ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠠᠷᠪᠠᠳᠤᠭᠠᠷ ᠤᠳᠠᠭᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ ᠬᠢᠭᠡᠳ《ᠶᠠᠫᠣᠨ᠎ᠢ ᠡᠰᠡᠷᠭᠦᠴᠡᠬᠦ᠌ ᠲᠠᠢᠨ᠎ᠤ ᠢᠯᠠᠯᠲᠠ᠎ᠶ᠋ᠢᠨ ᠠᠭᠤᠤ ᠦᠢᠯᠡᠰ᠎ᠢ ᠪᠠᠲᠤ ᠴᠡᠭᠡᠵᠢᠯᠡᠵᠦ᠍ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠶ᠎ᠠ》ᠭᠡᠬᠦ᠌ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠥᠷᠨᠢᠭᠦᠯᠪᠡ
ᠨᠡᠶ᠋ᠢᠲᠡᠯᠡᠭᠰᠡᠨ ᠴᠠᠭ᠄ 2025-09-25

  9 ᠳ᠋ᠤᠭᠡᠷ ᠰᠠᠷ᠎ᠠ᠎ᠶ᠋ᠢᠨ 24 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠠᠷᠪᠠᠳᠤᠭᠠᠷ ᠤᠳᠠᠭᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ ᠬᠢᠭᠡᠳ《ᠶᠠᠫᠣᠨ᠎ᠢ ᠡᠰᠡᠷᠭᠦᠴᠡᠬᠦ᠌ ᠲᠠᠢᠨ᠎ᠤ ᠢᠯᠠᠯᠲᠠ᠎ᠶ᠋ᠢᠨ ᠠᠭᠤᠤ ᠦᠢᠯᠡᠰ᠎ᠢ ᠪᠠᠲᠤ ᠴᠡᠭᠡᠵᠢᠯᠡᠵᠦ᠍ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠬᠤᠷᠠᠯ ᠡᠷᠭᠢᠯᠡᠭ᠌ᠰᠡᠨ ᠪᠥᠭᠡᠳ ᠲᠤᠰᠭᠠᠶ ᠰᠡᠳᠦᠪᠲᠦ ᠨᠠᠮ᠎ᠤᠨ ᠬᠢᠴᠢᠶᠡᠯ ᠣᠷᠣᠪᠠ᠃

 

 

