ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ ᠶ᠋ᠢᠨ ᠲᠣᠪᠴᠢᠶ᠎ᠠ ᠳᠠᠭᠠᠭᠠᠴᠢᠯᠠᠨ ᠬᠤᠯᠪᠣᠭᠠᠯᠠᠭ᠍ᠰᠠᠨ ᠨᠡᠢᠭᠡᠮ ᠲᠣᠭᠤᠷᠢᠭ᠎ᠲᠤ ᠬᠦᠷᠴᠦ᠍ 《 ᠤᠮᠠᠷᠠᠲᠤ ᠬᠢᠯᠢ᠎ᠶ᠋ᠢ ᠠᠭᠤᠰᠤᠯᠴᠠᠭᠤᠯᠤᠨ᠂ ᠰᠡᠳᠭᠢᠯ ᠨᠢᠭᠡᠳᠦᠨ ᠨᠠᠮ᠎ᠢᠶᠠᠨ ᠳᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ 》 ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ᠎ᠶ᠋ᠢᠨ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-09-17

  ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ᠂ ᠦᠨᠳᠦᠰᠦᠲᠡᠨ᠎ᠤ ᠪᠦᠯᠬᠦᠮᠳᠡᠯ᠎ᠢ ᠡᠭᠦᠳᠦᠨ ᠪᠠᠢᠭᠤᠯᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ 9 ᠳ᠋ᠦ᠍ᠭᠡᠷ ᠰᠠᠷ᠎ᠠ᠎ᠶ᠋ᠢᠨ 16 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠶ᠋ᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠂ ᠬᠥᠬᠡᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠲᠠᠢ ᠬᠠᠮᠲᠤᠷᠠᠨ ᠳᠠᠭᠠᠭᠠᠴᠢᠯᠠᠨ ᠬᠤᠯᠪᠣᠭᠠᠯᠠᠭ᠍ᠰᠠᠨ ᠨᠡᠢᠭᠡᠮ ᠲᠣᠭᠤᠷᠢᠭ — ᠢᠦᠶ ᠴᠢᠤᠸᠠᠨ ᠲᠣᠭᠤᠷᠢᠭ᠎ᠤᠨ ᠾᠧᠩ ᠴᠠᠩ ᠨᠡᠢᠭᠡᠮ ᠲᠣᠭᠤᠷᠢᠭ᠎ᠲᠤ ᠬᠦᠷᠴᠦ᠍᠂  《ᠤᠮᠠᠷᠠᠲᠤ ᠬᠢᠯᠢ᠎ᠶ᠋ᠢ ᠠᠭᠤᠰᠤᠯᠴᠠᠭᠤᠯᠤᠨ᠂ ᠰᠡᠳᠭᠢᠯ ᠨᠢᠭᠡᠳᠦᠨ ᠨᠠᠮ᠎ᠢᠶᠠᠨ ᠳᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ》 42 ᠳ᠋ᠤᠭᠠᠷ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ᠎ᠶ᠋ᠢᠨ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃

 

 

   ᠠᠵᠢᠯᠯᠠᠭᠠᠨ᠎ᠤ ᠠᠬᠤᠢ ᠲᠠᠯᠠᠪᠠᠶ᠎ᠳᠤ᠂ ᠨᠠᠮ᠎ᠤᠨ ᠭᠡᠱᠢᠭᠦᠨ ᠺᠠᠳ᠋ᠷᠴᠤᠳ ᠨᠡᠢᠭᠡᠮ ᠲᠣᠭᠤᠷᠢᠭ᠎ᠤᠨ ᠰᠠᠭᠤᠭᠠᠯᠢ ᠠᠷᠠᠳ᠎ᠲᠤ  《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ 》 ᠎ᠢ ᠲᠠᠷᠬᠠᠭᠠᠵᠤ᠂ ᠡᠮᠴᠢᠯᠡᠭᠡᠨ᠎ᠤ ᠳᠠᠭᠠᠳᠭᠠᠯ᠎ᠤᠨ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠵᠤ᠂ ᠡᠮᠴᠢᠯᠡᠭᠡᠨ᠎ᠤ ᠳᠠᠭᠠᠳᠭᠠᠯ᠎ᠤᠨ  ᠲᠦᠷᠡᠢᠪᠴᠢ ᠎ᠶ᠋ᠢᠨ ᠵᠣᠭᠣᠰ ᠱᠢᠯᠵᠢᠭᠦᠯᠬᠦ᠌᠂ ᠡᠯᠧᠺᠲᠷᠣᠨ ᠡᠮᠴᠢᠯᠡᠭᠡᠨ᠎ᠤ ᠳᠠᠭᠠᠳᠭᠠᠯ᠎ᠤᠨ ᠺᠣᠳ᠋᠎ᠢ ᠬᠡᠷᠡᠭ᠌ᠯᠡᠬᠦ᠌ ᠪᠠ ᠣᠨᠳᠣᠤ ᠭᠠᠵᠠᠷ᠎ᠲᠤ ᠡᠮᠨᠡᠭᠦᠯᠬᠦ᠌᠎ᠶ᠋ᠢ ᠳᠠᠩᠰᠠᠯᠠᠭᠤᠯᠬᠤ ᠵᠡᠷᠭᠡ ᠣᠯᠠᠨ ᠲᠦᠮᠡᠨ᠎ᠤ ᠨᠡᠢᠳᠡᠮ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ᠎ᠳᠤ ᠬᠠᠨᠳᠤᠭᠤᠯᠤᠨ᠂ ᠨᠢᠭᠤᠷ ᠲᠤᠯᠭᠠᠨ ᠣᠯᠠᠨ ᠲᠦᠮᠡᠨ᠎ᠳᠤ ᠬᠠᠷᠢᠭᠤᠯᠵᠤ ᠥᠭ᠌ᠪᠡ᠃

  ᠨᠡᠢᠲᠡ᠎ᠶ᠋ᠢᠨ ᠠᠰᠠᠷᠠᠮᠵᠢ᠎ᠶ᠋ᠢᠨ ᠡᠮᠴᠢᠯᠡᠭᠡᠨ᠎ᠤ ᠲᠣᠭᠤᠷᠢᠭ᠂ ᠬᠥᠬᠡᠬᠤᠲᠠ᠎ᠶ᠋ᠢᠨ ᠨᠢᠭᠡᠳᠦᠭᠡᠷ ᠡᠮᠨᠡᠯᠭᠡ᠎ᠶ᠋ᠢᠨ ᠬᠤᠷᠢᠶᠠᠨ᠎ᠤ ᠲᠤᠰᠭᠠᠶ ᠮᠡᠷᠭᠡᠵᠢᠯᠲᠡᠨ᠎ᠤ ᠪᠦᠯᠬᠦᠮ ᠰᠠᠭᠤᠭᠠᠯᠢ ᠠᠷᠠᠳ᠎ᠲᠤ ᠪᠠᠢᠩᠭᠤ ᠳᠣᠬᠢᠶᠠᠯᠳᠤᠬᠤ ᠡᠪᠡᠳᠴᠢᠨ᠎ᠤ ᠣᠨᠣᠱᠢᠯᠠᠯᠲᠠ ᠬᠢᠵᠦ᠍᠂ ᠰᠠᠭᠤᠭᠠᠯᠢ ᠠᠷᠠᠳ᠎ᠤᠨ ᠡᠪᠡᠳᠴᠢᠨ᠎ᠤ ᠥᠩᠭᠡᠷᠡᠭ᠌ᠰᠡᠨ᠎ᠤ ᠲᠡᠦᠬᠡ ᠪᠠ ᠠᠮᠢᠳᠤᠷᠠᠯ᠎ᠤᠨ ᠳᠠᠳᠭᠠᠯ᠎ᠢ ᠦᠨᠳᠦᠰᠦᠯᠡᠨ ᠥᠪᠡᠷᠮᠢᠴᠡ ᠡᠷᠡᠭᠦᠯ ᠮᠡᠨᠳᠦ᠍᠎ᠶ᠋ᠢᠨ ᠵᠢᠯᠣᠭᠤᠳᠭᠤ ᠲᠥᠰᠦᠯ ᠬᠠᠩᠭᠠᠪᠠ᠃

 

 

  ᠲᠣᠰ ᠤᠳᠠᠭᠠᠨ᠎ᠤ ᠨᠡᠢᠭᠡᠮ ᠲᠣᠭᠤᠷᠢᠭ᠎ᠤᠨ ᠬᠠᠮᠲᠤᠷᠠᠨ ᠪᠠᠢᠭᠤᠯᠵᠤ ᠬᠠᠮᠲᠤ᠎ᠪᠠᠷ ᠪᠠᠢᠭᠤᠯᠬᠤ ᠠᠵᠢᠯᠯᠠᠭ᠎ᠠ᠎ᠨᠢ ᠣᠨᠣᠯ᠎ᠤᠨ ᠤᠬᠠᠭᠤᠯᠤᠨ ᠲᠠᠢᠯᠪᠤᠷᠢᠯᠠᠬᠤ ᠪᠠ ᠠᠷᠠᠳ᠎ᠤᠨ ᠠᠮᠢᠳᠤᠷᠠᠯ᠎ᠤᠨ ᠦᠢᠯᠡᠴᠢᠯᠡᠭᠡ ᠵᠡᠷᠭᠡ ᠬᠡᠯᠪᠡᠷᠢ᠎ᠪᠠᠷ ᠳᠠᠮᠵᠢᠭᠤᠯᠤᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠡᠮᠴᠢᠯᠡᠭᠡᠨ᠎ᠤ ᠳᠠᠭᠠᠳᠭᠠᠯ᠎ᠤᠨ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠣᠯᠤᠯᠲᠠ ᠥᠩᠭᠡᠷᠡᠯᠲᠡ ᠳᠤᠮᠳᠠ᠂  《ᠲᠠᠪᠤᠨ ᠬᠠᠮᠲᠤ》 ᠶ᠋ᠢᠨ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ᠎ᠶ᠋ᠢᠨ ᠦᠵᠡᠯᠲᠡ ᠪᠠ 《ᠳᠥᠷᠪᠡ᠎ᠶ᠋ᠢ ᠬᠠᠮᠲᠤᠳᠭᠠᠬᠤ》 ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ᠎ᠤ ᠬᠠᠷᠢᠴᠠᠭ᠎ᠠ᠎ᠶ᠋ᠢ  ᠨᠢᠭ᠍ᠲᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠂ ᠨᠡᠢᠭᠡᠮ᠎ᠤᠨ ᠡᠶ᠎ᠡ ᠵᠣᠬᠢᠴᠠᠯ᠎ᠲᠠᠢ ᠬᠥᠭ᠌ᠵᠢᠯᠲᠡ᠎ᠶ᠋ᠢᠨ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠪᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            