ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ 《 ᠡᠷᠭᠢᠯᠳᠦᠭᠦᠯᠵᠦ 》 ᠳ᠋ᠦᠩᠨᠡᠨ ᠪᠣᠳᠣᠬᠤ᠎ᠳᠤ ᠬᠦᠴᠦᠨ ᠨᠡᠮᠡᠷᠢᠯᠡᠵᠦ 《 ᠲᠦᠷᠭᠡᠨ 》 ᠪᠣᠯᠭ᠋ᠠᠪᠠ
ᠨᠡᠶ᠋ᠢᠲᠡᠯᠡᠭᠰᠡᠨ ᠴᠠᠭ᠄ 2026-01-12

  ᠵᠢᠶᠠᠩᠰᠦ ᠮᠤᠵᠢ᠎ᠶ᠋ᠢᠨ ᠨᠠᠨᠵᠢᠩ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠡᠮᠴᠢᠯᠡᠭᠡᠨ᠎ᠤ ᠳᠠᠭᠠᠳᠭᠠᠯ᠎ᠤᠨ ᠳ᠋ᠦᠩᠨᠡᠨ ᠪᠤᠳᠤᠬᠤ ᠲᠣᠭ᠍ᠲᠠᠴᠠ᠎ᠶ᠋ᠢᠨ ᠳᠠᠪᠠᠭᠤᠯᠢᠭ᠎ᠢ ᠪᠠᠲᠤᠳᠭᠠᠭ᠍ᠰᠠᠨ ᠰᠠᠭᠤᠷᠢᠨ ᠳᠡᠭᠡᠷ᠎ᠡ᠂ 《 ᠵᠢᠯ᠎ᠤᠨ ᠡᠬᠢᠨ᠎ᠳᠤ ᠤᠷᠢᠳᠴᠢᠯᠠᠨ ᠥᠭ᠌ᠬᠦ᠂ ᠰᠠᠷ᠎ᠠ᠎ᠪᠠᠷ ᠨᠥᠯᠥᠭᠡᠯᠡᠯ ᠦᠭᠡᠢ ᠤᠷᠢᠳᠴᠢᠯᠠᠨ ᠥᠭ᠌ᠬᠦ᠂ n ᠡᠳᠦᠷ᠎ᠢᠶᠠᠷ ᠰᠠᠯᠭᠠᠨ ᠥᠭ᠌ᠬᠦ᠎ᠶ᠋ᠢ ᠠᠮᠢᠳᠤᠯᠢᠭ ᠪᠠᠢ᠌ᠬᠤ 》 ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠴᠠᠭ ᠲᠤᠬᠠᠶ᠎ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ᠎ᠶ᠋ᠢᠨ ᠱᠢᠨ᠎ᠡ ᠲᠥᠰᠦᠯ᠎ᠢ ᠰᠦᠪᠡᠭ᠌ᠴᠢᠯᠡᠵᠦ᠍᠂ 《 ᠡᠮᠴᠢᠯᠡᠭᠡᠨ᠎ᠤ ᠪᠠᠢᠭᠤᠯᠤᠮᠵᠢ ᠬᠥᠳᠡᠯᠭᠡᠬᠦ᠌ ᠬᠦᠴᠦᠨ᠎ᠲᠠᠢ᠂ ᠰᠠᠭᠤᠷᠢ ᠮᠥᠩᠭᠥᠨ᠎ᠦ ᠠᠮᠤᠷ ᠲᠦᠪᠱᠢᠨ ᠪᠠᠲᠤᠯᠠᠭ᠎ᠠ᠎ᠲᠠᠢ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ ᠪᠣᠳᠠᠲᠤ ᠠᠱᠢᠭ ᠲᠠᠢ 》 ᠰᠠᠢᠨ ᠰᠠᠢᠬᠠᠨ ᠠᠮᠢ ᠠᠬᠤᠶ᠎ᠶ᠋ᠢ ᠪᠣᠶ ᠪᠣᠯᠭᠠᠪᠠ᠃ 2025 ᠣᠨ᠎ᠳ᠋ᠤ᠂ ᠨᠠᠨᠵᠢᠩ ᠬᠣᠲᠠ ᠨᠢ ᠪᠦᠬᠦ᠌ ᠬᠣᠲᠠ᠎ᠶᠢᠨ 4756 ᠡᠮ ᠡᠮᠨᠡᠯᠭᠡ᠎ᠶᠢᠨ ᠪᠠᠢᠭᠤᠯᠤᠮᠵᠢ᠎ᠳ᠋ᠤ ᠲᠡᠷᠡ ᠳᠠᠷᠤᠢ᠎ᠳᠤ ᠨᠢ ᠳ᠋ᠦᠩᠨᠡᠨ ᠪᠣᠳᠣᠬᠣ ᠡᠮᠴᠢᠯᠡᠭᠡᠨ᠎ᠦ᠌ ᠳᠠᠭᠠᠳᠭᠠᠯ᠎ᠤ᠋ᠨ ᠰᠠᠭᠤᠷᠢ ᠮᠥᠩᠭᠥ᠎ᠶᠢ 320 ᠳ᠋ᠦᠩᠰᠢᠭᠤᠷ ᠲᠥᠭᠥᠷᠢᠭ᠎ᠡᠴᠡ ᠳᠠᠪᠠᠵᠤ᠂ ᠡᠮᠴᠢᠯᠡᠭᠡᠨ᠎ᠦ᠌ ᠳᠠᠭᠠᠳᠭᠠᠯ᠎ᠤ᠋ᠨ ᠰᠠᠭᠤᠷᠢ ᠮᠥᠩᠭᠥ᠎ᠶᠢ ᠦᠨᠡᠨ ᠬᠦ᠌ 《 ᠡᠷᠭᠢᠯᠳᠦᠭᠦᠯᠵᠦ 》᠂ 《 ᠲᠦᠷᠭᠡᠨ 》 ᠰᠠᠯᠭ᠋ᠠᠨ ᠥᠭᠬᠦ᠎ᠶᠢ ᠪᠡᠶᠡᠯᠡᠭᠦᠯᠵᠦ᠂ 《 ᠲᠦᠷᠭᠡᠨ 》 ᠬᠦᠴᠦᠨ ᠨᠡᠮᠡᠷᠢᠯᠡᠵᠦ᠂ ᠡᠮᠴᠢᠯᠡᠭᠡᠨ᠎ᠦ ᠳᠠᠭᠠᠳᠭᠠᠯ ᠪᠠ ᠡᠮᠴᠢᠯᠡᠭᠡ᠎ᠳᠤ ᠬᠦᠴᠦᠨ ᠨᠡᠮᠡᠷᠢᠯᠡᠭᠰᠡᠨ᠂ ᠡᠮ ᠡᠮᠨᠡᠯᠭᠡ᠎ᠲᠡᠢ ᠬᠠᠮᠲᠤ᠎ᠪᠡᠷ ᠤᠷᠤᠭᠰᠢᠯᠠᠭᠰᠠᠨ᠂ ᠬᠠᠷᠢᠯᠴᠠᠨ ᠬᠠᠪᠰᠤᠷᠤᠯᠴᠠᠨ ᠬᠠᠮᠲᠤ ᠪᠠᠷ ᠤᠷᠤᠭᠰᠢᠯᠠᠭᠰᠠᠨ᠂ 《ᠭᠤᠷᠪᠠᠨ ᠡᠮᠴᠢᠯᠡᠭᠡ》᠎ᠲᠠᠢ ᠬᠠᠮᠵᠢᠯᠴᠠᠨ ᠰᠢᠨ᠎ᠡ ᠠᠮᠢ ᠠᠬᠤᠢ᠎ᠶᠢ ᠢᠳᠡᠪᠬᠢᠲᠡᠢ ᠪᠠᠢᠭᠤᠯᠪᠠ᠃