  ᠠᠵᠢᠯᠯᠠᠭ᠎ᠠ ᠡᠬᠢᠯᠡᠬᠦ᠌᠎ᠳᠦ᠂ ᠨᠠᠮ᠎ᠤᠨ ᠭᠡᠱᠢᠭᠦᠨ ᠺᠠᠳ᠋ᠷᠴᠤᠳ《 ᠴᠢᠯᠥᠭᠡᠯᠡᠯᠲᠡ᠎ᠶ᠋ᠢᠨ ᠵᠠᠮ   ᠥᠪᠥᠷ ᠮᠣᠩᠭᠤᠯ᠎ᠤᠨ ᠬᠤᠪᠢᠰᠭᠠᠯ᠎ᠤᠨ ᠲᠡᠤᠬᠡ᠎ᠶ᠋ᠢᠨ ᠳᠡᠯᠭᠡᠨ ᠦᠵᠡᠭᠦᠯᠭᠡ》᠎ᠶ᠋ᠢᠨ ᠦᠵᠡᠰᠭᠦᠯᠡᠩ᠎ᠢ ᠲᠥᠪᠯᠡᠷᠡᠭᠦᠯᠦᠨ ᠲᠣᠭᠤᠷᠢᠨ ᠦᠵᠡᠵᠦ᠍ ᠰᠤᠷᠤᠯᠴᠠᠵᠤ᠂ ᠲᠠᠢᠯᠤᠮᠵᠢ᠎ᠶ᠋ᠢ ᠨᠠᠷᠢᠨ ᠬᠢᠨᠠᠮᠠᠭᠠᠶ ᠰᠣᠨᠣᠰᠴᠤ᠌᠂ ᠳᠡᠯᠭᠡᠨ ᠦᠵᠡᠭᠦᠯᠦᠭ᠌ᠰᠡᠨ ᠡᠯ᠎ᠡ ᠲᠥᠷᠥᠯ᠎ᠤᠨ ᠲᠡᠤᠬᠡ᠎ᠶ᠋ᠢᠨ ᠳᠤᠷᠠᠰᠭᠠᠯᠲᠤ ᠵᠦᠢᠯᠡᠰ᠂ ᠵᠢᠷᠤᠭ ᠪᠠ ᠲᠡᠤᠬᠡ᠎ᠶ᠋ᠢᠨ ᠮᠠᠲ᠋ᠧᠷᠢᠶᠠᠯ᠎ᠢ ᠨᠠᠷᠢᠨ ᠬᠢᠨᠠᠮᠠᠭᠠᠶ ᠦᠵᠡᠵᠦ᠍᠂ 1840 ᠣᠨ᠎ᠤ ᠬᠠᠷ᠎ᠠ ᠲᠠᠮᠠᠬᠢᠨ᠎ᠤ ᠳᠠᠢᠨ᠎ᠠᠴᠠ 1949 ᠣᠨ᠎ᠤ 10 ᠳ᠋ᠤᠭᠠᠷ ᠰᠠᠷ᠎ᠠ ᠪᠣᠯᠲᠠᠯᠠᠬᠢ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠬᠤ ᠬᠤᠭᠤᠴᠠᠭᠠᠨ᠎ᠳᠤ᠂ ᠥᠪᠥᠷ ᠮᠣᠩᠭᠤᠯ᠎ᠤᠨ ᠭᠠᠵᠠᠷ ᠣᠷᠣᠨ᠎ᠤ ᠰᠦᠷ ᠳᠠᠯᠠᠢᠴᠠᠲᠠᠶ᠂ ᠭᠡᠷᠡᠯ ᠰᠠᠴᠤᠷᠠᠩᠭᠤᠶ ᠬᠤᠪᠢᠰᠭᠠᠯ᠎ᠤᠨ ᠥᠩᠭᠡᠷᠡᠯᠲᠡ᠎ᠶ᠋ᠢ ᠭᠦᠨᠵᠡᠭᠡᠶ ᠣᠢᠯᠠᠭᠠᠪᠠ᠃ ᠲᠣᠭᠤᠷᠢᠨ ᠦᠵᠡᠬᠦ᠌᠎ᠪᠠᠷ ᠳᠠᠮᠵᠢᠨ᠂ ᠪᠦᠬᠦ᠌ ᠨᠠᠮ᠎ᠤᠨ ᠭᠡᠱᠢᠭᠦᠨ ᠺᠠᠳ᠋ᠷᠴᠤᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠥᠪᠥᠷ ᠮᠣᠩᠭᠤᠯ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠢᠷᠡᠭᠡᠳᠦᠶ ᠬᠤᠪᠢ ᠵᠠᠶᠠᠭ᠎ᠠ᠎ᠶ᠋ᠢ ᠲᠣᠭ᠍ᠲᠠᠭᠠᠬᠤ ᠦᠨᠳᠦᠰᠦᠨ ᠪᠠᠲᠤᠯᠠᠭ᠎ᠠ ᠮᠥᠨ ᠭᠡᠳᠡᠭ ᠡᠨᠡ ᠬᠦ᠌ ᠲᠡᠦᠬᠡᠨ ᠪᠣᠳᠠᠲᠤ ᠶᠠᠪᠤᠳᠠᠯ ᠪᠠ ᠦᠨᠳᠦᠰᠦᠨ ᠶᠣᠰᠣ ᠤᠴᠢᠷ᠎ᠢ ᠤᠯᠠᠮ ᠨᠢᠭᠡ ᠠᠯᠬᠤᠮ ᠲᠠᠨᠢᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠭ᠍ᠰᠢᠯᠠᠬᠤ ᠢᠲᠡᠭᠡᠯ ᠵᠣᠷᠢᠭ᠎ᠢᠶᠠᠨ ᠤᠯᠠᠮ ᠪᠠᠲᠤᠳᠭᠠᠪᠠ᠃

