶᠢᠨ ᠬᠣᠢᠨᠠᠬᠢ ᠵᠣᠪᠠᠨᠢᠯ᠎ᠢ ᠰᠢᠢᠳᠪᠦᠷᠢᠯᠡᠵᠦ ᠥᠭᠴᠦ ᠪᠣᠢ ᠃ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠲᠤ ᠡᠮ᠎ᠤᠨ ᠵᠦᠢᠯ᠎ᠳᠤ 《ᠭᠤᠷᠪᠠ᠎ᠶᠢ ᠥᠯᠥ ᠪᠠᠭᠲᠠᠭᠠᠬᠤ》᠎ᠶᠢ ᠬᠡᠷᠡᠭᠵᠢᠭᠦᠯᠵᠦ ᠂ ᠡᠮᠴᠢᠯᠡᠭᠡᠨ᠎ᠤ ᠪᠠᠶ᠋ᠢᠭᠤᠯᠤᠮᠵᠢ᠎ᠳᠤ ᠰᠢᠨ᠎ᠡ ᠡᠭᠦᠳᠦᠯᠲᠡ᠎ᠶᠢᠨ ᠡᠮ᠎ᠢ ᠵᠦᠶ ᠵᠣᠬᠢᠰᠲᠠᠶ ᠬᠡᠷᠡᠭᠯᠡᠬᠦ᠎ᠳᠦ ᠰᠡᠳᠬᠢᠯ᠎ᠢ ᠨᠢ ᠲᠠᠢᠪᠤᠰᠢᠷᠠᠭᠤᠯᠪᠠ ᠃

  ᠡᠭᠦᠨ᠎ᠤ ᠬᠠᠮᠲᠤ ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠨᠢ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶᠢ ᠤᠷᠢᠳᠴᠢᠯᠠᠨ ᠥᠭᠬᠦ ᠲᠥᠷᠥ᠎ᠶᠢᠨ ᠪᠣᠳᠣᠯᠭ᠎ᠠ ᠪᠠ ᠴᠠᠭ ᠲᠤᠬᠠᠶ᠎ᠳᠤ᠎ᠨᠢ ᠳ᠋ᠦᠩᠨᠡᠨ ᠪᠤᠳᠤᠬᠤ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ ᠂ ᠡᠮᠴᠢᠯᠡᠭᠡᠨ᠎ᠤ ᠪᠠᠶ᠋ᠢᠭᠤᠯᠤᠮᠵᠢ᠎ᠶᠢᠨ ᠭᠦᠢᠯᠭᠡᠭᠡᠨ᠎ᠤ ᠪᠡᠯᠡ ᠮᠥᠩᠭᠦ᠎ᠶᠢᠨ ᠢᠷᠡᠯᠲᠡ᠎ᠶᠢ ᠨᠡᠮᠡᠭᠳᠡᠭᠦᠯᠦᠨ ᠂ ᠡᠮᠴᠢᠯᠡᠭᠡᠨ᠎ᠤ ᠪᠠᠶ᠋ᠢᠭᠤᠯᠤᠮᠵᠢ᠎ᠶᠢ ᠳᠡᠮᠵᠢᠵᠦ ᠪᠠᠶ᠋ᠢᠭᠠᠳ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭᠠᠷ ᠡᠮ᠎ᠤᠨ ᠵᠦᠢᠯ᠎ᠤᠨ ᠠᠵᠤ ᠠᠬᠤᠶ᠋ᠢᠯᠠᠯ᠎ᠲᠠᠢ ᠴᠠᠭ ᠲᠤᠬᠠᠶ᠎ᠳᠤ᠎ᠨᠢ ᠡᠮ᠎ᠤᠨ ᠵᠦᠢᠯ᠎ᠤᠨ ᠵᠣᠭᠤᠰ᠎ᠢ ᠳ᠋ᠦᠩᠨᠡᠨ ᠪᠣᠳᠣᠨ᠎ᠠ ᠃

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠠᠯᠪᠠᠨ ᠬᠡᠷ᠎ᠤᠨ ᠡᠷᠬᠢᠯᠡᠭᠴᠢ ᠵᠦ᠍ ᠶᠦᠩ ᠹᠧᠩ ᠄

  ᠥᠨᠥᠳᠥᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠡᠨᠳᠡ ᠬᠦᠷᠦᠭᠡᠳ ᠥᠨᠳᠥᠷᠯᠡᠬᠦ ᠪᠣᠯᠣᠯ᠎ᠠ ᠃ ᠡᠷᠬᠢᠮ ᠵᠠᠭᠤᠴᠢᠯᠠᠭᠤᠷ᠎ᠤᠨ ᠨᠠᠶ᠋ᠢᠵᠠ ᠨᠠᠷ᠎ᠲᠤ ᠪᠠᠶᠠᠷᠯᠠᠯ᠎ᠠ ᠂ ᠲᠠ ᠪᠦᠬᠦᠨ᠎ᠳᠤ ᠪᠠᠶᠠᠷᠯᠠᠯ᠎ᠠ ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
       ᠪᠠᠢᠩᠭᠤ᠎ᠶᠢᠨ    ᠲᠥᠪ ᠬᠣᠲᠠ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠮᠠᠨ᠎ᠤ ᠣᠷᠣᠨ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠣᠳᠣᠯᠲᠠ ᠵᠢ ᠱᠠᠲᠤ ᠬᠤᠪᠢᠶᠠᠨ ᠬᠠᠮᠢᠶᠠᠷᠬᠤ ᠵᠢ ᠬᠡᠷᠡᠭᠵᠢᠭᠦᠯᠪᠡ
ᠰᠦᠨ ᠱᠤᠤ ᠴᠧᠩ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠰᠤᠷᠭᠠᠭᠤᠯᠢ᠎ᠶ᠋ᠢᠨ ᠶᠠᠪᠤᠳᠠᠯ᠎ᠤᠨ ᠵᠥᠪᠯᠡᠯ᠎ᠦᠨ ᠥᠷᠭᠡᠳᠭᠡᠭ᠌ᠰᠡᠨ ᠬᠤᠷᠠᠯ᠎ᠢ ᠡᠷᠭᠢᠯᠡᠨ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠲᠥᠪ᠎ᠤᠨ ᠨᠠᠢ᠍ᠮᠠᠨ ᠵᠣᠷᠪᠣᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠠᠮ᠎ᠤᠨ ᠬᠢᠴᠢᠶᠡᠯ ᠣᠷᠣᠪᠠ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 《AI ᠬᠡᠷᠡᠯ ᠵᠢᠷᠤᠭ ᠵᠶ᠋ᠠᠷ ᠴᠠᠭ ᠬᠤᠭᠤᠴᠠᠭ᠎ᠠ ᠪᠠ ᠣᠷᠣᠨ ᠵᠠᠶ ᠵᠢ ᠰᠤᠨᠳᠠᠯᠠᠭᠰᠠᠨ ᠤᠮᠠᠷᠠᠲᠤ ᠬᠢᠯᠢ ᠵᠢ ᠭᠡᠢ᠌ᠭᠦᠯᠦᠨᠡᠮ — 〈ᠥᠪᠥᠷ ᠮᠣᠩᠭᠤᠯ᠎ᠤᠨ ᠳᠤᠷᠠᠰᠤᠮᠵᠢ〉 ᠪᠣᠳᠠᠲᠤ ᠲᠡᠮᠳᠡᠭᠯᠡᠯ᠎ᠤᠨ ᠵᠢᠷᠤᠭ᠎ᠤᠨ ᠦᠵᠡᠰᠬᠦᠯᠡᠩ》᠎ᠢ ᠵᠣᠬᠢᠶᠠᠨ ᠪᠠᠶ᠋ᠢᠭᠤᠯᠤᠨ ᠲᠣᠭᠤᠷᠢᠨ ᠦᠵᠡᠪᠡ
 
            