  ᠵᠢᠯ᠎ᠤᠨ ᠤᠷᠢᠳᠴᠢᠯᠠᠨ ᠥᠭᠬᠦ ᠨᠢ 《 ᠤᠷᠢᠳᠴᠢᠯᠠᠨ ᠲᠠᠩᠰᠠᠨ᠎ᠳᠤ ᠣᠷᠣᠵᠤ 》᠂ ᠪᠠᠢᠭᠤᠯᠤᠮᠵᠢ᠎ᠶ᠋ᠢᠨ 《 ᠵᠤᠭᠤᠰ ᠪᠤᠴᠠᠭᠠᠬᠤ ᠬᠤᠷᠳᠤᠴᠠ᠎ᠶ᠋ᠢ ᠲᠦᠷᠭᠡᠳᠭᠡᠬᠦ᠌ 》᠎ᠳᠤ ᠬᠦᠴᠦᠨ  ᠨᠡᠮᠡᠷᠢᠯᠡᠪᠡ

  ᠨᠠᠨᠵᠢᠩ ᠬᠣᠲᠠ ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠥᠩᠭᠥ᠎ᠶᠢ ᠤᠷᠢᠳᠴᠢᠯᠠᠨ ᠥᠭ᠌ᠬᠦ ᠬᠠᠮᠢᠶ᠎ᠠ ᠪᠦᠬᠦᠢ ᠠᠵᠢᠯ᠎ᠤ᠋ᠨ ᠱᠠᠭᠠᠷᠳᠠᠯᠭ᠎ᠠ᠎ᠶᠢ ᠢᠳᠡᠪᠬᠢᠲᠡᠢ ᠨᠠᠢᠳᠠᠪᠤᠷᠢᠵᠢᠭᠤᠯᠵᠤ᠂ 《 ᠡᠷᠲᠡ ᠥᠭᠬᠦ᠎ᠡᠴᠡ ᠣᠷᠣᠢ᠌ᠲᠠᠬᠤ ᠦᠭᠡᠢ 》᠎ᠶᠢ ᠪᠠᠷᠢᠮᠲᠠᠯᠠᠵᠤ᠂ ᠤᠷᠢᠳᠴᠢᠯᠠᠨ ᠥᠭ᠌ᠬᠦ ᠮᠥᠩᠭᠥ᠎ᠶᠢᠨ ᠰᠠᠯᠭᠠᠨ ᠥᠭ᠌ᠬᠦ ᠶᠠᠪᠤᠴᠠ᠎ᠶᠢ ᠰᠢᠯᠢᠳᠡᠭᠵᠢᠭᠦᠯᠬᠦ᠎ᠪᠡᠷ ᠳᠠᠮᠵᠢᠨ᠂ ᠰᠠᠯᠭᠠᠨ ᠥᠭ᠌ᠬᠦ ᠴᠠᠭ ᠬᠤᠭᠤᠴᠠᠭ᠎ᠠ᠎ᠶᠢ ᠶᠡᠬᠡ ᠬᠡᠮᠵᠢᠶ᠎ᠡ᠎ᠪᠡᠷ ᠨᠡᠮᠡᠭ᠌ᠳᠡᠭᠦᠯᠵᠦ᠍᠂ ᠵᠢᠯ ᠪᠦᠷᠢ᠎ᠶᠢᠨ 1 ᠳ᠋ᠤᠭᠡᠷ ᠰᠠᠷ᠎ᠠ᠎ᠶᠢᠨ ᠡᠬᠢ᠎ᠪᠡᠷ ᠰᠠᠯᠭᠠᠨ ᠥᠭ᠌ᠴᠦ ᠪᠣᠳᠠᠲᠠᠢᠵᠢᠭᠤᠯᠬᠤ᠎ᠪᠠᠷ ᠴᠢᠷᠮᠠᠢᠵᠤ᠂ ᠨᠢᠭᠡᠨᠲᠡ ᠪᠦᠬᠦ᠌ ᠬᠣᠲᠠ᠎ᠶᠢᠨ 350 ᠡᠮᠴᠢᠯᠡᠭᠡᠨ᠎ᠦ᠌ ᠪᠠᠢᠭᠤᠯᠤᠮᠵᠢ᠎ᠳ᠋ᠤ ᠡᠮᠴᠢᠯᠡᠭᠡᠨ᠎ᠦ ᠳᠠᠭᠠᠳᠭᠠᠯ᠎ᠤ᠋ᠨ ᠤᠷᠢᠳᠴᠢᠯᠠᠨ ᠥᠭ᠌ᠬᠦ ᠮᠥᠩᠭᠥ᠎ᠶᠢ 41 ᠳ᠋ᠦᠩᠰᠢᠭᠤᠷ ᠲᠥᠭᠥᠷᠢᠭ ᠰᠠᠯᠭᠠᠨ ᠥᠭᠴᠡᠢ᠃ ᠡᠮᠴᠢᠯᠡᠭᠡᠨ᠎ᠤ ᠳᠠᠭᠠᠳᠭᠠᠯ᠎ᠤᠨ ᠤᠷᠢᠳᠴᠢᠯᠠᠨ ᠥᠭ᠌ᠬᠦ ᠮᠥᠩᠭᠦ᠎ᠶ᠋ᠢ ᠡᠮᠴᠢᠯᠡᠭᠡᠨ᠎ᠤ ᠪᠠᠢᠭᠤᠯᠤᠮᠵᠢ᠎ᠶ᠋ᠢᠨ 《 ᠬᠦᠴᠦᠨ ᠨᠡᠮᠡᠷᠢᠯᠡᠬᠦ ᠮᠥᠩᠭᠥ 》 ᠪᠣᠯᠭᠠᠨ ᠬᠤᠪᠢᠷᠠᠭᠤᠯᠵᠤ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠢᠳᠡᠪᠬᠢᠲᠦ ᠴᠢᠨᠠᠷ ᠪᠠ ᠰᠠᠨᠠᠭᠠᠴᠢᠯᠠᠭᠠᠲᠤ ᠴᠢᠨᠠᠷ᠎ᠢ ᠭᠦᠢᠴᠡᠳ ᠬᠥᠭ᠌ᠵᠢᠭᠡᠨ᠂ ᠲᠡᠭᠦᠨ᠎ᠤ ᠣᠷᠣᠯᠠᠨ ᠭᠦᠢᠴᠡᠳᠭᠡᠬᠦ᠌ ᠳᠠᠷᠤᠯᠲᠠ᠎ᠶ᠋ᠢ ᠪᠦᠲᠦᠮᠵᠢᠲᠡᠶ ᠨᠠᠮᠳᠠᠭᠤᠯᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠨᠠᠩ ᠣᠯᠠᠨ ᠪᠠᠯᠠ ᠮᠥᠩᠭᠦ᠎ᠶ᠋ᠢ ᠡᠮᠴᠢᠯᠡᠭᠡᠨ᠎ᠤ ᠦᠢᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠵᠡᠷᠭᠡ ᠭᠤᠤᠯ ᠬᠦᠷᠢᠶᠡᠨ᠎ᠳᠤ ᠣᠷᠣᠭᠤᠯᠵᠤ᠂ ᠲᠡᠳᠡᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠤ ᠬᠦᠴᠦᠨ ᠨᠡᠮᠡᠷᠢᠯᠡᠵᠦ᠍᠂ ᠡᠭᠦᠨ᠎ᠤ ᠤᠯᠠᠮ᠎ᠢᠶᠠᠷ ᠲᠡᠳᠡᠨ᠎ᠤ ᠥᠷᠭᠡᠨ ᠣᠯᠠᠨ ᠳᠠᠭᠠᠳᠭᠠᠯ᠎ᠳᠤ ᠣᠷᠣᠯᠴᠠᠭ᠍ᠰᠠᠳ᠎ᠲᠤ ᠨᠠᠩ ᠥᠨᠳᠥᠷ ᠪᠦᠲᠦᠮᠵᠢᠲᠡᠶ᠂ ᠨᠠᠩ ᠳᠣᠲᠣᠨᠣ᠂ ᠨᠠᠩ ᠴᠢᠨᠠᠷ ᠰᠠᠢᠲᠠᠶ ᠡᠮᠴᠢᠯᠡᠭᠡᠨ᠎ᠤ ᠦᠢᠯᠡᠴᠢᠯᠡᠭᠡ ᠬᠠᠩᠭᠠᠬᠤ᠎ᠶ᠋ᠢ ᠠᠬᠢᠭᠤᠯᠪᠠ᠃

  20 ᠠᠵᠢᠯᠯᠠᠬᠤ ᠡᠳᠦᠷ᠎ᠤᠨ ᠳᠣᠲᠣᠷ᠎ᠠ 《 ᠨᠥᠯᠥᠭᠡᠯᠡᠯ ᠦᠭᠡᠢ ᠥᠭ᠌ᠴᠦ 》᠂ ᠪᠠᠢᠭᠤᠯᠤᠮᠵᠢ᠎ᠶ᠋ᠢᠨ 《 ᠬᠥᠭ᠌ᠵᠢᠯᠲᠡ᠎ᠳᠤ ᠠᠩᠬᠠᠷᠤᠯ᠎ᠢᠶᠠᠨ ᠲᠥᠪᠯᠡᠷᠡᠭᠦᠯᠬᠦ᠌ 》᠎ᠳᠤ ᠬᠦᠴᠦᠨ ᠨᠡᠮᠡᠷᠢᠯᠡᠪᠡ

  ᠨᠠᠨᠵᠢᠩ ᠬᠣᠲᠠ᠎ᠶᠢᠨ ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠥᠩᠭᠥᠨ᠎ᠦ᠌ ᠳ᠋ᠦᠩᠨᠡᠨ ᠪᠣᠳᠣᠬᠤ ᠪᠠᠭᠲᠠᠭ᠋ᠠᠮᠵᠢ ᠨᠢ ᠨᠡᠯᠢᠶᠡᠳ ᠶᠡᠬᠡ ᠪᠣᠯᠬᠣᠷ᠂ ᠨᠠᠨᠵᠢᠩ ᠬᠣᠲᠠ ᠨᠢ 《 ᠰᠠᠷ᠎ᠠ᠎ᠪᠠᠷ ᠠᠩᠭᠢᠯᠠᠵᠤ᠂ ᠰᠠᠷ᠎ᠠ᠎ᠪᠠᠷ ᠤᠷᠢᠳᠴᠢᠯᠠᠨ ᠰᠠᠯᠭᠠᠨ ᠥᠭᠴᠦ᠂ ᠰᠠᠷ᠎ᠠ᠎ᠪᠠᠷ ᠳ᠋ᠦᠩᠨᠡᠨ ᠪᠣᠳᠣᠬᠤ 》 ᠰᠠᠷ᠎ᠠ᠎ᠶᠢᠨ ᠳ᠋ᠦᠩᠨᠡᠨ ᠪᠣᠳᠣᠬᠤ ᠵᠠᠭ᠍ᠪᠤᠷ᠎ᠢ᠋ ᠬᠡᠷᠡᠭ᠌ᠵᠢᠭᠦᠯᠵᠦ᠍᠂ ᠰᠢᠨᠵᠢᠯᠡᠬᠦ ᠤᠬᠠᠭᠠᠨᠴᠢ᠎ᠪᠠᠷ ᠳ᠋ᠦᠩᠨᠡᠨ ᠪᠣᠳᠣᠬᠤ᠂ ᠨᠠᠷᠢᠯᠢᠭ ᠬᠠᠮᠢᠶᠠᠷᠤᠯᠲᠠ᠎ᠶᠢᠨ ᠳᠠᠪᠬᠤᠷ ᠬᠠᠷᠠᠯᠲᠠ᠎ᠶᠢ ᠲᠣᠬᠢᠷᠠᠯᠴᠠᠪᠠ᠃ ᠱᠢᠰᠲ᠋ᠧᠮ᠎ᠲᠠᠢ᠎ᠪᠠᠷ ᠱᠢᠯᠢᠳᠡᠭ᠌ᠵᠢᠭᠦᠯᠬᠦ᠂ ᠶᠠᠪᠤᠴᠠ᠎ᠶ᠋ᠢ ᠳᠠᠬᠢᠨ ᠪᠠᠢᠭᠤᠯᠬᠤ᠎ᠪᠠᠷ ᠳᠡᠮᠵᠢᠨ᠂ ᠨᠢᠭᠡᠨᠲᠡ 20 ᠠᠵᠢᠯᠯᠠᠬᠤ ᠡᠳᠦᠷ᠎ᠤᠨ ᠳᠣᠲᠣᠷ᠎ᠠ 《 ᠨᠥᠯᠥᠭᠡᠯᠡᠯ ᠥᠬᠡᠶ ᠥᠭ᠌ᠬᠦ 》᠎ᠶ᠋ᠢ ᠪᠡᠶᠡᠯᠡᠭᠦᠯᠵᠦ᠍᠂ ᠡᠮᠴᠢᠯᠡᠭᠡᠨ᠎ᠤ ᠪᠠᠢᠭᠤᠯᠤᠮᠵᠢ᠎ᠶ᠋ᠢᠨ ᠡᠳᠦᠷ ᠲᠤᠲᠤᠮ᠎ᠤᠨ ᠡᠷᠡᠭᠦᠯ ᠮᠡᠨᠳᠦ᠍᠎ᠶ᠋ᠢᠨ ᠡᠵᠡᠩᠨᠡᠯᠲᠡ᠎ᠶ᠋ᠢ ᠪᠥᠬᠦ᠌ ᠬᠦᠴᠦᠨ᠎ᠢᠶᠠᠷ ᠪᠠᠲᠤᠯᠠᠵᠤ᠂ ᠡᠮᠨᠡᠯᠭᠡ᠎ᠶ᠋ᠢᠨ ᠬᠤᠷᠢᠶᠠᠨ᠎ᠤ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠪᠡ᠃

   《 n ᠡᠳᠦᠷ ᠰᠠᠯᠭᠠᠨ ᠥᠭ᠌ᠬᠦ 》᠎ᠶ᠋ᠢ ᠱᠢᠨ᠎ᠡ᠎ᠶᠢ ᠡᠭᠦᠳᠦᠨ ᠥᠷᠨᠢᠭᠦᠯᠵᠦ᠍᠂ ᠪᠠᠢᠭᠤᠯᠤᠮᠵᠢ᠎ᠶ᠋ᠢᠨ 《 ᠥᠪᠡᠷᠮᠢᠴᠡ ᠬᠡᠷᠡᠭ᠌ᠴᠡᠭᠡ ᠱᠠᠭᠠᠷᠳᠠᠯᠭ᠎ᠠ 》᠎ᠶ᠋ᠢ ᠬᠠᠩᠭ᠋ᠠᠪᠠ

  ᠣᠨ᠎ᠤ ᠤᠷᠢᠳᠴᠢᠯᠠᠨ ᠥᠭ᠌ᠬᠦ ᠪᠠ ᠰᠠᠷ᠎ᠠ᠎ᠶᠢᠨ ᠤᠷᠢᠳᠴᠢᠯᠠᠨ ᠰᠠᠯᠭᠠᠨ ᠦᠭ᠌ᠭᠦ ᠰᠠᠭᠤᠷᠢᠨ ᠳᠡᠭᠡᠷ᠎ᠡ᠂ ᠨᠠᠨᠵᠢᠩ ᠬᠣᠲᠠ ᠤᠯᠤᠰ᠎ᠤ᠋ᠨ ᠡᠮᠴᠢᠯᠡᠭᠡᠨ ᠪᠠᠲᠤᠯᠠᠭ᠎ᠠ᠎ᠶᠢᠨ ᠲᠣᠪᠴᠢᠶᠠᠨ᠎ᠤ᠋ 《 ᠲᠦᠷᠭᠡᠨ ᠬᠦᠴᠦᠨ ᠨᠡᠮᠡᠷᠢᠯᠡᠬᠦ 》 ᠠᠵᠢᠯ᠎ᠤ᠋ᠨ ᠱᠠᠭᠠᠷᠳᠠᠯᠭ᠎ᠠ᠎ᠶᠢ ᠦᠨᠳᠦᠰᠦᠯᠡᠨ᠂ ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠥᠩᠭᠥ᠎ᠶᠢ ᠳ᠋ᠦᠩᠨᠡᠨ ᠪᠣᠳᠣᠬᠤ 《 ᠡᠳᠦᠷ᠎ᠲᠤ ᠰᠠᠯᠭᠠᠨ ᠥᠭ᠌ᠬᠦ 》 ᠲᠥᠰᠦᠯ᠎ᠢ᠋ ᠰᠤᠳᠤᠯᠤᠨ ᠲᠣᠭ᠍ᠲᠠᠭᠠᠵᠤ᠂ 《 ᠡᠳᠦᠷ ᠪᠦᠷᠢ ᠥᠭ᠌ᠬᠦ᠂ ᠰᠠᠷ᠎ᠠ ᠪᠦᠷᠢ ᠳ᠋ᠦᠩᠨᠡᠨ ᠪᠣᠳᠣᠬᠤ᠂ ᠵᠢᠯ ᠪᠦᠷᠢ       ᠳᠠᠭᠤᠰᠬᠠᠬᠤ 》 ᠭᠤᠷᠪᠠᠨ ᠱᠠᠲᠤᠨ᠎ᠤ᠋ ᠳ᠋ᠦᠩᠨᠡᠨ ᠪᠣᠳᠣᠬᠤ ᠲᠣᠭ᠍ᠲᠠᠴᠠ᠎ᠶᠢ ᠪᠠᠢᠭᠤᠯᠵᠠᠢ᠃ ᠭᠦᠨᠵᠡᠭᠡᠶ ᠰᠤᠷᠪᠤᠯᠵᠢᠯᠠᠨ ᠪᠠᠢᠴᠠᠭᠠᠨ ᠰᠤᠳᠤᠯᠤᠯᠲᠠ ᠬᠢᠬᠦ᠌᠎ᠪᠠᠷ ᠳᠠᠮᠵᠢᠨ᠂ ᠠᠳᠠᠯᠢ ᠪᠤᠰᠤ ᠡᠮᠴᠢᠯᠡᠭᠡᠨ᠎ᠤ ᠪᠠᠢᠭᠤᠯᠤᠮᠵᠢ᠎ᠶ᠋ᠢᠨ ᠪᠠᠯᠠ ᠮᠥᠩᠭᠦ᠌ ᠰᠠᠯᠭᠠᠨ ᠥᠭ᠌ᠬᠦ ᠦᠶᠡᠯᠡᠯ᠎ᠤᠨ ᠬᠤᠭᠤᠴᠠᠭᠠᠨ᠎ᠤ ᠲᠠᠯ᠎ᠠ᠎ᠪᠠᠷ᠎ᠬᠢ ᠵᠦᠷᠢᠶᠡᠴᠢᠯᠡᠭ᠌ᠰᠡᠨ ᠬᠡᠷᠡᠭ᠌ᠴᠡᠭᠡ ᠱᠠᠭᠠᠷᠳᠠᠯᠭ᠎ᠠ᠎ᠳᠤ ᠴᠢᠭ᠌ᠯᠡᠭᠦᠯᠦᠨ᠂ 《 ᠪᠡᠶ᠎ᠡ᠎ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠴᠠᠭ ᠲᠤᠬᠠᠶ᠎ᠳᠤ ᠨᠢ ᠲᠠᠩᠰᠠ ᠬᠠᠷᠭᠤᠭᠤᠯᠬᠤ᠂ ᠴᠠᠭ ᠲᠤᠬᠠᠶ᠎ᠳᠤ ᠨᠢ ᠰᠠᠯᠭᠠᠨ ᠥᠭ᠌ᠬᠦ 》 ᠰᠢᠨ᠎ᠡ ᠲᠣᠭ᠍ᠲᠠᠴᠠ᠎ᠶ᠋ᠢ ᠰᠢᠨ᠎ᠡ᠎ᠪᠠᠷ ᠡᠭᠦᠳᠦᠨ ᠪᠠᠢᠭᠤᠯᠵᠤ᠂ 《 