  ᠠᠵᠢᠯᠯᠠᠭ᠎ᠠ᠎ᠳᠤ ᠪᠠᠰᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠲᠠᠢᠨ ᠬᠢᠭᠡᠳ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢᠨ᠎ᠤ ᠢᠯᠠᠯᠲᠠ ᠣᠯᠤᠭ᠍ᠰᠠᠨ 80 ᠵᠢᠯ᠎ᠤᠨ ᠤᠢ᠎ᠶ᠋ᠢ ᠳᠤᠷᠠᠰᠭᠠᠬᠤ ᠳᠠᠢᠯᠠᠬᠤ ᠬᠤᠷᠠᠯ ᠳᠡᠭᠡᠷᠡᠬᠢ ᠶᠠᠷᠢᠶ᠎ᠠ ᠵᠢᠴᠢ ᠰᠣᠶᠣᠯ᠎ᠢ ᠤᠯᠠᠮᠵᠢᠯᠠᠨ ᠬᠥᠭ᠌ᠵᠢᠭᠦᠯᠬᠦ᠌᠎ᠶ᠋ᠢ ᠠᠬᠢᠭᠤᠯᠬᠤ ᠲᠤᠬᠠᠢ ᠰᠠᠨᠠᠯ ᠵᠡᠷᠭᠡ ᠪᠢᠴᠢᠭ ᠮᠠᠲ᠋ᠧᠷᠢᠶᠠᠯ᠎ᠢ ᠤᠯᠠᠮᠵᠢᠯᠠᠨ ᠰᠤᠷᠤᠯᠴᠠᠪᠠ᠃ ᠨᠠᠮ᠎ᠤᠨ ᠭᠡᠱᠢᠭᠦᠨ ᠺᠠᠳ᠋ᠷᠴᠤᠳ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠶᠠᠷᠢᠶᠠᠨ᠎ᠤ ᠴᠢᠬᠤᠯᠠ ᠶᠡᠭᠡ ᠠᠴᠢ ᠬᠤᠯᠪᠣᠭ᠍ᠳᠠᠯ ᠪᠠ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠶ ᠣᠢᠯᠠᠭᠠᠵᠤ᠂ ᠦᠨᠳᠦᠰᠦᠲᠡᠨ᠎ᠤ ᠣᠮᠣᠭ ᠪᠠᠬᠠᠳᠤᠯ ᠪᠠ ᠰᠣᠶᠣᠯ᠎ᠤᠨ ᠢᠲᠡᠭᠡᠯ ᠵᠣᠷᠢᠭ᠎ᠢ ᠤᠯᠠᠮ ᠨᠢᠭᠡ ᠠᠯᠬᠤᠮ ᠨᠡᠮᠡᠭ᠌ᠳᠡᠭᠦᠯᠪᠡ᠃

 

 

  ᠡᠴᠦᠰ᠎ᠲᠤ᠌᠂ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ 《 ᠡᠮᠴᠢᠯᠡᠭᠡᠨ᠎ᠦ ᠪᠠᠲᠤᠯᠠᠭ᠎ᠠ᠎ᠶ᠋ᠢᠨ ᠦᠢᠯᠡᠰ᠎ᠤᠨ ᠬᠥᠭ᠌ᠵᠢᠯᠲᠡ᠎ᠪᠠᠷ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠳᠤ ᠬᠦᠴᠦᠨ ᠨᠡᠮᠡᠷᠢᠯᠡᠬᠦ᠌》ᠲᠤᠰᠭᠠᠶ ᠰᠡᠳᠦᠪ᠎ᠤᠨ ᠲᠣᠭᠤᠷᠢᠨ᠎ᠳᠤ᠂ ᠪᠥᠬᠦ᠌ ᠨᠠᠮ᠎ᠤᠨ ᠭᠡᠱᠢᠭᠦᠨ ᠺᠠᠳ᠋ᠷᠴᠤᠳ᠎ᠲᠤ ᠠᠮᠢᠳᠤᠯᠢᠭ ᠪᠥᠭᠡᠳ ᠭᠦᠨ ᠭᠦᠨᠵᠡᠭᠡᠶ ᠨᠠᠮ᠎ᠤᠨ ᠬᠢᠴᠢᠶᠡᠯ ᠵᠢᠭᠠᠵᠤ᠂ ᠣᠨᠣᠯ᠎ᠤᠨ ᠦᠨᠳᠦᠷᠴᠡ ᠪᠠ ᠦᠢᠯᠡᠳᠦᠯᠭᠡ᠎ᠶ᠋ᠢᠨ ᠲᠠᠯ᠎ᠠ᠎ᠠᠴᠠ ᠦᠨᠳᠦᠰᠦᠯᠡᠵᠦ᠍᠂ ᠡᠮᠴᠢᠯᠡᠭᠡᠨ᠎ᠦ ᠪᠠᠲᠤᠯᠠᠭ᠎ᠠ᠎ᠶ᠋ᠢᠨ ᠦᠢᠯᠡᠰ ᠪᠠ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠳᠣᠲᠣᠭᠠᠳᠤ ᠬᠠᠷᠢᠴᠠᠭ᠎ᠠ᠎ᠶ᠋ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠪᠥᠬᠦ᠌ ᠨᠠᠮ᠎ᠤᠨ ᠭᠡᠱᠢᠭᠦᠨ ᠺᠠᠳ᠋ᠷᠴᠤᠳ ᠡᠮᠴᠢᠯᠡᠭᠡᠨ᠎ᠦ ᠪᠠᠲᠤᠯᠠᠭ᠎ᠠ᠎ᠶ᠋ᠢᠨ ᠦᠢᠯᠡᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠳᠤᠮᠳᠠᠬᠢ ᠴᠢᠬᠤᠯᠠ ᠦᠢᠯᠡᠳᠦᠯ᠎ᠢ ᠭᠦᠢᠴᠡᠳ ᠲᠠᠨᠢᠵᠤ᠂ ᠬᠠᠷᠢᠭᠤᠴᠠᠯᠭᠠᠲᠤ ᠪᠣᠳᠣᠯ ᠪᠠ ᠡᠭᠦᠷᠭᠡᠲᠦ ᠰᠡᠳᠭᠢᠯᠭᠡ᠎ᠪᠠᠨ ᠦᠨᠡᠨ ᠬᠦ᠌ ᠴᠢᠩᠭᠠᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠲᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

  ᠲᠣᠰ ᠤᠳᠠᠭᠠᠨ᠎ᠤ ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠨᠢ ᠨᠠᠮ᠎ᠤᠨ ᠭᠡᠱᠢᠭᠦᠨ ᠺᠠᠳ᠋ᠷᠴᠤᠳ᠎ᠤᠨ ᠤᠯᠤᠰ ᠲᠥᠷᠥ᠎ᠶ᠋ᠢᠨ ᠬᠡᠪ ᠪᠣᠯᠪᠠᠰᠤᠷᠠᠯ ᠪᠠ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ ᠤᠯᠠᠮ ᠨᠢᠭᠡ ᠠᠯᠬᠤᠮ ᠴᠢᠩᠭᠠᠷᠠᠭᠤᠯᠵᠤ᠂ ᠡᠮᠴᠢᠯᠡᠭᠡᠨ᠎ᠦ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠥᠯᠭᠢᠨ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            