ᠡᠳᠦᠷ᠎ᠲᠤ ᠰᠠᠯᠭᠠᠨ ᠥᠭ᠌ᠬᠦ 》᠎ᠶ᠋ᠢ ᠠᠮᠢᠳᠤᠯᠢᠭ᠎ᠢᠶᠠᠷ 《 n ᠡᠳᠦᠷ ᠰᠠᠯᠭᠠᠨ ᠥᠭ᠌ᠬᠦ 》 ᠪᠣᠯᠭ᠋ᠠᠨ ᠤᠷᠲᠤᠳᠬᠠᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠲᠣᠰ ᠪᠡᠶ᠎ᠡ᠎ᠶ᠋ᠢᠨ ᠡᠵᠡᠩᠨᠡᠯᠲᠡ᠎ᠶ᠋ᠢᠨ ᠠᠢᠵᠠᠮ ᠪᠠ ᠪᠠᠯᠠ ᠮᠥᠩᠭᠦ᠎ᠶ᠋ᠢᠨ ᠲᠥᠯᠥᠪᠵᠢᠭᠦᠯᠭᠡ᠎ᠪᠠᠨ ᠦᠨᠳᠦᠰᠦᠯᠡᠨ᠂ ᠰᠠᠯᠭᠠᠨ ᠥᠭ᠌ᠬᠦ ᠦᠶᠡᠯᠡᠯ᠎ᠤᠨ ᠬᠤᠭᠤᠴᠠᠭ᠎ᠠ᠎ᠪᠠᠨ ᠡᠵᠡᠨ ᠮᠡᠳᠡᠵᠦ᠍ ᠰᠣᠩᠭᠤᠵᠤ᠂ ᠰᠠᠭᠤᠷᠢ ᠮᠥᠩᠭᠦ᠎ᠶ᠋ᠢᠨ ᠳ᠋ᠦᠩᠨᠡᠨ ᠪᠤᠳᠤᠬᠤ ᠠᠷᠭ᠎ᠠ ᠮᠠᠶᠢᠭ᠎ᠤᠨ ᠰᠣᠩᠭᠤᠬᠤ ᠡᠷᠬᠡ᠎ᠪᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠭᠠᠷ᠎ᠲᠤ ᠦᠨᠡᠨ ᠬᠦ᠌ ᠲᠤᠱᠢᠶᠠᠬᠤ᠎ᠶ᠋ᠢ ᠳᠡᠮᠵᠢᠪᠡ᠃ ᠣᠳᠣᠬᠠᠨ᠎ᠳᠤ᠂ 《 n ᠡᠳᠦᠷ ᠰᠠᠯᠭᠠᠨ ᠦᠭ᠌ᠬᠦ 》 ᠲᠣᠭ᠍ᠲᠠᠴᠠ᠎ᠶ᠋ᠢᠨ ᠠᠵᠢᠯᠯᠠᠭᠠᠨ ᠲᠣᠭ᠍ᠲᠠᠭᠤᠨ ᠪᠠᠢᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠰᠠᠢᠨ ᠦᠨᠡᠯᠡᠯᠲᠡ᠎ᠶ᠋ᠢ ᠶᠡᠬᠡᠳᠡ ᠣᠯᠪᠠ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            